ᠵᠣᠬᠢᠶᠠᠭ᠍ᠴᠢ᠄ ᠠᠷᠠᠳ᠎ᠤᠨ ᠡᠳᠦᠷ᠎ᠤᠨ ᠰᠣᠨᠢᠨ ᠢ ᠱᠢᠨ
11 ᠳ᠋ᠤᠭᠡᠷ ᠰᠠᠷ᠎ᠠ᠎ᠶ᠋ᠢᠨ 27 ᠤ ᠡᠳᠦᠷ᠂ ᠲᠥᠷᠥ᠎ᠶ᠋ᠢᠨ ᠶᠠᠪᠤᠲᠠᠯ᠎ᠤᠨ ᠬᠣᠷᠢᠶᠠᠨ᠎ᠤ ᠪᠠᠢ᠌ᠩᠭᠤ᠎ᠶ᠋ᠢᠨ ᠬᠣᠷᠠᠯ ᠡᠴᠠ ᠦᠨᠳᠦᠰᠦᠨ ᠡᠮᠴᠢᠯᠡᠭᠡᠨ᠎ᠦ ᠲᠠᠭᠠᠣᠠᠬᠠᠯᠢ ᠮᠣᠵᠢ᠎ᠶ᠋ᠢᠨ ᠱᠠᠲᠣᠠᠳᠤ ᠨᠢᠭᠡᠲᠣᠯᠲᠠᠢ ᠲᠥᠯᠥᠪᠵᠢᠭᠦᠯᠬᠦ᠌᠎ᠶ᠋ᠢ ᠠᠭᠢᠭᠣᠯᠬᠤ ᠠᠵᠢᠯ᠎ᠢ ᠪᠠᠢ᠌ᠷᠢᠯᠠᠭᠣᠯᠵᠤ᠂ ᠮᠠᠨ᠎ᠤ ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠳᠦᠷᠢᠮ ᠨᠢ 《 ᠣᠷᠣᠠ ᠨᠣᠲᠣᠭ ᠲᠠᠷᠬᠠᠢ 》 ᠡᠴᠠ 《 ᠮᠣᠵᠢ᠎ᠶ᠋ᠢᠨ ᠱᠠᠲᠣᠠᠳᠤ ᠨᠢᠭᠡᠲᠣᠯᠲᠠᠢ ᠬᠠᠮᠢᠶᠠᠷᠬᠤ 》 ᠵᠠᠩᠭᠢᠯᠠᠭ᠎ᠠ᠎ᠶ᠋ᠢᠨ ᠨᠢᠭᠡ ᠠᠯᠬᠤᠮ᠎ᠢ ᠠᠯᠬᠤᠭᠰᠠᠨ᠎ᠢ ᠬᠠᠷᠠᠭᠤᠯᠵᠤ ᠪᠠᠢ᠌ᠨ᠎ᠠ᠃
ᠮᠤᠵᠢ᠎ᠶ᠋ᠢᠨ ᠱᠠᠲᠤᠨ᠎ᠤ ᠨᠢᠭᠡᠳᠦᠯᠲᠡᠶ ᠲᠥᠯᠥᠪᠵᠢᠭᠦᠯᠬᠦ᠌᠎ᠶᠢᠨ ᠭᠤᠣᠯᠳᠠᠯᠭ᠎ᠠ᠎ᠨᠢ ᠭᠠᠵᠠᠷ ᠣᠷᠣᠨ᠎ᠤ ᠪᠡᠬᠢᠯᠡᠯᠲᠡ᠎ᠶ᠋ᠢ ᠡᠪᠳᠡᠵᠦ᠍᠂ ᠡᠮᠴᠢᠯᠡᠭᠡᠨ᠎ᠦ ᠳᠠᠭᠠᠳᠭᠠᠯ᠎ᠤᠨ ᠵᠠᠰᠠᠯᠲᠠ᠎ᠶ᠋ᠢᠨ ᠳᠣᠣᠷᠠᠳᠤ ᠳᠠᠪᠬᠤᠷᠭ᠎ᠠ᠎ᠶ᠋ᠢᠨ ᠯᠣᠭᠢᠭ᠎ᠢ ᠳᠠᠬᠢᠨ ᠴᠣᠭ᠍ᠴᠠᠯᠠᠬᠤ᠎ᠳᠤ ᠪᠤᠢ᠃ ᠪᠥᠬᠦ᠌ ᠠᠷᠠᠳ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠦᠷᠢᠮ᠎ᠢ ᠪᠦᠷᠢᠨᠱᠢᠬᠦᠯᠬᠦ᠌ ᠴᠢᠬᠤᠯᠠ ᠠᠷᠭ᠎ᠠ ᠬᠡᠮᠵᠢᠶ᠎ᠡ᠎ᠶ᠋ᠢᠨ ᠨᠢᠭᠡ ᠪᠣᠯᠤᠭ᠍ᠰᠠᠨ᠎ᠤ ᠬᠤᠪᠢ᠎ᠳᠤ᠂ ᠮᠤᠵᠢ᠎ᠶ᠋ᠢᠨ ᠱᠠᠲᠤᠨ᠎ᠤ ᠨᠢᠭᠡᠳᠦᠯᠲᠡᠶ ᠲᠥᠯᠥᠪᠵᠢᠭᠦᠯᠭᠡ᠎ᠨᠢ ᠳᠠᠭᠠᠳᠭᠠᠯ᠎ᠤᠨ ᠬᠠᠷᠢᠯᠴᠠᠨ ᠲᠤᠰᠠᠯᠠᠯᠴᠠᠬᠤ ᠳᠠᠪᠠᠭᠤᠯᠢᠭ᠎ᠢ ᠨᠠᠩ ᠰᠠᠢᠲᠤᠷ ᠪᠠᠳᠠᠷᠠᠭᠤᠯᠵᠤ᠂ ᠡᠮᠴᠢᠯᠡᠭᠡᠨ᠎ᠦ ᠳᠠᠭᠠᠳᠭᠠᠯ᠎ᠤᠨ ᠲᠦᠷᠢᠮ᠎ᠤᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠴᠢᠩᠭᠠᠳᠭᠠᠬᠤ᠎ᠳᠤ ᠠᠱᠢᠭ᠍ᠲᠠᠶ ᠶᠤᠮ᠃ ᠡᠮᠴᠢᠯᠡᠭᠡᠨ᠎ᠦ ᠳᠠᠭᠠᠳᠭᠠᠯ᠎ᠤᠨ ᠮᠤᠵᠢ᠎ᠶ᠋ᠢᠨ ᠱᠠᠲᠤᠨ᠎ᠤ ᠨᠢᠭᠡᠳᠦᠯᠲᠡᠶ ᠲᠥᠯᠥᠪᠵᠢᠭᠦᠯᠬᠦ᠌᠎ᠶ᠋ᠢ ᠠᠬᠢᠭᠤᠯᠬᠤ᠎ᠨᠢ ᠮᠡᠷᠭᠡᠵᠢᠯ᠎ᠤᠨ ᠲᠠᠯ᠎ᠠ᠎ᠶ᠋ᠢᠨ ᠲᠦᠷᠢᠮ᠎ᠤᠨ ᠲᠣᠬᠢᠷᠠᠭᠤᠯᠤᠯᠲᠠ ᠪᠣᠯᠬᠤ᠎ᠪᠠᠷ ᠪᠠᠷᠠᠬᠤ ᠥᠬᠡᠶ᠂ ᠨᠠᠩ ᠴᠤ᠌ 《 ᠡᠪᠡᠳᠴᠢᠯᠡᠪᠡᠯ ᠡᠮᠨᠡᠭᠦᠯᠬᠦ ᠭᠠᠵᠠᠷ᠎ᠲᠠᠢ 》 ᠡᠷᠬᠡ ᠲᠡᠭ᠌ᠰᠢ ᠡᠷᠬᠡ᠎ᠶ᠋ᠢ ᠪᠠᠲᠤ ᠰᠠᠬᠢᠨ ᠬᠠᠮᠠᠭᠠᠯᠠᠬᠤ ᠶᠠᠪᠤᠳᠠᠯ ᠪᠣᠯᠤᠨ᠎ᠠ᠃
ᠮᠠᠨ᠎ᠤ᠋ ᠤᠯᠤᠰ᠎ᠤ᠋ᠨ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠳᠦᠷᠢᠮ ᠪᠠᠢᠭᠤᠯᠤᠭ᠍ᠳᠠᠭ᠍ᠰᠠᠨ ᠠᠩᠬᠠᠨ᠎ᠤ᠋ ᠬᠤᠭᠤᠴᠠᠭᠠᠨ᠎ᠳ᠋ᠤ᠂ ᠳᠠᠭᠠᠳᠭᠠᠯ᠎ᠳ᠋ᠤ ᠣᠷᠣᠯᠴᠠᠬᠤ ᠢᠳᠡᠪᠬᠢᠵᠢᠯᠢ᠋ ᠳᠠᠢᠴᠢᠯᠠᠨ᠂ ᠣᠷᠣᠨ ᠨᠤᠲᠤᠭ᠎ᠤ᠋ᠨ ᠬᠠᠷᠢᠭᠤᠴᠠᠯᠭ᠎ᠠ᠎ᠶᠢ ᠪᠣᠳᠠᠲᠠᠢᠵᠢᠭᠤᠯᠬᠤ᠎ᠶᠢᠨ ᠲᠥᠯᠥᠭᠡ᠂ 《 ᠬᠣᠲᠠ᠎ᠳ᠋ᠤ ᠲᠣᠬᠢᠷᠠᠮᠵᠢᠲᠠᠢ ᠪᠣᠯ ᠬᠣᠲᠠ᠂ ᠰᠢᠶᠠᠩᠳ᠋ᠤ ᠲᠣᠬᠢᠷᠠᠮᠵᠢᠲᠠᠢ ᠪᠣᠯ ᠰᠢᠶᠠᠩ 》᠎ᠢ᠋ ᠨᠢᠭᠡᠳᠦᠯᠲᠡᠢ ᠲᠥᠯᠥᠪᠯᠡᠬᠦ᠌ ᠠᠷᠭ᠎ᠠ ᠪᠣᠳᠣᠯᠭ᠎ᠠ᠎ᠶᠢ ᠠᠪᠴᠤ᠌᠂ ᠡᠭᠦᠨ᠎ᠦ᠌ ᠳᠠᠷᠠᠭ᠎ᠠ ᠪᠡᠭᠡᠵᠢᠩ ᠲᠢᠶᠠᠨᠵᠢᠨ ᠱᠠᠩᠬᠠᠢ ᠭᠤᠷᠪᠠᠨ ᠰᠢᠭᠤᠳ ᠬᠠᠷᠢᠶ᠎ᠠ ᠬᠣᠲᠠ᠎ᠳ᠋ᠤ ᠮᠣᠵᠢ᠎ᠶᠢᠨ ᠳᠡᠰ᠎ᠦ᠋ᠨ ᠨᠢᠭᠡᠳᠦᠯᠲᠡᠢ ᠲᠥᠯᠥᠪᠵᠢᠭᠦᠯᠭᠡ᠎ᠶᠢ ᠬᠡᠷᠡᠭ᠌ᠵᠢᠭᠦᠯᠦᠭ᠌ᠰᠡᠨ᠎ᠡᠴᠡ ᠭᠠᠳᠠᠨ᠎ᠠ᠂ ᠪᠤᠰᠤᠳ ᠡᠯ᠎ᠡ ᠮᠣᠵᠢ ᠨᠢ ᠨᠢᠭᠡᠳᠦᠯᠲᠡᠢ ᠲᠤᠰᠭᠠᠢ ᠣᠷᠣᠨ ᠬᠣᠲᠠ᠎ᠶᠢᠨ ᠳᠡᠰ᠎ᠦ᠋ᠨ ᠨᠢᠭᠡᠳᠦᠯᠲᠡᠢ ᠲᠥᠯᠥᠪᠵᠢᠭᠦᠯᠬᠦ᠌᠎ᠶᠢ ᠬᠡᠷᠡᠭ᠌ᠵᠢᠭᠦᠯᠵᠡᠢ᠃ ᠣᠢ᠌ᠷ᠎ᠠ᠎ᠶ᠋ᠢᠨ ᠵᠢᠯ ᠡᠴᠠ ᠨᠠᠭ᠋ᠠᠰᠢ᠂ ᠵᠠᠷᠢᠮ ᠮᠣᠵᠢ ᠣᠷᠣᠠ ᠨᠢ ᠮᠣᠵᠢ᠎ᠶ᠋ᠢᠨ ᠱᠠᠲᠣᠠᠳᠤ ᠨᠢᠭᠡᠲᠣᠯᠲᠠᠢ ᠲᠥᠯᠥᠪᠵᠢᠭᠦᠯᠬᠦ᠌᠎ᠶ᠋ᠢ ᠠᠩᠬ᠎ᠠ ᠠᠯᠬᠣᠮ ᠳᠣᠷᠱᠢᠵᠤ᠂ ᠪᠦᠬᠦ ᠤᠯᠤᠰ᠎ᠲᠤ 20 ᠮᠣᠵᠢ ᠠᠬᠢᠭᠤᠯᠪᠠ᠃
ᠲᠤᠰᠭᠠᠢ ᠣᠷᠣᠨ ᠬᠣᠲᠠ᠎ᠶᠢᠨ ᠳᠡᠰ᠎ᠦ᠋ᠨ ᠡᠮᠴᠢᠯᠡᠭᠡᠨ᠎ᠦ ᠳᠠᠭᠠᠳᠭᠠᠯ᠎ᠤᠨ ᠨᠢᠭᠡᠳᠦᠯᠲᠡᠢ ᠲᠥᠯᠥᠪᠵᠢᠭᠦᠯᠭᠡ᠂ ᠪᠦᠬᠦ᠌ ᠮᠣᠵᠢ᠎ᠶᠢᠨ ᠡᠯ᠎ᠡ ᠣᠷᠣᠨ ᠬᠣᠲᠠ᠎ᠶᠢᠨ 《 ᠵᠤᠤᠬ᠎ᠠ ᠬᠤᠪᠢᠶᠠᠵᠤ ᠬᠣᠭᠣᠯᠠ ᠢᠳᠡᠨ᠎ᠡ 》᠃ ᠡᠳ᠋᠎ᠤᠨ ᠵᠠᠰᠠᠭ᠎ᠤᠨ ᠳᠡᠮᠵᠢᠯᠭᠡ᠎ᠶ᠋ᠢᠨ ᠡᠷᠴᠢᠮ᠂ ᠪᠠᠯᠠ ᠴᠤᠭ᠍ᠯᠠᠭᠤᠯᠬᠤ ᠬᠢᠷᠢ ᠲᠦᠪᠱᠢᠨ ᠠᠳᠠᠯᠢ ᠪᠤᠰᠤ᠎ᠠᠴᠠ ᠪᠣᠯᠵᠣ᠂ ᠠᠳᠠᠯᠢ ᠮᠤᠵᠢ᠎ᠶ᠋ᠢᠨ ᠳᠣᠲᠣᠷᠠᠬᠢ ᠡᠯ᠎ᠡ ᠨᠢᠭᠡᠳᠦᠯᠲᠡᠶ ᠲᠥᠯᠥᠪᠵᠢᠭᠦᠯᠬᠦ᠌ ᠣᠷᠣᠨ᠎ᠤ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠠᠵᠢᠯᠯᠠᠭᠠᠨ᠎ᠤ ᠪᠠᠢᠳᠠᠯ ᠶᠡᠷᠦ᠍᠎ᠨᠢ ᠮᠠᠰᠢ ᠶᠡᠭᠡ ᠵᠥᠷᠢᠶ᠎ᠡ ᠲᠠᠢ ᠪᠠᠢᠳᠠᠭ᠃ ᠵᠢᠱ᠌ᠢᠶᠡᠯᠡᠪᠡᠯ᠂ ᠮᠤᠵᠢ᠎ᠶ᠋ᠢᠨ ᠲᠥᠪ ᠬᠣᠲᠠ᠎ᠶ᠋ᠢᠨ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠦᠯᠡᠳ᠋ᠡᠪᠦᠷᠢ ᠭᠦᠢ᠍ᠴᠡᠳ ᠪᠠᠢᠨ᠎ᠠ; ᠵᠠᠷᠢᠮ ᠠᠵᠤ ᠠᠬᠤᠢ᠎ᠶ᠋ᠢᠨ ᠪᠠᠭ᠍ᠲᠠᠭᠠᠮᠵᠢ ᠨᠢ ᠪᠠᠭ᠎ᠠ᠂ ᠨᠠᠰᠤᠵᠢᠯᠲᠠ᠎ᠶ᠋ᠢᠨ ᠬᠡᠮᠵᠢᠶ᠎ᠡ ᠨᠢ ᠨᠡᠯᠢᠶᠡᠳ ᠭᠦᠨ᠂ ᠡᠰᠡᠭᠦᠯ᠎ᠡ ᠡᠬᠢ ᠪᠠᠶᠠᠯᠢᠭ ᠨᠢ ᠱᠢᠪᠬᠠᠷᠤᠭ᠍ᠰᠠᠨ ᠬᠡᠯᠪᠡᠷᠢ᠎ᠶ᠋ᠢᠨ ᠬᠣᠲᠠ ᠪᠣᠯ ᠰᠠᠭᠤᠷᠢ ᠮᠥᠩᠭᠥ᠎ᠶ᠋ᠢᠨ ᠢᠷᠤᠭᠠᠷ᠎ᠲᠦ ᠬᠦᠷᠬᠦ᠌ ᠠᠶᠤᠯ ᠲᠦᠭ᠌ᠰᠢᠭᠦᠷᠢ ᠲᠤᠯᠭᠠᠷᠠᠵᠤ ᠪᠠᠢᠨ᠎ᠠ᠃
ᠰᠠᠭᠤᠷᠢ ᠮᠥᠩᠭᠥ᠎ᠶ᠋ᠢᠨ ᠠᠵᠢᠯᠯᠠᠭᠠᠨ᠎ᠤ ᠪᠠᠢᠳᠠᠯ᠎ᠤᠨ ᠵᠥᠷᠢᠶ᠎ᠡ ᠨᠢ ᠴᠦ᠍ ᠡᠯ᠎ᠡ ᠲᠤᠰᠭᠠᠶ ᠣᠷᠣᠨ ᠬᠣᠲᠠ᠎ᠳᠦ ᠢᠳᠡᠭ ᠢᠳᠡᠭ᠎ᠢᠶᠡᠷ 《 ᠵᠥᠭᠡᠶ᠎ᠶ᠋ᠢᠨ ᠡᠭᠦᠷ ᠮᠠᠶᠢᠭ 》᠎ᠤᠨ ᠲᠥᠷᠥ᠎ᠶ᠋ᠢᠨ ᠪᠣᠳᠣᠯᠭ᠎ᠠ᠎ᠶ᠋ᠢᠨ ᠣᠷᠣᠨ ᠪᠦᠰᠡ᠎ᠶ᠋ᠢ ᠪᠣᠶ ᠪᠣᠯᠭᠠᠵᠤ᠂ ᠠᠳᠠᠯᠢ ᠨᠢᠭᠡᠨ ᠮᠤᠵᠢ᠎ᠶ᠋ᠢᠨ ᠳᠣᠲᠣᠷᠠᠬᠢ ᠠᠳᠠᠯᠢ ᠪᠤᠰᠤ ᠬᠣᠲᠠ᠎ᠶ᠋ᠢᠨ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠬᠤ ᠪᠠᠷᠢᠮᠵᠢᠶ᠎ᠠ᠂ ᠳᠠᠩᠰᠠ ᠲᠠᠢᠯᠬᠤ ᠬᠠᠷᠢᠴᠠᠯ ᠨᠢ ᠵᠥᠷᠢᠶ᠎ᠡ᠎ᠲᠡᠶ᠃ ᠡᠢᠮᠦᠷᠬᠦᠦ ᠠᠳᠠᠯᠢ ᠮᠣᠵᠢ ᠠᠳᠠᠯᠢ ᠪᠤᠰᠤ ᠲᠥᠷᠥ᠎ᠶᠢᠨ ᠪᠣᠳᠣᠯᠭ᠎ᠠ᠂ ᠬᠠᠷᠠᠭ᠋ᠠᠯᠵᠠᠯ ᠨᠢ ᠵᠥᠷᠢᠶᠡᠲᠡᠢ ᠳᠡᠭᠰᠢ ᠪᠤᠰᠤ ᠬᠠᠭᠠᠷᠠᠬᠤ ᠪᠠᠢᠳᠠᠯ ᠨᠢ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠳᠦᠷᠢᠮ᠎ᠦ᠋ᠨ ᠬᠠᠷᠢᠯᠴᠠᠨ ᠲᠤᠰᠠᠯᠠᠯᠴᠠᠬᠤ ᠮᠥᠨ ᠴᠢᠨᠠᠷ᠎ᠢ᠋ ᠪᠠᠭᠤᠷᠠᠭᠤᠯᠬᠤ᠎ᠪᠠᠷ ᠪᠠᠷᠠᠬᠤ ᠦᠭᠡᠢ᠂ ᠬᠥᠮᠦᠨ ᠠᠮᠠ᠎ᠶᠢᠨ ᠳᠠᠰᠤᠷᠠᠯᠲᠠ ᠦᠭᠡᠢ ᠤᠷᠤᠰᠴᠤ ᠪᠠᠢᠭ᠎ᠠ ᠥᠨᠥᠳᠥᠷ᠎ᠤᠨ ᠬᠤᠪᠢ᠎ᠳᠤ᠂ ᠪᠠᠰᠠ ᠳᠠᠭᠠᠳᠭᠠᠯ᠎ᠳ᠋ᠤ ᠣᠷᠣᠯᠴᠠᠭ᠍ᠴᠢ᠎ᠶᠢᠨ ᠡᠪᠡᠳᠴᠢᠨ ᠦᠵᠡᠭᠦᠯᠬᠦ᠌ᠳ᠋ᠦ᠍ ᠳᠥᠭᠥᠮ ᠦᠭᠡᠢ ᠪᠠ ᠡᠮᠴᠢᠯᠡᠭᠡᠨ᠎ᠦ ᠳᠠᠭᠠᠳᠭᠠᠯ᠎ᠤ᠋ᠨ ᠬᠠᠷᠠᠭ᠋ᠠᠯᠵᠠᠯ᠎ᠤᠨ ᠲᠡᠩᠴᠡᠭᠦᠷᠢ ᠦᠭᠡᠢ ᠪᠠᠢᠳᠠᠯ᠎ᠢ᠋ ᠪᠣᠢ ᠪᠣᠯᠭᠠᠵᠠᠢ᠃ ᠣᠢᠷ᠎ᠠ᠎ᠶ᠋ᠢᠨ ᠵᠢᠯ᠎ᠡᠴᠡ ᠨᠠᠭ᠋ᠠᠰᠢ᠂ ᠣᠨᠳᠣᠤ ᠭᠠᠵᠠᠷ᠎ᠲᠤ ᠡᠪᠡᠳᠴᠢᠨ ᠦᠵᠡᠭᠦᠯᠬᠦ᠌ ᠬᠡᠷᠡᠭ᠌ᠴᠡᠭᠡ ᠲᠠᠰᠤᠷᠠᠯᠲᠠ ᠥᠬᠡᠶ ᠢᠯᠭᠠᠷᠠᠬᠤ᠎ᠶ᠋ᠢ ᠳᠠᠭᠠᠯᠳᠤᠨ᠂ ᠡᠢ᠌ᠮᠦᠷᠬᠦᠦ ᠲᠥᠷᠥ᠎ᠶ᠋ᠢᠨ ᠪᠣᠳᠣᠯᠭ᠎ᠠ᠎ᠶ᠋ᠢᠨ ᠵᠥᠷᠢᠶ᠎ᠡ᠎ᠨᠢ ᠳᠠᠭᠠᠳᠭᠠᠯ᠎ᠳᠤ ᠣᠷᠣᠯᠴᠠᠭ᠍ᠰᠠᠳ᠎ᠲᠤ ᠠᠪᠴᠢᠷᠠᠭ᠍ᠰᠠᠨ ᠮᠠᠭᠤ ᠥᠩᠭᠡᠷᠡᠯᠲᠡ᠎ᠨᠢ ᠤᠯᠠᠮ ᠨᠢᠭᠡ ᠠᠯᠬᠤᠮ ᠢᠯᠡᠷᠡᠵᠦ᠍᠂ ᠣᠯᠠᠨ ᠲᠦᠮᠡᠨ᠎ᠤ ᠨᠢᠭᠡᠳᠦᠯᠲᠡᠶ ᠲᠥᠯᠥᠪᠵᠢᠭᠦᠯᠬᠦ᠌ ᠲᠠᠰ ᠳᠠᠪᠬᠤᠷᠭ᠎ᠠ᠎ᠶ᠋ᠢᠨ ᠳᠡᠭᠡᠭᠰᠢᠯᠡᠯᠲᠡ᠎ᠶᠢᠨ ᠬᠡᠷᠡᠭ᠌ᠴᠡᠭᠡ ᠡᠳᠦᠷ ᠢᠷᠡᠬᠦᠶ᠎ᠡ ᠴᠢᠩᠭᠠᠷᠠᠪᠠ᠃
ᠠᠷᠠᠳ᠎ᠤᠨ ᠬᠦᠰᠡᠯ ᠡᠷᠡᠮᠡᠯᠵᠡᠯ ᠪᠣᠯ ᠵᠠᠰᠠᠭ᠎ᠤᠨ ᠬᠠᠨᠳᠤᠰᠢ ᠮᠥᠨ᠃ ᠣᠢᠷ᠎ᠠ᠎ᠶ᠋ᠢᠨ ᠵᠢᠯ᠎ᠡᠴᠡ ᠨᠠᠭ᠋ᠠᠰᠢ᠂ ᠣᠯᠠᠨ ᠮᠤᠵᠢ ᠣᠷᠣᠨ ᠣᠯᠠᠨ ᠲᠦᠮᠡᠨ᠎ᠤ ᠬᠦᠰᠡᠯ ᠡᠷᠡᠮᠡᠯᠵᠡᠯ᠎ᠳᠤ ᠵᠣᠬᠢᠴᠠᠭᠤᠯᠤᠨ᠂ ᠨᠢᠭᠡᠳᠦᠯᠲᠡᠶ ᠲᠥᠯᠥᠪᠵᠢᠭᠦᠯᠬᠦ᠌ ᠲᠠᠰ ᠳᠠᠪᠬᠤᠷᠭ᠎ᠠ᠎ᠪᠠᠨ ᠵᠠᠯᠭᠠᠭ᠎ᠠ᠎ᠪᠠᠷ ᠳᠡᠭᠡᠭ᠌ᠰᠢᠯᠡᠭᠦᠯᠪᠡ᠃ ᠥᠭᠡᠷᠡᠴᠢᠯᠡᠯᠲᠡ᠎ᠶ᠋ᠢᠨ ᠳᠤᠮᠳᠠ᠂ ᠴᠥᠭᠡᠨ ᠪᠤᠰᠤ ᠮᠤᠵᠢ ᠣᠷᠣᠨ ᠲᠥᠷᠥ᠎ᠶ᠋ᠢᠨ ᠪᠣᠳᠣᠯᠭ᠎ᠠ᠎ᠶ᠋ᠢᠨ ᠪᠠᠷᠢᠮᠵᠢᠶ᠎ᠠ᠎ᠶ᠋ᠢ ᠵᠢᠷᠤᠮᠵᠢᠭᠤᠯᠬᠤ᠎ᠪᠠᠷ ᠴᠢᠷᠮᠠᠢᠵᠤ᠂ ᠳᠠᠭᠠᠳᠭᠠᠯ᠎ᠳᠤ ᠣᠷᠣᠯᠴᠠᠭ᠍ᠴᠢ᠎ᠳᠤ ᠡᠷᠬᠡ ᠲᠡᠭ᠌ᠰᠢ ᠠᠱᠢᠭ ᠲᠤᠰᠠ᠎ᠶ᠋ᠢᠨ ᠰᠠᠭᠤᠷᠢ ᠴᠢᠯᠠᠭᠤ ᠪᠣᠯᠵᠤ ᠪᠠᠢᠨ᠎ᠠ᠃ ᠡᠨᠡ ᠨᠢ ᠮᠤᠵᠢ᠎ᠶ᠋ᠢᠨ ᠲᠥᠪ ᠬᠣᠲᠠ᠎ᠶ᠋ᠢᠨ ᠰᠠᠭᠤᠭᠠᠯᠢ ᠠᠷᠠᠳ ᠴᠤ᠌ ᠭᠡᠰᠡᠨ ᠪᠤᠢᠳᠠ ᠪᠥᠭ᠌ᠯᠡᠭᠦᠦ ᠱᠢᠶᠠᠨ᠎ᠤ ᠲᠠᠷᠢᠶᠠᠴᠢᠳ ᠴᠤ᠌ ᠭᠡᠰᠡᠨ ᠴᠥᠮ ᠰᠦᠢᠳᠭᠡᠯ ᠲᠤᠱᠢᠶᠠᠬᠤ ᠪᠠ ᠬᠠᠷᠠᠭᠠᠯᠵᠠᠯ ᠬᠦᠷᠲᠡᠬᠦ ᠠᠳᠠᠯᠢᠬᠠᠨ ᠳᠦᠷᠢᠮ ᠲᠣᠭ᠍ᠲᠠᠭᠠᠯ᠎ᠢ ᠬᠡᠷᠡᠭ᠌ᠯᠡᠬᠦ᠌ ᠪᠣᠯᠣᠨ᠎ᠠ᠃ ᠵᠢᠱ᠌ᠢᠶᠡᠯᠡᠪᠡᠯ᠂ ᠱᠠᠨ ᠰᠢ ᠨᠢᠳᠤᠨᠤᠨ ᠵᠢᠯ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ 《 ᠵᠢᠷᠭᠤᠭ᠎ᠠ᠎ᠶ᠋ᠢ ᠨᠢᠭᠡᠳᠭᠡᠬᠦ᠌ 》᠎ᠶ᠋ᠢ ᠪᠡᠶᠡᠯᠡᠭᠦᠯᠬᠦ᠌᠎ᠪᠠᠷ ᠲᠣᠳᠣᠷᠬᠠᠶ ᠳᠤᠷᠠᠳᠪᠠ᠃ ᠬᠤᠨᠠᠨ 11 ᠳ᠋ᠤᠭᠡᠷ ᠰᠠᠷ᠎ᠠ᠎ᠳᠤ ᠨᠡᠢᠲᠡᠯᠡᠭ᠌ᠰᠡᠨ ᠰᠠᠨᠠᠯ ᠬᠤᠷᠢᠶᠠᠬᠤ ᠡᠬᠡ ᠨᠤᠤᠷᠠᠭ᠎ᠲᠤ᠂ ᠪᠦᠬᠦ᠌ ᠮᠤᠵᠢ᠎ᠶ᠋ᠢᠨ ᠡᠮᠨᠡᠯᠭᠡ᠎ᠳᠦ ᠰᠠᠭᠤᠭ᠍ᠰᠠᠨ ᠪᠠ ᠡᠭᠦᠳᠡᠨ ᠡᠮᠨᠡᠯᠭᠡ᠎ᠶ᠋ᠢᠨ ᠡᠬᠢᠯᠡᠵᠦ᠍ ᠥᠭ᠌ᠬᠦ ᠱᠤᠭᠤᠮ᠂ ᠲᠤᠱᠢᠶᠠᠬᠤ ᠬᠠᠷᠢᠴᠠᠯ᠂ ᠬᠠᠮᠤᠭ ᠥᠨᠳᠥᠷ ᠥᠭ᠌ᠬᠦ ᠬᠢᠵᠠᠭᠠᠷ ᠲᠣᠭ᠎ᠠ᠎ᠶ᠋ᠢ ᠨᠢᠭᠡᠳ᠋ᠦᠯᠲᠡᠢ ᠪᠣᠯᠭ᠋ᠠᠪᠠ; ᠡᠭᠦᠨ᠎ᠤ ᠬᠠᠮᠲᠤ ᠪᠥᠬᠦ᠌ ᠮᠤᠵᠢ᠎ᠶ᠋ᠢᠨ ᠡᠮᠴᠢᠯᠡᠭᠡᠨ᠎ᠤ ᠳᠠᠭᠠᠳᠭᠠᠯ᠎ᠤ᠋ᠨ ᠡᠮ᠎ᠤᠨ ᠵᠦᠶ᠋ᠯ᠂ ᠡᠮᠴᠢᠯᠡᠭᠡᠨ᠎ᠤ ᠦᠶ᠋ᠯᠡᠴᠢᠯᠡᠭᠡᠨ᠎ᠤ ᠲᠥᠷᠥᠯ ᠵᠦᠶ᠋ᠯ᠂ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠤᠨ ᠭᠠᠷᠴᠠᠭ᠎ᠤᠨ ᠬᠠᠮᠢᠶᠠᠷᠤᠯᠲᠠ᠎ᠶ᠋ᠢ ᠨᠢᠭᠡᠳᠭᠡᠵᠦ᠍᠂ ᠬᠥᠬᠡᠭ᠌ᠴᠢᠨ ᠲᠥᠷᠥᠯ᠎ᠤᠨ ᠡᠮ᠎ᠤᠨ ᠵᠦᠶ᠋ᠯ ᠪᠠ ᠡᠮᠴᠢᠯᠡᠭᠡᠨ᠎ᠤ ᠦᠶ᠋ᠯᠡᠴᠢᠯᠡᠭᠡᠨ᠎ᠤ ᠲᠥᠷᠥᠯ ᠵᠦᠶ᠋ᠯ᠎ᠤᠨ ᠬᠤᠪᠢ ᠬᠥᠮᠦᠨ᠎ᠤ ᠤᠷᠢᠳ᠎ᠢᠶᠡᠷ ᠲᠤᠱᠢᠶᠠᠬᠤ ᠬᠠᠷᠢᠴᠠᠯ᠎ᠢ ᠨᠢᠭᠡᠳᠬᠡᠪᠡ᠃ ᠡᠨᠡ ᠭᠦ᠌ ᠪᠦᠭᠦ᠌ ᠮᠤᠵᠢ᠎ᠶ᠋ᠢᠨ ᠨᠢᠬᠡ ᠪᠠᠷᠢᠮᠵᠢᠶ᠎ᠠ᠎ᠶ᠋ᠢᠨ ᠬᠠᠲᠠᠭᠤ ᠬᠢᠵᠠᠭᠠᠷᠯᠠᠯ ᠨᠢ ᠳᠠᠭᠠᠳᠭᠠᠯ᠎ᠤ᠋ᠨ ᠬᠢᠷᠢ ᠲᠦᠪᠱᠢᠨ᠎ᠢ ᠨᠦᠯᠦᠬᠡᠯᠡᠭᠦ᠌ ᠵᠠᠩᠭᠢᠯᠠᠭ᠎ᠠ᠎ᠶ᠋ᠢᠨ ᠬᠤᠪᠢᠰᠤᠭ᠍ᠴᠢ ᠪᠤᠯᠵᠤ ᠴᠢᠲᠠᠬᠤ ᠦᠭᠡᠢ ᠶᠤᠮ᠃
ᠬᠡᠯᠡᠯᠭᠡᠨ ᠦᠭᠡᠢ᠂ ᠡᠯ᠎ᠡ ᠭᠠᠵᠠᠷ᠎ᠤᠨ ᠪᠠᠢᠳᠠᠯ ᠮᠠᠰᠢ ᠶᠡᠭᠡ ᠵᠥᠷᠢᠶ᠎ᠡ᠎ᠲᠠᠢ ᠪᠠᠢᠵᠤ᠂ ᠵᠠᠷᠢᠮ ᠮᠤᠵᠢ ᠣᠷᠣᠨ ᠥᠭᠡᠷᠡᠴᠢᠯᠡᠯᠲᠡ᠎ᠶ᠋ᠢᠨ ᠶᠠᠪᠤᠴᠠ᠎ᠳᠤ ᠠᠳᠠᠯᠢ ᠨᠢᠭᠡᠨ ᠪᠠᠷᠢᠮᠵᠢᠶ᠎ᠠ᠎ᠶ᠋ᠢ ᠬᠡᠷᠡᠭ᠌ᠯᠡᠵᠦ᠍ ᠪᠣᠯᠬᠤ ᠦᠭᠡᠢ᠂ ᠪᠠᠰᠠ ᠮᠤᠵᠢ᠎ᠶ᠋ᠢᠨ ᠬᠡᠪᠴᠢᠶᠡᠨ ᠳᠣᠲᠣᠷᠠᠬᠢ ᠡᠯ᠎ᠡ ᠭᠠᠵᠠᠷ ᠣᠷᠣᠨ᠎ᠤ ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ᠎ᠤᠨ ᠵᠥᠷᠢᠶ᠎ᠡ᠎ᠶ᠋ᠢ ᠴᠢᠷᠮᠠᠢᠨ ᠠᠷᠢᠯᠭᠠᠪᠠ᠃ ᠦᠨᠡᠨ᠎ᠳᠦ᠎ᠪᠡᠨ᠂ ᠲᠣᠰ ᠤᠳᠠᠭᠠᠨ᠎ᠤ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠪᠠᠢᠩᠭᠤ᠎ᠶ᠋ᠢᠨ ᠬᠤᠷᠠᠯ᠎ᠠᠴᠠ ᠪᠠᠰᠠ 《 ᠡᠯ᠎ᠡ ᠭᠠᠵᠠᠷ᠎ᠤᠨ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤ ᠨᠢ ᠳᠣᠭᠢᠷᠠᠭᠤᠯᠤᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠶ᠋ᠢ ᠵᠢᠯᠣᠭᠤᠳᠭᠤ ᠬᠡᠷᠡᠭ᠌ᠲᠡᠶ 》 ᠭᠡᠵᠦ᠍ ᠲᠣᠳᠣᠷᠬᠠᠶ ᠳᠤᠷᠠᠳᠪᠠ᠂ ᠬᠡᠳᠦ᠋ᠢᠪᠡᠷ ᠡᠯ᠎ᠡ ᠭᠠᠵᠠᠷ᠎ᠤᠨ ᠬᠡᠷᠡᠭ᠌ᠯᠡᠭ᠌ᠰᠡᠨ ᠵᠠᠭ᠍ᠪᠤᠷ᠎ᠨᠢ ᠠᠳᠠᠯᠢ ᠪᠤᠰᠤ ᠪᠠᠢᠵᠤ ᠮᠡᠳᠡᠨ᠎ᠡ᠂ ᠭᠡᠪᠡᠴᠦ᠍ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠳᠠᠭᠠᠳᠭᠠᠯ᠎ᠳᠤ ᠣᠷᠣᠯᠴᠠᠭ᠍ᠰᠠᠳ᠎ᠲᠤ ᠨᠠᠩ ᠡᠷᠬᠡ ᠲᠡᠭ᠌ᠰᠢ᠂ ᠨᠡᠩ ᠬᠦᠷᠬᠦᠢ᠂ ᠨᠠᠩ ᠳᠥᠭᠦᠮ ᠳᠥᠲᠡ ᠡᠮᠴᠢᠯᠡᠭᠡᠨ᠎ᠤ ᠦᠢᠯᠡᠴᠢᠯᠡᠭᠡ ᠬᠠᠩᠭᠠᠬᠤ ᠪᠣᠯ ᠨᠢᠭᠡᠳᠦᠯᠲᠡᠶ ᠬᠥᠭᠡᠭᠡᠴᠡᠯᠳᠦᠯ ᠮᠥᠨ᠃
ᠡᠭᠦᠨ᠎ᠤ ᠬᠠᠮᠲᠤ᠌᠂ ᠮᠤᠵᠢ᠎ᠶ᠋ᠢᠨ ᠱᠠᠲᠤᠨ᠎ᠠᠴᠠ ᠨᠢᠭᠡᠳᠦᠯᠲᠡᠶ ᠲᠥᠯᠥᠪᠯᠡᠭ᠌ᠰᠡᠨᠤ ᠳᠠᠷᠠᠭ᠎ᠠ᠂ ᠮᠤᠵᠢ᠎ᠶ᠋ᠢᠨ ᠱᠠᠲᠤᠨ᠎ᠤ ᠨᠢᠭᠡᠳᠦᠯᠲᠡᠶ ᠬᠠᠮᠢᠶᠠᠷᠤᠯᠲᠠ ᠬᠢᠭᠡᠳ ᠣᠷᠣᠨ ᠨᠤᠲᠤᠭ᠎ᠤᠨ ᠢᠳᠡᠪᠬᠢᠵᠢᠯ᠎ᠢ ᠬᠡᠷᠬᠢᠨ ᠲᠡᠩᠴᠡᠭᠦᠷᠢᠲᠡᠶ ᠪᠠᠢᠯᠭᠠᠬᠤ ᠪᠣᠶ; 《 ᠮᠤᠵᠢ᠎ᠶ᠋ᠢᠨ ᠳᠣᠲᠣᠭᠠᠳᠤ᠎ᠶ᠋ᠢᠨ ᠣᠨᠳᠣᠤ ᠭᠠᠵᠠᠷ 》᠎ᠢ ᠠᠳᠠᠯᠢ ᠬᠤᠲᠠ ᠪᠣᠯᠭᠠᠨ ᠬᠤᠪᠢᠷᠠᠭᠤᠯᠵᠤ᠂ ᠳᠠᠭᠠᠳᠭᠠᠯ᠎ᠳᠤ ᠣᠷᠣᠯᠴᠠᠭ᠍ᠰᠠᠳ᠎ᠢ ᠬᠡᠷᠬᠢᠨ ᠬᠥᠲᠥᠯᠦᠨ ᠵᠢᠯᠣᠭᠤᠳᠴᠤ᠌ ᠲᠠᠰ ᠬᠤᠪᠢᠶᠠᠨ ᠡᠮᠨᠡᠭᠦᠯᠬᠦ᠌ ᠪᠣᠶ; ᠶᠡᠭᠡ ᠬᠤᠲᠠ᠎ᠶ᠋ᠢᠨ ᠳᠡᠭᠡᠳᠦ ᠲᠠᠰ᠎ᠤᠨ ᠡᠮᠴᠢᠯᠡᠭᠡᠨ᠎ᠤ ᠪᠠᠢᠭᠤᠯᠤᠮᠵᠢ ᠱᠢᠨ᠎ᠡ ᠳᠠᠷᠤᠯᠲᠠ᠎ᠶ᠋ᠢ ᠭᠥᠯᠢᠶᠡᠨ ᠠᠪᠴᠤ᠌ ᠴᠢᠳᠠᠬᠤ ᠡᠰᠡᠬᠦ᠌; ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ 《 ᠡᠭᠦᠳᠡᠨ ᠭᠡᠷ ᠬᠥᠢᠲᠡᠷᠡᠬᠦ᠌ 》 ᠡᠰᠡᠬᠦ᠌ ᠁ ᠠᠯᠢ ᠣᠯᠠᠨ ᠱᠢᠨ᠎ᠡ ᠠᠰᠠᠭᠤᠳᠠᠯ ᠨᠢ ᠥᠭᠡᠷᠡᠴᠢᠯᠡᠯᠲᠡ ᠬᠢᠭ᠌ᠰᠡᠳ᠎ᠦᠨ ᠣᠶᠤᠨ ᠤᠬᠠᠭᠠᠨ᠎ᠢ ᠴᠤ᠌ ᠱᠢᠯᠭᠠᠵᠤ ᠪᠠᠢᠨ᠎ᠠ᠃
ᠦᠨᠳᠦᠰᠦᠨ ᠡᠮᠴᠢᠯᠡᠭᠡᠨ᠎ᠤ ᠳᠠᠭᠠᠳᠭᠠᠯ᠎ᠢ ᠮᠤᠵᠢ᠎ᠶ᠋ᠢᠨ ᠱᠠᠲᠤᠨ᠎ᠳᠤ ᠨᠢᠭᠡᠳᠦᠯᠲᠡᠶ ᠲᠥᠯᠥᠪᠵᠢᠭᠦᠯᠬᠦ᠌ ᠶᠠᠪᠤᠴᠠ᠎ᠳᠤ᠂ ᠱᠠᠲᠤ ᠬᠤᠪᠢᠶᠠᠨ ᠣᠨᠣᠱᠢᠯᠠᠨ ᠡᠮᠨᠡᠬᠦ᠌ ᠲᠦᠷᠢᠮ᠎ᠤᠨ ᠪᠠᠢᠭᠤᠯᠤᠯᠲᠠ᠎ᠲᠠᠢ ᠬᠠᠮᠵᠢᠯᠴᠠᠨ᠂ ᠴᠢᠨᠠᠷ ᠰᠠᠢᠲᠠᠶ ᠡᠮᠴᠢᠯᠡᠭᠡᠨ᠎ᠤ ᠡᠬᠢ ᠪᠠᠶᠠᠯᠢᠭ᠎ᠢ ᠲᠡᠩᠴᠡᠭᠦᠷᠢᠲᠡᠶ ᠪᠠᠢᠷᠢᠱᠢᠭᠤᠯᠬᠤ᠎ᠶ᠋ᠢ ᠲᠦᠷᠭᠡᠳᠭᠡᠨ ᠠᠬᠢᠭᠤᠯᠵᠤ᠂ ᠦᠨᠳᠦᠰᠦᠨ ᠱᠠᠲᠤᠨ᠎ᠤ ᠡᠮᠴᠢᠯᠡᠭᠡᠨ᠎ᠤ ᠦᠶ᠋ᠯᠡᠴᠢᠯᠡᠭᠡᠨ᠎ᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠂ ᠡᠮᠴᠢᠯᠡᠭᠡᠨ᠎ᠤ ᠳᠠᠭᠠᠳᠭᠠᠯ᠎ᠤᠨ ᠥᠭᠬᠦ ᠪᠠ ᠦᠶ᠋ᠯᠡᠴᠢᠯᠡᠭᠡᠨ᠎ᠤ ᠦᠨ᠎ᠡ ᠬᠠᠩᠰᠢ᠎ᠶ᠋ᠢ ᠲᠣᠬᠢᠷᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠣᠯᠠᠨ ᠲᠦᠮᠡᠨ᠎ᠤ ᠡᠪᠡᠳᠴᠢᠨ ᠦᠵᠡᠭᠦᠯᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠩ ᠰᠠᠢᠲᠤᠷ ᠬᠠᠩᠭ᠋ᠠᠪᠠ᠃ ᠡᠨᠠ ᠪᠤᠯ ᠲᠥᠷᠥ᠎ᠶ᠋ᠢᠨ ᠶᠠᠪᠤᠲᠠᠯ᠎ᠤᠨ ᠬᠣᠷᠢᠶᠠᠨ᠎ᠤ ᠪᠠᠢ᠌ᠩᠭᠤ᠎ᠶ᠋ᠢᠨ ᠬᠣᠷᠠᠯ᠎ᠦᠨ ᠱᠠᠭᠠᠷᠲᠠᠯᠭ᠎ᠠ ᠮᠥᠨ ᠪᠥᠭᠡᠳ ᠪᠠᠰᠠ ᠴᠤ᠌ ᠬᠦᠴᠢᠷ ᠠᠰᠠᠭᠣᠲᠠᠯ᠎ᠢ ᠰᠢᠢ᠍ᠳᠪᠦᠷᠢᠯᠡᠬᠦ᠂ ᠥᠭᠡᠷᠡᠴᠢᠯᠡᠯᠲᠡ ᠬᠢᠭᠦ᠌ ᠠᠩᠬᠠᠨ᠎ᠤ ᠬᠦᠰᠡᠯ᠎ᠢ ᠪᠠᠶᠠᠯᠠᠭᠦᠯᠭᠦ᠌ ᠱᠢᠠᠵᠢᠯᠠᠭᠦ᠌ ᠣᠬᠠᠭᠠᠨᠴᠢ ᠠᠷᠭ᠎ᠠ ᠵᠠᠮ ᠮᠥᠨ᠃ ᠡᠭᠦᠨ᠎ᠳᠤ ᠭᠤᠷᠪᠠᠨ ᠡᠮᠨᠡᠯᠭᠡ᠎ᠶ᠋ᠢᠨ ᠬᠤᠷᠢᠶ᠎ᠠ ᠬᠤᠯᠪᠣᠭᠠᠯᠠᠨ ᠬᠥᠳᠡᠯᠦᠯᠴᠡᠵᠦ᠍᠂ ᠬᠠᠷᠢᠯᠴᠠᠨ ᠬᠠᠮᠵᠢᠯᠴᠠᠵᠤ᠂ ᠡᠯ᠎ᠡ ᠵᠦᠢᠯ᠎ᠤᠨ ᠠᠵᠢᠯ᠎ᠢ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭ᠌ᠲᠡᠢ᠃