ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠱᠢᠨ᠎ᠡ ᠬᠡᠪᠯᠡᠯ᠎ᠤᠨ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ᠎ᠲᠤ ᠶᠠᠮᠠᠷ ᠶᠠᠮᠠᠷ ᠬᠤᠪᠢᠷᠠᠯᠲᠠ ᠭᠠᠷᠤᠭ᠍ᠰᠠᠨ ᠪᠣᠶ?
ᠨᠡᠶ᠋ᠢᠲᠡᠯᠡᠭᠰᠡᠨ ᠴᠠᠭ᠄ 2026-01-07

  12 ᠳ᠋ᠤᠭ᠋ᠠᠷ ᠰᠠᠷ᠎ᠠ᠎ᠶ᠋ᠢᠨ 7 ᠎ᠤ ᠡᠳᠦᠷ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ 2025 ᠣᠨ᠎ᠤ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ᠎ᠢ ᠨᠡᠢᠲᠡᠯᠡᠪᠡ᠃ ᠱᠢᠨ᠎ᠡ ᠬᠡᠪᠯᠡᠯ᠎ᠤᠨ ᠭᠠᠷᠴᠠᠭ᠎ᠢ 2026 ᠣᠨ᠎ᠤ 1 ᠳ᠋ᠤᠭᠡᠷ ᠰᠠᠷ᠎ᠠ᠎ᠶ᠋ᠢᠨ 1᠎ᠤ ᠡᠳᠦᠷ᠎ᠠᠴᠠ ᠡᠬᠢᠯᠡᠵᠦ᠍ ᠬᠡᠷᠡᠭᠵᠢᠭᠦᠯᠪᠡ᠃ 2025 ᠣᠨ᠎ᠳᠤ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ᠎ᠲᠤ ᠨᠡᠢᠲᠡ 114 ᠵᠦᠢᠯ᠎ᠤᠨ ᠡᠮ᠎ᠢ ᠱᠢᠨ᠎ᠡ᠎ᠪᠠᠷ ᠨᠡᠮᠡᠭ᠌ᠳᠡᠭᠦᠯᠵᠦ᠍᠂ 29 ᠵᠦᠢᠯ᠎ᠤᠨ ᠡᠮ᠎ᠢ ᠱᠢᠯᠵᠢᠭᠦᠯᠦᠨ ᠭᠠᠷᠭᠠᠵᠤ᠂ ᠬᠡᠰᠡᠭ ᠡᠮ᠎ᠤᠨ ᠵᠦᠢᠯ᠎ᠤᠨ ᠡᠮᠴᠢᠯᠡᠭᠡᠨ᠎ᠤ ᠳᠠᠭᠠᠳᠭᠠᠯ᠎ᠤᠨ ᠥᠭᠬᠦ ᠬᠡᠪᠴᠢᠶᠡᠨ᠎ᠳᠤ ᠪᠠᠰᠠ ᠬᠤᠪᠢᠷᠠᠯᠲᠠ ᠭᠠᠷᠪᠠ᠃

  ᠱᠢᠨ᠎ᠡ ᠬᠡᠪᠯᠡᠯ᠎ᠤᠨ ᠭᠠᠷᠴᠠᠭ᠎ᠲᠤ ᠶᠠᠮᠠᠷ ᠬᠤᠪᠢᠷᠠᠯᠲᠠ ᠭᠠᠷᠤᠭ᠍ᠰᠠᠨ᠎ᠢ ᠣᠯᠠᠨ᠎ᠢᠶᠠᠷ᠎ᠢᠶᠠᠨ ᠲᠦᠷᠭᠡᠨ ᠣᠢᠯᠠᠭᠠᠬᠤ᠎ᠳᠤ ᠲᠥᠬᠦᠮ ᠪᠣᠯᠭᠠᠬᠤ᠎ᠶ᠋ᠢᠨ ᠲᠥᠯᠥᠭᠡ᠂ ᠪᠢᠳᠡ 2025 ᠣᠨ᠎ᠤ ᠭᠠᠷᠴᠠᠭ᠎ᠢ ᠡᠮᠬᠢᠯᠡᠵᠦ᠍ ᠡᠮ᠎ᠤᠨ ᠵᠦᠢᠯ᠎ᠢ ᠬᠤᠪᠢᠷᠠᠭᠤᠯᠤᠭ᠍ᠰᠠᠨ ᠪᠠᠢᠳᠠᠯ᠎ᠢ ᠬᠤᠷᠢᠶᠠᠩᠭᠤᠢᠯᠠᠵᠤ᠂ ᠣᠯᠠᠨ᠎ᠳᠤ ᠯᠠᠪᠯᠠᠯᠲᠠ ᠪᠣᠯᠭᠠᠪᠠ᠃

  ᠲᠣᠳᠣᠷᠬᠠᠢᠯᠠᠬᠤ ᠴᠢᠬᠤᠯᠠᠲᠠᠶ᠎ᠨᠢ᠂ ᠡᠮᠴᠢᠯᠡᠭᠡᠨ᠎ᠤ ᠳᠠᠭᠠᠳᠭᠠᠯ᠎ᠤᠨ ᠭᠠᠷᠴᠠᠭ᠎ᠤᠨ ᠡᠩ᠎ᠤᠨ ᠬᠡᠰᠡᠭ᠎ᠲᠤ ᠤᠤᠯ᠎ᠤᠨ ᠡᠮ᠎ᠤᠨ ᠵᠦᠢᠯ᠎ᠤᠨ ᠨᠡᠷᠡᠢᠳᠦᠯ᠂ ᠨᠡᠢᠯᠡᠭᠦᠯᠦᠭ᠌ᠰᠡᠨ ᠡᠮ᠎ᠤᠨ ᠬᠡᠯᠪᠡᠷᠢ᠎ᠶ᠋ᠢᠨ ᠨᠠᠢᠷᠠᠭᠤᠯᠤᠨ ᠵᠢᠭ᠍ᠰᠠᠭᠠᠬᠤ ᠠᠷᠭ᠎ᠠ ᠮᠠᠶᠢᠭ᠎ᠢ ᠦᠷᠭᠦᠯᠵᠢᠯᠡᠨ ᠬᠡᠷᠡᠭ᠌ᠯᠡᠵᠦ᠍᠂ ᠲᠥᠷᠥᠯ ᠵᠦᠢᠯ᠎ᠢ ᠱᠢᠯᠵᠢᠭᠦᠯᠦᠨ ᠭᠠᠷᠭᠠᠭ᠍ᠰᠠᠨ ᠪᠣᠯᠪᠠᠴᠤ᠌ ᠬᠠᠷᠠᠭ᠋ᠠᠯᠵᠠᠭᠰᠠᠨ ᠳ᠋ᠤᠭᠠᠷ᠎ᠢ ᠮᠥᠨ ᠬᠦ᠌ ᠦᠯᠡᠳᠡᠭᠡᠭ᠌ᠰᠡᠨ ᠪᠠᠢᠳᠠᠯ ᠭᠠᠷᠴᠤ᠌᠂ ᠡᠲᠡᠭᠡᠷ ᠲᠥᠷᠥᠯ ᠵᠦᠢᠯ᠎ᠢ ᠨᠢᠭᠡᠨᠲᠡ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠴᠢᠯᠡᠭᠡᠨ᠎ᠤ ᠲᠠᠪᠴᠠᠩ᠎ᠤᠨ ᠡᠮ᠎ᠤᠨ ᠵᠦᠢᠯ᠎ᠤᠨ ᠲᠥᠷᠥᠯ ᠬᠤᠪᠢᠶᠠᠬᠤ ᠪᠠ ᠺᠣᠳ᠋᠎ᠤᠨ ᠳ᠋ᠠᠢ᠌ᠲ᠋ᠠ᠎ᠶ᠋ᠢᠨ ᠬᠥᠮᠥᠷᠭᠡ᠎ᠳᠤ ᠰᠢᠨᠡᠳᠬᠡᠪᠡ᠃

  ᠳᠠᠭᠠᠯᠳᠤᠭᠤᠯᠤᠯ᠄

  1. 2025 ᠣᠨ᠎ᠤ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ᠎ᠲᠤ ᠱᠢᠨ᠎ᠡ᠎ᠪᠠᠷ ᠨᠡᠮᠡᠭ᠌ᠳᠡᠭ᠌ᠰᠡᠨ ᠡᠮ᠎ᠤᠨ ᠵᠦᠢᠯ᠎ᠤᠨ ᠨᠡᠷᠡᠰ᠎ᠤᠨ ᠵᠢᠭᠰᠠᠭ᠋ᠠᠯᠲᠠ

  2. 2025 ᠣᠨ᠎ᠤ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ᠎ᠠᠴᠠ ᠰᠢᠯᠵᠢᠭᠦᠯᠦᠨ ᠭᠠᠷᠭ᠋ᠠᠭᠰᠠᠨ ᠡᠮ᠎ᠦᠨ ᠵᠦᠢ᠍ᠯ᠎ᠦᠨ ᠨᠡᠷᠡᠰ᠎ᠦᠨ ᠵᠢᠭᠰᠠᠭ᠋ᠠᠯᠲᠠ

  3. 2025 ᠣᠨ᠎ᠤ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ᠎ᠤᠨ ᠡᠮᠴᠢᠯᠡᠭᠡᠨ᠎ᠤ ᠳᠠᠭᠠᠳᠭᠠᠯ᠎ᠤᠨ ᠥᠭᠬᠦ ᠬᠡᠪᠴᠢᠶ᠎ᠡ᠎ᠶ᠋ᠢ ᠬᠤᠪᠢᠷᠠᠭᠤᠯᠤᠭ᠍ᠰᠠᠨ ᠡᠮ᠎ᠤᠨ ᠵᠦᠢᠯ᠎ᠤᠨ ᠨᠡᠷᠡᠰ᠎ᠤᠨ ᠵᠢᠭᠰᠠᠭ᠋ᠠᠯᠲᠠ

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            