ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠠᠯᠢ ᠠᠯᠢ ᠡᠮ᠎ᠤᠨ ᠵᠦᠢ᠍ᠯ᠎ᠢ ᠳᠠᠩᠰᠠ ᠲᠠᠢ᠌ᠯᠵᠤ ᠪᠣᠯᠬᠤ ᠪᠤᠢ?
ᠨᠡᠶ᠋ᠢᠲᠡᠯᠡᠭᠰᠡᠨ ᠴᠠᠭ᠄ 2026-01-05

  ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠶᠠᠮᠤᠨ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠬᠢᠨᠠᠮᠠᠭᠠᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 2025 ᠣᠨ᠎ᠤ 12 ᠳ᠋ᠤᠭ᠋ᠠᠷ ᠰᠠᠷ᠎ᠠ᠎ᠳᠤ ᠤᠯᠤᠰ᠎ᠤᠨ ᠦᠨᠳᠦᠰᠦᠨ ᠡᠮᠴᠢᠯᠡᠭᠡᠨ᠎ᠦ ᠳᠠᠭᠠᠳᠭᠠᠯ᠂ ᠦᠷᠡᠵᠢᠯ᠎ᠤᠨ ᠳᠠᠭᠠᠳᠭᠠᠯ ᠪᠠ ᠠᠵᠢᠯ᠎ᠠᠴᠠ ᠪᠣᠯᠤᠭ᠍ᠰᠠᠨ ᠭᠡᠮᠲᠦᠯ᠎ᠤᠨ ᠳᠠᠭᠠᠳᠭᠠᠯ᠎ᠤᠨ ᠱᠢᠨ᠎ᠡ ᠬᠡᠪᠯᠡᠯ᠎ᠤᠨ ᠡᠮ᠎ᠤᠨ ᠵᠦᠢᠯ᠎ᠤᠨ ᠭᠠᠷᠴᠠᠭ ( ᠳᠣᠷᠣᠭ᠍ᠰᠢ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠭᠠᠷᠴᠠᠭ ᠭᠡᠵᠦ᠍ ᠲᠣᠪᠴᠢᠯᠠᠨ᠎ᠠ ) ᠪᠠ ᠠᠩᠬᠠᠳᠠᠭ᠍ᠴᠢ ᠬᠡᠪᠯᠡᠯ᠎ᠤᠨ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠤᠨ ᠱᠢᠨ᠎ᠡ᠎ᠶ᠋ᠢ ᠡᠭᠦᠳᠬᠦ᠌ ᠡᠮ᠎ᠤᠨ ᠵᠦᠢᠯ᠎ᠤᠨ ᠭᠠᠷᠴᠠᠭ ( ᠳᠣᠷᠣᠭ᠍ᠰᠢ ᠬᠤᠳᠠᠯᠳᠤᠭᠠᠨ᠎ᠤ ᠳᠠᠭᠠᠳᠭᠠᠯ᠎ᠤᠨ ᠱᠢᠨ᠎ᠡ᠎ᠶ᠋ᠢ ᠡᠭᠦᠳᠬᠦ᠌ ᠡᠮ᠎ᠤᠨ ᠭᠠᠷᠴᠠᠭ ᠭᠡᠵᠦ᠍ ᠲᠣᠪᠴᠢᠯᠠᠨ᠎ᠠ )᠎ᠢ ᠵᠢᠩᠬᠢᠨᠢ᠎ᠪᠠᠷ ᠨᠡᠢᠲᠡᠯᠡᠪᠡ᠃ ᠨᠠᠩ ᠳᠥᠭᠦᠮ ᠳᠥᠲᠡ ᠦᠢᠯᠡᠴᠢᠯᠡᠭᠡ ᠬᠠᠩᠭᠠᠬᠤ᠎ᠶ᠋ᠢᠨ ᠲᠥᠯᠥᠭᠡ᠂ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ᠎ᠶ᠋ᠢᠨ ᠣᠯᠠᠨ ᠨᠡᠢ᠌ᠲᠡ᠎ᠶᠢᠨ ᠸᠢᠴᠠᠲ ᠲᠠᠪᠴᠠᠩ 2026 ᠣᠨ᠎ᠤ 1 ᠳ᠋ᠦ᠍ᠭᠡᠷ ᠰᠠᠷ᠎ᠠ᠎ᠶ᠋ᠢᠨ 1 ᠎ᠤ ᠡᠳᠦᠷ ᠨᠢᠭᠡᠨᠲᠡ ᠱᠢᠨ᠎ᠡ ᠬᠡᠪᠯᠡᠯ᠎ᠤᠨ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠭᠠᠷᠴᠠᠭ ᠪᠠ ᠠᠩᠬᠠᠳᠠᠭ᠍ᠴᠢ ᠬᠡᠪᠯᠡᠯ᠎ᠤᠨ ᠬᠤᠳᠠᠯᠳᠤᠭᠠᠨ᠎ᠤ ᠳᠠᠭᠠᠳᠭᠠᠯ᠎ᠤᠨ ᠱᠢᠨ᠎ᠡ᠎ᠶ᠋ᠢ ᠡᠭᠦᠳᠬᠦ᠌ ᠡᠮ᠎ᠤᠨ ᠭᠠᠷᠴᠠᠭ᠎ᠢ ᠪᠠᠢᠴᠠᠭᠠᠨ ᠯᠠᠪᠯᠠᠬᠤ ᠴᠢᠳᠠᠮᠵᠢ᠎ᠶ᠋ᠢ ᠰᠦᠯᠵᠢᠶᠡᠨ᠎ᠳᠤ ᠨᠡᠢ᠌ᠲᠡᠯᠡᠪᠡ᠃

ᠶᠠᠭᠤ᠎ᠶ᠋ᠢ ᠤᠯᠤᠰ᠎ᠤᠨ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ ᠭᠡᠬᠦ᠌ ᠪᠣᠶ?

ᠳᠠᠩᠰᠠ ᠲᠠᠢ᠌ᠯᠬᠤ ᠲᠥᠷᠥᠯ ᠳᠣᠲᠣᠷᠠᠬᠢ ᠬᠥᠬᠡ ᠲᠥᠷᠥᠯ ᠪᠣᠯᠤᠨ ᠬᠥᠬᠡᠭ᠌ᠴᠢᠨ ᠲᠥᠷᠥᠯ ᠨᠢ ᠶᠠᠮᠠᠷ ᠤᠳᠭ᠎ᠠ᠎ᠲᠠᠢ ᠪᠤᠢ?

ᠶᠠᠭᠤ᠎ᠶ᠋ᠢ ᠬᠤᠳᠠᠯᠳᠤᠭᠠᠨ᠎ᠤ ᠳᠠᠭᠠᠳᠭᠠᠯ᠎ᠤᠨ ᠱᠢᠨ᠎ᠡ᠎ᠶ᠋ᠢ ᠡᠭᠦᠳᠬᠦ᠌ ᠡᠮ᠎ᠦᠨ ᠵᠦᠢᠯ᠎ᠤᠨ ᠭᠠᠷᠴᠠᠭ ᠭᠡᠬᠦ᠌ ᠪᠤᠢ?

ᠭᠠᠷᠴᠠᠭ᠎ᠤᠨ ᠳᠣᠲᠣᠷᠠᠬᠢ ᠡᠮ᠎ᠤᠨ ᠵᠦᠢᠯ᠎ᠤᠨ ᠮᠡᠳᠡᠭᠡ ᠵᠠᠩᠭᠢ᠎ᠶ᠋ᠢ ᠬᠡᠷᠬᠢᠨ ᠪᠠᠢᠴᠠᠭᠠᠨ ᠯᠠᠪᠯᠠᠬᠤ ᠪᠣᠶ?

  1. ᠶᠠᠭᠤ᠎ᠶ᠋ᠢ ᠤᠯᠤᠰ᠎ᠤᠨ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ ᠭᠡᠬᠦ᠌ ᠪᠣᠶ?

  ᠳᠠᠭᠠᠳᠭᠠᠯ᠎ᠳᠤ ᠣᠷᠣᠯᠴᠠᠭ᠍ᠰᠠᠳ᠎ᠤᠨ ᠦᠨᠳᠦᠰᠦᠨ ᠡᠮᠴᠢᠯᠡᠭᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠪᠠᠲᠤᠯᠠᠵᠤ᠂ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠡᠮ ᠬᠡᠷᠡᠭ᠌ᠯᠡᠬᠦ᠌ ᠬᠠᠮᠢᠶᠠᠷᠤᠯᠲᠠ᠎ᠶ᠋ᠢ ᠵᠢᠷᠤᠮᠵᠢᠭᠤᠯᠬᠤ᠎ᠶ᠋ᠢᠨ ᠲᠥᠯᠥᠭᠡ᠂ ᠤᠯᠤᠰ᠎ᠠᠴᠠ 《 ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ 》᠎ᠢ ᠲᠣᠭ᠍ᠲᠠᠭᠠᠪᠠ᠃ ᠳᠠᠭᠠᠳᠭᠠᠯ᠎ᠳᠤ ᠣᠷᠣᠯᠴᠠᠭ᠍ᠰᠠᠳ ᠴᠡᠭ ᠲᠣᠭ᠍ᠲᠠᠭᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠳᠤ ᠡᠭᠦᠰᠦᠭ᠌ᠰᠡᠨ ᠡᠮᠴᠢᠯᠡᠭᠡᠨ᠎ᠦ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ᠎ᠲᠤ ᠨᠡᠢᠴᠡᠬᠦ᠌ ᠡᠮ᠎ᠤᠨ ᠵᠦᠢᠯ᠎ᠤᠨ ᠵᠠᠷᠤᠳᠠᠯ᠎ᠢ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ ᠲᠣᠭ᠍ᠲᠠᠭᠠᠯ ᠶᠣᠰᠣᠭᠠᠷ ᠥᠭ᠌ᠭᠦᠨ᠎ᠡ᠃

  ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ 2018 ᠣᠨ᠎ᠳᠤ ᠪᠠᠢᠭᠤᠯᠤᠭ᠍ᠳᠠᠭ᠍ᠰᠠᠨ᠎ᠠᠴᠠ ᠨᠠᠭᠠᠰᠢ᠂ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ᠎ᠲᠤ ᠬᠥᠳᠡᠯᠦᠩᠭᠦᠶ ᠲᠣᠬᠢᠷᠠᠭᠤᠯᠤᠯᠲᠠ ᠬᠢᠬᠦ᠌ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠪᠡ᠃ ᠡᠮᠴᠢᠯᠡᠭᠡᠨ᠎ᠤ ᠲᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ᠎ᠢ ᠵᠢᠯ ᠪᠦᠷᠢ ᠨᠢᠭᠡ ᠣᠲᠠᠭ᠎ᠠ ᠲᠣᠬᠢᠷᠡᠭᠤᠯᠵᠦ᠍᠂ ᠡᠮᠴᠢᠯᠡᠭᠡᠨ᠎ᠳᠤ ᠴᠢᠬᠤᠯᠡ ᠭᠡᠷᠡᠭ᠌ᠴᠡᠭᠡ ᠲᠠᠢ᠂ ᠠᠮᠥᠷ ᠳᠥᠪᠱᠢᠨ ᠦᠷ᠎ᠠ ᠪᠦᠳᠦᠮᠵᠢᠳᠡᠢ᠂ ᠦᠨ᠎ᠠ ᠬᠠᠩᠰᠢ᠎ᠨᠢ ᠵᠦᠢ ᠵᠤᠬᠢᠰᠳᠡᠢ ᠵᠡᠷᠭᠡ ᠦᠨᠳᠣᠰᠣᠡ ᠨᠦᠬᠦᠴᠡᠯ᠎ᠳᠤ ᠨᠡᠢᠴᠡᠬᠦ᠌ ᠡᠮ᠎ᠤᠨ ᠵᠦᠢᠯ᠎ᠢ ᠡᠮᠴᠢᠯᠡᠭᠡᠨ᠎ᠤ ᠲᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ᠎ᠲᠤ ᠣᠷᠣᠭᠤᠯᠥᠨ᠎ᠠ᠃

  2. ᠡᠮᠴᠢᠯᠡᠭᠡᠨ᠎ᠤ ᠳᠠᠭᠠᠳᠭᠠᠯ᠎ᠤᠨ ᠭᠠᠷᠴᠠᠭ᠎ᠤᠨ ᠲᠠᠩᠰᠠ ᠲᠠᠢᠯᠬᠤ ᠲᠥᠷᠥᠯ᠎ᠳᠠᠬᠢ ᠬᠥᠬᠡ ᠲᠥᠷᠥᠯ ᠪᠠ ᠬᠥᠬᠡᠭ᠌ᠴᠢᠨ ᠲᠥᠷᠥᠯ᠎ᠨᠢ ᠶᠠᠮᠠᠷ ᠤᠳᠭ᠎ᠠ᠎ᠲᠠᠢ ᠪᠣᠶ?

  ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ᠎ᠤᠨ ᠳᠣᠲᠣᠷᠠᠬᠢ ᠧᠦ᠋ᠷᠣᠫᠠ ᠡᠮ ᠪᠠ ᠬᠢᠲᠡᠳ ᠪᠡᠯᠡᠨ ᠡᠮ᠎ᠢ ᠬᠥᠬᠡ᠂ ᠬᠥᠬᠡᠭ᠌ᠴᠢᠨ ᠭᠡᠵᠦ᠍ ᠬᠤᠶᠠᠷ ᠲᠥᠷᠥᠯ᠎ᠳᠤ ᠬᠤᠪᠢᠶᠠᠨ᠎ᠠ᠃

  《 ᠬᠥᠬᠡ ᠲᠥᠷᠥᠯ᠎ᠦᠨ ᠡᠮ᠎ᠦᠨ ᠵᠦᠢᠯ 》 ᠭᠡᠳᠡᠭ ᠨᠢ ᠡᠮᠴᠢᠯᠡᠭᠡᠨ᠎ᠳᠦ ᠴᠢᠬᠤᠯᠠ ᠬᠡᠷᠡᠭ᠌ᠴᠡᠭᠡ ᠲᠠᠢ᠂ ᠬᠡᠷᠡᠭ᠌ᠯᠡᠯᠲᠡ ᠨᠢ ᠥᠷᠭᠡᠨ ᠳᠡᠯᠭᠡᠷ᠂ ᠡᠮᠴᠢᠯᠡᠭᠡᠨ᠎ᠦ ᠲᠤᠰᠠ ᠨᠢ ᠪᠠᠲᠤᠲᠠᠶ᠂ ᠠᠳᠠᠯᠢ ᠲᠥᠷᠥᠯ᠎ᠦᠨ ᠡᠮ᠎ᠦᠨ ᠵᠦᠢᠯ᠎ᠳᠡᠬᠢ ᠦᠨ᠎ᠡ ᠬᠠᠩᠰᠢ ᠪᠤᠶᠤ ᠡᠮᠴᠢᠯᠡᠭᠡᠨ᠎ᠦ ᠵᠠᠷᠤᠳᠠᠯ ᠨᠢ ᠨᠡᠯᠢᠶᠡᠳ ᠳᠣᠤᠷ᠎ᠠ ᠡᠮ᠎ᠦᠨ ᠵᠦᠢᠯ᠎ᠢ ᠵᠢᠭᠠᠵᠤ ᠪᠤᠶ᠃ ᠳᠠᠭᠠᠳᠭᠠᠯ᠎ᠳᠤ ᠣᠷᠣᠯᠴᠠᠭ᠍ᠰᠠᠳ ᠡᠨᠡ ᠲᠥᠷᠥᠯ᠎ᠦᠨ ᠡᠮ᠎ᠦᠨ ᠵᠦᠢᠯ᠎ᠢ ᠬᠡᠷᠡᠭ᠌ᠯᠡᠬᠦ᠌᠎ᠳᠦ᠂ ᠪᠦᠬᠦ᠌ ᠲᠣᠭ᠎ᠠ᠎ᠪᠠᠷ ᠨᠢ ᠳᠠᠩᠰᠠ ᠲᠠᠢᠯᠬᠤ ᠬᠡᠪᠴᠢᠶᠡᠨ᠎ᠳᠦ ᠣᠷᠣᠭᠤᠯᠵᠤ᠂ ᠳᠠᠷᠠᠭ᠎ᠠ ᠨᠢ ᠲᠣᠭ᠍ᠲᠠᠭ᠍ᠰᠠᠨ ᠬᠠᠷᠢᠴᠠᠯ᠎ᠢᠶᠠᠷ ᠳᠠᠩᠰᠠ ᠲᠠᠢ᠌ᠯᠤᠨ᠎ᠠ᠃

  《 ᠬᠥᠬᠡᠭ᠌ᠴᠢᠨ ᠲᠥᠷᠥᠯ᠎ᠦᠨ ᠡᠮ᠎ᠦᠨ ᠵᠦᠢᠯ 》 ᠭᠡᠳᠡᠭ ᠨᠢ ᠡᠮᠴᠢᠯᠡᠭᠡᠨ᠎ᠦ ᠡᠮᠨᠡᠨ ᠵᠠᠰᠠᠬᠤ᠎ᠶ᠋ᠢ ᠰᠣᠩᠭᠣᠨ ᠬᠡᠷᠡᠭ᠌ᠯᠡᠬᠦ᠌᠎ᠶ᠋ᠢ ᠬᠠᠩᠭᠠᠵᠤ ᠪᠣᠯᠤᠨ᠎ᠠ᠂ ᠡᠮᠴᠢᠯᠡᠭᠡᠨ᠎ᠦ ᠲᠤᠰᠠ ᠨᠢ ᠪᠠᠲᠤᠲᠠᠶ᠂ ᠠᠳᠠᠯᠢ ᠲᠥᠷᠥᠯ᠎ᠦᠨ ᠡᠮ᠎ᠦᠨ ᠵᠦᠢᠯ᠎ᠳᠡᠬᠢ 《 ᠬᠥᠬᠡ ᠲᠥᠷᠥᠯ᠎ᠦᠨ ᠡᠮ᠎ᠦᠨ ᠵᠦᠢᠯ 》᠎ᠦᠨ ᠦᠨ᠎ᠡ ᠬᠠᠩᠰᠢ ᠪᠤᠶᠤ ᠡᠮᠴᠢᠯᠡᠭᠡᠨ᠎ᠦ ᠵᠠᠷᠤᠳᠠᠯ᠎ᠠᠴᠠ ᠪᠠᠭ᠎ᠠ ᠥᠨᠳᠥᠷ ᠡᠮ᠎ᠦᠨ ᠵᠦᠢᠯ᠎ᠢ ᠵᠢᠭᠠᠵᠤ ᠪᠤᠶ᠃ ᠳᠠᠭᠠᠳᠭᠠᠯ᠎ᠳᠤ ᠣᠷᠣᠯᠴᠠᠭ᠍ᠰᠠᠳ ᠡᠨᠡ ᠲᠥᠷᠥᠯ᠎ᠦᠨ ᠡᠮ᠎ᠦᠨ ᠵᠦᠢᠯ᠎ᠢ ᠬᠡᠷᠡᠭ᠌ᠯᠡᠬᠦ᠌᠎ᠳᠦ᠎ᠪᠡᠨ ᠬᠤᠪᠢ ᠬᠥᠮᠦᠨ ᠤᠷᠢᠳ᠎ᠢᠶᠡᠷ ᠥᠪᠡᠷ᠎ᠢᠶᠡᠨ ᠵᠣᠬᠢᠬᠤ ᠬᠠᠷᠢᠴᠠᠯ᠎ᠢᠶᠠᠷ ᠥᠪᠡᠷ᠎ᠢᠶᠡᠨ ᠥᠭᠴᠦ᠂ ᠦᠯᠡᠳᠡᠭ᠌ᠰᠡᠨ ᠬᠡᠰᠡᠭ᠎ᠢ ᠨᠢ ᠳᠠᠩᠰᠠ ᠲᠠᠢᠯᠬᠤ ᠬᠡᠪᠴᠢᠶᠡᠨ᠎ᠳᠦ ᠣᠷᠣᠭᠤᠯᠤᠨ᠂ ᠳᠠᠬᠢᠨ ᠲᠣᠭ᠍ᠲᠠᠭ᠍ᠰᠠᠨ ᠬᠠᠷᠢᠴᠠᠯ᠎ᠢᠶᠠᠷ ᠳᠠᠩᠰᠠ ᠲᠠᠢ᠌ᠯᠤᠨ᠎ᠠ᠃

  3. ᠶᠠᠭᠤ᠎ᠶ᠋ᠢ ᠬᠤᠳᠠᠯᠳᠤᠭᠠᠨ᠎ᠤ ᠳᠠᠭ᠋ᠠᠳᠬᠠᠯ᠎ᠤᠨ ᠱᠢᠨ᠎ᠡ᠎ᠶ᠋ᠢ ᠡᠭᠦᠳᠬᠦ᠌ ᠡᠮ᠎ᠤᠨ ᠵᠦᠢᠯ᠎ᠤᠨ ᠭᠠᠷᠴᠠᠭ ᠭᠡᠬᠦ᠌ ᠪᠣᠶ?

  ᠱᠢᠨ᠎ᠡ᠎ᠶ᠋ᠢ ᠡᠭᠦᠳᠬᠦ᠌ ᠡᠮ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠵᠦ᠍᠂ ᠣᠯᠠᠨ ᠲᠠᠰ ᠳᠠᠪᠬᠤᠷᠭ᠎ᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠭᠲᠠᠯᠴᠠᠭ᠎ᠠ᠎ᠶᠢᠨ ᠪᠠᠢᠭᠤᠯᠤᠯᠲᠠ᠎ᠶ᠋ᠢ ᠠᠬᠢᠭᠤᠯᠬᠤ᠎ᠶ᠋ᠢᠨ ᠲᠥᠯᠥᠭᠡ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ 《 ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠤᠨ ᠱᠢᠨ᠎ᠡ᠎ᠶ᠋ᠢ ᠡᠭᠦᠳᠬᠦ᠌ ᠡᠮ᠎ᠤᠨ ᠵᠦᠢᠯ᠎ᠤᠨ ᠭᠠᠷᠴᠠᠭ 》᠎ᠢ ᠲᠣᠭ᠍ᠲᠠᠭᠠᠵᠤ᠂ ᠱᠢᠨ᠎ᠡ᠎ᠶ᠋ᠢ ᠡᠭᠦᠳᠬᠦ᠌ ᠬᠡᠮᠵᠢᠶ᠎ᠡ᠎ᠪᠠᠷ ᠥᠨᠳᠥᠷ᠂ ᠡᠮᠴᠢᠯᠡᠭᠡᠨ᠎ᠤ ᠥᠷᠲᠡᠭ᠎ᠢᠶᠠᠷ ᠶᠡᠭᠡ᠂ ᠡᠪᠡᠳᠴᠢᠲᠡᠨ ᠢᠯᠡᠳᠲᠡ ᠠᠱᠢᠭ ᠭᠥᠷᠳᠡᠭ᠌ᠰᠡᠨ ᠮᠥᠷᠲᠡᠭᠡᠨ ᠦᠨᠳᠦᠰᠦᠨ ᠡᠮᠴᠢᠯᠡᠭᠡᠨ᠎ᠤ ᠳᠠᠭᠠᠳᠭᠠᠯ᠎ᠤᠨ ᠪᠠᠲᠤᠯᠠᠭ᠎ᠠ᠎ᠶ᠋ᠢᠨ ᠬᠡᠪᠴᠢᠶ᠎ᠡ᠎ᠠᠴᠠ ᠳᠠᠪᠠᠭ᠍ᠰᠠᠨ ᠱᠢᠨ᠎ᠡ᠎ᠶ᠋ᠢ ᠡᠭᠦᠳᠬᠦ᠌ ᠡᠮ᠎ᠳᠤ ᠭᠤᠤᠯᠳᠠᠯᠭ᠎ᠠ᠎ᠲᠠᠢ ᠣᠷᠣᠭᠤᠯᠵᠤ᠂ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠂ ᠡᠮᠴᠢᠯᠡᠭᠡᠨ᠎ᠤ ᠬᠠᠷᠢᠯᠴᠠᠨ ᠬᠠᠪᠰᠤᠷᠤᠯᠴᠠᠬᠤ ᠵᠡᠷᠭᠡ ᠪᠠᠲᠤᠯᠠᠭ᠎ᠠ᠎ᠶ᠋ᠢᠨ ᠲᠣᠭᠲᠠᠯᠴᠠᠭ᠎ᠠ᠎ᠶᠢᠨ ᠯᠠᠪᠯᠠᠯᠲᠠ ᠪᠣᠯᠭᠠᠨ ᠬᠡᠷᠡᠭ᠌ᠯᠡᠬᠦ᠌᠎ᠶ᠋ᠢ ᠲᠠᠨᠢᠯᠴᠠᠭᠤᠯᠵᠤ᠂ ᠦᠨᠳᠦᠰᠦᠨ ᠡᠮᠴᠢᠯᠡᠭᠡᠨ᠎ᠤ ᠳᠠᠭᠠᠳᠭᠠᠯ᠎ᠤᠨ ᠲᠠᠩᠰᠠ ᠲᠠᠢᠯᠬᠤ ᠥᠬᠡᠶ᠃

  ᠠᠩᠬᠠᠳᠠᠭ᠍ᠴᠢ ᠬᠡᠪᠯᠡᠯ᠎ᠤᠨ ᠬᠤᠳᠠᠯᠳᠤᠭᠠᠨ᠎ᠤ ᠳᠠᠭᠠᠳᠭᠠᠯ᠎ᠤᠨ ᠱᠢᠨ᠎ᠡ᠎ᠶ᠋ᠢ ᠡᠭᠦᠳᠬᠦ᠌ ᠡᠮ᠎ᠤᠨ ᠭᠠᠷᠴᠠᠭ᠎ᠲᠤ ᠨᠡᠢᠲᠡ 19 ᠲᠥᠷᠥᠯ᠎ᠤᠨ ᠡᠮ᠎ᠤᠨ ᠵᠦᠢᠯ᠎ᠢ ᠣᠷᠣᠭᠤᠯᠵᠤ᠂ ᠬᠠᠪᠤᠳᠠᠷ᠂ ᠬᠤᠪᠣᠷ ᠲᠣᠬᠢᠶᠠᠯᠳᠤᠬᠤ ᠡᠪᠡᠳᠴᠢᠨ᠂ ᠠᠯᠽᠸᠢᠢ᠍ᠮᠸᠷ ᠡᠪᠡᠳᠴᠢᠨ ᠵᠡᠷᠭᠡ ᠬᠦᠷᠢᠶ᠎ᠡ᠎ᠶ᠋ᠢ ᠬᠠᠮᠤᠷᠴᠤ᠌᠂ ᠦᠨᠳᠦᠰᠦᠨ ᠡᠮᠴᠢᠯᠡᠭᠡᠨ᠎ᠤ ᠳᠠᠭᠠᠳᠭᠠᠯ᠎ᠤᠨ ᠭᠠᠷᠴᠠᠭ᠎ᠲᠠᠢ ᠬᠠᠷᠢᠯᠴᠠᠨ ᠨᠥᠬᠦᠪᠥᠷᠢᠯᠡᠨ ᠵᠣᠯᠭᠠᠭᠤᠯᠵᠤ᠂ ᠦᠨᠳᠦᠰᠦᠨ ᠡᠮᠴᠢᠯᠡᠭᠡᠨ᠎ᠤ ᠳᠠᠭᠠᠳᠭᠠᠯ᠎ᠤᠨ ᠪᠠᠲᠤᠯᠠᠭ᠎ᠠ᠎ᠶ᠋ᠢᠨ ᠵᠠᠭᠠᠭ ᠬᠢᠵᠠᠭᠠᠷ᠎ᠢ ᠤᠯᠠᠮ ᠨᠢᠭᠡ ᠠᠯᠬᠤᠮ ᠲᠣᠳᠣᠷᠬᠠᠢᠯᠠᠨ᠂ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ ᠬᠢᠭᠡᠳ ᠦᠨᠳᠦᠰᠦᠨ ᠡᠮᠴᠢᠯᠡᠭᠡᠨ᠎ᠤ ᠳᠠᠭᠠᠳᠭᠠᠯ᠎ᠤᠨ ᠣᠷᠣᠨ ᠪᠠᠢᠷᠢ᠎ᠪᠠᠨ ᠰᠣᠯᠪᠢᠴᠠᠭᠤᠯᠤᠨ ᠬᠥᠭ᠌ᠵᠢᠭᠦᠯᠬᠦ᠂ ᠬᠠᠮᠵᠢᠯᠴᠠᠨ ᠪᠠᠲᠤᠯᠠᠬᠤ᠎ᠶ᠋ᠢ ᠠᠬᠢᠭᠤᠯᠵᠤ᠂ ᠡᠪᠡᠳᠴᠢᠲᠡᠨ᠎ᠢ ᠨᠠᠩ ᠥᠷᠭᠡᠨ ᠳᠡᠯᠭᠡᠷ᠂ ᠨᠠᠩ ᠬᠦᠷᠦᠯᠴᠡᠵᠦ ᠴᠢᠳᠠᠬᠤ ᠱᠢᠨ᠎ᠡ ᠡᠮ᠎ᠤᠨ ᠡᠮᠴᠢᠯᠡᠭᠡ ᠬᠦᠷᠲᠡᠭᠡᠨ᠎ᠡ᠃

  4. ᠭᠠᠷᠴᠠᠭ᠎ᠤᠨ ᠳᠣᠲᠣᠷᠠᠬᠢ ᠡᠮ᠎ᠤᠨ ᠵᠦᠢᠯ᠎ᠤᠨ ᠮᠡᠳᠡᠭᠡ ᠵᠠᠩᠭᠢ᠎ᠶ᠋ᠢ ᠬᠡᠷᠬᠢᠨ ᠪᠠᠢᠴᠠᠭᠠᠨ ᠯᠠᠪᠯᠠᠬᠤ ᠪᠣᠶ?

  ᠨᠢᠭᠡᠳᠦᠭᠡᠷ ᠠᠯᠬᠤᠮ᠄ 《 ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ 》᠎ᠶ᠋ᠢᠨ ᠣᠯᠠᠨ ᠨᠡᠢᠲᠡ᠎ᠶ᠋ᠢᠨ ᠸᠢᠴᠠᠲ ᠲᠠᠪᠴᠠᠩ᠎ᠳᠤ ᠣᠷᠣᠵᠤ᠂ ᠲᠣᠪᠶᠤᠭ᠎ᠤᠨ ᠪᠤᠯᠤᠩ᠎ᠤᠨ 《 ᠪᠢᠴᠢᠯ ᠦᠢᠯᠡᠴᠢᠯᠡᠭᠡ 》᠎ᠶ᠋ᠢ ᠲᠣᠪᠴᠢᠳᠠᠨ᠎ᠠ → 《 ᠤᠯᠤᠰ᠎ᠤᠨ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ᠎ᠢ ᠪᠠᠢᠴᠠᠭᠠᠨ ᠯᠠᠪᠯᠠᠬᠤ 》 ᠪᠤᠶᠤ 《 ᠬᠤᠳᠠᠯᠳᠤᠭᠠᠨ᠎ᠤ ᠳᠠᠭᠠᠳᠭᠠᠯ᠎ᠤᠨ ᠱᠢᠨ᠎ᠡ᠎ᠶ᠋ᠢ ᠡᠭᠦᠳᠬᠦ ᠡᠮ᠎ᠤᠨ ᠭᠠᠷᠴᠠᠭ᠎ᠢ ᠪᠠᠢᠴᠠᠭᠠᠨ ᠯᠠᠪᠯᠠᠬᠤ 》᠎ᠶ᠋ᠢ ᠰᠣᠩᠭᠤᠵᠤ᠂ ᠵᠣᠬᠢᠴᠠᠩᠭᠤᠶ ᠪᠠᠢᠴᠠᠭᠠᠨ ᠯᠠᠪᠯᠠᠬᠤ ᠬᠠᠭᠤᠳᠠᠰᠤᠨ᠎ᠳᠤ ᠣᠷᠣᠨ᠎ᠠ᠃

 

 

  ᠬᠤᠶᠠᠳᠤᠭᠠᠷ ᠠᠯᠬᠤᠮ᠄ ᠡᠮ᠎ᠤᠨ ᠵᠦᠢᠯ᠎ᠤᠨ ᠨᠡᠢᠳᠡᠮ ᠬᠡᠷᠡᠭ᠌ᠯᠡᠬᠦ᠌ ᠨᠡᠷ᠎ᠡ᠎ᠶ᠋ᠢ ᠪᠢᠴᠢᠨ ᠣᠷᠣᠭᠤᠯᠵᠤ᠂ ᠬᠠᠢ᠌ᠬᠤ᠎ᠶᠢ ᠲᠣᠪᠴᠢᠳᠠᠪᠠᠯ ᠳᠠᠷᠤᠶ ᠲᠣᠰ ᠡᠮ᠎ᠤᠨ ᠵᠦᠢᠯ᠎ᠤᠨ ᠭᠠᠷᠴᠠᠭ᠎ᠤᠨ ᠳᠣᠲᠣᠷ᠎ᠠ᠂ ᠬᠠᠷᠢᠶᠠᠯᠠᠭ᠍ᠳᠠᠬᠤ ᠲᠥᠷᠥᠯ ᠵᠦᠢᠯ᠂ ᠲᠠᠩᠰᠠ ᠲᠠᠢᠯᠬᠤ ᠲᠥᠷᠥᠯ ᠵᠦᠢᠯ ( ᠡᠮᠴᠢᠯᠡᠭᠡᠨ᠎ᠤ ᠳᠠᠭᠠᠳᠭᠠᠯ᠎ᠤᠨ ᠭᠠᠷᠴᠠᠭ ) ᠪᠤᠶᠤ ᠬᠤᠳᠠᠯᠳᠤᠭᠠᠨ᠎ᠤ ᠳᠠᠭᠠᠳᠭᠠᠯ᠎ᠤᠨ ᠱᠢᠨ᠎ᠡ᠎ᠶ᠋ᠢ ᠡᠭᠦᠳᠬᠦ ᠡᠮ᠎ᠤᠨ ᠭᠠᠷᠴᠠᠭ᠎ᠤᠨ ᠬᠠᠮᠢᠶ᠎ᠠ ᠪᠥᠬᠦᠶ ᠮᠡᠳᠡᠭᠡ ᠵᠠᠩᠭᠢ᠎ᠶ᠋ᠢ ᠪᠠᠢᠴᠠᠭᠠᠨ ᠦᠵᠡᠵᠦ᠍ ᠪᠣᠯᠤᠨ᠎ᠠ᠃

 

 

  ᠲᠠ ᠪᠠᠰᠠ ᠥᠪᠡᠷ᠎ᠤᠨ ᠬᠡᠷᠡᠭ᠌ᠴᠡᠭᠡ᠎ᠪᠠᠨ ᠦᠨᠳᠦᠰᠦᠯᠡᠨ᠂ 《 ᠡᠮ᠎ᠤᠨ ᠵᠦᠢᠯ᠎ᠤᠨ ᠲᠥᠷᠥᠯ ᠠᠩᠭᠢᠯᠠᠯ 》 ᠪᠤᠶᠤ 《 ᠡᠮᠴᠢᠯᠡᠭᠡᠨ᠎ᠤ ᠳᠠᠭᠠᠳᠭᠠᠯ᠎ᠤᠨ ᠲᠠᠩᠰᠠ ᠲᠠᠢᠯᠬᠤ ᠲᠥᠷᠥᠯ ᠵᠦᠢᠯ 》᠎ᠢᠶᠡᠷ ᠱᠢᠭ᠌ᠰᠢᠨ ᠰᠣᠩᠭᠤᠵᠤ ᠡᠷᠢᠵᠦ᠍ ᠪᠣᠯᠤᠨ᠎ᠠ᠃

 

 

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            