ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠤᠰᠭᠠᠶ ᠮᠡᠷᠭᠡᠵᠢᠯᠲᠡᠨ ᠠᠷᠭ᠎ᠠ ᠤᠬᠠᠭᠠᠨ ᠭᠠᠷᠭᠠᠵᠤ᠂《ᠡᠮ᠎ᠤᠨ ᠵᠦᠢᠯ᠎ᠤᠨ ᠦᠨᠡᠨ ᠪᠣᠳᠠᠲᠠᠶ ᠳᠡᠯᠡᠬᠡᠶ᠎ᠶ᠋ᠢᠨ ᠡᠮᠴᠢᠯᠡᠭᠡᠨ᠎ᠦ ᠳᠠᠭᠠᠳᠭᠠᠯ᠎ᠤᠨ ᠶᠡᠷᠦᠩᠬᠡᠢᠯᠡᠭ᠌ᠰᠡᠨ ᠥᠷᠲᠡᠭ᠎ᠤᠨ ᠦᠨᠡᠯᠡᠯᠲᠡ᠎ᠶ᠋ᠢᠨ ᠬᠠᠮᠢᠶᠠᠷᠤᠯᠲᠠ᠎ᠶ᠋ᠢᠨ ᠵᠦᠭ᠌ᠯᠡᠭᠦᠷ (ᠰᠠᠨᠠᠯ ᠬᠤᠷᠢᠶᠠᠬᠤ ᠨᠣᠤᠷᠠᠭ)》᠎ᠢ ᠲᠡᠭᠦᠯᠳᠡᠷᠵᠢᠭᠦᠯᠪᠡ
ᠨᠡᠶ᠋ᠢᠲᠡᠯᠡᠭᠰᠡᠨ ᠴᠠᠭ᠄ 2025-11-03

  ᠣᠢᠷ᠎ᠠ᠎ᠶ᠋ᠢᠨ ᠬᠤᠭᠤᠴᠠᠭᠠᠨ᠎ᠳᠤ᠂ ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠲᠣᠪᠴᠢᠶ᠎ᠠ᠎ᠶ᠋ᠢᠨ ᠡᠮ ᠡᠮᠨᠡᠯᠭᠡ᠎ᠶ᠋ᠢᠨ ᠦᠨ᠎ᠡ ᠬᠠᠩᠰᠢ ᠪᠠ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ᠎ᠶ᠋ᠢ ᠵᠢᠯᠣᠭᠤᠳᠭᠤ ᠲᠥᠪ 《ᠡᠮ᠎ᠤᠨ ᠵᠦᠢᠯ᠎ᠤᠨ ᠦᠨᠡᠨ ᠪᠣᠳᠠᠲᠠᠶ ᠳᠡᠯᠡᠬᠡᠶ᠎ᠶ᠋ᠢᠨ ᠡᠮᠴᠢᠯᠡᠭᠡᠨ᠎ᠦ ᠳᠠᠭᠠᠳᠭᠠᠯ᠎ᠤᠨ ᠶᠡᠷᠦᠩᠬᠡᠢᠯᠡᠭ᠌ᠰᠡᠨ ᠥᠷᠲᠡᠭ᠎ᠤᠨ ᠦᠨᠡᠯᠡᠯᠲᠡ᠎ᠶ᠋ᠢᠨ ᠬᠠᠮᠢᠶᠠᠷᠤᠯᠲᠠ᠎ᠶ᠋ᠢᠨ ᠵᠦᠭ᠌ᠯᠡᠭᠦᠷ (ᠰᠠᠨᠠᠯ ᠬᠤᠷᠢᠶᠠᠬᠤ ᠨᠣᠤᠷᠠᠭ)》 ᠎ᠢ ᠲᠤᠭᠤᠷᠪᠢᠬᠤ᠎ᠶ᠋ᠢᠨ ᠬᠠᠮᠲᠤ ᠶᠡᠭᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠂ ᠡᠮᠴᠢᠯᠡᠭᠡᠨ᠎ᠤ ᠪᠠᠢᠭᠤᠯᠤᠮᠵᠢ᠎ᠶ᠋ᠢᠨ 20 ᠱᠢᠬᠠᠮ ᠨᠡᠷ᠎ᠡ ᠬᠦᠨᠳᠦᠲᠦ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠵᠤ᠂ ᠵᠦᠭ᠌ᠯᠡᠭᠦᠷ᠎ᠤᠨ ᠲᠣᠭᠤᠷᠢᠨ᠎ᠳᠤ ᠭᠦᠨᠵᠡᠭᠡᠶ ᠰᠣᠯᠢᠯᠴᠠᠪᠠ᠃

  ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠰᠠᠨᠠᠯ ᠨᠢᠭᠡᠲᠡᠶ ᠢᠯᠡᠷᠬᠡᠢᠯᠡᠬᠦ᠌᠎ᠳᠦ᠎ᠪᠡᠨ᠂ 《ᠵᠦᠭ᠌ᠯᠡᠭᠦᠷ》᠎ᠨᠢ 《ᠡᠮᠴᠢᠯᠡᠭᠡᠨ᠎ᠤ ᠳᠠᠭᠠᠳᠭᠠᠯ ᠰᠢᠨ᠎ᠡ᠎ᠶᠢ ᠡᠭᠦᠳᠬᠦ᠎ᠶᠢ ᠳᠡᠮᠵᠢᠬᠦ᠂ ᠵᠢᠩᠬᠢᠨᠢ ᠰᠢᠨ᠎ᠡ᠎ᠶᠢ ᠡᠭᠦᠳᠬᠦ᠎ᠶᠢ ᠳᠡᠮᠵᠢᠬᠦ᠂ ᠵᠦᠷᠢᠶᠡᠴᠢᠯᠡᠭᠰᠡᠨ ᠰᠢᠨ᠎ᠡ᠎ᠶᠢ ᠡᠭᠦᠳᠬᠦ᠎ᠶᠢ ᠳᠡᠮᠵᠢᠬᠦ》 ᠢᠳᠡᠪᠬᠢᠲᠡᠶ ᠳᠣᠬᠢᠶ᠎ᠠ᠎ᠶ᠋ᠢ ᠭᠦᠢᠴᠡᠳ ᠢᠯᠡᠷᠡᠭᠦᠯᠵᠦ᠍᠂ ᠦᠨᠡᠨ ᠪᠣᠳᠠᠲᠠᠶ ᠳᠡᠯᠡᠬᠡᠶ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠶᠡᠷᠦᠩᠬᠡᠢᠯᠡᠭ᠌ᠰᠡᠨ ᠥᠷᠲᠡᠭ᠎ᠤᠨ ᠦᠨᠡᠯᠡᠯᠲᠡ᠎ᠶ᠋ᠢ ᠥᠷᠨᠢᠭᠦᠯᠬᠦ᠌᠎ᠨᠢ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠬᠤᠳᠠᠯᠳᠤᠨ ᠠᠪᠬᠤ᠂ ᠦᠨ᠎ᠡ ᠥᠷᠲᠡᠭ᠎ᠢᠶᠠᠷ ᠬᠤᠳᠠᠯᠳᠤᠨ ᠠᠪᠬᠤ ᠪᠠ ᠡᠮᠴᠢᠯᠡᠭᠡᠨ᠎ᠤ ᠳᠠᠭᠠᠳᠭᠠᠯ᠎ᠤᠨ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠠᠱᠢᠭ᠍ᠯᠠᠬᠤ᠎ᠶ᠋ᠢ ᠤᠯᠠᠮ ᠨᠢᠭᠡ ᠠᠯᠬᠤᠮ ᠠᠬᠢᠭᠤᠯᠵᠤ᠂ ᠡᠭᠦᠨ᠎ᠤ ᠤᠯᠠᠮ᠎ᠢᠶᠠᠷ ᠡᠮ ᠡᠮᠨᠡᠯᠭᠡ᠎ᠶ᠋ᠢᠨ ᠠᠵᠢᠯ ᠲᠥᠷᠥᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠥᠯᠭᠢᠨ ᠠᠬᠢᠭᠤᠯᠵᠤ᠂ ᠥᠷᠭᠡᠨ ᠣᠯᠠᠨ ᠠᠷᠠᠳ ᠲᠦᠮᠡᠨ᠎ᠤ ᠡᠷᠡᠭᠦᠯ ᠮᠡᠨᠳᠦ᠍᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠩ ᠰᠠᠢᠲᠤᠷ ᠬᠠᠩᠭᠠᠵᠤ ᠪᠣᠯᠤᠨ᠎ᠠ ᠭᠡᠵᠡᠶ᠃ ᠲᠥᠯᠥᠭᠡᠯᠡᠭ᠌ᠴᠢᠳ᠂ ᠭᠠᠷᠴᠠᠭ᠎ᠢᠶᠠᠷ ᠵᠥᠪᠱᠢᠶᠡᠷᠡᠨ ᠣᠷᠣᠭᠤᠯᠬᠤ᠎ᠶ᠋ᠢ ᠤᠯᠠᠮ ᠨᠢᠭᠡ ᠠᠯᠬᠤᠮ ᠭᠤᠣᠯᠳᠠᠭᠤᠯᠵᠤ᠂ ᠭᠠᠷᠴᠠᠭ᠎ᠤᠨ ᠳᠣᠲᠣᠷᠠᠬᠢ ᠡᠮ᠎ᠤᠨ ᠵᠦᠢᠯ᠎ᠤᠨ ᠬᠠᠮᠢᠶᠠᠷᠤᠯᠲᠠ ᠪᠣᠯᠤᠨ ᠲᠤᠬᠢᠷᠠᠭᠤᠯᠤᠯᠳᠠ᠎ᠶ᠋ᠢ ᠥᠷᠨᠢᠭᠦᠯᠵᠦ᠍᠂ ᠨᠡᠩ ᠬᠠᠨᠳᠤᠯᠭᠠᠲᠤ ᠴᠢᠨᠠᠷᠲᠠᠢ ᠰᠤᠳᠤᠯᠭᠠᠨ᠎ᠢ ᠥᠷᠨᠢᠭᠦᠯᠵᠦ᠍᠂ ᠡᠮᠴᠢᠯᠡᠭᠡᠨ᠎ᠦ ᠳᠠᠭᠠᠳᠭᠠᠯ᠎ᠤᠨ ᠱᠢᠨᠵᠢᠯᠡᠬᠦ᠌ ᠤᠬᠠᠭᠠᠨᠴᠢᠯᠠᠯᠲᠠ᠎ᠶ᠋ᠢ ᠠᠬᠢᠭᠤᠯᠵᠤ᠂ ᠡᠮᠴᠢᠯᠡᠭᠡ ᠡᠮ ᠡᠮᠨᠡᠯᠭᠡ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ᠍ ᠰᠠᠨᠠᠭᠤᠯᠪᠠ᠃

  ᠬᠤᠷᠠᠯ ᠳᠡᠭᠡᠷ᠎ᠡ᠂ ᠲᠥᠯᠥᠭᠡᠯᠡᠭ᠌ᠴᠢᠳ ᠲᠣᠰ ᠪᠡᠶ᠎ᠡ᠎ᠶ᠋ᠢᠨ ᠲᠤᠰᠭᠠᠶ ᠮᠡᠷᠭᠡᠵᠢᠯ᠎ᠲᠠᠢ᠎ᠪᠠᠨ ᠤᠶᠠᠯᠳᠤᠭᠤᠯᠤᠨ᠂ 《ᠶᠠᠭᠤᠨ᠎ᠳᠤ ᠦᠨᠡᠯᠡᠬᠦ᠌》᠂ 《ᠬᠡᠨ ᠬᠡᠷᠬᠢᠨ ᠦᠨᠡᠯᠡᠬᠦ᠌》᠂ 《ᠬᠡᠷᠬᠢᠨ ᠦᠨᠡᠯᠡᠬᠦ᠌》᠂ 《ᠦᠷ᠎ᠡ ᠳ᠋ᠦᠩ᠎ᠢ ᠢᠯᠡᠷᠡᠭᠦᠯᠬᠦ᠌》᠂ 《ᠬᠡᠷᠡᠭ᠌ᠯᠡᠵᠦ᠍ ᠬᠤᠪᠢᠷᠠᠭᠤᠯᠬᠤ》 ᠵᠡᠷᠭᠡ ᠲᠠᠯ᠎ᠠ᠎ᠠᠴᠠ ᠡᠯᠪᠡᠭ ᠪᠠᠶᠠᠯᠢᠭ ᠰᠠᠨᠠᠯ ᠰᠠᠨᠠᠭᠤᠯᠭ᠎ᠠ ᠳᠤᠷᠠᠳᠤᠭ᠍ᠰᠠᠨ ᠪᠥᠭᠡᠳ ᠪᠠᠰᠠ 《ᠳ᠋ᠡᠢ᠌ᠲ᠋ᠠ᠎ᠶ᠋ᠢᠨ ᠢᠷᠡᠯᠲᠡ》᠂ 《ᠳ᠋ᠡᠢ᠌ᠲ᠋ᠠ᠎ᠶ᠋ᠢᠨ ᠵᠠᠰᠠᠯᠲᠠ》᠂ 《ᠳ᠋ᠡᠢ᠌ᠲ᠋ᠠ᠎ᠶ᠋ᠢᠨ ᠲᠥᠰᠦᠯ᠎ᠤᠨ ᠰᠣᠩᠭᠤᠯᠲᠠ》 ᠵᠡᠷᠭᠡ ᠲᠠᠯ᠎ᠠ᠎ᠪᠠᠷ ᠡᠷᠬᠢᠮ ᠨᠠᠨᠳᠢᠨ ᠦᠢᠯᠡᠳᠦᠯᠭᠡ᠎ᠶ᠋ᠢᠨ ᠲᠤᠷᠱᠢᠯᠭ᠎ᠠ ᠬᠠᠩᠭᠠᠭ᠍ᠰᠠᠨ ᠪᠠᠢᠨ᠎ᠠ᠃

  ᠲᠠᠷᠠᠭᠠᠴᠢ᠎ᠶ᠋ᠢᠨ ᠠᠯᠬᠤᠮ᠎ᠳᠤ᠂ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ᠎ᠶ᠋ᠢᠨ ᠡᠮ ᠡᠮᠨᠡᠯᠭᠡ᠎ᠶ᠋ᠢᠨ ᠦᠨ᠎ᠡ ᠬᠠᠩᠰᠢ ᠪᠠ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠎ᠶ᠋ᠢ ᠵᠢᠯᠣᠭᠤᠳᠭᠤ ᠲᠥᠪ᠎ᠠᠴᠠ ᠬᠠᠮᠢᠶ᠎ᠠ ᠪᠥᠬᠦᠶ ᠵᠦᠭ᠌ᠯᠡᠭᠦᠷ᠎ᠤᠨ ᠰᠠᠨᠠᠯ ᠬᠤᠷᠢᠶᠠᠬᠤ ᠨᠣᠤᠷᠠᠭ᠎ᠢ ᠰᠣᠩᠭᠤᠨ ᠨᠡᠢᠲᠡᠯᠡᠵᠦ᠍᠂ ᠡᠯ᠎ᠡ ᠲᠠᠯ᠎ᠠ᠎ᠶ᠋ᠢᠨ᠎ᠬᠢᠨ᠎ᠤ ᠰᠠᠨᠠᠯ ᠰᠠᠨᠠᠭᠤᠯᠭ᠎ᠠ᠎ᠶ᠋ᠢ ᠭᠦᠢᠴᠡᠳ ᠱᠢᠩᠭᠡᠭᠡᠨ ᠠᠪᠴᠤ᠌᠂ ᠬᠠᠮᠢᠶ᠎ᠠ ᠪᠥᠬᠦᠶ ᠠᠭᠤᠯᠭ᠎ᠠ᠎ᠶ᠋ᠢ ᠦᠷᠭᠦᠯᠵᠢᠯᠡᠨ ᠲᠡᠭᠦᠯᠳᠡᠷᠵᠢᠭᠦᠯᠦᠨ᠎ᠡ᠃

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            