ᠲᠥᠰᠦᠪ᠎ᠤᠨ ᠠᠮᠵᠢᠯᠲᠠ ᠪᠦᠲᠦᠮᠵᠢ᠎ᠶ᠋ᠢᠨ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠡᠮᠴᠢᠯᠡᠭᠡᠨ᠎ᠤ ᠳᠠᠭᠠᠳᠭᠠᠯ᠎ᠤᠨ ᠱᠢᠯᠵᠢᠭᠦᠯᠦᠨ ᠥᠭ᠌ᠬᠦ ᠪᠠᠯᠠ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠵᠢᠷᠤᠮᠵᠢᠯᠳᠤ ᠴᠢᠨᠠᠷ᠂ ᠠᠮᠤᠷ ᠲᠦᠪᠱᠢᠨ ᠴᠢᠨᠠᠷ ᠪᠠ ᠪᠦᠲᠦᠮᠵᠢᠲᠦ ᠴᠢᠨᠠᠷ᠎ᠢ ᠦᠨᠡᠨ ᠬᠦ᠌ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠬᠤᠲᠠ᠎ᠶ᠋ᠢᠨ ᠡᠮᠴᠢᠯᠡᠭᠡᠨ᠎ᠤ ᠪᠠᠲᠣᠯᠠᠭ᠎ᠠ᠎ᠶᠢᠨ ᠲᠣᠪᠴᠢᠶ᠎ᠠ ᠳᠡᠭᠡᠳᠦ ᠱᠠᠲᠤᠨ᠎ᠤ ᠡᠳ᠋᠎ᠤᠨ ᠵᠠᠰᠠᠭ᠂ ᠡᠮᠴᠢᠯᠡᠭᠡᠨ᠎ᠤ ᠪᠠᠲᠣᠯᠠᠭ᠎ᠠ᠎ᠶᠢᠨ ᠰᠠᠯᠠᠭ᠎ᠠ ᠮᠥᠴᠢᠷ᠎ᠤᠨ ᠠᠵᠢᠯ᠎ᠤᠨ ᠪᠠᠢᠷᠢᠯᠠᠭᠤᠯᠤᠯᠲᠠ᠎ᠶ᠋ᠢ ᠴᠢᠩᠭ᠎ᠠ ᠵᠢᠷᠤᠮᠯᠠᠨ᠂ 2024 ᠣᠨ᠎ᠤ ᠡᠮᠴᠢᠯᠡᠭᠡᠨ᠎ᠤ ᠳᠠᠭᠠᠳᠭᠠᠯ᠎ᠤᠨ ᠱᠢᠯᠵᠢᠭᠦᠯᠦᠨ ᠥᠭ᠌ᠬᠦ ᠪᠠᠯᠠ ᠮᠥᠩᠭᠦ᠎ᠶ᠋ᠢᠨ ᠠᠮᠵᠢᠯᠲᠠ ᠪᠦᠲᠦᠮᠵᠢ᠎ᠶ᠋ᠢ ᠦᠨᠡᠯᠡᠬᠦ᠌ ᠠᠵᠢᠯ᠎ᠢ ᠱᠢᠰᠲ᠋ᠧᠮ᠎ᠲᠠᠢ ᠠᠬᠢᠭᠤᠯᠪᠠ᠃
ᠨᠢᠭᠡ᠎ᠳᠤ᠂ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠪᠠ᠃ 《 2024 ᠣᠨ᠎ᠤ ᠡᠮᠴᠢᠯᠡᠭᠡᠨ᠎ᠦ ᠳᠠᠭᠠᠳᠭᠠᠯ᠎ᠤᠨ ᠰᠢᠯᠵᠢᠭᠦᠯᠦᠨ ᠥᠭ᠌ᠬᠦ ᠪᠠᠯᠠ ᠮᠥᠩᠭᠦ᠎ᠶ᠋ᠢᠨ ᠠᠮᠵᠢᠯᠲᠠ ᠪᠦᠲᠦᠮᠵᠢ᠎ᠶ᠋ᠢ ᠦᠨᠡᠯᠡᠬᠦ᠌ ᠮᠠᠲ᠋ᠧᠷᠢᠶᠠᠯ᠎ᠤᠨ ᠨᠠᠷᠢᠨ ᠳᠠᠩᠰᠠ 》᠎ᠶ᠋ᠢ ᠲᠣᠭ᠍ᠲᠠᠭᠠᠵᠤ᠂ ᠦᠨᠡᠯᠡᠬᠦ᠌ ᠢᠯᠡᠳᠭᠡᠪᠤᠷᠢ᠂ ᠠᠵᠢᠯ᠎ᠤᠨ ᠶᠠᠪᠣᠴᠠ᠂ ᠴᠠᠭ ᠬᠤᠭᠤᠴᠠᠭᠠᠨ᠎ᠤ ᠵᠠᠩᠭᠢᠯᠠᠭ᠎ᠠ᠎ᠶ᠋ᠢᠨ ᠴᠡᠭ ᠪᠠ ᠠᠵᠢᠯ᠎ᠤᠨ ᠱᠠᠭᠠᠷᠳᠠᠯᠭ᠎ᠠ᠎ᠶ᠋ᠢ ᠨᠠᠷᠢᠯᠢᠬ᠍ᠵᠢᠭᠤᠯᠬᠤ᠎ᠶ᠋ᠢᠨ ᠬᠠᠮᠲᠤ᠌᠂ ᠡᠯ᠎ᠡ ᠬᠤᠱᠢᠭᠤ ᠲᠣᠭᠤᠷᠢᠭ ᠪᠠ ᠬᠠᠷᠢᠶ᠎ᠠ ᠠᠵᠢᠯ ᠦᠢᠯᠡᠰ᠎ᠤᠨ ᠨᠢᠭᠡᠴᠢ᠎ᠳᠤ ᠴᠠᠭ ᠲᠤᠬᠠᠶ᠎ᠳᠤ ᠨᠢ ᠪᠠᠭᠤᠯᠭᠠᠵᠤ᠂ ᠦᠨᠡᠯᠡᠬᠦ᠌ ᠠᠵᠢᠯ᠎ᠤᠨ ᠡᠮᠬᠢ ᠵᠢᠷᠤᠮ᠎ᠲᠠᠢ ᠥᠷᠨᠢᠬᠦ᠌᠎ᠶ᠋ᠢ ᠦᠨᠡᠨ ᠬᠦ᠌ ᠪᠠᠲᠣᠯᠠᠪᠠ᠃
ᠬᠤᠶᠠᠷ᠎ᠲᠤ᠌᠂ ᠦᠨᠡᠯᠡᠬᠦ᠌ ᠵᠢᠷᠣᠮᠵᠢᠯᠢ ᠬᠡᠷᠡᠭᠵᠢᠭᠦᠯᠪᠡ᠃ 《 ᠡᠮᠴᠢᠯᠡᠭᠡᠨ᠎ᠤ ᠳᠠᠭᠠᠳᠭᠠᠯ᠎ᠤᠨ ᠱᠢᠯᠵᠢᠭᠦᠯᠦᠨ ᠥᠭ᠌ᠬᠦ ᠠᠵᠢᠯ᠎ᠤᠨ ᠠᠮᠵᠢᠯᠲᠠ ᠪᠦᠲᠦᠮᠵᠢ᠎ᠶ᠋ᠢ ᠦᠨᠡᠯᠡᠬᠦ᠌ ᠠᠵᠢᠯ᠎ᠤᠨ ᠭᠠᠷ ᠳᠡᠪᠲᠡᠷ 》 ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠢ ᠴᠢᠩᠭ᠎ᠠ ᠦᠨᠳᠦᠰᠦᠯᠡᠨ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ᠎ᠶ᠋ᠢᠨ ᠪᠠᠭᠤᠯᠭᠠᠭ᠍ᠰᠠᠨ ᠡᠮᠴᠢᠯᠡᠭᠡᠨ᠎ᠤ ᠳᠠᠭᠠᠳᠭᠠᠯ᠎ᠤᠨ ᠱᠢᠯᠵᠢᠭᠦᠯᠦᠨ ᠥᠭ᠌ᠬᠦ ᠪᠠᠯᠠ ᠮᠥᠩᠭᠦ᠎ᠪᠠᠷ ᠦᠨᠡᠯᠡᠬᠦ᠌ ᠡᠲᠡᠭᠡᠳ ᠪᠣᠯᠭᠠᠵᠤ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠳᠠᠭᠠᠳᠭᠠᠯ᠂ ᠡᠮᠴᠢᠯᠡᠭᠡᠨ᠎ᠤ ᠠᠪᠤᠷᠠᠨ ᠲᠤᠰᠠᠯᠠᠯᠲᠠ᠂ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠡᠷᠭᠡ ᠭᠤᠤᠯ ᠲᠥᠷᠥᠯ ᠵᠦᠢᠯ᠎ᠢ ᠪᠦᠷᠬᠦᠭᠦᠯᠵᠦ᠂ ᠪᠡᠯᠡ ᠮᠦᠩᠬᠦ᠎ᠶᠢᠨ ᠣᠷᠣᠭᠣᠯᠣᠯᠲᠠ᠂ ᠶᠠᠪᠣᠴᠠ᠎ᠶᠢᠨ ᠬᠠᠮᠢᠶᠠᠷᠣᠯᠲᠠ᠂ ᠠᠮᠵᠢᠯᠲᠠ ᠪᠦᠲᠦᠮᠵᠢ᠎ᠶᠢᠨ ᠬᠠᠷᠠᠯᠲᠠ᠎ᠶᠢ ᠪᠡᠶᠡᠯᠡᠬᠥᠯᠬᠥ ᠵᠡᠷᠭᠡ ᠵᠠᠩᠭᠢᠯᠠᠭ᠎ᠠ᠎ᠶᠢᠨ ᠬᠡᠮᠵᠢᠴᠠᠳᠦ ᠠᠩᠬᠠᠷᠣᠯ᠎ᠢᠶᠠᠨ ᠲᠥᠪᠯᠡᠷᠡᠭᠥᠯᠵᠦ᠂ ᠮᠠᠲᠸᠷᠢᠶᠠᠯ᠎ᠢ ᠬᠠᠷᠭᠤᠭᠤᠯᠤᠨ ᠪᠠᠢᠴᠠᠭᠠᠬᠤ᠂ ᠳ᠋ᠠᠢ᠌ᠲ᠋ᠠ᠎ᠶ᠋ᠢᠨ ᠱᠢᠰᠲ᠋ᠧᠮ᠎ᠢ ᠭᠠᠷᠭᠠᠨ ᠠᠪᠬᠤ᠂ ᠦᠢᠯᠡᠴᠢᠯᠡᠬᠦ᠌ ᠡᠲᠡᠭᠡᠳ᠎ᠤᠨ ᠠᠰᠠᠭᠤᠯᠲᠠ᠎ᠶ᠋ᠢᠨ ᠬᠠᠭᠤᠳᠠᠰᠤ᠎ᠶᠢᠨ ᠪᠠᠢ᠌ᠴᠠᠭ᠋ᠠᠯᠲᠠ ᠵᠡᠷᠭᠡ ᠣᠯᠠᠨ ᠡᠱᠢᠲᠦ ᠠᠷᠭ᠎ᠠ ᠮᠠᠶᠢᠭ᠎ᠢᠶᠠᠷ ᠳᠠᠮᠵᠢᠭᠣᠯᠣᠨ᠂ ᠪᠠᠯᠠ ᠮᠥᠩᠭᠦ ᠰᠠᠯᠭᠠᠨ ᠥᠭ᠌ᠬᠦ ᠭᠡᠷᠡᠴᠢ ᠪᠠᠷᠢᠮᠲᠠ᠂ ᠰᠠᠭᠤᠷᠢ ᠮᠥᠩᠭᠦ᠎ᠶ᠋ᠢᠨ ᠣᠷᠣᠯᠭ᠎ᠠ ᠵᠠᠷᠤᠯᠭ᠎ᠠ᠎ᠶ᠋ᠢᠨ ᠲᠠᠩᠰᠠ ᠬᠠᠷ᠎ᠠ᠂ ᠴᠡᠭ ᠲᠣᠭ᠍ᠲᠠᠭᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠶ᠋ᠢᠨ ᠬᠡᠯᠡᠯᠴᠡᠭᠡᠷ᠎ᠢ ᠬᠡᠷᠡᠭ᠌ᠵᠢᠭᠦᠯᠵᠦ᠍ ᠪᠠᠢᠭ᠎ᠠ ᠪᠠᠢᠳᠠᠯ ᠵᠡᠷᠭᠡ ᠮᠠᠲ᠋ᠧᠷᠢᠶᠠᠯ᠎ᠢ ᠪᠥᠬᠦ᠌ ᠲᠠᠯ᠎ᠠ᠎ᠪᠠᠷ ᠴᠣᠭᠯᠠᠭᠣᠯᠪᠠ᠃ ᠳᠠᠭᠠᠳᠭᠠᠯ᠎ᠳᠤ ᠣᠷᠣᠯᠴᠠᠬᠤ᠎ᠶ᠋ᠢ ᠪᠦᠷᠬᠦᠭᠦᠯᠬᠦ᠂ ᠣᠯᠭᠤᠮᠵᠢ ᠥᠭ᠌ᠬᠦ᠂ ᠣᠨᠳᠣᠤ ᠭᠠᠵᠠᠷ᠎ᠲᠤ ᠳ᠋ᠦᠩᠨᠡᠨ ᠪᠤᠳᠤᠬᠤ ᠵᠡᠷᠭᠡ ᠭᠤᠤᠯ ᠳ᠋ᠠᠢ᠌ᠲ᠋ᠠ ᠶ᠋ᠢ ᠵᠡᠷᠭᠡ᠎ᠪᠠᠷ ᠭᠠᠷᠭᠠᠨ ᠠᠪᠴᠤ᠌᠂ ᠦᠨᠡᠯᠡᠭ᠌ᠰᠡᠨ ᠦᠷ᠎ᠡ ᠳ᠋ᠦᠩ᠎ᠤᠨ ᠦᠨᠡᠨ ᠪᠣᠳᠠᠲᠠᠶ ᠪᠥᠬᠦ᠌ ᠲᠠᠯ᠎ᠠ᠎ᠶ᠋ᠢᠨ ᠪᠠᠢᠬᠤ᠎ᠶ᠋ᠢ ᠦᠨᠡᠨ ᠬᠦ᠌ ᠪᠠᠲᠣᠯᠠᠪᠠ᠃
ᠭᠤᠷᠪᠠ᠎ᠳᠤ᠂ ᠢᠯᠡᠳᠭᠡᠪᠤᠷᠢᠶ᠋ᠢᠨ ᠱᠢᠰᠲ᠋ᠧᠮ᠎ᠢ ᠱᠢᠯᠢᠳᠡᠭ᠌ᠵᠢᠭᠦᠯᠪᠡ᠃ ᠠᠮᠵᠢᠯᠲᠠ ᠪᠦᠲᠦᠮᠵᠢ᠎ᠶ᠋ᠢ ᠦᠨᠡᠯᠡᠬᠦ᠌ ᠢᠯᠡᠳᠭᠡᠪᠤᠷᠢᠶ᠋ᠢᠨ ᠰᠢᠰᠲᠸᠮ᠎ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠍᠂ ᠪᠡᠯᠡ ᠮᠥᠩᠭᠦ᠎ᠶ᠋ᠢ ᠰᠠᠯᠭᠠᠨ ᠥᠭ᠌ᠭᠦᠭ᠌ᠰᠡᠨ ᠲᠣᠭ᠍ᠲᠠᠭᠠᠯ᠎ᠳᠤ ᠨᠡᠢᠴᠡᠬᠦ᠌ ᠴᠢᠨᠠᠷ᠂ ᠪᠡᠯᠡ ᠮᠥᠩᠭᠦ᠎ᠶ᠋ᠢ ᠬᠡᠷᠡᠭ᠌ᠯᠡᠭ᠌ᠰᠡᠨ ᠵᠢᠷᠤᠮᠵᠢᠯᠳᠤ ᠴᠢᠨᠠᠷ᠂ ᠲᠥᠰᠦᠪ᠎ᠢ ᠭᠦᠢᠴᠡᠳᠭᠡᠭ᠌ᠰᠡᠨ ᠨᠤᠷᠮ᠎ᠠ ᠵᠡᠷᠭᠡ ᠵᠠᠩᠭᠢᠯᠠᠭ᠎ᠠ᠎ᠶ᠋ᠢᠨ ᠡᠯᠧᠮᠧᠨ᠋ᠲ᠎ᠢ ᠦᠨᠡᠯᠡᠯᠲᠡ᠎ᠶ᠋ᠢᠨ ᠬᠡᠪᠴᠢᠶᠡᠨ᠎ᠳᠤ ᠣᠷᠣᠭᠤᠯᠬᠤ᠎ᠶ᠋ᠢᠨ ᠬᠠᠮᠲᠤ ᠵᠠᠷᠤᠯᠭ᠎ᠠ᠎ᠶ᠋ᠢᠨ ᠬᠠᠷᠢᠭᠤᠴᠠᠯᠭ᠎ᠠ᠎ᠶ᠋ᠢ ᠭᠦᠢᠴᠡᠳᠭᠡᠭ᠌ᠰᠡᠨ ᠪᠠᠢᠳᠠᠯ᠂ ᠣᠨ᠎ᠤ ᠠᠵᠢᠯ᠎ᠤᠨ ᠡᠭᠦᠷᠭᠡ᠎ᠶ᠋ᠢ ᠪᠡᠶᠡᠯᠡᠭᠦᠯᠦᠭ᠌ᠰᠡᠨ ᠪᠠᠢᠳᠠᠯ ᠵᠡᠷᠭᠡ ᠦᠷ᠎ᠡ ᠠᠱᠢᠭ᠎ᠤᠨ ᠢᠯᠡᠳᠭᠡᠪᠤᠷᠢᠶ᠋ᠢ ᠬᠠᠮᠤᠷᠴᠤ᠌᠂ ᠦᠨᠡᠯᠡᠯᠲᠡ᠎ᠶ᠋ᠢᠨ ᠱᠢᠨᠵᠢᠯᠡᠬᠦ᠌ ᠤᠬᠠᠭᠠᠨᠴᠢ ᠴᠢᠨᠠᠷ ᠪᠣᠯᠤᠨ ᠬᠠᠨᠳᠤᠯᠭᠠᠲᠤ ᠴᠢᠨᠠᠷ᠎ᠢ ᠳᠡᠭᠡᠭᠰᠢᠯᠡᠭᠦᠯᠪᠡ᠃