ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠢᠲᠡᠭᠡᠮᠵᠢ᠎ᠶ᠋ᠢᠨ ᠦᠨᠡᠯᠡᠯᠲᠡ᠎ᠶ᠋ᠢᠨ ᠬᠡᠷᠡᠭ᠌ᠵᠢᠭᠦᠯᠬᠦ᠌ ᠨᠠᠷᠢᠨ ᠲᠦᠷᠢᠮ ( ᠰᠠᠨᠠᠯ ᠬᠤᠷᠢᠶᠠᠬᠤ ᠨᠣᠤᠷᠠᠭ )》 ᠵᠡᠷᠭᠡ ᠭᠤᠷᠪᠠᠨ ᠵᠦᠢᠯ᠎ᠤᠨ ᠲᠦᠷᠢᠮ᠎ᠤᠨ ᠭᠡᠷᠡᠴᠢᠯᠡᠯᠲᠡ ᠰᠣᠨᠣᠰᠭᠤ ᠬᠤᠷᠠᠯ ᠬᠤᠷᠠᠯᠳᠤᠭᠤᠯᠬᠤ ᠲᠤᠬᠠᠶ ᠠᠯᠪᠠᠨ ᠵᠠᠷ
ᠨᠡᠶ᠋ᠢᠲᠡᠯᠡᠭᠰᠡᠨ ᠴᠠᠭ᠄ 2025-11-26

  《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ᠎ᠶ᠋ᠢᠨ ᠠᠷᠭ᠎ᠠ》 ( ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 262 ᠳ᠋ᠤᠭᠠᠷ ᠲᠣᠭᠠᠲᠤ )᠎ᠶ᠋ᠢ ᠦᠨᠳᠦᠰᠦᠯᠡᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ 2025 ᠣᠨ᠎ᠤ 12 ᠳ᠋ᠤᠭᠠᠷ ᠰᠠᠷ᠎ᠠ᠎ᠶ᠋ᠢᠨ ᠡᠬᠢ᠎ᠪᠠᠷ  《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠢᠲᠡᠭᠡᠮᠵᠢ᠎ᠶ᠋ᠢᠨ ᠦᠨᠡᠯᠡᠯᠲᠡ᠎ᠶ᠋ᠢᠨ ᠬᠡᠷᠡᠭ᠌ᠵᠢᠭᠦᠯᠬᠦ᠌ ᠨᠠᠷᠢᠨ ᠲᠦᠷᠢᠮ  ( ᠰᠠᠨᠠᠯ ᠬᠤᠷᠢᠶᠠᠬᠤ ᠨᠣᠤᠷᠠᠭ )》 ᠵᠡᠷᠭᠡ ᠭᠤᠷᠪᠠᠨ ᠵᠦᠢ᠍ᠯ᠎ᠤᠨ ᠲᠦᠷᠢᠮ᠎ᠤᠨ ᠭᠡᠷᠡᠴᠢᠯᠡᠭᠡ ᠰᠣᠨᠣᠰᠭᠤ ᠬᠤᠷᠠᠯ ᠬᠤᠷᠠᠯᠳᠤᠭᠤᠯᠬᠤ᠎ᠪᠠᠷ ᠪᠣᠶ᠃ ᠡᠳᠦᠭᠡ ᠬᠤᠯᠪᠣᠭ᠍ᠳᠠᠯ ᠪᠦᠬᠦᠢ ᠤᠴᠢᠷ᠎ᠢ ᠳᠣᠣᠷᠠᠬᠢ ᠮᠡᠲᠦ ᠵᠠᠷᠯᠠᠶ᠎ᠠ᠄

  ᠨᠢᠭᠡ᠂ ᠣᠷᠣᠯᠴᠠᠬᠤ ᠬᠥᠮᠦᠰ

  ᠭᠡᠷᠡᠴᠢᠯᠡᠭᠡ ᠰᠣᠨᠣᠰᠭᠤ ᠬᠤᠷᠠᠯ᠎ᠳᠤ ᠣᠷᠣᠯᠴᠠᠭ᠍ᠰᠠᠨ ᠬᠥᠮᠦᠨ ᠨᠡᠢᠲᠡ 7 ᠪᠠᠢᠵᠤ᠂ ᠡᠭᠦᠨ᠎ᠳᠤ᠄ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ 1 ᠨᠡᠷ᠎ᠡ᠂ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ 1 ᠨᠡᠷ᠎ᠡ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠲᠥᠯᠥᠭᠡᠯᠡᠭ᠌ᠴᠢ 3 ᠨᠡᠷ᠎ᠡ᠂ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠤ ᠲᠥᠯᠥᠭᠡᠯᠡᠭ᠌ᠴᠢ 1 ᠨᠡᠷ᠎ᠡ᠂ ᠡᠮᠴᠢᠯᠡᠭᠡᠨ᠎ᠤ ᠳᠠᠭᠠᠳᠭᠠᠯ᠎ᠢ ᠭᠠᠷᠲᠠᠨ ᠭᠦᠢᠴᠡᠳᠭᠡᠬᠦ᠌ ᠪᠠᠢᠭᠤᠯᠤᠮᠵᠢ᠎ᠶ᠋ᠢᠨ ᠬᠠᠮᠢᠶ᠎ᠠ ᠪᠥᠬᠦᠶ ᠠᠵᠢᠯᠲᠠᠨ 1 ᠨᠡᠷ᠎ᠡ ᠪᠣᠯᠣᠨ᠎ᠠ᠃

  ᠬᠤᠶᠠᠷ᠂ ᠪᠤᠢ ᠪᠤᠯᠬᠤ ᠠᠷᠭ᠎ᠠ ᠬᠡᠯᠪᠡᠷᠢ

  ( ᠨᠢᠭᠡ ) ᠭᠡᠷᠡᠴᠢᠯᠡᠭᠡ ᠰᠣᠨᠣᠰᠭᠤ ᠬᠤᠷᠠᠯ᠎ᠤᠨ ᠡᠮᠴᠢᠯᠡᠭᠡᠨ᠎ᠤ ᠪᠠᠢᠭᠤᠯᠤᠮᠵᠢ᠎ᠶ᠋ᠢᠨ ᠲᠥᠯᠥᠭᠡᠯᠡᠭ᠌ᠴᠢ ᠵᠢᠴᠢ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠤ ᠲᠥᠯᠥᠭᠡᠯᠡᠭ᠌ᠴᠢ ᠰᠠᠢᠨ ᠳᠤᠷ᠎ᠠ᠎ᠠᠴᠠ᠎ᠪᠠᠨ ᠨᠡᠷ᠎ᠡ ᠮᠡᠳᠡᠭᠦᠯᠬᠦ᠌ ᠠᠷᠭ᠎ᠠ ᠮᠠᠶᠢᠭ᠎ᠢᠶᠠᠷ ᠪᠣᠶ ᠪᠣᠯᠤᠨ᠎ᠠ᠃ ᠨᠡᠷ᠎ᠡ ᠮᠡᠳᠡᠭᠦᠯᠦᠭ᠌ᠰᠡᠨ ᠬᠥᠮᠦᠨ ᠳᠣᠤᠷᠠᠬᠢ ᠨᠥᠬᠦᠴᠡᠯ᠎ᠳᠤ ᠨᠡᠢᠴᠡᠭ᠌ᠰᠡᠨ ᠪᠠᠢᠬᠤ ᠬᠡᠷᠡᠭ᠌ᠲᠡᠶ᠄

  1. ᠪᠦᠬᠦᠯᠢ 18 ᠨᠠᠰᠤ ᠬᠦᠷᠴᠦ᠍᠂ ᠢᠷᠭᠡᠨ᠎ᠤ ᠬᠡᠷᠡᠭ᠎ᠤᠨ ᠠᠵᠢᠯᠯᠠᠭᠠᠨ᠎ᠤ ᠪᠦᠷᠢᠨ ᠴᠢᠳᠠᠪᠤᠷᠢ᠎ᠲᠠᠢ ;

  2. ᠴᠢᠬᠤᠯᠠ ᠪᠦᠬᠦᠢ ᠬᠤᠪᠢ ᠬᠥᠮᠦᠨ᠎ᠤ ᠮᠡᠳᠡᠭᠡ ᠵᠠᠩᠭᠢ  ( ᠣᠪᠣᠭ ᠨᠡᠷ᠎ᠡ᠂ ᠬᠦᠢᠰᠦ᠂ ᠪᠡᠶ᠎ᠡ ᠠᠬᠤᠢ ᠠᠵᠢᠯ ᠮᠡᠷᠭᠡᠵᠢᠯ ᠵᠡᠷᠭᠡ᠎ᠶ᠋ᠢ ᠪᠠᠭ᠍ᠲᠠᠭᠠᠨ᠎ᠠ )᠎ᠶ᠋ᠢ ᠢᠯᠡ ᠪᠣᠯᠭᠠᠬᠤ᠎ᠶ᠋ᠢ ᠵᠥᠪᠱᠢᠶᠡᠷᠡᠨ᠎ᠡ ;

  3. ᠵᠣᠬᠢᠬᠤ ᠬᠡᠮᠵᠢᠶᠡᠨ᠎ᠦ ᠪᠠᠢᠴᠠᠭᠠᠨ ᠰᠤᠳᠤᠯᠤᠯᠲᠠ᠂ ᠠᠰᠠᠭᠤᠳᠠᠯ᠎ᠢ ᠵᠠᠳᠠᠯᠬᠤ ᠪᠠ ᠦᠭᠡ ᠬᠡᠯᠡ ᠦᠰᠦᠭ ᠪᠢᠴᠢᠭ᠎ᠢᠶᠡᠷ ᠢᠯᠡᠳᠭᠡᠬᠦ᠌ ᠴᠢᠳᠠᠪᠤᠷᠢ᠎ᠲᠠᠢ ᠪᠠᠢᠬᠤ ᠬᠡᠷᠡᠭ᠌ᠲᠡᠢ ;

  4. ᠰᠠᠨᠠᠯ᠎ᠢᠶᠠᠨ ᠪᠤᠰᠤᠳᠴᠢ᠎ᠪᠠᠷ ᠢᠯᠡᠳᠭᠡᠬᠦ᠌᠎ᠶ᠋ᠢᠨ ᠬᠠᠮᠲᠤ ᠴᠠᠭ ᠲᠤᠬᠠᠶ᠎ᠳᠤ ᠨᠢ ᠪᠦᠬᠦ᠌ ᠶᠠᠪᠤᠴᠠ᠎ᠳᠤ ᠬᠤᠷᠠᠯ᠎ᠳᠤ ᠣᠷᠣᠯᠴᠠᠵᠤ ᠴᠢᠳᠠᠨ᠎ᠠ ;

  5. ᠬᠤᠷᠠᠯ ᠳᠡᠭᠡᠷ᠎ᠡ ᠭᠡᠷᠡᠴᠢᠯᠡᠭᠡ ᠰᠣᠨᠣᠰᠭᠤ ᠬᠤᠷᠠᠯ᠎ᠤᠨ ᠡᠯ᠎ᠡ ᠵᠦᠢᠯ᠎ᠦᠨ ᠰᠠᠬᠢᠯᠭ᠎ᠠ ᠪᠠᠲᠤ ᠪᠣᠯᠤᠨ ᠠᠩᠬᠠᠷᠬᠤ ᠵᠦᠢᠯ᠎ᠢ ᠵᠢᠷᠤᠮᠯᠠᠬᠤ ᠬᠡᠷᠡᠭ᠌ᠲᠡᠶ᠃

  ( ᠬᠤᠶᠠᠷ ) ᠭᠡᠷᠡᠴᠢᠯᠡᠭᠡ ᠰᠣᠨᠣᠰᠭᠤ ᠬᠤᠷᠠᠯ᠎ᠤᠨ ᠡᠮᠴᠢᠯᠡᠭᠡᠨ᠎ᠤ ᠪᠠᠢᠭᠤᠯᠤᠮᠵᠢ᠎ᠶ᠋ᠢᠨ ᠲᠥᠯᠥᠭᠡᠯᠡᠭ᠌ᠴᠢ᠂ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠤ ᠲᠥᠯᠥᠭᠡᠯᠡᠭ᠌ᠴᠢ᠂ ᠡᠮᠴᠢᠯᠡᠭᠡᠨ᠎ᠤ ᠳᠠᠭᠠᠳᠭᠠᠯ᠎ᠢ ᠭᠠᠷᠲᠠᠨ ᠭᠦᠢᠴᠡᠳᠭᠡᠬᠦ᠌ ᠪᠠᠢᠭᠤᠯᠤᠮᠵᠢ᠎ᠶ᠋ᠢᠨ ᠲᠥᠯᠥᠭᠡᠯᠡᠭ᠌ᠴᠢ᠎ᠶ᠋ᠢᠨ ᠨᠡᠷ᠎ᠡ ᠮᠡᠳᠡᠭᠦᠯᠦᠭ᠌ᠰᠡᠨ ᠬᠥᠮᠦᠨ ᠬᠦᠷᠦᠯᠴᠡᠬᠦ᠌ ᠥᠬᠡᠶ ᠦᠶ᠎ᠡ᠎ᠳᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠭᠡᠷᠡᠴᠢᠯᠡᠭᠡ ᠰᠣᠨᠣᠰᠭᠤ ᠵᠦᠢᠯᠡᠰ᠎ᠲᠤ ᠬᠤᠯᠪᠣᠭ᠍ᠳᠠᠭ᠍ᠰᠠᠨ ᠨᠢᠭᠡᠴᠢ ᠡᠴᠡ ᠲᠠᠨᠢᠯᠴᠠᠭᠤᠯᠬᠤ ᠪᠤᠶᠤ ᠤᠷᠢᠵᠤ ᠪᠣᠶ ᠪᠣᠯᠭᠠᠨ᠎ᠠ᠃

  ( ᠭᠤᠷᠪᠠ ) ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ᠎ᠤ ᠬᠠᠮᠢᠶ᠎ᠠ ᠪᠥᠬᠦᠶ ᠬᠥᠮᠦᠰ᠎ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠲᠤᠬᠠᠢᠯᠠᠭ᠍ᠰᠠᠨ ᠠᠵᠢᠯ᠎ᠤᠨ ᠬᠡᠷᠡᠭ᠌ᠴᠡᠭᠡ᠎ᠪᠠᠨ ᠦᠨᠳᠦᠰᠦᠯᠡᠨ ᠤᠷᠢᠵᠤ ᠣᠷᠣᠯᠴᠠᠭᠤᠯᠤᠨ᠎ᠠ᠃

  ᠭᠤᠷᠪᠠ᠂ ᠨᠡᠷ᠎ᠡ ᠮᠡᠳᠡᠭᠦᠯᠬᠦ᠌ ᠠᠷᠭ᠎ᠠ ᠮᠠᠶᠢᠭ

  ᠣᠷᠣᠯᠴᠠᠬᠤ ᠰᠠᠨᠠᠭ᠎ᠠ᠎ᠲᠠᠢ ᠬᠥᠮᠦᠨ 12 ᠳ᠋ᠤᠭ᠋ᠠᠷ ᠰᠠᠷ᠎ᠠ᠎ᠶ᠋ᠢᠨ 3 ᠎ᠤ ᠡᠳᠦᠷ᠎ᠠᠴᠠ ᠡᠮᠦᠨ᠎ᠡ ᠲᠣᠰ ᠬᠥᠮᠦᠨ᠎ᠤ ᠪᠡᠶ᠎ᠡ᠎ᠶ᠋ᠢᠨ ᠦᠨᠡᠮᠯᠡᠯ᠎ᠤᠨ ᠱᠢᠷᠪᠢᠯᠲᠡ᠎ᠶ᠋ᠢᠨ ᠵᠦᠢᠯᠡᠰ ᠪᠠ 《 ᠭᠡᠷᠡᠴᠢᠯᠡᠭᠡ ᠰᠣᠨᠣᠰᠭᠤ ᠬᠤᠷᠠᠯ᠎ᠤᠨ ᠲᠥᠯᠥᠭᠡᠯᠡᠭ᠌ᠴᠢ᠎ᠶ᠋ᠢᠨ ᠨᠡᠷ᠎ᠡ ᠮᠡᠳᠡᠭᠦᠯᠬᠦ᠌ ᠬᠦᠰᠦᠨᠦᠭ᠌ᠲᠦ 》᠎ᠶ᠋ᠢ ᠡᠯᠧᠺᠲᠷᠣᠨ ᠱᠢᠤᠳᠠᠨ᠎ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠳᠤ ᠢᠯᠡᠭᠡᠨ᠎ᠡ᠃

  ᠤᠲᠠᠰᠤ᠄ 0471 - 6606267

  ᠱᠢᠤᠳᠠᠨ᠎ᠤ ᠬᠠᠢ᠌ᠷᠴᠠᠭ᠄ nmgylbzj@163.com

  ᠬᠠᠷᠢᠯᠴᠠᠬᠤ ᠬᠠᠶᠢᠭ᠄ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 167 ᠳ᠋ᠤᠭᠠᠷ ᠲᠣᠭᠠᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠡᠮᠴᠢᠯᠡᠭᠡᠨ᠎ᠤ ᠪᠠᠳᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠤᠨ ᠲᠤᠰᠭᠠᠶ ᠠᠩᠭᠢ

  ᠳᠠᠭᠠᠯᠳᠤᠭᠤᠯᠤᠯ᠄ ᠭᠡᠷᠡᠴᠢᠯᠡᠭᠡ ᠰᠣᠨᠣᠰᠭᠤ ᠬᠤᠷᠠᠯ᠎ᠤᠨ ᠲᠥᠯᠥᠭᠡᠯᠡᠭ᠌ᠴᠢ᠎ᠶ᠋ᠢᠨ ᠨᠡᠷ᠎ᠡ ᠮᠡᠳᠡᠭᠦᠯᠬᠦ᠌ ᠬᠦᠰᠦᠨᠦᠭ᠌ᠲᠦ


  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ

  2025 ᠣᠨ᠎ᠤ 11 ᠳ᠋ᠤᠭᠡᠷ ᠰᠠᠷ᠎ᠠ᠎ᠶ᠋ᠢᠨ 26 ᠎ᠤ ᠡᠳᠦᠷ

  

  ᠳᠠᠭᠠᠯᠳᠤᠭᠤᠯᠤᠯ᠄ ᠭᠡᠷᠡᠴᠢᠯᠡᠭᠡ ᠰᠣᠨᠣᠰᠭᠤ ᠬᠤᠷᠠᠯ᠎ᠤᠨ ᠲᠥᠯᠥᠭᠡᠯᠡᠭ᠌ᠴᠢ᠎ᠶ᠋ᠢᠨ ᠨᠡᠷ᠎ᠡ ᠮᠡᠳᠡᠭᠦᠯᠬᠦ᠌ ᠬᠦᠰᠦᠨᠦᠭ᠌ᠲᠦ .docx

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            