ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠡᠴᠡ ᠬᠡᠦᠬᠡᠳ ᠠᠪᠬᠤ᠎ᠶᠢ ᠳᠡᠮᠵᠢᠬᠦ᠌ ᠲᠦᠷᠦ᠍᠎ᠶᠢᠨ ᠪᠤᠳᠤᠯᠭ᠎ᠠ ᠵᠢᠨ ᠲᠣᠭᠲᠠᠯᠴᠠᠭ᠎ᠠ ᠪᠠ ᠤᠷᠮᠠᠰᠢᠭᠤᠯᠬᠤ ᠲᠣᠭᠲᠠᠴᠠ᠎ᠶᠢ ᠲᠡᠭᠦᠯᠳᠡᠷᠵᠢᠭᠦᠯᠵᠦ᠍᠂ ᠦᠷᠡᠵᠢᠯ᠎ᠦᠨ ᠨᠥᠬᠥᠷᠰᠡᠭ ᠬᠡᠯᠪᠡᠷᠢ᠎ᠶᠢᠨ ᠨᠡᠢᠭᠡᠮᠢᠪᠠᠢᠭᠤᠯᠬᠤᠶᠢ ᠠᠬᠢᠭᠤᠯᠤᠨ᠎ᠠ ᠭᠡᠵᠦ᠍ ᠲᠣᠳᠣᠷᠬᠠᠢᠯᠠᠪᠠ᠃ 2024 ᠣᠨ᠎ᠤ 9 ᠳ᠋ᠤᠭᠡᠷ ᠰᠠᠷ᠎ᠠ᠎ᠶ᠋ᠢᠨ 10 ᠤ ᠡᠳᠦᠷ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠶ᠋ᠢᠨ ᠳᠠᠷᠤᠭ᠎ᠠ ᠵᠠᠩ ᠺᠧ ᠨᠥᠬᠦᠷ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠰᠣᠨᠢᠨ ᠮᠡᠳᠡᠭᠡᠨ᠎ᠤ ᠠᠯᠪᠠᠨ ᠭᠡᠷ᠎ᠤᠨ 《 ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ 》 ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ 《 ᠦᠷᠡᠵᠢᠯ᠎ᠤᠨ ᠨᠡᠮᠡᠭᠦᠷᠢ᠎ᠶ᠋ᠢ ᠨᠡᠩ ᠤᠯᠠᠨ ᠡᠮᠡᠭ᠌ᠲᠡᠢ ᠠᠵᠢᠯᠳᠠᠨ ᠠᠵᠢᠯᠴᠢᠨ᠎ᠳᠤ ᠱᠢᠭᠤᠳ ᠣᠯᠭᠤᠬᠤ᠎ᠶ᠋ᠢ ᠠᠬᠢᠭᠤᠯᠤᠨ᠎ᠠ 》 ᠭᠡᠵᠦ᠍ ᠲᠥᠪ ᠴᠢᠩᠭ᠎ᠠ ᠠᠮᠠᠯᠠᠪᠠ᠃ 2025 ᠣᠨ᠎ᠤ 3 ᠳ᠋ᠤᠭ᠋ᠠᠷ ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《 ᠠᠷᠠᠳ᠎ᠤᠨ ᠠᠮᠢᠳᠤᠷᠠᠯ᠎ᠢ ᠤᠯᠠᠮ ᠨᠢᠭᠡ ᠠᠯᠬᠤᠮ ᠪᠠᠲᠤᠯᠠᠨ ᠰᠠᠢᠵᠢᠷᠠᠭᠤᠯᠵᠤ ᠣᠯᠠᠨ ᠲᠦᠮᠡᠨ᠎ᠤ ᠪᠠᠴᠢᠮ ᠪᠡᠷᠬᠡ ᠵᠣᠪᠠᠨᠢᠯ᠎ᠢ ᠬᠦᠴᠦᠯᠡᠨ ᠱᠢᠢᠳᠪᠦᠷᠢᠯᠡᠬᠦ᠌ ᠲᠤᠬᠠᠶ ᠰᠠᠨᠠᠯ 》᠎ᠢ ᠳᠠᠷᠤᠮᠠᠯᠯᠠᠨ ᠲᠠᠷᠬᠠᠭᠠᠵᠤ᠂ 《 ᠨᠥᠬᠦᠴᠡᠯ᠎ᠲᠠᠢ ᠭᠠᠵᠠᠷ ᠣᠷᠣᠨ᠎ᠢ ᠳᠡᠮᠵᠢᠨ ᠬᠥᠲᠥᠯᠦᠨ ᠵᠢᠯᠣᠭᠤᠳᠴᠤ᠌ ᠪᠠᠢᠭᠠᠳ ᠦᠷᠡᠵᠢᠯ᠎ᠤᠨ ᠳᠠᠭᠠᠳᠭᠠᠯ᠎ᠤᠨ ᠦᠷᠡᠵᠢᠯ᠎ᠤᠨ ᠨᠡᠮᠡᠭᠦᠷᠢ᠎ᠶ᠋ᠢ ᠲᠠᠰ ᠳᠠᠷᠠᠭᠠᠯᠠᠯ᠎ᠤᠨ ᠶᠣᠰᠣᠭᠠᠷ ᠳᠠᠭᠠᠳᠭᠠᠯ᠎ᠳᠤ ᠣᠷᠣᠯᠴᠠᠭ᠍ᠴᠢ᠎ᠳᠤ ᠱᠢᠭᠤᠳ ᠲᠠᠷᠬᠠᠭ᠋ᠠᠬᠤ ᠬᠡᠷᠡᠭ᠌ᠲᠡᠶ 》 ᠭᠡᠵᠦ᠍ ᠱᠠᠭᠠᠷᠳᠠᠪᠠ᠃ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠤᠨ ᠬᠦᠰᠡᠯ ᠡᠷᠡᠮᠡᠯᠵᠡᠯ᠎ᠳᠤ ᠢᠳᠡᠪᠬᠢᠲᠡᠢ ᠬᠠᠷᠢᠭᠤᠯᠲᠠ ᠥᠭ᠌ᠴᠦ᠂ ᠦᠷᠡᠵᠢᠯ᠎ᠤᠨ ᠨᠡᠮᠡᠭᠦᠷᠢ᠎ᠶ᠋ᠢ ᠱᠢᠭᠤᠳ ᠬᠤᠪᠢ ᠬᠥᠮᠦᠨ᠎ᠳᠤ ᠲᠠᠷᠬᠠᠭ᠋ᠠᠬᠤ᠎ᠶ᠋ᠢ ᠠᠬᠢᠭᠤᠯᠪᠠ᠃
ᠶᠠᠪᠤᠴᠠ᠎ᠶᠢ ᠰᠢᠯᠢᠳᠡᠭᠵᠢᠭᠦᠯᠵᠦ᠂ ᠠᠷᠠᠳ᠎ᠤᠨ ᠵᠣᠪᠠᠨᠢᠯ᠎ᠢ ᠠᠷᠢᠯᠭ᠋ᠠᠪᠠ
ᠦᠷᠡᠵᠢᠯ᠎ᠤᠨ ᠨᠡᠮᠡᠭᠦᠷᠢ ᠪᠣᠯ ᠦᠷᠡᠵᠢᠯ᠎ᠤᠨ ᠳᠠᠭᠠᠳᠭᠠᠯ᠎ᠤᠨ ᠬᠠᠷᠠᠭᠠᠯᠵᠠᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠦᠷᠡᠵᠢᠯ᠎ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠲᠣᠭᠲᠠᠯᠴᠠᠭ᠎ᠠ᠎ᠶᠢᠨ ᠴᠢᠬᠤᠯᠠ ᠭᠤᠭ᠍ᠴᠤᠭ᠎ᠠ ᠮᠥᠨ᠃ ᠥᠩᠭᠡᠷᠡᠭ᠌ᠰᠡᠨ᠎ᠳᠤ᠂ ᠮᠠᠰᠢ ᠣᠯᠠᠨ ᠭᠠᠵᠠᠷ ᠣᠷᠣᠨ᠎ᠤ ᠦᠷᠡᠵᠢᠯ᠎ᠤᠨ ᠨᠡᠮᠡᠭᠦᠷᠢ ᠲᠠᠷᠬᠠᠭ᠋ᠠᠬᠤ᠎ᠳᠤ ᠨᠢᠭᠡᠴᠢ ᠭᠤᠶᠤᠴᠢᠯᠠᠨ ᠮᠡᠳᠡᠭᠦᠯᠬᠦ᠂ ᠡᠮᠴᠢᠯᠡᠭᠡᠨ᠎ᠦ ᠪᠠᠲᠤᠯᠠᠭ᠎ᠠ᠎ᠶᠢᠨ ᠬᠢᠨᠠᠨ ᠬᠠᠷᠭᠤᠭᠤᠯᠬᠤ᠂ ᠨᠢᠭᠡᠴᠢ᠎ᠶ᠋ᠢᠨ ᠳᠠᠮᠵᠢᠭᠤᠯᠤᠨ ᠲᠠᠷᠬᠠᠭᠠᠬᠤ ᠵᠡᠷᠭᠡ ᠣᠯᠠᠨ ᠭᠤᠭ᠍ᠴᠤᠭ᠎ᠠ᠎ᠶᠢ ᠥᠩᠭᠡᠷᠡᠭᠦᠯᠬᠦ ᠬᠡᠷᠡᠭᠲᠡᠢ ᠪᠠᠢ᠌ᠵᠤ᠂ ᠶᠠᠪᠤᠴᠠ᠎ᠨᠢ ᠶᠠᠷᠱᠢᠭ᠍ᠲᠠᠢ᠂ ᠵᠠᠷᠤᠴᠠᠭᠤᠯᠬᠤ ᠴᠠᠭ᠎ᠨᠢ ᠨᠡᠯᠢᠶᠡᠳ ᠤᠷᠲᠤ ᠪᠠᠢᠬᠤ᠎ᠪᠠᠷ ᠪᠠᠷᠠᠬᠤ ᠦᠭᠡᠢ᠂ ᠪᠠᠰᠠ ᠬᠡᠰᠡᠭ ᠨᠢᠭᠡᠴᠢ ᠲᠠᠷᠬᠠᠭᠠᠬᠤ᠎ᠶ᠋ᠢ ᠬᠤᠢᠱᠢᠯᠠᠭᠤᠯᠬᠤ ᠵᠡᠷᠭᠡ ᠠᠰᠠᠭᠤᠳᠠᠯ ᠣᠷᠣᠱᠢᠵᠤ᠂ ᠦᠷᠡᠵᠢᠯ᠎ᠤᠨ ᠬᠡᠷ ᠪᠦᠯᠢ᠎ᠶ᠋ᠢᠨ ᠬᠡᠰᠡᠭ ᠬᠦᠷᠲᠡᠮᠵᠢ᠎ᠶ᠋ᠢᠨ ᠲᠥᠷᠥᠭ᠌ᠳᠡᠯ᠎ᠢ ᠶᠡᠭᠡ᠎ᠪᠠᠷ ᠪᠠᠭᠤᠷᠠᠭᠤᠯᠪᠠ᠃ ᠡᠢᠮᠦ᠍᠎ᠠᠴᠠ᠂ ᠦᠷᠡᠵᠢᠯ᠎ᠤᠨ ᠨᠡᠮᠡᠭᠦᠷᠢ᠎ᠶ᠋ᠢ 《 ᠨᠢᠭᠡᠴᠢ᠎ᠠᠴᠠ ᠣᠷᠣᠯᠠᠨ ᠲᠠᠷᠬᠠᠭᠠᠬᠤ 》ᠪᠠᠢᠭ᠍ᠰᠠᠨ᠎ᠠᠴᠠ 《 ᠬᠤᠪᠢ ᠬᠥᠮᠦᠨ᠎ᠳᠤ ᠱᠢᠭᠤᠳ ᠲᠠᠷᠬᠠᠭ᠋ᠠᠬᠤ 》 ᠪᠣᠯᠭᠠᠨ ᠬᠤᠪᠢᠷᠠᠭᠤᠯᠬᠤ᠎ᠶ᠋ᠢ ᠲᠤᠯᠭᠠᠮ᠎ᠠ ᠱᠠᠭᠠᠷᠳᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠲᠤᠰᠠ᠎ᠶ᠋ᠢ ᠱᠢᠭᠤᠳ ᠲᠦᠷᠭᠡᠨ ᠬᠦᠷᠲᠡᠭᠡᠵᠦ᠍᠂ ᠦᠷᠡᠵᠢᠯ᠎ᠤᠨ ᠭᠡᠷ ᠪᠦᠯᠢ᠎ᠶ᠋ᠢᠨ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠬᠦ᠌ ᠬᠡᠷᠡᠭᠲᠡᠢ᠃
ᠪᠦᠬᠦ᠌ ᠴᠠᠷᠠᠭ᠎ᠠ᠎ᠪᠠᠷ ᠠᠬᠢᠭᠤᠯᠵᠤ᠂ ᠬᠤᠷᠳᠤᠴᠠ᠎ᠶ᠋ᠢ ᠲᠦᠷᠭᠡᠳᠬᠡᠪᠡ
2025 ᠣᠨ ᠪᠣᠯᠬᠤᠳ᠋ᠤ᠂ ᠴᠦᠩᠴᠢᠩ ᠵᠡᠷᠭᠡ ᠭᠠᠵᠠᠷ᠎ᠲᠤ᠌ ᠦᠷᠡᠵᠢᠯ᠎ᠦ᠋ᠨ ᠨᠡᠮᠡᠭᠦᠷᠢ᠎ᠶᠢ ᠥᠨᠳᠥᠷ ᠪᠦᠲᠦᠮᠵᠢᠲᠡᠢ ᠬᠤᠪᠢ ᠬᠥᠮᠦᠨ᠎ᠳ᠋ᠦ᠍ ᠰᠢᠭᠤᠳ ᠬᠦᠷᠭᠡᠪᠡ᠃ ᠪᠥᠬᠥ᠌ ᠤᠯᠤᠰ᠎ᠲᠤ᠌ ᠨᠡᠢᠲᠡ 7 ᠮᠣᠵᠢ᠂ 1 / 3 ᠨᠢᠭᠡᠳᠦᠯᠲᠡᠢ ᠲᠥᠯᠥᠪᠯᠡᠬᠦ᠌ ᠣᠷᠣᠨ ᠬᠤᠪᠢ ᠬᠥᠮᠦᠨ᠎ᠳᠦ ᠰᠢᠭᠤᠳ ᠲᠠᠷᠬᠠᠭᠠᠬᠤ᠎ᠶᠢ ᠪᠡᠶᠡᠯᠡᠭᠦᠯᠪᠡ᠃
6 ᠳ᠋ᠤᠭ᠋ᠠᠷ ᠰᠠᠷ᠎ᠠ᠎ᠳᠤ᠂ ᠨᠢᠭᠡᠨᠲᠡ 13 ᠮᠤᠵᠢ ᠪᠠᠢ᠌ᠵᠤ᠂ 2 / 3 ᠨᠢᠭᠡᠳᠦᠯᠲᠡᠢ ᠲᠥᠯᠥᠪᠵᠢᠭᠦᠯᠬᠦ᠌ ᠣᠷᠣᠨ᠎ᠳᠤ ᠪᠦᠬᠦ᠌ ᠲᠠᠯ᠎ᠠ᠎ᠪᠠᠷ ᠨᠤᠲᠤᠭᠰᠢᠭᠤᠯᠪᠠ᠃
9 ᠳ᠋ᠤᠭᠡᠷ ᠰᠠᠷ᠎ᠠ᠎ᠳᠤ᠂ ᠦᠷᠡᠵᠢᠯ᠎ᠤᠨ ᠨᠡᠮᠡᠭᠦᠷᠢ᠎ᠶ᠋ᠢ ᠬᠤᠪᠢ ᠬᠥᠮᠦᠨ᠎ᠳᠤ ᠲᠠᠷᠬᠠᠭ᠋ᠠᠬᠤ ᠨᠢ 20 ᠮᠤᠵᠢ᠂ 8 ᠬᠤᠪᠢ᠎ᠶᠢᠨ ᠨᠢᠭᠡᠳᠦᠯᠲᠡᠶ ᠲᠥᠯᠥᠪᠵᠢᠭᠦᠯᠬᠦ ᠣᠷᠣᠨ᠎ᠳᠤ ᠪᠦᠬᠦᠨ᠎ᠢ ᠪᠦᠷᠬᠦᠭᠦᠯᠬᠦ᠎ᠶᠢ ᠪᠡᠶᠡᠯᠡᠭᠦᠯᠪᠡ᠃
11 ᠳ᠋ᠤᠭᠡᠷ ᠰᠠᠷ᠎ᠡ᠎ᠳᠤ᠂ ᠪᠦᠬᠦ᠌ ᠤᠯᠤᠰ᠎ᠤᠨ ᠬᠡᠪᠴᠢᠶᠡᠨ᠎ᠳᠤ 25 ᠮᠤᠵᠢ ᠪᠠᠢ᠌ᠵᠤ᠂ ᠪᠠᠷᠤᠭ 9 ᠬᠤᠪᠢ᠎ᠶᠢᠨ ᠨᠢᠬᠡᠳᠦᠯᠳᠡᠢ ᠲᠦᠯᠦᠪᠵᠢᠬᠦᠯᠬᠦ᠌ ᠤᠷᠤᠨ᠎ᠳᠦ ᠦᠷᠡᠵᠢᠯ᠎ᠤᠨ ᠨᠡᠮᠡᠬᠦᠷᠢ᠎ᠶ᠋ᠢ ᠬᠤᠪᠢ ᠬᠦᠮᠦᠨ᠎ᠳᠤ ᠱᠢᠭᠤᠳ ᠲᠠᠷᠬᠠᠭ᠋ᠠᠬᠤ᠎ᠶ᠋ᠢ ᠪᠡᠶᠡᠯᠡᠬᠦᠯᠪᠡ᠃
12 ᠳ᠋ᠤᠭ᠋ᠠᠷ ᠰᠠᠷ᠎ᠠ᠎ᠶ᠋ᠢᠨ ᠡᠬᠢ᠎ᠪᠠᠷ᠂ ᠪᠦᠬᠦ᠌ ᠤᠯᠤᠰ᠎ᠤᠨ 27 ᠮᠤᠵᠢ᠂ 95%᠎ᠶᠢᠨ ᠨᠢᠭᠡᠳᠦᠯᠳᠠᠢ ᠲᠦᠯᠦᠪᠵᠢᠬᠦᠯᠬᠦ᠌ ᠤᠷᠤᠨ᠎ᠳᠤ ᠦᠷᠡᠵᠢᠯ᠎ᠤᠨ ᠨᠡᠮᠡᠬᠦᠷᠢ᠎ᠶ᠋ᠢ ᠬᠤᠪᠢ ᠬᠦᠮᠦᠨ᠎ᠳᠤ ᠰᠢᠭᠤᠳ ᠲᠠᠷᠬᠠᠭ᠋ᠠᠬᠤ᠎ᠶᠢ ᠪᠡᠶᠡᠯᠡᠬᠦᠯᠪᠡ᠃
12 ᠳ᠋ᠤᠭ᠋ᠠᠷ ᠰᠠᠷ᠎ᠠ᠎ᠶ᠋ᠢᠨ 13᠎ᠤ ᠡᠳᠦᠷ᠂ ᠪᠥᠬᠦ᠌ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ᠂ ᠦᠷᠡᠵᠢᠯ᠎ᠤᠨ ᠨᠡᠮᠡᠭᠦᠷᠢ᠎ᠶ᠋ᠢ ᠲᠠᠰ ᠳᠠᠷᠠᠭᠠᠯᠠᠯ᠎ᠤᠨ ᠶᠣᠰᠣᠭᠠᠷ ᠳᠠᠭᠠᠳᠭᠠᠯ᠎ᠳᠤ ᠣᠷᠣᠯᠴᠠᠭ᠍ᠴᠢ᠎ᠳᠤ ᠱᠢᠭᠤᠳ ᠲᠠᠷᠬᠠᠭ᠋ᠠᠬᠤ᠎ᠶ᠋ᠢ ᠪᠥᠬᠦ᠌ ᠲᠠᠯ᠎ᠠ᠎ᠪᠠᠷ ᠪᠡᠶᠡᠯᠡᠭᠦᠯᠬᠦ᠌ ᠬᠡᠷᠡᠭ᠌ᠲᠡᠶ ᠭᠡᠵᠦ ᠱᠠᠭ᠋ᠠᠷᠳᠠᠪᠠ᠃ ᠣᠢᠷ᠎ᠠ᠎ᠳᠤ᠂ ᠦᠯᠡᠳᠡᠭ᠌ᠰᠡᠨ 5 ᠮᠤᠵᠢ ᠵᠠᠯᠭᠠᠭ᠎ᠠ᠎ᠪᠠᠷ ᠪᠢᠴᠢᠭ ᠮᠠᠲ᠋ᠧᠷᠢᠶᠠᠯ ᠲᠠᠷᠬᠠᠭᠠᠵᠤ᠂ ᠲᠤᠬᠠᠢᠯᠠᠭ᠍ᠰᠠᠨ ᠠᠵᠢᠯ᠎ᠤᠨ ᠶᠠᠪᠤᠴᠠ᠎ᠪᠠᠨ ᠳᠣᠭᠢᠷᠠᠭᠤᠯᠤᠨ᠂ 2026 ᠣᠨ᠎ᠤ 1 ᠳ᠋ᠤᠭᠡᠷ ᠰᠠᠷ᠎ᠠ᠎ᠳᠤ᠂ ᠪᠥᠬᠦ᠌ ᠤᠯᠤᠰ᠎ᠲᠤ ᠦᠷᠡᠵᠢᠯ᠎ᠤᠨ ᠨᠡᠮᠡᠭᠦᠷᠢ᠎ᠶ᠋ᠢ ᠬᠤᠪᠢ ᠬᠥᠮᠦᠨ᠎ᠳᠤ ᠰᠢᠭᠤᠳ ᠲᠠᠷᠬᠠᠭ᠋ᠠᠬᠤ᠎ᠶ᠋ᠢ ᠦᠨᠳᠦᠰᠦᠨ᠎ᠳᠤ᠎ᠪᠠᠨ ᠪᠡᠶᠡᠯᠡᠭᠦᠯᠦᠨ᠎ᠡ᠃
ᠭᠤᠶᠤᠴᠢᠯᠠᠪᠠᠯ ᠳᠠᠷᠤᠢ᠌ᠬᠠᠨ ᠬᠦᠷᠲᠡᠭᠡᠵᠦ᠂ ᠠᠷᠠᠳ᠎ᠤᠨ ᠰᠡᠳᠭᠢᠯ᠎ᠢ ᠳᠤᠯᠠᠭ᠋ᠠᠴᠠᠭᠤᠯᠪᠠ
ᠨᠢᠭᠡ ᠵᠢᠯ᠎ᠤᠨ ᠲᠤᠷᠰᠢ᠂ ᠪᠥᠬᠦ᠌ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠱᠢᠰᠲ᠋ᠧᠮ᠎ᠨᠢ ᠦᠢᠯᠡᠴᠢᠯᠡᠭᠡᠨ᠎ᠤ ᠲᠦᠭ᠌ᠵᠢᠷᠡᠯ᠎ᠤᠨ ᠴᠡᠭ ᠬᠦᠴᠢᠷᠳᠡᠯᠭᠡ᠎ᠶᠢᠨ ᠴᠡᠭ᠎ᠢ ᠢᠳᠡᠪᠬᠢᠲᠡᠶ ᠨᠡᠪᠲᠡᠷᠡᠭᠦᠯᠵᠦ᠍᠂ ᠲᠦᠭ ᠲᠦᠮᠡᠨ ᠦᠷᠡᠵᠢᠯ᠎ᠤᠨ ᠬᠡᠷ ᠪᠦᠯᠢ᠎ᠳᠤ ᠲᠥᠷᠥ᠎ᠶ᠋ᠢᠨ ᠪᠣᠳᠣᠯᠭ᠎ᠠ᠎ᠶ᠋ᠢᠨ ᠬᠠᠯᠠᠭᠤᠨ ᠳᠤᠯᠠᠭᠠᠨ᠎ᠢ ᠦᠨᠡᠨ ᠬᠦ᠌ ᠮᠡᠳᠡᠷᠡᠭᠦᠯᠪᠡ᠃ ᠶᠠᠭ ᠨᠢᠭᠡᠨ ᠳᠠᠭᠠᠳᠭᠠᠯ᠎ᠳᠤ ᠣᠷᠣᠯᠴᠠᠭ᠍ᠰᠠᠨ ᠡᠮᠡᠭ᠌ᠲᠡᠶ ᠠᠵᠢᠯᠲᠠᠨ ᠠᠵᠢᠯᠴᠢᠨ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠶ᠋ᠢᠨ ᠦᠭᠡ ᠦᠯᠡᠳᠡᠭᠡᠬᠦ᠌ ᠰᠠᠮᠪᠠᠷ᠎ᠠ ᠳᠡᠭᠡᠷ᠎ᠡ᠄ 《 ᠨᠢᠭᠡᠴᠢ᠎ᠳᠤ ᠭᠦᠶᠦᠬᠦ᠌ ᠬᠡᠷᠡᠭ ᠥᠬᠡᠶ᠂ ᠮᠠᠲ᠋ᠧᠷᠢᠶᠠᠯ᠎ᠢ ᠬᠦᠷᠭᠡᠬᠦ᠌ ᠬᠡᠷᠡᠭ ᠥᠬᠡᠶ᠂ ᠨᠡᠮᠡᠭᠦᠷᠢ᠎ᠶ᠋ᠢ ᠱᠢᠭᠤᠳ ᠪᠠᠩᠬᠢ᠎ᠶ᠋ᠢᠨ ᠺᠠᠷᠲ᠎ᠲᠤ ᠣᠷᠤᠭᠤᠯᠵᠤ᠂ ᠰᠠᠨᠠᠭ᠎ᠠ ᠠᠮᠤᠷ ᠮᠥᠷᠲᠡᠭᠡᠨ ᠰᠡᠳᠬᠢᠯ ᠲᠠᠢ᠌ᠪᠤᠭᠤ ᠪᠣᠯᠵᠤ᠂ ᠪᠢᠳᠡᠨ᠎ᠢ ᠬᠡᠦᠬᠡᠳ᠎ᠢᠶᠠᠨ ᠨᠠᠩ ᠢᠯᠡᠭᠦᠦ ᠠᠩᠬᠠᠷᠴᠤ᠌ ᠬᠠᠷᠠᠭ᠋ᠠᠯᠵᠠᠭᠤᠯᠬᠤ ᠪᠣᠯᠭ᠋ᠠᠪᠠ 》 ᠭᠡᠵᠦ ᠬᠡᠯᠡᠭᠰᠡᠨ ᠮᠡᠲᠦ᠃
ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ᠎ᠶ᠋ᠢᠨ ᠤᠯᠠᠨ ᠨᠡᠢᠲᠡ᠎ᠶ᠋ᠢᠨ ᠸᠢᠴᠠᠲ ᠲᠠᠪᠴᠠᠩ᠎ᠤᠨ ᠦᠭᠡ ᠦᠯᠡᠳᠡᠭᠡᠬᠦ ᠣᠷᠣᠨ᠎ᠳᠤ᠂ ᠤᠯᠠᠨ ᠲᠦᠮᠡᠨ᠎ᠤ ᠦᠨᠡᠨ ᠪᠣᠳᠠᠲᠠᠢ ᠬᠠᠷᠢᠭᠤ ᠲᠤᠰᠭᠠᠯ᠎ᠢᠶᠠᠷ ᠳᠦᠭᠦᠷᠡᠩ ᠪᠠᠢ᠌ᠪᠠ᠄ 《 ᠣᠨᠳᠣᠣ ᠭᠠᠵᠠᠷ᠎ᠲᠤ ᠬᠥᠩᠭᠡᠵᠢᠭ᠌ᠰᠡᠨ ᠴᠤ᠌ ᠱᠢᠭᠤᠳ ᠨᠡᠮᠡᠭᠦᠷᠢ ᠠᠪᠴᠤ᠌ ᠪᠣᠯᠤᠨ᠎ᠠ᠂ ᠨᠠᠭ᠋ᠠᠰᠢ ᠴᠠᠭ᠋ᠠᠰᠢ ᠭᠦᠶᠦᠵᠦ ᠭᠠᠷ ᠭᠦᠢᠴᠡᠳᠭᠡᠯ ᠬᠢᠬᠦ᠌ ᠴᠢᠬᠤᠯᠠ ᠦᠭᠡᠢ᠂ ᠦᠨᠡᠬᠡᠷ ᠲᠦᠬᠦᠮ ᠪᠣᠯᠵᠠᠢ 》 ! 《 ᠤᠤᠯ᠎ᠨᠢ ᠬᠤᠶᠠᠷ ᠰᠠᠷ᠎ᠠ ᠬᠦᠯᠢᠶᠡᠵᠦ᠂ ᠣᠲᠣ ᠬᠠᠭᠠᠰ ᠰᠠᠷ᠎ᠠ ᠪᠣᠯᠤᠯ ᠥᠬᠡᠶ᠎ᠪᠠᠷ ᠲᠠᠩᠰᠠ ᠡᠪᠬᠡᠮᠡᠯ᠎ᠳᠤ ᠣᠷᠣᠵᠤ᠂ ᠬᠡᠦᠬᠡᠳ ᠬᠦᠮᠦᠵᠢᠭᠦᠯᠬᠦ ᠵᠠᠷᠤᠳᠠᠯ᠎ᠤᠨ ᠳᠠᠷᠤᠯᠲᠠ᠎ᠶᠢ ᠨᠠᠮᠳᠠᠭᠤᠯᠪᠠ 》᠃ 《 ᠠᠮᠢᠳᠤᠯᠢᠭ᠎ᠢᠶᠠᠷ ᠠᠵᠢᠯ ᠣᠯᠤᠭ᠍ᠰᠠᠳ ᠪᠠᠰᠠ ᠦᠷᠡᠵᠢᠯ᠎ᠤᠨ ᠨᠡᠮᠡᠭᠦᠷᠢ᠎ᠶ᠋ᠢ ᠭᠥᠷᠳᠡᠵᠦ᠍ ᠪᠣᠯᠤᠨ᠎ᠠ᠂ ᠦᠢᠯᠡᠴᠢᠯᠡᠭᠡᠨᠢ ᠱᠢᠭᠤᠳ᠂ ᠲᠥᠷᠥ᠎ᠶ᠋ᠢᠨ ᠪᠣᠳᠣᠯᠭ᠎ᠠ᠎ᠨᠢ ᠤᠯᠠᠮ᠎ᠠᠴᠠ ᠤᠯᠠᠮ ᠳᠣᠲᠣᠨᠣ ᠪᠣᠯᠵᠤ ᠪᠠᠢᠨ᠎ᠠ 》 ᠁ ᠡᠨᠡ ᠬᠦ᠌ ᠪᠣᠷᠣᠭ᠍ᠵᠢᠭᠤᠨ ᠦᠭᠡ ᠥᠭᠦᠯᠡᠪᠦᠷᠢ᠎ᠨᠢ ᠦᠷᠡᠵᠢᠯ᠎ᠦᠨ ᠭᠡᠷ ᠪᠦᠯᠢ᠎ᠶ᠋ᠢᠨ ᠣᠯᠠᠨ ᠨᠡᠢᠲᠡ᠎ᠶ᠋ᠢᠨ ᠰᠡᠳᠭᠢᠯ᠎ᠤᠨ ᠦᠭᠡ᠎ᠶ᠋ᠢ ᠢᠯᠡᠷᠡᠭᠦᠯᠵᠦ᠂ ᠪᠠᠰᠠ ᠥᠭᠡᠷᠡᠴᠢᠯᠡᠯᠲᠡ᠎ᠶ᠋ᠢᠨ ᠠᠷᠠᠳ᠎ᠤᠨ ᠠᠮᠢᠳᠤᠷᠠᠯ᠎ᠤᠨ ᠦᠨ᠎ᠡ ᠥᠷᠲᠡᠭ᠎ᠢ ᠭᠡᠷᠡᠴᠢᠯᠡᠵᠡᠶ᠃
ᠠᠷᠠᠳ᠎ᠤᠨ ᠠᠮᠢᠳᠤᠷᠠᠯ᠎ᠳᠤ ᠵᠢᠵᠢᠭ ᠶᠠᠪᠤᠳᠠᠯ ᠭᠡᠵᠦ᠍ ᠦᠭᠡᠢ᠂ ᠰᠠᠯᠠᠭ᠎ᠠ ᠨᠠᠮᠠᠭ᠎ᠠ᠎ᠨᠢ ᠬᠠᠢᠷ᠎ᠠ ᠰᠡᠳᠭᠢᠯᠭᠡ᠎ᠲᠠᠢ ᠬᠤᠯᠪᠤᠭ᠍ᠳᠠᠨ᠎ᠠ᠃ ᠦᠷᠡᠵᠢᠯ᠎ᠤᠨ ᠨᠡᠮᠡᠭᠦᠷᠢ᠎ᠶ᠋ᠢ ᠬᠤᠪᠢ ᠬᠥᠮᠦᠨ᠎ᠳᠤ ᠱᠢᠭᠤᠳ ᠲᠠᠷᠬᠠᠭ᠋ᠠᠬᠤ ᠪᠣᠯ ᠳᠤᠮᠳᠠᠳᠤ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠠᠷᠠᠳ᠎ᠲᠤ ᠲᠥᠬᠦᠮ ᠦᠵᠡᠭᠦᠯᠬᠦ᠌ ᠦᠢᠯᠡᠴᠢᠯᠡᠭᠡᠨ᠎ᠤ 《 ᠪᠣᠳᠠᠲᠠᠶ ᠨᠢᠭᠡ ᠠᠯᠬᠤᠮ 》 ᠮᠥᠨ᠂ ᠨᠠᠩ ᠴᠤ᠌ ᠤᠯᠤᠰ᠎ᠤᠨ ᠦᠷᠡᠵᠢᠯ᠎ᠤᠨ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ 《 ᠪᠣᠳᠠᠲᠠᠶ᠎ᠶ᠋ᠢ ᠡᠷᠬᠢᠮᠯᠡᠬᠦ᠌ ᠠᠷᠭ᠎ᠠ ᠬᠡᠮᠵᠢᠶ᠎ᠡ 》 ᠮᠥᠨ᠃ ᠮᠤᠵᠢ ᠨᠢᠭᠡᠪᠦᠷᠢ ᠲᠦᠷᠭᠡᠨ ᠲᠤᠰᠭᠠᠯ ᠭᠠᠷᠭᠠᠵᠤ᠂ ᠶᠠᠪᠤᠴᠠ ᠨᠢᠭᠡᠪᠦᠷᠢ᠎ᠶ᠋ᠢ ᠱᠢᠯᠢᠳᠡᠭ᠌ᠵᠢᠭᠦᠯᠦᠨ ᠳᠠᠬᠢᠨ ᠪᠠᠢᠭᠤᠯᠵᠤ᠂ ᠤᠳᠠᠭ᠎ᠠ ᠪᠦᠷᠢ᠎ᠶ᠋ᠢᠨ ᠳ᠋ᠠᠢ᠌ᠲ᠋ᠠ᠎ᠶ᠋ᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠠᠪᠤᠳᠠᠯ ᠪᠣᠯ ᠴᠥᠮ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠨ 《 ᠠᠷᠠᠳ᠎ᠲᠤ ᠲᠥᠬᠦᠮ ᠦᠵᠡᠭᠦᠯᠵᠦ᠍ ᠠᠷᠠᠳ᠎ᠲᠤ ᠠᠱᠢᠭ ᠬᠦᠷᠲᠡᠭᠡᠬᠦ᠌ 》 ᠠᠮᠠᠯᠠᠯᠲᠠ᠎ᠪᠠᠨ ᠦᠨᠡᠨᠴᠢ᠎ᠪᠠᠷ ᠭᠦᠢ᠍ᠴᠡᠳᠭᠬᠡᠭᠰᠡᠨ ᠶᠠᠪᠤᠳᠠᠯ ᠪᠣᠯᠤᠨ᠎ᠠ᠃
ᠳᠤᠮᠳᠠᠳᠤ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠂ ᠨᠠᠰᠤᠨ ᠲᠤᠷᠰᠢᠳᠠ᠎ᠶᠢᠨ ᠰᠠᠬᠢᠨ ᠬᠠᠮᠠᠭ᠋ᠠᠯᠠᠯᠲᠠ !