ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠱᠢᠭᠡᠰᠦ ᠳᠠᠮᠵᠢᠭᠤᠯᠬᠤ ᠭᠤᠤᠷᠰᠤ᠎ᠶ᠋ᠢᠨ ᠰᠤᠳᠠᠯ᠎ᠤᠨ ᠲᠡᠯᠡᠭᠦᠷ᠎ᠦᠨ ᠲᠥᠷᠥᠯ᠎ᠤᠨ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ ᠬᠤᠳᠠᠯᠳᠤᠨ ᠠᠪᠬᠤ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠬᠦ᠌ ᠠᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ
ᠨᠡᠶ᠋ᠢᠲᠡᠯᠡᠭᠰᠡᠨ ᠴᠠᠭ᠄ 2025-10-11

ᠥᠪᠥᠷ ᠡᠮ ᠬᠤᠳᠠᠯᠳᠤᠨ ᠠᠪᠬᠤ ᠲᠥᠪ ᠦᠰᠦᠭ [2025] 207 ᠳ᠋ᠤᠭᠠᠷ ᠲᠣᠭᠠᠲᠤ

ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠳᠤ᠄

 

  ᠴᠦᠩᠴᠢᠩ ᠬᠤᠲᠠ᠎ᠶ᠋ᠢᠨ ᠬᠤᠯᠪᠣᠭᠠᠯᠠᠨ ᠬᠤᠳᠠᠯᠳᠤᠨ ᠠᠪᠬᠤ ᠠᠯᠪᠠᠨ ᠬᠡᠷ᠎ᠤᠨ 《ᠱᠢᠭᠡᠰᠦ ᠳᠠᠮᠵᠢᠭᠤᠯᠬᠤ ᠭᠤᠤᠷᠰᠤ᠎ᠶ᠋ᠢᠨ ᠰᠤᠳᠠᠯ᠎ᠤᠨ ᠲᠡᠯᠡᠭᠦᠷ᠎ᠦᠨ ᠲᠥᠷᠥᠯ᠎ᠤᠨ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ ᠬᠤᠳᠠᠯᠳᠤᠨ ᠠᠪᠬᠤ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠬᠦ᠌ ᠠᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ》 ᠎ᠢ ᠦᠨᠳᠦᠰᠦᠯᠡᠨ᠂ ᠡᠳᠦᠭᠡ ᠱᠢᠭᠡᠰᠦ ᠳᠠᠮᠵᠢᠭᠤᠯᠬᠤ ᠭᠤᠤᠷᠰᠤ᠎ᠶ᠋ᠢᠨ ᠰᠤᠳᠠᠯ᠎ᠤᠨ ᠲᠡᠯᠡᠭᠦᠷ᠎ᠦᠨ ᠡᠮᠴᠢᠯᠡᠭᠡᠨ᠎ᠤ ᠬᠤᠷᠣᠭ᠍ᠳᠠᠯ ᠮᠠᠲ᠋ᠧᠷᠢᠶᠠᠯ ᠬᠤᠳᠠᠯᠳᠤᠨ ᠠᠪᠬᠤ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠬᠦ᠌ ᠠᠵᠢᠯ᠎ᠢ ᠥᠷᠨᠢᠭᠦᠯᠵᠦ᠍᠂ ᠪᠣᠳᠠᠲᠠᠶ ᠵᠦᠢᠯᠡᠰ᠎ᠢ ᠳᠣᠤᠷᠠᠬᠢ ᠮᠡᠲᠦ ᠮᠡᠳᠡᠭ᠌ᠳᠡᠶ᠎ᠡ᠃

  ᠨᠢᠭᠡ᠂ ᠪᠦᠲᠦᠭᠡᠭ᠌ᠳᠡᠬᠦᠨ᠎ᠤ ᠬᠡᠪᠴᠢᠶ᠎ᠡ

  ᠡᠭᠦᠨ᠎ᠳᠤ ᠪᠠᠭ᠍ᠲᠠᠬᠤ ᠪᠣᠯᠪᠠᠴᠤ᠌ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠬᠤᠷᠣᠭ᠍ᠳᠠᠯ ᠮᠠᠲ᠋ᠧᠷᠢᠶᠠᠯ᠎ᠤᠨ ᠲᠥᠷᠥᠯ ᠬᠤᠪᠢᠶᠠᠭ᠍ᠰᠠᠨ ᠣᠷᠣᠯᠠᠬᠤ ᠨᠣᠮᠧᠷ᠎ᠨᠢ C010301᠎ᠪᠠᠷ ᠡᠬᠢᠯᠡᠬᠦ᠌ ᠱᠢᠭᠡᠰᠦ ᠳᠠᠮᠵᠢᠭᠤᠯᠬᠤ ᠭᠤᠤᠷᠰᠤ᠎ᠶ᠋ᠢᠨ ᠰᠤᠳᠠᠯ᠎ᠤᠨ ᠲᠡᠯᠡᠭᠦᠷ᠎ᠤᠨ ᠲᠥᠷᠥᠯ᠎ᠤᠨ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠤᠨ ᠦᠶ᠋ᠯᠡᠳᠬᠦᠨ᠎ᠳᠤ ᠬᠢᠵᠠᠭᠠᠷᠯᠠᠭ᠍ᠳᠠᠬᠤ ᠥᠬᠡᠶ᠃

  ᠬᠤᠶᠠᠷ᠂ ᠲᠠᠭ᠍ᠯᠠᠨ ᠮᠡᠳᠡᠭᠦᠯᠬᠦ᠌ ᠭᠤᠣᠯ ᠴᠣᠭ᠍ᠴᠠ

   ᠪᠥᠬᠦ᠌ ᠣᠷᠣᠨ᠎ᠤ ᠱᠢᠭᠡᠰᠦ ᠳᠠᠮᠵᠢᠭᠤᠯᠬᠤ ᠭᠤᠤᠷᠰᠤ᠎ᠶ᠋ᠢᠨ ᠰᠤᠳᠠᠯ᠎ᠤᠨ ᠲᠡᠯᠡᠭᠦᠷ᠎ᠦᠨ ᠲᠥᠷᠥᠯ᠎ᠤᠨ ᠡᠮᠴᠢᠯᠡᠭᠡᠨ᠎ᠤ ᠬᠤᠷᠣᠭ᠍ᠳᠠᠯ ᠮᠠᠲ᠋ᠧᠷᠢᠶᠠᠯ ᠬᠤᠳᠠᠯᠳᠤᠨ ᠠᠪᠬᠤ ᠬᠡᠷᠡᠭ᠌ᠴᠡᠭᠡ ᠱᠠᠭᠠᠷᠳᠠᠯᠭ᠎ᠠ᠎ᠲᠠᠢ ᠠᠯᠪᠠᠨ᠎ᠠᠴᠠ ᠪᠠᠢᠭᠤᠯᠤᠭ᠍ᠰᠠᠨ ᠡᠮᠴᠢᠯᠡᠭᠡᠨ᠎ᠤ ᠪᠠᠢᠭᠤᠯᠤᠮᠵᠢ ( ᠴᠡᠷᠢᠭ ᠠᠩᠭᠢ᠎ᠶ᠋ᠢᠨ ᠡᠮᠴᠢᠯᠡᠭᠡᠨ᠎ᠤ ᠪᠠᠢᠭᠤᠯᠤᠮᠵᠢ᠎ᠶ᠋ᠢ ᠪᠠᠭ᠍ᠲᠠᠭᠠᠨ᠎ᠠ᠂ ᠳᠣᠷᠣᠭ᠍ᠰᠢ ᠠᠳᠠᠯᠢ ) ᠴᠥᠮ ᠣᠷᠣᠯᠴᠠᠵᠤ᠂ ᠡᠮᠨᠡᠯᠭᠡ᠎ᠶᠢᠨ ᠳᠠᠭᠠᠳᠭᠠᠯ᠎ᠤᠨ ᠴᠡᠭ ᠲᠣᠭ᠍ᠲᠠᠭᠠᠨ ᠨᠡᠢᠭᠡᠮ᠎ᠤᠨ ᠠᠵᠢᠯ ᠡᠷᠭᠢᠯᠡᠬᠦ᠌ ᠡᠮᠴᠢᠯᠡᠭᠡᠨ᠎ᠤ ᠪᠠᠢᠭᠤᠯᠤᠮᠵᠢ᠎ᠶ᠋ᠢᠨ ᠣᠷᠣᠯᠴᠠᠬᠤ᠎ᠶ᠋ᠢ ᠵᠣᠷᠢᠭ᠍ᠵᠢᠭᠤᠯᠤᠨ᠎ᠠ᠃

  ᠭᠤᠷᠪᠠ᠂ ᠲᠠᠭ᠍ᠯᠠᠨ ᠮᠡᠳᠡᠭᠦᠯᠬᠦ᠌ ᠠᠭᠤᠯᠭ᠎ᠠ

  ᠡᠯ᠎ᠡ ᠡᠮᠴᠢᠯᠡᠭᠡᠨ᠎ᠤ ᠪᠠᠢᠭᠤᠯᠤᠮᠵᠢ᠎ᠨᠤᠭᠤᠳ ᠲᠣᠰ ᠨᠢᠭᠡᠴᠢ᠎ᠶ᠋ᠢᠨ᠎ᠢᠶᠠᠨ ᠡᠮᠴᠢᠯᠡᠭᠡᠨ᠎ᠳᠤ ᠬᠡᠷᠡᠭ᠌ᠯᠡᠬᠦ᠌ ᠬᠠᠮᠢᠶ᠎ᠠ ᠪᠥᠬᠦᠶ ᠬᠤᠷᠣᠭ᠍ᠳᠠᠯ ᠮᠠᠲ᠋ᠧᠷᠢᠶᠠᠯ᠎ᠤᠨ ᠦᠶ᠋ᠯᠡᠳᠬᠦᠨ᠎ᠤ ᠲᠡᠤᠬᠡᠨ ᠬᠤᠳᠠᠯᠳᠤᠨ ᠠᠪᠤᠭ᠍ᠰᠠᠨ ᠪᠠᠢᠳᠠᠯ᠎ᠢᠶᠠᠷ ᠯᠠᠪᠯᠠᠯᠲᠠ ᠪᠣᠯᠭᠠᠵᠤ᠂ ᠡᠮᠴᠢᠯᠡᠭᠡᠨ᠎ᠤ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠲᠣᠰ ᠨᠢᠭᠡᠴᠢ᠎ᠶ᠋ᠢᠨ᠎ᠢᠶᠠᠨ ᠢᠷᠡᠭᠡᠳᠦᠶ᠎ᠶ᠋ᠢᠨ ᠨᠢᠭᠡ ᠵᠢᠯ᠎ᠤᠨ ᠱᠢᠭᠡᠰᠦ ᠳᠠᠮᠵᠢᠭᠤᠯᠬᠤ ᠭᠤᠤᠷᠰᠤ᠎ᠶ᠋ᠢᠨ ᠰᠤᠳᠠᠯ᠎ᠤᠨ ᠲᠡᠯᠡᠭᠦᠷ᠎ᠦᠨ ᠲᠥᠷᠥᠯ᠎ᠤᠨ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠬᠤᠳᠠᠯᠳᠤᠨ ᠠᠪᠬᠤ ᠬᠡᠷᠡᠭ᠌ᠴᠡᠭᠡ ᠱᠠᠭᠠᠷᠳᠠᠯᠭ᠎ᠠ᠎ᠶ᠋ᠢᠨ ᠬᠡᠮᠵᠢᠶ᠎ᠡ᠎ᠶ᠋ᠢ ᠲᠠᠭ᠍ᠯᠠᠨ ᠮᠡᠳᠡᠭᠦᠯᠵᠦ᠍᠂ ᠵᠠᠷᠴᠢᠮ ᠳᠡᠭᠡᠷ᠎ᠡ᠎ᠪᠠᠨ ᠬᠤᠳᠠᠯᠳᠤᠨ ᠠᠪᠬᠤ ᠬᠡᠷᠡᠭ᠌ᠴᠡᠭᠡ ᠱᠠᠭᠠᠷᠳᠠᠯᠭ᠎ᠠ᠎ᠶ᠋ᠢᠨ ᠶᠡᠷᠦᠩᠬᠡᠶ ᠬᠡᠮᠵᠢᠶ᠎ᠡ᠎ᠨᠢ ᠡᠮᠦᠨᠡᠬᠢ ᠬᠤᠭᠤᠴᠠᠭᠠᠨ᠎ᠤ ᠲᠠᠭ᠍ᠯᠠᠨ ᠮᠡᠳᠡᠭᠦᠯᠦᠭ᠌ᠰᠡᠨ ᠲᠡᠤᠬᠡ᠎ᠶ᠋ᠢᠨ ᠬᠤᠳᠠᠯᠳᠤᠨ ᠠᠪᠬᠤ ᠶᠡᠷᠦᠩᠬᠡᠶ ᠬᠡᠮᠵᠢᠶ᠎ᠡ᠎ᠶ᠋ᠢᠨ 80% ᠎ᠠᠴᠠ ᠳᠣᠤᠷ᠎ᠠ ᠪᠠᠢᠵᠤ ᠪᠣᠯᠬᠤ ᠥᠬᠡᠶ᠂ 80% ᠎ᠠᠴᠠ ᠳᠣᠤᠷ᠎ᠠ ᠪᠠᠢᠪᠠᠯ ᠱᠢᠰᠲ᠋ᠧᠮ᠎ᠳᠤ ᠱᠢᠯᠲᠠᠭᠠᠨ᠎ᠢ ᠲᠣᠳᠣᠷᠬᠠᠢᠯᠠᠨ᠎ᠠ᠃

  ᠳᠥᠷᠪᠡ᠂ ᠲᠠᠭ᠍ᠯᠠᠨ ᠮᠡᠳᠡᠭᠦᠯᠬᠦ᠌ ᠠᠷᠭ᠎ᠠ ᠮᠠᠶᠢᠭ

  ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ ᠪᠠ ᠡᠮᠴᠢᠯᠡᠭᠡᠨ᠎ᠤ ᠪᠠᠢᠭᠤᠯᠤᠮᠵᠢ ᠤᠤᠯ᠎ᠤᠨ ᠲᠠᠩᠰᠠᠨ ᠲᠤᠭ᠎ᠠ ᠪᠠ ᠨᠢᠭᠤᠴᠠ ᠨᠣᠮᠧᠷ᠎ᠢ ᠦᠷᠭᠦᠯᠵᠢᠯᠡᠨ ᠬᠡᠷᠡᠭ᠌ᠯᠡᠵᠦ᠍᠂ 《ᠴᠦᠩᠴᠢᠩ ᠬᠤᠲᠠ᠎ᠶ᠋ᠢᠨ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠡᠯᠰᠡᠨ ᠴᠤᠭ᠍ᠯᠠᠭᠤᠯᠬᠤ ᠬᠠᠮᠢᠶᠠᠷᠤᠯᠲᠠ᠎ᠶ᠋ᠢᠨ ᠱᠢᠰᠲ᠋ᠧᠮ》 ᠎ᠤᠨ ᠵᠠᠭ᠍ᠪᠤᠷ᠎ᠢᠶᠠᠷ ᠳᠠᠮᠵᠢᠭᠤᠯᠤᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠬᠦ᠌ ᠠᠵᠢᠯ ᠥᠷᠨᠢᠭᠦᠯᠪᠡ (ᠰᠦᠯᠵᠢᠶᠡᠨ᠎ᠤ ᠬᠠᠶᠢᠭ᠄ https://ggfwpz.ylbzj.cq.gov.cn/tps-local/ucenter/#/login )᠃ ᠪᠣᠳᠠᠲᠠᠢ ᠠᠵᠢᠯᠯᠠᠬᠤ ᠠᠷᠭ᠎ᠠ᠎ᠨᠢ ᠠᠵᠢᠯᠯᠠᠬᠤ ᠭᠠᠷ ᠳᠡᠪᠲᠡᠷ᠎ᠲᠤ ᠪᠤᠢ᠃ ᠡᠮᠴᠢᠯᠡᠭᠡᠨ᠎ᠤ ᠪᠠᠢᠭᠤᠯᠤᠮᠵᠢ᠎ᠶ᠋ᠢᠨ ᠨᠢᠭᠤᠴᠠ ᠨᠣᠮᠧᠷ᠎ᠢ ᠳᠠᠬᠢᠨ ᠲᠣᠬᠢᠷᠠᠭᠤᠯᠬᠤ᠎ᠶ᠋ᠢ ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ᠎ᠠᠴᠠ ᠬᠠᠷᠢᠭᠤᠴᠠᠵᠤ᠂ ᠱᠢᠨ᠎ᠡ᠎ᠪᠠᠷ ᠨᠡᠮᠡᠭ᠌ᠳᠡᠭ᠌ᠰᠡᠨ ᠡᠮᠴᠢᠯᠡᠭᠡᠨ᠎ᠤ ᠪᠠᠢᠭᠤᠯᠤᠮᠵᠢ᠎ᠶ᠋ᠢᠨ ᠲᠠᠩᠰᠠᠨ ᠨᠣᠮᠧᠷ᠎ᠢ ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ᠎ᠠᠴᠠ ᠬᠤᠷᠢᠶᠠᠩᠭᠤᠢᠯᠠᠭ᠍ᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠡᠮ ᠬᠤᠳᠠᠯᠳᠤᠨ ᠠᠪᠬᠤ ᠲᠥᠪ᠎ᠲᠤ ᠮᠡᠳᠡᠭᠦᠯᠦᠨ ᠱᠢᠢᠳᠪᠦᠷᠢᠯᠡᠭᠦᠯᠦᠨ᠎ᠡ᠃

  ᠲᠠᠪᠤ᠂ ᠴᠠᠭ ᠬᠤᠭᠤᠴᠠᠭᠠᠨ᠎ᠤ ᠲᠣᠬᠢᠷᠠᠭᠤᠯᠤᠯᠲᠠ

  2025 ᠣᠨ᠎ᠤ 10 ᠳ᠋ᠤᠭ᠋ᠠᠷ ᠰᠠᠷ᠎ᠠ᠎ᠶ᠋ᠢᠨ 11 ᠎ᠤ ᠡᠳᠦᠷ᠎ᠤᠨ 9 ᠴᠠᠭ — 2025 ᠣᠨ᠎ᠤ 10 ᠳ᠋ᠤᠭ᠋ᠠᠷ ᠰᠠᠷ᠎ᠠ᠎ᠶ᠋ᠢᠨ 23 ᠎ᠤ ᠡᠳᠦᠷ᠎ᠤᠨ 17 ᠴᠠᠭ᠃

  ᠵᠢᠷᠭᠤᠭ᠎ᠠ᠂ ᠠᠵᠢᠯ᠎ᠤᠨ ᠱᠠᠭᠠᠷᠳᠠᠯᠭ᠎ᠠ

  (ᠨᠢᠭᠡ) ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ᠎ᠤᠳ ᠬᠠᠷᠢᠶᠠᠲᠤ ᠣᠷᠣᠨ᠎ᠤ ᠳᠣᠲᠣᠷᠠᠬᠢ ᠡᠮᠴᠢᠯᠡᠭᠡᠨ᠎ᠤ ᠪᠠᠢᠭᠤᠯᠤᠮᠵᠢ᠎ᠶ᠋ᠢ ᠵᠣᠬᠢᠶᠠᠨ ᠪᠠᠢᠭᠤᠯᠤᠨ ᠱᠠᠭᠠᠷᠳᠠᠯᠭ᠎ᠠ ᠶᠣᠰᠣᠭᠠᠷ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠬᠦ᠌ ᠠᠵᠢᠯ᠎ᠢ ᠰᠠᠢᠲᠤᠷ ᠬᠢᠵᠦ᠍᠂ ᠬᠠᠷᠭᠤᠭᠤᠯᠬᠤ᠂ ᠪᠠᠢᠴᠠᠭᠠᠬᠤ᠎ᠶ᠋ᠢᠨ ᠬᠠᠮᠲᠤ ᠡᠮᠴᠢᠯᠡᠭᠡᠨ᠎ᠤ ᠪᠠᠢᠭᠤᠯᠤᠮᠵᠢ᠎ᠶ᠋ᠢ ᠱᠢᠮᠳᠠᠭᠤᠯᠵᠤ ᠪᠠᠢᠭᠠᠳ ᠬᠤᠭᠤᠴᠠᠭ᠎ᠠ ᠶᠣᠰᠣᠭᠠᠷ ᠬᠠᠮᠢᠶ᠎ᠠ ᠪᠥᠬᠦᠶ ᠲᠤᠭ᠎ᠠ ᠪᠠᠷᠢᠮᠲᠠ᠎ᠶ᠋ᠢ ᠦᠨᠡᠨ ᠪᠣᠳᠠᠲᠠᠶ᠎ᠪᠠᠷ ᠲᠠᠭ᠍ᠯᠠᠨ ᠮᠡᠳᠡᠭᠦᠯᠬᠦ᠌ ᠬᠡᠷᠡᠭ᠌ᠲᠡᠶ᠃ ᠲᠣᠭ᠍ᠲᠠᠭᠠᠭ᠍ᠰᠠᠨ ᠲᠠᠭ᠍ᠯᠠᠨ ᠮᠡᠳᠡᠭᠦᠯᠬᠦ᠌ ᠴᠠᠭ᠎ᠠᠴᠠ ᠬᠡᠲᠦᠷᠡᠪᠡᠯ᠂ ᠵᠠᠷᠴᠢᠮ ᠳᠡᠭᠡᠷ᠎ᠡ᠎ᠪᠠᠨ ᠲᠠᠭ᠍ᠯᠠᠨ ᠮᠡᠳᠡᠭᠦᠯᠦᠭ᠌ᠰᠡᠨ ᠲᠤᠭ᠎ᠠ ᠪᠠᠷᠢᠮᠲᠠ᠎ᠶ᠋ᠢᠨ ᠬᠤᠪᠢᠷᠠᠭᠠᠯᠲᠠ᠎ᠶ᠋ᠢ ᠬᠦᠯᠢᠶᠡᠬᠦ᠌ ᠦᠭᠡᠢ᠃ ᠬᠡᠷᠪᠡ ᠦᠨᠡᠨ ᠬᠦ᠌ ᠥᠭᠡᠷᠡᠴᠢᠯᠡᠬᠦ᠌ ᠴᠢᠬᠤᠯᠠᠲᠠᠶ ᠪᠣᠯ᠂ ᠡᠷᠬᠡᠪᠰᠢ ᠡᠮᠴᠢᠯᠡᠭᠡᠨ᠎ᠦ ᠪᠠᠢᠭᠤᠯᠤᠮᠵᠢ᠎ᠶ᠋ᠢᠨ ᠭᠣᠤᠯ ᠬᠠᠷᠢᠭᠤᠴᠠᠯᠭᠠᠲᠠᠨ᠎ᠠᠴᠠ ᠭᠠᠷ᠎ᠤᠨ ᠦᠰᠦᠭ ᠵᠢᠷᠤᠵᠤ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠳᠠᠭᠠᠳᠭᠠᠯ᠎ᠤᠨ ᠰᠠᠯᠠᠭ᠎ᠠ ᠮᠥᠴᠢᠷ᠎ᠲᠦ ᠮᠡᠳᠡᠭᠦᠯᠦᠨ ᠬᠦᠷᠭᠡᠬᠦ᠌᠎ᠶ᠋ᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠳᠠᠭᠠᠳᠭᠠᠯ᠎ᠤᠨ ᠰᠠᠯᠠᠭ᠎ᠠ ᠮᠥᠴᠢᠷ᠎ᠢᠶᠡᠷ ᠬᠢᠨᠠᠨ ᠬᠠᠷᠭᠤᠭᠤᠯᠵᠤ ᠲᠠᠮᠠᠭ᠎ᠠ ᠳᠠᠷᠤᠭ᠍ᠰᠠᠨ᠎ᠤ ᠳᠠᠷᠠᠭ᠎ᠠ ᠰᠢᠭᠡᠰᠦ ᠳᠠᠮᠵᠢᠭᠤᠯᠬᠤ ᠭᠤᠤᠷᠰᠤ᠎ᠶ᠋ᠢᠨ ᠰᠤᠳᠠᠯ᠎ᠤᠨ ᠲᠡᠯᠡᠭᠦᠷ᠎ᠦᠨ ᠮᠤᠵᠢ᠎ᠶ᠋ᠢᠨ ᠬᠣᠭᠣᠷᠣᠨᠳᠣᠬᠢ ᠬᠣᠯᠪᠣᠭ᠎ᠠ᠎ᠶ᠋ᠢᠨ ᠲᠥᠪᠯᠡᠷᠡᠩᠭᠦᠶ ᠬᠡᠮᠵᠢᠶ᠎ᠡ᠎ᠲᠡᠶ ᠬᠤᠳᠠᠯᠳᠤᠨ ᠠᠪᠬᠤ ᠠᠵᠢᠯ᠎ᠤᠨ ᠤᠳᠤᠷᠢᠳᠭᠤ ᠳᠤᠭᠤᠢᠯᠠᠩ᠎ᠳᠤ ᠮᠡᠳᠡᠭᠦᠯᠦᠨ ᠬᠦᠷᠭᠡᠬᠦ᠌ ᠬᠡᠷᠡᠭ᠌ᠲᠡᠶ ᠃

  (ᠬᠤᠶᠠᠷ) ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ᠎ᠤᠳ ᠬᠠᠮᠢᠶ᠎ᠠ ᠪᠥᠬᠦᠶ ᠡᠮᠴᠢᠯᠡᠭᠡᠨ᠎ᠤ ᠪᠠᠢᠭᠤᠯᠤᠮᠵᠢ ᠎ᠶᠢᠨ ᠨᠢᠭᠤᠴᠠ ᠨᠣᠮᠧᠷ ᠪᠠ ᠲᠠᠩᠰᠠᠨ ᠨᠣᠮᠧᠷ᠎ᠤᠨ ᠬᠠᠮᠢᠶᠠᠷᠤᠯᠲᠠ᠎ᠪᠠᠨ ᠴᠢᠩᠭᠠᠳᠭᠠᠵᠤ᠂ ᠠᠵᠢᠯ᠎ᠢ ᠰᠠᠢᠨ ᠮᠡᠳᠡᠬᠦ᠌ ᠲᠤᠰᠭᠠᠶ ᠬᠥᠮᠦᠨ ᠲᠣᠭ᠍ᠲᠠᠭᠠᠨ ᠬᠠᠷᠢᠭᠤᠴᠠᠭᠤᠯᠵᠤ᠂ ᠪᠤᠰᠤᠳ ᠬᠥᠮᠦᠨ ᠡᠮᠴᠢᠯᠡᠭᠡᠨ᠎ᠤ ᠪᠠᠢᠭᠤᠯᠤᠮᠵᠢ᠎ᠶ᠋ᠢᠨ ᠲᠠᠩᠰᠠᠨ ᠨᠣᠮᠧᠷ᠎ᠢ ᠠᠱᠢᠭ᠍ᠯᠠᠨ ᠬᠤᠳᠠᠯ᠎ᠢᠶᠠᠷ ᠮᠡᠳᠡᠭᠦᠯᠬᠦ᠂ ᠪᠤᠷᠤᠭᠤ ᠮᠡᠳᠡᠭᠦᠯᠬᠦ᠂ ᠥᠭᠡᠷᠡᠴᠢᠯᠡᠨ ᠮᠡᠳᠡᠭᠦᠯᠵᠦ᠍ ᠬᠤᠳᠠᠯᠳᠤᠨ ᠠᠪᠤᠭ᠍ᠰᠠᠨ ᠲᠤᠭ᠎ᠠ ᠪᠠᠷᠢᠮᠲᠠ᠎ᠶ᠋ᠢ ᠥᠭᠡᠷᠡᠴᠢᠯᠡᠬᠦ᠌ ᠵᠡᠷᠭᠡ 《ᠬᠤᠳᠠᠯᠳᠤᠨ ᠠᠪᠬᠤ ᠬᠡᠮᠵᠢᠶ᠎ᠡ ᠪᠤᠲᠠᠲᠠᠢ ᠪᠢᠰᠢ》 ᠠᠰᠠᠭᠤᠳᠠᠯ᠎ᠢ ᠡᠷᠡᠰ ᠬᠤᠷᠢᠭ᠍ᠯᠠᠬᠤ ᠬᠡᠷᠡᠭ᠌ᠲᠡᠶ᠃

  (ᠭᠤᠷᠪᠠ) ᠬᠠᠮᠢᠶ᠎ᠠ ᠪᠥᠬᠦᠶ ᠡᠮᠴᠢᠯᠡᠭᠡᠨ᠎ᠤ ᠪᠠᠢᠭᠤᠯᠤᠮᠵᠢ᠎ᠨᠤᠭᠤᠳ ᠱᠠᠭᠠᠷᠳᠠᠯᠭ᠎ᠠ ᠶᠣᠰᠣᠭᠠᠷ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠬᠦ᠌ ᠠᠵᠢᠯ᠎ᠢ ᠰᠠᠢᠲᠤᠷ ᠬᠢᠵᠦ᠍᠂ ᠲᠠᠭ᠍ᠯᠠᠨ ᠮᠡᠳᠡᠭᠦᠯᠦᠭ᠌ᠰᠡᠨ ᠲᠤᠭ᠎ᠠ ᠪᠠᠷᠢᠮᠲᠠ᠎ᠶ᠋ᠢᠨ ᠦᠨᠡᠨ ᠪᠣᠳᠠᠲᠠᠶ᠂ ᠣᠨᠣᠪᠴᠢᠲᠠᠶ᠂ ᠬᠦᠴᠦᠨ ᠵᠦᠢᠯ ᠪᠦᠷᠢᠨ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠬᠠᠮᠢᠶ᠎ᠠ ᠪᠥᠬᠦᠶ ᠲᠤᠭ᠎ᠠ ᠪᠠᠷᠢᠮᠲᠠ᠎ᠶ᠋ᠢ ᠲᠠᠭ᠍ᠯᠠᠨ ᠮᠡᠳᠡᠭᠦᠯᠦᠭ᠌ᠰᠡᠨ᠎ᠤ ᠳᠠᠷᠠᠭ᠎ᠠ᠂ ᠡᠯ᠎ᠡ ᠡᠮᠴᠢᠯᠡᠭᠡᠨ᠎ᠤ ᠪᠠᠢᠭᠤᠯᠤᠮᠵᠢ᠎ᠨᠤᠭᠤᠳ 《ᠱᠢᠭᠡᠰᠦ ᠳᠠᠮᠵᠢᠭᠤᠯᠬᠤ ᠭᠤᠤᠷᠰᠤ᠎ᠶ᠋ᠢᠨ ᠰᠤᠳᠠᠯ᠎ᠤᠨ ᠲᠡᠯᠡᠭᠦᠷ᠎ᠦᠨ ᠡᠮᠴᠢᠯᠡᠭᠡᠨ᠎ᠤ ᠬᠤᠷᠣᠭ᠍ᠳᠠᠯ ᠮᠠᠲ᠋ᠧᠷᠢᠶᠠᠯ᠎ᠤᠨ ᠡᠮᠴᠢᠯᠡᠭᠡᠨ᠎ᠤ ᠪᠠᠢᠭᠤᠯᠤᠮᠵᠢ᠎ᠶ᠋ᠢᠨ ᠬᠤᠳᠠᠯᠳᠤᠨ ᠠᠪᠬᠤ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠤᠭ᠎ᠠ ᠪᠠᠷᠢᠮᠲᠠ᠎ᠶ᠋ᠢᠨ ᠬᠤᠷᠢᠶᠠᠩᠭᠤᠶ ᠬᠦᠰᠦᠨᠦᠭ᠌ᠲᠦ》 ᠎ᠶ᠋ᠢ ᠭᠠᠷᠭᠠᠬᠤ᠎ᠶ᠋ᠢᠨ ᠬᠠᠮᠲᠤ ᠳᠠᠷᠤᠮᠠᠯᠯᠠᠵᠤ᠂ ᠲᠣᠰ ᠨᠢᠭᠡᠴᠢ᠎ᠶ᠋ᠢᠨ ᠭᠤᠤᠯ ᠬᠠᠷᠢᠭᠤᠴᠠᠯᠭᠠᠲᠠᠨ᠎ᠢᠶᠠᠷ ᠭᠠᠷ᠎ᠤᠨ ᠥᠰᠥᠭ ᠵᠢᠷᠤᠭᠤᠯᠵᠤ ᠨᠤᠲᠠᠯᠠᠭᠤᠯᠬᠤ᠎ᠶ᠋ᠢᠨ ᠬᠠᠮᠲᠤ ᠡᠮᠴᠢᠯᠡᠭᠡᠨ᠎ᠤ ᠪᠠᠢᠭᠤᠯᠤᠮᠵᠢ᠎ᠶ᠋ᠢᠨ ᠠᠯᠪᠠᠨ ᠲᠠᠮᠠᠭ᠎ᠠ᠎ᠶ᠋ᠢ ᠳᠠᠷᠤᠭ᠍ᠰᠠᠨ᠎ᠤ ᠳᠠᠷᠠᠭ᠎ᠠ ᠱᠢᠰᠲ᠋ᠧᠮ᠎ᠳᠤ ᠱᠢᠷᠪᠢᠯᠲᠡ ᠬᠢᠯᠭᠡᠬᠦ᠌ ᠬᠡᠷᠡᠭ᠌ᠲᠡᠶ᠃

  ᠠᠰᠠᠭᠤᠨ ᠯᠠᠪᠯᠠᠬᠤ ᠤᠲᠠᠰᠤ᠄ 0471 - 4907213

  

  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ

  2025 ᠣᠨ᠎ᠤ 10 ᠳ᠋ᠤᠭ᠋ᠠᠷ ᠰᠠᠷ᠎ᠠ᠎ᠶ᠋ᠢᠨ 11 ᠎ᠤ ᠡᠳᠦᠷ

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
          
ᠬᠠᠮᠢᠶ᠎ᠡ ᠪᠦᠬᠦᠢ ᠰᠣᠨᠢᠨ
 
            