2025 ᠣᠨ᠎ᠤ 10 ᠳ᠋ᠤᠭ᠋ᠠᠷ ᠰᠠᠷ᠎ᠠ᠎ᠶ᠋ᠢᠨ 31 ᠤ ᠡᠳᠦᠷ᠂ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶ᠎ᠠ 2025 ᠣᠨ᠎ᠤ ᠡᠮᠴᠢᠯᠡᠭᠡᠨ᠎ᠦ ᠳᠠᠭᠠᠳᠭᠠᠯ᠎ᠤᠨ ᠲᠥᠯᠥᠪᠵᠢᠭᠦᠯᠭᠡ ᠪᠠ ᠰᠠᠭᠤᠷᠢ ᠮᠥᠩᠭᠦ᠎ᠶ᠋ᠢᠨ ᠬᠠᠮᠢᠶᠠᠷᠤᠯᠲᠠ᠎ᠶ᠋ᠢᠨ ᠪᠣᠯᠪᠠᠰᠤᠷᠠᠯ᠎ᠤᠨ ᠠᠩᠭᠢ᠎ᠶ᠋ᠢ ᠡᠷᠭᠢᠯᠡᠵᠦ᠍᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ ᠵᠢᠴᠢ ᠱᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠡᠮᠴᠢᠯᠡᠭᠡᠨ᠎ᠦ ᠳᠠᠭᠠᠳᠭᠠᠯ᠎ᠤᠨ ᠲᠤᠪᠴᠢᠶ᠎ᠠ᠎ᠶᠢᠨ ᠬᠤᠯᠪᠣᠭ᠍ᠳᠠᠯ ᠪᠥᠬᠦᠶ ᠨᠥᠬᠦᠳ ᠸᠢᠳᠢᠤ᠋᠎ᠶ᠋ᠢᠨ ᠬᠡᠯᠪᠡᠷᠢ᠎ᠪᠠᠷ ᠪᠣᠯᠪᠠᠰᠤᠷᠠᠯ᠎ᠳᠤ ᠣᠷᠣᠯᠴᠠᠪᠠ᠃ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠤᠪᠴᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠬᠤᠸᠠᠩ ᠬᠤᠸᠠ ᠪᠥᠸᠧ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠪᠣᠯᠪᠠᠰᠤᠷᠠᠯ᠎ᠤᠨ ᠠᠩᠭᠢ᠎ᠨᠢ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢᠨ ᠲᠣᠭᠤᠷᠢᠨ᠎ᠳᠤ ᠪᠥᠬᠦ᠌ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ 《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠪᠠ ᠰᠠᠭᠤᠷᠢ ᠮᠥᠩᠭᠦᠨ᠎ᠤ ᠠᠵᠢᠯᠯᠠᠭᠠᠨ᠎ᠤ ᠬᠠᠮᠢᠶᠠᠷᠤᠯᠲᠠ᠎ᠶ᠋ᠢ ᠴᠢᠩᠭᠠᠳᠭᠠᠬᠤ ᠪᠣᠯᠪᠠᠰᠤᠷᠠᠯ ᠥᠷᠨᠢᠭᠦᠯᠪᠡ᠃ ᠪᠦᠬᠦ᠌ ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠱᠢᠰᠲ᠋ᠧᠮ᠎ᠤᠨ᠎ᠬᠢᠨ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠰᠤᠷᠤᠯᠴᠠᠵᠤ᠂ ᠪᠦᠬᠦ᠌ ᠲᠠᠯ᠎ᠠ᠎ᠪᠠᠷ ᠡᠵᠡᠮᠳᠡᠵᠦ᠍᠂ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠡᠮᠴᠢᠯᠡᠭᠡᠨ᠎ᠦ ᠳᠠᠭᠠᠳᠭᠠᠯ᠎ᠤᠨ ᠠᠵᠢᠯ᠎ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠢ ᠤᠶᠠᠯᠳᠤᠭᠤᠯᠵᠤ᠂ ᠪᠦᠬᠦ᠌ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ 《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠥᠪᠵᠢᠭᠦᠯᠭᠡ᠎ᠶ᠋ᠢ ᠴᠢᠨᠠᠷ ᠰᠠᠢᠲᠠᠢ ᠨᠠᠢᠷᠠᠭᠤᠯᠤᠨ ᠵᠣᠬᠢᠶᠠᠬᠤ ᠪᠠ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠬᠤ᠎ᠲᠠᠢ ᠤᠶᠠᠯᠳᠤᠭᠤᠯᠵᠤ᠂ ᠪᠦᠬᠦᠳᠡ ᠬᠤᠷᠠᠯ᠎ᠤᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠵᠤ᠂ 《ᠵᠢᠷᠭᠤᠭ᠎ᠠ᠎ᠶ᠋ᠢ ᠪᠠᠷᠢᠮᠲᠠᠯᠠᠬᠤ》 ᠪᠠᠷ ᠦᠨᠳᠦᠰᠦᠨ ᠵᠢᠷᠤᠮᠯᠠᠯ ᠪᠣᠯᠭᠠᠵᠤ᠂ ᠡᠮᠴᠢᠯᠡᠭᠡᠨ᠎ᠦ ᠳᠠᠭᠠᠳᠭᠠᠯ᠎ᠤᠨ ᠬᠦᠷᠢᠶᠡᠨ᠎ᠤ ᠭᠤᠣᠯᠳᠠᠯᠭ᠎ᠠ᠎ᠲᠠᠢ ᠡᠭᠦᠷᠭᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃