ᠡᠮᠴᠢᠯᠡᠭᠡ ᠵᠢᠨ ᠪᠠᠲᠤᠯᠠᠭ᠎ᠠ ᠵᠢᠨ ᠠᠵᠢᠯ᠎ᠤᠨ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠲᠤᠭᠤᠷᠪᠢᠵᠤ᠂ ᠪᠦᠬᠦ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠲᠥᠰᠦᠪ ᠪᠠ ᠲᠥᠰᠦᠪ᠎ᠤᠨ ᠭᠦᠢ᠍ᠴᠡᠳᠭᠡᠯ᠎ᠤᠨ ᠲᠥᠰᠦᠯ᠎ᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠤᠬᠢᠶᠠᠨ᠎ᠠ᠃ ᠡᠮᠴᠢᠯᠡᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ᠎ᠳᠤ ᠬᠢᠨᠠᠯᠲᠠ ᠲᠠᠯᠪᠢᠬᠤ ᠬᠠᠮᠢᠶᠠᠷᠤᠯᠳᠠ ᠵᠢᠨ ᠠᠷᠭ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠠᠮᠤᠷ ᠲᠦᠪᠰᠢᠨ᠎ᠢ ᠰᠡᠷᠭᠡᠶ᠋ᠢᠯᠡᠨ ᠡᠵᠡᠮᠳᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠢᠲᠡᠭᠡᠮᠵᠢ ᠵᠢᠨ ᠦᠨᠡᠯᠡᠯᠲᠡ ᠵᠢᠨ ᠰᠢᠰᠲᠸᠮ ᠪᠠ ᠮᠡᠳᠡᠭᠡ ᠵᠠᠩᠭᠢ ᠨᠡᠶ᠋ᠢᠲᠡᠯᠡᠬᠦ ᠲᠦᠷᠢᠮ᠎ᠢ ᠪᠠᠶ᠋ᠢᠭᠤᠯᠤᠨ ᠪᠦᠷᠢᠨᠰᠢᠭᠦᠯᠦᠨ᠎ᠡ᠃ ᠡᠮᠴᠢᠯᠡᠭᠡ ᠵᠢᠨ ᠪᠠᠲᠤᠯᠠᠭ᠎ᠠ ᠵᠢᠨ ᠲᠣᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠤᠭᠰᠠᠨ ᠡᠮᠴᠢᠯᠡᠭᠡᠨ᠎ᠤ ᠦᠢ᠍ᠯᠡᠴᠢᠯᠡᠭᠡᠨ᠎ᠤ ᠠᠵᠢᠯᠯᠠᠭ᠎ᠠ ᠪᠠ ᠡᠮᠴᠢᠯᠡᠭᠡ ᠵᠢᠨ ᠵᠠᠷᠤᠳᠠᠯ᠎ᠢ ᠬᠢᠨᠠᠨ ᠬᠠᠮᠢᠶᠠᠷᠴᠤ᠂ ᠡᠮᠴᠢᠯᠡᠭᠡ ᠵᠢᠨ ᠪᠠᠲᠤᠯᠠᠭ᠎ᠠ ᠵᠢᠨ ᠭᠠᠷᠳᠠᠨ ᠬᠢᠬᠦ ᠲᠤᠬᠠᠶ᠋ᠢᠯᠠᠭᠰᠠᠨ ᠠᠵᠢᠯ᠎ᠢ ᠵᠢᠷᠤᠮᠵᠢᠭᠤᠯᠵᠤ᠂ ᠡᠮᠴᠢᠯᠡᠭᠡ ᠵᠢᠨ ᠪᠠᠲᠤᠯᠠᠭ᠎ᠠ ᠵᠢᠨ ᠬᠦᠷᠢᠶᠡᠨ᠎ᠳᠠᠬᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠨ᠎ᠡ᠃ ᠪᠠᠶ᠋ᠢᠭᠤᠯᠭ᠎ᠠ ᠪᠠ ᠰᠢᠭᠤᠳ ᠬᠠᠷᠢᠶ᠎ᠠ ᠨᠢᠭᠡᠴᠡ ᠵᠢᠨ ᠲᠥᠰᠦᠪ ᠪᠠ ᠲᠥᠰᠦᠪ᠎ᠤᠨ ᠭᠦᠢ᠍ᠴᠡᠳᠭᠡᠯ᠂ ᠳᠣᠲᠣᠭ᠋ᠠᠳᠤ ᠵᠢᠨ ᠬᠢᠨᠠᠨ ᠪᠤᠳᠤᠬᠤ ᠠᠵᠢᠯ᠎ᠢ ᠡᠭᠦᠷᠭᠡᠯᠡᠨ᠎ᠡ᠃
ᠬᠠᠷᠢᠭᠤᠴᠠᠯᠭ᠋ᠠᠲᠠᠨ᠄ ᠯᠢ ᠾᠦᠢ ᠶᠤᠸᠠᠨ
ᠠᠯᠪᠠᠨ ᠤᠲᠠᠰᠤ᠄ 0471-6606267
ᠠᠵᠢᠯᠯᠠᠬᠤ ᠴᠠᠭ᠄ 9᠄ 00 — 12᠄ 00᠄ 13᠄ 30 — 5᠄ 00
ᠪᠠᠢ᠌ᠭᠣᠯᠭ᠎ᠠ ᠵᠢᠨ ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 53 ᠳ᠋ᠤᠭ᠋ᠠᠷ ᠨᠣᠮᠧᠷ