ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠳᠠᠭᠠᠳᠭᠠᠯ᠎ᠤᠨ ᠦᠢᠯᠡᠴᠢᠯᠡᠭᠡᠨ᠎ᠤ ᠲᠥᠪ᠂ ᠡᠯ᠎ᠡ ᠬᠠᠮᠢᠶ᠎ᠠ ᠪᠦᠬᠦᠢ ᠦᠨᠳᠦᠰᠦᠲᠡᠨ᠎ᠤ ᠡᠮ ᠦᠢᠯᠡᠳᠪᠦᠷᠢᠯᠡᠬᠦ᠌ ᠠᠵᠤ ᠠᠬᠤᠢᠯᠠᠯ᠎ᠳᠤ᠄
ᠦᠨᠳᠦᠰᠦᠲᠡᠨ᠎ᠤ ᠡᠮ᠎ᠢ ᠤᠯᠠᠮᠵᠢᠯᠠᠨ ᠵᠠᠯᠭᠠᠮᠵᠢᠯᠠᠵᠤ ᠱᠢᠨ᠎ᠡ᠎ᠶ᠋ᠢ ᠡᠭᠦᠳᠦᠨ ᠬᠥᠭ᠌ᠵᠢᠭᠦᠯᠬᠦ᠌᠎ᠶ᠋ᠢ ᠳᠡᠮᠵᠢᠬᠦ᠌ ᠬᠠᠮᠢᠶ᠎ᠠ ᠪᠥᠬᠦᠶ ᠱᠠᠭᠠᠷᠳᠠᠯᠭ᠎ᠠ᠎ᠶ᠋ᠢ ᠬᠢᠨᠠᠮᠠᠭᠠᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠣᠯᠠᠨ ᠲᠦᠮᠡᠨ᠎ᠤ ᠡᠮ ᠬᠡᠷᠡᠭ᠌ᠯᠡᠬᠦ᠌ ᠪᠠᠲᠤᠯᠠᠭ᠎ᠠ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌᠎ᠶ᠋ᠢᠨ ᠲᠤᠰᠠᠳᠠ᠂ 《 ᠦᠨᠳᠦᠰᠦᠨ ᠡᠮᠴᠢᠯᠡᠭᠡᠨ᠎ᠤ ᠳᠠᠭᠠᠳᠭᠠᠯ᠎ᠤᠨ ᠡᠮ ᠬᠡᠷᠡᠭ᠌ᠯᠡᠬᠦ᠌ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ 》 ( ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ 1 ᠳ᠋ᠤᠭᠡᠷ ᠲᠣᠭᠠᠲᠤ ᠵᠠᠷᠯᠢᠭ ) ᠵᠢᠴᠢ 《 ᠤᠯᠤᠰ᠎ᠤᠨ ᠦᠨᠳᠦᠰᠦᠨ ᠡᠮᠴᠢᠯᠡᠭᠡᠨ᠎ᠤ ᠳᠠᠭᠠᠳᠭᠠᠯ᠂ ᠠᠵᠢᠯ᠎ᠠᠴᠠ ᠪᠣᠯᠤᠭ᠍ᠰᠠᠨ ᠭᠡᠮᠲᠦᠯ᠎ᠤᠨ ᠳᠠᠭᠠᠳᠭᠠᠯ ᠪᠠ ᠦᠷᠡᠵᠢᠯ᠎ᠤᠨ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ 》 ᠵᠡᠷᠭᠡ ᠬᠤᠯᠪᠣᠭ᠍ᠳᠠᠯ ᠪᠥᠬᠦᠶ ᠲᠣᠭ᠍ᠲᠠᠭᠠᠯ᠎ᠢ ᠦᠨᠳᠦᠰᠦᠯᠡᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠡᠮ᠎ᠤᠨ ᠵᠦᠢᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠵᠦ᠍᠂ ᠡᠳᠦᠭᠡ ᠠᠵᠤ ᠠᠬᠤᠢᠯᠠᠯ᠎ᠤᠨ ᠰᠠᠢᠨ ᠳᠤᠷ᠎ᠠ᠎ᠠᠴᠠ᠎ᠪᠠᠨ ᠭᠤᠶᠤᠴᠢᠯᠠᠨ ᠮᠡᠳᠡᠭᠦᠯᠵᠦ᠍ ᠳᠣᠭᠢᠷᠠᠭᠤᠯᠬᠤ ᠬᠡᠪᠴᠢᠶᠡᠨ᠎ᠳᠤ ᠣᠷᠣᠭᠤᠯᠤᠭ᠍ᠰᠠᠨ ᠦᠨᠳᠦᠰᠦᠲᠡᠨ᠎ᠤ ᠡᠮ᠎ᠳᠤ ᠣᠷᠣᠭᠤᠯᠤᠨ᠎ᠠ᠃ ᠪᠣᠳᠠᠲᠠᠢ ᠮᠡᠳᠡᠭᠦᠯᠬᠦ᠌ ᠵᠦᠢᠯᠡᠰ᠎ᠢ ᠳᠣᠣᠷᠠᠬᠢ ᠮᠡᠲᠦ ᠮᠡᠳᠡᠭ᠌ᠳᠡᠶ᠎ᠡ᠄
ᠨᠢᠭᠡ᠂ ᠭᠤᠶᠤᠴᠢᠯᠠᠨ ᠮᠡᠳᠡᠭᠦᠯᠬᠦ᠌ ᠬᠡᠪᠴᠢᠶ᠎ᠡ
( ᠨᠢᠭᠡ ) ᠤᠯᠤᠰ᠎ᠤᠨ ᠡᠮ᠎ᠦᠨ ᠵᠦᠢᠯ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠢᠶᠡᠷ ᠵᠥᠪᠱᠢᠶᠡᠷᠡᠭᠦᠯᠦᠭᠡᠳ ᠡᠮ᠎ᠦᠨ ᠵᠦᠢᠯ ᠳᠠᠩᠰᠠᠯᠠᠭᠤᠯᠤᠭ᠍ᠰᠠᠨ ᠦᠨᠡᠮᠯᠡᠯ ᠣᠯᠤᠭ᠍ᠰᠠᠨ ᠪᠥᠭᠡᠳ ᠬᠦᠴᠦᠨ᠎ᠲᠡᠶ ᠬᠤᠭᠤᠴᠠᠭᠠᠨ᠎ᠳᠤ ᠪᠠᠢᠭ᠎ᠠ ᠦᠨᠳᠦᠰᠦᠲᠡᠨ᠎ᠦ ᠡᠮ᠄ 《 ᠡᠷᠡᠭᠦᠯ ᠬᠠᠮᠠᠭᠠᠯᠠᠯ᠎ᠤᠨ ᠶᠠᠮᠤᠨ᠎ᠤ ᠡᠮ᠎ᠦᠨ ᠵᠦᠢᠯ᠎ᠦᠨ ᠪᠠᠷᠢᠮᠵᠢᠶ᠎ᠠ 》᠎ᠶ᠋ᠢᠨ 1998ᠣᠨ᠎ᠤ ᠬᠡᠪᠯᠡᠯ ᠪᠤᠶᠤ 《 ᠳᠤᠮᠳᠠᠳᠤ ᠤᠯᠤᠰ᠎ᠤᠨ ᠡᠮ᠎ᠦᠨ ᠲᠣᠯᠢ 》᠎ᠳᠤ ᠮᠣᠩᠭᠣᠯ ᠦᠨᠳᠦᠰᠦᠲᠡᠨ᠎ᠦ ᠲᠤᠷᠱᠢᠯᠭᠠᠲᠤ ᠵᠣᠷ᠂ ᠤᠢᠭᠤᠷ ᠦᠨᠳᠦᠰᠦᠲᠡᠨ᠎ᠦ ᠲᠤᠷᠱᠢᠯᠭᠠᠲᠤ ᠵᠣᠷ᠂ ᠲᠥᠪᠡᠳ ᠦᠨᠳᠦᠰᠦᠲᠡᠨ᠎ᠦ ᠲᠤᠷᠱᠢᠯᠭᠠᠲᠤ ᠵᠣᠷ᠎ᠤᠨ ᠡᠮ᠎ᠦᠨ ᠵᠦᠢᠯ ᠪᠤᠶᠤ ᠤᠯᠤᠰ᠎ᠤᠨ ᠡᠮ᠎ᠦᠨ ᠵᠦᠢᠯ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠡᠮ᠎ᠦᠨ ᠵᠦᠢᠯ ᠢ ᠳᠠᠩᠰᠠᠯᠠᠭᠤᠯᠬᠤ ᠪᠠᠷᠢᠮᠵᠢᠶ᠎ᠠ᠎ᠳᠤ ᠨᠡᠢᠴᠡᠭ᠌ᠰᠡᠨ ᠦᠨᠳᠦᠰᠦᠲᠡᠨ᠎ᠦ ᠡᠮ᠃
( ᠬᠤᠶᠠᠷ ) 《 ᠦᠨᠳᠦᠰᠦᠨ ᠡᠮᠴᠢᠯᠡᠭᠡᠨ᠎ᠤ ᠳᠠᠭᠠᠳᠭᠠᠯ᠎ᠤᠨ ᠡᠮ ᠬᠡᠷᠡᠭ᠌ᠯᠡᠬᠦ᠌ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ 》᠎ᠶ᠋ᠢᠨ ᠳᠣᠯᠣᠳᠤᠭᠠᠷ᠂ ᠨᠠᠢ᠍ᠮᠠᠳᠤᠭᠠᠷ ᠵᠤᠷᠪᠤᠰ᠎ᠤᠨ ᠲᠣᠭ᠍ᠲᠠᠭᠠᠯ᠎ᠳᠤ ᠨᠡᠢᠴᠡᠭᠦᠯᠦᠨᠡ; 《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮᠴᠢᠯᠡᠭᠡᠨ᠎ᠤ ᠳᠠᠭᠠᠳᠭᠠᠯ᠂ ᠠᠵᠢᠯ᠎ᠠᠴᠠ ᠪᠣᠯᠤᠭ᠍ᠰᠠᠨ ᠭᠡᠮᠲᠦᠯ᠎ᠤᠨ ᠳᠠᠭᠠᠳᠭᠠᠯ ᠪᠠ ᠦᠷᠡᠵᠢᠯ᠎ᠤᠨ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ ( 2024 ᠣᠨ )》᠎ᠤᠨ ᠭᠠᠳᠠᠨᠠᠬᠢ ᠡᠮᠴᠢᠯᠡᠭᠡᠨ᠎ᠳᠤ ᠡᠷᠬᠡᠪᠰᠢ ᠱᠠᠭᠠᠷᠳᠠᠭ᠍ᠳᠠᠬᠤ᠂ ᠠᠮᠤᠷ ᠲᠦᠪᠱᠢᠨ ᠪᠦᠲᠦᠮᠵᠢᠲᠡᠶ᠂ ᠦᠨ᠎ᠡ ᠬᠠᠩᠰᠢ᠎ᠨᠢ ᠵᠦᠶ ᠵᠣᠬᠢᠰᠲᠠᠶ ᠵᠡᠷᠭᠡ ᠦᠨᠳᠦᠰᠦᠨ ᠨᠥᠬᠦᠴᠡᠯ᠎ᠤᠨ ᠦᠨᠳᠦᠰᠦᠲᠡᠨ᠎ᠤ ᠡᠮ; ᠭᠤᠶᠤᠴᠢᠯᠠᠨ ᠮᠡᠳᠡᠭᠦᠯᠦᠭ᠌ᠰᠡᠨ ᠦᠨᠳᠦᠰᠦᠲᠡᠨ᠎ᠤ ᠡᠮ᠎ᠢ ᠡᠮᠴᠢᠯᠡᠭᠡᠨ᠎ᠤ ᠪᠠᠢᠭᠤᠯᠤᠮᠵᠢ ᠪᠤᠶᠤ ᠡᠮ᠎ᠤᠨ ᠳᠡᠯᠭᠡᠭᠦᠷ᠎ᠲᠤ ᠬᠡᠷᠡᠭ᠌ᠯᠡᠬᠦ᠌ ᠪᠠ ᠪᠣᠷᠣᠯᠠᠭᠤᠯᠤᠨ᠎ᠠ᠃
ᠬᠤᠶᠠᠷ᠂ ᠭᠤᠶᠤᠴᠢᠯᠠᠨ ᠮᠡᠳᠡᠭᠦᠯᠬᠦ᠌ ᠭᠤᠤᠯ ᠴᠣᠭ᠍ᠴᠠ
ᠦᠨᠳᠦᠰᠦᠲᠡᠨ᠎ᠦ ᠡᠮ᠎ᠳᠦ ᠲᠣᠬᠢᠷᠠᠭᠤᠯᠤᠯᠲᠠ ᠬᠢᠬᠦ᠌ ᠠᠵᠢᠯ᠎ᠳᠤ ᠠᠵᠤ ᠠᠬᠤᠢᠯᠠᠯ᠎ᠤᠨ ᠮᠡᠳᠡᠭᠦᠯᠬᠦ᠌ ᠳᠦᠷᠢᠮ ᠢ ᠠᠪᠴᠤ᠌᠂ ᠲᠤᠰ ᠮᠡᠳᠡᠭ᠌ᠳᠡᠯ᠎ᠦᠨ ᠮᠡᠳᠡᠭᠦᠯᠬᠦ᠌ ᠬᠡᠪᠴᠢᠶᠡᠨ᠎ᠳᠦ ᠨᠡᠢᠴᠡᠭ᠌ᠰᠡᠨ ᠡᠮ᠎ᠦᠨ ᠵᠦᠢᠯᠡᠰ᠎ᠦᠨ ᠵᠠᠬ᠎ᠠ ᠳᠡᠯᠭᠡᠭᠦᠷ᠎ᠲᠦ ᠭᠠᠷᠭᠠᠬᠤ ᠵᠥᠪᠱᠢᠶᠡᠷᠡᠯ ᠢ ᠡᠵᠡᠮᠱᠢᠭ᠌ᠴᠢ ᠪᠤᠶᠤ ᠲᠡᠭᠦᠨ᠎ᠦ ᠡᠷᠬᠡ ᠣᠯᠭᠣᠭ᠍ᠰᠠᠨ ᠭᠣᠤᠯ ᠴᠣᠭ᠍ᠴᠠ᠃ ᠡᠯ᠎ᠡ ᠨᠢᠭᠡᠳᠦᠯᠲᠡᠶ ᠲᠥᠯᠥᠪᠯᠡᠬᠦ᠌ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠳ ᠲᠣᠰ ᠭᠠᠵᠠᠷ ᠣᠷᠣᠨ᠎ᠤ᠎ᠪᠠᠨ ᠦᠨᠳᠦᠰᠦᠲᠡᠨ᠎ᠤ ᠡᠮ ᠦᠢᠯᠡᠳᠪᠦᠷᠢᠯᠡᠬᠦ᠌ ᠠᠵᠤ ᠠᠬᠤᠢᠯᠠᠯ᠎ᠳᠤ ᠮᠡᠳᠡᠭ᠌ᠳᠡᠬᠦ᠌᠎ᠶ᠋ᠢ ᠬᠠᠷᠢᠭᠤᠴᠠᠬᠤ᠎ᠶ᠋ᠢᠨ ᠬᠠᠮᠲᠤ ᠠᠵᠤ ᠠᠬᠤᠢᠯᠠᠯ᠎ᠢ ᠵᠢᠯᠣᠭᠤᠳᠤᠨ ᠬᠠᠮᠢᠶ᠎ᠠ ᠪᠦᠬᠦᠢ ᠭᠤᠶᠤᠴᠢᠯᠠᠨ ᠮᠡᠳᠡᠭᠦᠯᠬᠦ᠌ ᠠᠵᠢᠯ᠎ᠢ ᠰᠠᠢᠲᠤᠷ ᠬᠢᠬᠦ᠌ ᠬᠡᠷᠡᠭ᠌ᠲᠡᠶ᠃
ᠭᠤᠷᠪᠠ᠂ ᠭᠤᠶᠤᠴᠢᠯᠠᠨ ᠮᠡᠳᠡᠭᠦᠯᠬᠦ᠌ ᠴᠠᠭ
ᠬᠠᠮᠢᠶ᠎ᠠ ᠪᠥᠬᠦᠶ ᠠᠵᠤ ᠠᠬᠤᠢᠯᠠᠯ 2025 ᠣᠨ᠎ᠤ 12 ᠳ᠋ᠤᠭᠠᠷ ᠰᠠᠷ᠎ᠠ᠎ᠶ᠋ᠢᠨ 15 ᠤ ᠡᠳᠦᠷ᠎ᠠᠴᠠ ᠡᠮᠦᠨ᠎ᠡ ᠰᠠᠢᠨ ᠳᠤᠷ᠎ᠠ᠎ᠠᠴᠠ᠎ᠪᠠᠨ ᠭᠤᠶᠤᠴᠢᠯᠠᠨ ᠮᠡᠳᠡᠭᠦᠯᠬᠦ᠌᠎ᠶ᠋ᠢᠨ ᠬᠠᠮᠲᠤ ᠮᠠᠲ᠋ᠧᠷᠢᠶᠠᠯ᠎ᠢᠶᠠᠨ ᠲᠤᠱᠢᠶᠠᠵᠤ᠂ ᠬᠤᠭᠤᠴᠠᠭ᠎ᠠ ᠬᠡᠲᠦᠷᠡᠲᠡᠯ᠎ᠡ ᠮᠡᠳᠡᠭᠦᠯᠦᠨ ᠬᠦᠷᠭᠡᠭ᠌ᠰᠡᠨ ᠥᠬᠡᠶ ᠪᠠᠢᠪᠠᠯ ᠮᠡᠳᠡᠭᠦᠯᠦᠨ ᠬᠦᠷᠭᠡᠬᠦ᠌ ᠬᠡᠷᠡᠭ᠌ᠴᠡᠭᠡ ᠥᠬᠡᠶ ᠭᠡᠵᠦ᠍ ᠦᠵᠡᠨ᠎ᠡ᠃
ᠳᠥᠷᠪᠡ᠂ ᠭᠤᠶᠤᠴᠢᠯᠠᠨ ᠮᠡᠳᠡᠭᠦᠯᠬᠦ᠌ ᠠᠷᠭ᠎ᠠ ᠮᠠᠶᠢᠭ
( ᠨᠢᠭᠡ ) ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠄ ᠬᠤᠯᠪᠣᠭ᠍ᠳᠠᠯ ᠪᠥᠬᠦᠶ ᠠᠵᠤ ᠠᠬᠤᠢᠯᠠᠯ᠎ᠤᠳ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ ( Excel ᠬᠡᠪᠯᠡᠯ ᠵᠢᠴᠢ ᠲᠠᠮᠠᠭ᠎ᠠ ᠳᠠᠷᠤᠭ᠍ᠰᠠᠨ PDF ᠬᠡᠪᠯᠡᠯ )᠎ᠢ ᠡᠯᠧᠺᠲᠷᠣᠨ ᠱᠢᠤᠳᠠᠨ᠎ᠤ ᠬᠠᠢᠷᠴᠠᠭ ( nmgyyfwglc@163.com)᠎ᠲᠤ ᠬᠦᠷᠭᠡᠨ᠎ᠡ᠂ ᠮᠡᠳᠡᠭᠦᠯᠬᠦ᠌ ᠢᠮᠸᠯ᠎ᠤᠨ ᠭᠤᠤᠯ ᠰᠡᠳᠦᠪ᠎ᠢ ᠨᠢᠭᠡᠳᠦᠯᠲᠡᠶ ᠨᠡᠷᠡᠢᠳᠬᠦ᠌ ᠬᠡᠯᠪᠡᠷᠢ ᠪᠣᠯ᠄ ᠬᠠᠷᠢᠯᠴᠠᠬᠤ ᠬᠥᠮᠦᠨ᠎ᠤ ᠣᠪᠣᠭ ᠨᠡᠷ᠎ᠡ + ᠠᠵᠤ ᠠᠬᠤᠢᠯᠠᠯ᠎ᠤᠨ ᠨᠡᠷᠡᠢᠳᠦᠯ + ᠬᠠᠷᠢᠯᠴᠠᠬᠤ ᠤᠲᠠᠰᠤ ᠪᠣᠯᠣᠨ᠎ᠠ᠃ ᠮᠡᠳᠡᠭᠦᠯᠬᠦ᠌ ᠳ᠋ᠤ ᠶᠠᠮᠠᠷ ᠴᠤ᠌ ᠰᠦᠢ᠍ᠳᠬᠡᠯ ᠬᠤᠷᠢᠶᠠᠬᠤ ᠦᠭᠡᠢ᠃
( ᠬᠤᠶᠠᠷ ) ᠴᠠᠭᠠᠰᠤᠨ ᠮᠠᠲ᠋ᠧᠷᠢᠶᠠᠯ ᠲᠤᠱᠢᠶᠠᠬᠤ᠄ ᠠᠵᠤ ᠠᠬᠤᠢᠯᠠᠯ ᠡᠯᠧᠺᠲᠷᠣᠨ ᠬᠡᠪᠯᠡᠯ᠎ᠤᠨ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠢᠶᠠᠨ ᠲᠤᠱᠢᠶᠠᠭ᠍ᠰᠠᠨ᠎ᠤ ᠳᠠᠷᠠᠭ᠎ᠠ᠂ ᠰᠦᠯᠵᠢᠶᠡᠨ ᠳᠡᠭᠡᠷ᠎ᠡ ᠲᠤᠱᠢᠶᠠᠭ᠍ᠰᠠᠨ ᠠᠭᠤᠯᠭ᠎ᠠ᠎ᠶ᠋ᠢ ᠳᠠᠷᠤᠮᠠᠯᠯᠠᠬᠤ᠎ᠶ᠋ᠢᠨ ᠬᠠᠮᠲᠤ ᠠᠯᠪᠠᠨ ᠲᠠᠮᠠᠭ᠎ᠠ ᠳᠠᠷᠤᠵᠤ᠂ ᠱᠢᠤᠳᠠᠨ᠎ᠢᠶᠠᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 169 ᠳ᠋ᠤᠭᠡᠷ ᠲᠣᠭᠠᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ 613 ᠳ᠋ᠤᠭᠠᠷ ᠲᠠᠰᠤᠭ᠎ᠲᠤ ᠢᠯᠡᠭᠡᠵᠦ᠍᠂ ᠴᠠᠭᠠᠰᠤᠨ ᠬᠡᠪᠯᠡᠯ᠎ᠤᠨ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠢ 12 ᠳ᠋ᠤᠭᠠᠷ ᠰᠠᠷ᠎ᠠ᠎ᠶ᠋ᠢᠨ 15 ᠤ ᠡᠳᠦᠷ᠎ᠠᠴᠠ ᠡᠮᠦᠨ᠎ᠡ ᠢᠯᠡᠭᠡᠵᠦ᠍᠂ ᠱᠢᠤᠳᠠᠨ᠎ᠤ ᠲᠠᠮᠠᠭ᠎ᠠ ᠲᠡᠮᠳᠡᠭ᠎ᠢᠶᠠᠷ ᠪᠠᠷᠢᠮᠵᠢᠶ᠎ᠠ ᠪᠣᠯᠭᠠᠨ᠎ᠠ᠃
ᠲᠠᠪᠤ᠂ ᠭᠤᠶᠤᠴᠢᠯᠠᠨ ᠮᠡᠳᠡᠭᠦᠯᠬᠦ᠌ ᠠᠭᠤᠯᠭ᠎ᠠ
( ᠨᠢᠭᠡ ) ᠦᠨᠳᠦᠰᠦᠨ ᠮᠡᠳᠡᠭᠡ ᠵᠠᠩᠭᠢ᠎ᠶ᠋ᠢᠨ ᠮᠠᠲ᠋ᠧᠷᠢᠶᠠᠯ᠄ ᠡᠵᠡᠩᠨᠡᠯᠲᠡ᠎ᠶ᠋ᠢᠨ ᠦᠨᠡᠮᠯᠡᠯ᠂ ᠡᠮ᠎ᠤᠨ ᠵᠦᠢᠯ ᠦᠢᠯᠡᠳᠪᠦᠷᠢᠯᠡᠬᠦ᠌ ᠵᠥᠪᠱᠢᠶᠡᠷᠡᠯ᠎ᠤᠨ ᠦᠨᠡᠮᠯᠡᠯ ( ᠱᠢᠷᠪᠢᠯᠲᠡ ᠮᠠᠲ᠋ᠧᠷᠢᠶᠠᠯ )᠂ ᠬᠠᠤᠯᠢ᠎ᠶ᠋ᠢᠨ ᠡᠷᠬᠡᠲᠡᠨ᠎ᠦ ᠭᠠᠷ ᠤᠲᠠᠰᠤ᠂ ᠡᠮ᠎ᠦᠨ ᠵᠦᠢᠯ᠎ᠦᠨ ᠨᠡᠢᠳᠡᠮ ᠬᠡᠷᠡᠭ᠌ᠯᠡᠬᠦ᠌ ᠨᠡᠷ᠎ᠡ᠂ ᠲᠤᠰᠭᠠᠶ ᠠᠱᠢᠭ᠎ᠤᠨ ᠮᠡᠳᠡᠭᠡ ᠵᠠᠩᠭᠢ ᠵᠡᠷᠭᠡ᠃
( ᠬᠣᠶᠠᠷ ) ᠠᠵᠤ ᠠᠬᠤᠶ᠎ᠶ᠋ᠢᠨ ᠴᠢᠨᠠᠷᠲᠠᠶ ᠮᠡᠳᠡᠭᠡ ᠵᠠᠩᠭᠢ᠄ ᠡᠮ᠎ᠦᠨ ᠵᠦᠢᠯ᠎ᠦᠨ ᠦᠨ᠎ᠡ ᠬᠠᠩᠰᠢ᠂ ᠪᠦᠬᠦ᠌ ᠤᠯᠤᠰ᠎ᠤᠨ ᠳᠠᠭᠠᠭᠠᠴᠢᠯᠠᠯᠲᠠ ᠣᠯᠤᠭ᠍ᠰᠠᠨ ᠦᠨ᠎ᠡ ᠬᠠᠩᠰᠢ᠎ᠶ᠋ᠢᠨ ᠮᠡᠳᠡᠭᠡ ᠵᠠᠩᠭᠢ ( ᠠᠳᠠᠭ᠎ᠲᠤ᠎ᠪᠠᠨ 3 ᠮᠤᠵᠢ ᠬᠣᠲᠠ )᠂ ᠡᠳ᠋᠎ᠦᠨ ᠵᠠᠰᠠᠭ᠎ᠤᠨ ᠥᠷᠲᠡᠭ᠃
( ᠭᠤᠷᠪᠠ ) ᠪᠦᠲᠦᠮᠵᠢᠲᠦ ᠴᠢᠨᠠᠷᠲᠠᠢ ᠮᠡᠳᠡᠭᠡ ᠵᠠᠩᠭᠢ᠄ ᠡᠮᠴᠢᠯᠡᠭᠡᠨ᠎ᠦ ᠰᠤᠳᠤᠯᠭᠠᠨ᠎ᠤ ᠪᠠᠢᠳᠠᠯ᠂ ᠡᠮᠴᠢᠯᠡᠭᠡᠨ᠎ᠦ ᠡᠮᠴᠢᠯᠡᠭᠡ᠎ᠶᠢᠨ ᠵᠦᠭ᠌ᠯᠡᠭᠦᠷ ᠲᠠᠨᠢᠯᠴᠠᠭᠤᠯᠬᠤ ᠪᠠᠢᠳᠠᠯ ᠵᠡᠷᠭᠡ᠃
( ᠲᠦᠷᠪᠡ ) ᠠᠶᠤᠯ ᠦᠭᠡᠢ ᠴᠢᠨᠠᠷ᠎ᠤ᠋ᠨ ᠮᠡᠳᠡᠭᠡ ᠵᠠᠩᠭᠢ᠄ ᠡᠮ᠎ᠦ᠋ᠨ ᠮᠠᠭᠤ ᠨᠥᠯᠥᠭᠡ ᠵᠡᠷᠭᠡ᠃
( ᠲᠠᠪᠤ ) ᠡᠮ᠎ᠦᠨ ᠵᠦᠢᠯ᠎ᠦᠨ ᠪᠠᠷᠢᠮᠵᠢᠶ᠎ᠠ᠎ᠶ᠋ᠢᠨ ᠮᠡᠳᠡᠭᠡ ᠵᠠᠩᠭᠢ᠄ 《 ᠡᠷᠡᠭᠦᠯ ᠬᠠᠮᠠᠭᠠᠯᠠᠯ᠎ᠤᠨ ᠶᠠᠮᠤᠨ᠎ᠤ ᠡᠮ᠎ᠦᠨ ᠵᠦᠢᠯ᠎ᠦᠨ ᠪᠠᠷᠢᠮᠵᠢᠶ᠎ᠠ 》᠎ᠶ᠋ᠢᠨ 1998 ᠣᠨ᠎ᠤ ᠬᠡᠪᠯᠡᠯ ᠪᠤᠶᠤ 《 ᠳᠤᠮᠳᠠᠳᠤ ᠤᠯᠤᠰ᠎ᠤᠨ ᠡᠮ᠎ᠦᠨ ᠵᠦᠢᠯ᠎ᠦᠨ ᠲᠤᠯᠢ 》 ᠪᠤᠶᠤ ᠤᠯᠤᠰ᠎ᠤᠨ ᠡᠮ᠎ᠦᠨ ᠵᠦᠢᠯ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠡᠮ᠎ᠦᠨ ᠵᠦᠢᠯ᠎ᠢ ᠳᠠᠩᠰᠠᠯᠠᠭᠤᠯᠬᠤ ᠪᠠᠷᠢᠮᠵᠢᠶ᠎ᠠ ᠵᠡᠷᠭᠡ ᠨᠢ ᠦᠨᠳᠦᠰᠦᠲᠡᠨ᠎ᠦ ᠡᠮ ᠪᠣᠯᠬᠤ ᠶᠠᠪᠤᠳᠠᠯ᠎ᠢ ᠭᠡᠷᠡᠴᠢᠯᠡᠬᠦ᠌ ᠬᠣᠯᠪᠣᠭ᠍ᠳᠠᠯ ᠪᠦᠬᠦᠢ ᠪᠢᠴᠢᠭ ᠮᠠᠲ᠋ᠧᠷᠢᠶᠠᠯ ᠪᠣᠯᠤᠨ᠎ᠠ᠃
( ᠵᠢᠷᠭᠤᠭ᠎ᠠ ) 《 ᠦᠨᠳᠦᠰᠦᠲᠡᠨ᠎ᠦ ᠡᠮ᠎ᠦᠨ ᠬᠠᠮᠢᠶ᠎ᠠ ᠪᠦᠬᠦᠢ ᠮᠡᠳᠡᠭᠡ ᠵᠠᠩᠭᠢ᠎ᠶ᠋ᠢᠨ ᠲᠣᠭ᠎ᠠ ᠪᠦᠷᠢᠳᠭᠡᠯ᠎ᠦᠨ ᠬᠦᠰᠦᠨᠦᠭ᠌ᠲᠦ 》 ᠪᠣᠯᠤᠨ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠡᠮ᠎ᠦᠨ ᠲᠣᠬᠢᠷᠠᠭᠤᠯᠤᠯᠲᠠ ᠬᠢᠵᠦ᠍ ᠮᠡᠳᠡᠭᠦᠯᠦᠨ ᠬᠦᠷᠭᠡᠬᠦ ᠮᠠᠲ᠋ᠧᠷᠢᠶᠠᠯ᠎ᠤᠨ ᠠᠮᠠᠯᠠᠯᠲᠠ᠎ᠶ᠋ᠢᠨ ᠪᠢᠴᠢᠭ 》 ( ᠳᠠᠭᠠᠯᠳᠤᠭᠤᠯᠤᠯ᠎ᠳᠤ ᠨᠠᠷᠢᠨ ᠦᠵᠡ )
ᠵᠢᠷᠭᠤᠭ᠎ᠠ᠂ ᠠᠰᠠᠭᠤᠨ ᠯᠠᠪᠯᠠᠬᠤ ᠠᠷᠭ᠎ᠠ ᠵᠠᠮ
ᠭᠤᠶᠤᠴᠢᠯᠠᠨ ᠮᠡᠳᠡᠭᠦᠯᠬᠦ᠌ ᠵᠢᠴᠢ ᠵᠠᠷᠯᠠᠨ ᠨᠡᠢᠲᠡᠯᠡᠬᠦ᠌ ᠬᠤᠭᠤᠴᠠᠭᠠᠨ᠎ᠳᠤ ᠸᠢᠴᠠᠲ᠎ᠤᠨ ᠴᠤᠭ᠍ᠯᠠᠷᠠᠯ᠎ᠢᠶᠠᠷ ᠳᠠᠮᠵᠢᠭᠤᠯᠤᠨ ᠠᠰᠠᠭᠤᠨ ᠯᠠᠪᠯᠠᠬᠤ᠎ᠶ᠋ᠢᠨ ᠬᠠᠮᠲᠤ ᠭᠤᠶᠤᠴᠢᠯᠠᠨ ᠮᠡᠳᠡᠭᠦᠯᠬᠦ᠌ ᠬᠠᠮᠢᠶ᠎ᠠ ᠪᠥᠬᠦᠶ ᠠᠰᠠᠭᠤᠳᠠᠯ᠎ᠢ ᠬᠠᠷᠢᠭᠤᠯᠤᠨ᠎ᠠ᠃
ᠠᠰᠠᠭᠤᠨ ᠯᠠᠪᠯᠠᠬᠤ ᠴᠠᠭ᠄ 2025 ᠣᠨ᠎ᠤ 12 ᠳ᠋ᠤᠭ᠋ᠠᠷ ᠰᠠᠷ᠎ᠠ᠎ᠶ᠋ᠢᠨ 6 ᠤ ᠡᠳᠦᠷ 12 ᠳ᠋ᠤᠭ᠋ᠠᠷ ᠰᠠᠷ᠎ᠠ᠎ᠶ᠋ᠢᠨ 14 ᠤ ᠡᠳᠦᠷ ᠪᠣᠯᠲᠠᠯ᠎ᠠ᠃
ᠯᠠᠪᠯᠠᠬᠤ ᠸᠢᠴᠠᠲ᠎ᠤᠨ ᠴᠤᠭ᠍ᠯᠠᠷᠠᠯ᠎ᠦᠨ ᠬᠤᠶᠠᠷ ᠬᠡᠮᠵᠢᠯᠳᠦ ᠺᠣᠳ᠋᠄

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
2025 ᠣᠨ᠎ᠤ 12 ᠳ᠋ᠤᠭ᠋ᠠᠷ ᠰᠠᠷ᠎ᠠ᠎ᠶ᠋ᠢᠨ 5 ᠤ ᠡᠳᠦᠷ
ᠳᠠᠭᠠᠯᠳᠤᠭᠤᠯᠤᠯ᠄
ᠳᠠᠭᠠᠯᠳᠤᠭᠤᠯᠤᠯ 1 ᠦᠨᠳᠦᠰᠦᠲᠡᠨ᠎ᠦ ᠡᠮ᠎ᠦᠨ ᠬᠠᠮᠢᠶ᠎ᠠ ᠪᠦᠬᠦᠢ ᠮᠡᠳᠡᠭᠡ ᠵᠠᠩᠭᠢ᠎ᠶ᠋ᠢᠨ ᠲᠣᠭ᠎ᠠ ᠪᠦᠷᠢᠳᠭᠡᠯ᠎ᠦᠨ ᠬᠦᠰᠦᠨᠦᠭ᠌ᠲᠦ .docx