《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠵᠠᠰᠠᠭ ᠵᠠᠬᠢᠷᠭᠠᠨ᠎ᠤ ᠱᠢᠢᠳᠪᠦᠷᠢᠲᠦ ᠪᠣᠳᠣᠯᠭ᠎ᠠ ᠲᠣᠭ᠍ᠲᠠᠭᠠᠬᠤ ᠲᠠᠰ ᠳᠠᠷᠠᠭᠠᠯᠠᠯ᠎ᠤᠨ ᠲᠣᠭ᠍ᠲᠠᠭᠠᠯ》 ᠵᠡᠷᠭᠡ ᠲᠣᠭ᠍ᠲᠠᠭᠠᠯ᠎ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ 2025 ᠣᠨ᠎ᠤ 11 ᠳ᠋ᠤᠭᠡᠷ ᠰᠠᠷ᠎ᠠ᠎ᠶ᠋ᠢᠨ ᠳᠤᠮᠳᠠᠴᠢ᠎ᠪᠠᠷ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠᠭᠠᠶ ᠡᠪᠡᠳᠴᠢᠨ᠎ᠤ ᠬᠠᠮᠢᠶᠠᠷᠤᠯᠲᠠ᠎ᠶ᠋ᠢᠨ ᠠᠷᠭ᠎ᠠ》᠂ 《ᠦᠷᠡᠵᠢᠯ᠎ᠤᠨ ᠳᠠᠭᠠᠳᠭᠠᠯ᠎ᠤᠨ ᠬᠤᠯᠪᠣᠭ᠍ᠳᠠᠯ ᠪᠥᠬᠦᠶ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》 ᠤᠨ ᠭᠡᠷᠡᠴᠢᠯᠡᠭᠡ ᠰᠣᠨᠣᠰᠭᠤ ᠬᠤᠷᠠᠯ ᠬᠤᠷᠠᠯᠳᠤᠭᠤᠯᠬᠤ᠎ᠪᠠᠷ ᠪᠣᠶ᠃ ᠡᠳᠦᠭᠡ ᠬᠤᠯᠪᠣᠭ᠍ᠳᠠᠯ ᠪᠦᠬᠦᠢ ᠤᠴᠢᠷ᠎ᠢ ᠳᠣᠣᠷᠠᠬᠢ ᠮᠡᠲᠦ ᠵᠠᠷᠯᠠᠶ᠎ᠠ᠄
ᠨᠢᠭᠡ᠂ ᠣᠷᠣᠯᠴᠠᠬᠤ ᠬᠥᠮᠦᠰ
ᠭᠡᠷᠡᠴᠢᠯᠡᠭᠡ ᠰᠣᠨᠣᠰᠭᠤ ᠬᠤᠷᠠᠯ᠎ᠳᠤ ᠤᠷᠤᠯᠴᠠᠬᠤ ᠬᠦᠮᠦᠨ ᠨᠡᠢᠲᠡ 13 ᠨᠡᠷᠡᠰ᠂ ᠡᠭᠦᠨ᠎ᠳᠤ᠄ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ 1᠂ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ 1᠂ ᠴᠡᠭ ᠲᠣᠭ᠍ᠲᠠᠭᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠲᠥᠯᠥᠭᠡᠯᠡᠭ᠌ᠴᠢ 2᠂ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠤ ᠲᠥᠯᠥᠭᠡᠯᠡᠭ᠌ᠴᠢ 2᠂ ᠬᠠᠮᠢᠶ᠎ᠠ ᠪᠥᠬᠦᠶ ᠲᠢᠩᠬᠢᠮ ᠲᠣᠪᠴᠢᠶ᠎ᠠ᠎ᠶ᠋ᠢᠨ ᠲᠥᠯᠥᠭᠡᠯᠡᠭ᠌ᠴᠢ 2᠂ ᠠᠢᠮᠠᠭ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠨ ᠲᠥᠯᠥᠭᠡᠯᠡᠭ᠌ᠴᠢ 2᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠬᠠᠮᠢᠶ᠎ᠠ ᠪᠥᠬᠦᠶ ᠭᠠᠵᠠᠷ ᠠᠯᠪᠠᠨ ᠲᠠᠰᠤᠭ᠎ᠤᠨ ᠠᠵᠢᠯᠲᠠᠨ 2᠂ ᠬᠠᠤᠯᠢ᠎ᠶ᠋ᠢᠨ ᠶᠠᠪᠤᠳᠠᠯ᠎ᠤᠨ ᠲᠥᠯᠥᠭᠡᠯᠡᠭ᠌ᠴᠢ 1 ᠪᠣᠶ᠃
ᠬᠤᠶᠠᠷ᠂ ᠪᠤᠢ ᠪᠤᠯᠬᠤ ᠠᠷᠭ᠎ᠠ ᠬᠡᠯᠪᠡᠷᠢ
(ᠨᠢᠭᠡ) ᠭᠡᠷᠡᠴᠢᠯᠡᠭᠡ ᠰᠣᠨᠣᠰᠭᠤ ᠣᠯᠠᠨ ᠲᠦᠮᠡᠨ ᠰᠠᠢᠨ ᠳᠤᠷ᠎ᠠ᠎ᠠᠴᠠ᠎ᠪᠠᠨ ᠨᠡᠷ᠎ᠡ ᠮᠡᠳᠡᠭᠦᠯᠬᠦ᠌ ᠠᠷᠭ᠎ᠠ ᠮᠠᠶᠢᠭ᠎ᠢ ᠠᠪᠴᠤ᠌᠂ ᠨᠡᠷ᠎ᠡ ᠮᠡᠳᠡᠭᠦᠯᠬᠦ᠌᠎ᠶ᠋ᠢᠨ ᠡᠮᠦᠨ᠎ᠡ ᠬᠣᠢᠨᠠᠬᠢ ᠳᠡᠰ ᠳᠠᠷᠠᠭᠠᠯᠠᠯ ᠢ ᠦᠨᠳᠦᠰᠦᠯᠡᠨ ᠪᠤᠶ ᠪᠣᠯᠭᠠᠨ᠎ᠠ᠃ ᠨᠡᠷ᠎ᠡ ᠮᠡᠳᠡᠭᠦᠯᠦᠭ᠌ᠰᠡᠨ ᠬᠥᠮᠦᠰ ᠳᠣᠤᠷᠠᠬᠢ ᠨᠥᠬᠦᠴᠡᠯ᠎ᠳᠤ ᠨᠡᠢᠴᠡᠭ᠌ᠰᠡᠨ ᠪᠠᠢᠬᠤ ᠬᠡᠷᠡᠭ᠌ᠲᠡᠶ᠄
1. ᠪᠦᠬᠦᠯᠢ 18 ᠨᠠᠰᠤ ᠬᠦᠷᠴᠦ᠍᠂ ᠢᠷᠭᠡᠨ᠎ᠤ ᠬᠡᠷᠡᠭ᠎ᠤᠨ ᠠᠵᠢᠯᠯᠠᠭᠠᠨ᠎ᠤ ᠪᠦᠷᠢᠨ ᠴᠢᠳᠠᠪᠤᠷᠢ᠎ᠲᠠᠢ ;
2. ᠴᠢᠬᠤᠯᠠ ᠪᠦᠬᠦᠢ ᠬᠤᠪᠢ ᠬᠥᠮᠦᠨ᠎ᠤ ᠮᠡᠳᠡᠭᠡ ᠵᠠᠩᠭᠢ (ᠣᠪᠣᠭ ᠨᠡᠷ᠎ᠡ᠂ ᠴᠢᠨᠠᠷ᠎ᠤᠨ ᠢᠯᠭᠠᠯ᠂ ᠪᠡᠶ᠎ᠡ᠎ᠶ᠋ᠢᠨ ᠭᠠᠷᠤᠯ᠂ ᠠᠵᠢᠯ ᠮᠡᠷᠭᠡᠵᠢᠯ ᠵᠡᠷᠭᠡ᠎ᠶ᠋ᠢ ᠪᠠᠭ᠍ᠲᠠᠭᠠᠨ᠎ᠠ) ᠶ᠋ᠢ ᠵᠥᠪᠱᠢᠶᠡᠷᠡᠨ᠎ᠡ ;
3. ᠵᠣᠬᠢᠬᠤ ᠬᠡᠮᠵᠢᠶᠡᠨ᠎ᠦ ᠪᠠᠢᠴᠠᠭᠠᠨ ᠰᠤᠳᠤᠯᠤᠯᠲᠠ᠂ ᠠᠰᠠᠭᠤᠳᠠᠯ᠎ᠢ ᠵᠠᠳᠠᠯᠬᠤ ᠪᠠ ᠦᠭᠡ ᠬᠡᠯᠡ ᠦᠰᠦᠭ ᠪᠢᠴᠢᠭ᠎ᠢᠶᠡᠷ ᠢᠯᠡᠳᠭᠡᠬᠦ᠌ ᠴᠢᠳᠠᠪᠤᠷᠢ᠎ᠲᠠᠢ ᠪᠠᠢᠬᠤ ᠬᠡᠷᠡᠭ᠌ᠲᠡᠢ ;
4. ᠰᠠᠨᠠᠯ᠎ᠢᠶᠠᠨ ᠪᠤᠰᠤᠳᠴᠢ᠎ᠪᠠᠷ ᠢᠯᠡᠳᠭᠡᠬᠦ᠌᠎ᠶ᠋ᠢᠨ ᠬᠠᠮᠲᠤ ᠴᠠᠭ ᠲᠤᠬᠠᠶ᠎ᠳᠤᠨᠢ ᠪᠦᠬᠦ᠌ ᠶᠠᠪᠤᠴᠠ᠎ᠳᠤ ᠬᠤᠷᠠᠯ᠎ᠳᠤ ᠣᠷᠣᠯᠴᠠᠵᠤ ᠴᠢᠳᠠᠨ᠎ᠠ ;
ᠬᠤᠷᠠᠯ ᠳᠡᠭᠡᠷ᠎ᠡ ᠰᠠᠨᠠᠯ ᠰᠣᠨᠣᠰᠭᠤ ᠬᠤᠷᠠᠯ᠎ᠤᠨ ᠡᠯ᠎ᠡ ᠵᠦᠢᠯ᠎ᠦᠨ ᠰᠠᠬᠢᠯᠭ᠎ᠠ ᠪᠠᠲᠤ ᠪᠣᠯᠤᠨ ᠠᠩᠬᠠᠷᠬᠤ ᠵᠦᠢᠯ᠎ᠢ ᠵᠢᠷᠤᠮᠯᠠᠬᠤ ᠬᠡᠷᠡᠭ᠌ᠲᠡᠶ᠃
(ᠬᠤᠶᠠᠷ) ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ᠎ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠤᠷᠢᠵᠤ ᠣᠷᠣᠯᠴᠠᠭᠤᠯᠤᠨ᠎ᠠ᠃
(ᠭᠤᠷᠪᠠ) ᠬᠠᠮᠢᠶ᠎ᠠ ᠪᠥᠬᠦᠶ ᠲᠢᠩᠬᠢᠮ ᠲᠣᠪᠴᠢᠶ᠎ᠠ᠂ ᠠᠢᠮᠠᠭ ᠬᠤᠲᠠ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠲᠥᠯᠥᠭᠡᠯᠡᠭ᠌ᠴᠢ ᠪᠠ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠬᠠᠮᠢᠶ᠎ᠠ ᠪᠥᠬᠦᠶ ᠭᠠᠵᠠᠷ ᠠᠯᠪᠠᠨ ᠲᠠᠰᠤᠭ᠎ᠤᠨ ᠠᠵᠢᠯᠲᠠᠨ᠎ᠢ ᠪᠠᠢᠭ᠎ᠠ ᠨᠢᠭᠡᠴᠢ᠎ᠠᠴᠠ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ᠎ᠢᠶᠠᠨ ᠦᠨᠳᠦᠰᠦᠯᠡᠨ ᠲᠣᠮᠢᠯᠠᠨ᠎ᠠ᠃
ᠭᠤᠷᠪᠠ᠂ ᠨᠡᠷ᠎ᠡ ᠮᠡᠳᠡᠭᠦᠯᠬᠦ᠌ ᠠᠷᠭ᠎ᠠ ᠮᠠᠶᠢᠭ
ᠣᠷᠣᠯᠴᠠᠬᠤ ᠰᠠᠨᠠᠭ᠎ᠠ᠎ᠲᠠᠢ ᠬᠥᠮᠦᠨ 11 ᠳ᠋ᠦ᠍ᠭᠡᠷ ᠰᠠᠷ᠎ᠠ᠎ᠶ᠋ᠢᠨ 18 ᠤ ᠡᠳᠦᠷ᠎ᠠᠴᠠ ᠡᠮᠦᠨ᠎ᠡ ᠲᠣᠰ ᠬᠥᠮᠦᠨ᠎ᠤ ᠪᠡᠶ᠎ᠡ᠎ᠶ᠋ᠢᠨ ᠦᠨᠡᠮᠯᠡᠯ᠎ᠤᠨ ᠱᠢᠷᠪᠢᠯᠲᠡ᠎ᠶ᠋ᠢᠨ ᠮᠠᠲ᠋ᠧᠷᠢᠶᠠᠯ ᠪᠠ 《ᠭᠡᠷᠡᠴᠢᠯᠡᠭᠡ ᠰᠣᠨᠣᠰᠭᠤ ᠬᠤᠷᠠᠯ᠎ᠤᠨ ᠲᠥᠯᠥᠭᠡᠯᠡᠭ᠌ᠴᠢ᠎ᠶ᠋ᠢᠨ ᠨᠡᠷ᠎ᠡ ᠮᠡᠳᠡᠭᠦᠯᠬᠦ᠌ ᠬᠦᠰᠦᠨᠦᠭ᠌ᠲᠦ》 ᠶ᠋ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠳᠤ ᠮᠡᠳᠡᠭᠦᠯᠦᠨ ᠬᠦᠷᠭᠡᠭᠡᠷᠡᠢ᠃
ᠬᠠᠷᠢᠯᠴᠠᠬᠤ ᠬᠥᠮᠥᠨ᠄ ᠵᠠᠩ ᠶᠠᠨ ᠶᠠᠨ᠂ ᠯᠢᠦᠢ ᠵᠢᠤᠸᠠᠨ
ᠬᠠᠷᠢᠯᠴᠠᠬᠤ ᠤᠲᠠᠰᠤ᠄ 0471 - 6606280
ᠹᠠᠺᠰ᠄ 0471 - 6606280
ᠢᠮᠧᠯ᠄ yy54889939@163.com
ᠬᠠᠷᠢᠯᠴᠠᠬᠤ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 167 ᠳ᠋ᠤᠭᠠᠷ ᠨᠣᠮᠧᠷ ᠥᠪᠥᠷ ᠮᠣᠩᠭᠤᠯ᠎ᠤᠨ ᠬᠥᠳᠡᠯᠮᠦᠷᠢ ᠬᠦᠴᠦᠨ᠎ᠤ ᠵᠠᠬ᠎ᠠ ᠳᠡᠯᠭᠡᠭᠦᠷ᠎ᠤᠨ ᠥᠪᠥᠷ ᠮᠣᠩᠭᠤᠯ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶᠢᠨ 604 ᠳ᠋ᠦ᠍ᠭᠡᠷ ᠠᠯᠪᠠᠨ ᠬᠡᠷ
ᠳᠠᠭᠠᠯᠳᠤᠭᠤᠯᠤᠯ᠄ ᠭᠡᠷᠡᠴᠢᠯᠡᠭᠡ ᠰᠣᠨᠣᠰᠭᠤ ᠬᠤᠷᠠᠯ᠎ᠤᠨ ᠲᠥᠯᠥᠭᠡᠯᠡᠭ᠌ᠴᠢ᠎ᠶ᠋ᠢᠨ ᠨᠡᠷ᠎ᠡ ᠮᠡᠳᠡᠭᠦᠯᠬᠦ᠌ ᠬᠦᠰᠦᠨᠦᠭ᠌ᠲᠦ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
2025 ᠣᠨ᠎ᠤ 11 ᠳ᠋ᠤᠭᠡᠷ ᠰᠠᠷ᠎ᠠ᠎ᠶ᠋ᠢᠨ 11 ᠤ ᠡᠳᠦᠷ
ᠳᠠᠭᠠᠯᠳᠤᠭᠤᠯᠤᠯ᠄
ᠭᠡᠷᠡᠴᠢᠯᠡᠭᠡ ᠰᠣᠨᠣᠰᠭᠤ ᠬᠤᠷᠠᠯ᠎ᠤᠨ ᠲᠥᠯᠥᠭᠡᠯᠡᠭ᠌ᠴᠢ᠎ᠶ᠋ᠢᠨ ᠨᠡᠷ᠎ᠡ ᠮᠡᠳᠡᠭᠦᠯᠬᠦ᠌ ᠬᠦᠰᠦᠨᠦᠭ᠌ᠲᠦ.doc