ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠠᠭᠠᠨᠬᠠᠳᠠ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ 2025 ᠣᠨ᠎ᠤ ᠪᠥᠬᠦ᠌ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠱᠢᠰᠲ᠋ᠧᠮ᠎ᠤᠨ ᠠᠯᠪᠠᠨ ᠪᠢᠴᠢᠭ ᠵᠣᠬᠢᠶᠠᠨ ᠪᠢᠴᠢᠬᠦ᠌ ᠪᠠ ᠮᠡᠳᠡᠭᠡ ᠵᠠᠩᠭᠢ᠎ᠶ᠋ᠢᠨ ᠤᠬᠠᠭᠤᠯᠭ᠎ᠠ᠎ᠶ᠋ᠢᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ
ᠨᠡᠶ᠋ᠢᠲᠡᠯᠡᠭᠰᠡᠨ ᠴᠠᠭ᠄ 2025-12-10

  ᠪᠥᠬᠦ᠌ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠱᠢᠰᠲ᠋ᠧᠮ᠎ᠤᠨ ᠠᠯᠪᠠᠨ ᠪᠢᠴᠢᠭ ᠱᠢᠢᠳᠪᠦᠷᠢᠯᠡᠬᠦ᠌ ᠵᠢᠷᠤᠮᠵᠢᠭᠤᠯᠤᠯᠲᠠ᠎ᠶ᠋ᠢᠨ ᠬᠢᠷᠢ ᠲᠦᠪᠱᠢᠨ ᠪᠠ ᠮᠡᠳᠡᠭᠡ ᠵᠠᠩᠭᠢ᠎ᠶ᠋ᠢᠨ ᠤᠬᠠᠭᠤᠯᠭ᠎ᠠ᠎ᠶ᠋ᠢᠨ ᠠᠵᠢᠯ᠎ᠤᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ 2025 ᠣᠨ᠎ᠤ 11 ᠳ᠋ᠦ᠍ᠭᠡᠷ ᠰᠠᠷ᠎ᠠ᠎ᠶ᠋ᠢᠨ 14 ᠎ᠤ ᠡᠳᠦᠷ᠂ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ 2025 ᠣᠨ᠎ᠤ ᠪᠥᠬᠦ᠌ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠱᠢᠰᠲ᠋ᠧᠮ᠎ᠤᠨ ᠠᠯᠪᠠᠨ ᠪᠢᠴᠢᠭ ᠵᠣᠬᠢᠶᠠᠨ ᠪᠢᠴᠢᠬᠦ᠌ ᠪᠠ ᠮᠡᠳᠡᠭᠡ ᠵᠠᠩᠭᠢ᠎ᠶ᠋ᠢᠨ ᠤᠬᠠᠭᠤᠯᠭ᠎ᠠ᠎ᠶ᠋ᠢᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ᠃ ᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂  ᠳᠡᠳ᠋ ᠲᠣᠪᠴᠢᠶᠠᠨ ᠳᠠᠷᠤᠭ᠎ᠠ  ᠴᠸᠩ᠎ᠶ᠋ᠢᠨ ᠢᠦᠶ ᠬᠣᠣᠰ ᠣᠢ᠌ᠯᠡᠳᠣᠯᠲᠣ ᠠᠩᠭᠢ ᠡᠬᠢᠯᠡᠬᠦ᠌ ᠶᠠᠷᠢᠶ᠎ᠠ ᠲᠠᠯᠪᠢᠪᠠ᠃

 

 

  ᠲᠣᠰ ᠤᠳᠠᠭᠠᠨ᠎ᠤ ᠪᠣᠯᠪᠠᠰᠣᠷᠠᠯ᠎ᠳᠤ ᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠶᠡᠷᠦᠩᠬᠡᠢᠯᠡᠭ᠌ᠰᠡᠨ ᠭᠤᠷᠪᠠᠨ ᠰᠠᠯᠠᠭᠠᠨ᠎ᠤ ᠳᠡᠳ᠋ ᠰᠠᠯᠠᠭᠠᠨ ᠳᠠᠷᠤᠭ᠎ᠠ ᠰᠠᠩ ᠶᠠᠨ᠂ ᠨᠠᠷᠢᠨ ᠪᠢᠴᠢᠭᠡᠴᠢ᠎ᠶ᠋ᠢᠨ ᠬᠤᠶᠠᠳᠤᠭᠠᠷ ᠰᠠᠯᠠᠭᠠᠨ᠎ᠤ ᠺᠠᠳ᠋ᠷ ᠶᠠᠨ ᠢᠦᠶ᠎ᠶ᠋ᠢ ᠤᠷᠢᠵᠤ᠂ ᠱᠢᠨ᠎ᠡ ᠪᠠᠢᠳᠠᠯ᠎ᠤᠨ ᠳᠣᠣᠷ᠎ᠠ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ᠎ᠶ᠋ᠢᠨ ᠠᠵᠢᠯ᠎ᠢ ᠬᠡᠷᠬᠢᠨ ᠰᠠᠢᠲᠤᠷ ᠬᠢᠬᠦ᠂ 《 ᠨᠠᠮ ᠵᠠᠰᠠᠭ᠎ᠤᠨ ᠪᠠᠢᠭᠤᠯᠭ᠎ᠠ᠎ᠶ᠋ᠢᠨ ᠠᠯᠪᠠᠨ ᠪᠢᠴᠢᠭ ᠱᠢᠢᠳᠪᠦᠷᠢᠯᠡᠬᠦ᠌ ᠠᠵᠢᠯ᠎ᠤᠨ ᠳᠦᠷᠢᠮ 》᠎ᠢ ᠨᠠᠢᠳᠠᠪᠤᠷᠢᠵᠢᠭᠤᠯᠬᠤ᠂ ᠪᠦᠬᠦ᠌ ᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠱᠢᠰᠲ᠋ᠧᠮ᠎ᠤᠨ ᠠᠯᠪᠠᠨ ᠪᠢᠴᠢᠭ ᠪᠢᠴᠢᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠡᠷᠭᠡ ᠠᠭᠤᠯᠭ᠎ᠠ᠎ᠶ᠋ᠢᠨ ᠲᠣᠭᠤᠷᠢᠨ᠎ᠳᠤ ᠲᠤᠰᠭᠠᠶ ᠰᠡᠳᠦᠪ᠎ᠢᠶᠠᠷ ᠬᠢᠴᠢᠶᠡᠯᠯᠡᠭᠦᠯᠪᠡ᠃

  ᠪᠣᠯᠪᠠᠰᠣᠷᠠᠯ ᠎ᠳᠤ ᠣᠷᠣᠯᠴᠠᠭ᠍ᠰᠠᠳ᠎ᠠᠴᠠ᠂ ᠬᠢᠴᠢᠶᠡᠯᠯᠡᠬᠦ᠌ ᠠᠭᠤᠯᠭ᠎ᠠ᠎ᠨᠢ ᠣᠨᠣᠯ᠎ᠤᠨ ᠭᠦᠨᠴᠡ ᠪᠠ ᠦᠢᠯᠡᠳᠦᠯᠭᠡ᠎ᠶ᠋ᠢᠨ ᠵᠢᠯᠣᠭᠤᠳᠭᠤ ᠴᠢᠨᠠᠷ᠎ᠲᠠᠢ ᠪᠠᠢᠵᠤ᠂ ᠠᠵᠢᠯ᠎ᠤᠨ ᠰᠡᠳᠭᠢᠮᠵᠢ᠎ᠶ᠋ᠢ ᠪᠦᠲᠦᠮᠵᠢᠲᠡᠶ ᠬᠠᠪᠰᠤᠷᠤᠨ ᠲᠣᠳᠣᠷᠬᠠᠢᠯᠠᠵᠤ᠂ ᠪᠣᠳᠠᠲᠠᠶ ᠬᠢᠬᠦ᠌ ᠤᠷ᠎ᠠ ᠮᠡᠷᠭᠡᠵᠢᠯ᠎ᠢ ᠡᠵᠡᠮᠱᠢᠵᠦ᠍᠂ ᠠᠯᠪᠠᠨ ᠪᠢᠴᠢᠭ ᠪᠢᠴᠢᠬᠦ᠌ ᠴᠢᠳᠠᠪᠤᠷᠢ ᠪᠠ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ᠎ᠶ᠋ᠢ ᠨᠠᠢᠷᠠᠭᠤᠯᠤᠨ ᠪᠢᠴᠢᠬᠦ᠌ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠦᠨ᠎ᠡ ᠭᠡᠵᠦ ᠢᠯᠡᠳᠭᠡᠪᠡ᠃ ᠳᠠᠷᠠᠭᠠᠴᠢ᠎ᠶ᠋ᠢᠨ ᠠᠯᠬᠤᠮ᠎ᠳᠤ ᠰᠣᠷᠣᠭ᠍ᠰᠠᠨ ᠤᠨᠤᠯ᠎ᠤᠨ ᠮᠡᠳᠡᠯᠭᠡ᠂ ᠪᠣᠳᠠᠲᠠᠢ ᠪᠣᠯᠪᠠᠰᠤᠷᠠᠯ᠎ᠤᠨ ᠤᠷ᠎ᠠ ᠮᠡᠷᠭᠡᠵᠢᠯ᠎ᠢ ᠡᠳᠦᠷ ᠳᠤᠳᠤᠮ᠎ᠤᠨ ᠠᠵᠢᠯ᠎ᠳᠦ᠎ᠪᠡᠨ ᠠᠭᠤᠰᠤᠯᠴᠠᠭᠤᠯᠵᠤ᠂ ᠠᠵᠢᠯ᠎ᠤᠨ ᠪᠠᠢᠷᠢ᠎ᠶ᠋ᠢᠨ ᠡᠭᠦᠷᠭᠡ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠤᠨ ᠱᠢᠷᠭᠠᠭᠤ ᠰᠤᠷᠤᠯᠴᠠᠵᠤ᠂ ᠢᠯᠡᠭᠦᠬᠡᠨ ᠦᠢᠯᠡᠳᠦᠯᠭᠡᠵᠢᠭᠦᠯᠬᠦ᠌ ᠬᠡᠷᠡᠭ᠌ᠲᠡᠢ᠃ ᠠᠯᠪᠠᠨ ᠪᠢᠴᠢᠭ ᠪᠢᠴᠢᠬᠦ᠌ ᠪᠠ ᠮᠡᠳᠡᠭᠡ ᠵᠠᠩᠭᠢ᠎ᠶ᠋ᠢᠨ ᠤᠬᠠᠭᠤᠯᠭ᠎ᠠ᠎ᠶ᠋ᠢᠨ ᠠᠵᠢᠯ᠎ᠢ ᠡᠮᠴᠢᠯᠡᠭᠡᠨ᠎ᠤ ᠳᠠᠭᠠᠳᠭᠠᠯ᠎ᠤᠨ ᠭᠤᠤᠯᠳᠠᠯᠭ᠎ᠠ᠎ᠲᠠᠢ ᠡᠭᠦᠷᠭᠡ᠎ᠶ᠋ᠢ ᠨᠠᠢᠳᠠᠪᠤᠷᠢᠵᠢᠭᠤᠯᠬᠤ ᠪᠥᠬᠦ᠌ ᠶᠠᠪᠤᠴᠠ᠎ᠳᠤ ᠭᠦᠨᠵᠡᠭᠡᠶ ᠠᠭᠤᠰᠤᠯᠴᠠᠭᠤᠯᠵᠤ᠂ ᠴᠢᠨᠠᠷ ᠰᠠᠢᠲᠠᠶ ᠡᠬᠡ ᠪᠢᠴᠢᠭ᠎ᠢᠶᠠᠷ ᠳᠠᠮᠵᠢᠭᠤᠯᠤᠨ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭ᠌ᠲᠡᠶ᠃ ᠠᠯᠪᠠᠨ ᠪᠢᠴᠢᠭ᠎ᠤᠨ ᠤᠯᠤᠰ ᠲᠥᠷᠥ᠎ᠶ᠋ᠢᠨ ᠱᠢᠨᠵᠢ ᠴᠢᠨᠠᠷ ᠪᠠ ᠣᠨᠣᠪᠴᠢᠲᠠᠶ ᠱᠠᠭᠠᠷᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠠᠯᠪᠠᠨ ᠪᠢᠴᠢᠭ᠎ᠢ ᠲᠤᠭᠤᠷᠪᠢᠬᠤ᠂ ᠬᠢᠨᠠᠨ ᠬᠠᠷᠭᠤᠭᠤᠯᠬᠤ᠂ ᠳᠠᠷᠤᠮᠠᠯᠯᠠᠨ ᠲᠠᠷᠬᠠᠭᠠᠬᠤ ᠪᠥᠬᠦ᠌ ᠶᠠᠪᠤᠴᠠ᠎ᠶ᠋ᠢᠨ ᠬᠠᠮᠢᠶᠠᠷᠤᠯᠲᠠ᠎ᠶ᠋ᠢᠨ ᠲᠣᠭ᠍ᠲᠠᠭᠠᠯ᠎ᠢ ᠴᠢᠩᠭ᠎ᠠ ᠵᠢᠷᠤᠮᠯᠠᠵᠤ᠂ ᠴᠢᠩᠭ᠎ᠠ ᠨᠢᠮᠪᠠᠶ ᠪᠣᠳᠠᠲᠠᠶ᠎ᠶ᠋ᠢ ᠡᠷᠬᠢᠮᠯᠡᠬᠦ᠌ ᠠᠵᠢᠯ᠎ᠤᠨ ᠰᠤᠷᠲᠠᠯ᠂ ᠯᠠᠪᠳᠠᠭᠤᠨ ᠪᠠᠲᠤᠲᠠᠶ ᠴᠠᠭᠠᠷᠠᠭ᠍ᠰᠠᠨ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠪᠠᠷ ᠪᠥᠬᠦ᠌ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠱᠢᠰᠲ᠋ᠧᠮ᠎ᠤᠨ ᠰᠠᠢᠨ ᠰᠠᠢᠬᠠᠨ ᠳᠦᠷᠢ ᠲᠥᠷᠬᠦ᠌᠎ᠶ᠋ᠢ ᠪᠣᠶ ᠪᠣᠯᠭᠠᠬᠤ ᠬᠡᠷᠡᠭ᠌ᠲᠡᠶ᠃

 

 

  ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠪᠠᠢᠭᠤᠯᠭ᠎ᠠ ᠵᠢᠴᠢ ᠬᠠᠷᠢᠶ᠎ᠠ ᠨᠢᠭᠡᠴᠢ᠎ᠶ᠋ᠢᠨ ᠠᠵᠢᠯᠲᠠᠨ᠂ ᠡᠯ᠎ᠡ ᠬᠤᠱᠢᠭᠤ ᠱᠢᠶᠠᠨ ᠲᠣᠭᠤᠷᠢᠭ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠬᠤᠪᠢᠳᠠᠨ ᠬᠠᠮᠢᠶᠠᠷᠬᠤ ᠳᠠᠷᠤᠭ᠎ᠠ᠂ ᠠᠯᠪᠠᠨ ᠬᠡᠷ᠎ᠤᠨ ᠡᠷᠬᠢᠯᠡᠭ᠌ᠴᠢ ᠵᠢᠴᠢ ᠮᠡᠳᠡᠭᠡ ᠵᠠᠩᠭᠢ᠎ᠶ᠋ᠢᠨ ᠤᠬᠠᠭᠤᠯᠭ᠎ᠠ᠎ᠶ᠋ᠢᠨ ᠠᠵᠢᠯ᠎ᠤᠨ ᠬᠠᠮᠢᠶ᠎ᠠ ᠪᠥᠬᠦᠶ ᠠᠵᠢᠯᠲᠠᠨ ᠨᠡᠢᠲᠡ 120 ᠭᠠᠷᠤᠶ ᠬᠥᠮᠦᠨ ᠲᠣᠰ ᠤᠳᠠᠭᠠᠨ᠎ᠤ ᠪᠣᠯᠪᠠᠰᠣᠷᠠᠯ᠎ᠳᠤ ᠣᠷᠣᠯᠴᠠᠵᠠᠶ᠃

ᠢᠷᠡᠯᠲᠡ᠄ ᠤᠯᠠᠭᠠᠨᠬᠠᠳᠠ ᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            