ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭᠠᠨ ᠠᠢᠮᠠᠭ 2025 ᠤᠨ(ᠳᠤᠤᠷ᠎ᠠ ᠬᠠᠭᠠᠰ ᠵᠢᠯ)᠎ᠤ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ᠌ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠢ ᠱᠢᠯᠢᠨ ᠰᠣᠩᠭᠤᠬᠤ ᠬᠢᠷᠢ ᠴᠢᠳᠠᠮᠵᠢ᠎ᠶ᠋ᠢ ᠬᠢᠨᠠᠨ ᠬᠠᠷᠭᠤᠭᠤᠯᠤᠭ᠍ᠰᠠᠨ ᠦᠷ᠎ᠡ ᠳ᠋ᠦᠩ᠎ᠢ ᠢᠯᠡ ᠨᠡᠢᠲᠡᠯᠡᠬᠦ᠌ ᠲᠤᠬᠠᠶ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-11-03

ᠬᠢᠩᠭᠠᠨ ᠡᠮᠴᠢᠯᠡᠭᠡᠨ ᠳᠠᠭᠠᠳᠭᠠᠯ ᠲᠠᠷᠬᠠᠭ᠋ᠠᠭᠰᠠᠨ [2025] 29 ᠳ᠋ᠤᠭᠡᠷ ᠲᠣᠭᠠᠲᠤ

ᠡᠯ᠎ᠡ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠤᠨ ᠦᠢᠯᠡᠳᠪᠦᠷᠢᠯᠡᠯ ᠡᠵᠡᠩᠨᠡᠯᠲᠡ᠎ᠶ᠋ᠢᠨ ᠠᠵᠤ ᠠᠬᠤᠢᠯᠠᠯ᠎ᠳᠤ᠄

  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ᠎ᠶ᠋ᠢᠨ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》 ( ᠥᠪᠥᠷ ᠡᠮᠴᠢᠯᠡᠭᠡᠨ᠎ᠤ ᠳᠠᠭᠠᠳᠭᠠᠯ ᠠᠯᠪᠠᠨ ᠲᠠᠷᠬᠠᠭᠠᠭ᠍ᠰᠠᠨ[2019] 41 ᠳ᠋ᠤᠭᠡᠷ ᠲᠣᠭᠠᠲᠤ) ᠪᠠ 《ᠬᠢᠩᠭᠠᠨ ᠠᠢᠮᠠᠭ᠎ᠤᠨ ᠡᠮᠴᠢᠯᠡᠭᠡᠨ᠎ᠤ ᠳᠠᠭᠠᠳᠭᠠᠯ᠎ᠤᠨ ᠦᠢᠯᠡᠴᠢᠯᠡᠭᠡᠨ᠎ᠤ ᠲᠥᠪ᠎ᠤᠨ 2025  ᠣᠨ (ᠳᠣᠤᠷ᠎ᠠ ᠬᠠᠭᠠᠰ ᠵᠢᠯ) ᠎ᠤ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ᠌ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠨ ᠨᠡᠷ᠎ᠡ ᠮᠡᠳᠡᠭᠦᠯᠬᠦ᠌ ᠠᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ》 ᠎ᠤᠨ ᠱᠠᠭᠠᠷᠳᠠᠯᠭ᠎ᠠ᠎ᠶ᠋ᠢ ᠦᠨᠳᠦᠰᠦᠯᠡᠨ᠂ ᠮᠠᠨ᠎ᠤ ᠲᠥᠪ᠎ᠠᠴᠠ ᠬᠢᠩᠭᠠᠨ ᠠᠢᠮᠠᠭ᠎ᠤᠨ 2025  ᠣᠨ (ᠳᠣᠤᠷ᠎ᠠ ᠬᠠᠭᠠᠰ ᠵᠢᠯ) ᠎ᠤ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ᠌ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠢ ᠱᠢᠯᠢᠨ ᠰᠣᠩᠭᠤᠬᠤ ᠬᠢᠷᠢ ᠬᠡᠮ᠎ᠢ ᠬᠢᠨᠠᠨ ᠬᠠᠷᠭᠤᠭᠤᠯᠵᠤ᠂ ᠡᠳᠦᠭᠡ ᠬᠢᠨᠠᠨ ᠬᠠᠷᠭᠤᠭᠤᠯᠤᠭ᠍ᠰᠠᠨ ᠦᠷ᠎ᠡ ᠳ᠋ᠦᠩ (ᠳᠠᠭᠠᠯᠳᠤᠭᠤᠯᠤᠯ᠎ᠳᠤ ᠦᠵᠡ) ᠎ᠢ ᠢᠯᠡ ᠨᠡᠢ᠌ᠲᠡᠯᠡᠶ᠎ᠡ᠄

  ᠨᠢᠭᠡ᠂ ᠢᠯᠡ ᠨᠡᠢᠲᠡᠯᠡᠬᠦ᠌ ᠴᠠᠭ

  2025 ᠣᠨ᠎ᠤ 11 ᠳ᠋ᠤᠭᠡᠷ ᠰᠠᠷ᠎ᠠ᠎ᠶ᠋ᠢᠨ 3 ᠎ᠤ ᠡᠳᠦᠷ᠎ᠠᠴᠠ 2025 ᠣᠨ᠎ᠤ 11 ᠳ᠋ᠤᠭᠡᠷ ᠰᠠᠷ᠎ᠠ᠎ᠶ᠋ᠢᠨ 9 ᠎ᠤ ᠡᠳᠦᠷ

  ᠬᠤᠶᠠᠷ᠂ ᠬᠠᠮᠢᠶ᠎ᠠ ᠪᠦᠬᠦᠢ ᠵᠦᠢᠯᠡᠰ

  1. ᠢᠯᠡ ᠨᠡᠢᠲᠡᠯᠡᠭ᠌ᠰᠡᠨ ᠦᠷ᠎ᠡ ᠳ᠋ᠦᠩ᠎ᠳᠤ ᠣᠨᠳᠣᠤ ᠰᠠᠨᠠᠯ᠎ᠲᠠᠢ ᠪᠠᠢᠪᠠᠯ᠂ ᠪᠢᠴᠢᠭ᠎ᠤᠨ ᠬᠡᠯᠪᠡᠷᠢ᠂ ᠤᠲᠠᠰᠤ ᠪᠤᠶᠤ  ᠬᠦᠮᠦᠨ ᠢᠷᠡᠭᠦᠯᠬᠦ᠌ ᠵᠡᠷᠭᠡ ᠠᠷᠭ᠎ᠠ ᠮᠠᠶᠢᠭ᠎ᠢᠶᠠᠷ ᠲᠤᠰᠭᠠᠬᠤ ᠬᠡᠷᠡᠭ᠌ᠲᠡᠶ᠂ ᠡᠷᠬᠡᠪᠰᠢ ᠢᠯᠡ ᠨᠡᠢᠲᠡᠯᠡᠬᠦ᠌ ᠬᠤᠭᠤᠴᠠᠭᠠᠨ᠎ᠳᠤ ᠦᠨᠡᠨ ᠪᠣᠳᠠᠲᠠᠶ ᠬᠦᠴᠦᠨ᠎ᠲᠠᠢ᠂ ᠪᠦᠷᠢᠨ ᠭᠦᠢᠴᠡᠳ ᠵᠠᠭᠠᠯᠳᠤᠬᠤ(ᠥᠭ᠌ᠬᠦ) ᠮᠠᠲ᠋ᠧᠷᠢᠶᠠᠯ᠎ᠢ ᠬᠠᠩᠭᠠᠵᠤ᠂ ᠡᠷᠬᠡ ᠣᠯᠭᠤᠭ᠍ᠰᠠᠨ ᠡᠷᠬᠡᠲᠦ ᠬᠥᠮᠦᠨ᠎ᠠᠴᠠ ᠬᠢᠩᠭᠠᠨ ᠠᠢᠮᠠᠭ᠎ᠤᠨ ᠡᠮᠴᠢᠯᠡᠭᠡᠨ᠎ᠤ ᠳᠠᠭᠠᠳᠭᠠᠯ᠎ᠤᠨ ᠦᠢᠯᠡᠴᠢᠯᠡᠭᠡᠨ᠎ᠤ ᠲᠥᠪ᠎ᠲᠤ ᠲᠤᠱᠢᠶᠠᠵᠤ᠂ ᠬᠤᠭᠤᠴᠠᠭ᠎ᠠ ᠬᠡᠲᠦᠷᠡᠭᠰᠡᠨ ᠪᠠᠢ᠌ᠪᠠᠯ ᠭᠤᠶᠤᠴᠢᠯᠠᠯ (ᠵᠠᠭᠠᠯᠳᠤᠯᠭ᠎ᠠ) ᠲᠤᠱᠢᠶᠠᠭ᠍ᠰᠠᠨ ᠮᠠᠲ᠋ᠧᠷᠢᠶᠠᠯ᠎ᠢ ᠬᠦᠯᠢᠶᠡᠨ ᠠᠪᠴᠤ᠌ ᠱᠢᠢᠳᠪᠦᠷᠢᠯᠡᠬᠦ᠌ ᠦᠭᠡᠢ᠃

  2. ᠲᠤᠰᠬᠠᠭᠰᠠᠨ ᠬᠦᠮᠦᠨ ᠨᠢ ᠡᠷᠬᠡᠪᠰᠢ ᠦᠨᠡᠨ ᠪᠣᠳᠠᠲᠠᠶ ᠣᠪᠣᠭ ᠨᠡᠷ᠎ᠡ᠂ ᠪᠠᠢᠳᠠᠯ᠎ᠢ  ᠲᠤᠰᠬᠠᠬᠤ᠎ᠳᠤ ᠦᠨᠡᠨ᠎ᠠᠴᠠ ᠵᠥᠪ᠎ᠢ ᠡᠷᠢᠵᠦ᠍᠂ ᠦᠨᠡᠨ᠂ ᠪᠣᠳᠠᠲᠠᠶ ᠪᠠᠢᠬᠤ ᠬᠡᠷᠡᠭ᠌ᠲᠡᠶ᠃

  3. ᠬᠦᠯᠢᠶᠡᠨ ᠠᠪᠴᠤ᠌ ᠱᠢᠢᠳᠪᠦᠷᠢᠯᠡᠬᠦ᠌ ᠠᠵᠢᠯᠲᠠᠨ ᠲᠤᠰᠭᠠᠭ᠍ᠰᠠᠨ ᠬᠦᠮᠦᠨ ᠪᠠ ᠲᠤᠰᠭᠠᠭ᠍ᠰᠠᠨ ᠪᠠᠢᠳᠠᠯ᠎ᠤᠨ ᠨᠢᠭᠤᠴᠠ᠎ᠶ᠋ᠢ ᠴᠢᠩᠭ᠎ᠠ ᠬᠠᠮᠠᠭᠠᠯᠠᠨ᠎ᠠ᠃ ᠡᠷᠬᠡ ᠲᠡᠭ᠌ᠰᠢ᠂ ᠲᠥᠪ ᠭᠤᠣᠯᠴᠢ᠂ ᠢᠯᠡ ᠲᠣᠳᠣ ᠪᠠᠢᠬᠤ᠎ᠶ᠋ᠢ ᠨᠥᠯᠥᠭᠡᠯᠡᠵᠦ᠍ ᠮᠡᠳᠡᠬᠦ᠌ ᠠᠰᠠᠭᠤᠳᠠᠯ᠎ᠢ ᠨᠠᠷᠢᠨ ᠬᠢᠨᠠᠮᠠᠭᠠᠶ ᠪᠠᠢᠴᠠᠭᠠᠨ ᠬᠠᠷᠭᠤᠭᠤᠯᠤᠨ᠎ᠠ᠃

  ᠭᠤᠷᠪᠠ᠂  ᠭᠤᠮᠤᠳᠠᠯ (ᠵᠠᠭᠠᠯᠳᠤᠯᠭ᠎ᠠ) ᠲᠣᠭ᠋ᠠᠴᠢᠬᠤ ᠮᠠᠲ᠋ᠧᠷᠢᠶᠠᠯ

  ᠬᠢᠩᠭᠠᠨ ᠠᠢᠮᠠᠭ᠎ᠤᠨ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ᠌ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠨ ᠭᠤᠮᠤᠳᠠᠯ (ᠵᠠᠭᠠᠯᠳᠤᠯᠭ᠎ᠠ) ᠲᠣᠭ᠋ᠠᠴᠢᠬᠤ᠎ᠶᠢ ᠭᠥᠯᠢᠶᠡᠨ ᠠᠪᠴᠤ᠌ ᠱᠢᠢᠳᠪᠦᠷᠢᠯᠡᠬᠦ᠌ ᠬᠦᠰᠦᠨᠦᠭ᠌ᠲᠦ (ᠳᠠᠭᠠᠯᠳᠤᠭᠤᠯᠤᠯ 2 ᠎ᠢ ᠦᠵᠡ) ᠪᠠ ᠭᠡᠷᠡᠴᠢ ᠮᠠᠲ᠋ᠧᠷᠢᠶᠠᠯ᠃

  ᠳᠥᠷᠪᠡ᠂ ᠬᠠᠷᠢᠯᠴᠠᠬᠤ ᠠᠷᠭ᠎ᠠ ᠮᠠᠶᠢᠭ

  1. ᠬᠠᠷᠢᠯᠴᠠᠬᠤ ᠬᠠᠶᠢᠭ᠄ ᠬᠢᠩᠭᠠᠨ ᠠᠢᠮᠠᠭ᠎ᠤᠨ ᠡᠮᠴᠢᠯᠡᠭᠡᠨ᠎ᠦ ᠳᠠᠭᠠᠳᠭᠠᠯ᠎ᠤᠨ ᠦᠢᠯᠡᠴᠢᠯᠡᠭᠡᠨ᠎ᠤ ᠲᠥᠪ᠎ᠤᠨ ᠡᠮ᠎ᠤᠨ ᠵᠦᠢ᠍ᠯ ᠪᠠ ᠪᠠᠭᠠᠵᠢ ᠬᠡᠷᠡᠭ᠌ᠰᠡᠯ᠎ᠤᠨ ᠰᠠᠯᠠᠭ᠎ᠠ᠎ᠶᠢᠨ 305 ᠳ᠋ᠤᠭ᠋ᠠᠷ ᠲᠠᠰᠤᠭ (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠩᠭᠠᠨ ᠠᠢᠮᠠᠭ᠎ᠤᠨ ᠤᠯᠠᠭᠠᠨᠬᠤᠲᠠ᠎ᠶ᠋ᠢᠨ ᠬᠢᠩᠭᠠᠨ ᠶᠡᠭᠡ ᠵᠠᠮ᠎ᠤᠨ 36 ᠳ᠋ᠤᠭᠠᠷ ᠲᠣᠭᠠᠲᠤ)

  2. ᠬᠠᠷᠢᠯᠴᠠᠬᠤ ᠤᠲᠠᠰᠤ᠄ 0482 - 8250918 ( ᠬᠦᠯᠢᠶᠡᠨ ᠠᠪᠴᠤ᠌ ᠱᠢᠢᠳᠪᠦᠷᠢᠯᠡᠬᠦ᠌ ᠴᠠᠭ᠎ᠨᠢ ᠦᠳᠡ᠎ᠶ᠋ᠢᠨ ᠡᠮᠦᠨ᠎ᠡ 8᠄ 30 - 11᠄ 30 ᠴᠠᠭ᠂ ᠦᠳᠡ᠎ᠶ᠋ᠢᠨ ᠬᠤᠢᠨ᠎ᠠ 14᠄ 30 - 17᠄ 30 ᠴᠠᠭ )

  

  ᠬᠢᠩᠭᠠᠨ ᠠᠢᠮᠠᠭ᠎ᠤ᠋ᠨ ᠡᠮᠴᠢᠯᠡᠭᠡᠨ᠎ᠦ ᠳᠠᠭᠠᠳᠭᠠᠯ᠎ᠤ᠋ᠨ ᠦᠢᠯᠡᠴᠢᠯᠡᠭᠡᠨ᠎ᠦ᠌ ᠲᠥᠪ

  2025 ᠣᠨ᠎ᠤ 11 ᠳ᠋ᠤᠭᠡᠷ ᠰᠠᠷ᠎ᠠ᠎ᠶ᠋ᠢᠨ 3 ᠎ᠤ ᠡᠳᠦᠷ

  

  ᠳᠠᠭᠠᠯᠳᠤᠭᠤᠯᠤᠯ᠄

  ᠬᠢᠩᠭᠠᠨ ᠠᠢᠮᠠᠭ 2025 ᠤᠨ(ᠳᠤᠤᠷ᠎ᠠ ᠬᠠᠭᠠᠰ ᠵᠢᠯ)᠎ᠤ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ᠌ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠢ ᠱᠢᠯᠢᠨ ᠰᠣᠩᠭᠤᠬᠤ ᠬᠢᠷᠢ ᠴᠢᠳᠠᠮᠵᠢ᠎ᠶ᠋ᠢ ᠬᠢᠨᠠᠨ ᠬᠠᠷᠭᠤᠭᠤᠯᠤᠭ᠍ᠰᠠᠨ ᠦᠷ᠎ᠡ ᠳ᠋ᠦᠩ᠎ᠤᠨ ᠲᠣᠳᠣᠷᠬᠠᠢᠯᠠᠯᠲᠠ᠎ᠶ᠋ᠢᠨ ᠬᠦᠰᠦᠨᠦᠭ᠌ᠲᠦ. xls

  ᠬᠢᠩᠭᠠᠨ ᠠᠢᠮᠠᠭ᠎ᠤᠨ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ᠌ ᠳᠣᠭᠢᠷᠠᠭᠤᠯᠤᠨ ᠬᠦᠷᠭᠡᠬᠦ᠌ ᠠᠵᠤ ᠠᠬᠤᠢᠯᠠᠯ᠎ᠤᠨ ᠭᠤᠮᠤᠳᠠᠯ (ᠵᠠᠭᠠᠯᠳᠤᠯᠭ᠎ᠠ) ᠲᠣᠭ᠋ᠠᠴᠢᠬᠤ᠎ᠶᠢ ᠭᠥᠯᠢᠶᠡᠨ ᠠᠪᠴᠦ ᠰᠢᠢ᠍ᠳᠪᠦᠷᠢᠯᠡᠬᠦ ᠬᠦᠰᠦᠨᠦᠭ᠌ᠲᠦ.doc

 

ᠢᠷᠡᠯᠲᠡ᠄ ᠬᠢᠩᠭᠠᠨ ᠠᠢᠮᠠᠭ᠎ᠤᠨ ᠡᠮᠴᠢᠯᠡᠭᠡᠨ᠎ᠤ ᠳᠠᠭᠠᠳᠭᠠᠯ᠎ᠤᠨ ᠦᠢᠯᠡᠴᠢᠯᠡᠭᠡᠨ᠎ᠤ ᠲᠥᠪ
          
ᠬᠠᠮᠢᠶ᠎ᠡ ᠪᠦᠬᠦᠢ ᠰᠣᠨᠢᠨ
 
            