11 ᠳ᠋ᠦ᠍ᠭᠡᠷ ᠰᠠᠷ᠎ᠠ᠎ᠶ᠋ᠢᠨ 27 ᠤ ᠡᠳᠦᠷ᠂ ᠼᠠᠢ ᠬᠤᠩ ᠢᠦᠢ ᠲᠤᠰᠭᠠᠢ ᠰᠡᠳᠦᠪᠲᠦ ᠶᠠᠷᠢᠯᠴᠠᠨ ᠰᠣᠯᠢᠯᠴᠠᠬᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠤᠯᠠᠭᠠᠨᠬᠠᠳᠠ ᠬᠤᠳᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠢ ᠵᠣᠯᠭᠠᠭᠤᠯᠬᠤ ᠭᠤᠣᠯᠳᠠᠯᠭ᠎ᠠ᠎ᠲᠠᠢ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠨᠠᠷᠢᠨ ᠬᠢᠨᠠᠮᠠᠭᠠᠢ ᠰᠣᠨᠣᠰᠴᠠᠢ᠃ ᠠᠷᠤ ᠬᠤᠷᠴᠢᠨ ᠬᠤᠱᠢᠭᠤ ᠵᠡᠷᠭᠡ ᠵᠢᠷᠭᠤᠭᠠᠨ ᠬᠤᠱᠢᠭᠤ ᠱᠢᠶᠠᠨ ᠲᠣᠭᠤᠷᠢᠭ᠎ᠤᠨ ᠡᠮᠴᠢᠯᠡᠭᠡᠨ᠎ᠤ ᠪᠠᠳᠤᠯᠠᠭ᠎ᠠ᠎ᠶ᠋ᠢᠨ ᠲᠣᠪᠴᠢᠶ᠎ᠠ᠎ᠶ᠋ᠢᠨ ᠭᠤᠤᠯ ᠬᠠᠷᠢᠭᠤᠴᠠᠯᠭᠠᠲᠠᠨ ᠬᠦᠴᠢᠷᠳᠡᠯᠲᠡᠶ ᠣᠯᠠᠨ ᠲᠦᠮᠡᠨ᠎ᠤ ᠳᠠᠭᠠᠳᠭᠠᠯ᠎ᠳᠤ ᠣᠷᠣᠯᠴᠠᠬᠤ᠂ ᠡᠳ᠋ ᠮᠥᠩᠭᠦ᠎ᠪᠠᠷ ᠲᠤᠰᠠᠯᠠᠵᠤ ᠳᠠᠭᠠᠳᠭᠠᠯ᠎ᠳᠤ ᠣᠷᠣᠯᠴᠠᠬᠤ᠂ ᠭᠤᠷᠪᠠᠨ ᠳᠠᠪᠬᠤᠷ ᠲᠦᠷᠢᠮ᠎ᠤᠨ ᠬᠠᠷᠠᠭᠠᠯᠵᠠᠯ᠎ᠢ ᠨᠠᠢᠳᠠᠪᠤᠷᠢᠵᠢᠭᠤᠯᠬᠤ᠂ ᠰᠠᠯᠠᠭ᠎ᠠ ᠮᠥᠴᠢᠷ᠎ᠤᠨ ᠬᠤᠭᠤᠷᠣᠨᠳᠣᠬᠢ ᠳ᠋ᠡᠢ᠌ᠲ᠋ᠠ᠎ᠶ᠋ᠢ ᠬᠠᠮᠲᠤ᠎ᠪᠠᠷ ᠡᠳ᠋ᠯᠡᠬᠦ᠌ ᠵᠡᠷᠭᠡ ᠭᠤᠤᠯᠳᠠᠯᠭ᠎ᠠ᠎ᠲᠠᠢ ᠠᠭᠤᠯᠭ᠎ᠠ᠎ᠶ᠋ᠢᠨ ᠲᠣᠭᠤᠷᠢᠨ᠎ᠳᠤ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠼᠠᠢ ᠬᠤᠩ ᠢᠦᠢ ᠤᠯᠠᠭᠠᠨᠬᠠᠳᠠ ᠬᠤᠳᠠ᠎ᠶ᠋ᠢᠨ ᠬᠠᠮᠢᠶ᠎ᠠ ᠪᠦᠬᠦᠢ ᠠᠵᠢᠯ᠎ᠤᠨ ᠣᠯᠤᠭ᠍ᠰᠠᠨ ᠦᠷ᠎ᠡ ᠪᠦᠲᠦᠮᠵᠢ᠎ᠶ᠋ᠢ ᠨᠤᠲᠠᠯᠠᠪᠠ᠃ ᠲᠡᠷᠡ᠂ ᠡᠯ᠎ᠡ ᠱᠠᠲᠤᠨ᠎ᠤ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ᠎ᠤᠨ᠎ᠬᠢᠨ ᠤᠯᠤᠰ ᠲᠥᠷᠥ᠎ᠶ᠋ᠢᠨ ᠵᠣᠭ᠍ᠰᠣᠴᠠ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠬᠠᠷᠢᠭᠤᠴᠠᠯᠭ᠎ᠠ ᠡᠭᠦᠷᠭᠡᠯᠡᠯ᠎ᠢᠶᠠᠨ ᠴᠢᠩᠭᠠᠳᠭᠠᠨ᠂ ᠬᠦᠴᠢᠷᠳᠡᠯᠲᠡᠶ ᠣᠯᠠᠨ ᠲᠦᠮᠡᠨ᠎ᠤ ᠣᠷᠣᠯᠴᠠᠬᠤ ᠶᠣᠰᠣᠲᠠᠢ᠎ᠶᠢ ᠨᠢ ᠪᠦᠬᠦᠨ᠎ᠢ ᠡᠳ᠋ᠯᠡᠬᠦ᠂ ᠬᠠᠷᠠᠭᠠᠯᠵᠠᠯ ᠡᠳ᠋ᠯᠡᠬᠦ ᠶᠣᠰᠣᠲᠠᠢ᠎ᠶᠢ ᠨᠢ ᠪᠦᠬᠦᠨ᠎ᠢ ᠡᠳ᠋ᠯᠡᠬᠦ ᠵᠡᠷᠭᠡ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠡᠷᠴᠢᠮ᠎ᠢᠶᠠᠨ ᠴᠢᠩᠭᠠᠷᠠᠭᠤᠯᠤᠨ᠂ ᠠᠵᠢᠯ᠎ᠢᠶᠠᠨ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠬᠦᠴᠢᠷᠳᠡᠯᠲᠡᠶ ᠣᠯᠠᠨ ᠲᠦᠮᠡᠨ᠎ᠤ ᠡᠮᠴᠢᠯᠡᠭᠡᠨ᠎ᠤ ᠵᠠᠷᠤᠳᠠᠯ᠎ᠤᠨ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠵᠦ᠍᠂ ᠬᠡᠪᠴᠢᠶᠡᠵᠢᠭ᠌ᠰᠡᠨ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠢᠬᠤ ᠬᠤᠷᠢᠭ᠎ᠠ ᠱᠤᠭᠤᠮ᠎ᠢ ᠡᠷᠡᠰ ᠪᠠᠲᠤ ᠰᠠᠬᠢᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

11 ᠳ᠋ᠦ᠍ᠭᠡᠷ ᠰᠠᠷ᠎ᠠ᠎ᠶ᠋ᠢᠨ 28 ᠤ ᠡᠳᠦᠷ᠂ ᠼᠠᠢ ᠬᠤᠩ ᠢᠦᠢ ᠨᠡᠷ ᠣᠩᠨᠢᠭᠤᠳ ᠬᠤᠱᠢᠭᠤᠨ᠎ᠤ ᠪᠣᠷᠣᠬᠤᠲᠠ ᠪᠠᠯᠭᠠᠰᠤ᠎ᠶ᠋ᠢᠨ ᠴᠠᠭ᠋ᠠᠨ ᠭᠠᠴᠠᠭ᠎ᠠ᠎ᠶ᠋ᠢᠨ ᠨᠠᠮ ᠪᠠ ᠤᠯᠠᠨ ᠲᠦᠮᠡᠨ᠎ᠤ ᠦᠢᠯᠡᠴᠢᠯᠡᠭᠡᠨ᠎ᠤ ᠲᠥᠪ᠂ ᠾᠧᠨᠠᠨ ᠨᠡᠢᠭᠡᠮ ᠲᠣᠭᠤᠷᠢᠭ᠎ᠤᠨ ᠨᠠᠮ ᠪᠠ ᠤᠯᠠᠨ ᠲᠦᠮᠡᠨ᠎ᠤ ᠦᠢᠯᠡᠴᠢᠯᠡᠭᠡᠨ᠎ᠤ ᠲᠥᠪ ᠪᠣᠯᠤᠨ ᠲᠤᠬᠠᠢ᠎ᠶ᠋ᠢᠨ ᠭᠠᠵᠠᠷ᠎ᠤᠨ ᠲᠣᠰᠭᠤᠨ᠎ᠤ ᠡᠷᠡᠭᠦᠯ ᠬᠠᠮᠠᠭᠠᠯᠠᠯ᠎ᠤᠨ ᠲᠠᠰᠤᠭ᠎ᠲᠤ ᠭᠦᠨᠵᠡᠭᠡᠢᠷᠡᠵᠦ᠍᠂ ᠦᠨᠳᠦᠰᠦᠨ ᠱᠠᠲᠤᠨ᠎ᠤ ᠡᠮᠴᠢᠯᠡᠭᠡᠨ᠎ᠦ ᠳᠠᠭᠠᠳᠭᠠᠯ᠎ᠤᠨ ᠦᠢᠯᠡᠴᠢᠯᠡᠭᠡ ᠵᠢᠴᠢ ᠲᠦᠷᠦ᠍᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠲᠤᠬᠠᠢ᠎ᠶ᠋ᠢᠨ ᠭᠠᠵᠠᠷ᠎ᠲᠤᠨᠢ ᠣᠢᠯᠠᠭᠠᠪᠠ᠃ ᠨᠠᠮ ᠪᠠ ᠣᠯᠠᠨ ᠲᠦᠮᠡᠨ᠎ᠤ ᠦᠢᠯᠡᠴᠢᠯᠡᠭᠡᠨ᠎ᠤ ᠲᠥᠪ᠎ᠲᠤ᠌᠂ ᠪᠠᠢᠴᠠᠭᠠᠨ ᠰᠤᠳᠤᠯᠬᠤ ᠳᠤᠭᠤᠢᠯᠠᠩ ᠡᠯ᠎ᠡ ᠲᠥᠷᠥᠯ᠎ᠤᠨ ᠬᠦᠴᠢᠷᠳᠡᠯᠲᠡᠶ ᠣᠯᠠᠨ ᠲᠦᠮᠡᠨ᠎ᠤ ᠳᠠᠭᠠᠳᠭᠠᠯ᠎ᠳᠤ ᠣᠷᠣᠯᠴᠠᠭ᠍ᠰᠠᠨ ᠡᠬᠡ ᠲᠠᠩᠰᠠ᠂ ᠡᠮᠴᠢᠯᠡᠭᠡᠨ᠎ᠤ ᠶᠡᠭᠡ ᠵᠠᠷᠤᠳᠠᠯ᠎ᠤᠨ ᠬᠢᠨᠠᠨ ᠬᠡᠮᠵᠢᠯᠲᠡ᠎ᠶ᠋ᠢᠨ ᠮᠡᠳᠡᠭᠡ ᠵᠠᠩᠭᠢ᠎ᠶ᠋ᠢᠨ ᠡᠬᠡ ᠲᠠᠩᠰᠠ ᠵᠡᠷᠭᠡ ᠮᠠᠲ᠋ᠧᠷᠢᠶᠠᠯ᠎ᠢ ᠨᠠᠷᠢᠨ ᠨᠢᠮᠪᠠᠶ ᠪᠠᠢᠴᠠᠭᠠᠨ ᠦᠵᠡᠵᠦ᠍᠂ ᠲᠤᠬᠠᠶ᠎ᠶ᠋ᠢᠨ ᠭᠠᠵᠠᠷ᠎ᠤᠨ ᠬᠦᠴᠢᠷᠳᠡᠯᠲᠡᠶ ᠣᠯᠠᠨ ᠲᠦᠮᠡᠨ᠎ᠤ ᠳᠠᠭᠠᠳᠭᠠᠯ᠎ᠳᠤ ᠣᠷᠣᠯᠴᠠᠭ᠍ᠰᠠᠨ ᠪᠠᠢᠳᠠᠯ᠎ᠢ ᠪᠥᠬᠦ᠌ ᠲᠠᠯ᠎ᠠ᠎ᠪᠠᠷ ᠡᠵᠡᠮᠱᠢᠪᠡ᠃ ᠲᠣᠰᠭᠤᠨ᠎ᠤ ᠡᠷᠡᠭᠦᠯ ᠬᠠᠮᠠᠭᠠᠯᠠᠯ᠎ᠤᠨ ᠲᠠᠰᠤᠭ᠎ᠲᠤ᠌᠂ ᠲᠣᠰᠭᠤᠨ᠎ᠤ ᠡᠮᠴᠢ᠎ᠲᠠᠢ ᠨᠢᠭᠤᠷᠳᠠᠨ ᠶᠠᠷᠢᠯᠴᠠᠵᠤ᠂ ᠡᠮᠴᠢᠯᠡᠭᠡᠨ᠎ᠦ ᠳᠠᠭᠠᠳᠭᠠᠯ᠎ᠤᠨ ᠳ᠋ᠦᠩᠨᠡᠨ ᠪᠤᠳᠤᠬᠤ ᠠᠷᠭ᠎ᠠ ᠬᠡᠯᠪᠡᠷᠢ᠂ ᠡᠮ᠎ᠤᠨ ᠵᠦᠶ᠋ᠯ ᠬᠤᠳᠠᠯᠳᠤᠨ ᠠᠪᠴᠤ᠌ ᠬᠠᠩᠭᠠᠬᠤ᠂ ᠰᠠᠭᠤᠭᠠᠯᠢ ᠠᠷᠠᠳ᠎ᠤᠨ 《ᠬᠤᠶᠠᠷ ᠡᠪᠡᠳᠴᠢᠨ》 ᠤ ᠡᠭᠦᠳᠡᠨ ᠡᠮᠨᠡᠯᠭᠡ᠎ᠳᠤ ᠡᠮ ᠬᠡᠷᠡᠭ᠌ᠯᠡᠬᠦ᠌ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠪᠠ ᠣᠯᠠᠨ ᠲᠦᠮᠡᠨ᠎ᠤ ᠠᠱᠢᠭ ᠭᠥᠷᠳᠡᠭ᠌ᠰᠡᠨ ᠪᠠᠢᠳᠠᠯ᠎ᠢ ᠭᠦᠨᠵᠡᠭᠡᠶ ᠣᠢᠯᠠᠭᠠᠬᠤ᠎ᠶ᠋ᠢᠨ ᠬᠠᠮᠲᠤ᠌᠂ ᠦᠨᠳᠦᠰᠦᠨ ᠱᠠᠲᠤᠨ᠎ᠤ ᠡᠮᠴᠢᠯᠡᠭᠡᠨ᠎ᠦ ᠳᠠᠭᠠᠳᠭᠠᠯ᠎ᠤᠨ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌ ᠲᠤᠬᠠᠶ ᠵᠢᠯᠣᠭᠤᠳᠭᠤ ᠰᠠᠨᠠᠯ ᠳᠤᠷᠠᠳᠪᠠ᠃

ᠲᠠᠷᠠᠭᠠᠴᠢ᠎ᠶ᠋ᠢᠨ ᠠᠯᠬᠤᠮ᠎ᠳᠤ᠂ ᠤᠯᠠᠭᠠᠨᠬᠠᠳᠠ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠪᠠᠢᠴᠠᠭᠠᠨ ᠰᠤᠳᠤᠯᠵᠤ ᠵᠢᠯᠣᠭᠤᠳᠭᠤ ᠰᠠᠨᠠᠯ᠎ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠡᠮᠴᠢᠯᠡᠭᠡᠨ᠎ᠤ ᠪᠠᠲᠤᠯᠠᠭ᠎ᠠ᠎ᠶ᠋ᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭᠠᠭᠤᠯᠬᠤ ᠭᠤᠤᠯᠳᠠᠯᠭ᠎ᠠ᠎ᠲᠠᠢ ᠠᠵᠢᠯ᠎ᠤᠨ ᠡᠭᠦᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢ ᠨᠠᠷᠢᠯᠢᠭ ᠣᠨᠣᠴᠠᠲᠠᠶ᠎ᠪᠠᠷ ᠨᠠᠢᠳᠠᠪᠤᠷᠢᠵᠢᠭᠤᠯᠬᠤ᠂ ᠦᠶ᠋ᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠂ ᠰᠠᠯᠠᠭ᠎ᠠ ᠮᠥᠴᠢᠷ᠎ᠤᠳ ᠥᠨᠳᠥᠷ ᠪᠦᠲᠦᠮᠵᠢᠲᠡᠶ᠎ᠪᠠᠷ ᠬᠠᠮᠵᠢᠯᠴᠠᠨ ᠬᠥᠳᠡᠯᠦᠯᠴᠡᠬᠦ᠌᠎ᠶ᠋ᠢ ᠦᠷᠭᠦᠯᠵᠢᠯᠡᠨ ᠠᠬᠢᠭᠤᠯᠵᠤ᠂ ᠨᠠᠩ ᠪᠣᠳᠠᠲᠠᠶ ᠠᠷᠭ᠎ᠠ ᠬᠡᠮᠵᠢᠶ᠎ᠡ᠂ ᠨᠠᠩ ᠱᠢᠯᠢᠳᠡᠭ ᠦᠢᠯᠡᠴᠢᠯᠡᠭᠡ᠎ᠪᠠᠷ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠬᠤᠷᠢᠭ᠎ᠠ ᠱᠤᠭᠤᠮ᠎ᠢ ᠪᠠᠬᠢᠵᠢᠭᠦᠯᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠦ᠌ ᠲᠠᠯ᠎ᠠ᠎ᠪᠠᠷ ᠠᠬᠢᠭᠤᠯᠬᠤ᠎ᠳᠤ ᠡᠮᠴᠢᠯᠡᠭᠡᠨ᠎ᠤ ᠳᠠᠭᠠᠳᠭᠠᠯ᠎ᠤᠨ ᠬᠦᠴᠦᠨ ᠴᠢᠳᠠᠯ᠎ᠢᠶᠠᠨ ᠡᠷᠭᠦᠨ᠎ᠡ᠃