ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠲᠥᠷᠥ᠎ᠶ᠋ᠢᠨ ᠪᠣᠳᠣᠯᠭ᠎ᠠ᠎ᠶ᠋ᠢ ᠬᠡᠷ᠎ᠲᠤ ᠨᠢ ᠬᠦᠷᠬᠦ ᠨᠢ ᠡᠮᠴᠢᠯᠡᠭᠡᠨ᠎ᠤ ᠪᠠᠢᠭᠤᠯᠤᠮᠵᠢ᠎ᠶ᠋ᠢᠨ ᠬᠥᠭ᠌ᠵᠢᠯᠲᠡ᠎ᠳᠦ ᠬᠦᠴᠦᠨ ᠨᠡᠮᠡᠷᠢᠯᠡᠪᠠ  ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠲᠠᠢ ᠬᠣᠯᠪᠣᠭ᠋ᠠᠯᠠᠨ ᠵᠢᠷᠭᠤᠭᠠᠨ ᠠᠢᠮᠠᠭ ᠬᠤᠲᠠ᠎ᠳᠤ ᠬᠦᠷᠴᠦ᠍ ᠡᠪᠡᠳᠴᠢᠨ᠎ᠤ ᠲᠥᠷᠥᠯ᠎ᠤᠨ ᠬᠤᠪᠢ᠎ᠶ᠋ᠢᠨ ᠥᠷᠲᠡᠭ᠎ᠢᠶᠠᠷ ᠵᠠᠷᠤᠳᠠᠯ ᠲᠤᠱᠢᠶᠠᠬᠤ ᠤᠬᠠᠭᠤᠯᠤᠨ ᠲᠠᠢᠯᠪᠤᠷᠢᠯᠠᠯᠲᠠ ᠥᠷᠨᠢᠭᠦᠯᠪᠡ
ᠨᠡᠶ᠋ᠢᠲᠡᠯᠡᠭᠰᠡᠨ ᠴᠠᠭ᠄ 2026-01-23

  ᠡᠪᠡᠳᠴᠢᠨ᠎ᠤ ᠲᠥᠷᠥᠯ᠎ᠤᠨ ᠬᠤᠪᠢ᠎ᠶ᠋ᠢᠨ ᠥᠷᠲᠡᠭ᠎ᠢᠶᠠᠷ ᠵᠠᠷᠤᠳᠠᠯ ᠲᠤᠱᠢᠶᠠᠬᠤ ( DIP) ᠥᠭᠡᠷᠡᠴᠢᠯᠡᠯᠲᠡ᠎ᠶ᠋ᠢ ᠭᠦᠨᠵᠡᠭᠡᠶ ᠠᠬᠢᠭᠤᠯᠵᠤ᠂ ᠪᠥᠬᠦ᠌ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠢᠯᠭᠠᠷᠠᠭᠤᠯᠤᠨ ᠪᠤᠳᠤᠬᠤ 《 ᠭᠤᠷᠪᠠᠨ ᠵᠢᠯ᠎ᠳᠦ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ 》 ᠰᠠᠭᠤᠷᠢ᠎ᠶ᠋ᠢ ᠪᠠᠬᠢᠵᠢᠭᠦᠯᠬᠦ᠌᠎ᠶ᠋ᠢᠨ ᠲᠥᠯᠥᠭᠡ᠂ ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠲᠠᠢ ᠬᠠᠮᠲᠤᠷᠠᠨ ᠲᠤᠰᠭᠠᠶ ᠤᠬᠠᠭᠤᠯᠤᠨ ᠲᠠᠢᠯᠪᠤᠷᠢᠯᠠᠬᠤ ᠪᠦᠯᠬᠦᠮ ᠪᠠᠢᠭᠤᠯᠵᠤ᠂ ᠤᠷᠢᠳ ᠬᠤᠵᠢᠳ ᠣᠷᠳᠣᠰ ᠬᠤᠲᠠ᠂ ᠬᠢᠩᠭᠠᠨ ᠠᠢᠮᠠᠭ᠂ ᠬᠥᠬᠡᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ᠂ ᠤᠯᠠᠭᠠᠨᠬᠠᠳᠠ ᠬᠤᠲᠠ ᠵᠡᠷᠭᠡ ᠵᠢᠷᠭᠤᠭᠠᠨ ᠭᠠᠵᠠᠷ᠎ᠲᠤ ᠬᠦᠷᠴᠦ᠍ ᠤᠬᠠᠭᠤᠯᠤᠨ ᠲᠠᠢᠯᠪᠤᠷᠢᠯᠠᠬᠤ ᠪᠣᠯᠪᠠᠰᠤᠷᠠᠯ ᠥᠷᠨᠢᠭᠦᠯᠪᠡ᠃

  ᠡᠪᠡᠳᠴᠢᠨ᠎ᠤ ᠲᠥᠷᠥᠯ᠎ᠤᠨ ᠭᠠᠷᠴᠠᠭ ᠪᠣᠯ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠢᠯᠭᠠᠷᠠᠭᠤᠯᠤᠨ ᠪᠣᠳᠣᠯᠲᠠ᠎ᠶ᠋ᠢ 《 ᠣᠨᠣᠪᠴᠢᠵᠢᠭᠤᠯᠬᠤ᠂ ᠱᠢᠨᠵᠢᠯᠡᠬᠦ᠌ ᠤᠬᠠᠭᠠᠨᠴᠢᠯᠠᠬᠤ 》᠎ᠶ᠋ᠢ ᠪᠡᠶᠡᠯᠡᠭᠦᠯᠬᠦ᠌᠎ᠶ᠋ᠢᠨ ᠵᠠᠩᠭᠢᠯᠠᠭ᠎ᠠ᠎ᠶ᠋ᠢᠨ ᠰᠠᠭᠤᠷᠢ ᠪᠣᠯᠤᠨ᠎ᠠ᠃ ᠭᠠᠷᠴᠠᠭ᠎ᠤᠨ ᠠᠭᠤᠯᠭ᠎ᠠ᠎ᠨᠢ ᠡᠮᠴᠢᠯᠡᠭᠡᠨ᠎ᠤ ᠪᠣᠳᠠᠲᠤ ᠪᠠᠢᠳᠠᠯ᠎ᠲᠠᠢ ᠨᠠᠩ ᠨᠡᠢᠴᠡᠬᠦ᠂ ᠢᠯᠭᠠᠷᠠᠭᠤᠯᠤᠨ ᠪᠤᠳᠤᠬᠤ ᠬᠡᠷᠡᠭ᠌ᠴᠡᠭᠡ ᠱᠠᠭᠠᠷᠳᠠᠯᠭ᠎ᠠ᠎ᠳᠤ ᠨᠠᠩ ᠨᠡᠢᠴᠡᠬᠦ᠌᠎ᠶ᠋ᠢ ᠪᠠᠲᠤᠯᠠᠬᠤ᠎ᠶ᠋ᠢᠨ ᠲᠥᠯᠥᠭᠡ᠂ ᠮᠠᠨ᠎ᠤ ᠣᠷᠣᠨ ᠡᠮᠦᠨᠡᠬᠢ ᠬᠤᠭᠤᠴᠠᠭᠠᠨ᠎ᠤ ᠬᠡᠪᠯᠡᠯ᠎ᠤᠨ ᠠᠵᠢᠯᠯᠠᠭᠠᠨ᠎ᠤ ᠲᠤᠷᠱᠢᠯᠭ᠎ᠠ᠎ᠶ᠋ᠢ ᠪᠥᠬᠦ᠌ ᠲᠠᠯ᠎ᠠ᠎ᠪᠠᠷ ᠳ᠋ᠦᠩᠨᠡᠵᠦ᠍᠂ ᠡᠯ᠎ᠡ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠶ᠋ᠢᠨ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠠᠷ ᠬᠤᠷᠢᠶᠠᠭ᠍ᠰᠠᠨ ᠰᠠᠭᠤᠷᠢᠨ ᠳᠡᠭᠡᠷ᠎ᠡ᠂ ᠣᠯᠠᠨ ᠡᠭᠡᠯᠵᠢ᠎ᠶ᠋ᠢᠨ ᠲᠤᠰᠭᠠᠶ ᠮᠡᠷᠭᠡᠵᠢᠯᠲᠡᠨ᠎ᠤ ᠨᠤᠲᠠᠯᠠᠯᠲᠠ ᠪᠠ ᠵᠠᠰᠠᠪᠤᠷᠢ ᠣᠷᠣᠭᠤᠯᠤᠯᠲᠠ᠎ᠪᠠᠷ ᠳᠡᠮᠵᠢᠨ᠂ ᠱᠢᠨ᠎ᠡ ᠬᠡᠪᠯᠡᠯ᠎ᠤᠨ ᠡᠪᠡᠳᠴᠢᠨ᠎ᠤ ᠲᠥᠷᠥᠯ᠎ᠤᠨ ᠭᠠᠷᠴᠠᠭ᠎ᠢ ᠪᠦᠷᠢᠯᠳᠦᠭᠦᠯᠵᠦ᠍᠂ ᠱᠢᠨ᠎ᠡ ᠬᠡᠪᠯᠡᠯ᠎ᠤᠨ ᠭᠠᠷᠴᠠᠭ᠎ᠨᠢ ᠳᠤᠭᠤᠢᠯᠠᠩ᠎ᠤᠨ ᠯᠣᠭᠢᠭ᠂ ᠳ᠋ᠤᠭᠠᠷᠯᠠᠯ᠎ᠤᠨ ᠲᠦᠷᠢᠮ᠂ ᠥᠭᠬᠦ ᠵᠣᠬᠢᠴᠠᠭᠤᠯᠬᠤ ᠵᠢᠴᠢ ᠭᠠᠷᠴᠠᠭ᠎ᠤᠨ ᠲᠣᠭᠲᠠᠯᠴᠠᠭ᠎ᠠ ᠵᠡᠷᠭᠡ ᠲᠠᠯ᠎ᠠ᠎ᠪᠠᠷ ᠴᠥᠮ ᠱᠢᠰᠲ᠋ᠧᠮᠲᠦ ᠴᠢᠨᠠᠷᠲᠠᠶ᠎ᠪᠠᠷ ᠱᠢᠯᠢᠳᠡᠭ᠌ᠵᠢᠭᠦᠯᠬᠦ᠌᠎ᠶ᠋ᠢ ᠪᠡᠶᠡᠯᠡᠭᠦᠯᠵᠦ᠍᠂ ᠳᠤᠭᠤᠢᠯᠠᠩ ᠬᠤᠪᠢᠶᠠᠭ᠍ᠰᠠᠨ ᠲᠣᠭ᠍ᠲᠠᠴᠠ ᠨᠠᠩ ᠲᠣᠳᠣᠷᠬᠠᠶ᠂ ᠥᠭᠬᠦ ᠤᠳᠤᠷᠢᠳᠤᠮᠵᠢ ᠨᠠᠩ ᠵᠦᠶ ᠵᠣᠬᠢᠰᠲᠠᠶ ᠪᠣᠯᠭᠠᠪᠠ᠃ ᠱᠢᠨ᠎ᠡ ᠬᠡᠪᠯᠡᠯ᠎ᠤᠨ ᠭᠠᠷᠴᠠᠭ᠎ᠢ ᠲᠣᠭ᠍ᠲᠠᠭᠤᠨ᠎ᠢᠶᠠᠷ ᠨᠠᠢᠳᠠᠪᠤᠷᠢᠵᠢᠭᠤᠯᠬᠤ᠎ᠶ᠋ᠢᠨ ᠬᠠᠮᠲᠤ 2025 ᠣᠨ᠎ᠤ ᠢᠯᠭᠠᠷᠠᠭᠤᠯᠤᠨ ᠪᠤᠳᠤᠬᠤ ᠠᠵᠢᠯ᠎ᠲᠠᠢ ᠤᠷᠤᠭ᠍ᠰᠢᠲᠠᠶ ᠵᠣᠯᠭᠠᠭᠤᠯᠬᠤ᠎ᠶ᠋ᠢ ᠠᠬᠢᠭᠤᠯᠬᠤ᠎ᠶ᠋ᠢᠨ ᠲᠥᠯᠥᠭᠡ᠂ ᠤᠬᠠᠭᠤᠯᠤᠨ ᠲᠠᠢᠯᠪᠤᠷᠢᠯᠠᠬᠤ ᠪᠦᠯᠬᠦᠮ 《 ᠲᠥᠷᠥ᠎ᠶ᠋ᠢᠨ ᠪᠣᠳᠣᠯᠭ᠎ᠠ᠎ᠶᠢᠨ ᠲᠠᠢ᠌ᠯᠤᠮᠵᠢ + ᠪᠣᠳᠠᠲᠠᠶ ᠠᠵᠢᠯᠯᠠᠭ᠋ᠠᠨ᠎ᠤ ᠵᠢᠯᠣᠭᠤᠳᠣᠯᠭ᠎ᠠ + ᠬᠠᠷᠢᠯᠴᠠᠨ ᠰᠡᠵᠢᠭ᠌ᠲᠡᠶ ᠠᠰᠠᠭᠤᠳᠠᠯ᠎ᠢ ᠬᠠᠷᠢᠭᠤᠯᠬᠤ 》 ᠬᠡᠪ ᠵᠠᠭ᠍ᠪᠤᠷ᠎ᠢᠶᠠᠷ ᠭᠠᠷᠴᠠᠭ᠎ᠤᠨ ᠳᠤᠭᠤᠢᠯᠠᠩ ᠬᠤᠪᠢᠶᠠᠭ᠍ᠰᠠᠨ ᠲᠦᠷᠢᠮ᠂ ᠡᠪᠡᠳᠴᠢᠨ᠎ᠤ ᠲᠥᠷᠥᠯ᠎ᠢ ᠲᠥᠷᠥᠯ ᠬᠤᠪᠢᠶᠠᠨ ᠱᠢᠯᠢᠳᠡᠭ᠌ᠵᠢᠭᠦᠯᠬᠦ᠌ ᠪᠠ ᠬᠤᠪᠢ᠎ᠶᠢᠨ ᠥᠷᠲᠡᠭ᠎ᠢᠶᠠᠷ ᠥᠷᠲᠡᠭ ᠣᠯᠭᠤᠬᠤ ᠲᠣᠭ᠍ᠲᠠᠴᠠ᠎ᠶ᠋ᠢ ᠭᠤᠤᠯᠳᠠᠯᠭ᠎ᠠ᠎ᠲᠠᠢ ᠲᠣᠳᠣᠷᠬᠠᠢᠯᠠᠨ ᠥᠭᠦᠯᠡᠵᠦ᠍᠂ ᠪᠣᠳᠠᠲᠠᠶ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠡᠪᠡᠳᠴᠢᠨ᠎ᠤ ᠬᠡᠷᠡᠭ᠎ᠤᠨ ᠲᠦᠷᠦᠭᠦᠤ ᠨᠢᠭᠤᠷ᠎ᠲᠤ ᠲᠠᠭ᠍ᠯᠠᠨ ᠮᠡᠳᠡᠭᠦᠯᠬᠦ᠌ ᠵᠢᠷᠤᠮᠵᠢᠯ᠂ ᠳ᠋ᠦᠩᠨᠡᠨ ᠪᠤᠳᠤᠬᠤ ᠨᠠᠷᠢᠨ ᠲᠠᠩᠰᠠ᠎ᠶ᠋ᠢᠨ ᠶᠠᠰᠤ ᠴᠢᠨᠠᠷ᠎ᠢ ᠡᠵᠡᠮᠳᠡᠬᠦ᠂ ᠢᠯᠭᠠᠷᠠᠭᠤᠯᠤᠨ ᠪᠤᠳᠤᠬᠤ ᠴᠤᠪᠤᠷᠠᠯ᠎ᠢ ᠵᠣᠯᠭᠠᠭᠤᠯᠬᠤ ᠵᠡᠷᠭᠡ ᠵᠠᠩᠭᠢᠯᠠᠭ᠎ᠠ᠎ᠶ᠋ᠢᠨ ᠭᠤᠭ᠍ᠴᠤᠭ᠎ᠠ᠎ᠳᠤ ᠲᠤᠰᠭᠠᠶ ᠬᠠᠪᠰᠤᠷᠤᠨ ᠵᠢᠯᠣᠭᠤᠳᠣᠯᠭ᠎ᠠ ᠬᠢᠭ᠌ᠰᠡᠨ ᠪᠥᠭᠡᠳ 2025 ᠣᠨ᠎ᠤ ᠢᠯᠭᠠᠷᠠᠭᠤᠯᠤᠨ ᠪᠤᠳᠤᠬᠤ ᠠᠵᠢᠯ᠎ᠤᠨ ᠪᠦᠬᠦᠯᠢ ᠴᠣᠭ᠍ᠴᠠ᠎ᠶ᠋ᠢᠨ ᠲᠣᠬᠢᠷᠠᠭᠤᠯᠤᠯᠲᠠ᠂ ᠱᠠᠲᠤ ᠦᠶ᠎ᠡ᠎ᠶ᠋ᠢᠨ ᠡᠭᠦᠷᠭᠡ ᠬᠢᠭᠡᠳ ᠴᠠᠭ ᠬᠤᠭᠤᠴᠠᠭᠠᠨ᠎ᠤ ᠵᠠᠩᠭᠢᠯᠠᠭ᠎ᠠ᠎ᠶ᠋ᠢᠨ ᠴᠡᠭ᠎ᠲᠤ ᠨᠠᠷᠢᠨ ᠲᠠᠢᠯᠤᠮᠵᠢ ᠬᠢᠪᠠ᠃

  ᠤᠬᠠᠭᠤᠯᠤᠨ ᠲᠠᠢᠯᠪᠤᠷᠢᠯᠠᠬᠤ ᠰᠤᠷᠭᠠᠯᠲᠠ᠎ᠶᠢ 《 ᠰᠦᠯᠵᠢᠶᠡᠨ ᠭᠠᠳᠠᠨ᠎ᠠ ᠲᠥᠪᠯᠡᠷᠡᠭᠦᠯᠦᠨ ᠬᠢᠴᠢᠶᠡᠯᠯᠡᠬᠦ᠌ + ᠰᠦᠯᠵᠢᠶᠡᠨ ᠳᠡᠭᠡᠷ᠎ᠡ ᠵᠡᠷᠭᠡ᠎ᠪᠠᠷ ᠱᠢᠭᠤᠳ ᠨᠡᠪᠲᠡᠷᠡᠭᠦᠯᠬᠦ᠌ 》᠎ᠶ᠋ᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠎ᠢᠶᠠᠷ ᠳᠠᠮᠵᠢᠭᠤᠯᠤᠨ᠂ ᠪᠥᠬᠦ᠌ ᠣᠷᠣᠨ᠎ᠤ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠰᠠᠯᠠᠭ᠎ᠠ ᠮᠥᠴᠢᠷ ᠵᠢᠴᠢ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠬᠠᠮᠢᠶ᠎ᠠ ᠪᠥᠬᠦᠶ ᠠᠵᠢᠯᠲᠠᠨ᠎ᠢ ᠨᠡᠢᠲᠡ 3000 ᠬᠥᠮᠦᠨ ᠤᠳᠠᠭ᠎ᠠ ᠬᠠᠮᠤᠷᠪᠠ᠃ ᠪᠣᠯᠪᠠᠰᠤᠷᠠᠯ᠎ᠤᠨ ᠠᠬᠤᠢ ᠲᠠᠯᠠᠪᠠᠢ᠎ᠳᠤ ᠮᠠᠳᠠᠭ᠎ᠲᠠᠢ ᠠᠰᠠᠭᠤᠳᠠᠯ᠎ᠢ ᠬᠠᠷᠢᠭᠤᠯᠬᠤ ᠭᠤᠭ᠍ᠴᠤᠭ᠎ᠠ᠎ᠨᠢ ᠡᠮᠴᠢᠯᠡᠭᠡᠨ᠎ᠤ ᠪᠠᠢᠭᠤᠯᠤᠮᠵᠢ᠎ᠶ᠋ᠢᠨ ᠨᠡᠢᠳᠡᠮ ᠠᠩᠬᠠᠷᠴᠤ᠌ ᠪᠠᠢᠭ᠎ᠠ ᠡᠪᠡᠳᠴᠢᠨ᠎ᠤ ᠲᠥᠷᠥᠯ᠎ᠢ ᠳᠤᠭᠤᠢᠯᠠᠩ᠎ᠳᠤ ᠣᠷᠣᠭᠤᠯᠬᠤ᠂ ᠬᠢᠲᠠᠳ ᠡᠮᠨᠡᠯᠭᠡ᠎ᠶ᠋ᠢᠨ ᠡᠪᠡᠳᠴᠢᠨ᠎ᠤ ᠲᠥᠷᠥᠯ᠎ᠢ ᠬᠡᠷᠡᠭ᠌ᠯᠡᠬᠦ᠂ ᠣᠨᠴᠠᠭᠠᠶ ᠡᠪᠡᠳᠴᠢᠨ᠎ᠤ ᠵᠢᠱ᠌ᠢᠶ᠎ᠡ᠎ᠶ᠋ᠢ ᠳ᠋ᠦᠩᠨᠡᠨ ᠪᠤᠳᠤᠬᠤ ᠵᠡᠷᠭᠡ ᠪᠣᠳᠠᠲᠠᠶ ᠠᠰᠠᠭᠤᠳᠠᠯ᠎ᠳᠤ ᠬᠠᠷᠢᠭᠤᠯᠲᠠ ᠥᠭ᠌ᠪᠡ᠃

 

 

  ᠲᠠᠷᠠᠭᠠᠴᠢ᠎ᠶ᠋ᠢᠨ ᠠᠯᠬᠤᠮ᠎ᠳᠤ᠂ ᠡᠮᠴᠢᠯᠡᠭᠡᠨ᠎ᠤ ᠪᠠᠲᠤᠯᠠᠭ᠎ᠠ ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠬᠤᠶᠠᠷ ᠰᠠᠯᠠᠭ᠎ᠠ ᠮᠥᠴᠢᠷ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠦᠷ᠎ᠡ ᠪᠦᠲᠦᠮᠵᠢ ᠬᠢᠭᠡᠳ ᠰᠠᠭᠤᠷᠢ ᠮᠥᠩᠭᠦ᠎ᠶ᠋ᠢ ᠢᠯᠭᠠᠷᠠᠭᠤᠯᠤᠨ ᠪᠤᠳᠤᠭ᠍ᠰᠠᠨ ᠠᠬᠢᠴᠠ᠎ᠶ᠋ᠢ ᠨᠢᠭ᠍ᠲᠠ ᠮᠥᠷᠳᠡᠵᠦ᠍᠂ ᠡᠮᠴᠢᠯᠡᠭᠡᠨ᠎ᠤ ᠳᠠᠭᠠᠳᠭᠠᠯ᠎ᠤᠨ ᠥᠭᠬᠦ ᠠᠷᠭ᠎ᠠ ᠮᠠᠶᠢᠭ᠎ᠤᠨ ᠥᠭᠡᠷᠡᠴᠢᠯᠡᠯᠲᠡ᠎ᠶ᠋ᠢᠨ ᠦᠷ᠎ᠡ ᠪᠦᠲᠦᠮᠵᠢ ᠬᠢᠭᠡᠳ ᠰᠠᠭᠤᠷᠢ ᠮᠥᠩᠭᠦ᠎ᠶ᠋ᠢ ᠬᠡᠷᠡᠭ᠌ᠯᠡᠬᠦ᠌ ᠬᠦᠴᠦᠨ ᠴᠢᠳᠠᠪᠤᠷᠢ᠎ᠶ᠋ᠢ ᠵᠡᠷᠭᠡ᠎ᠪᠠᠷ ᠳᠡᠭᠡᠭ᠌ᠰᠢᠯᠡᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠨ᠎ᠡ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            