ᠡᠮᠴᠢᠯᠡᠭᠡᠨ᠎ᠤ ᠳᠠᠭᠠᠳᠭᠠᠯ᠎ᠤᠨ ᠬᠤᠪᠢ ᠬᠥᠮᠦᠨ᠎ᠤ ᠳᠠᠩᠰᠠᠨ ᠡᠷᠦᠬᠡ᠎ᠶ᠋ᠢᠨ 《 ᠣᠨ᠎ᠤ ᠬᠦᠦ ᠮᠥᠩᠭᠦ᠌ ᠪᠤᠳᠤᠬᠤ 》 ᠠᠵᠢᠯ᠎ᠢ ᠰᠠᠢᠲᠤᠷ ᠬᠢᠬᠦ᠌᠎ᠶ᠋ᠢᠨ ᠲᠤᠰᠠᠳᠠ᠂ ᠪᠥᠬᠦ᠌ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠮᠡᠳᠡᠭᠡ ᠵᠠᠩᠭᠢ᠎ᠶ᠋ᠢᠨ ᠲᠠᠪᠴᠠᠩ᠎ᠤᠨ ᠭᠠᠳᠠᠭᠠᠳᠤ᠎ᠳᠤ ᠦᠢᠯᠡᠴᠢᠯᠡᠬᠦ᠌᠎ᠶ᠋ᠢ ᠲᠦᠷ ᠵᠣᠭ᠍ᠰᠣᠭᠠᠬᠤ ᠴᠢᠬᠤᠯᠠᠲᠠᠶ᠂ ᠡᠳᠦᠭᠡ ᠬᠤᠯᠪᠣᠭ᠍ᠳᠠᠯ ᠪᠥᠬᠦᠶ ᠵᠦᠢᠯᠡᠰ᠎ᠢ ᠳᠣᠤᠷᠠᠬᠢ ᠮᠡᠲᠦ ᠵᠠᠷᠯᠠᠶ᠎ᠠ᠄
ᠨᠢᠭᠡ᠂ ᠮᠠᠱᠢᠨ ᠵᠣᠭ᠍ᠰᠣᠬᠤ ᠴᠠᠭ
2025 ᠣᠨ᠎ᠤ 12 ᠳ᠋ᠤᠭ᠋ᠠᠷ ᠰᠠᠷ᠎ᠠ᠎ᠶ᠋ᠢᠨ 31 ᠤ ᠡᠳᠦᠷ᠎ᠤᠨ 18᠄ 00 ᠠᠴᠠ 2026 ᠣᠨ᠎ᠤ 1 ᠳ᠋ᠤᠭᠡᠷ ᠰᠠᠷ᠎ᠠ᠎ᠶ᠋ᠢᠨ 1 ᠤ ᠡᠳᠦᠷ᠎ᠤᠨ 08᠄ 00 ᠪᠣᠯᠣᠨ᠎ᠠ᠃
ᠬᠤᠶᠠᠷ᠂ ᠲᠦᠷ ᠵᠣᠭ᠍ᠰᠣᠬᠤ ᠦᠶ᠋ᠯᠡᠴᠢᠯᠡᠭᠡᠨ᠎ᠤ ᠬᠦᠷᠢᠶ᠎ᠡ ᠬᠡᠪᠴᠢᠶ᠎ᠡ
ᠮᠠᠱᠢᠨ ᠵᠣᠭ᠍ᠰᠣᠬᠤ ᠬᠤᠭᠤᠴᠠᠭᠠᠨ᠎ᠳᠤ᠂ ᠪᠥᠬᠦ᠌ ᠣᠷᠣᠨ᠎ᠤ ᠬᠤᠲᠠ ᠪᠠᠯᠭᠠᠰᠤᠨ᠎ᠤ ᠠᠵᠢᠯᠲᠠᠨ ᠠᠵᠢᠯᠴᠢᠨ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ ᠪᠠ ᠠᠮᠢᠳᠤᠯᠢᠭ᠎ᠢᠶᠠᠷ ᠠᠵᠢᠯ ᠣᠯᠤᠭ᠍ᠰᠠᠳ᠎ᠤᠨ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠪᠣᠶ ᠪᠥᠬᠦᠶ ᠡᠮᠴᠢᠯᠡᠭᠡᠨ᠎ᠦ ᠪᠠᠲᠤᠯᠠᠭ᠎ᠠ᠎ᠶᠢᠨ ᠲᠤᠬᠠᠢᠯᠠᠭ᠍ᠰᠠᠨ ᠠᠵᠢᠯ᠎ᠢ ᠭᠦᠶ᠋ᠴᠡᠳᠭᠡᠬᠦ᠌᠎ᠶ᠋ᠢ ᠵᠣᠭ᠍ᠰᠣᠭᠠᠨ᠎ᠠ᠃ ᠡᠭᠦᠨ᠎ᠳᠤ ᠪᠥᠬᠦ᠌ ᠣᠷᠣᠨ᠎ᠤ ᠴᠡᠭ ᠲᠣᠭ᠍ᠲᠠᠭᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠶ᠋ᠢᠨ ᠡᠮᠴᠢᠯᠡᠭᠡᠨ᠎ᠦ ᠳᠠᠭᠠᠳᠭᠠᠯ᠎ᠤᠨ ᠳ᠋ᠦᠩᠨᠡᠨ ᠪᠤᠳᠤᠬᠤ᠂ ᠮᠤᠵᠢ᠎ᠶ᠋ᠢᠨ ᠳᠣᠲᠣᠷ᠎ᠠ ᠣᠨᠳᠣᠤ ᠭᠠᠵᠠᠷ ᠵᠢᠴᠢ ᠮᠤᠵᠢ ᠠᠯᠤᠰᠯᠠᠨ ᠡᠮᠴᠢᠯᠡᠭᠡᠨ᠎ᠦ ᠳᠠᠭᠠᠳᠭᠠᠯ᠎ᠤᠨ ᠳ᠋ᠦᠩᠨᠡᠨ ᠪᠤᠳᠤᠬᠤ ᠵᠡᠷᠭᠡ ᠲᠤᠬᠠᠢᠯᠠᠭ᠍ᠰᠠᠨ ᠠᠵᠢᠯ᠎ᠢ ᠪᠠᠭ᠍ᠲᠠᠭᠠᠨ᠎ᠠ᠃
ᠬᠦᠦ ᠮᠥᠩᠭᠦ᠎ᠶ᠋ᠢ ᠳ᠋ᠦᠩᠨᠡᠨ ᠱᠢᠯᠵᠢᠭᠦᠯᠬᠦ᠌᠎ᠠᠴᠠ ᠪᠣᠯᠵᠣ ᠮᠡᠳᠡᠭᠡ ᠵᠠᠩᠭᠢ᠎ᠶ᠋ᠢᠨ ᠬᠤᠪᠢᠷᠠᠯᠲᠠ᠎ᠶ᠋ᠢ ᠨᠥᠯᠥᠭᠡᠯᠡᠵᠦ᠍᠂ 《 ᠥᠪᠥᠷ ᠮᠣᠩᠭᠤᠯ᠎ᠤᠨ ᠡᠮᠴᠢᠯᠡᠭᠡᠨ᠎ᠦ ᠪᠠᠲᠤᠯᠠᠭ᠎ᠠ 》᠎ᠶᠢᠨ APP᠂ 《 ᠥᠪᠥᠷ ᠮᠣᠩᠭᠤᠯ᠎ᠤᠨ ᠡᠮᠴᠢᠯᠡᠭᠡᠨ᠎ᠦ ᠪᠠᠲᠤᠯᠠᠭ᠎ᠠ 》᠎ᠶᠢᠨ ᠣᠯᠠᠨ ᠨᠡᠢᠲᠡ᠎ᠶ᠋ᠢᠨ ᠸᠢᠴᠠᠲ ᠲᠠᠪᠴᠠᠩ᠂ 《 ᠥᠪᠥᠷ ᠮᠣᠩᠭᠤᠯ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡ 》᠎ᠶ᠋ᠢᠨ ᠲᠠᠪᠴᠠᠩ᠂ ᠠᠦ᠋ᠲ᠋ᠣ᠋ ᠦᠵᠦᠭᠦᠷ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠠᠷᠭ᠎ᠠ ᠵᠠᠮ᠎ᠢ ᠪᠦᠬᠦᠨ᠎ᠢ ᠲᠦᠷ ᠵᠣᠭᠰᠣᠭ᠋ᠠᠨ᠎ᠠ᠃
ᠭᠤᠷᠪᠠ᠂ ᠬᠠᠯᠠᠭᠤᠨ ᠳᠣᠲᠣᠨᠣ ᠰᠠᠨᠠᠭᠤᠯᠤᠮᠵᠢ
ᠮᠠᠱᠢᠨ ᠵᠣᠭ᠍ᠰᠣᠬᠤ ᠬᠤᠭᠤᠴᠠᠭᠠᠨ᠎ᠳᠤ᠂ ᠡᠮᠨᠡᠯᠭᠡ᠎ᠳᠤ ᠣᠷᠣᠵᠤ ᠡᠮᠨᠡᠭᠦᠯᠬᠦ᠌ ᠴᠢᠬᠤᠯᠠᠲᠠᠶ ᠪᠠᠢᠪᠠᠯ᠂ ᠤᠷᠢᠳ᠎ᠢᠶᠠᠷ ᠥᠪᠡᠷ᠎ᠢᠶᠠᠨ ᠵᠠᠷᠤᠳᠠᠯ᠎ᠢᠶᠠᠨ ᠥᠭᠴᠦ ᠡᠮᠨᠡᠯᠭᠡ᠎ᠳᠤ ᠣᠷᠣᠵᠤ ᠪᠣᠯᠤᠨ᠎ᠠ᠂ ᠱᠢᠰᠲ᠋ᠧᠮ ᠨᠡᠭᠡᠭᠡᠭ᠌ᠰᠡᠨ᠎ᠤ ᠳᠠᠷᠠᠭ᠎ᠠ ᠰᠠᠶᠢ ᠡᠮᠴᠢᠯᠡᠭᠡᠨ᠎ᠤ ᠳᠠᠭᠠᠳᠭᠠᠯ᠎ᠤᠨ ᠳ᠋ᠦᠩᠨᠡᠨ ᠪᠤᠳᠤᠬᠤ ᠭᠠᠷ ᠭᠦᠢᠴᠡᠳᠭᠡᠯ ᠬᠢᠵᠦ᠍ ᠪᠣᠯᠤᠨ᠎ᠠ᠃
ᠥᠷᠭᠡᠨ ᠣᠯᠠᠨ ᠳᠠᠭᠠᠳᠭᠠᠯ᠎ᠳᠤ ᠣᠷᠣᠯᠴᠠᠭ᠍ᠰᠠᠨ ᠨᠢᠭᠡᠴᠢ᠂ ᠳᠠᠭᠠᠳᠭᠠᠯ᠎ᠳᠤ ᠣᠷᠣᠯᠴᠠᠭ᠍ᠰᠠᠳ ᠬᠠᠮᠢᠶ᠎ᠠ ᠪᠦᠬᠦᠢ ᠲᠤᠬᠠᠢᠯᠠᠭ᠍ᠰᠠᠨ ᠠᠵᠢᠯ᠎ᠢ ᠭᠦᠢᠴᠡᠳᠭᠡᠬᠦ᠌ ᠴᠠᠭ᠎ᠢ ᠵᠦᠶ ᠵᠣᠬᠢᠰᠲᠠᠶ ᠲᠣᠬᠢᠷᠠᠭᠤᠯᠬᠤ᠎ᠶ᠋ᠢᠨ ᠬᠠᠮᠲᠤ ᠬᠠᠷᠢᠯᠴᠠᠨ ᠳᠠᠮᠵᠢᠭᠤᠯᠤᠨ ᠮᠡᠳᠡᠭ᠌ᠳᠡᠬᠦ᠌ ᠬᠡᠷᠡᠭ᠌ᠲᠡᠶ᠃ ᠡᠭᠦᠨ᠎ᠠᠴᠠ ᠪᠣᠯᠤᠭ᠍ᠰᠠᠨ ᠳᠥᠭᠦᠮ ᠦᠭᠡᠢ ᠪᠠᠢᠳᠠᠯ᠎ᠢ ᠡᠯ᠎ᠡ ᠳᠠᠭᠠᠳᠭᠠᠯ᠎ᠳᠤ ᠣᠷᠣᠯᠴᠠᠭ᠍ᠰᠠᠨ ᠨᠢᠭᠡᠴᠢ᠂ ᠳᠠᠭᠠᠳᠭᠠᠯ᠎ᠳᠤ ᠣᠷᠣᠯᠴᠠᠭ᠍ᠰᠠᠳ ᠪᠣᠯᠤᠨ ᠨᠡᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠠᠭᠤᠴᠢᠯᠠᠬᠤ᠎ᠶ᠋ᠢ ᠬᠦᠰᠡᠵᠦ᠍ ᠪᠠᠢᠨ᠎ᠠ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
2025 ᠣᠨ᠎ᠤ 12 ᠳ᠋ᠤᠭ᠋ᠠᠷ ᠰᠠᠷ᠎ᠠ᠎ᠶ᠋ᠢᠨ 22 ᠤᠨ ᠡᠳᠦᠷ