ᠣᠢᠷ᠎ᠠ᠎ᠳᠤ᠂ ᠣᠯᠠᠨ ᠲᠦᠮᠡᠨ᠎ᠤ ᠢᠯᠡᠴᠢᠯᠡᠨ ᠮᠡᠳᠡᠭᠦᠯᠦᠯᠲᠡ᠎ᠶ᠋ᠢ ᠭᠥᠯᠢᠶᠡᠨ ᠠᠪᠴᠤ᠌᠂ ᠬᠡᠰᠡᠭ ᠡᠮᠴᠢᠯᠡᠭᠡᠨ᠎ᠦ ᠪᠠᠲᠤᠯᠠᠭ᠎ᠠ᠎ᠶ᠋ᠢᠨ ᠴᠡᠭ ᠲᠣᠭᠲᠠᠭ᠋ᠠᠭᠰᠠᠨ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠨᠢ 《 ᠡᠮᠴᠢᠯᠡᠭᠡᠨ᠎ᠤ ᠳᠠᠭᠠᠳᠭᠠᠯ᠎ᠤᠨ ᠲᠣᠭᠠᠴᠠᠭ᠎ᠠ ᠬᠢᠵᠦ᠍ ᠳᠡᠢᠯᠬᠦ᠌ ᠥᠬᠡᠶ 》 ᠭᠡᠳᠡᠭ᠎ᠢᠶᠠᠷ ᠱᠢᠯᠲᠠᠭ ᠪᠣᠯᠭᠠᠵᠤ᠂ ᠳᠠᠭᠠᠳᠭᠠᠯ᠎ᠳᠤ ᠣᠷᠣᠯᠴᠠᠭ᠍ᠰᠠᠳ᠎ᠤᠨ ᠡᠮᠴᠢᠯᠡᠭᠡᠨ᠎ᠤ ᠳᠠᠭᠠᠳᠭᠠᠯ᠎ᠤᠨ ᠬᠤᠪᠢ ᠬᠥᠮᠦᠨ᠎ᠤ ᠲᠠᠩᠰᠠᠨ ᠡᠷᠦᠬᠡ᠎ᠶ᠋ᠢ ᠬᠡᠷᠡᠭ᠌ᠯᠡᠨ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠤᠨ ᠵᠠᠷᠤᠳᠠᠯ ᠲᠤᠱᠢᠶᠠᠬᠤ᠎ᠶ᠋ᠢ ᠲᠡᠪᠴᠢᠪᠡ᠃
ᠣᠯᠥᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ 2 ᠳ᠋ᠣᠭᠠᠷ ᠲᠣᠭᠠᠳᠣ ᠵᠠᠷᠯᠢᠭ᠂ 3 ᠳ᠋ᠣᠭᠠᠷ ᠲᠣᠭᠠᠳᠣ ᠵᠠᠷᠯᠢᠭ ᠶᠣᠰᠣᠭᠠᠷ᠂ ᠴᠡᠭ ᠲᠣᠭᠲᠠᠭ᠋ᠠᠭᠰᠠᠨ ᠡᠮ ᠡᠮᠨᠡᠯᠭᠡ᠎ᠶ᠋ᠢᠨ ᠪᠠᠢᠭᠤᠯᠥᠮᠵᠢ᠎ᠨᠢ ᠲᠠᠭᠠᠳᠭᠠᠯ᠎ᠳᠤ ᠣᠷᠣᠯᠴᠬᠠᠰᠠᠳ᠎ᠲᠤ ᠡᠮᠴᠢᠯᠡᠭᠡᠨ᠎ᠤ ᠲᠠᠭᠠᠳᠭᠠᠯ᠎ᠤᠨ ᠵᠠᠷᠣᠳᠡᠯ᠎ᠢ ᠳ᠋ᠦᠩᠨᠡᠨ ᠪᠤᠳᠣᠬᠤ ᠦᠢᠯᠡᠴᠢᠯᠡᠭᠡ ᠬᠠᠩᠭᠠᠵᠦ᠍᠂ ᠡᠮᠴᠢᠯᠡᠭᠡᠨ᠎ᠤ ᠪᠠᠲᠤᠯᠠᠭ᠎ᠠ᠎ᠶ᠋ᠢᠨ ᠭᠡᠯᠡᠯᠴᠡᠭᠡᠷ᠎ᠲᠤ ᠪᠤᠯᠵᠤᠨ ᠲᠣᠠᠠᠳ᠋ᠬᠠᠰᠠᠨ ᠴᠡᠭ ᠲᠣᠭᠲᠠᠭ᠋ᠠᠭᠰᠠᠨ ᠡᠮ ᠡᠮᠨᠡᠯᠭᠡ᠎ᠶ᠋ᠢᠨ ᠪᠠᠢᠭᠤᠯᠥᠮᠵᠢ᠎ᠳᠤ ᠡᠮᠴᠢᠯᠡᠭᠡᠨ᠎ᠤ ᠪᠠᠲᠤᠯᠠᠭ᠎ᠠ᠎ᠶ᠋ᠢᠨ ᠡᠷᠬᠢᠯᠡᠨ ᠬᠦᠢᠴᠡᠳᠭᠡᠬᠦ᠌ ᠪᠠᠢᠭᠤᠯᠥᠮᠵᠢ᠎ᠨᠢ ᠡᠮᠴᠢᠯᠡᠭᠡᠨ᠎ᠤ ᠪᠠᠲᠤᠯᠠᠭ᠎ᠠ᠎ᠶ᠋ᠢᠨ ᠭᠡᠯᠡᠯᠴᠡᠭᠡᠷᠢ ᠬᠦᠴᠣᠨ ᠦᠭᠡᠢ ᠪᠤᠯᠭᠠᠨ᠎ᠠ᠃
ᠥᠷᠭᠡᠨ ᠣᠯᠠᠨ ᠲᠦᠮᠡᠨ ᠬᠡᠷᠪᠡ ᠴᠡᠭ ᠲᠣᠭᠲᠠᠭ᠋ᠠᠭᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠨᠢ ᠵᠦᠶ ᠶᠣᠰᠣᠨ᠎ᠤ ᠱᠢᠯᠲᠠᠭᠠᠨ ᠥᠬᠡᠶ᠎ᠪᠠᠷ ᠡᠮᠴᠢᠯᠡᠭᠡᠨ᠎ᠦ ᠳᠠᠭᠠᠳᠭᠠᠯ᠎ᠤᠨ ᠬᠤᠪᠢ ᠬᠥᠮᠦᠨ᠎ᠤ ᠲᠠᠩᠰᠠᠨ ᠡᠷᠦᠬᠡ᠎ᠶ᠋ᠢ ᠳ᠋ᠦᠩᠨᠡᠨ ᠪᠤᠳᠤᠬᠤ ᠵᠡᠷᠭᠡ ᠭᠡᠷ᠎ᠡ᠎ᠶ᠋ᠢ ᠵᠥᠷᠢᠴᠡᠭ᠌ᠰᠡᠨ ᠦᠢᠯᠡ ᠠᠵᠢᠯᠯᠠᠭ᠎ᠠ᠎ᠳᠤ ᠢᠳᠡᠪᠬᠢᠲᠡᠶ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠦᠭᠡᠷᠡᠶ᠃ ᠮᠠᠨ᠎ᠤ ᠲᠣᠪᠴᠢᠶ᠎ᠠ ᠨᠢᠭᠡ᠎ᠶ᠋ᠢ ᠣᠯᠵᠤ ᠮᠡᠳᠡᠪᠡᠯ ᠨᠢᠭᠡ᠎ᠶ᠋ᠢ ᠪᠠᠢᠴᠠᠭᠠᠨ ᠱᠢᠢᠳᠪᠤᠷᠢᠯᠡᠬᠦ᠌᠎ᠶ᠋ᠢ ᠪᠠᠷᠢᠮᠲᠠᠯᠠᠵᠤ᠂ ᠡᠯ᠎ᠡ ᠲᠥᠷᠥᠯ᠎ᠤᠨ ᠬᠠᠤᠯᠢ ᠲᠣᠭ᠍ᠲᠠᠭᠠᠯ᠎ᠠᠴᠠ ᠵᠥᠷᠢᠴᠡᠨ ᠭᠡᠷ᠎ᠡ ᠵᠥᠷᠢᠴᠡᠭ᠌ᠰᠡᠨ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠳᠠᠭᠠᠳᠭᠠᠯ᠎ᠳᠤ ᠣᠷᠣᠯᠴᠠᠭ᠍ᠰᠠᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠨ᠎ᠠ᠃
ᠳᠠᠭᠠᠯᠳᠤᠭᠤᠯᠤᠯ᠄ ᠢᠯᠡᠴᠢᠯᠡᠨ ᠮᠡᠳᠡᠭᠦᠯᠵᠦ ᠵᠠᠭ᠋ᠠᠯᠳᠤᠬᠤ ᠤᠲᠠᠰᠤ