ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠦᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠦᠪ ᠪᠣᠯ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠠᠷᠢᠶ᠎ᠠ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠣᠯᠤᠨ᠎ᠠ᠃
1. ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠦᠨᠳᠦᠰᠦᠨ ᠡᠮᠴᠢᠯᠡᠭᠡ᠂ ᠦᠷᠡᠵᠢᠯ᠎ᠤᠨ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠢ ᠭᠠᠷᠲᠠᠨ ᠭᠦᠢ᠍ᠴᠡᠳᠭᠡᠬᠦ ᠦᠢ᠍ᠯᠡᠴᠢᠯᠡᠭᠡᠨ᠎ᠤ ᠴᠢᠨᠠᠷᠲᠠᠶ ᠠᠵᠢᠯ᠎ᠢ ᠡᠭᠦᠷᠭᠡᠯᠡᠨ᠎ᠡ᠃
2. ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢᠨ ᠬᠠᠮᠢᠶ᠎ᠠ ᠪᠥᠬᠦᠶ ᠠᠵᠢᠯ᠎ᠢ ᠡᠭᠦᠷᠭᠡᠯᠡᠨ᠎ᠡ᠃
3. ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠲᠣᠭᠲᠠᠭᠰᠠᠨ ᠡᠮᠨᠡᠯᠭᠡ ᠵᠢᠨ ᠬᠤᠷᠢᠶ᠎ᠠ ᠪᠣᠯᠤᠨ ᠡᠮ᠎ᠤᠨ ᠳᠡᠯᠭᠡᠭᠦᠷ᠎ᠤᠨ ᠬᠡᠯᠡᠯᠴᠡᠭᠡᠷ ᠲᠣᠭᠲᠠᠵᠤ ᠪᠠᠶ᠋ᠢᠴᠠᠭ᠋ᠠᠯᠲᠠ ᠵᠢᠨ ᠬᠡᠷᠡᠭ ᠶᠠᠪᠤᠳᠠᠯ᠎ᠤᠨ ᠴᠢᠨᠠᠷᠲᠠᠶ ᠠᠵᠢᠯ᠎ᠢ ᠥᠷᠨᠢᠭᠦᠯᠵᠦ᠂ ᠲᠣᠭᠲᠠᠭᠰᠠᠨ ᠡᠮᠨᠡᠯᠭᠡ ᠵᠢᠨ ᠬᠤᠷᠢᠶᠠᠨ᠎ᠤ ᠲᠣᠭᠲᠠᠭᠰᠠᠨ ᠲᠣᠭ᠋ᠠᠨ᠎ᠤ ᠲᠥᠰᠦᠪ᠂ ᠶᠡᠷᠦᠩᠬᠡᠶ ᠲᠤᠭ᠎ᠠ ᠵᠢᠨ ᠡᠵᠡᠮᠳᠡᠯ᠎ᠤᠨ ᠲᠤᠰᠠᠯᠠᠬᠤ ᠴᠢᠨᠠᠷᠲᠠᠶ ᠠᠵᠢᠯ᠎ᠢ ᠡᠭᠦᠷᠭᠡᠯᠡᠨ᠎ᠡ᠃
4. ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠦᠨᠳᠦᠰᠦᠨ ᠡᠮᠴᠢᠯᠡᠭᠡ᠂ ᠦᠷᠡᠵᠢᠯ᠎ᠤᠨ ᠳᠠᠭ᠋ᠠᠳᠬᠠᠯ᠎ᠤᠨ ᠰᠠᠭᠤᠷᠢ ᠲᠤᠭ᠎ᠠ ᠵᠢ ᠬᠢᠨᠠᠨ ᠲᠣᠭᠲᠠᠭ᠋ᠠᠬᠤ᠂ ᠲᠠᠲᠠᠪᠤᠷᠢᠯᠠᠨ ᠲᠤᠰᠢᠶᠠᠬᠤ ᠲᠥᠯᠥᠪᠯᠡᠭᠡ ᠪᠣᠯᠤᠨ ᠰᠠᠭᠤᠷᠢ ᠮᠥᠩᠭᠦ ᠵᠢ ᠬᠠᠷᠭᠤᠭᠤᠯᠤᠨ ᠪᠤᠳᠤᠬᠤ ᠵᠡᠷᠭᠡ ᠲᠤᠰᠠᠯᠠᠬᠤ ᠴᠢᠨᠠᠷᠲᠠᠶ ᠠᠵᠢᠯ᠎ᠢ ᠡᠭᠦᠷᠭᠡᠯᠡᠨ᠎ᠡ᠃
5. ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯ᠎ᠠᠴᠠ᠎ᠪᠠᠨ ᠠᠮᠠᠷᠠᠭᠰᠠᠨ ᠺᠠᠳ᠋ᠷ᠂ ᠡᠷᠡᠭᠦᠯᠵᠢᠯ᠎ᠤᠨ ᠬᠠᠷᠠᠭ᠋ᠠᠯᠵᠠᠯ ᠵᠡᠷᠭᠡ ᠬᠥᠮᠦᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡ ᠪᠣᠯᠤᠨ ᠬᠤᠳᠠᠯᠳᠤᠭ᠋ᠠᠨ᠎ᠤ ᠨᠥᠬᠦᠪᠥᠷᠢ ᠡᠮᠴᠢᠯᠡᠭᠡᠨ᠎ᠤ ᠳᠠᠭ᠋ᠠᠳᠬᠠᠯ᠎ᠤᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
6. ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠲᠤᠭ᠎ᠠ ᠪᠠᠷᠢᠮᠲᠠ ᠵᠢ ᠪᠦᠷᠢᠳᠬᠡᠬᠦ᠂ ᠵᠠᠳᠠᠯᠬᠤ᠂ ᠬᠢᠨᠠᠨ ᠬᠡᠮᠵᠢᠬᠦ ᠵᠡᠷᠭᠡ ᠰᠠᠭᠤᠷᠢ ᠴᠢᠨᠠᠷᠲᠠᠶ ᠠᠵᠢᠯ᠎ᠢ ᠡᠭᠦᠷᠭᠡᠯᠡᠨ᠎ᠡ᠃
7. ᠡᠮᠴᠢᠯᠡᠬᠡᠨ᠎ᠤ ᠠᠪᠤᠷᠠᠨ ᠲᠤᠰᠠᠯᠠᠯᠳᠠ ᠵᠢᠨ ᠬᠠᠮᠢᠶ᠎ᠠ ᠪᠦᠬᠦᠢ ᠠᠵᠢᠯ᠎ᠢ ᠦᠷᠨᠢᠬᠦᠯᠦᠨ᠎ᠡ᠃
8. ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠵᠡᠷᠭᠡ ᠠᠵᠢᠯ᠎ᠢ ᠥᠷᠨᠢᠭᠦᠯᠦᠨ᠎ᠡ᠃
9. ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠠᠮᠢᠶ᠎ᠠ ᠪᠥᠬᠦᠶ ᠠᠵᠢᠯ᠎ᠢ ᠡᠭᠦᠷᠭᠡᠯᠡᠨ᠎ᠡ᠃
ᠪᠠᠶ᠋ᠢᠭᠤᠯᠤᠮᠵᠢ᠎ᠳᠤ ᠠᠯᠪᠠᠨ ᠭᠡᠷ᠂ ᠰᠠᠭᠤᠷᠢ ᠮᠥᠩᠭᠦ ᠵᠢᠨ ᠬᠠᠮᠢᠶᠠᠷᠤᠯᠲᠠ ᠵᠢᠨ ᠰᠠᠯᠠᠭ᠎ᠠ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠰᠠᠯᠠᠭ᠎ᠠ᠂ ᠶᠡᠷᠦᠩᠬᠡᠶ᠋ᠢᠯᠡᠭᠰᠡᠨ ᠲᠤᠬᠠᠶ᠋ᠢᠯᠠᠭᠰᠠᠨ ᠠᠵᠢᠯ᠎ᠤᠨ ᠰᠠᠯᠠᠭ᠎ᠠ᠂ ᠬᠠᠷᠠᠭ᠋ᠠᠯᠵᠠᠯ᠎ᠤᠨ ᠪᠠᠳᠤᠯᠠᠭ᠎ᠠ ᠵᠢᠨ ᠰᠠᠯᠠᠭ᠎ᠠ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠠᠯᠠᠭ᠎ᠠ᠂ ᠮᠡᠳᠡᠭᠡ ᠵᠠᠩᠭᠢ ᠵᠢᠨ ᠲᠤᠭ᠎ᠠ ᠪᠦᠷᠢᠳᠬᠡᠯ᠎ᠤᠨ ᠰᠠᠯᠠᠭ᠎ᠠ ᠵᠢ ᠲᠣᠬᠢᠷᠠᠭᠤᠯᠪᠠ᠃
ᠬᠠᠷᠢᠭᠤᠴᠠᠯᠭ᠋ᠠᠳᠠᠨ᠄ ᠹᠦ᠋ ᠺᠦᠢ ᠱᠧᠩ
ᠠᠵᠢᠯᠯᠠᠬᠤ ᠴᠠᠭ᠄ 9:00-12:00᠂14:30-18:00
ᠬᠠᠷᠢᠯᠴᠠᠬᠤ ᠤᠲᠠᠰᠤ᠄ 0471-6606241
ᠪᠠᠢ᠌ᠭᠤᠯᠭ᠎ᠠ ᠵᠢᠨ ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 53 ᠳ᠋ᠤᠭ᠋ᠠᠷ ᠨᠣᠮᠧᠷ (ᠥᠪᠥᠷ ᠮᠣᠩᠭᠣᠯ᠎ᠤᠨ ᠬᠥᠳᠡᠯᠮᠦᠷᠢ ᠬᠦᠴᠦᠨ᠎ᠤ ᠵᠠᠬ᠎ᠠ ᠳᠡᠯᠭᠡᠭᠦᠷ᠎ᠤᠨ4 ᠳ᠋ᠦ᠍ᠭᠡᠷ ᠳᠠᠪᠬᠤᠷᠭ᠎ᠠ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ ᠪᠣᠯ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠠᠷᠢᠶ᠎ᠠ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠣᠯᠤᠨ᠎ᠠ᠃
1. ᠪᠦᠬᠦ ᠣᠷᠣᠨ᠎ᠤ ᠡᠮ᠎ᠤᠨ ᠵᠦᠢ᠍ᠯ ᠪᠣᠯᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠳᠠᠭ᠋ᠠᠭ᠋ᠠᠴᠢᠯᠠᠯᠲᠠ ᠵᠠᠷᠯᠠᠨ ᠬᠤᠳᠠᠯᠳᠤᠨ ᠠᠪᠬᠤ᠂ ᠪᠠᠷᠠᠭ᠋ᠠᠨ᠎ᠤ ᠵᠣᠭᠤᠰ᠎ᠢ ᠳ᠋ᠦᠩᠨᠡᠨ ᠪᠤᠳᠤᠬᠤ ᠵᠡᠷᠭᠡ ᠠᠵᠢᠯ ᠶᠠᠪᠤᠳᠠᠯ᠎ᠤᠨ ᠴᠢᠨᠠᠷᠲᠠᠶ ᠠᠵᠢᠯ᠎ᠢ ᠡᠭᠦᠷᠭᠡᠯᠡᠨ᠎ᠡ᠃
2. ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠪᠣᠯᠤᠨ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ ᠵᠡᠷᠭᠡ ᠦᠨ᠎ᠡ ᠬᠠᠩᠰᠢ ᠵᠢ ᠬᠢᠨᠠᠨ ᠰᠢᠨᠵᠢᠬᠦ ᠵᠢᠨ ᠲᠤᠰᠠᠯᠠᠬᠤ ᠴᠢᠨᠠᠷᠲᠠᠶ ᠠᠵᠢᠯ᠎ᠢ ᠥᠷᠨᠢᠭᠦᠯᠦᠨ᠎ᠡ᠃
3. ᠲᠤᠭ᠎ᠠ ᠪᠠᠷᠢᠮᠲᠠ ᠵᠢ ᠪᠦᠷᠢᠳᠬᠡᠨ ᠵᠠᠳᠠᠯᠬᠤ᠂ ᠬᠠᠮᠢᠶ᠎ᠠ ᠪᠦᠬᠦᠢ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠵᠡᠷᠭᠡ ᠠᠵᠢᠯ᠎ᠢ ᠡᠭᠦᠷᠭᠡᠯᠡᠨ᠎ᠡ᠃
4. ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠠᠮᠢᠶ᠎ᠠ ᠪᠥᠬᠦᠶ ᠠᠵᠢᠯ᠎ᠢ ᠡᠭᠦᠷᠭᠡᠯᠡᠨ᠎ᠡ᠃
ᠪᠠᠶ᠋ᠢᠭᠤᠯᠤᠮᠵᠢ᠎ᠳᠤ ᠠᠯᠪᠠᠨ ᠭᠡᠷ᠂ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠰᠠᠯᠠᠭ᠎ᠠ᠂ ᠡᠳ᠋᠎ᠤᠨ ᠶᠠᠪᠤᠳᠠᠯ᠎ᠤᠨ ᠳ᠋ᠦᠩᠨᠡᠨ ᠪᠣᠳᠣᠬᠤ ᠰᠠᠯᠠᠭ᠎ᠠ᠂ ᠮᠡᠳᠡᠭᠡ ᠵᠠᠩᠭᠢ ᠵᠢᠨ ᠲᠣᠭ᠎ᠠ ᠪᠦᠷᠢᠳᠭᠡᠯ᠎ᠤᠨ ᠰᠠᠯᠠᠭ᠎ᠠ᠂ ᠬᠢᠨᠠᠨ ᠬᠡᠮᠵᠢᠵᠦ ᠬᠢᠨᠠᠨ ᠪᠣᠳᠣᠬᠤ ᠰᠠᠯᠠᠭ᠎ᠠ ᠵᠢ ᠲᠣᠬᠢᠷᠠᠭᠤᠯᠪᠠ᠃
ᠬᠠᠷᠢᠭᠤᠴᠠᠯᠭ᠋ᠠᠳᠠᠨ᠄ ᠯᠢᠦ ᠵᠢᠶᠦ᠋ᠨ
ᠠᠵᠢᠯᠯᠠᠬᠤ ᠴᠠᠭ᠄ 9:00-12:00᠂14:30-18:00
ᠬᠠᠷᠢᠯᠴᠠᠬᠤ ᠤᠲᠠᠰᠤ᠄ 0471-4930516 (ᠹᠠᠺᠰ)
ᠲᠤᠬᠠᠢ᠌ᠯᠠᠭᠰᠠᠨ ᠠᠵᠢᠯ᠎ᠤᠨ ᠯᠠᠪᠯᠠᠭ᠎ᠠ᠄ 0471-4908295
ᠪᠠᠢ᠌ᠭᠤᠯᠭ᠎ᠠ ᠵᠢᠨ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠤᠯᠠᠭ᠋ᠠᠨᠴᠠᠪ ᠪᠠᠷᠠᠭᠤᠨ ᠵᠡᠭᠡᠯᠢ ᠵᠢᠨ 19 ᠳ᠋ᠦᠭᠡᠷ ᠨᠣᠮᠧᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠨᠳᠣᠣ ᠭᠠᠵᠠᠷ ᠡᠮᠨᠡᠭᠦᠯᠬᠦ ᠵᠢᠨ ᠳ᠋ᠦᠩᠨᠡᠨ ᠪᠣᠳᠣᠬᠤ ᠲᠥᠪ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠨᠳᠣᠣ ᠭᠠᠵᠠᠷ ᠡᠮᠨᠡᠭᠦᠯᠬᠦ ᠵᠢᠨ ᠳ᠋ᠦᠩᠨᠡᠨ ᠪᠣᠳᠣᠬᠤ ᠲᠥᠪ ᠪᠣᠯ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠠᠷᠢᠶ᠎ᠠ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠪᠣᠯᠤᠨ᠎ᠠ᠃
1. ᠮᠤᠵᠢ ᠠᠯᠤᠰᠯᠠᠭᠰᠠᠨ᠂ ᠣᠷᠣᠨ᠎ᠤ ᠳᠣᠲᠣᠷᠠᠬᠢ ᠣᠨᠳᠣᠤ ᠭᠠᠵᠠᠷ᠎ᠲᠤ ᠡᠮᠨᠡᠭᠦᠯᠬᠦ ᠵᠢᠨ ᠵᠠᠷᠤᠳᠠᠯ᠎ᠢ ᠴᠤᠭᠯᠠᠭᠤᠯᠬᠤ᠂ ᠰᠠᠯᠭ᠋ᠠᠨ ᠥᠭᠬᠦ᠂ ᠢᠯᠭ᠋ᠠᠷᠠᠭᠤᠯᠤᠨ ᠪᠤᠳᠤᠬᠤ ᠪᠠ ᠵᠠᠷᠤᠳᠠᠯ᠎ᠢ ᠲᠠᠩᠰᠠ ᠬᠠᠷᠭᠤᠭᠤᠯᠬᠤ᠂ ᠬᠢᠨᠠᠨ ᠬᠠᠷᠭᠤᠭᠤᠯᠬᠤ ᠵᠡᠷᠭᠡ ᠲᠤᠰᠠᠯᠠᠬᠤ ᠴᠢᠨᠠᠷᠲᠠᠶ ᠠᠵᠢᠯ᠎ᠢ ᠡᠭᠦᠷᠭᠡᠯᠡᠨ᠎ᠡ᠃
2. ᠣᠨᠳᠣᠣ ᠭᠠᠵᠠᠷ᠎ᠲᠤ ᠡᠮᠨᠡᠭᠦᠯᠬᠦ ᠵᠢᠨ ᠵᠠᠭ᠋ᠠᠯᠳᠤᠬᠤ᠂ ᠢᠯᠡᠴᠢᠯᠡᠨ ᠮᠡᠳᠡᠭᠦᠯᠬᠦ ᠵᠢ ᠬᠦᠯᠢᠶᠡᠨ ᠠᠪᠴᠤ ᠰᠢᠢ᠍ᠳᠪᠦᠷᠢᠯᠡᠬᠦ ᠠᠵᠢᠯ᠎ᠢ ᠡᠭᠦᠷᠭᠡᠯᠡᠨ᠎ᠡ᠃
3. ᠣᠨᠳᠣᠤ ᠭᠠᠵᠠᠷ᠎ᠲᠤ ᠡᠮᠨᠡᠭᠦᠯᠬᠦ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠪᠠ ᠰᠢᠰᠲ᠋ᠧᠮ᠎ᠤᠨ ᠠᠵᠢᠯᠯᠠᠭ᠋ᠠᠨ᠎ᠤ ᠬᠠᠮᠠᠭ᠋ᠠᠯᠠᠯᠲᠠ ᠵᠢ ᠡᠭᠦᠷᠭᠡᠯᠡᠨ᠎ᠡ᠃
4. ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠲᠤᠰᠢᠶᠠᠨ ᠥᠭᠭᠦᠭᠰᠡᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
ᠳᠣᠲᠣᠭ᠋ᠠᠳᠤ᠎ᠳᠤ᠎ᠪᠠᠨ ᠶᠡᠷᠦᠩᠬᠡᠶ᠋ᠢᠯᠡᠭᠰᠡᠨ ᠰᠠᠯᠠᠭ᠎ᠠ᠂ ᠳ᠋ᠦᠩᠨᠡᠨ ᠪᠣᠳᠣᠬᠤ ᠰᠠᠯᠠᠭ᠎ᠠ ᠵᠡᠷᠭᠡ 2 ᠵᠢᠩᠬᠢᠨᠢ ᠰᠠᠯᠠᠭ᠋ᠠᠨ ᠳᠡᠰ᠎ᠤᠨ ᠪᠠᠶ᠋ᠢᠭᠤᠯᠤᠮᠵᠢ ᠲᠣᠬᠢᠷᠠᠭᠤᠯᠪᠠ᠃
ᠬᠠᠷᠢᠭᠤᠴᠠᠯᠭ᠋ᠠᠳᠠᠨ᠄ ᠬᠤ᠌ ᠬᠠᠢ ᠵᠢᠤᠸᠠᠨ
ᠠᠵᠢᠯᠯᠠᠬᠤ ᠴᠠᠭ᠄ 9:00-12:00᠂14:30-18:00
ᠬᠠᠷᠢᠯᠴᠠᠬᠤ ᠤᠲᠠᠰᠤ᠄ 0471-6906087
ᠪᠠᠢ᠌ᠭᠤᠯᠭ᠎ᠠ ᠵᠢᠨ ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 53 ᠳ᠋ᠤᠭ᠋ᠠᠷ ᠨᠣᠮᠧᠷ (ᠥᠪᠥᠷ ᠮᠣᠩᠭᠣᠯ᠎ᠤᠨ ᠬᠥᠳᠡᠯᠮᠦᠷᠢ ᠬᠦᠴᠦᠨ᠎ᠤ ᠵᠠᠬ᠎ᠠ ᠳᠡᠯᠭᠡᠭᠦᠷ᠎ᠤᠨ4 ᠳ᠋ᠦ᠍ᠭᠡᠷ ᠳᠠᠪᠬᠤᠷᠭ᠎ᠠ )