ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠴᠡᠭ ᠲᠣᠭᠲᠠᠭᠰᠠᠨ ᠡᠮ ᠡᠮᠨᠡᠯᠭᠡ ᠵᠢᠨ ᠪᠠᠢ᠍ᠭᠤᠯᠤᠮᠵᠢ ᠵᠢᠨ ᠬᠠᠮᠢᠶ᠎ᠠ ᠪᠥᠬᠦᠶ ᠬᠥᠮᠦᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2025-02-28

ᠥᠪᠥᠷ ᠡᠮᠴᠢᠯᠡᠭᠡᠨ᠎ᠤ ᠪᠠᠲᠤᠯᠠᠭ᠎ᠠ ᠲᠠᠷᠬᠠᠭ᠋ᠠᠭᠰᠠᠨ [2025] 7 ᠳ᠋ᠤᠭ᠋ᠠᠷ ᠨᠣᠮᠧᠷᠲᠤ

  

ᠡᠯ᠎ᠡ ᠠᠢ᠌ᠮᠠᠭ ᠬᠤᠲᠠ ᠵᠢᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠵᠢᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ᠄    

  ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠴᠡᠭ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠠᠮᠢᠶ᠎ᠠ ᠪᠥᠬᠦᠶ ᠬᠥᠮᠦᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ (ᠲᠤᠷᠰᠢᠨ ᠬᠡᠷᠡᠭᠵᠢᠭᠦᠯᠬᠦ)》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃

   

  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ

  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ

  ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ

  2025 ᠣᠨ᠎ᠤ 2 ᠳ᠋ᠤᠭ᠋ᠠᠷ ᠰᠠᠷ᠎ᠠ ᠵᠢᠨ 28᠎ᠤ ᠡᠳᠦᠷ   

   

  (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠬᠦ)

   

ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠡᠮᠴᠢᠯᠡᠬᠡᠨ᠎ᠤ ᠪᠠᠳᠤᠯᠠᠭ᠎ᠠ ᠵᠢᠨ ᠴᠡᠭ ᠲᠤᠨᠨᠳ᠋ᠬᠠᠰᠠᠨ ᠡᠮ ᠡᠮᠨᠡᠯᠬᠡ ᠵᠢᠨ ᠪᠠᠢ᠍ᠭᠤᠯᠤᠮᠵᠢ    

  ᠬᠠᠮᠢᠶ᠎ᠠ ᠪᠦᠬᠦᠢ ᠬᠦᠮᠦᠰ᠎ᠤᠨ ᠡᠮᠴᠢᠯᠡᠭᠡ ᠵᠢᠨ ᠳᠠᠭ᠋ᠠᠳᠬᠠᠯ᠎ᠤᠨ ᠮᠦᠩᠭᠦ ᠣᠯᠭᠤᠬᠤ ᠬᠢᠷᠢ ᠬᠡᠮ᠎ᠤᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)    

  ᠨᠢᠭᠡᠳᠦᠭᠡᠷ ᠵᠣᠷᠪᠣᠰ ᠴᠡᠭ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠠᠮᠢᠶ᠎ᠠ ᠪᠥᠬᠦᠶ ᠬᠥᠮᠦᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠤᠨ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠵᠢᠨ ᠠᠵᠢᠯ᠎ᠢ ᠭᠦᠨᠵᠡᠭᠡᠶ᠋ᠢᠷᠡᠭᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢ ᠵᠦᠶ ᠵᠣᠬᠢᠰᠲᠠᠶ ᠬᠡᠷᠡᠭᠯᠡᠬᠦ ᠵᠢ ᠠᠬᠢᠭᠤᠯᠤᠨ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠠᠮᠤᠷ ᠲᠦᠪᠰᠢᠨ᠎ᠢ ᠪᠠᠲᠤᠯᠠᠵᠤ᠂ ᠳᠠᠭ᠋ᠠᠳᠬᠠᠯ᠎ᠳᠤ ᠣᠷᠣᠯᠴᠠᠭᠰᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠵᠢᠨ ᠲᠦᠯᠦᠭᠡ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠬᠠᠤᠯᠢ》 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠶᠡᠭᠡ ᠡᠮᠴᠢ ᠵᠢᠨ ᠬᠠᠤᠯᠢ》᠂ 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ》 (ᠳᠣᠷᠣᠭᠰᠢ 《ᠲᠦᠷᠢᠮ》 ᠭᠡᠵᠦ ᠲᠣᠪᠴᠢᠯᠠᠨ᠎ᠠ)᠂ 《ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠴᠡᠭ᠎ᠤᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 (ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠪᠴᠢᠶ᠎ᠠ ᠵᠢᠨ ᠵᠠᠷᠯᠢᠭ 2 ᠳ᠋ᠤᠭ᠋ᠠᠷ ᠨᠣᠮᠧᠷᠲᠤ᠂ ᠳᠣᠷᠣᠭᠰᠢ 《2 ᠳ᠋ᠤᠭ᠋ᠠᠷ ᠨᠣᠮᠧᠷᠲᠤ ᠵᠠᠷᠯᠢᠭ》 ᠭᠡᠵᠦ ᠲᠣᠪᠴᠢᠯᠠᠨ᠎ᠠ)᠂ 《ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠴᠡᠭ᠎ᠤᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 (ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠪᠴᠢᠶ᠎ᠠ ᠵᠢᠨ ᠵᠠᠷᠯᠢᠭ 3 ᠳ᠋ᠤᠭ᠋ᠠᠷ ᠨᠣᠮᠧᠷᠲᠤ᠂ ᠳᠣᠷᠣᠭᠰᠢ 《3 ᠳ᠋ᠤᠭ᠋ᠠᠷ ᠨᠣᠮᠧᠷᠲᠤ ᠵᠠᠷᠯᠢᠭ》 ᠭᠡᠵᠦ ᠲᠣᠪᠴᠢᠯᠠᠨ᠎ᠠ) 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠦᠷᠢᠮ ᠲᠣᠭᠲᠠᠭ᠋ᠠᠯ ᠵᠢᠴᠢ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠪᠴᠢᠶ᠎ᠠ᠂ ᠤᠯᠤᠰ᠎ᠤᠨ ᠡᠷᠡᠭᠦᠯ ᠬᠠᠮᠠᠭ᠋ᠠᠯᠠᠯ᠎ᠤᠨ ᠵᠥᠪᠯᠡᠯ᠂ ᠤᠯᠤᠰ᠎ᠤᠨ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ 《ᠴᠡᠭ ᠲᠣᠭᠲᠠᠭᠰᠠᠨ ᠡᠮ ᠡᠮᠨᠡᠯᠭᠡ ᠵᠢᠨ ᠪᠠᠢ᠍ᠭᠤᠯᠤᠮᠵᠢ ᠵᠢᠨ ᠬᠠᠮᠢᠶ᠎ᠠ ᠪᠦᠬᠦᠢ ᠬᠥᠮᠦᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ ᠵᠢᠨ ᠳᠦᠷᠢᠮ᠎ᠢ ᠪᠠᠢ᠍ᠭᠤᠯᠬᠤ ᠵᠢᠯᠣᠭᠤᠳᠬᠤ ᠰᠠᠨᠠᠯ》 (ᠡᠮᠴᠢᠯᠡᠭᠡᠨ᠎ᠤ ᠳᠠᠭ᠋ᠠᠳᠬᠠᠯ ᠲᠠᠷᠬᠠᠭ᠋ᠠᠭᠰᠠᠨ [2020] 23 ᠳ᠋ᠤᠭ᠋ᠠᠷ ᠨᠣᠮᠧᠷᠲᠤ)᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠬᠡᠷ᠎ᠤᠨ 《ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠠᠮᠢᠶ᠎ᠠ ᠪᠥᠬᠦᠶ ᠬᠥᠮᠦᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ ᠵᠢᠨ ᠭᠠᠷᠲᠠᠨ ᠭᠦᠢ᠍ᠴᠡᠳᠭᠡᠬᠦ ᠲᠦᠷᠢᠮ (ᠲᠤᠷᠰᠢᠨ ᠬᠡᠷᠡᠭᠵᠢᠭᠦᠯᠬᠦ)》 (ᠡᠮᠴᠢᠯᠡᠭᠡᠨ᠎ᠤ ᠳᠠᠭ᠋ᠠᠳᠬᠠᠯ ᠠᠯᠪᠠᠨ ᠲᠠᠷᠬᠠᠭ᠋ᠠᠭᠰᠠᠨ [2020] 34 ᠳ᠋ᠤᠭᠡᠷ ᠨᠣᠮᠧᠷᠲᠤ) ᠵᠡᠷᠭᠡ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠦᠨᠳᠦᠰᠦᠯᠡᠨ᠂ ᠲᠣᠰ ᠬᠡᠷᠡᠭᠵᠢᠭᠦᠯᠬᠦ ᠨᠠᠷᠢᠨ ᠲᠦᠷᠢᠮ᠎ᠢ ᠲᠣᠭᠲᠠᠭ᠋ᠠᠪᠠ᠃    

  ᠬᠣᠶᠠᠳᠤᠭ᠋ᠠᠷ ᠵᠣᠷᠪᠤᠰ ᠲᠤᠰ ᠬᠡᠷᠡᠭᠵᠢᠭᠦᠯᠬᠦ ᠨᠠᠷᠢᠨ ᠳᠦᠷᠢᠮ᠎ᠨᠢ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ (ᠳᠣᠷᠣᠭᠰᠢ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ ᠭᠡᠵᠦ ᠲᠣᠪᠴᠢᠯᠠᠨ᠎ᠠ)᠎ᠨᠢ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠴᠡᠭ ᠪᠦᠬᠦᠢ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠠᠮᠢᠶ᠎ᠠ ᠪᠦᠬᠦᠢ ᠬᠥᠮᠦᠰ (ᠳᠣᠷᠣᠭᠰᠢ ᠬᠠᠮᠢᠶ᠎ᠠ ᠪᠦᠬᠦᠢ ᠬᠥᠮᠦᠰ ᠭᠡᠵᠦ ᠲᠣᠪᠴᠢᠯᠠᠨ᠎ᠠ)᠎ᠤᠨ ᠡᠮᠴᠢᠯᠡᠭᠡᠨ᠎ᠤ ᠳᠠᠭ᠋ᠠᠳᠬᠠᠯ᠎ᠤᠨ ᠮᠥᠩᠭᠥ ᠣᠯᠭᠣᠬᠤ ᠬᠢᠷᠢ ᠭᠡᠮ᠎ᠤᠨ ᠬᠠᠮᠢᠶᠠᠷᠤᠯᠲᠠ ᠵᠢᠨ ᠠᠵᠢᠯ᠎ᠳᠤ ᠬᠡᠷᠡᠭᠯᠡᠭᠳᠡᠨ᠎ᠡ᠃    

  ᠬᠠᠮᠢᠶ᠎ᠠ ᠪᠥᠬᠦᠶ ᠬᠥᠮᠦᠰ᠎ᠲᠤ ᠭᠤᠤᠯᠳᠠᠭᠤ ᠬᠤᠶᠠᠷ ᠲᠥᠷᠥᠯ ᠪᠠᠭᠲᠠᠨ᠎ᠠ᠄ ᠨᠢᠭᠡ᠎ᠳᠤ ᠴᠡᠭ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠢ ᠳᠠᠭ᠋ᠠᠳᠬᠠᠯ᠎ᠳᠤ ᠣᠷᠣᠯᠴᠠᠭᠰᠠᠳ᠎ᠲᠤ ᠰᠠᠭᠤᠷᠢ ᠮᠥᠩᠭᠦ᠎ᠪᠠᠷ ᠳ᠋ᠦᠩᠨᠡᠨ ᠪᠤᠳᠤᠬᠤ ᠵᠢ ᠬᠡᠷᠡᠭᠯᠡᠬᠦ ᠡᠮᠴᠢᠯᠡᠭᠡᠨ᠎ᠤ ᠲᠥᠷᠥᠯ᠂ ᠡᠮ᠎ᠤᠨ ᠤᠬᠠᠭ᠋ᠠᠨ᠎ᠤ ᠲᠦᠷᠦᠯ᠂ ᠰᠤᠪᠢᠯᠠᠯᠲᠠ ᠵᠢᠨ ᠲᠥᠷᠥᠯ᠂ ᠮᠡᠷᠭᠡᠵᠢᠯ᠎ᠤᠨ ᠲᠥᠷᠥᠯ ᠵᠡᠷᠭᠡ ᠡᠷᠡᠭᠦᠯ ᠬᠠᠮᠠᠭ᠋ᠠᠯᠠᠯ᠎ᠤᠨ ᠲᠤᠰᠬᠠᠶ ᠮᠡᠷᠭᠡᠵᠢᠯ᠎ᠤᠨ ᠠᠵᠢᠯᠲᠠᠨ᠂ ᠵᠢᠴᠢ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠢ ᠡᠮᠴᠢᠯᠡᠭᠡᠨ᠎ᠤ ᠵᠠᠷᠤᠳᠠᠯ ᠪᠠ ᠡᠮᠴᠢᠯᠡᠭᠡᠨ᠎ᠤ ᠳᠠᠭ᠋ᠠᠳᠬᠠᠯ᠎ᠤᠨ ᠳ᠋ᠦᠩᠨᠡᠨ ᠪᠤᠳᠤᠬᠤ ᠵᠢ ᠬᠠᠷᠢᠭᠤᠴᠠᠬᠤ ᠬᠠᠮᠢᠶ᠎ᠠ ᠪᠥᠬᠦᠶ ᠠᠵᠢᠯᠲᠠᠨ; ᠬᠤᠶᠠᠷ᠎ᠲᠤ ᠴᠡᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠨᠢ ᠳᠠᠭ᠋ᠠᠳᠬᠠᠯ᠎ᠳᠤ ᠣᠷᠣᠯᠴᠠᠭᠰᠠᠳ᠎ᠲᠤ ᠰᠠᠭᠤᠷᠢ ᠮᠥᠩᠭᠦ᠎ᠪᠠᠷ ᠳ᠋ᠦᠩᠨᠡᠨ ᠪᠤᠳᠤᠬᠤ ᠵᠢ ᠬᠡᠷᠡᠭᠯᠡᠬᠦ ᠡᠮ ᠡᠮᠨᠡᠯᠭᠡ ᠵᠢᠨ ᠦᠢ᠍ᠯᠡᠴᠢᠯᠡᠭᠡᠨ᠎ᠤ ᠭᠤᠤᠯ ᠬᠠᠷᠢᠭᠤᠴᠠᠯᠭ᠋ᠠᠲᠠᠨ (ᠲᠤᠬᠠᠶ᠋ᠢᠯᠠᠪᠠᠯ ᠡᠮ᠎ᠤᠨ ᠵᠦᠢ᠍ᠯ ᠡᠵᠡᠩᠨᠡᠬᠦ ᠵᠥᠪᠰᠢᠶᠡᠷᠡᠯ᠎ᠤᠨ ᠦᠨᠡᠮᠯᠡᠯ ᠳᠡᠭᠡᠷᠡᠬᠢ ᠭᠤᠤᠯ ᠬᠠᠷᠢᠭᠤᠴᠠᠯᠭ᠋ᠠᠲᠠᠨ ᠪᠠᠭᠲᠠᠨ᠎ᠠ) ᠪᠣᠯᠤᠨ ᠬᠠᠮᠢᠶ᠎ᠠ ᠪᠥᠬᠦᠶ ᠬᠥᠮᠦᠰ᠎ᠢ ᠬᠠᠩᠭ᠋ᠠᠨ᠎ᠠ᠃    

  ᠬᠠᠮᠢᠶ᠎ᠠ ᠪᠦᠬᠦᠢ ᠬᠦᠮᠦᠰ ᠠᠵᠢᠯ ᠡᠷᠬᠢᠯᠡᠬᠦ (ᠠᠵᠢᠯ ᠣᠯᠬᠤ) ᠴᠡᠭ ᠲᠣᠭᠲᠠᠭᠰᠠᠨ ᠡᠮᠴᠢᠯᠡᠭᠡ ᠵᠢᠨ ᠪᠠᠢ᠍ᠭᠤᠯᠤᠮᠵᠢ᠎ᠨᠢ ᠡᠮᠴᠢᠯᠡᠭᠡ ᠵᠢᠨ ᠳᠠᠭ᠋ᠠᠳᠬᠠᠯ᠎ᠢ ᠭᠠᠷᠳᠠᠨ ᠬᠢᠬᠦ ᠪᠠᠢ᠍ᠭᠤᠯᠤᠮᠵᠢ᠎ᠯᠤᠭ᠎ᠠ ᠭᠠᠷ᠎ᠤᠨ ᠦᠰᠦᠭ ᠵᠢᠷᠤᠭᠰᠠᠨ ᠦᠢ᠍ᠯᠡᠴᠢᠯᠡᠭᠡᠨ᠎ᠤ ᠵᠦᠪᠯᠡᠯᠴᠡᠭᠡᠷ ᠶᠣᠰᠣᠭ᠋ᠠᠷ᠂ ᠳᠠᠷᠤᠢ ᠲᠣᠭᠲᠠᠭ᠋ᠠᠯ ᠶᠣᠰᠣᠭ᠋ᠠᠷ ᠡᠮᠴᠢᠯᠡᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠭᠡᠮ᠎ᠢ ᠣᠯᠵᠤ ᠪᠣᠯᠤᠨ᠎ᠠ (ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠥᠪᠰᠢᠶᠡᠷᠡᠨ ᠣᠷᠣᠭᠤᠯᠬᠤ ᠪᠠ ᠬᠡᠷᠡᠭ᠎ᠤᠨ ᠡᠮᠦᠨ᠎ᠡ ᠳᠠᠩᠰᠠᠯᠠᠭᠤᠯᠬᠤ ᠎ᠲᠠᠢ ᠬᠣᠯᠪᠣᠭᠳᠠᠬᠤ ᠦᠭᠡᠢ)᠂ ᠳᠠᠭ᠋ᠠᠳᠬᠠᠯ᠎ᠳᠤ ᠣᠷᠣᠯᠴᠠᠭᠴᠢ᠎ᠳᠤ ᠡᠮ ᠡᠮᠨᠡᠯᠭᠡ ᠵᠢᠨ ᠦᠢ᠍ᠯᠡᠴᠢᠯᠡᠭᠡ ᠬᠠᠩᠭ᠋ᠠᠬᠤ ᠵᠢᠨ ᠬᠠᠮᠲᠤ᠂ ᠡᠮᠴᠢᠯᠡᠭᠡ ᠵᠢᠨ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠬᠡᠪᠴᠢᠶᠡᠨ᠎ᠳᠤ ᠣᠷᠣᠭᠤᠯᠬᠤ ᠬᠡᠷᠡᠭᠲᠡᠢ᠃ ᠬᠠᠮᠢᠶ᠎ᠠ ᠪᠦᠬᠦᠢ ᠬᠥᠮᠦᠰ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ ᠬᠡᠯᠡᠯᠴᠡᠭᠡᠷ᠎ᠲᠤ ᠪᠣᠯᠵᠣᠨ ᠲᠣᠭᠲᠠᠭᠰᠠᠨ ᠶᠣᠰᠣᠭ᠋ᠠᠷ᠂ ᠦᠢ᠍ᠯᠡᠴᠢᠯᠡᠭᠡᠨ᠎ᠤ ᠠᠮᠠᠯᠠᠯᠲᠠ᠎ᠪᠠᠨ ᠬᠢᠬᠦ ᠵᠢᠨ ᠬᠠᠮᠲᠤ ᠭᠦᠢ᠍ᠴᠡᠳᠭᠡᠬᠦ ᠬᠡᠷᠡᠭᠲᠡᠶ᠃    

  ᠭᠤᠷᠪᠠᠳᠤᠭ᠋ᠠᠷ ᠵᠣᠷᠪᠣᠰ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠨ᠎ᠠ; ᠬᠠᠤᠯᠢ ᠲᠣᠭᠲᠠᠭ᠋ᠠᠯ ᠶᠣᠰᠣᠭ᠋ᠠᠷ᠂ ᠬᠠᠮᠢᠶ᠎ᠠ ᠪᠦᠬᠦᠢ ᠬᠥᠮᠦᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ ᠵᠢ ᠡᠮᠬᠢ ᠵᠢᠷᠤᠮ᠎ᠲᠠᠢ ᠥᠷᠨᠢᠭᠦᠯᠬᠦ ᠵᠢ ᠦᠨᠡᠨ ᠬᠦ᠌ ᠪᠠᠲᠤᠯᠠᠨ᠎ᠠ; ᠬᠠᠷᠠᠯᠲᠠ ᠵᠢᠨ ᠤᠳᠤᠷᠢᠳᠤᠮᠵᠢ ᠵᠢ ᠪᠠᠷᠢᠮᠲᠠᠯᠠᠵᠤ᠂ ᠬᠠᠷᠢᠭᠤᠴᠠᠯᠭ᠎ᠠ ᠵᠢ ᠬᠥᠮᠦᠨ᠎ᠳᠤ ᠬᠦᠷᠲᠡᠯ᠎ᠡ ᠨᠠᠶ᠋ᠢᠳᠠᠪᠤᠷᠢᠵᠢᠭᠤᠯᠵᠤ᠂ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠤᠨ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠵᠢ ᠠᠬᠢᠭᠤᠯᠤᠨ᠎ᠠ; ᠬᠠᠮᠵᠢᠯᠴᠠᠨ ᠬᠠᠮᠲᠤᠷᠠᠯᠴᠠᠬᠤ ᠵᠢ ᠪᠠᠷᠢᠮᠲᠠᠯᠠᠵᠤ᠂ ᠰᠠᠯᠠᠭ᠎ᠠ ᠮᠥᠴᠢᠷ᠎ᠤᠨ ᠬᠠᠮᠲᠤᠷᠠᠯᠴᠠᠭ᠎ᠠ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠵᠤ᠂ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ; ᠢᠯᠡ ᠲᠣᠳᠣ ᠪᠠᠶ᠋ᠢᠯᠭ᠋ᠠᠬᠤ ᠵᠢ ᠪᠠᠷᠢᠮᠲᠠᠯᠠᠵᠤ᠂ ᠡᠯ᠎ᠡ ᠲᠠᠯ᠎ᠠ ᠵᠢᠨ ᠬᠢᠨᠠᠯᠲᠠ ᠵᠢ ᠬᠦᠯᠢᠶᠡᠨ᠎ᠡ᠃    

  ᠳᠥᠷᠪᠡᠳᠦᠭᠡᠷ ᠵᠣᠷᠪᠣᠰ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠨᠢ ᠪᠥᠬᠦ ᠣᠷᠣᠨ᠎ᠤ ᠬᠠᠮᠢᠶ᠎ᠠ ᠪᠥᠬᠦᠶ ᠬᠥᠮᠦᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ ᠵᠢᠨ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠬᠤ ᠵᠢ ᠬᠠᠷᠢᠭᠤᠴᠠᠨ᠎ᠠ᠃ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠮᠡᠳᠡᠭᠡ ᠵᠠᠩᠭᠢ ᠵᠢᠨ ᠲᠠᠪᠴᠠᠩ᠎ᠢ ᠨᠢᠭᠡᠳᠦᠯᠲᠡᠶ ᠪᠠᠶ᠋ᠢᠭᠤᠯᠬᠤ ᠱᠠᠭ᠋ᠠᠷᠳᠠᠯᠭ᠎ᠠ ᠶᠣᠰᠣᠭ᠋ᠠᠷ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ ᠵᠢᠨ ᠬᠡᠰᠡᠭ᠎ᠢ ᠲᠡᠭᠦᠯᠳᠡᠷᠵᠢᠭᠦᠯᠵᠦ᠂ ᠬᠠᠮᠢᠶ᠎ᠠ ᠪᠥᠬᠦᠶ ᠬᠥᠮᠦᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠤᠨ ᠮᠡᠳᠡᠭᠡ ᠵᠠᠩᠭᠢ ᠵᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ ᠲᠥᠪᠯᠡᠷᠡᠭᠦᠯᠬᠦ ᠵᠢ ᠪᠡᠶᠡᠯᠡᠭᠦᠯᠬᠦ ᠵᠢᠨ ᠬᠠᠮᠲᠤ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ ᠳᠠᠩᠰᠠᠯᠠᠭᠤᠯᠬᠤ ᠬᠡᠷᠡᠭᠲᠡᠶ᠃    

  ᠡᠯ᠎ᠠ ᠱᠠᠳᠣᠨ᠎ᠤ ᠡᠮᠴᠢᠯᠡᠭᠡᠨ᠎ᠤ ᠪᠠᠳᠣᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠨᠢ ᠡᠮᠴᠢᠯᠡᠭᠡᠨ᠎ᠤ ᠲᠠᠭ᠋ᠠᠳᠬᠠᠯ᠎ᠤᠨ ᠡᠷᠬᠢᠯᠡᠨ ᠬᠦᠢ᠍ᠴᠡᠳᠭᠡᠬᠦ ᠪᠠᠢ᠍ᠭᠤᠯᠥᠮᠵᠢ ᠵᠢᠨ ᠴᠡᠭ ᠲᠣᠠᠠᠳ᠋ᠬᠠᠰᠠᠨ ᠡᠮᠴᠢᠯᠡᠭᠡᠨ᠎ᠤ ᠪᠠᠢ᠍ᠭᠤᠯᠥᠮᠵᠢ ᠵᠢᠨ ᠡᠮᠴᠢᠯᠡᠭᠡᠨ᠎ᠤ ᠲᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠭᠡᠮ᠎ᠤᠨ ᠬᠠᠮᠢᠶᠡᠷᠦᠯᠳᠡ ᠵᠢᠨ ᠠᠵᠢᠯ᠎ᠢ ᠰᠠᠢ᠌ᠲᠤᠷ ᠬᠢᠬᠦ ᠵᠢ ᠵᠢᠷᠣᠮᠵᠢᠭᠤᠯᠥᠨ ᠵᠢᠯᠥᠭᠤᠳᠬᠤ ᠵᠢ ᠬᠠᠷᠢᠭᠤᠴᠠᠵᠦ᠂ ᠡᠮᠴᠢᠯᠡᠭᠡᠨ᠎ᠤ ᠲᠠᠭ᠋ᠠᠳᠬᠠᠯ᠎ᠤᠨ ᠡᠷᠬᠢᠯᠡᠨ ᠭᠦᠢ᠍ᠴᠡᠳᠭᠡᠬᠦ ᠪᠠᠢ᠍ᠭᠤᠯᠥᠮᠵᠢ ᠵᠢᠨ ᠲᠣᠭ᠋ᠠᠴᠠᠭ᠎ᠠ ᠬᠢᠬᠦ ᠬᠢᠷᠢ ᠭᠡᠮ᠎ᠤᠨ ᠬᠠᠮᠢᠶᠡᠷᠦᠯᠳᠡ ᠵᠢᠨ ᠠᠵᠢᠯ᠎ᠢ ᠨᠡᠢ᠍ᠳᠡᠪᠦᠷᠢᠵᠢᠭᠤᠯᠬᠤ ᠵᠢ ᠬᠢᠨᠡᠨ ᠪᠠᠢ᠌ᠴᠠᠭ᠋ᠠᠬᠤ ᠬᠦᠷᠢᠶ᠎ᠠ ᠭᠡᠪᠴᠢᠶ᠎ᠠ᠎ᠳᠤ ᠣᠷᠣᠭᠤᠯᠬᠤ ᠵᠢ ᠬᠠᠷᠢᠭᠤᠴᠠᠨ᠎ᠠ᠃ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠂ ᠴᠡᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ᠎ᠳᠤ ᠬᠤᠯᠪᠣᠭᠳᠠᠬᠤ ᠬᠠᠮᠢᠶ᠎ᠠ ᠪᠦᠬᠦᠢ ᠠᠵᠢᠯᠲᠠᠨ᠎ᠤ ᠬᠤᠪᠢ ᠲᠡᠮᠳᠡᠭᠯᠡᠬᠦ ᠪᠠ ᠰᠢᠢ᠍ᠳᠪᠦᠷᠢᠯᠡᠭᠰᠡᠨ ᠪᠠᠶ᠋ᠢᠳᠠᠯ᠎ᠢ ᠠᠳᠠᠯᠢ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲᠤᠬᠠᠶ᠎ᠳᠤ᠎ᠨᠢ ᠮᠡᠳᠡᠭᠦᠯᠦᠨ᠎ᠡ᠃    

  ᠡᠯ᠎ᠡ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠢ᠍ᠭᠤᠯᠤᠮᠵᠢ᠎ᠨᠢ ᠬᠠᠷᠢᠶ᠎ᠠ ᠣᠷᠣᠨ᠎ᠤ᠎ᠪᠠᠨ ᠬᠠᠮᠢᠶ᠎ᠠ ᠪᠦᠬᠦᠢ ᠬᠥᠮᠦᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ ᠵᠢᠨ ᠪᠣᠳᠠᠲᠠᠶ ᠬᠡᠷᠡᠭᠵᠢᠭᠦᠯᠬᠦ ᠠᠵᠢᠯ᠎ᠢ ᠬᠠᠷᠢᠭᠤᠴᠠᠵᠤ᠂ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠲᠣᠭᠲᠠᠭᠰᠠᠨ ᠡᠮ ᠡᠮᠨᠡᠯᠭᠡ ᠵᠢᠨ ᠪᠠᠢ᠌ᠭᠤᠯᠤᠮᠵᠢ ᠵᠢ ᠵᠢᠯᠣᠭᠤᠳᠴᠤ ᠪᠠᠢ᠌ᠭ᠋ᠠᠳ ᠪᠦᠷᠢᠳᠬᠡᠨ ᠳᠠᠩᠰᠠᠯᠠᠬᠤ ᠬᠠᠮᠢᠶ᠎ᠠ ᠪᠦᠬᠦᠢ ᠠᠵᠢᠯ᠎ᠢ ᠰᠠᠢ᠌ᠲᠤᠷ ᠬᠢᠬᠦ ᠬᠡᠷᠡᠭᠲᠡᠶ᠃ ᠬᠠᠮᠢᠶ᠎ᠠ ᠪᠥᠬᠦᠶ ᠬᠥᠮᠦᠰ᠎ᠤᠨ 《ᠨᠢᠭᠡ ᠡᠮᠴᠢᠯᠡᠭᠡ ᠨᠢᠭᠡ ᠲᠠᠩᠰᠠ ᠡᠪᠬᠡᠮᠡᠯ》᠎ᠢ ᠪᠠᠶ᠋ᠢᠭᠤᠯᠵᠤ᠂ ᠬᠠᠮᠢᠶ᠎ᠠ ᠪᠥᠬᠦᠶ ᠬᠥᠮᠦᠰ᠎ᠤᠨ ᠬᠤᠪᠢ ᠲᠡᠮᠳᠡᠭᠯᠡᠭᠰᠡᠨ ᠪᠠᠶ᠋ᠢᠳᠠᠯ ᠵᠢᠴᠢ ᠡᠮᠴᠢᠯᠡᠭᠡᠨ᠎ᠤ ᠳᠠᠭ᠋ᠠᠳᠬᠠᠯ᠎ᠤᠨ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠭᠰᠠᠨ ᠪᠠᠶ᠋ᠢᠳᠠᠯ᠎ᠢ ᠪᠥᠬᠦ ᠲᠠᠯ᠎ᠠ᠎ᠪᠠᠷ ᠲᠡᠮᠳᠡᠭᠯᠡᠬᠦ ᠵᠢᠨ ᠬᠠᠮᠲᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠦᠨ ᠬᠦᠷᠭᠡᠬᠦ ᠬᠡᠷᠡᠭᠲᠡᠶ᠃ ᠡᠮᠴᠢᠯᠡᠭᠡ ᠵᠢᠨ ᠳᠠᠭ᠋ᠠᠳᠬᠠᠯ᠎ᠤᠨ ᠮᠡᠳᠡᠭᠡ ᠵᠠᠩᠭᠢ ᠵᠢᠨ ᠰᠢᠰᠲ᠋ᠧᠮ᠎ᠢ ᠭᠦᠢ᠍ᠴᠡᠳ ᠬᠡᠷᠡᠭᠯᠡᠨ᠂ ᠬᠠᠮᠢᠶ᠎ᠠ ᠪᠦᠬᠦᠢ ᠬᠥᠮᠦᠰ᠎ᠤᠨ ᠬᠢᠷᠢ ᠭᠡᠮ᠎ᠢ ᠲᠦᠷ ᠵᠣᠭᠰᠣᠭ᠋ᠠᠵᠤ᠂ ᠬᠢᠷᠢ ᠭᠡᠮ᠎ᠤᠨ ᠪᠠᠶ᠋ᠢᠳᠠᠯ ᠬᠢᠭᠡᠳ ᠳ᠋ᠦᠩᠨᠡᠨ ᠪᠣᠳᠣᠬᠤ ᠰᠢᠰᠲ᠋ᠧᠮ᠎ᠯᠦᠭᠡ ᠬᠣᠯᠪᠣᠭᠳᠠᠭᠤᠯᠬᠤ᠎ᠪᠠᠨ ᠡᠴᠦᠰᠯᠡᠭᠦᠯᠬᠦ ᠬᠡᠷᠡᠭᠲᠡᠶ᠃ ᠳᠣᠲᠣᠭ᠋ᠠᠳᠤ ᠵᠢᠨ ᠡᠵᠡᠮᠳᠡᠬᠦ ᠲᠦᠷᠢᠮ᠎ᠢ ᠲᠡᠭᠦᠯᠳᠡᠷᠵᠢᠭᠦᠯᠵᠦ᠂ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠠᠮᠢᠶ᠎ᠠ ᠪᠥᠬᠦᠶ ᠠᠵᠢᠯᠲᠠᠨ᠎ᠤ ᠬᠤᠪᠢ ᠲᠡᠮᠳᠡᠭᠯᠡᠬᠦ ᠬᠠᠮᠢᠶᠠᠷᠤᠯᠲᠠ᠂ ᠬᠢᠨᠠᠨ ᠬᠠᠷᠭᠤᠭᠤᠯᠵᠤ ᠳ᠋ᠦᠩᠨᠡᠨ ᠪᠤᠳᠤᠬᠤ ᠵᠡᠷᠭᠡ ᠠᠵᠢᠯ᠎ᠤᠨ ᠪᠠᠶ᠋ᠢᠷᠢ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠪᠠ; ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠰᠠᠭᠤᠷᠢ ᠮᠥᠩᠭᠦ ᠵᠢᠨ ᠲᠦᠭᠰᠢᠭᠦᠷᠢ ᠵᠢ ᠰᠡᠷᠭᠡᠶ᠋ᠢᠯᠡᠨ᠂ ᠡᠯ᠎ᠡ ᠲᠠᠯ᠎ᠠ ᠵᠢᠨ᠎ᠬᠢᠨ᠎ᠤ ᠬᠢᠨᠠᠯᠲᠠ ᠵᠢ ᠬᠦᠯᠢᠶᠡᠨ᠎ᠡ᠃ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠠᠮᠢᠶ᠎ᠠ ᠪᠦᠬᠦᠢ ᠬᠥᠮᠦᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ ᠵᠢᠨ ᠪᠠᠶ᠋ᠢᠳᠠᠯ᠎ᠢ ᠦᠢ᠍ᠯᠡᠴᠢᠯᠡᠭᠡᠨ᠎ᠤ ᠵᠥᠪᠯᠡᠯᠴᠡᠭᠡᠷ᠎ᠤᠨ ᠬᠠᠮᠢᠶᠠᠷᠤᠯᠲᠠ᠂ ᠣᠨ᠎ᠤ ᠰᠢᠯᠭ᠋ᠠᠨ ᠬᠢᠨᠠᠬᠤ ᠬᠡᠪᠴᠢᠶ᠎ᠡ ᠵᠢᠴᠢ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠵᠢᠨ ᠰᠢᠰᠲ᠋ᠧᠮ ᠵᠡᠷᠭᠡ᠎ᠳᠤ ᠣᠷᠣᠭᠤᠯᠵᠤ᠂ ᠨᠢᠭᠡ ᠪᠠᠶ᠋ᠢᠭ᠋ᠠᠯᠢ ᠵᠢᠨ ᠣᠨ᠎ᠤ ᠳᠣᠲᠣᠷᠠᠬᠢ ᠪᠦᠷᠢᠳᠬᠡᠨ ᠳᠠᠩᠰᠠᠯᠠᠭᠤᠯᠤᠭᠰᠠᠨ ᠪᠠᠶ᠋ᠢᠳᠠᠯ᠎ᠢ ᠲᠦᠷ ᠵᠣᠭᠰᠣᠭ᠋ᠠᠬᠤ ᠪᠤᠶᠤ ᠵᠣᠭᠰᠣᠭ᠋ᠠᠭᠰᠠᠨ ᠬᠥᠮᠦᠨ ᠤᠳᠠᠭ᠎ᠠ᠎ᠳᠤ ᠵᠣᠬᠢᠬᠤ ᠬᠠᠷᠢᠴᠠᠯ᠎ᠠᠴᠠ ᠳᠠᠪᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠪᠠᠶ᠋ᠢᠳᠠᠯ᠎ᠢ᠎ᠨᠢ ᠦᠵᠡᠵᠦ ᠪᠠᠶ᠋ᠢᠭ᠋ᠠᠳ ᠵᠣᠬᠢᠴᠠᠩᠭᠤᠶ ᠰᠢᠢ᠍ᠳᠬᠡᠬᠦ ᠠᠷᠭ᠎ᠠ ᠬᠡᠮᠵᠢᠶ᠎ᠡ ᠠᠪᠤᠨ᠎ᠠ᠃    

  ᠲᠠᠪᠤᠳᠤᠭ᠋ᠠᠷ ᠵᠣᠷᠪᠣᠰ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠡᠮᠴᠢᠯᠡᠭᠡᠨ᠎ᠤ ᠪᠠᠶ᠋ᠢᠭᠤᠯᠤᠮᠵᠢ᠂ ᠡᠮᠨᠡᠯᠭᠡ ᠵᠢᠨ ᠠᠵᠢᠯᠲᠠᠨ ᠵᠢᠴᠢ ᠡᠮᠴᠢᠯᠡᠭᠡᠨ᠎ᠤ ᠦᠢ᠍ᠯᠡᠴᠢᠯᠡᠭᠡᠨ᠎ᠤ ᠦᠢ᠍ᠯᠡ ᠠᠵᠢᠯᠯᠠᠭ᠎ᠠ᠎ᠳᠤ ᠬᠢᠨᠠᠯᠲᠠ ᠲᠠᠯᠪᠢᠵᠤ ᠵᠢᠯᠣᠭᠤᠳᠬᠤ᠎ᠪᠠᠨ ᠴᠢᠩᠭ᠋ᠠᠳᠬᠠᠨ᠂ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠨ ᠰᠢᠯᠵᠢᠭᠦᠯᠦᠨ ᠬᠦᠷᠭᠡᠭᠰᠡᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠮᠢᠶ᠎ᠠ ᠪᠥᠬᠦᠶ ᠬᠥᠮᠦᠰ᠎ᠤᠨ ᠬᠤᠪᠢ ᠲᠡᠮᠳᠡᠭᠯᠡᠭᠰᠡᠨ ᠪᠠ ᠰᠢᠢ᠍ᠳᠪᠦᠷᠢᠯᠡᠭᠰᠡᠨ ᠪᠠᠶ᠋ᠢᠳᠠᠯ᠎ᠳᠤ ᠬᠠᠤᠯᠢ ᠶᠣᠰᠣᠭ᠋ᠠᠷ ᠦᠷᠭᠦᠯᠵᠢᠯᠡᠨ ᠰᠢᠢ᠍ᠳᠪᠦᠷᠢᠯᠡᠬᠦ ᠬᠡᠷᠡᠭᠲᠡᠶ᠃    

  ᠵᠢᠷᠭᠤᠳᠤᠭ᠋ᠠᠷ ᠵᠣᠷᠪᠣᠰ ᠡᠯ᠎ᠡ ᠱᠠᠲᠤᠨ᠎ᠤ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠠᠷᠢᠶ᠎ᠠ ᠭᠠᠵᠠᠷ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠲᠣᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠴᠡᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠡᠮ᠎ᠤᠨ ᠵᠦᠢ᠍ᠯ ᠪᠣᠷᠣᠯᠠᠭᠤᠯᠬᠤ ᠦᠢ᠍ᠯᠡ ᠠᠵᠢᠯᠯᠠᠭ᠎ᠠ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠳᠬᠠᠨ᠂ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠨ ᠰᠢᠯᠵᠢᠭᠦᠯᠦᠨ ᠬᠦᠷᠭᠡᠭᠰᠡᠨ ᠴᠡᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠭᠤᠣᠯ ᠬᠠᠷᠢᠭᠤᠴᠠᠯᠭ᠋ᠠᠲᠠᠨ᠎ᠤ ᠬᠤᠪᠢ ᠲᠡᠮᠳᠡᠭᠯᠡᠬᠦ ᠪᠠ ᠰᠢᠢ᠍ᠳᠪᠦᠷᠢᠯᠡᠭᠰᠡᠨ ᠪᠠᠶ᠋ᠢᠳᠠᠯ᠎ᠨᠢ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠮ᠎ᠤᠨ ᠵᠦᠢ᠍ᠯ᠎ᠤᠨ ᠬᠠᠮᠢᠶᠠᠷᠤᠯᠲᠠ ᠵᠢᠨ ᠬᠠᠤᠯᠢ》᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠨ᠎ᠡ᠃    

  ᠳᠣᠯᠣᠳᠤᠭ᠋ᠠᠷ ᠵᠣᠷᠪᠣᠰ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠨᠤᠭᠤᠳ ᠭᠣᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮ ᠡᠮᠨᠡᠯᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠳᠣᠲᠣᠭ᠋ᠠᠳᠤ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢ ᠬᠡᠷᠡᠭᠯᠡᠬᠦ᠎ᠳᠤ ᠬᠤᠯᠪᠣᠭᠳᠠᠬᠤ ᠬᠠᠮᠢᠶ᠎ᠠ ᠪᠥᠬᠦᠶ ᠬᠥᠮᠦᠰ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠡᠮᠴᠢᠯᠡᠭᠡᠨ᠎ᠤ ᠪᠠᠲᠤᠯᠠᠭ᠎ᠠ ᠵᠢᠨ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢᠨ ᠪᠣᠯᠪᠠᠰᠤᠷᠠᠯ᠎ᠢ ᠥᠷᠨᠢᠭᠦᠯᠵᠦ᠂ ᠬᠠᠮᠢᠶ᠎ᠠ ᠪᠥᠬᠦᠶ ᠬᠥᠮᠦᠰ᠎ᠢ ᠵᠣᠬᠢᠶᠠᠨ ᠪᠠᠶ᠋ᠢᠭᠤᠯᠤᠨ ᠠᠮᠠᠯᠠᠯᠲᠠ ᠵᠢᠨ ᠪᠢᠴᠢᠭ᠎ᠲᠤ ᠭᠠᠷ᠎ᠤᠨ ᠥᠰᠥᠭ ᠵᠢᠷᠤᠬᠤ ᠵᠡᠷᠭᠡ ᠬᠡᠯᠪᠡᠷᠢ᠎ᠪᠠᠷ ᠳᠠᠮᠵᠢᠭᠤᠯᠤᠨ ᠦᠢ᠍ᠯᠡᠴᠢᠯᠡᠭᠡᠨ᠎ᠤ ᠠᠮᠠᠯᠠᠯᠲᠠ ᠬᠢᠯᠭᠡᠵᠦ᠂ ᠬᠠᠮᠢᠶ᠎ᠠ ᠪᠥᠬᠦᠶ ᠬᠥᠮᠦᠰ᠎ᠤᠨ ᠦᠢ᠍ᠯᠡᠴᠢᠯᠡᠭᠡᠨ᠎ᠤ ᠠᠮᠠᠯᠠᠯᠲᠠ ᠵᠢ ᠮᠡᠳᠡᠬᠦ ᠵᠢᠨ ᠬᠠᠮᠲᠤ ᠵᠢᠷᠤᠮᠯᠠᠬᠤ ᠵᠢ ᠦᠨᠡᠨ ᠬᠦ᠌ ᠪᠠᠲᠤᠯᠠᠨ᠎ᠠ᠃ ᠬᠠᠮᠢᠶ᠎ᠠ ᠪᠥᠬᠦᠶ ᠬᠥᠮᠦᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠦᠢ᠍ᠯᠡᠴᠢᠯᠡᠭᠡᠨ᠎ᠤ ᠬᠡᠯᠡᠯᠴᠡᠭᠡᠷ᠎ᠢ ᠵᠢᠷᠤᠮᠯᠠᠬᠤ ᠵᠢ ᠰᠢᠮᠳᠠᠭᠤᠯᠤᠨ ᠵᠢᠯᠣᠭᠤᠳᠤᠨ᠎ᠠ᠃ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠢ᠍ᠭᠤᠯᠤᠮᠵᠢ ᠵᠢᠨ ᠬᠠᠮᠢᠶ᠎ᠠ ᠪᠦᠬᠦᠢ ᠬᠥᠮᠦᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠤᠨ ᠬᠠᠮᠢᠶᠠᠷᠤᠯᠲᠠ ᠵᠢ ᠣᠨ᠎ᠤ ᠰᠢᠯᠭ᠋ᠠᠨ ᠬᠢᠨᠠᠬᠤ᠂ ᠳᠣᠲᠣᠭ᠋ᠠᠳᠤ᠎ᠳᠤ᠎ᠪᠠᠨ ᠮᠡᠳᠡᠭᠡᠯᠡᠬᠦ ᠵᠡᠷᠭᠡ ᠤᠷᠮᠠᠰᠢᠭᠤᠯᠬᠤ ᠬᠢᠵᠠᠭ᠋ᠠᠷᠯᠠᠬᠤ ᠬᠠᠮᠢᠶᠠᠷᠤᠯᠲᠠ ᠵᠢᠨ ᠳᠦᠷᠢᠮ᠎ᠯᠦᠭᠡ ᠬᠤᠯᠪᠣᠭᠳᠠᠭᠤᠯᠬᠤ ᠵᠢ ᠵᠣᠷᠢᠭᠵᠢᠭᠤᠯᠤᠨ᠎ᠠ᠃ ᠬᠠᠮᠢᠶ᠎ᠠ ᠪᠥᠬᠦᠶ ᠬᠥᠮᠦᠰ᠎ᠤᠨ ᠪᠦᠷᠢᠳᠬᠡᠨ ᠳᠠᠩᠰᠠᠯᠠᠬᠤ ᠵᠢᠴᠢ ᠬᠠᠮᠢᠶ᠎ᠠ ᠪᠥᠬᠦᠶ ᠬᠥᠮᠦᠰ᠎ᠤᠨ ᠪᠦᠷᠢᠳᠬᠡᠨ ᠳᠠᠩᠰᠠᠯᠠᠬᠤ ᠪᠠᠶ᠋ᠢᠳᠠᠯ᠎ᠢ ᠲᠣᠭᠲᠠᠭ᠋ᠠᠯ ᠶᠣᠰᠣᠭ᠋ᠠᠷ ᠪᠡᠶᠡᠯᠡᠭᠦᠯᠦᠨ᠎ᠡ᠃ ᠬᠠᠮᠢᠶ᠎ᠠ ᠪᠥᠬᠦᠶ ᠬᠥᠮᠦᠰ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ ᠵᠶ᠋ᠠᠨ ᠲᠦᠷ ᠵᠣᠭᠰᠣᠭ᠋ᠠᠬᠤ ᠪᠤᠶᠤ ᠵᠣᠭᠰᠣᠭ᠋ᠠᠭᠰᠠᠨ᠎ᠤ ᠳᠠᠷᠠᠭ᠎ᠠ᠂ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠠᠴᠠ ᠬᠠᠮᠢᠶ᠎ᠠ ᠪᠥᠬᠦᠶ ᠡᠮᠴᠢᠯᠡᠭᠡᠨ᠎ᠤ ᠳᠠᠭ᠋ᠠᠳᠬᠠᠯ᠎ᠤᠨ ᠳ᠋ᠦᠩᠨᠡᠨ ᠪᠤᠳᠤᠬᠤ ᠵᠠᠷᠤᠳᠠᠯ᠎ᠢ ᠭᠤᠶᠤᠴᠢᠯᠠᠨ ᠮᠡᠳᠡᠭᠦᠯᠬᠦ ᠦᠭᠡᠢ᠃    

  ᠨᠠᠢ᠍ᠮᠠᠳᠤᠭ᠋ᠠᠷ ᠵᠣᠷᠪᠣᠰ ᠪᠦᠷᠢᠳᠬᠡᠨ ᠳᠠᠩᠰᠠᠯᠠᠭᠤᠯᠤᠭᠰᠠᠨ ᠠᠭᠤᠯᠭ᠎ᠠ᠎ᠳᠤ᠄ ᠡᠮᠴᠢᠯᠡᠭᠡᠨ᠎ᠤ ᠳᠠᠭ᠋ᠠᠳᠬᠠᠯ᠎ᠤᠨ ᠬᠠᠮᠢᠶ᠎ᠠ ᠪᠦᠬᠦᠢ ᠬᠥᠮᠦᠰ᠎ᠤᠨ ᠣᠷᠣᠯᠠᠬᠤ ᠨᠣᠮᠧᠷ᠂ ᠣᠪᠣᠭ ᠨᠡᠷ᠎ᠡ᠂ ᠪᠡᠶ᠎ᠡ ᠵᠢᠨ ᠦᠨᠡᠮᠯᠡᠯ᠎ᠤᠨ ᠨᠣᠮᠧᠷ᠂ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠨᠡᠷᠡᠶ᠋ᠢᠳᠦᠯ ᠵᠢᠴᠢ ᠣᠷᠣᠯᠠᠬᠤ ᠨᠣᠮᠧᠷ᠂ ᠡᠮᠴᠢᠯᠡᠭᠡᠨ᠎ᠤ ᠳᠠᠭ᠋ᠠᠳᠬᠠᠯ᠎ᠤᠨ ᠣᠷᠣᠨ᠎ᠤ ᠬᠤᠪᠢᠶᠠᠷᠢᠯᠠᠯ᠂ ᠠᠵᠢᠯ ᠡᠷᠬᠢᠯᠡᠬᠦ ᠲᠥᠷᠥᠯ ᠵᠦᠢ᠍ᠯ᠂ ᠠᠵᠢᠯ ᠡᠷᠬᠢᠯᠡᠬᠦ ᠲᠥᠷᠥᠯ ᠬᠡᠯᠪᠡᠷᠢ᠂ ᠠᠵᠢᠯ ᠡᠷᠬᠢᠯᠡᠬᠦ ᠬᠡᠪᠴᠢᠶ᠎ᠡ᠂ ᠲᠤᠰᠬᠠᠶ ᠮᠡᠷᠭᠡᠵᠢᠯ᠎ᠤᠨ ᠲᠤᠰᠢᠶᠠᠯ᠂ ᠪᠦᠷᠢᠳᠬᠡᠨ ᠳᠠᠩᠰᠠᠯᠠᠭᠤᠯᠤᠭᠰᠠᠨ ᠪᠠᠶ᠋ᠢᠳᠠᠯ᠂ ᠦᠢ᠍ᠯᠡᠴᠢᠯᠡᠭᠡᠨ᠎ᠤ ᠠᠮᠠᠯᠠᠯᠲᠠ ᠵᠡᠷᠭᠡ ᠪᠠᠭᠲᠠᠨ᠎ᠠ᠃    

  ᠶᠢᠰᠦᠳᠦᠭᠡᠷ ᠵᠣᠷᠪᠣᠰ ᠪᠦᠷᠢᠳᠬᠡᠨ ᠳᠠᠩᠰᠠᠯᠠᠭᠤᠯᠤᠭᠰᠠᠨ ᠪᠠᠶ᠋ᠢᠳᠠᠯ᠄ ᠬᠡᠪ᠎ᠤᠨ᠂ ᠲᠦᠷ ᠵᠣᠭᠰᠣᠭᠰᠠᠨ᠂ ᠳᠠᠭᠤᠰᠬᠠᠬᠤ ᠪᠠᠭᠲᠠᠨ᠎ᠠ᠃    

  ᠠᠵᠢᠯ ᠡᠷᠬᠢᠯᠡᠬᠦ ᠬᠢᠷᠢ ᠭᠡᠮ᠎ᠲᠠᠢ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠲᠥᠷᠥᠯ᠎ᠤᠨ ᠲᠤᠰᠬᠠᠶ ᠮᠡᠷᠭᠡᠵᠢᠯ᠎ᠤᠨ ᠠᠵᠢᠯᠲᠠᠨ ᠪᠤᠶᠤ ᠣᠯᠠᠨ ᠭᠠᠵᠠᠷ ᠠᠵᠢᠯ ᠣᠯᠤᠭᠰᠠᠨ ᠬᠠᠮᠢᠶ᠎ᠠ ᠪᠦᠬᠦᠢ ᠬᠥᠮᠦᠰ᠎ᠤᠨ ᠠᠵᠢᠯ ᠡᠷᠬᠢᠯᠡᠬᠦ᠂ ᠠᠵᠢᠯ ᠣᠯᠭᠣᠬᠤ ᠭᠠᠵᠠᠷ᠎ᠤᠨ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠨᠢ ᠴᠥᠮ ᠲᠡᠭᠦᠨ᠎ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃ ᠠᠵᠢᠯ ᠡᠷᠬᠢᠯᠡᠬᠦ (ᠠᠵᠢᠯ ᠣᠯᠭᠣᠬᠤ) ᠪᠠᠶ᠋ᠢᠭᠤᠯᠤᠮᠵᠢ᠎ᠨᠢ ᠬᠤᠪᠢᠷᠠᠯᠲᠠ ᠭᠠᠷᠪᠠᠯ᠂ ᠲᠣᠭᠲᠠᠭᠰᠠᠨ ᠳᠡᠰ ᠳᠠᠷᠠᠭ᠋ᠠᠯᠠᠯ᠎ᠤᠨ ᠶᠣᠰᠣᠭ᠋ᠠᠷ ᠳᠠᠬᠢᠵᠤ ᠳᠠᠩᠰᠠᠯᠠᠨ ᠲᠡᠮᠳᠡᠭᠯᠡᠬᠦ ᠵᠢᠨ ᠬᠠᠮᠲᠤ᠂ ᠬᠤᠪᠢ ᠲᠡᠮᠳᠡᠭᠯᠡᠬᠦ ᠬᠡᠷᠡᠭᠲᠡᠶ᠃   

  (ᠨᠢᠭᠡ) ᠪᠦᠷᠢᠳᠬᠡᠨ ᠳᠠᠩᠰᠠᠯᠠᠭᠤᠯᠤᠭᠰᠠᠨ ᠪᠠᠶ᠋ᠢᠳᠠᠯ᠎ᠨᠢ ᠬᠡᠪ᠎ᠤᠨ ᠬᠠᠮᠢᠶ᠎ᠠ ᠪᠥᠬᠦᠶ ᠬᠥᠮᠦᠰ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠬᠡᠷᠡᠭᠯᠡᠯᠲᠡ᠎ᠳᠤ ᠬᠤᠯᠪᠣᠭᠳᠠᠭᠰᠠᠨ ᠡᠮ ᠡᠮᠨᠡᠯᠭᠡ ᠵᠢᠨ ᠦᠢ᠍ᠯᠡᠴᠢᠯᠡᠭᠡ᠂ ᠰᠦᠢ᠍ᠳᠬᠡᠯ ᠪᠤᠳᠤᠬᠤ ᠦᠢ᠍ᠯᠡᠴᠢᠯᠡᠭᠡ ᠵᠡᠷᠭᠡ ᠵᠢ ᠬᠡᠪ᠎ᠤᠨ ᠪᠠᠶ᠋ᠢᠳᠠᠯ ᠵᠶ᠋ᠠᠷ ᠥᠷᠨᠢᠭᠦᠯᠵᠦ ᠪᠣᠯᠤᠨ᠎ᠠ᠂ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠲᠣᠭᠲᠠᠭ᠋ᠠᠯ ᠶᠣᠰᠣᠭ᠋ᠠᠷ ᠬᠠᠮᠢᠶ᠎ᠠ ᠪᠥᠬᠦᠶ ᠬᠥᠮᠦᠰ᠎ᠤᠨ ᠪᠠᠶ᠋ᠢᠭ᠎ᠠ ᠭᠠᠵᠠᠷ᠎ᠤᠨ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠯᠤᠭ᠎ᠠ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠳ᠋ᠦᠩᠨᠡᠨ ᠪᠤᠳᠤᠬᠤ ᠠᠵᠢᠯ᠎ᠢ ᠥᠷᠨᠢᠭᠦᠯᠦᠨ᠎ᠡ᠃   

  (ᠬᠤᠶᠠᠷ) ᠪᠦᠷᠢᠳᠬᠡᠨ ᠳᠠᠩᠰᠠᠯᠠᠭᠰᠠᠨ ᠪᠠᠶ᠋ᠢᠳᠠᠯ᠎ᠨᠢ ᠲᠦᠷ ᠵᠣᠭᠰᠣᠭᠰᠠᠨ ᠬᠠᠮᠢᠶ᠎ᠠ ᠪᠦᠬᠦᠢ ᠬᠠᠷᠢᠭᠤᠴᠠᠯᠭ᠎ᠠ᠎ᠲᠠᠢ ᠬᠥᠮᠥᠨ᠎ᠤ ᠲᠦᠷ ᠴᠠᠭ ᠦᠢ᠍ᠯᠡᠴᠢᠯᠡᠭᠡ ᠬᠠᠩᠭ᠋ᠠᠬᠤ᠎ᠳᠤ ᠡᠭᠦᠰᠦᠭᠰᠡᠨ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠪᠠᠶ᠋ᠢᠭᠤᠯᠤᠮᠵᠢ᠎ᠠᠴᠠ ᠳ᠋ᠦᠩᠨᠡᠨ ᠪᠤᠳᠤᠬᠤ ᠦᠭᠡᠢ᠂ ᠲᠦᠷᠭᠡᠨ ᠡᠮᠨᠡᠬᠦ᠂ ᠲᠦᠷᠭᠡᠨ ᠠᠪᠤᠷᠠᠬᠤ ᠵᠡᠷᠭᠡ ᠣᠨᠴᠠᠭ᠋ᠠᠢ ᠪᠠᠶ᠋ᠢᠳᠠᠯ ᠡᠭᠦᠨ᠎ᠳᠤ ᠪᠠᠭᠲᠠᠬᠤ ᠦᠭᠡᠢ᠃   

  (ᠭᠤᠷᠪᠠ) ᠪᠦᠷᠢᠳᠬᠡᠨ ᠳᠠᠩᠰᠠᠯᠠᠭᠤᠯᠤᠭᠰᠠᠨ ᠪᠠᠶ᠋ᠢᠳᠠᠯ᠎ᠨᠢ ᠳᠠᠭᠤᠰᠬᠤ ᠬᠠᠮᠢᠶ᠎ᠠ ᠪᠦᠬᠦᠢ ᠬᠠᠷᠢᠭᠤᠴᠠᠯᠭ᠎ᠠ ᠡᠭᠦᠷᠭᠡᠯᠡᠭᠴᠢ᠂ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠲᠡᠭᠦᠨ᠎ᠯᠦᠭᠡ ᠬᠣᠯᠪᠣᠭᠳᠠᠬᠤ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠳ᠋ᠦᠩᠨᠡᠨ ᠪᠣᠳᠣᠬᠤ ᠦᠭᠡᠶ᠂ ᠲᠦᠷᠭᠡᠨ ᠡᠮᠨᠡᠬᠦ᠂ ᠲᠦᠷᠭᠡᠨ ᠠᠪᠤᠷᠠᠬᠤ ᠵᠡᠷᠭᠡ ᠣᠨᠴᠠᠭ᠋ᠠᠢ ᠪᠠᠶ᠋ᠢᠳᠠᠯ ᠡᠭᠦᠨ᠎ᠳᠤ ᠪᠠᠭᠲᠠᠬᠤ ᠦᠭᠡᠶ᠃    

  ᠠᠷᠪᠠᠳᠤᠭ᠋ᠠᠷ ᠵᠦᠢ᠍ᠯ ᠬᠠᠮᠢᠶ᠎ᠠ ᠪᠦᠬᠦᠢ ᠬᠥᠮᠦᠰ ᠠᠩᠬ᠎ᠠ ᠤᠳᠠᠭ᠎ᠠ ᠪᠦᠷᠢᠳᠬᠡᠨ ᠳᠠᠩᠰᠠᠯᠠᠭᠰᠠᠨ ᠪᠠᠶ᠋ᠢᠳᠠᠯ᠎ᠨᠢ ᠳᠠᠷᠤᠶ ᠬᠡᠪ᠎ᠤᠨ ᠪᠠᠶ᠋ᠢᠳᠠᠯ ᠪᠣᠯᠤᠨ᠎ᠠ᠃ ᠨᠡᠶ᠋ᠢᠲᠡ ᠬᠤᠪᠢ ᠲᠡᠮᠳᠡᠭᠯᠡᠭᠰᠡᠨ ᠦᠷ᠎ᠡ ᠳ᠋ᠦᠩ᠎ᠢ ᠦᠨᠳᠦᠰᠦᠯᠡᠨ᠂ ᠳᠠᠩᠰᠠᠯᠠᠨ ᠲᠡᠮᠳᠡᠭᠯᠡᠭᠰᠡᠨ ᠪᠠᠶ᠋ᠢᠳᠠᠯ᠎ᠢ ᠵᠣᠬᠢᠴᠠᠭᠤᠯᠤᠨ ᠲᠣᠬᠢᠷᠠᠭᠤᠯᠤᠨ᠎ᠠ᠃    

  ᠠᠷᠪᠠᠨ ᠨᠢᠭᠡᠳᠦᠭᠡᠷ ᠵᠣᠷᠪᠣᠰ ᠪᠦᠷᠢᠳᠬᠡᠨ ᠳᠠᠩᠰᠠᠯᠠᠭᠤᠯᠤᠭᠰᠠᠨ ᠪᠠᠶ᠋ᠢᠳᠠᠯ᠎ᠨᠢ ᠲᠦᠷ ᠵᠣᠭᠰᠣᠭᠰᠠᠨ ᠪᠤᠶᠤ ᠳᠠᠭᠤᠰᠬᠠᠭᠰᠠᠨ ᠬᠠᠮᠢᠶ᠎ᠠ ᠪᠦᠬᠦᠢ ᠬᠠᠷᠢᠭᠤᠴᠠᠯᠭ᠎ᠠ᠎ᠲᠠᠢ ᠬᠥᠮᠦᠰ᠎ᠨᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠶᠡᠬᠡ ᠡᠮᠴᠢ ᠵᠢᠨ ᠬᠠᠤᠯᠢ》᠂ 《ᠰᠤᠪᠢᠯᠠᠭᠴᠢ ᠵᠢᠨ ᠳᠦᠷᠢᠮ》᠂ 《ᠠᠵᠢᠯ ᠡᠷᠬᠢᠯᠡᠬᠦ ᠡᠮ ᠨᠠᠶ᠋ᠢᠷᠠᠭᠴᠢ ᠵᠢᠨ ᠳᠠᠩᠰᠠᠯᠠᠭᠤᠯᠬᠤ ᠬᠠᠮᠢᠶᠠᠷᠤᠯᠲᠠ ᠵᠢᠨ ᠠᠷᠭ᠎ᠠ》 ᠵᠡᠷᠭᠡ ᠬᠠᠮᠢᠶ᠎ᠠ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠣᠭ᠋ᠠᠷ ᠠᠵᠢᠯ ᠡᠷᠬᠢᠯᠡᠬᠦ ᠠᠵᠢᠯᠯᠠᠭ᠎ᠠ ᠦᠷᠨᠢᠭᠦᠯᠦᠨ᠎ᠡ᠃ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠨᠤᠭᠤᠳ ᠠᠵᠢᠯ ᠵᠶ᠋ᠠᠨ ᠲᠤᠰᠢᠶᠠᠬᠤ ᠪᠠ ᠬᠦᠯᠢᠶᠡᠨ ᠠᠪᠬᠤ ᠠᠵᠢᠯ ᠵᠶ᠋ᠠᠨ ᠲᠣᠬᠢᠲᠠᠶ ᠰᠠᠶ᠋ᠢᠲᠤᠷ ᠬᠢᠵᠦ᠂ ᠳᠠᠭ᠋ᠠᠳᠬᠠᠯ᠎ᠳᠤ ᠣᠷᠣᠯᠴᠠᠭᠰᠠᠳ᠎ᠤᠨ ᠬᠡᠪ᠎ᠤᠨ ᠶᠣᠰᠣᠭ᠋ᠠᠷ ᠡᠮᠨᠡᠭᠦᠯᠬᠦ ᠪᠠ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠵᠠᠷᠤᠳᠠᠯ᠎ᠢ ᠳ᠋ᠦᠩᠨᠡᠨ ᠪᠣᠳᠣᠬᠤ ᠵᠢ ᠨᠥᠯᠥᠭᠡᠯᠡᠵᠦ ᠪᠣᠯᠬᠤ ᠦᠭᠡᠶ᠃    

  ᠠᠷᠪᠠᠨ ᠬᠣᠶᠠᠳᠤᠭ᠋ᠠᠷ ᠵᠣᠷᠪᠣᠰ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠲᠥᠷᠥᠯ᠎ᠤᠨ ᠲᠤᠰᠬᠠᠶ ᠮᠡᠷᠭᠡᠵᠢᠯ᠎ᠤᠨ ᠠᠵᠢᠯᠲᠠᠨ ᠡᠷᠬᠡᠪᠰᠢ ᠠᠵᠢᠯ ᠲᠥᠷᠥᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯ ᠡᠷᠬᠢᠯᠡᠬᠦ ᠬᠢᠷᠢ ᠭᠡᠮ᠎ᠢ ᠪᠦᠷᠢᠯᠳᠦᠭᠦᠯᠦᠭᠰᠡᠨ ᠪᠠᠶ᠋ᠢᠬᠤ ᠬᠡᠷᠡᠭᠲᠡᠶ᠂ ᠡᠰᠡ ᠲᠡᠭᠡᠪᠡᠯ ᠡᠮᠴᠢᠯᠡᠭᠡᠨ᠎ᠤ ᠳᠠᠭ᠋ᠠᠳᠬᠠᠯ᠎ᠤᠨ ᠮᠥᠩᠭᠥ ᠥᠭᠬᠦ ᠬᠢᠷᠢ ᠭᠡᠮ᠎ᠢ᠎ᠨᠢ ᠵᠣᠭᠰᠣᠭ᠋ᠠᠵᠤ᠂ ᠡᠮᠴᠢᠯᠡᠭᠡᠨ᠎ᠤ ᠳᠠᠭ᠋ᠠᠳᠬᠠᠯ᠎ᠤᠨ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠨᠢ ᠲᠡᠭᠦᠨ᠎ᠯᠦᠭᠡ ᠬᠣᠯᠪᠣᠭᠳᠠᠬᠤ ᠡᠮᠨᠡᠯᠭᠡ ᠵᠢᠨ ᠳᠠᠭ᠋ᠠᠳᠬᠠᠯ᠎ᠤᠨ ᠵᠠᠷᠤᠳᠠᠯ᠎ᠢ ᠳ᠋ᠦᠩᠨᠡᠨ ᠪᠣᠳᠣᠬᠤ ᠦᠭᠡᠶ᠃    

  ᠠᠷᠪᠠᠨ ᠭᠤᠷᠪᠠᠳᠤᠭ᠋ᠠᠷ ᠵᠣᠷᠪᠣᠰ ᠬᠠᠮᠢᠶ᠎ᠠ ᠪᠦᠬᠦᠢ ᠬᠥᠮᠦᠰ ᠪᠠᠶ᠋ᠢᠭ᠎ᠠ ᠭᠠᠵᠠᠷ᠎ᠤᠨ ᠲᠣᠭᠲᠠᠭᠰᠠᠨ ᠡᠮ ᠡᠮᠨᠡᠯᠭᠡ ᠵᠢᠨ ᠪᠠᠢ᠍ᠭᠤᠯᠤᠮᠵᠢ᠎ᠯᠤᠭ᠎ᠠ ᠬᠥᠳᠡᠯᠮᠦᠷᠢ ᠵᠢᠨ ᠭᠡᠷ᠎ᠡ᠎ᠪᠠᠨ ᠬᠦᠴᠦᠨ ᠥᠬᠡᠶ ᠪᠣᠯᠭ᠋ᠠᠬᠤ ᠪᠤᠶᠤ ᠤᠷᠢᠵᠤ ᠬᠡᠷᠡᠭᠯᠡᠬᠦ ᠭᠡᠷ᠎ᠡ᠎ᠪᠠᠨ ᠬᠦᠴᠦᠨ ᠥᠬᠡᠶ ᠪᠣᠯᠭ᠋ᠠᠭᠰᠠᠨ᠎ᠠᠴᠠ ᠪᠣᠯᠵᠣ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠢ᠍ᠭᠤᠯᠤᠮᠵᠢ᠎ᠳᠤ ᠠᠵᠢᠯ ᠡᠷᠭᠢᠯᠡᠬᠦ (ᠠᠵᠢᠯ ᠣᠯᠭᠤᠬᠤ) ᠦᠭᠡᠢ ᠪᠣᠯ᠂ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠢ᠌ᠭᠤᠯᠤᠮᠵᠢ᠎ᠨᠢ 10 ᠠᠵᠢᠯᠯᠠᠬᠤ ᠡᠳᠦᠷ᠎ᠤᠨ ᠳᠣᠲᠣᠷ᠎ᠠ ᠬᠥᠳᠡᠯᠦᠩᠭᠦᠶ᠎ᠪᠠᠷ ᠬᠠᠮᠠᠭ᠋ᠠᠯᠠᠬᠤ ᠴᠣᠩᠬᠤ᠎ᠪᠠᠷ ᠮᠡᠳᠡᠭᠡ ᠵᠠᠩᠭᠢ ᠵᠢᠨ ᠰᠢᠨᠡᠴᠢᠯᠡᠯᠲᠡ ᠬᠢᠬᠦ ᠬᠡᠷᠡᠭᠲᠡᠶ᠃    

  ᠠᠷᠪᠠᠨ ᠳᠥᠷᠪᠡᠳᠦᠭᠡᠷ ᠵᠣᠷᠪᠣᠰ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠨᠢ ᠬᠠᠮᠢᠶ᠎ᠠ ᠪᠦᠬᠦᠢ ᠬᠥᠮᠦᠰ᠎ᠤᠨ ᠪᠦᠷᠢᠳᠬᠡᠨ ᠳᠠᠩᠰᠠᠯᠠᠭᠤᠯᠤᠭᠰᠠᠨ ᠪᠠᠶ᠋ᠢᠳᠠᠯ ᠵᠶ᠋ᠠᠨ ᠴᠠᠭ ᠲᠤᠬᠠᠶ᠎ᠳᠤ᠎ᠨᠢ ᠰᠢᠨᠡᠳᠬᠡᠨ ᠬᠠᠮᠠᠭ᠋ᠠᠯᠠᠭᠰᠠᠨ ᠦᠭᠡᠶ᠎ᠠᠴᠠ ᠪᠣᠯᠵᠤ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ᠎ᠳᠤ ᠬᠣᠬᠢᠷᠠᠯ ᠤᠴᠠᠷᠠᠭᠤᠯᠤᠭᠰᠠᠨ ᠪᠣᠯ᠂ ᠲᠤᠰ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠠᠴᠠ ᠵᠣᠬᠢᠴᠠᠩᠭᠤᠶ ᠪᠦᠬᠦᠢ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠬᠣᠬᠢᠷᠠᠯ᠎ᠢ ᠡᠭᠦᠷᠭᠡᠯᠡᠬᠦ ᠬᠡᠷᠡᠭᠲᠡᠶ᠃

  ᠠᠷᠪᠠᠨ ᠲᠠᠪᠤᠳᠤᠭ᠋ᠠᠷ ᠵᠣᠷᠪᠣᠰ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠪᠤᠶᠤ ᠵᠥᠪᠳᠡᠯᠴᠡᠨ ᠰᠢᠢ᠍ᠳᠪᠦᠷᠢᠯᠡᠬᠦ ᠰᠠᠭᠤᠷᠢᠨ ᠳᠡᠭᠡᠷ᠎ᠡ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠬᠠᠤᠯᠢ》᠂ 《ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠤᠶᠤ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ ᠬᠡᠯᠡᠯᠴᠡᠭᠡᠷ᠎ᠲᠤ ᠲᠣᠳᠣᠷᠬᠠᠶ᠋ᠢᠯᠠᠭᠰᠠᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠣᠳᠠᠲᠠᠶ ᠦᠢ᠍ᠯᠡ ᠠᠵᠢᠯᠯᠠᠭ᠎ᠠ ᠶᠣᠰᠣᠭ᠋ᠠᠷ᠂ ᠡᠩ᠎ᠤᠨ ᠬᠠᠷᠢᠭᠤᠴᠠᠯᠭ᠎ᠠ ᠡᠭᠦᠷᠭᠡᠯᠡᠭᠴᠢ᠂ ᠴᠢᠬᠤᠯᠠ ᠬᠠᠷᠢᠭᠤᠴᠠᠯᠭ᠎ᠠ ᠡᠭᠦᠷᠭᠡᠯᠡᠭᠴᠢ᠂ ᠭᠤᠤᠯ ᠬᠠᠷᠢᠭᠤᠴᠠᠯᠭ᠋ᠠᠲᠠᠨ᠎ᠢ ᠲᠣᠰ ᠲᠣᠰ ᠲᠣᠭᠲᠠᠭ᠋ᠠᠵᠤ᠂ ᠬᠠᠮᠢᠶ᠎ᠠ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠵᠢ ᠲᠣᠭᠲᠠᠭ᠋ᠠᠬᠤ ᠬᠡᠷᠡᠭᠲᠡᠶ ᠭᠡᠵᠦ ᠲᠣᠭᠲᠠᠭ᠋ᠠᠪᠠ᠃    

  ᠠᠷᠪᠠᠨ ᠵᠢᠷᠭᠤᠳᠤᠭ᠋ᠠᠷ ᠵᠣᠷᠪᠣᠰ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠳᠤ ᠡᠩ᠎ᠤᠨ ᠬᠠᠷᠢᠭᠤᠴᠠᠯᠭ᠎ᠠ᠂ ᠴᠢᠬᠤᠯᠠ ᠬᠠᠷᠢᠭᠤᠴᠠᠯᠭ᠎ᠠ᠂ ᠭᠤᠣᠯ ᠬᠠᠷᠢᠭᠤᠴᠠᠯᠭ᠎ᠠ ᠡᠭᠦᠷᠭᠡᠯᠡᠬᠦ ᠬᠠᠷᠢᠭᠤᠴᠠᠯᠭ᠎ᠠ ᠵᠢᠨ ᠬᠡᠮᠵᠢᠶ᠎ᠡ ᠵᠢ ᠮᠠᠭ᠋ᠠᠳᠯᠠᠨ ᠲᠣᠭᠲᠠᠭ᠋ᠠᠬᠤ᠎ᠳᠤ ᠳᠣᠣᠷᠠᠬᠢ ᠵᠠᠷᠴᠢᠮ᠎ᠤᠳ᠎ᠢ ᠵᠢᠷᠤᠮᠯᠠᠬᠤ ᠬᠡᠷᠡᠭᠲᠡᠢ᠄    

  ᠡᠩ᠎ᠤᠨ ᠬᠠᠷᠢᠭᠤᠴᠠᠯᠭ᠎ᠠ ᠡᠭᠦᠷᠭᠡᠯᠡᠭᠴᠢ ᠭᠡᠳᠡᠭ᠎ᠨᠢ ᠲᠡᠳᠡᠨ᠎ᠤ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠂ ᠥᠪᠡᠷ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠭᠡᠢ ᠪᠤᠶᠤ ᠵᠥᠪ ᠪᠤᠰᠤ᠎ᠪᠠᠷ ᠭᠦᠢ᠍ᠴᠡᠳᠬᠡᠵᠦ᠂ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦ ᠵᠢ ᠬᠡᠷᠡᠭᠯᠡᠬᠦ᠎ᠳᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠨᠠᠵᠠᠭ᠋ᠠᠶ ᠲᠠᠯ᠎ᠠ ᠵᠢᠨ ᠪᠠᠶ᠋ᠢᠳᠠᠯ᠎ᠳᠤ ᠬᠠᠮᠵᠢᠯᠴᠠᠬᠤ ᠦᠢ᠍ᠯᠡᠳᠦᠯ ᠭᠠᠷᠭ᠋ᠠᠭᠰᠠᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠢ ᠵᠢᠭ᠋ᠠᠵᠤ ᠪᠣᠶ᠃    

  ᠴᠢᠬᠤᠯᠠ ᠬᠠᠷᠢᠭᠤᠴᠠᠯᠭ᠎ᠠ ᠡᠭᠦᠷᠭᠡᠯᠡᠭᠴᠢ ᠭᠡᠳᠡᠭ᠎ᠨᠢ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠂ ᠥᠪᠡᠷ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠭᠡᠶ ᠪᠤᠶᠤ ᠵᠥᠪ ᠣᠨᠣᠪᠴᠢᠲᠠᠶ ᠭᠦᠢ᠍ᠴᠡᠳᠬᠡᠭᠰᠡᠨ ᠦᠭᠡᠶ᠂ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢ ᠬᠡᠷᠡᠭᠯᠡᠬᠦ᠎ᠳᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠨᠠᠵᠠᠭ᠋ᠠᠶ ᠦᠢ᠍ᠯᠡᠳᠦᠯ ᠭᠠᠷᠭ᠋ᠠᠭᠰᠠᠨ ᠬᠠᠮᠢᠶ᠎ᠠ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠵᠢ ᠵᠢᠭ᠋ᠠᠵᠤ ᠪᠤᠶ᠃    

  ᠭᠤᠣᠯ ᠬᠠᠷᠢᠭᠤᠴᠠᠯᠭ᠋ᠠᠲᠠᠨ ᠭᠡᠳᠡᠭ ᠪᠣᠯ ᠲᠡᠭᠦᠨ᠎ᠤ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠂ ᠥᠪᠡᠷ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠭᠡᠢ ᠪᠤᠶᠤ ᠵᠥᠪ ᠵᠶ᠋ᠠᠷ ᠭᠦᠢ᠍ᠴᠡᠳᠬᠡᠬᠦ ᠦᠭᠡᠢ ᠪᠠᠶ᠋ᠢᠵᠤ᠂ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦ ᠵᠢ ᠬᠡᠷᠡᠭᠯᠡᠬᠦ᠎ᠳᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠨᠠᠵᠠᠭ᠋ᠠᠢ ᠲᠠᠯ᠎ᠠ ᠵᠢᠨ ᠪᠠᠶ᠋ᠢᠳᠠᠯ᠎ᠳᠤ ᠲᠣᠭᠲᠠᠭ᠋ᠠᠬᠤ ᠦᠢ᠍ᠯᠡᠳᠦᠯ ᠭᠠᠷᠭ᠋ᠠᠭᠰᠠᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ᠎ᠢ ᠵᠢᠭ᠋ᠠᠵᠤ ᠪᠣᠶ᠃    

  ᠠᠷᠪᠠᠨ ᠳᠣᠯᠣᠳᠤᠭ᠋ᠠᠷ ᠵᠣᠷᠪᠣᠰ ᠠᠳᠠᠯᠢ ᠨᠢᠭᠡ ᠤᠳᠠᠭ᠋ᠠᠨ᠎ᠤ ᠬᠢᠨᠠᠯᠲᠠ ᠪᠠᠶ᠋ᠢᠴᠠᠭ᠋ᠠᠯᠲᠠ ᠬᠢᠬᠦ ᠶᠠᠪᠤᠴᠠ᠎ᠳᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠬᠡᠷᠡᠭᠯᠡᠯᠲᠡ᠎ᠳᠤ ᠬᠤᠯᠪᠣᠭᠳᠠᠭᠰᠠᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠳᠤ ᠠᠳᠠᠯᠢ ᠪᠤᠰᠤ ᠲᠥᠷᠥᠯ ᠬᠡᠯᠪᠡᠷᠢ ᠵᠢᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠪᠠᠶ᠋ᠢᠪᠠᠯ ᠲᠤᠰ ᠲᠤᠰ ᠬᠤᠪᠢ ᠲᠡᠮᠳᠡᠭᠯᠡᠵᠦ᠂ ᠨᠡᠶ᠋ᠢᠲᠡ ᠬᠤᠪᠢ ᠵᠢᠨ ᠥᠷᠲᠡᠭ᠎ᠢ ᠬᠤᠷᠠᠮᠳᠤᠭᠤᠯᠤᠨ᠂ ᠠᠳᠠᠯᠢ ᠨᠢᠭᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠠᠳᠠᠯᠢ ᠪᠤᠰᠤ ᠨᠠᠵᠠᠭ᠋ᠠᠢ ᠲᠠᠯ᠎ᠠ ᠵᠢᠨ ᠪᠠᠶ᠋ᠢᠳᠠᠯ᠎ᠳᠤ ᠬᠤᠯᠪᠣᠭᠳᠠᠪᠠᠯ᠂ ᠬᠠᠮᠤᠭ᠎ᠤᠨ ᠥᠨᠳᠥᠷ ᠬᠤᠪᠢ ᠵᠢᠨ ᠥᠷᠲᠡᠭ ᠵᠶ᠋ᠠᠷ ᠬᠤᠪᠢ ᠲᠡᠮᠳᠡᠭᠯᠡᠨ᠎ᠡ᠃    

  ᠠᠷᠪᠠᠨ ᠨᠠᠢ᠍ᠮᠠᠳᠤᠭ᠋ᠠᠷ ᠵᠣᠷᠪᠣᠰ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠭᠦᠢ᠍ᠴᠡᠳᠭᠡᠬᠦ ᠪᠠᠶ᠋ᠢᠭᠤᠯᠤᠮᠵᠢ᠎ᠠᠴᠠ ᠬᠠᠮᠢᠶ᠎ᠠ ᠪᠦᠬᠦᠢ ᠬᠦᠮᠦᠰ ᠦᠢ᠍ᠯᠡᠴᠢᠯᠡᠭᠡᠨ᠎ᠤ ᠬᠡᠯᠡᠯᠴᠡᠭᠡᠷ᠎ᠠᠴᠠ ᠵᠦᠷᠢᠴᠡᠭᠰᠡᠨ᠂ ᠦᠢ᠍ᠯᠡᠴᠢᠯᠡᠭᠡᠨ᠎ᠤ ᠠᠮᠠᠯᠠᠯᠲᠠ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢᠨ ᠬᠤᠪᠢ ᠲᠡᠮᠳᠡᠭᠯᠡᠵᠦ᠂ ᠬᠤᠪᠢ ᠲᠡᠮᠳᠡᠭᠯᠡᠬᠦ ᠪᠠᠷᠢᠮᠵᠢᠶ᠎ᠠ᠎ᠨᠢ ᠳᠣᠣᠷᠠᠬᠢ ᠮᠡᠲᠦ᠄   

  (ᠨᠢᠭᠡ) ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ᠎ᠳᠤ ᠬᠤᠯᠪᠣᠭᠳᠠᠭᠰᠠᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠳᠤ ᠳᠣᠣᠷᠠᠬᠢ ᠨᠠᠵᠠᠭ᠋ᠠᠢ ᠲᠠᠯ᠎ᠠ ᠵᠢᠨ ᠪᠠᠶ᠋ᠢᠳᠠᠯ ᠭᠠᠷᠴᠤ᠂ ᠨᠢᠭᠡ ᠪᠠᠶ᠋ᠢᠭ᠋ᠠᠯᠢ ᠵᠢᠨ ᠣᠨ᠎ᠤ ᠳᠣᠲᠣᠷ᠎ᠠ᠂ ᠡᠩ᠎ᠤᠨ ᠬᠠᠷᠢᠭᠤᠴᠠᠯᠭ᠎ᠠ᠎ᠲᠠᠢ 1 ᠬᠤᠪᠢ / ᠤᠳᠠᠭ᠎ᠠ᠂ ᠴᠢᠬᠤᠯᠠ ᠬᠠᠷᠢᠭᠤᠴᠠᠯᠭ᠎ᠠ᠎ᠲᠠᠢ ᠲᠡᠮᠳᠡᠭᠯᠡᠯ᠎ᠤᠨ 2 ᠬᠤᠪᠢ / ᠤᠳᠠᠭ᠎ᠠ᠂ ᠭᠤᠣᠯ ᠬᠠᠷᠢᠭᠤᠴᠠᠯᠭ᠎ᠠ᠎ᠲᠠᠢ ᠲᠡᠮᠳᠡᠭᠯᠡᠯ᠎ᠤᠨ 3 ᠬᠤᠪᠢ / ᠤᠳᠠᠭ᠎ᠠ᠃   

  1. ᠬᠤᠯᠪᠣᠭᠳᠠᠯ ᠪᠥᠬᠦᠶ ᠬᠥᠮᠦᠰ᠎ᠤᠨ ᠪᠠᠶ᠋ᠢᠭ᠎ᠠ ᠴᠡᠭ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠨᠢ ᠰᠢᠯᠵᠢᠭᠦᠯᠦᠨ ᠥᠭᠬᠦ᠎ᠪᠠᠨ ᠲᠦᠷ ᠵᠣᠭᠰᠣᠭᠰᠠᠨ ᠪᠤᠶᠤ ᠭᠡᠷ᠎ᠡ ᠵᠢ ᠵᠥᠷᠢᠴᠡᠭᠰᠡᠨ ᠮᠥᠩᠭᠦ ᠵᠢ ᠲᠦᠯᠦᠬᠦ᠎ᠪᠠᠷ ᠱᠠᠭ᠋ᠠᠷᠳᠠᠭᠰᠠᠨ ᠵᠡᠷᠭᠡ ᠬᠡᠯᠡᠯᠴᠡᠭᠡᠷ᠎ᠢ ᠰᠢᠢ᠍ᠳᠪᠦᠷᠢᠯᠡᠭᠰᠡᠨ ᠪᠠᠶ᠋ᠢᠪᠠᠯ᠂ ᠲᠣᠰ ᠠᠵᠢᠯᠲᠠᠨ ᠬᠠᠷᠢᠭᠤᠴᠠᠯᠭ᠎ᠠ ᠡᠭᠦᠷᠭᠡᠯᠡᠭᠴᠢ;   

  2. ᠬᠠᠮᠢᠶ᠎ᠠ ᠪᠥᠬᠦᠶ ᠬᠥᠮᠦᠰ᠎ᠤᠨ ᠪᠠᠶ᠋ᠢᠭ᠎ᠠ ᠴᠡᠭ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠨᠢ ᠪᠣᠯᠵᠣᠨ ᠶᠠᠷᠢᠯᠴᠠᠬᠤ᠂ ᠬᠤᠭᠤᠴᠠᠭ᠎ᠠ ᠲᠣᠭᠲᠠᠭ᠋ᠠᠨ ᠴᠡᠭᠴᠡᠯᠡᠨ ᠰᠠᠶ᠋ᠢᠵᠢᠷᠠᠭᠤᠯᠬᠤ᠂ ᠲᠣᠭᠲᠠᠭ᠋ᠠᠯ᠎ᠠᠴᠠ ᠵᠥᠷᠢᠴᠡᠭᠰᠡᠨ ᠵᠠᠷᠤᠳᠠᠯ᠎ᠢ ᠥᠭᠬᠦ ᠥᠬᠡᠶ ᠪᠤᠶᠤ ᠨᠡᠬᠡᠮᠵᠢᠯᠡᠨ ᠠᠪᠬᠤ ᠵᠡᠷᠭᠡ ᠬᠡᠯᠡᠯᠴᠡᠭᠡᠷ᠎ᠢ ᠨᠡᠶ᠋ᠢᠲᠡ 3 ᠤᠳᠠᠭ᠎ᠠ ᠰᠢᠢ᠍ᠳᠪᠦᠷᠢᠯᠡᠭᠰᠡᠨ ᠪᠠᠶ᠋ᠢᠪᠠᠯ᠂ ᠲᠣᠰ ᠠᠵᠢᠯᠲᠠᠨ ᠬᠠᠷᠢᠭᠤᠴᠠᠯᠭ᠎ᠠ ᠡᠭᠦᠷᠭᠡᠯᠡᠭᠴᠢ;   

  3. ᠡᠮ᠎ᠤᠨ ᠵᠦᠢ᠍ᠯ᠎ᠤᠨ ᠬᠤᠷᠣᠭᠳᠠᠯ ᠮᠠᠲ᠋ᠧᠷᠢᠶᠠᠯ᠎ᠢ ᠲᠥᠪᠯᠡᠷᠡᠩᠭᠦᠶ ᠬᠡᠮᠵᠢᠶ᠎ᠡ᠎ᠪᠠᠷ ᠬᠤᠳᠠᠯᠳᠤᠨ ᠠᠪᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠳᠤᠮᠳᠠ᠂ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠬᠠᠮᠢᠶ᠎ᠠ ᠪᠥᠬᠦᠶ ᠬᠥᠮᠦᠰ ᠵᠦᠶ ᠶᠣᠰᠣᠨ᠎ᠤ ᠰᠢᠯᠲᠠᠭ᠋ᠠᠨ ᠥᠬᠡᠶ᠎ᠪᠠᠷ ᠲᠣᠭᠲᠠᠭ᠋ᠠᠯ᠎ᠠᠴᠠ ᠵᠥᠷᠢᠴᠡᠨ ᠥᠨᠳᠥᠷ ᠦᠨ᠎ᠡ᠎ᠲᠠᠢ ᠳᠣᠲᠣᠷ᠎ᠠ᠎ᠠᠴᠠ ᠰᠣᠩᠭᠤᠭᠰᠠᠨ ᠦᠢ᠍ᠯᠡᠳᠭᠦᠨ᠎ᠢ ᠬᠡᠷᠡᠭᠯᠡᠬᠦ ᠵᠢ ᠱᠠᠭ᠋ᠠᠷᠳᠠᠭᠰᠠᠨ ᠪᠠᠶ᠋ᠢᠪᠠᠯ᠂ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠠᠴᠠ ᠵᠠᠷᠯᠠᠨ ᠮᠡᠳᠡᠭᠳᠡᠪᠡ;   

  4. ᠬᠠᠮᠢᠶ᠎ᠠ ᠪᠥᠬᠦᠶ ᠬᠥᠮᠦᠰ᠎ᠤᠨ ᠪᠠᠶ᠋ᠢᠭ᠎ᠠ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠪᠤᠶᠤ ᠬᠡᠯᠲᠡᠰ (ᠰᠠᠯᠠᠭ᠎ᠠ ᠲᠠᠰᠤᠭ) ᠬᠡᠳᠦ᠋ᠢ᠍ᠪᠡᠷ 《ᠲᠦᠷᠢᠮ》᠎ᠤᠨ ᠭᠤᠴᠢᠨ ᠨᠠᠢ᠍ᠮᠠᠳᠤᠭ᠋ᠠᠷ ᠵᠦᠢ᠍ᠯ᠂ ᠭᠤᠴᠢ ᠶᠢᠰᠦᠳᠦᠭᠡᠷ ᠵᠦᠢ᠍ᠯ ᠵᠡᠷᠭᠡ ᠡᠮ ᠡᠮᠨᠡᠯᠭᠡ ᠵᠢᠨ ᠪᠠᠲᠤᠯᠠᠭ᠎ᠠ ᠵᠢᠨ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠬᠤᠯᠪᠣᠭᠳᠠᠭᠰᠠᠨ ᠪᠣᠯᠪᠠᠴᠤ ᠡᠮ ᠡᠮᠨᠡᠯᠭᠡ ᠵᠢᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠠᠴᠠ ᠬᠡᠯᠲᠦᠷᠢᠭᠦᠯᠦᠭᠰᠡᠨ ᠪᠠᠶ᠋ᠢᠪᠠᠯ᠂ ᠲᠣᠰ ᠠᠵᠢᠯᠲᠠᠨ ᠬᠠᠷᠢᠭᠤᠴᠠᠯᠭ᠎ᠠ ᠡᠭᠦᠷᠭᠡᠯᠡᠭᠴᠢ;   

  5. ᠪᠤᠰᠤᠳ 1 —3 ᠬᠤᠪᠢ ᠲᠡᠮᠳᠡᠭᠯᠡᠭᠦᠯᠬᠦ ᠴᠢᠬᠤᠯᠠᠲᠠᠶ ᠪᠠᠶ᠋ᠢᠳᠠᠯ᠃   

  (ᠬᠤᠶᠠᠷ) ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ᠎ᠳᠤ ᠬᠤᠯᠪᠣᠭᠳᠠᠭᠰᠠᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠳᠤ ᠳᠣᠣᠷᠠᠬᠢ ᠨᠠᠵᠠᠭ᠋ᠠᠢ ᠲᠠᠯ᠎ᠠ ᠵᠢᠨ ᠪᠠᠶ᠋ᠢᠳᠠᠯ ᠭᠠᠷᠴᠤ᠂ ᠨᠢᠭᠡ ᠪᠠᠶ᠋ᠢᠭ᠋ᠠᠯᠢ ᠵᠢᠨ ᠣᠨ᠎ᠤ ᠳᠣᠲᠣᠷ᠎ᠠ᠂ ᠡᠩ᠎ᠤᠨ ᠬᠠᠷᠢᠭᠤᠴᠠᠯᠭ᠎ᠠ᠎ᠲᠠᠢ 4 ᠬᠤᠪᠢ / ᠤᠳᠠᠭ᠎ᠠ᠂ ᠴᠢᠬᠤᠯᠠ ᠬᠠᠷᠢᠭᠤᠴᠠᠯᠭ᠎ᠠ᠎ᠲᠠᠢ ᠲᠡᠮᠳᠡᠭᠯᠡᠯ᠎ᠳᠤ 5 ᠬᠤᠪᠢ / ᠤᠳᠠᠭ᠎ᠠ᠂ ᠭᠤᠣᠯ ᠬᠠᠷᠢᠭᠤᠴᠠᠯᠭ᠎ᠠ᠎ᠲᠠᠢ ᠪᠠᠶ᠋ᠢᠪᠠᠯ 6 ᠬᠤᠪᠢ / ᠤᠳᠠᠭ᠎ᠠ ᠥᠭᠭᠦᠨ᠎ᠡ᠄   

  1. ᠬᠠᠮᠢᠶ᠎ᠠ ᠪᠥᠬᠦᠶ ᠬᠥᠮᠦᠰ᠎ᠤᠨ ᠪᠠᠶ᠋ᠢᠭ᠎ᠠ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠪᠤᠶᠤ ᠰᠠᠯᠠᠭ᠎ᠠ ᠲᠠᠰᠤᠭ᠎ᠨᠢ ᠡᠮ ᠡᠮᠨᠡᠯᠭᠡ ᠵᠢᠨ ᠪᠠᠲᠤᠯᠠᠭ᠎ᠠ ᠵᠢᠨ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠵᠦ᠂ ᠡᠮ ᠡᠮᠨᠡᠯᠭᠡ ᠵᠢᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ 《ᠲᠦᠷᠢᠮ》᠎ᠤᠨ ᠭᠤᠴᠢᠨ ᠨᠠᠢ᠍ᠮᠠᠳᠤᠭ᠋ᠠᠷ ᠵᠣᠷᠪᠣᠰ᠂ ᠭᠤᠴᠢ ᠶᠢᠰᠦᠳᠦᠭᠡᠷ ᠵᠣᠷᠪᠣᠰ᠎ᠢ ᠦᠨᠳᠦᠰᠦᠯᠡᠨ ᠵᠠᠰᠠᠭ ᠵᠠᠬᠢᠷᠭ᠋ᠠᠨ᠎ᠤ ᠰᠢᠢ᠍ᠳᠬᠡᠯ ᠥᠭᠪᠡᠯ᠂ ᠲᠣᠰ ᠠᠵᠢᠯᠲᠠᠨ ᠬᠠᠷᠢᠭᠤᠴᠠᠯᠭ᠎ᠠ ᠡᠭᠦᠷᠭᠡᠯᠡᠭᠴᠢ;   

  2. ᠬᠠᠮᠢᠶ᠎ᠠ ᠪᠥᠬᠦᠶ ᠬᠥᠮᠦᠰ᠎ᠤᠨ ᠪᠠᠶ᠋ᠢᠭ᠎ᠠ ᠴᠡᠭ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠭᠤᠤᠯ ᠬᠠᠷᠢᠭᠤᠴᠠᠯᠭ᠋ᠠᠲᠠᠨ ᠪᠤᠶᠤ ᠪᠣᠳᠠᠲᠠᠶ ᠡᠵᠡᠮᠳᠡᠭᠴᠢ ᠵᠢᠨ ᠡᠮᠴᠢᠯᠡᠭᠡᠨ᠎ᠤ ᠳᠠᠭ᠋ᠠᠳᠬᠠᠯ᠎ᠢ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ ᠪᠣᠯᠵᠣᠨ ᠶᠠᠷᠢᠯᠴᠠᠭᠰᠠᠨ᠎ᠤ ᠳᠠᠷᠠᠭ᠎ᠠ᠂ ᠬᠠᠷᠢᠭᠤᠴᠠᠯᠭ᠎ᠠ ᠡᠭᠦᠷᠭᠡᠯᠡᠵᠦ ᠪᠠᠶ᠋ᠢᠭ᠎ᠠ ᠬᠠᠮᠢᠶ᠎ᠠ ᠪᠥᠬᠦᠶ ᠬᠥᠮᠦᠰ ᠵᠠᠯᠠᠷᠠᠭᠤᠯᠬᠤ ᠥᠬᠡᠶ ᠪᠠᠶ᠋ᠢᠪᠠᠯ;   

  3. ᠬᠠᠮᠢᠶ᠎ᠠ ᠪᠥᠬᠦᠶ ᠬᠥᠮᠦᠰ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠨ ᠵᠣᠬᠢᠶᠠᠨ ᠪᠠᠶ᠋ᠢᠭᠤᠯᠤᠭᠰᠠᠨ ᠥᠪᠡᠰᠦᠪᠡᠨ ᠪᠠᠶ᠋ᠢᠴᠠᠭ᠋ᠠᠵᠤ ᠥᠪᠡᠰᠦᠪᠡᠨ ᠵᠠᠯᠠᠷᠠᠭᠤᠯᠬᠤ ᠠᠵᠢᠯ᠎ᠢ ᠬᠠᠰᠢ ᠶᠠᠰᠢ᠎ᠪᠠᠷ ᠠᠷᠭ᠋ᠠᠴᠠᠭ᠋ᠠᠵᠤ᠂ ᠨᠢᠭᠡᠨᠲᠡ ᠨᠠᠷᠢᠨ ᠲᠠᠩᠰᠠ ᠬᠠᠩᠭ᠋ᠠᠭᠰᠠᠨ ᠠᠰᠠᠭᠤᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠥᠪᠡᠰᠦᠪᠡᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠥᠬᠡᠶ ᠪᠠᠶ᠋ᠢᠬᠤ;   

  4. ᠪᠤᠰᠤᠳ 4 —6 ᠬᠤᠪᠢ ᠲᠡᠮᠳᠡᠭᠯᠡᠭᠦᠯᠬᠦ ᠴᠢᠬᠤᠯᠠᠲᠠᠶ ᠪᠠᠶ᠋ᠢᠳᠠᠯ᠃   

  (ᠭᠤᠷᠪᠠ) ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ᠎ᠳᠤ ᠬᠤᠯᠪᠣᠭᠳᠠᠭᠰᠠᠨ ᠬᠠᠮᠢᠶ᠎ᠠ ᠪᠦᠬᠦᠢ ᠬᠥᠮᠦᠰ᠎ᠲᠤ ᠳᠣᠣᠷᠠᠬᠢ ᠨᠠᠵᠠᠭ᠋ᠠᠢ ᠲᠠᠯ᠎ᠠ ᠵᠢᠨ ᠪᠠᠶ᠋ᠢᠳᠠᠯ ᠭᠠᠷᠴᠤ᠂ ᠨᠢᠭᠡ ᠪᠠᠶ᠋ᠢᠭ᠋ᠠᠯᠢ ᠵᠢᠨ ᠵᠢᠯ᠎ᠳᠤ ᠡᠩ᠎ᠤᠨ ᠬᠠᠷᠢᠭᠤᠴᠠᠯᠭ᠎ᠠ᠎ᠲᠠᠢ 7 ᠬᠤᠪᠢ / ᠤᠳᠠᠭ᠎ᠠ᠂ ᠴᠢᠬᠤᠯᠠ ᠬᠠᠷᠢᠭᠤᠴᠠᠯᠭ᠎ᠠ᠎ᠲᠠᠢ ᠪᠣᠯ 8 ᠬᠤᠪᠢ / ᠤᠳᠠᠭ᠎ᠠ᠂ ᠭᠤᠣᠯ ᠬᠠᠷᠢᠭᠤᠴᠠᠯᠭ᠎ᠠ᠎ᠲᠠᠢ ᠪᠣᠯ 9 ᠬᠤᠪᠢ / ᠤᠳᠠᠭ᠎ᠠ ᠪᠣᠯᠤᠨ᠎ᠠ᠄   

  1. ᠪᠦᠷᠢᠳᠬᠡᠨ ᠳᠠᠩᠰᠠᠯᠠᠭᠤᠯᠬᠤ ᠥᠬᠡᠶ ᠬᠠᠮᠢᠶ᠎ᠠ ᠪᠥᠬᠦᠶ ᠬᠥᠮᠦᠰ᠂ ᠡᠰᠡᠬᠦᠯ᠎ᠡ ᠪᠦᠷᠢᠳᠬᠡᠨ ᠳᠠᠩᠰᠠᠯᠠᠬᠤ ᠪᠠᠶ᠋ᠢᠳᠠᠯ᠎ᠨᠢ ᠲᠦᠷ ᠵᠣᠭᠰᠣᠭ᠋ᠠᠭᠰᠠᠨ᠂ ᠡᠴᠦᠰᠯᠡᠭᠰᠡᠨ ᠬᠠᠮᠢᠶ᠎ᠠ ᠪᠥᠬᠦᠶ ᠬᠠᠷᠢᠭᠤᠴᠠᠯᠭ᠋ᠠᠲᠠᠨ᠎ᠠᠴᠠ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠳ᠋ᠦᠩᠨᠡᠨ ᠪᠤᠳᠤᠬᠤ ᠵᠢ ᠬᠠᠩᠭ᠋ᠠᠭᠰᠠᠨ;   

  2. ᠪᠤᠰᠤᠳ ᠲᠡᠮᠳᠡᠭᠯᠡᠭᠦᠯᠬᠦ ᠶᠣᠰᠣᠲᠠᠶ 7-9 ᠬᠤᠪᠢ ᠵᠢᠨ ᠪᠠᠶ᠋ᠢᠳᠠᠯ᠃   

  (ᠲᠦᠷᠪᠡ) ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ᠎ᠳᠤ ᠬᠤᠯᠪᠣᠭᠳᠠᠬᠤ ᠬᠠᠮᠢᠶ᠎ᠠ ᠪᠦᠬᠦᠢ ᠬᠥᠮᠦᠰ᠎ᠲᠤ ᠳᠣᠤᠷᠠᠬᠢ ᠨᠠᠵᠠᠭ᠋ᠠᠢ ᠲᠠᠯ᠎ᠠ ᠵᠢᠨ ᠪᠠᠶ᠋ᠢᠳᠠᠯ ᠭᠠᠷᠴᠤ᠂ ᠨᠢᠭᠡ ᠪᠠᠶ᠋ᠢᠭ᠋ᠠᠯᠢ ᠵᠢᠨ ᠣᠨ᠎ᠤ ᠳᠣᠲᠣᠷ᠎ᠠ᠂ ᠡᠩ᠎ᠤᠨ ᠬᠠᠷᠢᠭᠤᠴᠠᠯᠭ᠎ᠠ᠎ᠲᠠᠢ 10 ᠬᠤᠪᠢ / ᠤᠳᠠᠭ᠎ᠠ᠂ ᠴᠢᠬᠤᠯᠠ ᠬᠠᠷᠢᠭᠤᠴᠠᠯᠭ᠎ᠠ᠎ᠲᠠᠢ ᠲᠡᠮᠳᠡᠭᠯᠡᠯ᠎ᠳᠤ 11 ᠬᠤᠪᠢ / ᠤᠳᠠᠭ᠎ᠠ᠂ ᠭᠤᠣᠯ ᠬᠠᠷᠢᠭᠤᠴᠠᠯᠭ᠎ᠠ᠎ᠲᠠᠢ ᠲᠡᠮᠳᠡᠭᠯᠡᠯ᠎ᠳᠤ 12 ᠬᠤᠪᠢ / ᠤᠳᠠᠭ᠎ᠠ ᠪᠣᠶ᠄   

  1. ᠬᠠᠮᠢᠶ᠎ᠠ ᠪᠥᠬᠦᠶ ᠬᠥᠮᠦᠰ᠎ᠤᠨ ᠪᠠᠶ᠋ᠢᠭ᠎ᠠ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠪᠤᠶᠤ ᠬᠡᠯᠲᠡᠰ (ᠰᠠᠯᠠᠭ᠎ᠠ ᠲᠠᠰᠤᠭ)᠎ᠨᠢ ᠡᠮ ᠡᠮᠨᠡᠯᠭᠡ ᠵᠢᠨ ᠪᠠᠲᠤᠯᠠᠭ᠎ᠠ ᠵᠢᠨ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠵᠦ᠂ ᠡᠮ ᠡᠮᠨᠡᠯᠭᠡ ᠵᠢᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ 《ᠲᠦᠷᠢᠮ》᠎ᠢ ᠦᠨᠳᠦᠰᠦᠯᠡᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠥᠭᠭᠦᠭᠰᠡᠨ ᠪᠠᠶ᠋ᠢᠪᠠᠯ᠂ ᠲᠣᠰ ᠠᠵᠢᠯᠲᠠᠨ ᠬᠠᠷᠢᠭᠤᠴᠠᠯᠭ᠎ᠠ ᠡᠭᠦᠷᠭᠡᠯᠡᠭᠴᠢ;   

  2. ᠠᠵᠢᠯ ᠲᠦᠷᠦᠯ᠎ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠳᠠᠩᠰᠠᠯᠠᠭᠰᠠᠨ᠎ᠢ ᠬᠦᠴᠦᠨ ᠦᠭᠡᠢ ᠪᠣᠯᠭ᠋ᠠᠵᠤ᠂ ᠡᠷᠡᠭᠦᠯ ᠬᠠᠮᠠᠭ᠋ᠠᠯᠠᠯ᠎ᠤᠨ ᠲᠤᠰᠬᠠᠢ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ ᠪᠤᠶᠤ ᠠᠵᠢᠯ ᠡᠷᠬᠢᠯᠡᠬᠦ ᠦᠨᠡᠮᠯᠡᠯ᠎ᠢ ᠬᠦᠴᠦᠨ ᠦᠭᠡᠢ ᠪᠣᠯᠭ᠋ᠠᠭᠰᠠᠨ ᠪᠤᠶᠤ ᠬᠦᠴᠦᠨ ᠦᠭᠡᠢ ᠪᠣᠯᠭ᠋ᠠᠭᠰᠠᠨ;   

  3. ᠬᠠᠮᠢᠶ᠎ᠠ ᠪᠥᠬᠦᠶ ᠬᠥᠮᠦᠰ᠎ᠤᠨ ᠪᠠᠶ᠋ᠢᠭ᠎ᠠ ᠴᠡᠭ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠪᠤᠶᠤ ᠬᠡᠯᠲᠡᠰ (ᠰᠠᠯᠠᠭ᠎ᠠ ᠲᠠᠰᠤᠭ) ᠡᠮᠴᠢᠯᠡᠭᠡᠨ᠎ᠤ ᠪᠠᠲᠤᠯᠠᠭ᠎ᠠ ᠵᠢᠨ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠵᠦ᠂ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ 《ᠲᠦᠷᠢᠮ》᠎ᠤᠨ ᠭᠤᠴᠢᠨ ᠨᠠᠢ᠍ᠮᠠᠳᠤᠭ᠋ᠠᠷ ᠵᠣᠷᠪᠣᠰ᠂ ᠭᠤᠴᠢ ᠶᠢᠰᠦᠳᠦᠭᠡᠷ ᠵᠣᠷᠪᠣᠰ᠎ᠢ ᠦᠨᠳᠦᠰᠦᠯᠡᠨ ᠵᠠᠷᠯᠢᠭᠳᠠᠨ ᠵᠠᠯᠠᠷᠠᠭᠤᠯᠵᠤ᠂ ᠬᠠᠷᠢᠭᠤᠴᠠᠯᠭ᠎ᠠ᠎ᠲᠠᠢ ᠬᠤᠯᠪᠣᠭᠳᠠᠯ ᠪᠥᠬᠦᠶ ᠬᠥᠮᠦᠰ ᠵᠠᠯᠠᠷᠠᠭᠤᠯᠬᠤ ᠥᠬᠡᠶ ᠪᠠᠶ᠋ᠢᠪᠠᠯ;   

  4. ᠪᠤᠰᠤᠳ ᠲᠡᠮᠳᠡᠭᠯᠡᠭᠦᠯᠬᠦ ᠶᠣᠰᠣᠲᠠᠶ ᠪᠠᠶ᠋ᠢᠳᠠᠯ 10-12 ᠬᠤᠪᠢ᠃

  ᠠᠷᠪᠠ ᠶᠢᠰᠦᠳᠦᠭᠡᠷ ᠵᠣᠷᠪᠣᠰ ᠡᠮᠴᠢᠯᠡᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠬᠤᠪᠢ ᠲᠡᠮᠳᠡᠭᠯᠡᠭᠰᠡᠨ ᠪᠠᠶ᠋ᠢᠳᠠᠯ ᠵᠶ᠋ᠠᠨ ᠦᠨᠳᠦᠰᠦᠯᠡᠨ᠂ ᠬᠠᠮᠢᠶ᠎ᠠ ᠪᠦᠬᠦᠢ ᠬᠥᠮᠦᠰ᠎ᠲᠤ ᠳᠣᠤᠷᠠᠬᠢ ᠮᠡᠲᠦ ᠠᠷᠭ᠎ᠠ ᠬᠡᠮᠵᠢᠶ᠎ᠡ ᠵᠢ ᠠᠪᠬᠤ ᠬᠡᠷᠡᠭᠲᠡᠶ᠄   

  (ᠨᠢᠭᠡ) ᠨᠢᠭᠡ ᠪᠠᠶ᠋ᠢᠭ᠋ᠠᠯᠢ ᠵᠢᠨ ᠣᠨ᠎ᠤ ᠳᠣᠲᠣᠷ᠎ᠠ ᠲᠡᠮᠳᠡᠭᠯᠡᠭᠦᠯᠦᠭᠰᠡᠨ ᠬᠤᠪᠢ ᠨᠡᠶ᠋ᠢᠲᠡ 3 ᠬᠤᠪᠢ᠎ᠳᠤ ᠬᠦᠷᠴᠦ᠂ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ᠎ᠠᠴᠠ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠤ ᠪᠠᠶ᠋ᠢᠭ᠎ᠠ ᠭᠠᠵᠠᠷ᠎ᠤᠨ ᠡᠮ ᠡᠮᠨᠡᠯᠭᠡ ᠵᠢᠨ ᠪᠠᠢ᠍ᠭᠤᠯᠤᠮᠵᠢ᠎ᠳᠤ ᠬᠤᠪᠢ ᠲᠡᠮᠳᠡᠭᠯᠡᠭᠰᠡᠨ ᠪᠠᠶ᠋ᠢᠳᠠᠯ ᠵᠶ᠋ᠠᠨ ᠮᠡᠳᠡᠭᠳᠡᠵᠦ᠂ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠢ᠍ᠭᠤᠯᠤᠮᠵᠢ᠎ᠠᠴᠠ ᠶᠠᠷᠢᠯᠴᠠᠨ ᠰᠠᠨᠠᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠪᠠ ᠡᠮᠴᠢᠯᠡᠭᠡᠨ᠎ᠤ ᠳᠠᠭ᠋ᠠᠳᠬᠠᠯ᠎ᠤᠨ ᠮᠡᠳᠡᠯᠭᠡ ᠵᠢᠨ ᠰᠤᠷᠤᠯᠴᠠᠯᠭ᠎ᠠ ᠪᠣᠯᠪᠠᠰᠤᠷᠠᠯ᠎ᠢ ᠵᠣᠬᠢᠶᠠᠨ ᠪᠠᠢ᠍ᠭᠤᠯᠤᠨ᠎ᠠ᠃   

  (ᠬᠤᠶᠠᠷ) ᠨᠢᠭᠡ ᠪᠠᠶ᠋ᠢᠭ᠋ᠠᠯᠢ ᠵᠢᠨ ᠣᠨ᠎ᠤ ᠳᠣᠲᠣᠷ᠎ᠠ ᠲᠡᠮᠳᠡᠭᠯᠡᠭᠦᠯᠦᠭᠰᠡᠨ ᠬᠤᠪᠢ ᠨᠡᠶ᠋ᠢᠲᠡ 9 ᠬᠤᠪᠢ᠎ᠳᠤ ᠬᠦᠷᠪᠡᠯ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠢ 1 ᠰᠠᠷ᠎ᠠ ᠲᠦᠷ ᠵᠣᠭᠰᠣᠭ᠋ᠠᠨ᠎ᠠ; ᠨᠢᠭᠡ ᠯᠡ ᠤᠳᠠᠭ᠎ᠠ᠎ᠳᠤ ᠲᠡᠮᠳᠡᠭᠯᠡᠭᠦᠯᠦᠭᠰᠡᠨ ᠬᠤᠪᠢ 9 ᠬᠤᠪᠢ᠎ᠳᠤ ᠬᠦᠷᠪᠡᠯ ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠢ 2 ᠰᠠᠷ᠎ᠠ ᠲᠦᠷ ᠵᠣᠭᠰᠣᠭ᠋ᠠᠨ᠎ᠠ; ᠨᠢᠭᠡ ᠯᠡ ᠤᠳᠠᠭ᠎ᠠ᠎ᠳᠤ ᠲᠡᠮᠳᠡᠭᠯᠡᠭᠦᠯᠦᠭᠰᠡᠨ ᠬᠤᠪᠢ ᠨᠡᠶ᠋ᠢᠲᠡ 10 ᠬᠤᠪᠢ᠎ᠳᠤ ᠬᠦᠷᠪᠡᠯ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠢ 3 ᠰᠠᠷ᠎ᠠ ᠲᠦᠷ ᠵᠣᠭᠰᠣᠭ᠋ᠠᠨ᠎ᠠ; ᠨᠢᠭᠡ ᠯᠡ ᠤᠳᠠᠭ᠎ᠠ᠎ᠳᠤ ᠲᠡᠮᠳᠡᠭᠯᠡᠭᠦᠯᠦᠭᠰᠡᠨ ᠬᠤᠪᠢ 10 ᠬᠤᠪᠢ᠎ᠳᠤ ᠬᠦᠷᠪᠡᠯ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠢ 4 ᠰᠠᠷ᠎ᠠ ᠲᠦᠷ ᠵᠣᠭᠰᠣᠭ᠋ᠠᠨ᠎ᠠ; ᠨᠢᠭᠡ ᠯᠡ ᠤᠳᠠᠭ᠎ᠠ᠎ᠳᠤ ᠲᠡᠮᠳᠡᠭᠯᠡᠭᠦᠯᠦᠭᠰᠡᠨ ᠬᠤᠪᠢ ᠨᠡᠶ᠋ᠢᠲᠡ 11 ᠬᠤᠪᠢ᠎ᠳᠤ ᠬᠦᠷᠪᠡᠯ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠢ 5 ᠰᠠᠷ᠎ᠠ ᠲᠦᠷ ᠵᠣᠭᠰᠣᠭ᠋ᠠᠨ᠎ᠠ; ᠨᠢᠭᠡ ᠯᠡ ᠤᠳᠠᠭ᠎ᠠ᠎ᠳᠤ ᠲᠡᠮᠳᠡᠭᠯᠡᠭᠦᠯᠦᠭᠰᠡᠨ ᠬᠤᠪᠢ 11 ᠬᠤᠪᠢ᠎ᠳᠤ ᠬᠦᠷᠪᠡᠯ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠢ 6 ᠰᠠᠷ᠎ᠠ ᠲᠦᠷ ᠵᠣᠭᠰᠣᠭ᠋ᠠᠨ᠎ᠠ᠃   

  (ᠭᠤᠷᠪᠠ) ᠨᠢᠭᠡ ᠪᠠᠶ᠋ᠢᠭ᠋ᠠᠯᠢ ᠵᠢᠨ ᠣᠨ᠎ᠤ ᠳᠣᠲᠣᠷᠠᠬᠢ ᠲᠡᠮᠳᠡᠭᠯᠡᠭᠰᠡᠨ ᠬᠤᠪᠢ᠎ᠨᠢ ᠨᠡᠶ᠋ᠢᠲᠡ 12 ᠬᠤᠪᠢ᠎ᠳᠤ ᠬᠦᠷᠪᠡᠯ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠢ᠎ᠨᠢ ᠵᠣᠭᠰᠤᠭ᠋ᠠᠵᠤ᠂ ᠳᠠᠭᠤᠰᠬᠠᠭᠰᠠᠨ ᠡᠳᠦᠷ᠎ᠠᠴᠠ ᠡᠬᠢᠯᠡᠨ 1 ᠵᠢᠯ᠎ᠤᠨ ᠳᠣᠲᠣᠷ᠎ᠠ ᠳᠠᠭᠢᠵᠤ ᠳᠠᠩᠰᠠᠯᠠᠨ ᠲᠡᠮᠳᠡᠭᠯᠡᠵᠦ ᠪᠣᠯᠬᠤ ᠦᠭᠡᠢ᠃   

  (ᠲᠦᠷᠪᠡ) ᠨᠢᠭᠡ ᠯᠡ ᠤᠳᠠᠭ᠎ᠠ᠎ᠳᠤ ᠲᠡᠮᠳᠡᠭᠯᠡᠭᠰᠡᠨ ᠬᠤᠪᠢ᠎ᠨᠢ 12 ᠬᠤᠪᠢ᠎ᠳᠤ ᠬᠦᠷᠪᠡᠯ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠢ᠎ᠨᠢ ᠡᠴᠦᠰᠯᠡᠭᠦᠯᠵᠦ᠂ ᠳᠠᠭᠤᠰᠬᠠᠭᠰᠠᠨ ᠡᠳᠦᠷ᠎ᠠᠴᠠ ᠡᠬᠢᠯᠡᠨ 3 ᠵᠢᠯ᠎ᠤᠨ ᠳᠣᠲᠣᠷ᠎ᠠ ᠳᠠᠭᠢᠵᠤ ᠳᠡᠩᠰᠡᠯᠡᠵᠦ ᠪᠣᠯᠬᠤ ᠥᠬᠡᠶ᠃   

  ᠬᠤᠷᠢᠳᠣᠭ᠋ᠠᠷ ᠵᠣᠷᠪᠣᠰ ᠴᠡᠭ ᠲᠣᠠᠠᠳ᠋ᠬᠠᠰᠠᠨ ᠡᠮ ᠡᠮᠨᠡᠯᠬᠡ ᠵᠢᠨ ᠪᠠᠶ᠋ᠢᠭᠤᠯᠥᠮᠵᠢ ᠪᠤᠶᠤ ᠬᠡᠯᠲᠡᠰ (ᠰᠠᠯᠠᠭ᠎ᠠ ᠳᠠᠰᠤᠭ) ᠡᠮᠴᠢᠯᠡᠬᠡᠨ᠎ᠤ ᠲᠠᠭ᠋ᠠᠳᠬᠠᠯ᠎ᠤᠨ ᠰᠠᠭᠤᠷᠢ ᠮᠦᠡᠭᠬᠦ ᠵᠢᠨ ᠭᠡᠷᠡᠭᠯᠡᠬᠦ ᠵᠢ ᠵᠣᠠᠠᠰᠣᠭ᠋ᠠᠠᠠᠰᠠᠨ ᠪᠤᠶᠤ ᠵᠣᠠᠠᠰᠣᠭ᠋ᠠᠯᠭ᠋ᠠᠬᠤ᠎ᠪᠠᠷ ᠵᠠᠷᠯᠢᠠᠠᠳ᠋ᠬᠠᠰᠠᠨ ᠡᠮᠴᠢᠯᠡᠭᠡᠨ᠎ᠤ ᠦᠢ᠍ᠯᠡᠴᠢᠯᠡᠭᠡ᠎ᠨᠢ ᠬᠤᠭᠤᠴᠠᠭ᠎ᠠ᠎ᠨᠢ ᠲᠠᠭᠤᠰᠣᠠᠠᠰᠠᠨ᠎ᠤ ᠳᠡᠷᠠᠭ᠎ᠠ ᠦᠨᠡᠯᠡᠨ ᠵᠢᠱ᠌ᠢᠬᠦ᠎ᠪᠠᠷ ᠳᠡᠮᠵᠢᠨ ᠴᠡᠭ ᠲᠣᠠᠠᠳ᠋ᠬᠠᠰᠠᠨ ᠪᠠᠶ᠋ᠢᠪᠠᠯ᠂ ᠬᠠᠮᠢᠶ᠎ᠠ ᠪᠦᠬᠦᠢ ᠬᠠᠷᠢᠭᠤᠴᠠᠯᠭ᠎ᠠ᠎ᠲᠠᠢ ᠬᠦᠮᠦᠨ᠎ᠤ ᠡᠮᠴᠢᠯᠡᠭᠡᠨ᠎ᠤ ᠲᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠭᠡᠮ ᠵᠶ᠋ᠠᠨ ᠳᠦᠷ ᠵᠣᠠᠠᠰᠣᠭ᠋ᠠᠬᠤ ᠴᠠᠭ᠎ᠨᠢ ᠮᠦᠨ ᠬᠦ᠌ ᠬᠤᠭᠤᠴᠠᠭ᠎ᠠ ᠳᠦᠭᠦᠷᠦᠬᠡᠳᠦᠢ ᠪᠠᠢ᠌ᠪᠠᠯ᠂ ᠪᠦᠷᠢᠳᠬᠡᠭᠦᠯᠦᠭᠰᠡᠨ ᠪᠠᠢ᠌ᠳᠠᠯ᠎ᠨᠢ ᠮᠦᠨ ᠬᠦ᠌ ᠲᠦᠷ ᠵᠣᠠᠠᠰᠣᠭ᠋ᠠᠬᠤ᠎ᠠᠴᠠ ᠪᠣᠯᠵᠦ ᠬᠤᠭᠤᠴᠠᠭ᠎ᠠ ᠳᠦᠭᠦᠷᠲᠡᠯ᠎ᠡ ᠦᠷᠭᠦᠯᠵᠢᠯᠡᠨ᠎ᠡ᠃   

  ᠬᠤᠷᠢᠨ ᠨᠢᠭᠡᠳᠦᠭᠡᠷ ᠵᠣᠷᠪᠣᠰ ᠲᠣᠭᠲᠠᠭᠰᠠᠨ ᠡᠮ ᠡᠮᠨᠡᠯᠭᠡ ᠵᠢᠨ ᠪᠠᠢ᠌ᠭᠣᠯᠣᠮᠵᠢ᠎ᠨᠢ ᠬᠠᠮᠢᠶ᠎ᠠ ᠪᠥᠬᠦᠶ ᠬᠥᠮᠦᠰ᠎ᠲᠤ ᠪᠦᠷᠢᠳᠬᠡᠨ ᠳᠠᠩᠰᠠᠯᠠᠭᠰᠠᠨ ᠪᠠᠢ᠌ᠳᠠᠯ᠂ ᠬᠤᠪᠢ ᠲᠡᠮᠳᠡᠭᠯᠡᠭᠰᠡᠨ ᠵᠡᠷᠭᠡ ᠪᠠᠢ᠌ᠳᠠᠯ᠎ᠢ ᠪᠠᠢ᠌ᠴᠠᠭ᠋ᠠᠨ ᠯᠠᠪᠯᠠᠬᠤ ᠵᠢ ᠴᠢᠯᠥᠭᠡᠲᠡᠶ ᠲᠠᠯᠪᠢᠬᠤ ᠬᠡᠷᠡᠭᠲᠡᠶ᠃ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠨᠢ ᠬᠠᠮᠢᠶ᠎ᠠ ᠪᠦᠬᠦᠢ ᠬᠥᠮᠦᠰ᠎ᠲᠤ ᠬᠦᠴᠦᠨ ᠪᠦᠬᠦᠢ ᠲᠡᠮᠳᠡᠭ ᠲᠠᠯᠪᠢᠵᠤ᠂ ᠵᠣᠬᠢᠬᠤ ᠬᠡᠪᠴᠢᠶᠡᠨ ᠳᠣᠲᠣᠷ᠎ᠠ ᠢᠯᠡ ᠪᠣᠯᠭ᠋ᠠᠵᠤ᠂ ᠪᠤᠰᠤᠳ ᠡᠮᠨᠡᠯᠭᠡ ᠵᠢᠨ ᠠᠵᠢᠯᠲᠠᠨ᠎ᠳᠤ ᠰᠡᠷᠡᠮᠵᠢ ᠥᠭᠬᠦ ᠦᠢ᠍ᠯᠡᠳᠦᠯ ᠦᠵᠡᠭᠦᠯᠬᠦ ᠮᠥᠷᠲᠡᠭᠡᠨ ᠪᠠᠰᠠ ᠳᠠᠭ᠋ᠠᠳᠬᠠᠯ᠎ᠳᠤ ᠣᠷᠣᠯᠴᠠᠭᠴᠢ ᠵᠢᠴᠢ ᠲᠡᠳᠡᠨ᠎ᠤ ᠭᠡᠷ ᠪᠦᠯᠢ ᠵᠢᠨ ᠡᠮᠴᠢᠯᠡᠭᠡᠨ᠎ᠤ ᠦᠢ᠍ᠯᠡᠴᠢᠯᠡᠭᠡᠨ᠎ᠤ ᠶᠠᠪᠤᠴᠠ᠎ᠳᠤ ᠭᠦᠢ᠍ᠴᠡᠳ ᠮᠡᠳᠡᠬᠦ ᠵᠢ ᠦᠨᠡᠨ ᠬᠦ᠌ ᠪᠠᠲᠤᠯᠠᠵᠤ᠂ ᠡᠮᠴᠢ ᠪᠠ ᠡᠪᠡᠳᠴᠢᠲᠡᠨ᠎ᠤ ᠵᠥᠷᠢᠴᠡᠯ ᠡᠭᠦᠰᠬᠦ᠎ᠠᠴᠠ ᠵᠠᠶ᠋ᠢᠯᠠᠰᠬᠢᠵᠦ᠂ ᠬᠡᠪ᠎ᠤᠨ ᠡᠮᠴᠢᠯᠡᠭᠡᠨ᠎ᠤ ᠡᠮᠬᠢ ᠵᠢᠷᠤᠮ᠎ᠢ ᠨᠥᠯᠥᠭᠡᠯᠡᠬᠦ᠎ᠠᠴᠠ ᠵᠠᠶ᠋ᠢᠯᠠᠰᠬᠢᠨ᠎ᠡ᠃ ᠡᠮᠨᠡᠯᠭᠡ᠎ᠳᠤ ᠰᠠᠭᠤᠭᠰᠠᠨ ᠡᠪᠡᠳᠴᠢᠲᠡᠨ᠎ᠤ ᠭᠣᠤᠯᠴᠢᠯᠠᠨ ᠬᠠᠮᠢᠶᠠᠷᠬᠤ ᠡᠮᠴᠢ ᠡᠮᠨᠡᠯᠭᠡ ᠵᠢᠨ ᠳᠠᠭ᠋ᠠᠳᠬᠠᠯ᠎ᠤᠨ ᠮᠥᠩᠭᠥ ᠥᠭᠬᠦ ᠬᠢᠷᠢ ᠭᠡᠮ ᠵᠶ᠋ᠠᠨ ᠲᠦᠷ ᠵᠣᠭᠰᠣᠭ᠋ᠠᠭᠰᠠᠨ᠎ᠤ ᠳᠠᠷᠠᠭ᠎ᠠ᠂ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠨᠢ ᠴᠠᠭ ᠲᠤᠬᠠᠶ᠎ᠳᠤ᠎ᠨᠢ ᠲᠣᠬᠢᠲᠠᠶ ᠰᠢᠢ᠍ᠳᠪᠦᠷᠢᠯᠡᠬᠦ ᠵᠢ ᠰᠠᠶ᠋ᠢᠲᠤᠷ ᠬᠢᠵᠦ᠂ ᠡᠮᠨᠡᠯᠭᠡ᠎ᠳᠤ ᠰᠠᠭᠤᠭᠰᠠᠨ ᠡᠪᠡᠳᠴᠢᠲᠡᠨ᠎ᠤ ᠠᠪᠤᠷᠠᠨ ᠵᠠᠰᠠᠬᠤ ᠪᠠ ᠡᠮᠨᠡᠯᠭᠡ ᠵᠢᠨ ᠳᠠᠭ᠋ᠠᠳᠬᠠᠯ᠎ᠤᠨ ᠵᠠᠷᠤᠳᠠᠯ᠎ᠢ ᠳ᠋ᠦᠩᠨᠡᠨ ᠪᠣᠳᠣᠬᠤ᠎ᠳᠤ ᠨᠥᠯᠥᠭᠡᠯᠡᠭᠳᠡᠬᠦ ᠦᠭᠡᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃   

  ᠬᠤᠷᠢᠨ ᠬᠤᠶᠠᠳᠤᠭ᠋ᠠᠷ ᠵᠣᠷᠪᠣᠰ ᠬᠠᠮᠢᠶ᠎ᠠ ᠪᠥᠬᠦᠶ ᠬᠥᠮᠦᠰ ᠬᠤᠪᠢ ᠲᠡᠮᠳᠡᠭᠯᠡᠵᠦ ᠰᠡᠯᠪᠢᠨ ᠰᠡᠷᠭᠦᠭᠡᠬᠦ ᠭᠤᠶᠤᠴᠢᠯᠠᠯ ᠳᠤᠷᠠᠳᠤᠭᠰᠠᠨ ᠪᠠᠶ᠋ᠢᠪᠠᠯ᠂ ᠲᠡᠭᠦᠨ᠎ᠤ ᠪᠠᠶ᠋ᠢᠭ᠎ᠠ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠪᠠᠷ ᠬᠢᠨᠠᠨ ᠵᠥᠪᠰᠢᠶᠡᠷᠡᠭᠦᠯᠦᠭᠰᠡᠨ᠎ᠤ ᠳᠠᠷᠠᠭ᠎ᠠ᠂ ᠬᠠᠷᠢᠶ᠎ᠠ ᠭᠠᠵᠠᠷ᠎ᠤᠨ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ᠎ᠳᠤ ᠮᠡᠳᠡᠭᠦᠯᠦᠨ᠎ᠡ᠃ ᠡᠮᠴᠢᠯᠡᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠭᠤᠶᠤᠴᠢᠯᠠᠯ᠎ᠢ ᠣᠯᠤᠭᠰᠠᠨ᠎ᠤ ᠳᠠᠷᠠᠭ᠎ᠠ᠂ ᠬᠠᠮᠢᠶ᠎ᠠ ᠪᠦᠬᠦᠢ ᠬᠥᠮᠦᠰ᠎ᠤᠨ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠢ ᠳᠠᠬᠢᠨ ᠬᠢᠨᠠᠵᠤ᠂ ᠲᠣᠭᠲᠠᠭ᠋ᠠᠯ᠎ᠳᠤ ᠨᠡᠶ᠋ᠢᠴᠡᠪᠡᠯ ᠬᠠᠰᠤᠵᠤ ᠬᠡᠯᠲᠦᠷᠢᠭᠦᠯᠦᠨ ᠬᠤᠪᠢ ᠲᠡᠮᠳᠡᠭᠯᠡᠭᠦᠯᠬᠦ᠂ ᠲᠦᠷ ᠵᠣᠭᠰᠣᠭ᠋ᠠᠬᠤ ᠪᠤᠶᠤ ᠳᠠᠭᠤᠰᠬᠠᠬᠤ ᠬᠤᠭᠤᠴᠠᠭ᠎ᠠ ᠬᠢᠵᠠᠭ᠋ᠠᠷ ᠵᠡᠷᠭᠡ ᠰᠡᠷᠭᠦᠭᠡᠬᠦ ᠠᠷᠭ᠎ᠠ ᠬᠡᠮᠵᠢᠶ᠎ᠡ ᠠᠪᠴᠤ ᠪᠣᠯᠤᠨ᠎ᠠ᠃   

  ᠬᠤᠷᠢᠨ ᠭᠤᠷᠪᠠᠳᠤᠭ᠋ᠠᠷ ᠵᠣᠷᠪᠣᠰ ᠵᠠᠰᠠᠨ ᠰᠡᠷᠭᠦᠭᠡᠬᠦ ᠠᠷᠭ᠎ᠠ ᠵᠠᠮ᠎ᠳᠤ᠄ ᠰᠤᠷᠤᠯᠴᠠᠯᠭ᠎ᠠ ᠪᠣᠯᠪᠠᠰᠤᠷᠠᠯ ᠪᠠ ᠲᠤᠬᠠᠶ ᠵᠢᠨ ᠲᠠᠯᠠᠪᠤᠷ᠎ᠲᠤ ᠡᠮ ᠡᠮᠨᠡᠯᠭᠡ ᠵᠢᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠠᠵᠢᠯᠯᠠᠭ᠎ᠠ᠂ ᠨᠢᠰᠦᠯᠲᠡ ᠵᠢᠨ ᠪᠠᠶ᠋ᠢᠴᠠᠭ᠋ᠠᠯᠲᠠ᠂ ᠲᠤᠰᠬᠠᠶ ᠪᠠᠶ᠋ᠢᠴᠠᠭ᠋ᠠᠯᠲᠠ ᠵᠡᠷᠭᠡ᠎ᠳᠤ ᠣᠷᠣᠯᠴᠠᠬᠤ ᠵᠡᠷᠭᠡ ᠪᠠᠭᠲᠠᠨ᠎ᠠ᠃   

  (ᠨᠢᠭᠡ) ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠵᠠᠰᠠᠨ ᠰᠡᠷᠭᠦᠭᠡᠬᠦ ᠭᠤᠶᠤᠴᠢᠯᠠᠯ᠎ᠤᠨ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠬᠡᠷᠡᠭᠯᠡᠬᠦ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠦᠷᠢᠮ ᠲᠣᠭᠲᠠᠭ᠋ᠠᠯ ᠲᠥᠷᠥ ᠵᠢᠨ ᠪᠣᠳᠣᠯᠭ᠎ᠠ ᠵᠡᠷᠭᠡ ᠵᠢᠨ ᠲᠣᠭᠤᠷᠢᠨ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠰᠤᠷᠤᠯᠴᠠᠨ ᠪᠣᠯᠪᠠᠰᠤᠷᠠᠬᠤ ᠵᠢᠴᠢ ᠰᠢᠯᠭ᠋ᠠᠯᠲᠠ ᠵᠢ ᠵᠣᠬᠢᠶᠠᠨ ᠪᠠᠶ᠋ᠢᠭᠤᠯᠵᠤ᠂ ᠬᠠᠮᠢᠶ᠎ᠠ ᠪᠥᠬᠦᠶ ᠬᠥᠮᠦᠰ ᠰᠤᠷᠤᠯᠴᠠᠯᠭ᠎ᠠ᠎ᠪᠠᠷ ᠳᠡᠮᠵᠢᠨ ᠵᠣᠬᠢᠬᠤ ᠬᠢᠴᠢᠶᠡᠯ᠎ᠤᠨ ᠴᠠᠭ᠎ᠲᠤ ᠬᠥᠷᠬᠦ ᠵᠢᠨ ᠬᠠᠮᠲᠤ ᠰᠢᠯᠭ᠋ᠠᠯᠲᠠ᠎ᠪᠠᠷ ᠳᠡᠮᠵᠢᠨ ᠪᠠᠶ᠋ᠢᠪᠠᠯ᠂ ᠣᠨ᠎ᠤ ᠳᠣᠲᠣᠷ᠎ᠠ ᠨᠢᠭᠡ ᠤᠳᠠᠭ᠎ᠠ ᠵᠠᠰᠠᠨ ᠰᠡᠷᠭᠦᠭᠡᠵᠦ᠂ ᠰᠢᠯᠭ᠋ᠠᠯᠲᠠ ᠵᠢᠨ ᠬᠢᠷᠢ ᠪᠦᠲᠦᠮᠵᠢ ᠵᠢ ᠦᠨᠳᠦᠰᠦᠯᠡᠨ 1 — 3 ᠬᠤᠪᠢ ᠬᠠᠰᠤᠵᠤ ᠬᠡᠯᠲᠦᠷᠢᠭᠦᠯᠵᠦ ᠪᠣᠯᠤᠨ᠎ᠠ᠂ ᠡᠭᠦᠨ᠎ᠳᠤ᠄ 60 — 75 ᠬᠤᠪᠢ ᠵᠢ 1 ᠬᠤᠪᠢ ᠬᠠᠰᠤᠵᠤ ᠬᠡᠯᠲᠦᠷᠢᠭᠦᠯᠬᠦ᠂ 76 — 90 ᠬᠤᠪᠢ ᠵᠢ 2 ᠬᠤᠪᠢ ᠬᠠᠰᠤᠵᠤ ᠬᠡᠯᠲᠦᠷᠢᠭᠦᠯᠬᠦ᠂ 91 — 100 ᠬᠤᠪᠢ ᠵᠢ 3 ᠬᠤᠪᠢ ᠬᠠᠰᠤᠵᠤ ᠬᠡᠯᠲᠦᠷᠢᠭᠦᠯᠬᠦ;       

  (ᠬᠤᠶᠠᠷ) ᠬᠠᠮᠢᠶ᠎ᠠ ᠪᠥᠬᠦᠶ ᠬᠥᠮᠦᠰ ᠤᠯᠤᠰ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠵᠣᠬᠢᠶᠠᠨ ᠪᠠᠶ᠋ᠢᠭᠤᠯᠤᠭᠰᠠᠨ ᠡᠮᠴᠢᠯᠡᠭᠡᠨ᠎ᠤ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠲᠦᠷᠢᠮ᠎ᠤᠨ ᠤᠬᠠᠭᠤᠯᠭ᠎ᠠ ᠵᠢᠨ ᠠᠵᠢᠯᠯᠠᠭ᠎ᠠ᠂ ᠨᠢᠰᠦᠯᠲᠡ ᠵᠢᠨ ᠪᠠᠶ᠋ᠢᠴᠠᠭ᠋ᠠᠯᠲᠠ᠂ ᠲᠤᠰᠬᠠᠶ ᠪᠠᠶ᠋ᠢᠴᠠᠭ᠋ᠠᠯᠲᠠ ᠵᠡᠷᠭᠡ ᠠᠵᠢᠯᠯᠠᠭ᠎ᠠ᠎ᠳᠤ ᠢᠳᠡᠪᠬᠢᠲᠡᠶ ᠣᠷᠣᠯᠴᠠᠬᠤ᠎ᠪᠠᠷ ᠳᠡᠮᠵᠢᠨ ᠵᠠᠰᠠᠨ ᠰᠡᠷᠭᠦᠭᠡᠵᠦ ᠪᠣᠯᠤᠨ᠎ᠠ᠂ ᠨᠢᠭᠡ ᠤᠳᠠᠭ᠎ᠠ ᠪᠦᠲᠦᠮᠵᠢᠲᠡᠶ ᠣᠷᠣᠯᠴᠠᠬᠤ ᠪᠦᠷᠢ 1 ᠬᠤᠪᠢ ᠵᠢ ᠬᠠᠰᠤᠵᠤ ᠭᠡᠯᠳᠦᠷᠢᠭᠦᠯᠵᠦ᠂ ᠬᠠᠮᠤᠭ᠎ᠤᠨ ᠠᠷᠪᠢᠨ᠎ᠳᠠᠭᠠᠨ 3 ᠬᠤᠪᠢ᠎ᠠᠴᠠ ᠬᠡᠲᠦᠷᠡᠭᠦᠯᠵᠦ ᠪᠣᠯᠬᠤ ᠥᠬᠡᠶ᠃   

  ᠰᠠᠯᠪᠢᠨ ᠵᠠᠰᠠᠭᠰᠠᠨ᠎ᠤ ᠳᠠᠷᠠᠭ᠎ᠠ᠂ ᠪᠦᠷᠢᠳᠬᠡᠨ ᠳᠠᠩᠰᠠᠯᠠᠭᠤᠯᠤᠭᠰᠠᠨ ᠪᠠᠶ᠋ᠢᠳᠠᠯ᠎ᠳᠤ ᠲᠣᠬᠢᠷᠠᠭᠤᠯᠤᠯᠲᠠ ᠬᠢᠬᠦ᠎ᠳᠤ ᠬᠤᠯᠪᠣᠭᠳᠠᠪᠠᠯ᠂ ᠲᠦᠷ ᠵᠣᠭᠰᠣᠭ᠋ᠠᠬᠤ ᠪᠤᠶᠤ ᠳᠠᠭᠤᠰᠬᠠᠬᠤ ᠴᠠᠭ᠎ᠤᠨ ᠬᠢᠵᠠᠭ᠋ᠠᠷ᠎ᠢ 1 ᠰᠠᠷ᠎ᠠ ᠪᠣᠭᠤᠨᠢᠰᠬᠠᠵᠤ ᠪᠣᠯᠣᠨ᠎ᠠ᠃ ᠨᠢᠭᠡ ᠯᠡ ᠤᠳᠠᠭ᠎ᠠ᠎ᠳᠤ 12 ᠬᠤᠪᠢ ᠲᠡᠮᠳᠡᠭᠯᠡᠭᠦᠯᠦᠭᠰᠡᠨ ᠪᠠᠶ᠋ᠢᠪᠠᠯ ᠰᠡᠯᠪᠢᠨ ᠵᠠᠰᠠᠬᠤ ᠦᠭᠡᠢ᠃   

  ᠬᠤᠷᠢᠨ ᠳᠥᠷᠪᠡᠳᠦᠭᠡᠷ ᠵᠣᠷᠪᠣᠰ ᠬᠠᠮᠢᠶ᠎ᠠ ᠪᠥᠬᠦᠶ ᠬᠠᠷᠢᠭᠤᠴᠠᠯᠭ᠋ᠠᠲᠠᠨ ᠪᠦᠷᠢᠳᠬᠡᠨ ᠳᠠᠩᠰᠠᠯᠠᠭᠰᠠᠨ ᠪᠠᠶ᠋ᠢᠳᠠᠯ ᠵᠶ᠋ᠠᠨ ᠲᠦᠷ ᠵᠣᠭᠰᠣᠭ᠋ᠠᠵᠤ᠂ ᠳᠠᠭᠤᠰᠬᠠᠬᠤ ᠬᠤᠭᠤᠴᠠᠭ᠎ᠠ᠎ᠨᠢ ᠳᠦᠭᠦᠷᠪᠡᠯ᠂ ᠬᠠᠮᠢᠶ᠎ᠠ ᠪᠥᠬᠦᠶ ᠬᠥᠮᠦᠰ ᠬᠢᠷᠢ ᠬᠡᠮ᠎ᠢ ᠰᠡᠷᠭᠦᠭᠡᠬᠦ ᠭᠤᠶᠤᠴᠢᠯᠠᠯ ᠳᠤᠷᠠᠳᠴᠤ᠂ ᠲᠡᠭᠦᠨ᠎ᠤ ᠪᠠᠶ᠋ᠢᠭ᠎ᠠ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠪᠠᠷ ᠬᠢᠨᠠᠨ ᠵᠥᠪᠰᠢᠶᠡᠷᠡᠭᠦᠯᠦᠭᠰᠡᠨ᠎ᠤ ᠳᠠᠷᠠᠭ᠎ᠠ᠂ ᠬᠠᠷᠢᠶ᠎ᠠ ᠭᠠᠵᠠᠷ᠎ᠤᠨ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ᠎ᠳᠤ ᠮᠡᠳᠡᠭᠦᠯᠦᠨ᠎ᠡ᠃ ᠡᠮᠴᠢᠯᠡᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠭᠤᠶᠤᠴᠢᠯᠠᠯ᠎ᠢ ᠭᠠᠷᠳᠠᠭᠰᠠᠨ᠎ᠤ ᠳᠠᠷᠠᠭ᠎ᠠ᠂ 10 ᠠᠵᠢᠯᠯᠠᠬᠤ ᠡᠳᠦᠷ᠎ᠤᠨ ᠳᠣᠲᠣᠷ᠎ᠠ ᠦᠨᠡᠯᠡᠨ ᠵᠢᠱ᠌ᠢᠯᠲᠡ ᠬᠢᠬᠦ ᠵᠢᠨ ᠬᠠᠮᠲᠤ ᠦᠷ᠎ᠡ ᠳ᠋ᠦᠩ ᠵᠶ᠋ᠠᠨ ᠬᠠᠮᠢᠶ᠎ᠠ ᠪᠦᠬᠦᠢ ᠬᠥᠮᠦᠰ ᠵᠢᠴᠢ ᠪᠠᠶ᠋ᠢᠭ᠎ᠠ ᠴᠡᠭ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠮᠡᠳᠡᠭᠳᠡᠬᠦ ᠬᠡᠷᠡᠭᠲᠡᠶ᠃    ᠦᠨᠡᠯᠡᠨ ᠵᠢᠱ᠌ᠢᠬᠦ᠎ᠪᠠᠷ ᠦᠩᠭᠡᠷᠡᠭᠰᠡᠨ᠎ᠳᠤ᠂ ᠬᠠᠮᠢᠶ᠎ᠠ ᠪᠥᠬᠦᠶ ᠬᠥᠮᠦᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠢᠷᠢ ᠬᠡᠮ᠎ᠢ ᠰᠡᠷᠭᠦᠭᠡᠵᠦ᠂ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ᠎ᠠᠴᠠ ᠬᠠᠮᠢᠶ᠎ᠠ ᠪᠥᠬᠦᠶ ᠬᠥᠮᠦᠰ᠎ᠤᠨ ᠪᠠᠶ᠋ᠢᠭ᠎ᠠ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠮᠡᠳᠡᠭᠳᠡᠵᠦ᠂ ᠪᠦᠷᠢᠳᠬᠡᠨ ᠳᠠᠩᠰᠠᠯᠠᠭᠤᠯᠤᠭᠰᠠᠨ ᠪᠠᠶ᠋ᠢᠳᠠᠯ᠎ᠢ ᠬᠡᠪ᠎ᠤᠨ ᠪᠠᠶ᠋ᠢᠳᠠᠯ ᠵᠶ᠋ᠠᠷ ᠬᠠᠮᠠᠭ᠋ᠠᠯᠠᠨ᠎ᠠ᠃ ᠡᠭᠦᠨ᠎ᠳᠤ᠂ ᠬᠢᠷᠢ ᠬᠡᠮ᠎ᠢ ᠲᠦᠷ ᠵᠣᠭᠰᠣᠭ᠋ᠠᠭᠰᠠᠨ ᠪᠠᠶ᠋ᠢᠪᠠᠯ᠂ ᠣᠨ᠎ᠤ ᠳᠣᠲᠣᠷ᠎ᠠ ᠲᠡᠮᠳᠡᠭᠯᠡᠭᠦᠯᠦᠭᠰᠡᠨ ᠬᠤᠪᠢ ᠵᠢ ᠨᠡᠶ᠋ᠢᠯᠡᠭᠦᠯᠦᠨ ᠪᠤᠳᠤᠨ᠎ᠠ; ᠬᠢᠷᠢ ᠬᠡᠮ᠎ᠢ ᠰᠡᠷᠭᠦᠭᠡᠬᠦ ᠵᠢ ᠵᠣᠭᠰᠤᠭ᠋ᠠᠭᠰᠠᠨ ᠪᠠᠶ᠋ᠢᠪᠠᠯ᠂ ᠳᠠᠬᠢᠨ ᠠᠮᠠᠯᠠᠯᠲᠠ ᠬᠢᠬᠦ ᠪᠠ ᠪᠦᠷᠢᠳᠬᠡᠨ ᠳᠠᠩᠰᠠᠯᠠᠭᠤᠯᠬᠤ ᠬᠡᠷᠡᠭᠲᠡᠢ᠃   

  ᠦᠨᠡᠯᠡᠨ ᠵᠢᠱ᠌ᠢᠬᠦ᠎ᠳᠤ ᠪᠠᠲᠤᠯᠠᠭᠳᠠᠭᠰᠠᠨ ᠦᠭᠡᠶ ᠪᠠᠶ᠋ᠢᠪᠠᠯ᠂ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠠᠴᠠ ᠬᠠᠮᠢᠶ᠎ᠠ ᠪᠦᠬᠦᠢ ᠬᠥᠮᠦᠰ᠎ᠤᠨ ᠪᠠᠶ᠋ᠢᠭ᠎ᠠ ᠴᠡᠭ ᠪᠦᠬᠦᠢ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠮᠡᠳᠡᠭᠳᠡᠨ᠂ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠠᠴᠠ ᠬᠠᠮᠢᠶ᠎ᠠ ᠪᠦᠬᠦᠢ ᠬᠥᠮᠦᠰ᠎ᠲᠤ ᠮᠡᠳᠡᠭᠳᠡᠬᠦ ᠬᠡᠷᠡᠭᠲᠡᠶ᠃   

  ᠬᠤᠷᠢᠨ ᠲᠠᠪᠤᠳᠤᠭ᠋ᠠᠷ ᠵᠣᠷᠪᠣᠰ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠪᠤᠶᠤ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠠᠴᠠ ᠡᠮ ᠡᠮᠨᠡᠯᠭᠡ ᠵᠢᠨ ᠳᠠᠭ᠋ᠠᠳᠬᠠᠯ᠎ᠤᠨ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ ᠵᠢᠨ ᠭᠠᠷᠭ᠋ᠠᠭᠰᠠᠨ ᠬᠤᠪᠢ ᠲᠡᠮᠳᠡᠭᠯᠡᠬᠦ ᠪᠤᠶᠤ ᠳᠠᠩᠰᠠᠯᠠᠨ ᠲᠡᠮᠳᠡᠭᠯᠡᠭᠰᠡᠨ ᠪᠠᠶ᠋ᠢᠳᠠᠯ᠎ᠢ ᠬᠥᠳᠡᠯᠦᠩᠭᠦᠶ᠎ᠪᠠᠷ ᠬᠠᠮᠠᠭ᠋ᠠᠯᠠᠭᠰᠠᠨ ᠦᠷ᠎ᠡ ᠳ᠋ᠦᠩ᠎ᠳᠤ ᠣᠨᠳᠣᠤ ᠰᠠᠨᠠᠯ᠎ᠲᠠᠢ ᠪᠠᠶ᠋ᠢᠪᠠᠯ᠂ ᠰᠢᠢ᠍ᠳᠪᠦᠷᠢᠯᠡᠬᠦ ᠮᠡᠳᠡᠭᠳᠡᠯ᠎ᠤᠨ ᠪᠢᠴᠢᠭ᠎ᠢ ᠣᠯᠣᠭᠰᠠᠨ᠎ᠤ ᠳᠠᠷᠠᠭ᠎ᠠ 10 ᠠᠵᠢᠯᠯᠠᠬᠤ ᠡᠳᠦᠷ᠎ᠤᠨ ᠳᠣᠲᠣᠷ᠎ᠠ᠂ ᠡᠮ ᠡᠮᠨᠡᠯᠭᠡ ᠵᠢᠨ ᠳᠠᠭ᠋ᠠᠳᠬᠠᠯ᠎ᠤᠨ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠳᠤ ᠪᠢᠴᠢᠭ ᠵᠶ᠋ᠠᠷ ᠭᠤᠮᠣᠳᠠᠯ ᠲᠣᠭ᠋ᠠᠴᠢᠵᠤ ᠪᠣᠯᠤᠨ᠎ᠠ᠂ ᠵᠦᠪᠳᠡᠭᠡᠨ ᠲᠣᠳᠣᠷᠬᠠᠶ᠋ᠢᠯᠠᠬᠤ ᠮᠠᠲ᠋ᠧᠷᠢᠶᠠᠯ᠎ᠢ ᠬᠠᠮᠢᠶ᠎ᠠ ᠪᠦᠬᠦᠢ ᠬᠠᠷᠢᠭᠤᠴᠠᠯᠭ᠋ᠠᠲᠠᠨ ᠵᠶ᠋ᠠᠷ ᠭᠠᠷ᠎ᠤᠨ ᠦᠰᠦᠭ ᠵᠢᠷᠤᠭᠤᠯᠤᠭ᠋ᠠᠳ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠪᠠᠷ ᠲᠠᠮᠠᠭ᠎ᠠ ᠳᠠᠷᠤᠭᠤᠯᠵᠤ ᠨᠤᠲᠠᠯᠠᠭᠤᠯᠤᠨ᠎ᠠ᠃ ᠬᠤᠭᠤᠴᠠᠭ᠎ᠠ᠎ᠨᠢ ᠥᠩᠭᠡᠷᠡᠲᠡᠯ᠎ᠡ ᠭᠣᠮᠣᠳᠠᠯ ᠲᠣᠭ᠋ᠠᠴᠢᠭᠰᠠᠨ ᠦᠭᠡᠶ ᠪᠣᠯ ᠲᠠᠶᠠᠭᠳᠠᠭᠰᠠᠨ ᠵᠶ᠋ᠠᠷ ᠦᠵᠡᠨ᠎ᠡ᠃    

  ᠬᠣᠷᠢᠨ ᠵᠢᠷᠭᠤᠳᠤᠭ᠋ᠠᠷ ᠵᠣᠷᠪᠣᠰ ᠡᠮᠴᠢᠯᠡᠭᠡᠨ᠎ᠤ ᠳᠠᠭ᠋ᠠᠳᠬᠠᠯ᠎ᠤᠨ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠨᠢ ᠡᠮᠨᠡᠯᠭᠡ ᠵᠢᠨ ᠳᠠᠭ᠋ᠠᠳᠬᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠠᠮᠢᠶ᠎ᠠ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠵᠢᠨ ᠬᠠᠷᠢᠭᠤᠴᠠᠯᠭ᠎ᠠ ᠵᠢ ᠦᠨᠡᠮᠰᠢᠬᠦ ᠵᠢ ᠦᠨᠳᠦᠰᠦᠯᠡᠨ᠂ ᠬᠤᠪᠢ ᠲᠡᠮᠳᠡᠭᠯᠡᠬᠦ ᠪᠤᠶᠤ ᠪᠦᠷᠢᠳᠬᠡᠨ ᠳᠠᠩᠰᠠᠯᠠᠭᠤᠯᠤᠭᠰᠠᠨ ᠪᠠᠶ᠋ᠢᠳᠠᠯ ᠵᠶ᠋ᠠᠨ ᠬᠠᠮᠠᠭ᠋ᠠᠯᠠᠵᠤ ᠰᠢᠢ᠍ᠳᠪᠦᠷᠢᠯᠡᠭᠰᠡᠨ ᠪᠣᠯ᠂ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠪᠤᠶᠤ ᠬᠠᠮᠢᠶ᠎ᠠ ᠪᠦᠬᠦᠢ ᠬᠠᠷᠢᠭᠤᠴᠠᠯᠭ᠎ᠠ ᠡᠭᠦᠷᠭᠡᠯᠡᠭᠴᠢ᠎ᠳᠤ ᠣᠨᠳᠣᠤ ᠰᠠᠨᠠᠯ᠎ᠲᠠᠢ ᠪᠣᠯ᠂ ᠡᠮᠴᠢᠯᠡᠭᠡᠨ᠎ᠤ ᠳᠠᠭ᠋ᠠᠳᠬᠠᠯ᠎ᠤᠨ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ ᠵᠢ ᠲᠤᠰ ᠱᠠᠲᠤᠨ᠎ᠤ ᠡᠮᠨᠡᠯᠭᠡ ᠵᠢᠨ ᠳᠠᠭ᠋ᠠᠳᠬᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠵᠤ ᠰᠢᠢ᠍ᠳᠪᠦᠷᠢᠯᠡᠭᠦᠯᠬᠦ ᠬᠡᠷᠡᠭᠲᠡᠶ᠃    

  ᠬᠣᠷᠢᠨ ᠳᠣᠯᠣᠳᠤᠭ᠋ᠠᠷ ᠵᠣᠷᠪᠣᠰ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠬᠠᠮᠢᠶ᠎ᠠ ᠪᠦᠬᠦᠢ ᠬᠠᠷᠢᠭᠤᠴᠠᠯᠭ᠎ᠠ᠎ᠲᠠᠢ ᠠᠵᠢᠯᠲᠠᠨ᠎ᠤ ᠬᠠᠷᠢᠭᠤᠴᠠᠯᠭ᠎ᠠ ᠵᠢ ᠦᠨᠡᠮᠰᠢᠬᠦ ᠵᠢᠨ ᠬᠠᠮᠲᠤ᠂ ᠬᠤᠪᠢ ᠲᠡᠮᠳᠡᠭᠯᠡᠬᠦ ᠪᠤᠶᠤ ᠪᠦᠷᠢᠳᠬᠡᠨ ᠳᠠᠩᠰᠠᠯᠠᠭᠤᠯᠤᠭᠰᠠᠨ ᠪᠠᠶ᠋ᠢᠳᠠᠯ ᠵᠶ᠋ᠠᠨ ᠬᠠᠮᠠᠭ᠋ᠠᠯᠠᠵᠤ ᠰᠢᠢ᠍ᠳᠪᠦᠷᠢᠯᠡᠭᠰᠡᠨ ᠪᠠᠶ᠋ᠢᠪᠠᠯ᠂ ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠪᠤᠶᠤ ᠬᠠᠮᠢᠶ᠎ᠠ ᠪᠦᠬᠦᠢ ᠬᠠᠷᠢᠭᠤᠴᠠᠯᠭ᠎ᠠ᠎ᠲᠠᠢ ᠠᠵᠢᠯᠲᠠᠨ᠎ᠨᠢ ᠣᠨᠳᠣᠤ ᠰᠠᠨᠠᠯ᠎ᠲᠠᠢ ᠪᠣᠯ᠂ ᠡᠮᠴᠢᠯᠡᠭᠡᠨ᠎ᠤ ᠳᠠᠭ᠋ᠠᠳᠬᠠᠯ᠎ᠢ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠠᠴᠠ ᠭᠠᠷᠭ᠋ᠠᠭᠰᠠᠨ ᠰᠢᠢ᠍ᠳᠪᠦᠷᠢᠯᠡᠭᠰᠡᠨ ᠦᠷ᠎ᠡ ᠳ᠋ᠦᠩ᠎ᠳᠤ ᠲᠠᠶ᠋ᠢᠯᠪᠤᠷᠢᠯᠠᠨ ᠲᠣᠳᠣᠷᠬᠠᠶ᠋ᠢᠯᠠᠬᠤ ᠬᠡᠷᠡᠭᠲᠡᠶ᠃ ᠮᠥᠨ ᠣᠨᠳᠣᠤ ᠰᠠᠨᠠᠯ᠎ᠲᠠᠢ ᠪᠣᠯ ᠡᠮᠨᠡᠯᠭᠡ ᠵᠢᠨ ᠳᠠᠭ᠋ᠠᠳᠬᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠲᠤᠰᠢᠶᠠᠵᠤ ᠰᠢᠢ᠍ᠳᠪᠦᠷᠢᠯᠡᠭᠦᠯᠬᠦ ᠬᠡᠷᠡᠭᠲᠡᠶ᠃ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠨᠢ ᠮᠠᠷᠭᠤᠭ᠋ᠠᠨ᠎ᠲᠠᠢ ᠲᠤᠰᠬᠠᠶ ᠮᠡᠷᠭᠡᠵᠢᠯ᠎ᠤᠨ ᠠᠰᠠᠭᠤᠳᠠᠯ᠎ᠳᠤ᠂ ᠭᠤᠷᠪᠠᠳᠠᠬᠢ ᠲᠠᠯ᠎ᠠ ᠵᠢᠨ ᠲᠤᠰᠬᠠᠶ ᠮᠡᠷᠭᠡᠵᠢᠯ᠎ᠤᠨ ᠪᠠᠶ᠋ᠢᠭᠤᠯᠤᠮᠵᠢ ᠪᠤᠶᠤ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠤᠨ ᠦᠨᠡᠯᠡᠨ ᠵᠢᠱ᠌ᠢᠵᠦ ᠬᠢᠨᠠᠨ ᠲᠣᠭᠲᠠᠭ᠋ᠠᠵᠤ᠂ ᠡᠷᠬᠡ ᠲᠡᠭᠰᠢ ᠲᠥᠪ ᠭᠤᠤᠯᠴᠢ ᠵᠦᠶ ᠵᠣᠬᠢᠰᠲᠠᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃

  ᠬᠣᠷᠢᠨ ᠨᠠᠢ᠍ᠮᠠᠳᠤᠭ᠋ᠠᠷ ᠵᠣᠷᠪᠣᠰ ᠭᠣᠮᠣᠳᠠᠯ ᠲᠣᠭ᠋ᠠᠴᠢᠭᠰᠠᠨ ᠪᠠᠶ᠋ᠢᠳᠠᠯ᠎ᠢ ᠨᠤᠲᠠᠯᠠᠭᠰᠠᠨ᠎ᠤ ᠳᠠᠷᠠᠭ᠎ᠠ᠂ ᠡᠮ ᠡᠮᠨᠡᠯᠭᠡ ᠵᠢᠨ ᠳᠠᠭ᠋ᠠᠳᠬᠠᠯ᠎ᠤᠨ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠨᠢ ᠦᠷ᠎ᠡ ᠳ᠋ᠦᠩ᠎ᠢ ᠴᠠᠭ ᠲᠤᠬᠠᠶ᠎ᠳᠤ᠎ᠨᠢ ᠪᠢᠴᠢᠭ ᠵᠶ᠋ᠠᠷ ᠬᠠᠮᠢᠶ᠎ᠠ ᠪᠦᠬᠦᠢ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠪᠣᠯᠤᠨ ᠬᠠᠮᠢᠶ᠎ᠠ ᠪᠦᠬᠦᠢ ᠬᠥᠮᠦᠰ᠎ᠲᠤ ᠮᠡᠳᠡᠭᠳᠡᠬᠦ ᠬᠡᠷᠡᠭᠲᠡᠶ᠃ ᠰᠢᠢ᠍ᠳᠪᠦᠷᠢᠯᠡᠭᠰᠡᠨ ᠦᠷ᠎ᠡ ᠳ᠋ᠦᠩ᠎ᠳᠤ ᠦᠨᠡᠨ ᠬᠦ᠌ ᠵᠠᠰᠠᠪᠤᠷᠢ ᠣᠷᠣᠭᠤᠯᠬᠤ ᠴᠢᠬᠤᠯᠠᠲᠠᠶ ᠪᠠᠶ᠋ᠢᠪᠠᠯ᠂ ᠭᠠᠷᠲᠠᠨ ᠭᠦᠢ᠍ᠴᠡᠳᠭᠡᠬᠦ ᠪᠠᠢ᠍ᠭᠤᠯᠤᠮᠵᠢ ᠬᠤᠪᠢ ᠲᠡᠮᠳᠡᠭᠯᠡᠭᠰᠡᠨ ᠪᠠᠢ᠌ᠳᠠᠯ ᠵᠶ᠋ᠠᠨ ᠴᠠᠭ ᠲᠤᠬᠠᠶ᠎ᠳᠤ᠎ᠨᠢ ᠳᠣᠭᠢᠷᠠᠭᠤᠯᠵᠤ᠂ ᠳᠡᠩᠰᠡᠯᠡᠨ ᠲᠡᠮᠳᠡᠭᠯᠡᠭᠰᠡᠨ ᠪᠠᠢ᠌ᠳᠠᠯ᠎ᠤᠨ ᠲᠣᠬᠢᠷᠠᠭᠤᠯᠤᠯᠲᠠ᠎ᠳᠤ ᠬᠤᠯᠪᠣᠭᠳᠠᠪᠠᠯ᠂ ᠭᠠᠷᠲᠠᠨ ᠭᠦᠢ᠍ᠴᠡᠳᠭᠡᠬᠦ ᠪᠠᠢ᠍ᠭᠤᠯᠤᠮᠵᠢ ᠴᠠᠭ ᠲᠤᠬᠠᠶ᠎ᠳᠤ᠎ᠨᠢ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠢ᠍ᠭᠤᠯᠤᠮᠵᠢ ᠵᠢᠨ ᠠᠷᠠᠴᠢᠯᠠᠨ ᠬᠠᠮᠠᠭ᠋ᠠᠯᠠᠵᠤ ᠲᠡᠮᠳᠡᠭᠯᠡᠭᠰᠡᠨ ᠪᠠᠢ᠌ᠳᠠᠯ ᠵᠶ᠋ᠠᠨ ᠮᠡᠳᠡᠭᠳᠡᠬᠦ ᠬᠡᠷᠡᠭᠲᠡᠶ; ᠤᠤᠯ ᠪᠠᠢ᠍ᠳᠠᠯ ᠵᠶ᠋ᠡᠨ ᠪᠠᠷᠢᠮᠲᠠᠯᠠᠪᠠᠯ᠂ ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠢ᠍ᠭᠤᠯᠤᠮᠵᠢ ᠰᠢᠯᠲᠠᠭ᠋ᠠᠨ ᠵᠶ᠋ᠠᠨ ᠮᠡᠳᠡᠭᠳᠡᠬᠦ ᠬᠡᠷᠡᠭᠲᠡᠶ᠃ ᠭᠤᠮᠣᠳᠠᠯ ᠲᠣᠭ᠋ᠠᠴᠢᠯᠲᠠ ᠵᠢ ᠬᠢᠨᠠᠨ ᠬᠠᠷᠭᠤᠭᠤᠯᠬᠤ ᠠᠵᠢᠯ᠎ᠨᠢ ᠭᠤᠮᠣᠳᠠᠯ ᠲᠣᠭ᠋ᠠᠴᠢᠬᠤ ᠮᠠᠲ᠋ᠧᠷᠢᠶᠠᠯ᠎ᠢ ᠣᠯᠤᠭᠰᠠᠨ᠎ᠤ ᠲᠠᠷᠠᠭ᠎ᠠ 20 ᠠᠵᠢᠯᠯᠠᠬᠤ ᠡᠳᠦᠷ᠎ᠤᠨ ᠳᠣᠲᠣᠷ᠎ᠠ ᠳᠠᠭᠤᠰᠬᠠᠨ᠎ᠠ᠃    

  ᠬᠤᠷᠢ ᠶᠢᠰᠦᠳᠦᠭᠡᠷ ᠵᠣᠷᠪᠣᠰ ᠲᠣᠰ ᠨᠠᠷᠢᠨ ᠳᠦᠷᠢᠮ᠎ᠢ 2025 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃    

  ᠳᠠᠭ᠋ᠠᠯᠳᠤᠭᠤᠯᠤᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢ ᠬᠠᠤᠯᠢ ᠲᠣᠭᠲᠠᠭ᠋ᠠᠯ᠎ᠠᠴᠠ ᠵᠥᠷᠢᠴᠡᠨ ᠬᠡᠷᠡᠭᠯᠡᠭᠰᠡᠨ ᠬᠠᠷᠢᠭᠤᠴᠠᠯᠭ᠎ᠠ ᠵᠢᠨ ᠲᠥᠷᠥᠯ ᠬᠡᠯᠪᠡᠷᠢ ᠵᠢᠨ ᠮᠠᠭ᠋ᠠᠳᠯᠠᠨ ᠲᠣᠭᠲᠠᠭ᠋ᠠᠯᠲᠠ   

  ᠳᠠᠭ᠋ᠠᠯᠳᠤᠭᠤᠯᠤᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢ ᠬᠠᠤᠯᠢ ᠲᠣᠭᠲᠠᠭ᠋ᠠᠯ᠎ᠠᠴᠠ ᠵᠥᠷᠢᠴᠡᠨ ᠬᠡᠷᠡᠭᠯᠡᠭᠰᠡᠨ ᠬᠠᠷᠢᠭᠤᠴᠠᠯᠭ᠎ᠠ ᠵᠢᠨ ᠲᠥᠷᠥᠯ ᠬᠡᠯᠪᠡᠷᠢ ᠵᠢᠨ ᠮᠠᠭ᠋ᠠᠳᠯᠠᠨ ᠲᠣᠭᠲᠠᠭ᠋ᠠᠯᠲᠠ

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            