ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ 《ᠶᠢᠰᠦᠳᠦᠭᠡᠷ ᠲᠠᠪᠤᠨ ᠵᠢᠯ》 ᠎ᠤᠨ ᠬᠠᠤᠯᠢ ᠲᠦᠭᠡᠮᠡᠯᠵᠢᠭᠦᠯᠬᠦ᠌ ᠲᠥᠯᠥᠪᠵᠢᠭᠦᠯᠭᠡ᠎ᠶ᠋ᠢᠨ ᠰᠠᠨᠠᠯ ᠰᠠᠨᠠᠭᠤᠯᠭ᠎ᠠ᠎ᠶ᠋ᠢ ᠬᠤᠷᠢᠶᠠᠬᠤ ᠲᠤᠬᠠᠶ ᠠᠯᠪᠠᠨ ᠵᠠᠷ
ᠨᠡᠶ᠋ᠢᠲᠡᠯᠡᠭᠰᠡᠨ ᠴᠠᠭ᠄ 2025-10-01

  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ 《ᠶᠢᠰᠦᠳᠦᠭᠡᠷ ᠲᠠᠪᠤᠨ ᠵᠢᠯ》 ᠎ᠤᠨ ᠬᠠᠤᠯᠢ ᠲᠦᠭᠡᠮᠡᠯᠵᠢᠭᠦᠯᠬᠦ᠌ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠯᠡᠨ ᠨᠠᠢᠷᠠᠭᠤᠯᠤᠨ ᠵᠣᠬᠢᠶᠠᠵᠤ᠂ ᠨᠡᠢᠭᠡᠮ᠎ᠤᠨ ᠡᠯ᠎ᠡ ᠡᠲᠡᠭᠡᠳ᠎ᠤᠨ ᠰᠠᠨᠠᠯ ᠰᠠᠨᠠᠭᠤᠯᠭ᠎ᠠ᠎ᠶ᠋ᠢ ᠥᠷᠭᠡᠨ ᠳᠡᠯᠭᠡᠷ ᠭᠦᠨᠵᠡᠭᠡᠶ ᠬᠤᠷᠢᠶᠠᠬᠤ᠎ᠶ᠋ᠢᠨ ᠲᠥᠯᠥᠭᠡ᠂ ᠲᠣᠰ ᠡᠳᠦᠷ᠎ᠠᠴᠠ ᠡᠬᠢᠯᠡᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠪᠠᠢᠳᠠᠯ᠎ᠨᠢ ᠨᠡᠢᠭᠡᠮ᠎ᠤᠨ ᠡᠯ᠎ᠡ ᠡᠲᠡᠭᠡᠳ᠎ᠤᠨ᠎ᠬᠢᠨ᠎ᠳᠤ 《ᠶᠢᠰᠦᠳᠦᠭᠡᠷ ᠲᠠᠪᠤᠨ ᠵᠢᠯ》 ᠎ᠤᠨ ᠬᠠᠤᠯᠢ ᠲᠦᠭᠡᠮᠡᠯᠵᠢᠭᠦᠯᠬᠦ᠌ ᠲᠥᠯᠥᠪᠵᠢᠭᠦᠯᠭᠡ᠎ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠠᠵᠢᠯᠯᠠᠭ᠎ᠠ ᠥᠷᠨᠢᠭᠦᠯᠵᠦ᠍᠂ ᠥᠷᠭᠡᠨ ᠣᠯᠠᠨ ᠲᠦᠮᠡᠨ᠂ ᠬᠠᠮᠢᠶ᠎ᠠ ᠪᠥᠬᠦᠶ ᠨᠢᠭᠡᠴᠢ ᠵᠢᠴᠢ ᠨᠡᠢᠭᠡᠮ᠎ᠤᠨ ᠵᠣᠬᠢᠶᠠᠨ ᠪᠠᠢᠭᠤᠯᠤᠯᠲᠠ᠎ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠭᠤ᠎ᠶ᠋ᠢ ᠴᠢᠩ ᠰᠡᠳᠭᠢᠯ᠎ᠠᠴᠠ᠎ᠪᠠᠨ ᠪᠠᠶᠠᠷᠯᠠᠨ ᠤᠭ᠍ᠲᠤᠵᠤ ᠪᠠᠢᠨ᠎ᠠ᠃

  ᠬᠦᠯᠢᠶᠡᠨ ᠠᠪᠤᠭ᠍ᠰᠠᠨ ᠰᠠᠨᠠᠯ ᠪᠠ ᠰᠠᠨᠠᠭᠤᠯᠭ᠎ᠠ᠎ᠶ᠋ᠢ ᠪᠢᠳᠡ ᠨᠠᠷᠢᠨ ᠬᠢᠨᠠᠮᠠᠭᠠᠢ ᠰᠤᠳᠤᠯᠤᠨ ᠡᠮᠬᠢᠯᠡᠬᠦ᠌᠎ᠶ᠋ᠢᠨ ᠬᠠᠮᠲᠤ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠶᠠᠪᠤᠴᠠ᠎ᠳᠤ ᠵᠦᠢ ᠵᠣᠬᠢᠰᠲᠠᠢ ᠪᠥᠭᠡᠳ ᠵᠣᠬᠢᠰᠲᠠᠢ ᠱᠢᠩᠭᠡᠭᠡᠨ ᠠᠪᠤᠨ᠎ᠠ᠃ ᠡᠳᠦᠭᠡ ᠬᠤᠯᠪᠣᠭ᠍ᠳᠠᠯ ᠪᠦᠬᠦᠢ ᠤᠴᠢᠷ᠎ᠢ ᠳᠣᠣᠷᠠᠬᠢ ᠮᠡᠲᠦ ᠵᠠᠷᠯᠠᠶ᠎ᠠ᠄

  ᠨᠢᠭᠡ᠂ ᠰᠠᠨᠠᠯ᠎ᠤᠨ ᠲᠣᠪᠴᠢ

  1. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠠᠵᠢᠯ ᠣᠳᠣᠬᠠᠨ᠎ᠳᠤ ᠣᠷᠣᠱᠢᠵᠤ ᠪᠠᠢᠭ᠎ᠠ ᠳᠠᠪᠠᠭᠤᠯᠢᠭ ᠪᠠ ᠬᠦᠷᠦᠯᠴᠡᠬᠦ᠌ ᠥᠬᠡᠶ ᠲᠠᠯ᠎ᠠ; 《ᠶᠢᠰᠦᠳᠦᠭᠡᠷ ᠲᠠᠪᠤᠨ ᠵᠢᠯ》 ᠎ᠤᠨ ᠬᠠᠤᠯᠢ ᠲᠦᠭᠡᠮᠡᠯᠵᠢᠭᠦᠯᠬᠦ᠌ ᠲᠥᠯᠥᠪᠵᠢᠭᠦᠯᠭᠡ᠎ᠳᠤ ᠲᠣᠭ᠍ᠲᠠᠭᠠᠪᠠᠰᠤ ᠵᠣᠬᠢᠬᠤ ᠪᠣᠳᠠᠲᠠᠶ ᠬᠠᠷᠠᠯᠲᠠ᠃

  2. ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠡᠮᠴᠢᠯᠡᠭᠡᠨ᠎ᠤ ᠪᠠᠲᠤᠯᠠᠭ᠎ᠠ᠎ᠶ᠋ᠢᠨ ᠬᠦᠷᠢᠶᠡᠨ᠎ᠳᠠᠬᠢ ᠰᠤᠷᠤᠯᠴᠠᠨ ᠤᠬᠠᠭᠤᠯᠬᠤ ᠲᠠᠯ᠎ᠠ᠎ᠪᠠᠷ ᠤᠯᠠᠮ ᠨᠢᠭᠡ ᠠᠯᠬᠤᠮ ᠳᠣᠪᠤᠢᠯᠭᠠᠨ ᠰᠠᠢᠲᠤᠷ ᠬᠢᠬᠦ᠌ ᠲᠤᠬᠠᠶ ᠰᠠᠨᠠᠯ ᠪᠠ ᠰᠠᠨᠠᠭᠤᠯᠭ᠎ᠠ᠎ᠶ᠋ᠢ ᠤᠯᠠᠮ ᠨᠢᠭᠡ ᠠᠯᠬᠤᠮ ᠳᠣᠪᠤᠢᠯᠭᠠᠨ ᠰᠠᠢᠲᠤᠷ ᠬᠢᠬᠦ᠌ ᠬᠡᠷᠡᠭ᠌ᠲᠡᠶ᠃

  3.  《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠢᠭᠡᠮ᠎ᠤᠨ ᠳᠠᠭᠠᠳᠭᠠᠯ᠎ᠤᠨ ᠬᠠᠤᠯᠢ》᠂ 《ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ》 ᠵᠡᠷᠭᠡ ᠡᠮᠴᠢᠯᠡᠭᠡᠨ᠎ᠤ ᠪᠠᠲᠤᠯᠠᠭ᠎ᠠ᠎ᠶ᠋ᠢᠨ ᠬᠦᠷᠢᠶᠡᠨ᠎ᠳᠠᠬᠢ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠰᠤᠷᠤᠯᠴᠠᠨ ᠤᠬᠠᠭᠤᠯᠬᠤ ᠲᠠᠯ᠎ᠠ᠎ᠪᠠᠷ᠎ᠬᠢ ᠰᠠᠨᠠᠯ ᠪᠠ ᠰᠠᠨᠠᠭᠤᠯᠭ᠎ᠠ᠎ᠶ᠋ᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠲᠣᠭ᠍ᠲᠠᠭᠠᠪᠠ᠃

  4. ᠡᠮᠴᠢᠯᠡᠭᠡᠨ᠎ᠦ ᠳᠠᠭᠠᠳᠭᠠᠯ᠎ᠤᠨ ᠱᠢᠰᠲ᠋ᠧᠮ᠎ᠤᠨ ᠠᠵᠢᠯᠲᠠᠨ ᠲᠦᠷᠦᠭᠦᠯᠡᠨ ᠬᠠᠤᠯᠢ᠎ᠶ᠋ᠢ ᠬᠦᠨᠳᠦᠳᠭᠡᠬᠦ᠌ ᠬᠠᠤᠯᠢ᠎ᠶ᠋ᠢ ᠰᠤᠷᠤᠯᠴᠠᠬᠤ ᠬᠠᠤᠯᠢ᠎ᠶ᠋ᠢ ᠰᠠᠬᠢᠬᠤ ᠬᠠᠤᠯᠢ᠎ᠶ᠋ᠢ ᠬᠡᠷᠡᠭ᠌ᠯᠡᠬᠦ᠌᠎ᠶ᠋ᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》 ᠎ᠢ ᠠᠳᠭᠤᠵᠤ᠂ ᠤᠳᠤᠷᠢᠳᠭᠤ ᠺᠠᠳ᠋ᠷ᠎ᠤᠨ ᠬᠠᠤᠯᠢ᠎ᠪᠠᠷ ᠵᠠᠰᠠᠬᠤ ᠰᠡᠳᠭᠢᠬᠦᠶ ᠎ᠶ᠋ᠢᠨ ᠴᠢᠳᠠᠪᠤᠷᠢ ᠎ᠶ᠋ᠢᠨ ᠲᠠᠯ᠎ᠠ ᠎ᠶ᠋ᠢᠨ ᠰᠠᠨᠠᠯ ᠰᠠᠨᠠᠭᠤᠯᠭ᠎ᠠ ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠶ᠃

  5.  ᠴᠡᠭ ᠲᠣᠭ᠍ᠲᠠᠭᠠᠭ᠍ᠰᠠᠨ ᠡᠮᠴᠢᠯᠡᠭᠡᠨ᠎ᠤ ᠪᠠᠢᠭᠤᠯᠤᠮᠵᠢ᠂ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠠᠵᠢᠯ ᠡᠷᠭᠢᠯᠡᠭ᠌ᠰᠡᠳ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠡᠮᠴᠢᠯᠡᠭᠡᠨ᠎ᠤ ᠦᠢᠯᠡᠴᠢᠯᠡᠭᠡ ᠪᠠ ᠡᠮ᠎ᠤᠨ ᠵᠦᠢᠯ᠎ᠤᠨ ᠡᠵᠡᠩᠨᠡᠯᠲᠡ᠎ᠶ᠋ᠢᠨ ᠦᠢᠯᠡ ᠠᠵᠢᠯᠯᠠᠭ᠎ᠠ᠎ᠶ᠋ᠢ ᠵᠢᠷᠤᠮᠵᠢᠭᠤᠯᠤᠨ᠂ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠲᠠᠯ᠎ᠠ᠎ᠪᠠᠷ ᠰᠠᠨᠠᠯ ᠪᠠ ᠰᠠᠨᠠᠭᠤᠯᠭ᠎ᠠ᠎ᠶᠢ ᠬᠠᠮᠠᠭ᠋ᠠᠯᠠᠨ᠎ᠠ᠃

  6. ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ ( ᠵᠠᠰᠠᠭ ᠵᠠᠬᠢᠷᠭᠠᠨ᠎ᠤ ᠪᠠᠢᠭᠤᠯᠭ᠎ᠠ ᠵᠢᠴᠢ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ᠎ᠶ᠋ᠢᠨ ᠠᠵᠢᠯᠲᠠᠨ᠂ ᠠᠮᠢᠳᠤᠯᠢᠭ᠎ᠢᠶᠠᠷ ᠠᠵᠢᠯ ᠣᠯᠤᠭ᠍ᠰᠠᠳ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ ᠵᠡᠷᠭᠡ ᠬᠠᠮᠲᠤᠯᠢᠭ) ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠤᠨ ᠤᠬᠠᠭᠤᠯᠭ᠎ᠠ ᠬᠥᠮᠦᠵᠢᠯ᠎ᠢ ᠤᠯᠠᠮ ᠨᠢᠭᠡ ᠠᠯᠬᠤᠮ ᠴᠢᠩᠭᠠᠳᠭᠠᠵᠤ᠂ ᠣᠯᠠᠨ ᠲᠦᠮᠡᠨ᠎ᠤ ᠡᠮᠴᠢᠯᠡᠭᠡᠨ᠎ᠤ ᠳᠠᠭᠠᠳᠭᠠᠯ᠎ᠤᠨ ᠡᠷᠬᠡ ᠠᠱᠢᠭ᠎ᠤᠨ ᠲᠠᠨᠢᠯᠲᠠ᠎ᠶ᠋ᠢᠨ ᠲᠠᠯ᠎ᠠ᠎ᠶ᠋ᠢᠨ ᠰᠠᠨᠠᠯ ᠪᠠ ᠰᠠᠨᠠᠭᠤᠯᠭ᠎ᠠ᠎ᠶ᠋ᠢ ᠳᠡᠭᠡᠭ᠌ᠰᠢᠯᠡᠭᠦᠯᠦᠨ᠎ᠡ᠃

  7.  ᠡᠮᠴᠢᠯᠡᠭᠡᠨ᠎ᠦ ᠪᠠᠲᠤᠯᠠᠭ᠎ᠠ᠎ᠶ᠋ᠢᠨ ᠬᠦᠷᠢᠶᠡᠨ᠎ᠳᠠᠬᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠰᠣᠶᠣᠯ᠎ᠤᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠬᠠᠤᠯᠢ᠎ᠪᠠᠷ ᠵᠠᠰᠠᠬᠤ ᠰᠣᠶᠣᠯ᠎ᠤᠨ ᠬᠥᠲᠥᠯᠦᠨ ᠳᠠᠭᠠᠭᠤᠯᠬᠤ ᠦᠢᠯᠡᠳᠦᠯ᠎ᠤᠨ ᠲᠠᠯ᠎ᠠ᠎ᠪᠠᠷ᠎ᠬᠢ ᠰᠠᠨᠠᠯ ᠰᠠᠨᠠᠭᠤᠯᠭ᠎ᠠ᠎ᠶᠢ ᠪᠠᠳᠠᠷᠠᠭᠤᠯᠤᠨ᠎ᠠ᠃

  ᠬᠤᠶᠠᠷ᠂ ᠬᠠᠷᠢᠭᠤ ᠲᠤᠰᠭᠠᠬᠤ ᠠᠷᠭ᠎ᠠ ᠮᠠᠶᠢᠭ

  ᠨᠡᠢᠭᠡᠮ᠎ᠦᠨ ᠡᠯ᠎ᠡ ᠡᠲᠡᠭᠡᠳ᠎ᠦᠨ ᠰᠠᠨᠠᠯ ᠪᠠ ᠰᠠᠨᠠᠭᠤᠯᠭ᠎ᠠ᠎ᠶ᠋ᠢ ᠱᠢᠦᠳᠠᠨ᠎ᠢᠶᠠᠷ ᠢᠯᠡᠭᠡᠬᠦ᠌ ᠪᠤᠶᠤ ᠡᠯᠧᠺᠲ᠋ᠷᠣᠨ ᠱᠢᠦᠳᠠᠨ᠎ᠤ ᠠᠷᠭ᠎ᠠ ᠮᠠᠶᠢᠭ᠎ᠢᠶᠠᠷ ᠳᠠᠮᠵᠢᠭᠤᠯᠤᠨ ᠲᠤᠰᠬᠠᠵᠤ ᠪᠣᠯᠤᠨ᠎ᠠ᠃

  ᠵᠠᠬᠢᠳᠠᠯ ᠢᠯᠡᠭᠡᠬᠦ᠌ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 167 ᠳ᠋ᠤᠭᠠᠷ ᠨᠣᠮᠧᠷ ( ᠬᠥᠳᠡᠯᠮᠦᠷᠢ ᠬᠦᠴᠦᠨ᠎ᠤ ᠵᠠᠬ᠎ᠠ ᠳᠡᠯᠭᠡᠭᠦᠷ᠎ᠤᠨ 603  ᠳ᠋ᠤᠭ᠋ᠠᠷ ᠲᠠᠰᠤᠭ )  ᠬᠤᠷᠢᠶᠠᠮᠤ᠃

  ᠢᠮᠧᠯ᠄ nmgybjbgs@163.com᠂ ᠢᠮᠧᠯ᠎ᠦᠨ ᠭᠠᠷᠴᠠᠭ᠎ᠲᠤ 《 〈 ᠶᠢᠰᠦᠳᠦᠭᠡᠷ ᠲᠠᠪᠤᠨ ᠵᠢᠯ 〉 ᠎ᠤᠨ 〈 ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ᠎ᠶᠢᠨ ᠰᠠᠨᠠᠭᠤᠯᠭ᠎ᠠ 〉》 ᠶ᠋ᠢ ᠲᠣᠳᠣᠷᠬᠠᠢᠯᠠᠭᠠᠷᠠᠢ ᠃ 

  ᠭᠤᠷᠪᠠ᠂ ᠬᠢᠵᠠᠭᠠᠷᠯᠠᠬᠤ ᠡᠳᠦᠷ ᠬᠤᠭᠤᠴᠠᠭ᠎ᠠ

  ᠰᠠᠨᠠᠯ ᠬᠤᠷᠢᠶᠠᠬᠤ ᠪᠠ ᠰᠠᠨᠠᠭᠤᠯᠭ᠎ᠠ ᠬᠤᠷᠢᠶᠠᠬᠤ ᠡᠳᠦᠷ ᠬᠤᠭᠤᠴᠠᠭ᠎ᠠ᠎ᠨᠢ 2025 ᠣᠨ᠎ᠤ 12 ᠳ᠋ᠤᠭ᠋ᠠᠷ ᠰᠠᠷ᠎ᠠ᠎ᠶ᠋ᠢᠨ 31 ᠎ᠤ ᠡᠳᠦᠷ ᠪᠣᠯᠤᠨ᠎ᠠ᠃

  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ

  2025 ᠣᠨ᠎ᠤ 10 ᠳ᠋ᠤᠭ᠋ᠠᠷ ᠰᠠᠷ᠎ᠠ᠎ᠶ᠋ᠢᠨ 1 ᠎ᠤ ᠡᠳᠦᠷ

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            