《 ᠡᠨᠡ ᠰᠦᠢᠳᠭᠡᠯ ᠲᠤᠱᠢᠶᠠᠬᠤ ᠪᠠᠷᠢᠮᠵᠢᠶ᠎ᠠ᠎ᠶ᠋ᠢ ᠪᠢ ᠡᠴᠦᠰ᠎ᠲᠤ᠎ᠪᠠᠨ ᠣᠢ᠌ᠯᠠᠭ᠋ᠠᠪᠠ᠃ ᠥᠩᠭᠡᠷᠡᠭ᠌ᠰᠡᠨ᠎ᠳᠤ ᠶᠠᠭᠠᠬᠢᠭ᠍ᠰᠠᠨ ᠴᠤ᠌ ᠴᠠᠭ᠎ᠢ ᠠᠯᠳᠠᠬᠤ᠎ᠠᠴᠠ ᠠᠶᠤᠵᠤ᠂ ᠤᠳᠤ ᠠᠵᠢᠯᠲᠠᠳ ᠨᠠᠷᠢᠨ ᠲᠣᠳᠣᠷᠬᠠᠢ ᠶᠠᠷᠢᠵᠤ᠂ ᠰᠠᠨᠠᠭ᠎ᠠ ᠠᠮᠤᠷ ᠪᠠᠢ᠌ᠨ᠎ᠠ !》 ᠭᠡᠵᠦ 11 ᠳ᠋ᠤᠭᠡᠷ ᠰᠠᠷ᠎ᠠ᠎ᠶ᠋ᠢᠨ 14 ᠤ ᠡᠳᠦᠷ᠂ ᠲᠢᠶᠧ ᠳ᠋ᠦᠩ ᠵᠡᠭᠡᠯᠢ ᠭᠤᠳᠤᠮᠵᠢ᠎ᠶ᠋ᠢᠨ ᠬᠠᠩ ᠠᠨ ᠵᠢᠨ ᠾᠧ ᠬᠣᠲᠠ᠎ᠶᠢᠨ ᠨᠡᠢᠭᠡᠮ ᠲᠣᠭᠤᠷᠢᠭ᠎ᠤᠨ ᠡᠮᠴᠢᠯᠡᠭᠡᠨ᠎ᠦ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢᠨ ᠠᠬᠤᠢ ᠲᠠᠯᠠᠪᠠᠶ᠎ᠳᠤ᠂ ᠨᠡᠢᠭᠡᠮ ᠲᠣᠭᠤᠷᠢᠭ᠎ᠤᠨ ᠰᠠᠭᠤᠭᠠᠯᠢ ᠠᠷᠠᠳ ᠳᠠᠭᠠᠳᠭᠠᠯ᠎ᠳᠤ ᠣᠷᠣᠯᠴᠠᠬᠤ ᠭᠠᠷ ᠳᠡᠪᠲᠡᠷ᠎ᠢᠶᠠᠨ ᠠᠪᠴᠤ᠌ ᠢᠨᠢᠶᠡᠮᠰᠦᠭᠯᠡᠨ ᠬᠡᠯᠡᠪᠡ᠃

ᠲᠣᠰ ᠡᠳᠦᠷ᠂ ᠰᠦᠩᠱᠠᠨ ᠲᠣᠭᠤᠷᠢᠭ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠠᠵᠢᠯᠲᠠᠳ ᠨᠡᠢᠭᠡᠮ ᠲᠣᠭᠤᠷᠢᠭ᠎ᠤᠨ ᠺᠠᠳ᠋ᠷ᠎ᠲᠠᠢ ᠬᠠᠮᠲᠤ ᠠᠯᠪᠠᠨ ᠵᠢᠷᠤᠮ᠎ᠤᠨ ᠡᠮᠴᠢᠯᠡᠭᠡ᠂ ᠠᠯᠪᠠᠨ ᠵᠢᠷᠤᠮ᠎ᠤᠨ ᠬᠠᠢᠴᠢᠯᠠᠯ ᠵᠡᠷᠭᠡ ᠠᠷᠠᠳ᠎ᠲᠤ ᠲᠥᠬᠦᠮ ᠦᠵᠡᠭᠦᠯᠬᠦ᠌ ᠠᠷᠭ᠎ᠠ ᠬᠡᠮᠵᠢᠶ᠎ᠡ᠎ᠲᠠᠢ ᠤᠶᠠᠯᠳᠤᠭᠤᠯᠤᠨ᠂ 2026 ᠣᠨ᠎ᠤ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠮᠴᠢᠯᠡᠭᠡᠨ᠎ᠤ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠬᠤ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠬᠠᠮᠲᠤ᠎ᠪᠠᠷ ᠥᠷᠨᠢᠭᠦᠯᠵᠦ᠍ ᠰᠠᠭᠤᠭᠠᠯᠢ ᠠᠷᠠᠳ᠎ᠤᠨ ᠳᠡᠷᠭᠡᠳᠡ ᠬᠦᠷᠭᠡᠪᠡ᠃ ᠠᠵᠢᠯᠯᠠᠭ᠎ᠠ᠎ᠶ᠋ᠢᠨ ᠠᠬᠤᠢ ᠲᠠᠯᠠᠪᠠᠶ᠎ᠳᠤ᠂ ᠠᠰᠠᠭᠤᠨ ᠯᠠᠪᠯᠠᠬᠤ ᠱᠢᠷᠡᠭᠡᠨ᠎ᠤ ᠡᠮᠦᠨ᠎ᠡ ᠲᠥᠷᠥ᠎ᠶ᠋ᠢᠨ ᠪᠣᠳᠣᠯᠭ᠎ᠠ᠎ᠶ᠋ᠢ ᠣᠢᠯᠠᠭᠠᠬᠤ ᠰᠠᠭᠤᠭᠠᠯᠢ ᠠᠷᠠᠳ ᠰᠦᠢᠳᠭᠡᠯ ᠲᠤᠱᠢᠶᠠᠬᠤ ᠪᠠᠷᠢᠮᠵᠢᠶ᠎ᠠ᠎ᠠᠴᠠ ᠲᠠᠩᠰᠠ ᠲᠠᠢᠯᠬᠤ ᠬᠠᠷᠢᠴᠠᠯ ᠬᠦᠷᠲᠡᠯ᠎ᠡ᠂ ᠰᠦᠯᠵᠢᠶᠡᠨ ᠳᠡᠭᠡᠷ᠎ᠡ ᠰᠦᠢᠳᠭᠡᠯ ᠲᠤᠱᠢᠶᠠᠬᠤ ᠶᠠᠪᠤᠴᠠ᠎ᠠᠴᠠ ᠣᠨᠴᠠᠭᠠᠶ ᠬᠥᠮᠦᠰ᠎ᠢ ᠲᠤᠰᠠᠯᠠᠬᠤ ᠲᠥᠷᠥ᠎ᠶ᠋ᠢᠨ ᠪᠣᠳᠣᠯᠭ᠎ᠠ ᠬᠦᠷᠲᠡᠯ᠎ᠡ᠂ ᠠᠵᠢᠯᠲᠠᠳ ᠨᠢᠭᠡᠳ ᠨᠢᠭᠡ᠎ᠪᠠᠷ ᠬᠦᠯᠢᠴᠡᠩᠭᠦᠶ᠎ᠪᠠᠷ ᠲᠠᠢᠯᠪᠤᠷᠢᠯᠠᠵᠤ᠂ ᠪᠠᠰᠠ ᠬᠥᠳᠡᠯᠵᠦ᠍ ᠪᠠᠷᠢᠬᠤ᠎ᠳᠤ ᠳᠥᠭᠦᠮ ᠦᠭᠡᠢ ᠨᠠᠰᠤᠲᠠᠢᠴᠤᠳ᠎ᠲᠤ ᠠᠬᠤᠢ ᠲᠠᠯᠠᠪᠠᠶ᠎ᠳᠤ ᠰᠦᠯᠵᠢᠶᠡᠨ ᠳᠡᠭᠡᠷ᠎ᠡ ᠰᠦᠢᠳᠭᠡᠯ ᠲᠤᠱᠢᠶᠠᠬᠤ ᠠᠵᠢᠯᠯᠠᠭ᠎ᠠ᠎ᠶ᠋ᠢ ᠬᠠᠮᠵᠢᠨ ᠬᠢᠵᠦ᠍ ᠥᠭ᠌ᠪᠡ᠃

《 ᠡᠨᠡ ᠵᠢᠯ᠎ᠤᠨ ᠲᠥᠪᠯᠡᠷᠡᠭᠦᠯᠦᠨ ᠰᠦᠢᠳᠭᠡᠯ ᠲᠤᠱᠢᠶᠠᠬᠤ ᠬᠤᠭᠤᠴᠠᠭ᠎ᠠ᠎ᠨᠢ 12 ᠳ᠋ᠤᠭ᠋ᠠᠷ ᠰᠠᠷ᠎ᠠ᠎ᠶ᠋ᠢᠨ 31 ᠤ ᠡᠳᠦᠷ ᠪᠣᠯᠲᠠᠯ᠎ᠠ᠂ 3 ᠰᠠᠷ᠎ᠠ᠎ᠶ᠋ᠢᠨ ᠬᠠᠷᠠᠭᠠᠯᠵᠠᠯ᠎ᠤᠨ ᠬᠦᠯᠢᠶᠡᠬᠦ᠌ ᠬᠤᠭᠤᠴᠠᠭ᠎ᠠ᠎ᠲᠠᠢ᠂ ᠲᠠ ᠭᠡᠷ᠎ᠤᠨ᠎ᠢᠶᠠᠨ ᠬᠥᠮᠦᠰ᠎ᠲᠤ ᠴᠠᠭ ᠲᠤᠬᠠᠶ᠎ᠳᠤ ᠨᠢ ᠰᠦᠢᠳᠭᠡᠯ ᠲᠤᠱᠢᠶᠠᠬᠤ᠎ᠶ᠋ᠢ ᠰᠠᠨᠠᠭᠤᠯᠬᠤ 》᠂《 ᠵᠠᠯᠭ᠎ᠠ ᠪᠠᠷ ᠳᠠᠭᠠᠳᠭᠠᠯ᠎ᠳᠤ 4 ᠵᠢᠯ ᠳᠠᠭ᠋ᠠᠳᠬᠠᠯ᠎ᠳᠤ ᠣᠷᠣᠯᠴᠠᠬᠤ ᠮᠥᠷᠲᠡᠭᠡᠨ ᠲᠠᠩᠰᠠ ᠲᠠᠢᠯᠬᠤ ᠨᠢ ᠲᠡᠭ ᠪᠠᠢᠭ᠍ᠰᠠᠭᠠᠷ᠂ ᠬᠦᠨᠳᠦ ᠡᠪᠡᠳᠴᠢᠨ᠎ᠤ ᠳᠠᠭᠠᠳᠭᠠᠯ᠎ᠤᠨ ᠬᠢᠵᠠᠭᠠᠷ ᠲᠤᠭ᠎ᠠ ᠵᠢᠯ ᠳᠠᠷᠠᠭᠠᠯᠠᠨ 3000 ᠲᠥᠭᠦᠷᠢᠭ ᠨᠡᠮᠡᠭ᠌ᠳᠡᠨ᠎ᠡ᠂ ᠡᠨᠡ ᠪᠣᠯ ᠪᠢᠳᠡᠨ᠎ᠤ 〈 ᠡᠷᠡᠭᠦᠯ ᠴᠢᠭᠢᠷᠠᠭ ᠠᠮᠢᠳᠤᠷᠠᠯ 〉᠎ᠤᠨ ᠱᠠᠩᠨᠠᠯ ᠮᠥᠨ》᠁ ᠳᠥᠭᠦᠮ ᠣᠢᠯᠠᠭᠠᠮᠵᠢᠲᠠᠶ ᠲᠠᠢᠯᠤᠮᠵᠢ᠎ᠨᠢ ᠰᠠᠭᠤᠭᠠᠯᠢ ᠠᠷᠠᠳ᠎ᠲᠤ 2026 ᠣᠨ᠎ᠤ ᠡᠮᠴᠢᠯᠡᠭᠡᠨ᠎ᠤ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠲᠣᠳᠣᠷᠬᠠᠶ ᠲᠠᠨᠢᠭᠤᠯᠤᠭ᠍ᠰᠠᠨ ᠪᠥᠭᠡᠳ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠴᠢᠯᠡᠭᠡᠨ᠎ᠤ 《 ᠬᠠᠯᠠᠮᠱᠢᠯ 》 ᠪᠠ 《 ᠳᠤᠯᠠᠭᠠᠴᠠ 》 ᠶ᠋ᠢ ᠦᠨᠡᠨ ᠬᠦ᠌ ᠮᠡᠳᠡᠷᠡᠭᠦᠯᠪᠡ᠃

ᠪᠦᠷᠢᠳᠭᠡᠯ᠎ᠢ ᠦᠨᠳᠦᠰᠦᠯᠡᠪᠡᠯ᠂ ᠲᠣᠰ ᠤᠳᠠᠭᠠᠨ᠎ᠤ ᠠᠵᠢᠯᠯᠠᠭ᠎ᠠ᠎ᠳᠤ ᠤᠬᠠᠭᠤᠯᠭ᠎ᠠ᠎ᠶ᠋ᠢᠨ ᠭᠠᠷ ᠳᠡᠪᠲᠡᠷ᠂ ᠨᠤᠭᠤᠯᠤᠨ ᠪᠣᠳᠣᠬᠤ ᠬᠠᠭᠤᠳᠠᠰᠤ᠂ ᠤᠬᠠᠭᠤᠯᠭ᠎ᠠ᠎ᠶ᠋ᠢᠨ ᠮᠠᠲ᠋ᠧᠷᠢᠶᠠᠯ ᠨᠡᠢᠲᠡ 900 ᠭᠠᠷᠤᠶ ᠬᠤᠪᠢ ᠲᠠᠷᠬᠠᠭᠠᠵᠤ᠂ ᠰᠠᠭᠤᠭᠠᠯᠢ ᠠᠷᠠᠳ᠎ᠤᠨ ᠠᠰᠠᠭᠤᠨ ᠯᠠᠪᠯᠠᠯᠲᠠ᠎ᠳᠤ 120 ᠭᠠᠷᠤᠶ ᠬᠥᠮᠦᠨ ᠤᠳᠠᠭ᠎ᠠ ᠬᠠᠷᠢᠭᠤᠯᠲᠠ ᠥᠭ᠌ᠴᠦ᠂ 12 ᠨᠠᠰᠤᠲᠠᠢᠴᠤᠳ᠎ᠤᠨ ᠰᠠᠭᠤᠭᠠᠯᠢ ᠠᠷᠠᠳ᠎ᠤᠨ ᠰᠦᠯᠵᠢᠶᠡᠨ ᠳᠡᠭᠡᠷ᠎ᠡ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠬᠤ᠎ᠶ᠋ᠢ ᠪᠡᠶᠡᠯᠡᠭᠦᠯᠪᠡ᠃ ᠲᠠᠷᠠᠭᠠᠴᠢ᠎ᠶ᠋ᠢᠨ ᠠᠯᠬᠤᠮ᠎ᠳᠤ᠂ ᠨᠡᠢᠭᠡᠮ ᠲᠣᠭᠤᠷᠢᠭ᠎ᠤᠨ᠎ᠬᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠲᠠᠢ ᠬᠠᠮᠵᠢᠯᠴᠠᠨ ᠳᠠᠭᠠᠳᠭᠠᠯ᠎ᠳᠤ ᠣᠷᠣᠯᠴᠠᠭ᠍ᠰᠠᠨ ᠥᠬᠡᠶ ᠰᠠᠭᠤᠭᠠᠯᠢ ᠠᠷᠠᠳ᠎ᠤᠨ ᠰᠦᠢᠳᠭᠡᠯ ᠲᠤᠱᠢᠶᠠᠬᠤ ᠰᠠᠨᠠᠭᠤᠯᠭ᠎ᠠ᠎ᠶ᠋ᠢ ᠳᠠᠭᠠᠵᠤ᠂ ᠡᠮᠴᠢᠯᠡᠭᠡᠨ᠎ᠤ ᠳᠠᠭᠠᠳᠭᠠᠯ᠎ᠤᠨ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠬᠡᠷ ᠪᠦᠯᠢ ᠨᠢᠭᠡᠪᠦᠷᠢ᠎ᠳᠤ ᠬᠡᠷᠡᠭ᠌ᠵᠢᠭᠦᠯᠦᠨ᠎ᠡ᠃