ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠠᠶ᠋ᠢᠭᠤᠯᠤᠮᠵᠢ
ᠪᠠᠢ᠌ᠭᠤᠯᠤᠮᠵᠢ ᠵᠢᠨ ᠡᠭᠦᠷᠭᠡ ᠴᠢᠳᠠᠮᠵᠢ
ᠨᠡᠶ᠋ᠢᠲᠡᠯᠡᠭᠰᠡᠨ ᠴᠠᠭ᠄ 2024-01-08

   ᠨᠢᠭᠡᠳᠦᠭᠡᠷ ᠵᠤᠷᠪᠤᠰ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠵᠥᠪᠰᠢᠶᠡᠷᠡᠭᠰᠡᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ》 ᠪᠣᠯᠤᠨ ᠥᠪᠡᠷᠲᠡᠭᠡᠨ ᠵᠠᠰᠠᠬᠤ ᠣᠷᠣᠨ᠎ᠠᠴᠠ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠰᠠᠨᠠᠯ》᠎ᠢ ᠦᠨᠳᠦᠰᠦᠯᠡᠨ᠂ ᠲᠣᠰ ᠲᠣᠭᠲᠠᠭ᠋ᠠᠯ᠎ᠢ ᠲᠣᠭᠲᠠᠭ᠋ᠠᠪᠠ᠃

   ᠬᠤᠶᠠᠳᠤᠭ᠋ᠠᠷ  ᠵᠤᠷᠪᠤᠰ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠢᠭᠤᠳ ᠬᠠᠷᠢᠶ᠎ᠠ ᠪᠠᠶ᠋ᠢᠭᠤᠯᠤᠮᠵᠢ ᠪᠠᠶ᠋ᠢᠵᠤ᠂ ᠳᠡᠳ᠋ ᠲᠢᠩᠬᠢᠮ᠎ᠤᠨ ᠲᠠᠰ᠎ᠤᠨ ᠨᠢᠭᠡᠴᠢ ᠪᠣᠯᠤᠨ᠎ᠠ᠃

   ᠭᠤᠷᠪᠠᠳᠤᠭ᠋ᠠᠷ  ᠵᠤᠷᠪᠤᠰ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠪᠤᠯ ᠡᠮᠴᠢᠯᠡᠭᠡ ᠵᠢᠨ ᠪᠠᠲᠤᠯᠠᠭ᠎ᠠ ᠵᠢᠨ ᠠᠵᠢᠯ᠎ᠤᠨ ᠲᠤᠬᠠᠶ ᠨᠠᠮ᠎ᠤᠨ ᠲᠥᠪ ᠬᠤᠷᠢᠶ᠎ᠠ ᠵᠢᠨ ᠴᠢᠭᠯᠡᠯᠲᠡ ᠲᠥᠷᠥ ᠵᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠠᠮᠢᠶ᠎ᠠ ᠪᠦᠬᠦᠢ ᠰᠢᠢ᠍ᠳᠪᠦᠷᠢᠳᠦ ᠪᠣᠳᠣᠯᠭ᠎ᠠ ᠵᠢᠨ ᠪᠠᠢ᠌ᠷᠢᠯᠠᠭᠤᠯᠤᠯᠳᠠ ᠵᠢ ᠲᠣᠭᠣᠰᠢᠯᠠᠭᠣᠯᠣᠨ ᠨᠠᠢ᠌ᠳᠠᠪᠦᠷᠢᠵᠢᠭᠤᠯᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠬᠦ ᠶᠠᠪᠤᠴᠠ᠎ᠳᠤ ᠡᠮᠴᠢᠯᠡᠭᠡ ᠵᠢᠨ ᠪᠠᠲᠤᠯᠠᠭ᠎ᠠ ᠵᠢᠨ ᠠᠵᠢᠯ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ᠃

   ᠭᠣᠣᠯ ᠡᠭᠦᠷᠭᠡ ᠬᠠᠷᠢᠭᠤᠴᠠᠯᠭ᠎ᠠ᠄

  (ᠨᠢᠭᠡ) ᠡᠮ ᠡᠮᠨᠡᠯᠭᠡ ᠵᠢᠨ ᠳᠠᠭ᠋ᠠᠳᠬᠠᠯ᠂ ᠬᠦᠩᠭᠡᠵᠢᠯ᠎ᠤᠨ ᠳᠠᠭ᠋ᠠᠳᠬᠠᠯ᠂ ᠡᠮᠴᠢᠯᠡᠭᠡ ᠵᠢᠨ ᠠᠪᠤᠷᠠᠨ ᠲᠤᠰᠠᠯᠠᠬᠤ ᠵᠡᠷᠭᠡ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠲᠥᠰᠦᠯ᠎ᠢ ᠲᠤᠭᠤᠷᠪᠢᠵᠤ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠂ ᠲᠦᠯᠦᠪᠵᠢᠭᠦᠯᠭᠡ᠂ ᠪᠠᠷᠢᠮᠵᠢᠶ᠎ᠠ ᠵᠢ ᠰᠤᠳᠤᠯᠤᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃

  (ᠬᠣᠶᠠᠷ) ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠪᠦᠬᠦ ᠣᠷᠣᠨ᠎ᠤ ᠡᠮᠴᠢᠯᠡᠭᠡ ᠵᠢᠨ ᠪᠠᠳᠤᠯᠠᠭ᠎ᠠ ᠵᠢᠨ ᠰᠠᠭᠤᠷᠢ ᠮᠥᠩᠭᠥ ᠵᠢᠨ ᠲᠥᠰᠦᠪ ᠪᠠ ᠲᠥᠰᠦᠪ᠎ᠤᠨ ᠭᠦᠢ᠍ᠴᠡᠳᠭᠡᠯ᠎ᠤᠨ ᠲᠥᠰᠦᠯ᠎ᠢ ᠨᠠᠶ᠋ᠢᠷᠠᠭᠤᠯᠤᠨ ᠵᠣᠬᠢᠶᠠᠵᠤ᠂ ᠡᠮᠴᠢᠯᠡᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ ᠵᠢ ᠵᠣᠬᠢᠶᠠᠨ ᠪᠠᠢ᠌ᠭᠤᠯᠤᠨ ᠲᠣᠭᠲᠠᠭ᠋ᠠᠵᠤ᠂ ᠡᠮᠴᠢᠯᠡᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠠᠮᠤᠷ ᠲᠦᠪᠰᠢᠨ᠎ᠢ ᠰᠡᠷᠭᠡᠶ᠋ᠢᠯᠡᠨ ᠡᠵᠡᠮᠳᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠡᠮᠴᠢᠯᠡᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠠᠬᠢᠭᠤᠯᠤᠨ᠎ᠠ᠃

  (ᠭᠤᠷᠪᠠ) ᠡᠮᠴᠢᠯᠡᠭᠡ ᠵᠢᠨ ᠪᠠᠲᠤᠯᠠᠭ᠎ᠠ ᠵᠢᠨ ᠪᠡᠯᠡ ᠴᠤᠭᠯᠠᠭᠤᠯᠬᠤ ᠪᠠ ᠬᠠᠷᠠᠭ᠋ᠠᠯᠵᠠᠯ᠎ᠤᠨ ᠲᠥᠷᠥ ᠵᠢᠨ ᠪᠤᠳᠤᠯᠭ᠎ᠠ ᠵᠢ ᠵᠣᠬᠢᠶᠠᠨ ᠪᠠᠶ᠋ᠢᠭᠤᠯᠤᠨ ᠲᠤᠭᠤᠷᠪᠢᠨ ᠲᠣᠭᠲᠠᠭ᠋ᠠᠵᠤ᠂ ᠬᠥᠳᠡᠯᠦᠩᠭᠦᠶ ᠲᠣᠬᠢᠷᠠᠭᠤᠯᠤᠯᠲᠠ ᠪᠠ ᠣᠷᠣᠨ ᠪᠦᠰᠡ ᠵᠢᠨ ᠲᠣᠬᠢᠷᠠᠭᠤᠯᠤᠯᠲᠠ ᠵᠢ ᠲᠡᠩᠴᠡᠭᠦᠷᠢᠲᠡᠶ ᠪᠠᠶ᠋ᠢᠯᠭ᠋ᠠᠬᠤ ᠲᠤᠭᠳᠠᠴᠠ ᠵᠢ ᠲᠡᠭᠦᠯᠳᠡᠷᠵᠢᠭᠦᠯᠵᠦ᠂ ᠬᠣᠲᠠ ᠬᠥᠳᠡᠭᠡ ᠵᠢᠨ ᠡᠮᠴᠢᠯᠡᠭᠡ ᠵᠢᠨ ᠪᠠᠲᠤᠯᠠᠭ᠎ᠠ ᠵᠢᠨ ᠬᠠᠷᠠᠭ᠋ᠠᠯᠵᠠᠯ᠎ᠤᠨ ᠪᠠᠷᠢᠮᠵᠢᠶ᠎ᠠ ᠵᠢ ᠨᠢᠭᠡᠳᠦᠯᠲᠡᠶ ᠲᠥᠯᠥᠪᠯᠡᠵᠦ᠂ ᠪᠡᠯᠡ ᠴᠤᠭᠯᠠᠭᠤᠯᠬᠤ ᠬᠢᠷᠢ ᠬᠡᠮᠵᠢᠶ᠎ᠡ᠎ᠯᠦᠭᠡ ᠲᠣᠬᠢᠷᠠᠯᠴᠠᠭᠰᠠᠨ ᠬᠠᠷᠠᠭ᠋ᠠᠯᠵᠠᠯ᠎ᠢ ᠲᠣᠬᠢᠷᠠᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠶ᠃ ᠤᠷᠲᠤ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠳᠦᠷᠢᠮ᠎ᠤᠨ ᠥᠭᠡᠷᠡᠴᠢᠯᠡᠯᠲᠡ ᠵᠢᠨ ᠲᠥᠰᠦᠯ᠎ᠢ ᠵᠣᠬᠢᠶᠠᠨ ᠪᠠᠶ᠋ᠢᠭᠤᠯᠤᠨ ᠲᠤᠭᠤᠷᠪᠢᠨ ᠲᠣᠭᠲᠠᠭ᠋ᠠᠬᠤ ᠵᠢᠨ ᠬᠠᠮᠲᠤ ᠬᠡᠷᠡᠭᠵᠢᠭᠦᠯᠦᠨ᠎ᠡ᠃

  (ᠲᠦᠷᠪᠡ) ᠬᠣᠲᠠ ᠬᠥᠳᠡᠭᠡ ᠵᠢᠨ ᠨᠢᠭᠡᠳᠦᠯᠲᠡᠶ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲᠸᠷᠢᠶᠠᠯ᠂ ᠡᠮᠴᠢᠯᠡᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠂ ᠡᠮᠴᠢᠯᠡᠭᠡᠨ᠎ᠤ ᠦᠢ᠍ᠯᠡᠴᠢᠯᠡᠭᠡᠨ᠎ᠤ ᠲᠦᠭᠦᠷᠦᠮᠵᠢ ᠵᠡᠷᠭᠡ ᠡᠮᠴᠢᠯᠡᠭᠡ ᠵᠢᠨ ᠪᠠᠳᠤᠯᠠᠭ᠎ᠠ ᠵᠢᠨ ᠭᠠᠷᠴᠠᠭ ᠪᠠ ᠵᠠᠷᠤᠳᠠᠯ ᠥᠭᠬᠦ ᠪᠠᠷᠢᠮᠵᠢᠶ᠎ᠠ ᠵᠢ ᠵᠣᠬᠢᠶᠠᠨ ᠪᠠᠶ᠋ᠢᠭᠤᠯᠤᠨ ᠲᠤᠭᠤᠷᠪᠢᠨ ᠲᠣᠭᠲᠠᠭ᠋ᠠᠨ᠎ᠠ᠃ ᠬᠥᠳᠡᠯᠦᠩᠭᠦᠶ᠎ᠪᠠᠷ ᠳᠣᠭᠢᠷᠠᠭᠤᠯᠬᠤ ᠲᠣᠭᠲᠠᠴᠠ ᠵᠢ ᠪᠠᠶ᠋ᠢᠭᠤᠯᠵᠤ᠂ ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠭᠠᠷᠴᠠᠭ᠎ᠲᠤ ᠵᠥᠪᠰᠢᠶᠡᠷᠡᠨ ᠣᠷᠣᠭᠤᠯᠬᠤ ᠬᠡᠯᠡᠯᠴᠡᠭᠡᠷ᠎ᠤᠨ ᠲᠦᠷᠢᠮ᠎ᠢ ᠲᠤᠭᠤᠰᠢᠯᠠᠭᠤᠯᠤᠨ ᠬᠡᠷᠡᠭᠵᠢᠭᠦᠯᠦᠨ᠎ᠡ᠃

  (ᠲᠠᠪᠤ) ᠤᠯᠤᠰ᠎ᠤᠨ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠦᠨ᠎ᠡ ᠬᠠᠩᠰᠢ ᠵᠢᠨ ᠲᠥᠷᠥ ᠵᠢᠨ ᠪᠣᠳᠣᠯᠭ᠎ᠠ ᠵᠢ ᠲᠣᠭᠣᠰᠢᠯᠠᠭᠣᠯᠣᠨ ᠨᠠᠢ᠌ᠳᠠᠪᠦᠷᠢᠵᠢᠭᠤᠯᠵᠦ᠂ ᠡᠮᠴᠢᠯᠡᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠂ ᠲᠥᠬᠥᠭᠡᠷᠦᠮᠵᠢ ᠵᠢᠨ ᠰᠦᠢ᠍ᠳᠭᠡᠯ ᠬᠤᠷᠢᠶᠠᠬᠤ ᠵᠡᠷᠭᠡ ᠲᠥᠷᠥ ᠵᠢᠨ ᠪᠣᠳᠣᠯᠭ᠎ᠠ ᠵᠢ ᠵᠣᠬᠢᠶᠠᠨ ᠪᠠᠶ᠋ᠢᠭᠤᠯᠤᠨ ᠲᠣᠭᠲᠠᠭ᠋ᠠᠵᠤ᠂ ᠡᠮᠴᠢᠯᠡᠭᠡ ᠵᠢᠨ ᠪᠠᠳᠤᠯᠠᠭ᠎ᠠ ᠵᠢᠨ ᠲᠣᠭ᠋ᠠᠴᠠᠭ᠎ᠠ ᠬᠢᠬᠦ ᠡᠮᠴᠢᠯᠡᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠵᠦᠢ ᠵᠣᠬᠢᠰᠲᠠᠢ ᠲᠣᠭᠲᠠᠭ᠋ᠠᠬᠤ ᠪᠠ ᠬᠥᠳᠡᠯᠦᠩᠭᠦᠢ᠎ᠪᠠᠷ ᠲᠣᠬᠢᠷᠠᠭᠤᠯᠬᠤ ᠲᠣᠭᠲᠠᠴᠠ ᠵᠢ ᠪᠠᠶ᠋ᠢᠭᠤᠯᠵᠤ᠂ ᠵᠠᠬ᠎ᠠ ᠲᠡᠯᠭᠡᠭᠦᠷ ᠵᠶ᠋ᠠᠷ ᠭᠣᠣᠯᠯᠠᠭᠤᠯᠤᠭᠰᠠᠨ ᠨᠡᠶ᠋ᠢᠭᠡᠮ᠎ᠤᠨ ᠡᠮᠴᠢᠯᠡᠭᠡ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢ ᠪᠦᠷᠢᠯᠳᠦᠭᠦᠯᠬᠦ ᠲᠣᠭᠲᠠᠴᠠ ᠵᠢ ᠪᠠᠶ᠋ᠢᠭᠤᠯᠬᠤ ᠵᠢ ᠠᠬᠢᠭᠤᠯᠤᠨ᠎ᠠ᠃ ᠦᠨ᠎ᠡ ᠬᠠᠩᠰᠢ ᠵᠢᠨ ᠮᠡᠳᠡᠭᠡ ᠵᠠᠩᠭᠢ ᠵᠢ ᠬᠢᠨᠠᠨ ᠬᠡᠮᠵᠢᠬᠦ ᠪᠠ ᠮᠡᠳᠡᠭᠡ ᠵᠠᠩᠭᠢ ᠨᠡᠶ᠋ᠢᠲᠡᠯᠡᠬᠦ ᠳᠦᠷᠢᠮ᠎ᠢ ᠪᠠᠢ᠌ᠭᠤᠯᠤᠨ᠎ᠠ᠃

  (ᠵᠢᠷᠭᠤᠭ᠎ᠠ) ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ᠂ ᠲᠤᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠣᠳᠣᠬᠤ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ᠎ᠤᠨ ᠪᠠᠶ᠋ᠢᠭᠤᠯᠤᠯᠲᠠ ᠵᠢ ᠠᠬᠢᠭᠤᠯᠤᠨ᠎ᠠ᠃

  (ᠳᠣᠯᠣᠭ᠎ᠠ) ᠴᠡᠭ ᠲᠣᠭᠲᠠᠭ᠋ᠠᠭᠰᠠᠨ ᠡᠮᠴᠢᠯᠡᠭᠡ ᠵᠢᠨ ᠪᠠᠶ᠋ᠢᠭᠤᠯᠤᠮᠵᠢ ᠵᠢᠨ ᠬᠡᠯᠡᠯᠴᠡᠭᠡᠷ ᠪᠠ ᠵᠠᠷᠤᠳᠠᠯ ᠥᠭᠬᠦ ᠬᠠᠮᠢᠶᠠᠷᠤᠯᠳᠠ ᠵᠢᠨ ᠠᠷᠭ᠎ᠠ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠢᠲᠡᠭᠡᠮᠵᠢ ᠵᠢᠨ ᠦᠨᠡᠯᠡᠯᠲᠡ ᠵᠢᠨ ᠰᠢᠰᠲ᠋ᠧᠮ ᠪᠠ ᠮᠡᠳᠡᠭᠡ ᠵᠠᠩᠭᠢ ᠨᠡᠶ᠋ᠢᠲᠡᠯᠡᠬᠦ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠡᠮᠴᠢᠯᠡᠭᠡ ᠵᠢᠨ ᠪᠠᠳᠤᠯᠠᠭ᠎ᠠ ᠵᠢᠨ ᠬᠡᠪᠴᠢᠶᠡᠨ᠎ᠳᠤ ᠣᠷᠣᠭᠤᠯᠤᠭᠰᠠᠨ ᠡᠮᠴᠢᠯᠡᠭᠡ ᠵᠢᠨ ᠦᠢ᠍ᠯᠡᠴᠢᠯᠡᠭᠡᠨ᠎ᠤ ᠠᠵᠢᠯᠯᠠᠭ᠎ᠠ ᠪᠠ ᠡᠮᠴᠢᠯᠡᠭᠡ ᠵᠢᠨ ᠵᠠᠷᠤᠳᠠᠯ᠎ᠢ ᠬᠢᠨᠠᠨ ᠬᠠᠮᠢᠶᠠᠷᠴᠤ᠂ ᠡᠮᠴᠢᠯᠡᠭᠡ ᠵᠢᠨ ᠪᠠᠲᠤᠯᠠᠭ᠎ᠠ ᠵᠢᠨ ᠬᠦᠷᠢᠶᠡᠨ᠎ᠳᠠᠬᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠨ᠎ᠡ᠃

  (ᠨᠠᠢ᠍ᠮᠠ) ᠡᠮᠴᠢᠯᠡᠭᠡ ᠵᠢᠨ ᠪᠠᠲᠤᠯᠠᠭ᠎ᠠ ᠵᠢ ᠭᠠᠷᠲᠠᠨ ᠭᠦᠢ᠍ᠴᠡᠳᠭᠡᠬᠦ ᠬᠠᠮᠢᠶᠠᠷᠤᠯᠲᠠ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ᠂ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠬᠠᠷᠢᠭᠤᠴᠠᠨ᠎ᠠ᠃ ᠣᠨᠳᠣᠤ ᠭᠠᠵᠠᠷ᠎ᠲᠤ ᠡᠮᠨᠡᠭᠦᠯᠬᠦ ᠵᠢ ᠬᠠᠮᠢᠶᠠᠷᠬᠤ ᠪᠠ ᠵᠠᠷᠤᠳᠠᠯ᠎ᠢ ᠳ᠋ᠦᠩᠨᠡᠨ ᠪᠣᠳᠣᠬᠤ ᠲᠥᠷᠥ ᠵᠢᠨ ᠪᠣᠳᠣᠯᠭ᠎ᠠ ᠵᠢ ᠵᠣᠬᠢᠶᠠᠨ ᠪᠠᠶ᠋ᠢᠭᠤᠯᠤᠨ ᠲᠣᠭᠲᠠᠭ᠋ᠠᠬᠤ ᠪᠠ ᠲᠡᠭᠦᠯᠳᠡᠷᠵᠢᠭᠦᠯᠬᠦ ᠬᠡᠷᠡᠭᠲᠡᠶ᠃ ᠡᠮᠴᠢᠯᠡᠭᠡ ᠵᠢᠨ ᠪᠠᠲᠤᠯᠠᠭ᠎ᠠ ᠵᠢᠨ ᠬᠠᠷᠢᠴᠠᠭ᠎ᠠ ᠵᠢ ᠰᠢᠯᠵᠢᠭᠦᠯᠬᠦ ᠦᠷᠭᠦᠯᠵᠢᠯᠡᠭᠦᠯᠬᠦ ᠳᠦᠷᠢᠮ᠎ᠢ ᠪᠠᠶ᠋ᠢᠭᠤᠯᠤᠨ ᠪᠦᠷᠢᠨᠰᠢᠭᠦᠯᠦᠨ᠎ᠡ᠃ ᠡᠮᠴᠢᠯᠡᠭᠡ ᠵᠢᠨ ᠪᠠᠲᠤᠯᠠᠭ᠎ᠠ ᠵᠢᠨ ᠬᠦᠷᠢᠶᠡᠨ᠎ᠳᠠᠬᠢ ᠬᠠᠮᠲᠤᠷᠠᠯᠴᠠᠭ᠎ᠠ ᠰᠣᠯᠢᠯᠴᠠᠭ᠎ᠠ ᠵᠢ ᠥᠷᠨᠢᠭᠦᠯᠦᠨ᠎ᠡ᠃

  (ᠶᠢᠰᠦ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃

  (ᠠᠷᠪᠠ) ᠡᠭᠦᠷᠭᠡ ᠴᠢᠳᠠᠪᠤᠷᠢ ᠵᠢᠨ ᠬᠤᠪᠢᠷᠠᠭᠤᠯᠤᠯᠲᠠ

   ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮ ᠡᠮᠨᠡᠯᠭᠡ ᠵᠢᠨ ᠦᠨᠳᠦᠰᠦᠨ ᠳᠠᠭ᠋ᠠᠳᠬᠠᠯ᠎ᠤᠨ ᠳᠦᠷᠢᠮ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠳᠦᠷᠢᠮ ᠪᠠ ᠡᠮᠴᠢᠯᠡᠭᠡ ᠵᠢᠨ ᠠᠪᠤᠷᠠᠨ ᠲᠤᠰᠠᠯᠠᠬᠤ ᠨᠢᠭᠡᠳᠦᠯᠲᠡᠶ ᠳᠦᠷᠢᠮ᠎ᠢ ᠲᠡᠭᠦᠯᠳᠡᠷᠵᠢᠭᠦᠯᠵᠦ᠂ ᠪᠦᠬᠦ ᠠᠷᠠᠳ᠎ᠢ ᠬᠠᠮᠤᠷᠤᠭᠰᠠᠨ᠂ ᠬᠣᠲᠠ ᠬᠥᠳᠡᠭᠡ ᠵᠢ ᠨᠢᠭᠡᠳᠦᠯᠲᠡᠶ ᠲᠥᠯᠥᠪᠯᠡᠭᠰᠡᠨ ᠣᠯᠠᠨ ᠳᠡᠰ ᠳᠠᠪᠬᠤᠷᠭ᠎ᠠ ᠵᠢᠨ ᠡᠮᠴᠢᠯᠡᠭᠡ ᠵᠢᠨ ᠪᠠᠲᠤᠯᠠᠭ᠎ᠠ ᠵᠢᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠡᠮᠴᠢᠯᠡᠭᠡ ᠵᠢᠨ ᠪᠠᠲᠤᠯᠠᠭ᠎ᠠ ᠵᠢᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠮᠴᠢᠯᠡᠭᠡ ᠵᠢᠨ ᠪᠠᠳᠤᠯᠠᠭ᠎ᠠ ᠵᠢᠨ ᠪᠡᠯᠡ ᠮᠥᠩᠭᠥ ᠵᠢ ᠵᠦᠶ ᠵᠣᠬᠢᠰᠲᠠᠶ ᠬᠡᠷᠡᠭᠯᠡᠬᠦ᠂ ᠠᠮᠤᠷ ᠲᠦᠪᠰᠢᠨ ᠡᠵᠡᠮᠳᠡᠬᠦ ᠵᠢ ᠦᠨᠡᠨᠬᠦ ᠪᠠᠲᠤᠯᠠᠵᠤ᠂ ᠡᠮᠴᠢᠯᠡᠭᠡ᠂ ᠡᠮᠴᠢᠯᠡᠭᠡ ᠵᠢᠨ ᠪᠠᠳᠤᠯᠠᠭ᠎ᠠ᠂ ᠡᠮ ᠡᠮᠨᠡᠯᠭᠡ 《ᠭᠤᠷᠪᠠ ᠵᠢ ᠬᠣᠯᠪᠣᠭ᠋ᠠᠯᠠᠨ ᠬᠦᠳᠡᠯᠦᠯᠴᠡᠬᠦ》 ᠥᠭᠡᠷᠡᠴᠢᠯᠡᠯᠲᠡ ᠵᠢ ᠠᠬᠢᠭᠤᠯᠵᠤ᠂ ᠠᠷᠠᠳ ᠣᠯᠠᠨ᠎ᠤ ᠡᠪᠡᠳᠴᠢᠨ ᠦᠵᠡᠭᠦᠯᠬᠦ ᠬᠡᠷᠡᠭᠴᠡᠭᠡ ᠵᠢ ᠨᠠᠩ ᠰᠠᠢ᠌ᠳᠤᠷ ᠪᠠᠲᠤᠯᠠᠵᠤ᠂ ᠡᠮᠴᠢᠯᠡᠭᠡ ᠵᠢᠨ ᠵᠠᠷᠤᠳᠠᠯ᠎ᠤᠨ ᠳᠠᠷᠤᠭ᠋ᠠᠰᠤ ᠵᠢ ᠬᠥᠩᠭᠡᠷᠡᠭᠦᠯᠦᠨ᠎ᠡ᠃

  (ᠠᠷᠪᠠᠨ ᠨᠢᠭᠡ) ᠬᠣᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ

   ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠯᠦᠭᠡ ᠬᠣᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠵᠢ ᠬᠤᠪᠢᠶᠠᠷᠢᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠮᠴᠢᠯᠡᠭᠡ᠂ ᠡᠮᠴᠢᠯᠡᠭᠡ ᠵᠢᠨ ᠪᠠᠳᠤᠯᠠᠭ᠎ᠠ᠂ ᠡᠮ ᠡᠮᠨᠡᠯᠭᠡ ᠵᠡᠷᠭᠡ ᠲᠠᠯ᠎ᠠ ᠵᠢᠨ ᠳᠦᠷᠢᠮ᠂ ᠲᠥᠷᠥ ᠵᠢᠨ ᠪᠣᠳᠣᠯᠭ᠎ᠠ ᠵᠢᠨ ᠵᠣᠯᠭ᠋ᠠᠯᠴᠠᠭ᠎ᠠ ᠵᠢ ᠴᠢᠩᠭ᠋ᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠵᠢ ᠪᠠᠶ᠋ᠢᠭᠤᠯᠵᠤ᠂ ᠥᠭᠡᠷᠡᠴᠢᠯᠡᠯᠲᠡ ᠵᠢ ᠬᠠᠮᠵᠢᠯᠴᠠᠨ ᠠᠬᠢᠭᠤᠯᠵᠤ᠂ ᠡᠮᠴᠢᠯᠡᠭᠡ ᠵᠢᠨ ᠡᠬᠢ ᠪᠠᠶᠠᠯᠢᠭ᠎ᠤᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠳᠣᠲᠣᠭ᠋ᠠᠳᠤ ᠵᠢᠨ ᠪᠠᠶ᠋ᠢᠭᠤᠯᠤᠮᠵᠢ
ᠬᠠᠷᠢᠶ᠎ᠠ ᠨᠢᠭᠡᠴᠢ
 
            