ᠬᠡᠯᠬᠢᠶᠡᠰᠦᠨ ᠨᠣᠮᠧᠷ᠄11150000MB16442978/2025-03302
ᠭᠤᠣᠯ ᠰᠡᠳᠦᠪ᠎ᠤᠨ ᠠᠩᠭᠢᠯᠠᠯ᠄ ᠰᠠᠭᠤᠷᠢ ᠮᠦᠩᠭᠦ᠎ᠶ᠋ᠢᠨ ᠬᠢᠨᠠᠯᠳᠠ ᠬᠠᠮᠢᠶᠠᠷᠣᠯᠳᠠ
ᠨᠡᠢᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠤᠪᠴᠢᠶ᠎ᠠ
ᠪᠢᠴᠢᠭ᠎ᠤᠨ ᠳ᠋ᠤᠭᠠᠷ᠄ ᠦᠪᠦᠷ ᠡᠮᠴᠢᠯᠡᠭᠡᠨ᠎ᠦ ᠪᠠᠲᠤᠯᠠᠭ᠎ᠠ ᠲᠠᠷᠬᠠᠭ᠋ᠠᠭᠰᠠᠨ [ 2025 ] 13 ᠳ᠋ᠤᠭᠠᠷ ᠲᠣᠭᠠᠲᠤ
ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ᠎ᠤ 7 ᠳ᠋ᠤᠭ᠋ᠠᠷ ᠰᠠᠷ᠎ᠠ᠎ᠶᠢᠨ 9 ᠦ ᠡᠳᠦᠷ
ᠠᠯᠪᠠᠨ ᠪᠢᠴᠢᠭ᠎ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ
ᠡᠯ᠎ᠡ ᠠᠢᠮᠠᠭ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠂ ᠪᠠᠢᠭᠤᠯᠭ᠎ᠠ᠎ᠶ᠋ᠢᠨ ᠡᠯ᠎ᠡ ᠭᠠᠵᠠᠷ ᠠᠯᠪᠠᠨ ᠲᠠᠰᠤᠭ᠂ ᠬᠠᠷᠢᠶ᠎ᠠ ᠡᠯ᠎ᠡ ᠨᠢᠭᠡᠴᠢ᠎ᠳᠤ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠢᠲᠡᠭᠡᠮᠵᠢ᠎ᠶ᠋ᠢᠨ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ 》᠎ᠶ᠋ᠢ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠬᠢᠨᠠᠮᠠᠭᠠᠶ ᠰᠠᠢᠲᠤᠷ ᠠᠳᠭᠤᠬᠤ ᠬᠡᠷᠡᠭ᠌ᠲᠡᠶ ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
2025 ᠣᠨ᠎ᠤ 7 ᠳ᠋ᠤᠭ᠋ᠠᠷ ᠰᠠᠷ᠎ᠠ᠎ᠶ᠋ᠢᠨ 8 ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠢᠲᠡᠭᠡᠮᠵᠢ᠎ᠶ᠋ᠢᠨ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠤᠷᠪᠤᠰ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ᠎ᠶ᠋ᠢ ᠴᠢᠩᠭᠠᠳᠭᠠᠵᠤ᠂ ᠡᠮᠴᠢᠯᠡᠭᠡᠨ᠎ᠤ ᠪᠠᠲᠤᠯᠠᠭ᠎ᠠ᠎ᠶ᠋ᠢᠨ ᠬᠦᠷᠢᠶᠡᠨ᠎ᠳᠠᠬᠢ ᠢᠲᠡᠭᠡᠮᠵᠢ᠎ᠶ᠋ᠢᠨ ᠲᠤᠭᠲᠠᠯᠴᠠᠭ᠎ᠠ᠎ᠶᠢᠨ ᠪᠠᠢᠭᠤᠯᠤᠯᠲᠠ᠎ᠶ᠋ᠢ ᠠᠬᠢᠭᠤᠯᠤᠨ᠂ ᠡᠮᠴᠢᠯᠡᠭᠡᠨ᠎ᠤ ᠪᠠᠲᠤᠯᠠᠭ᠎ᠠ᠎ᠶ᠋ᠢᠨ ᠬᠦᠷᠢᠶᠡᠨ᠎ᠳᠠᠬᠢ ᠦᠨᠡᠨᠴᠢ ᠢᠲᠡᠭᠡᠮᠵᠢ᠎ᠶ᠋ᠢᠨ ᠥᠪᠡᠷ᠎ᠢ᠎ᠪᠠᠨ ᠱᠠᠭᠠᠷᠳᠠᠬᠤ᠎ᠶ᠋ᠢ ᠠᠬᠢᠭᠤᠯᠵᠤ᠂ ᠰᠠᠢᠨ ᠰᠠᠢᠬᠠᠨ ᠦᠨᠡᠨᠴᠢ ᠢᠲᠡᠭᠡᠮᠵᠢ᠎ᠶ᠋ᠢᠨ ᠣᠷᠴᠢᠨ ᠲᠣᠭᠤᠷᠢᠨ᠎ᠢ ᠪᠠᠢᠭᠤᠯᠬᠤ᠎ᠶ᠋ᠢᠨ ᠲᠤᠰᠠᠳᠠ᠂ 《ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠦᠷᠢᠮ》᠂ 《ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠪᠠᠢᠩᠭᠤᠵᠢᠭ᠍ᠰᠠᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠬᠡᠷᠡᠭ᠌ᠵᠢᠭᠦᠯᠬᠦ᠌ ᠰᠠᠨᠠᠯ》 (ᠲᠥᠷᠥ᠍ ᠠᠯᠪᠠᠨ ᠲᠠᠷᠬᠠᠭᠠᠭ᠍ᠰᠠᠨ [ 2023 ]17 ᠳ᠋ᠤᠭᠠᠷ ᠲᠣᠭᠠᠲᠤ) ᠵᠢᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠲᠡᠭᠡᠮᠵᠢ᠎ᠶ᠋ᠢᠨ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠲᠥᠷᠥ᠎ᠶ᠋ᠢᠨ ᠪᠣᠳᠣᠯᠭ᠎ᠠ᠎ᠶ᠋ᠢᠨ ᠱᠠᠭᠠᠷᠳᠠᠯᠭ᠎ᠠ᠎ᠶ᠋ᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠵᠤ᠂ ᠲᠣᠰ ᠠᠷᠭ᠎ᠠ᠎ᠶ᠋ᠢ ᠲᠣᠭ᠍ᠲᠠᠭᠠᠪᠠ᠃
ᠬᠤᠶᠠᠳᠤᠭᠠᠷ ᠵᠤᠷᠪᠤᠰ ᠲᠣᠰ ᠠᠷᠭ᠎ᠠ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ ᠳᠣᠲᠣᠷᠠᠬᠢ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠢᠲᠡᠭᠡᠮᠵᠢ᠎ᠶ᠋ᠢᠨ ᠬᠠᠮᠢᠶᠠᠷᠤᠯᠲᠠ᠎ᠳᠤ ᠦᠨᠳᠦᠰᠦᠨ ᠡᠮᠴᠢᠯᠡᠭᠡᠨ᠎ᠤ ᠳᠠᠭᠠᠳᠭᠠᠯ (ᠦᠷᠡᠵᠢᠯ᠎ᠤᠨ ᠳᠠᠭᠠᠳᠭᠠᠯ᠎ᠢ ᠪᠠᠭ᠍ᠲᠠᠭᠠᠨ᠎ᠠ) ᠤᠨ ᠰᠠᠭᠤᠷᠢ ᠮᠥᠩᠭᠦ᠌᠂ ᠡᠮᠴᠢᠯᠡᠭᠡᠨ᠎ᠤ ᠠᠪᠤᠷᠠᠨ ᠲᠤᠰᠠᠯᠠᠬᠤ ᠰᠠᠭᠤᠷᠢ ᠮᠥᠩᠭᠦ᠌᠂ ᠠᠵᠢᠯᠲᠠᠨ ᠠᠵᠢᠯᠴᠢᠨ᠎ᠤ ᠶᠡᠭᠡ ᠲᠣᠭᠠᠨ᠎ᠤ ᠡᠮᠴᠢᠯᠡᠭᠡᠨ᠎ᠤ ᠵᠠᠷᠤᠳᠠᠯ᠎ᠤᠨ ᠨᠥᠬᠦᠪᠥᠷᠢ᠂ ᠠᠯᠪᠠᠲᠠᠨ᠎ᠤ ᠡᠮᠴᠢᠯᠡᠭᠡᠨ᠎ᠤ ᠨᠥᠬᠦᠪᠥᠷᠢ᠂ ᠰᠠᠭᠤᠭᠠᠯᠢ ᠠᠷᠠᠳ᠎ᠤᠨ ᠬᠦᠨᠳᠦ ᠡᠪᠡᠳᠴᠢᠨ᠎ᠤ ᠳᠠᠭᠠᠳᠭᠠᠯ᠎ᠤᠨ ᠪᠠᠯᠠ ᠮᠥᠩᠭᠦ᠌ ᠵᠡᠷᠭᠡ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢ ᠪᠠᠭ᠍ᠲᠠᠭᠠᠨ᠎ᠠ᠃
ᠭᠤᠷᠪᠠᠳᠤᠭᠠᠷ ᠵᠤᠷᠪᠤᠰ ᠲᠣᠰ ᠠᠷᠭ᠎ᠠ᠎ᠳᠤ ᠬᠡᠯᠡᠵᠦ᠍ ᠪᠠᠢᠭ᠎ᠠ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢ ᠬᠡᠷᠡᠭ᠌ᠯᠡᠬᠦ᠌ ᠢᠲᠡᠭᠡᠮᠵᠢ᠎ᠶ᠋ᠢᠨ ᠬᠠᠮᠢᠶᠠᠷᠤᠯᠲᠠ ᠭᠡᠳᠡᠭ ᠪᠣᠯ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠦᠨᠳᠦᠰᠦᠯᠡᠨ᠂ ᠡᠮᠴᠢᠯᠡᠭᠡᠨ᠎ᠤ ᠪᠠᠲᠤᠯᠠᠭ᠎ᠠ᠎ᠶ᠋ᠢᠨ ᠬᠦᠷᠢᠶᠡᠨ᠎ᠳᠠᠬᠢ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠬᠡᠷᠡᠭ᠌ᠯᠡᠵᠦ᠍᠂ ᠢᠲᠡᠭᠡᠮᠵᠢ᠎ᠶ᠋ᠢᠨ ᠭᠤᠤᠯ ᠴᠣᠭ᠍ᠴᠠ᠎ᠳᠤ ᠬᠥᠳᠡᠯᠦᠩᠭᠦᠶ ᠦᠨᠡᠯᠡᠯᠲᠡ ᠬᠢᠬᠦ᠌᠎ᠶ᠋ᠢᠨ ᠬᠠᠮᠲᠤ᠌᠂ ᠦᠨᠡᠯᠡᠭ᠌ᠰᠡᠨ ᠦᠷ᠎ᠡ ᠳ᠋ᠦᠩ᠎ᠢ ᠦᠨᠳᠦᠰᠦᠯᠡᠨ ᠲᠡᠳᠡᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢ ᠬᠡᠷᠡᠭ᠌ᠯᠡᠬᠦ᠌ ᠢᠲᠡᠭᠡᠮᠵᠢ᠎ᠶ᠋ᠢᠨ ᠵᠡᠷᠭᠡ ᠳᠡᠰ᠎ᠢ ᠲᠣᠭ᠍ᠲᠠᠭᠠᠵᠤ᠂ ᠢᠲᠡᠭᠡᠮᠵᠢ᠎ᠶ᠋ᠢᠨ ᠬᠢᠨᠠᠯᠲᠠ ᠬᠠᠮᠢᠶᠠᠷᠤᠯᠲᠠ᠂ ᠢᠲᠡᠭᠡᠮᠵᠢ᠎ᠶ᠋ᠢᠨ ᠱᠠᠩᠨᠠᠵᠤ ᠲᠣᠷᠭᠠᠬᠤ᠎ᠶ᠋ᠢ ᠬᠡᠷᠡᠭ᠌ᠵᠢᠭᠦᠯᠵᠦ᠍᠂ ᠢᠲᠡᠭᠡᠮᠵᠢ᠎ᠶ᠋ᠢᠨ ᠭᠤᠤᠯ ᠴᠣᠭ᠍ᠴᠠ᠎ᠶ᠋ᠢ ᠵᠢᠷᠤᠮᠵᠢᠭᠤᠯᠬᠤ᠎ᠪᠠᠷ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢ ᠬᠡᠷᠡᠭ᠌ᠯᠡᠬᠦ᠌ ᠠᠵᠢᠯᠯᠠᠭ᠎ᠠ᠎ᠶ᠋ᠢᠨ ᠬᠠᠮᠢᠶᠠᠷᠤᠯᠲᠠ᠎ᠶ᠋ᠢᠨ ᠠᠵᠢᠯᠯᠠᠭ᠎ᠠ᠎ᠶ᠋ᠢ ᠵᠢᠭᠠᠵᠤ ᠪᠣᠶ᠃
ᠳᠥᠷᠪᠡᠳᠦᠭᠡᠷ ᠵᠤᠷᠪᠤᠰ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠢᠲᠡᠭᠡᠮᠵᠢ᠎ᠶ᠋ᠢᠨ ᠬᠠᠮᠢᠶᠠᠷᠤᠯᠲᠠ᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠣᠶ ᠪᠣᠯᠭᠠᠬᠤ᠎ᠪᠠᠷ ᠠᠵᠢᠯ᠎ᠤᠨ ᠭᠤᠤᠯ ᠱᠢᠵᠢᠮ ᠪᠣᠯᠭᠠᠵᠤ᠂ ᠬᠠᠤᠯᠢ᠎ᠪᠠᠷ ᠵᠠᠰᠠᠬᠤ᠎ᠶ᠋ᠢ ᠲᠡᠭᠦᠯᠳᠡᠷᠵᠢᠭᠦᠯᠬᠦ᠂ ᠬᠠᠤᠯᠢ ᠶᠣᠰᠣᠭᠠᠷ ᠬᠢᠨᠠᠨ ᠬᠠᠮᠢᠶᠠᠷᠬᠤ᠎ᠶ᠋ᠢ ᠪᠠᠷᠢᠮᠲᠠᠯᠠᠨ ᠲᠡᠭᠦᠯᠳᠡᠷᠵᠢᠭᠦᠯᠵᠦ᠍᠂ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠬᠠᠤᠯᠢ ᠲᠣᠭ᠍ᠲᠠᠭᠠᠯ᠎ᠳᠤ ᠨᠡᠢᠴᠡᠬᠦ᠂ ᠡᠷᠬᠡ ᠲᠡᠭ᠌ᠰᠢ ᠲᠥᠪ ᠭᠤᠤᠯᠴᠢ ᠪᠠᠢᠬᠤ᠎ᠶ᠋ᠢ ᠪᠠᠲᠤᠯᠠᠨ᠎ᠠ; ᠵᠠᠰᠠᠭ᠎ᠤᠨ ᠣᠷᠳᠣᠨ᠎ᠢᠶᠠᠷ ᠭᠤᠤᠯᠯᠠᠭᠤᠯᠬᠤ᠂ ᠨᠡᠢᠭᠡᠮ᠎ᠢᠶᠠᠷ᠎ᠢᠶᠠᠨ ᠬᠠᠮᠲᠤ᠎ᠪᠠᠷ ᠵᠠᠰᠠᠬᠤ᠂ ᠥᠪᠡᠷ᠎ᠢ᠎ᠪᠠᠨ ᠬᠢᠵᠠᠭᠠᠷᠯᠠᠬᠤ᠎ᠶ᠋ᠢ ᠪᠠᠷᠢᠮᠲᠠᠯᠠᠨ᠎ᠠ; ᠤᠷᠢᠳᠴᠢᠯᠠᠨ ᠰᠡᠷᠭᠡᠢᠯᠡᠬᠦ᠌ ᠪᠠ ᠪᠠᠢᠴᠠᠭᠠᠨ ᠱᠢᠶ᠋ᠳᠪᠦᠷᠢᠯᠡᠬᠦ᠂ ᠤᠷᠮᠠᠱᠢᠭᠤᠯᠬᠤ ᠪᠠ ᠰᠢᠢ᠍ᠳᠭᠡᠨ ᠲᠣᠷᠭᠠᠬᠤ᠎ᠶ᠋ᠢ ᠬᠠᠷᠢᠯᠴᠠᠨ ᠤᠶᠠᠯᠳᠤᠭᠤᠯᠬᠤ᠎ᠶ᠋ᠢ ᠪᠠᠷᠢᠮᠲᠠᠯᠠᠨ᠎ᠠ᠃
ᠲᠠᠪᠤᠳᠤᠭᠠᠷ ᠵᠤᠷᠪᠤᠰ ᠲᠤᠰ ᠠᠷᠭ᠎ᠠ᠎ᠳᠤ ᠬᠡᠯᠡᠵᠦ᠍ ᠪᠠᠢᠭ᠎ᠠ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠥ᠎ᠶ᠋ᠢ ᠬᠢᠨᠠᠨ ᠬᠠᠮᠢᠶᠠᠷᠬᠤ ᠢᠲᠡᠭᠡᠮᠵᠢ᠎ᠶ᠋ᠢᠨ ᠭᠣᠤᠯ ᠴᠣᠭ᠍ᠴᠠ᠎ᠶ᠋ᠢ ᠪᠠᠢᠭᠤᠯᠤᠮᠵᠢ᠎ᠶ᠋ᠢᠨ ᠲᠥᠷᠥᠯ ᠪᠠ ᠬᠣᠪᠢ ᠬᠦᠮᠦᠨ᠎ᠦ ᠲᠦᠷᠦᠯ ᠭᠡᠵᠦ ᠬᠤᠪᠢᠶᠠᠨ᠎ᠠ᠃
(ᠨᠢᠭᠡ) ᠪᠠᠢᠭᠤᠯᠤᠮᠵᠢ᠎ᠶ᠋ᠢᠨ ᠲᠥᠷᠥᠯ᠎ᠤᠨ ᠢᠲᠡᠭᠡᠮᠵᠢ᠎ᠶ᠋ᠢᠨ ᠭᠤᠤᠯ ᠴᠣᠭ᠍ᠴᠠ᠎ᠳᠦ ᠡᠮᠴᠢᠯᠡᠭᠡᠨ᠎ᠤ ᠪᠠᠲᠤᠯᠠᠭ᠎ᠠ᠎ᠶ᠋ᠢᠨ ᠴᠡᠭ ᠲᠣᠭ᠍ᠲᠠᠭᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠂ ᠴᠡᠭ ᠲᠣᠭ᠍ᠲᠠᠭᠠᠭ᠍ᠰᠠᠨ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ ( ᠳᠣᠷᠣᠭ᠍ᠰᠢ ᠴᠡᠭ ᠲᠣᠭ᠍ᠲᠠᠭᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ ᠭᠡᠵᠦ᠍ ᠲᠣᠪᠴᠢᠯᠠᠨ᠎ᠠ )᠃
(ᠬᠤᠶᠠᠷ) ᠬᠤᠪᠢ ᠬᠥᠮᠦᠨ᠎ᠤ ᠲᠥᠷᠥᠯ᠎ᠤᠨ ᠢᠲᠡᠭᠡᠮᠵᠢ᠎ᠶ᠋ᠢᠨ ᠭᠤᠤᠯ ᠴᠣᠭ᠍ᠴᠠ᠎ᠳᠦ ᠡᠮᠴᠢᠯᠡᠭᠡᠨ᠎ᠤ ᠪᠠᠲᠤᠯᠠᠭ᠎ᠠ᠎ᠶ᠋ᠢᠨ ᠳᠠᠭᠠᠳᠭᠠᠯ᠎ᠳᠤ ᠣᠷᠣᠯᠴᠠᠭ᠍ᠰᠠᠳ ᠪᠠᠭᠲᠠᠨ᠎ᠠ᠃
ᠵᠢᠷᠭᠤᠳᠤᠭᠠᠷ ᠵᠤᠷᠪᠤᠰ ᠲᠤᠰ ᠠᠷᠭ᠎ᠠ ᠳᠡᠭᠡᠷ᠎ᠡ ᠳᠤᠷᠠᠳᠤᠭ᠍ᠰᠠᠨ ᠢᠲᠡᠭᠡᠮᠵᠢ᠎ᠶ᠋ᠢᠨ ᠭᠤᠣᠯ ᠴᠣᠭ᠍ᠴᠠ᠎ᠶ᠋ᠢᠨ ᠪᠦᠬᠦ᠌ ᠠᠮᠢ ᠨᠠᠰᠤᠨ᠎ᠤ ᠦᠶᠡᠯᠡᠯ᠎ᠤᠨ ᠬᠤᠭᠤᠴᠠᠭᠠᠨ᠎ᠳᠤ ᠬᠡᠷᠡᠭ᠌ᠯᠡᠭ᠌ᠳᠡᠨᠡ᠃ ᠲᠤᠬᠠᠢᠯᠠᠪᠠᠯ ᠡᠮᠴᠢᠯᠡᠭᠡᠨ᠎ᠤ ᠪᠠᠲᠤᠯᠠᠭ᠎ᠠ᠎ᠶ᠋ᠢᠨ ᠳᠠᠭ᠋ᠠᠳᠬᠠᠯ ᠰᠠᠭᠤᠷᠢ ᠮᠥᠩᠭᠦ᠎ᠶ᠋ᠢ ᠬᠡᠷᠡᠭ᠌ᠯᠡᠬᠦ᠌ ᠶᠠᠪᠤᠴᠠ᠎ᠳᠠᠬᠢ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠴᠤᠭᠯᠠᠭᠤᠯᠤᠨ ᠨᠡᠢ᠌ᠯᠡᠭᠦᠯᠬᠦ᠂ ᠢᠲᠡᠭᠡᠮᠵᠢ᠎ᠶ᠋ᠢ ᠦᠨᠡᠯᠡᠬᠦ᠂ ᠢᠲᠡᠭᠡᠮᠵᠢ᠎ᠶ᠋ᠢ ᠬᠢᠨᠠᠨ ᠡᠵᠡᠮᠳᠡᠬᠦ᠌ ᠪᠠ ᠤᠷᠢᠳᠴᠢᠯᠠᠨ ᠰᠡᠷᠡᠮᠵᠢᠯᠡᠭᠦᠯᠬᠦ᠂ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠨᠡᠢᠲᠡᠯᠡᠬᠦ᠂ ᠢᠲᠡᠭᠡᠮᠵᠢ᠎ᠶ᠋ᠢ ᠲᠠᠰ ᠲᠥᠷᠥᠯ ᠬᠤᠪᠢᠶᠠᠨ ᠬᠠᠮᠢᠶᠠᠷᠬᠤ᠂ ᠢᠲᠡᠭᠡᠮᠵᠢ᠎ᠶ᠋ᠢᠨ ᠦᠷ᠎ᠡ ᠳ᠋ᠦᠩ᠎ᠢ ᠬᠠᠮᠢᠶᠠᠷᠤᠨ ᠬᠡᠷᠡᠭ᠌ᠯᠡᠬᠦ᠂ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ ᠪᠠ ᠡᠷᠬᠡ ᠠᠱᠢᠭ᠎ᠢ ᠪᠠᠲᠤᠯᠠᠬᠤ᠂ ᠢᠲᠡᠭᠡᠮᠵᠢ᠎ᠶ᠋ᠢ ᠰᠡᠷᠭᠦᠭᠡᠬᠦ᠌ ᠵᠡᠷᠭᠡ ᠪᠣᠯᠤᠨ᠎ᠠ᠃
ᠳᠣᠯᠣᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠤᠳ ᠪᠥᠬᠦ᠌ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠢᠲᠡᠭᠡᠮᠵᠢ᠎ᠶ᠋ᠢᠨ ᠲᠣᠭᠲᠠᠯᠴᠠᠭ᠎ᠠ᠎ᠶᠢᠨ ᠪᠠᠢᠭᠤᠯᠤᠯᠲᠠ ᠵᠢᠴᠢ ᠬᠠᠮᠢᠶᠠᠷᠤᠯᠲᠠ᠎ᠶ᠋ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠢᠲᠡᠭᠡᠮᠵᠢ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠢ ᠪᠠᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠢᠲᠡᠭᠡᠮᠵᠢ᠎ᠶ᠋ᠢᠨ ᠦᠨᠡᠯᠡᠯᠲᠡ᠎ᠶ᠋ᠢᠨ ᠬᠠᠮᠢᠶᠠᠷᠤᠯᠲᠠ᠎ᠶ᠋ᠢᠨ ᠲᠠᠪᠴᠠᠩ᠎ᠢ ᠪᠠᠢᠭᠤᠯᠵᠤ᠂ ᠢᠲᠡᠭᠡᠮᠵᠢ᠎ᠶ᠋ᠢᠨ ᠭᠤᠤᠯ ᠴᠣᠭ᠍ᠴᠠ᠎ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠴᠤᠭ᠍ᠯᠠᠭᠤᠯᠬᠤ᠂ ᠦᠨᠡᠯᠡᠬᠦ᠂ ᠬᠠᠮᠲᠤ᠎ᠪᠠᠷ ᠡᠳ᠋ᠯᠡᠬᠦ᠂ ᠢᠯᠡ ᠪᠣᠯᠭᠠᠬᠤ᠂ ᠬᠡᠷᠡᠭ᠌ᠯᠡᠬᠦ᠂ ᠰᠡᠷᠭᠦᠭᠡᠬᠦ᠌ ᠵᠡᠷᠭᠡ᠎ᠳᠤ ᠬᠢᠨᠠᠯᠲᠠ ᠬᠠᠮᠢᠶᠠᠷᠤᠯᠲᠠ ᠬᠢᠵᠦ᠍᠂ ᠠᠢᠮᠠᠭ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠢ ᠵᠢᠯᠣᠭᠤᠳᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠢᠲᠡᠭᠡᠮᠵᠢ᠎ᠶ᠋ᠢᠨ ᠲᠣᠭᠲᠠᠯᠴᠠᠭ᠎ᠠ᠎ᠶᠢᠨ ᠪᠠᠢᠭᠤᠯᠤᠯᠲᠠ᠎ᠶ᠋ᠢᠨ ᠠᠵᠢᠯ᠎ᠢ ᠥᠷᠨᠢᠭᠦᠯᠬᠦ᠌᠎ᠶ᠋ᠢᠨ ᠬᠠᠮᠲᠤ᠌᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠢᠲᠡᠭᠡᠮᠵᠢ᠎ᠶ᠋ᠢᠨ ᠦᠨᠡᠯᠡᠯᠲᠡ᠎ᠶ᠋ᠢᠨ ᠬᠠᠮᠢᠶᠠᠷᠤᠯᠲᠠ᠎ᠶ᠋ᠢᠨ ᠲᠠᠪᠴᠠᠩ᠎ᠳᠤ ᠡᠯ᠎ᠡ ᠭᠤᠤᠯ ᠴᠣᠭ᠍ᠴᠠ᠎ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠳᠠᠮᠵᠢᠭᠤᠯᠤᠨ ᠬᠦᠷᠭᠡᠨ᠎ᠡ᠃
ᠠᠢᠮᠠᠭ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ᠎ᠶ᠋ᠢᠨ ᠬᠡᠪᠴᠢᠶᠡᠨ ᠳᠣᠲᠣᠷ᠎ᠠ ᠲᠣᠰ ᠵᠠᠰᠠᠭ ᠵᠠᠬᠢᠷᠭᠠᠨ᠎ᠤ ᠣᠷᠣᠨ᠎ᠤ᠎ᠪᠠᠨ ᠳᠣᠲᠣᠷᠠᠬᠢ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢ ᠬᠡᠷᠡᠭ᠌ᠯᠡᠬᠦ᠌ ᠢᠲᠡᠭᠡᠮᠵᠢ᠎ᠶ᠋ᠢᠨ ᠲᠣᠭᠲᠠᠯᠴᠠᠭ᠎ᠠ᠎ᠶᠢᠨ ᠪᠠᠢᠭᠤᠯᠤᠯᠲᠠ ᠵᠢᠴᠢ ᠬᠠᠮᠢᠶᠠᠷᠤᠯᠲᠠ᠎ᠶ᠋ᠢᠨ ᠠᠵᠢᠯ᠎ᠢ ᠬᠠᠷᠢᠭᠤᠴᠠᠵᠤ᠂ ᠵᠠᠰᠠᠭ ᠵᠠᠬᠢᠷᠭᠠᠨ᠎ᠤ ᠣᠷᠣᠨ᠎ᠤ ᠬᠡᠪᠴᠢᠶᠡᠨ᠎ᠳᠠᠬᠢ ᠡᠮᠴᠢᠯᠡᠭᠡᠨ᠎ᠤ ᠪᠠᠲᠤᠯᠠᠭ᠎ᠠ᠎ᠶ᠋ᠢᠨ ᠬᠦᠷᠢᠶᠡᠨ᠎ᠳᠠᠬᠢ ᠢᠲᠡᠭᠡᠮᠵᠢ᠎ᠶ᠋ᠢᠨ ᠭᠤᠤᠯ ᠴᠣᠭ᠍ᠴᠠ ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠴᠤᠭ᠍ᠯᠠᠭᠤᠯᠬᠤ᠂ ᠢᠯᠡ ᠪᠣᠯᠭᠠᠬᠤ᠂ ᠦᠨᠡᠯᠡᠬᠦ᠂ ᠬᠡᠷᠡᠭ᠌ᠯᠡᠬᠦ᠂ ᠰᠡᠷᠭᠦᠭᠡᠬᠦ᠌ ᠵᠡᠷᠭᠡ ᠠᠵᠢᠯ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠬᠤᠱᠢᠭᠤ ᠱᠢᠶᠠᠨ (ᠲᠣᠭᠤᠷᠢᠭ) ᠤ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠢ ᠵᠢᠯᠣᠭᠤᠳᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠴᠤᠭ᠍ᠯᠠᠭᠤᠯᠬᠤ᠂ ᠬᠡᠷᠡᠭ᠌ᠯᠡᠬᠦ᠌ ᠂ ᠣᠨᠳᠣᠤ ᠰᠠᠨᠠᠯ᠎ᠲᠠᠢ ᠭᠤᠶᠤᠴᠢᠯᠠᠯ᠎ᠢ ᠭᠥᠯᠢᠶᠡᠨ ᠠᠪᠴᠤ᠌ ᠱᠢᠢᠳᠪᠦᠷᠢᠯᠡᠬᠦ᠌ ᠵᠡᠷᠭᠡ ᠡᠳᠦᠷ ᠲᠤᠲᠤᠮ᠎ᠤᠨ ᠬᠠᠮᠢᠶᠠᠷᠤᠯᠲᠠ᠎ᠶ᠋ᠢᠨ ᠠᠵᠢᠯ᠎ᠢ ᠥᠷᠨᠢᠭᠦᠯᠦᠨ᠎ᠡ᠃
ᠨᠠᠶ᠋ᠮᠠᠳᠤᠭᠠᠷ ᠵᠤᠷᠪᠤᠰ ᠠᠵᠢᠯ ᠲᠥᠷᠥᠯ᠎ᠦᠨ ᠨᠡᠢᠭᠡᠮᠯᠢᠭ᠎ᠦᠨ ᠠᠵᠢᠯ ᠲᠥᠷᠥᠯ᠎ᠦᠨ ᠵᠢᠷᠤᠮᠵᠢᠯ ᠪᠠ ᠥᠪᠡᠷ ᠢ᠎ᠪᠡᠨ ᠱᠠᠭᠠᠷᠳᠠᠬᠤ ᠪᠠᠢᠭᠤᠯᠤᠯᠲᠠ ᠥᠷᠨᠢᠭᠦᠯᠬᠦ᠌᠎ᠶ᠋ᠢ ᠵᠣᠷᠢᠭ᠍ᠵᠢᠭᠤᠯᠤᠨ᠂ ᠥᠪᠡᠷ ᠢ᠎ᠪᠡᠨ ᠱᠠᠭᠠᠷᠳᠠᠬᠤ ᠨᠡᠢᠲᠡ᠎ᠶ᠋ᠢᠨ ᠭᠡᠷ᠎ᠡ᠎ᠶ᠋ᠢ ᠲᠣᠭ᠍ᠲᠠᠭᠠᠬᠤ᠎ᠶ᠋ᠢᠨ ᠬᠠᠮᠲᠤ ᠪᠣᠳᠠᠲᠠᠢᠵᠢᠭᠤᠯᠵᠤ᠂ ᠠᠵᠢᠯ ᠲᠥᠷᠥᠯ᠎ᠦᠨ ᠵᠢᠷᠤᠮᠵᠢᠯ ᠪᠠ ᠥᠪᠡᠷ ᠢ᠎ᠪᠡᠨ ᠬᠢᠵᠠᠭᠠᠷᠯᠠᠬᠤ᠎ᠶ᠋ᠢ ᠠᠬᠢᠭᠤᠯᠬᠤ ᠬᠡᠷᠡᠭ᠌ᠲᠡᠶ᠃ ᠡᠮ ᠡᠮᠨᠡᠯᠭᠡ ᠡᠷᠡᠭᠦᠯ ᠬᠠᠮᠠᠭᠠᠯᠠᠯ᠎ᠤᠨ ᠠᠵᠢᠯ ᠲᠥᠷᠥᠯ᠎ᠤᠨ ᠵᠣᠬᠢᠶᠠᠨ ᠪᠠᠢᠭᠤᠯᠤᠯᠲᠠ᠎ᠶ᠋ᠢᠨ ᠬᠥᠭ᠌ᠵᠢᠯᠲᠡ᠎ᠶ᠋ᠢ ᠢᠳᠡᠪᠬᠢᠲᠡᠶ ᠠᠬᠢᠭᠤᠯᠵᠤ᠂ ᠲᠡᠳᠡᠨ᠎ᠤ ᠬᠠᠮᠢᠶᠠᠷᠤᠯᠲᠠ᠎ᠶ᠋ᠢᠨ ᠵᠢᠷᠤᠮᠵᠢᠯ ᠪᠠ ᠮᠡᠷᠭᠡᠵᠢᠯ᠎ᠤᠨ ᠪᠠᠷᠢᠮᠵᠢᠶ᠎ᠠ ᠲᠣᠭ᠍ᠲᠠᠭᠠᠬᠤ᠂ ᠠᠵᠢᠯ ᠡᠷᠭᠢᠯᠡᠬᠦ᠌ ᠦᠢᠯᠡ ᠠᠵᠢᠯᠯᠠᠭ᠎ᠠ᠎ᠶ᠋ᠢ ᠵᠢᠷᠤᠮᠵᠢᠭᠤᠯᠬᠤ ᠪᠠ ᠬᠠᠮᠢᠶᠠᠷᠴᠤ᠌ ᠦᠢᠯᠡᠴᠢᠯᠡᠬᠦ᠂ ᠠᠵᠢᠯ ᠲᠥᠷᠥᠯ᠎ᠤᠨ ᠥᠪᠡᠷ᠎ᠢ᠎ᠪᠠᠨ ᠱᠠᠭᠠᠷᠳᠠᠬᠤ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠦᠶ᠋ᠯᠡᠳᠦᠯ᠎ᠢᠶᠠᠨ ᠨᠠᠩ ᠰᠠᠢᠲᠤᠷ ᠪᠠᠳᠠᠷᠠᠭᠤᠯᠬᠤ᠎ᠶ᠋ᠢ ᠬᠥᠲᠥᠯᠥᠨ ᠵᠢᠯᠣᠭᠤᠳᠭᠤ ᠪᠠ ᠳᠡᠮᠵᠢᠵᠦ᠍᠂ ᠠᠵᠢᠯ ᠲᠥᠷᠥᠯ᠎ᠤᠨ ᠥᠪᠡᠷ᠎ᠢ᠎ᠪᠠᠨ ᠱᠠᠭᠠᠷᠳᠠᠬᠤ ᠨᠡᠢᠲᠡ᠎ᠶ᠋ᠢᠨ ᠭᠡᠷ᠎ᠡ᠎ᠶ᠋ᠢ ᠬᠡᠷᠡᠭ᠌ᠵᠢᠭᠦᠯᠦᠨ᠂ ᠡᠮᠴᠢᠯᠡᠭᠡᠨ᠎ᠤ ᠳᠠᠭᠠᠳᠭᠠᠯ᠎ᠤᠨ ᠬᠢᠨᠠᠯᠲᠠ ᠬᠠᠮᠢᠶᠠᠷᠤᠯᠲᠠ ᠪᠠ ᠨᠡᠢᠭᠡᠮ᠎ᠤᠨ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠬᠦ᠌ ᠬᠡᠷᠡᠭ᠌ᠲᠡᠶ᠃
ᠬᠤᠶᠠᠳᠤᠭᠠᠷ ᠪᠦᠯᠦᠭ ᠢᠲᠡᠭᠡᠮᠵᠢ᠎ᠶ᠋ᠢᠨ ᠳᠠᠩᠰᠠ ᠡᠪᠬᠡᠮᠡᠯ
ᠶᠢᠰᠦᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠨᠢ ᠢᠲᠡᠭᠡᠮᠵᠢ᠎ᠶ᠋ᠢᠨ ᠭᠣᠤᠯ ᠴᠣᠭ᠍ᠴᠠ᠎ᠳᠤ ᠴᠢᠭ᠌ᠯᠡᠭᠦᠯᠦᠨ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠭᠤᠷᠢ ᠮᠥᠩᠭᠥ᠎ᠶ᠋ᠢ ᠬᠡᠷᠡᠭ᠌ᠯᠡᠭ᠌ᠰᠡᠨ ᠢᠲᠡᠭᠡᠮᠵᠢ᠎ᠶ᠋ᠢᠨ ᠳᠠᠩᠰᠠ ᠡᠪᠬᠡᠮᠡᠯ᠎ᠢ ᠲᠥᠷᠥᠯ ᠬᠤᠪᠢᠶᠠᠨ ᠪᠠᠢᠭᠤᠯᠬᠤ ᠬᠡᠷᠡᠭ᠌ᠲᠡᠶ᠃ ᠠᠢᠮᠠᠭ ᠬᠤᠲᠠ᠂ ᠬᠤᠱᠢᠭᠤ ᠱᠢᠶᠠᠨ (ᠲᠣᠭᠤᠷᠢᠭ) ᠤ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠳ ᠬᠠᠷᠢᠶ᠎ᠠ ᠣᠷᠣᠨ᠎ᠤ᠎ᠪᠠᠨ ᠢᠲᠡᠭᠡᠮᠵᠢ᠎ᠶ᠋ᠢᠨ ᠭᠤᠤᠯ ᠴᠣᠭ᠍ᠴᠠ᠎ᠶ᠋ᠢᠨ ᠢᠲᠡᠭᠡᠮᠵᠢ᠎ᠶ᠋ᠢᠨ ᠲᠠᠩᠰᠠ ᠡᠪᠬᠡᠮᠡᠯ᠎ᠢ ᠬᠢᠨᠠᠨ ᠬᠠᠷᠭᠤᠭᠤᠯᠬᠤ᠂ ᠱᠢᠨᠡᠳᠭᠡᠬᠦ᠌᠎ᠶ᠋ᠢ ᠬᠠᠷᠢᠭᠤᠴᠠᠬᠤ ᠬᠡᠷᠡᠭ᠌ᠲᠡᠶ᠃
ᠠᠷᠪᠠᠳᠤᠭᠠᠷ ᠵᠤᠷᠪᠤᠰ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠳ ᠪᠠᠢᠭᠠᠯᠢ ᠬᠥᠮᠦᠨ᠎ᠦ ᠠᠷᠠᠳ ᠢᠷᠭᠡᠳ᠎ᠦᠨ ᠪᠡᠶ᠎ᠡ᠎ᠶ᠋ᠢᠨ ᠦᠨᠡᠮᠯᠡᠯ᠎ᠦᠨ ᠨᠣᠮᠧᠷ ᠪᠣᠯᠤᠨ ᠬᠠᠤᠯᠢ᠎ᠶ᠋ᠢᠨ ᠡᠷᠬᠡᠲᠡᠨ᠂ ᠬᠠᠤᠯᠢ᠎ᠶ᠋ᠢᠨ ᠡᠷᠬᠡᠲᠡᠨ ᠪᠤᠰᠤ ᠵᠣᠬᠢᠶᠠᠨ ᠪᠠᠢᠭᠤᠯᠤᠯᠲᠠ᠎ᠶ᠋ᠢᠨ ᠨᠡᠢᠭᠡᠮ᠎ᠦᠨ ᠢᠲᠡᠭᠡᠮᠵᠢ᠎ᠶ᠋ᠢᠨ ᠨᠢᠭᠡᠳᠦᠯᠲᠡᠶ ᠣᠷᠣᠯᠠᠬᠤ ᠲᠡᠮᠳᠡᠭ᠎ᠢᠶᠡᠷ ᠲᠡᠮᠳᠡᠭ ᠪᠣᠯᠭᠠᠨ ᠡᠮᠴᠢᠯᠡᠭᠡᠨ᠎ᠦ ᠪᠠᠲᠤᠯᠠᠭ᠎ᠠ᠎ᠶ᠋ᠢᠨ ᠬᠠᠷᠢᠶ᠎ᠠ ᠪᠦᠬᠦᠢ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠴᠤᠭᠯᠠᠭᠤᠯᠤᠨ ᠨᠡᠢ᠌ᠯᠡᠭᠦᠯᠬᠦ᠎ᠶᠢ ᠥᠷᠨᠢᠭᠦᠯᠬᠦ᠌᠎ᠶ᠋ᠢᠨ ᠬᠠᠮᠲᠤ ᠢᠲᠡᠭᠡᠮᠵᠢ᠎ᠶ᠋ᠢᠨ ᠭᠣᠤᠯ ᠴᠣᠭ᠍ᠴᠠ᠎ᠶ᠋ᠢᠨ ᠢᠲᠡᠭᠡᠮᠵᠢ᠎ᠶ᠋ᠢᠨ ᠳᠠᠩᠰᠠ ᠡᠪᠬᠡᠮᠡᠯ᠎ᠢ ᠪᠠᠢᠭᠤᠯᠬᠤ ᠬᠡᠷᠡᠭ᠌ᠲᠡᠶ᠃
ᠢᠲᠡᠭᠡᠮᠵᠢ᠎ᠶ᠋ᠢᠨ ᠳᠠᠩᠰᠠ ᠡᠪᠬᠡᠮᠡᠯ᠎ᠤᠨ ᠠᠭᠤᠯᠭ᠎ᠠ᠎ᠳᠤ᠄ ᠦᠨᠳᠦᠰᠦᠨ ᠮᠡᠳᠡᠭᠡ ᠵᠠᠩᠭᠢ᠂ ᠢᠲᠡᠭᠡᠮᠵᠢ᠎ᠶᠢᠨ ᠠᠮᠠᠯᠠᠯᠲᠠ ᠵᠢᠴᠢ ᠭᠦᠢᠴᠡᠳᠬᠡᠭᠰᠡᠨ ᠪᠠᠢᠳᠠᠯ᠎ᠤᠨ ᠮᠡᠳᠡᠭᠡ ᠵᠠᠩᠭᠢ᠂ ᠰᠠᠢᠨ ᠰᠠᠢᠬᠠᠨ ᠦᠢᠯᠡ ᠠᠵᠢᠯᠯᠠᠭ᠎ᠠ᠎ᠶ᠋ᠢᠨ ᠮᠡᠳᠡᠭᠡ ᠵᠠᠩᠭᠢ᠂ ᠡᠷᠡᠭᠦᠯ ᠪᠤᠰᠤ ᠦᠢᠯᠡ ᠠᠵᠢᠯᠯᠠᠭ᠎ᠠ᠎ᠶ᠋ᠢᠨ ᠮᠡᠳᠡᠭᠡ ᠵᠠᠩᠭᠢ᠂ ᠦᠨᠡᠯᠡᠬᠦ᠌ ᠮᠡᠳᠡᠭᠡ ᠵᠠᠩᠭᠢ᠂ ᠢᠲᠡᠭᠡᠮᠵᠢ᠎ᠶ᠋ᠢᠨ ᠭᠤᠮᠣᠳᠠᠯ ᠲᠣᠭᠠᠴᠢᠭ᠍ᠰᠠᠨ ᠮᠡᠳᠡᠭᠡ ᠵᠠᠩᠭᠢ᠂ ᠢᠲᠡᠭᠡᠮᠵᠢ᠎ᠶ᠋ᠢ ᠰᠡᠷᠭᠦᠭᠡᠬᠦ᠌ ᠮᠡᠳᠡᠭᠡ ᠵᠠᠩᠭᠢ ᠵᠡᠷᠭᠡ ᠪᠠᠭ᠍ᠲᠠᠨ᠎ᠠ᠃ ᠢᠲᠡᠭᠡᠮᠵᠢ᠎ᠶ᠋ᠢᠨ ᠳᠠᠩᠰᠠ ᠡᠪᠬᠡᠮᠡᠯ᠎ᠨᠢ ᠢᠲᠡᠭᠡᠮᠵᠢ᠎ᠶ᠋ᠢᠨ ᠭᠤᠣᠯ ᠴᠣᠭ᠍ᠴᠠ᠎ᠶ᠋ᠢᠨ ᠢᠲᠡᠭᠡᠮᠵᠢ᠎ᠶ᠋ᠢᠨ ᠪᠠᠢᠳᠠᠯ᠎ᠢ ᠦᠨᠡᠨ ᠪᠣᠳᠠᠲᠠᠶ᠎ᠪᠠᠷ ᠲᠤᠰᠭᠠᠬᠤ ᠬᠡᠷᠡᠭ᠌ᠲᠡᠶ᠃
ᠭᠤᠷᠪᠠᠳᠤᠭᠠᠷ ᠪᠦᠯᠦᠭ ᠢᠲᠡᠭᠡᠮᠵᠢ᠎ᠶ᠋ᠢᠨ ᠠᠮᠠᠯᠠᠯᠲᠠ
ᠠᠷᠪᠠᠨ ᠨᠢᠭᠡᠳᠦᠭᠡᠷ ᠵᠤᠷᠪᠤᠰ ᠢᠲᠡᠭᠡᠮᠵᠢ᠎ᠶ᠋ᠢᠨ ᠠᠮᠠᠯᠠᠯᠲᠠ ᠭᠡᠳᠡᠭ ᠪᠣᠯ ᠢᠲᠡᠭᠡᠮᠵᠢ᠎ᠶ᠋ᠢᠨ ᠭᠣᠤᠯ ᠴᠣᠭ᠍ᠴᠠ ᠨᠢ ᠵᠢᠷᠤᠮᠵᠢᠭᠤᠯᠬᠤ ᠬᠡᠯᠪᠡᠷᠢ᠎ᠪᠡᠷ ᠨᠡᠢᠭᠡᠮ᠎ᠳᠦ ᠥᠪᠡᠷ ᠢ᠎ᠪᠡᠨ ᠡᠵᠡᠮᠳᠡᠨ ᠬᠠᠮᠢᠶᠠᠷᠬᠤ᠂ ᠦᠨᠡᠨᠴᠢ ᠢᠲᠡᠭᠡᠮᠵᠢᠲᠡᠶ ᠦᠢᠯᠡᠴᠢᠯᠡᠭᠡ ᠬᠢᠬᠦ᠌᠎ᠶ᠋ᠢ ᠢᠯᠡ᠎ᠪᠡᠷ ᠠᠮᠠᠯᠠᠬᠤ᠎ᠶ᠋ᠢᠨ ᠬᠠᠮᠲᠤ᠂ ᠨᠡᠢᠭᠡᠮ᠎ᠦᠨ ᠬᠢᠨᠠᠯᠲᠠ ᠲᠠᠯᠪᠢᠬᠤ᠎ᠶ᠋ᠢ ᠬᠦᠯᠢᠶᠡᠬᠦ᠌᠎ᠶ᠋ᠢ ᠵᠢᠭᠠᠵᠤ ᠪᠤᠶ ᠃
ᠠᠷᠪᠠᠨ ᠬᠤᠶᠠᠳᠤᠭᠠᠷ ᠵᠣᠷᠪᠤᠰ ᠠᠮᠠᠯᠠᠯᠲᠠ᠎ᠶ᠋ᠢᠨ ᠠᠭᠤᠯᠭ᠎ᠠ᠎ᠳᠤ ᠬᠠᠤᠯᠢ ᠲᠣᠭ᠍ᠲᠠᠭᠠᠯ ᠶᠣᠰᠣᠭᠠᠷ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢ ᠬᠡᠷᠡᠭ᠌ᠯᠡᠬᠦ᠂ ᠨᠡᠢᠭᠡᠮ᠎ᠤᠨ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠬᠦ᠂ ᠠᠮᠠᠯᠠᠯᠲᠠ᠎ᠶ᠋ᠢ ᠵᠥᠷᠢᠴᠡᠪᠡᠯ ᠲᠣᠭ᠍ᠲᠠᠭ᠍ᠰᠠᠨ ᠴᠡᠭ᠎ᠤᠨ ᠦᠢᠯᠡᠴᠢᠯᠡᠭᠡᠨ᠎ᠤ ᠬᠡᠯᠡᠯᠴᠡᠭᠡᠷ᠎ᠲᠤ ᠪᠣᠯᠵᠣᠨ ᠲᠣᠭ᠍ᠲᠠᠭ᠍ᠰᠠᠨ ᠭᠡᠷ᠎ᠡ᠎ᠶ᠋ᠢ ᠵᠥᠷᠢᠴᠡᠭ᠌ᠰᠡᠨ ᠬᠠᠷᠢᠭᠤᠴᠠᠯᠭ᠎ᠠ᠎ᠶ᠋ᠢ ᠰᠠᠢᠨ ᠳᠤᠷ᠎ᠠ᠎ᠠᠴᠠ᠎ᠪᠠᠨ ᠡᠭᠦᠷᠭᠡᠯᠡᠬᠦ᠌᠎ᠶ᠋ᠢᠨ ᠬᠠᠮᠲᠤ ᠵᠣᠬᠢᠴᠠᠩᠭᠤᠶ ᠵᠠᠰᠠᠭ ᠵᠠᠬᠢᠷᠭᠠᠨ᠎ᠤ ᠰᠢᠢ᠍ᠳᠭᠡᠯ ᠲᠣᠷᠭᠠᠭᠤᠯᠢ᠎ᠶ᠋ᠢ ᠬᠦᠯᠢᠶᠡᠬᠦ᠂ ᠰᠠᠢᠨ ᠳᠤᠷ᠎ᠠ᠎ᠠᠴᠠ᠎ᠪᠠᠨ ᠨᠡᠢᠭᠡᠮ᠎ᠤᠨ ᠢᠲᠡᠭᠡᠮᠵᠢ᠎ᠶ᠋ᠢᠨ ᠬᠠᠮᠲᠤᠷᠠᠨ ᠬᠥᠳᠡᠯᠦᠯᠴᠡᠬᠦ᠌ ᠬᠠᠮᠢᠶᠠᠷᠤᠯᠲᠠ ᠵᠡᠷᠭᠡ ᠪᠠᠭ᠍ᠲᠠᠨ᠎ᠠ᠃
ᠢᠲᠡᠭᠡᠮᠵᠢ᠎ᠶᠢᠨ ᠠᠮᠠᠯᠠᠯᠲᠠ᠎ᠶᠢ ᠢᠲᠡᠭᠡᠮᠵᠢ᠎ᠶᠢᠨ ᠳᠠᠩᠰᠠ ᠡᠪᠬᠡᠮᠡᠯ᠎ᠳ᠋ᠦ᠍ ᠣᠷᠣᠭᠤᠯᠤᠨ᠎ᠠ᠃ ᠢᠲᠡᠭᠡᠮᠵᠢ᠎ᠶ᠋ᠢᠨ ᠭᠤᠤᠯ ᠴᠣᠭ᠍ᠴᠠ᠎ᠨᠢ ᠢᠲᠡᠭᠡᠮᠵᠢ᠎ᠶ᠋ᠢᠨ ᠠᠮᠠᠯᠠᠯᠲᠠ᠎ᠶ᠋ᠢᠨ ᠠᠭᠤᠯᠭ᠎ᠠ᠎ᠶ᠋ᠢᠨ ᠦᠨᠡᠨ ᠪᠣᠳᠠᠲᠠᠶ ᠴᠢᠨᠠᠷ᠎ᠲᠤ ᠬᠠᠷᠢᠭᠤᠴᠠᠵᠤ᠂ ᠢᠲᠡᠭᠡᠮᠵᠢ᠎ᠶ᠋ᠢᠨ ᠠᠮᠠᠯᠠᠯᠲᠠ ᠵᠢᠴᠢ ᠠᠮᠠᠯᠠᠯᠲᠠ᠎ᠪᠠᠨ ᠭᠦᠶ᠋ᠴᠡᠳᠭᠡᠭ᠌ᠰᠡᠨ ᠪᠠᠢᠳᠠᠯ᠎ᠢ ᠢᠲᠡᠭᠡᠮᠵᠢ᠎ᠶ᠋ᠢᠨ ᠭᠤᠤᠯ ᠴᠣᠭ᠍ᠴᠠ᠎ᠶ᠋ᠢᠨ ᠬᠡᠷᠡᠭ᠎ᠤᠨ ᠳᠤᠮᠳᠠᠬᠢ ᠬᠡᠷᠡᠭ᠎ᠤᠨ ᠳᠠᠷᠠᠭᠠᠬᠢ ᠬᠢᠨᠠᠯᠲᠠ ᠬᠠᠮᠢᠶᠠᠷᠤᠯᠲᠠ᠎ᠶ᠋ᠢᠨ ᠴᠢᠬᠤᠯᠠ ᠦᠨᠳᠦᠰᠦᠯᠡᠯ ᠪᠣᠯᠭᠠᠨ᠎ᠠ᠃
ᠠᠷᠪᠠᠨ ᠭᠤᠷᠪᠠᠳᠤᠭᠠᠷ ᠵᠤᠷᠪᠤᠰ ᠡᠯ᠎ᠡ ᠪᠠᠢᠭᠤᠯᠤᠮᠵᠢ᠎ᠶ᠋ᠢᠨ ᠲᠥᠷᠥᠯ᠎ᠦᠨ ᠢᠲᠡᠭᠡᠮᠵᠢ᠎ᠶ᠋ᠢᠨ ᠭᠣᠤᠯ ᠴᠣᠭ᠍ᠴᠠ᠎ᠶ᠋ᠢ ᠵᠣᠷᠢᠭ᠍ᠵᠢᠭᠤᠯᠵᠤ ᠪᠠᠢᠭᠠᠳ ᠡᠮᠴᠢᠯᠡᠭᠡᠨ᠎ᠦ ᠪᠠᠲᠤᠯᠠᠭ᠎ᠠ᠎ᠶ᠋ᠢᠨ ᠢᠲᠡᠭᠡᠮᠵᠢ᠎ᠶ᠋ᠢᠨ ᠬᠠᠮᠢᠶᠠᠷᠤᠯᠲᠠ᠎ᠶ᠋ᠢᠨ ᠳᠦᠷᠢᠮ ᠢ ᠪᠠᠢᠭᠤᠯᠵᠤ ᠂ ᠬᠠᠮᠢᠶ᠎ᠠ ᠪᠦᠬᠦᠢ ᠬᠥᠮᠦᠰ ᠢ ᠵᠣᠬᠢᠶᠠᠨ ᠪᠠᠢᠭᠤᠯᠤᠨ ᠢᠲᠡᠭᠡᠮᠵᠢ᠎ᠶ᠋ᠢᠨ ᠠᠮᠠᠯᠠᠯᠲᠠ᠎ᠶ᠋ᠢᠨ ᠪᠢᠴᠢᠭ᠎ᠲᠦ ᠭᠠᠷᠤᠨ ᠦᠰᠦᠭ ᠵᠢᠷᠤᠭᠤᠯᠵᠤ᠂ ᠢᠲᠡᠭᠡᠮᠵᠢ᠎ᠶ᠋ᠢᠨ ᠬᠥᠮᠦᠵᠢᠯ ᠪᠠ ᠦᠨᠡᠨᠴᠢ ᠢᠲᠡᠭᠡᠮᠵᠢ᠎ᠶ᠋ᠢᠨ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠥᠷᠨᠢᠭᠦᠯᠦᠨ᠂ ᠢᠲᠡᠭᠡᠮᠵᠢ᠎ᠶ᠋ᠢᠨ ᠰᠣᠶᠣᠯ᠎ᠢ ᠪᠣᠢᠵᠢᠭᠤᠯᠤᠨ᠎ᠠ᠃
ᠳᠥᠷᠪᠡᠳᠦᠭᠡᠷ ᠪᠦᠯᠦᠭ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠴᠤᠭᠯᠠᠭᠤᠯᠤᠨ ᠨᠡᠢ᠌ᠯᠡᠭᠦᠯᠬᠦ
ᠠᠷᠪᠠᠨ ᠳᠥᠷᠪᠡᠳᠦᠭᠡᠷ ᠵᠤᠷᠪᠤᠰ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠴᠤᠭᠯᠠᠭᠤᠯᠤᠨ ᠨᠡᠢ᠌ᠯᠡᠭᠦᠯᠬᠦ ᠭᠡᠳᠡᠭ ᠨᠢ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠡᠴᠡ ᠢᠲᠡᠭᠡᠮᠵᠢ᠎ᠶ᠋ᠢᠨ ᠭᠣᠤᠯ ᠴᠣᠭ᠍ᠴᠠ᠎ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠲᠡᠮᠳᠡᠭ᠌ᠯᠡᠬᠦ᠌ ᠂ ᠴᠤᠭ᠍ᠯᠠᠭᠤᠯᠬᠤ ᠂ ᠬᠠᠮᠢᠶᠠᠷᠬᠤ ᠵᠡᠷᠭᠡ ᠠᠵᠢᠯᠯᠠᠭ᠎ᠠ ᠬᠢᠬᠦ᠌᠎ᠶ᠋ᠢ ᠵᠢᠭᠠᠵᠤ ᠪᠤᠶ᠃ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠳᠣᠤᠷᠠᠬᠢ ᠵᠠᠮ᠎ᠢᠶᠠᠷ ᠳᠠᠮᠵᠢᠭᠤᠯᠤᠨ ᠴᠤᠭ᠍ᠯᠠᠭᠤᠯᠬᠤ ᠬᠡᠷᠡᠭ᠌ᠲᠡᠶ᠄
(ᠨᠢᠭᠡ) ᠢᠲᠡᠭᠡᠮᠵᠢ᠎ᠶ᠋ᠢᠨ ᠭᠤᠤᠯ ᠴᠣᠭ᠍ᠴᠠ᠎ᠨᠢ ᠢᠲᠡᠭᠡᠮᠵᠢ᠎ᠶ᠋ᠢᠨ ᠲᠣᠭᠲᠠᠯᠴᠠᠭ᠎ᠠ᠎ᠶᠢᠨ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠶ᠋ᠢ ᠦᠨᠳᠦᠰᠦᠯᠡᠨ ᠰᠠᠨᠠᠭᠠᠴᠢᠯᠠᠭ᠎ᠠ᠎ᠠᠴᠠ᠎ᠪᠠᠨ ᠬᠠᠩᠭᠠᠨ᠎ᠠ;
(ᠬᠤᠶᠠᠷ) ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠳᠠᠭᠠᠳᠭᠠᠯ᠎ᠤᠨ ᠮᠡᠳᠡᠭᠡ ᠵᠠᠩᠭᠢ᠎ᠶ᠋ᠢᠨ ᠲᠠᠪᠴᠠᠩ᠎ᠠᠴᠠ ᠬᠠᠮᠢᠶ᠎ᠠ ᠪᠥᠬᠦᠶ ᠲᠤᠭ᠎ᠠ ᠪᠠᠷᠢᠮᠲᠠ᠎ᠶ᠋ᠢ ᠭᠠᠷᠭᠠᠨ ᠠᠪᠤᠨ᠎ᠠ;
(ᠭᠤᠷᠪᠠ) ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠳ ᠡᠳᠦᠷ ᠲᠤᠲᠤᠮ᠎ᠤᠨ ᠬᠢᠨᠠᠯᠲᠠ ᠲᠠᠯᠪᠢᠵᠤ ᠪᠠᠢᠴᠠᠭᠠᠬᠤ᠂ ᠡᠯ᠎ᠡ ᠲᠥᠷᠥᠯ᠎ᠤᠨ ᠬᠠᠤᠯᠢ ᠬᠡᠷᠡᠭ᠌ᠵᠢᠭᠦᠯᠦᠯᠲᠡ᠎ᠶ᠋ᠢ ᠪᠠᠢᠴᠠᠭᠠᠬᠤ᠂ ᠬᠢᠨᠠᠨ ᠪᠠᠢᠴᠠᠭᠠᠬᠤ ᠠᠵᠢᠯ ᠵᠢᠴᠢ ᠣᠯᠠᠨ ᠲᠦᠮᠡᠨ᠎ᠤ ᠢᠯᠡᠴᠢᠯᠡᠨ ᠮᠡᠳᠡᠭᠦᠯᠬᠦ᠂ ᠵᠠᠭᠠᠯᠳᠤᠬᠤ ᠵᠡᠷᠭᠡ ᠪᠠᠢᠴᠠᠭᠠᠯᠲᠠ᠎ᠶ᠋ᠢᠨ ᠠᠷᠭ᠎ᠠ ᠵᠠᠮ᠎ᠢᠶᠠᠷ ᠳᠠᠮᠵᠢᠭᠤᠯᠤᠨ ᠤᠯᠤᠨ᠎ᠠ;
(ᠲᠦᠷᠪᠡ) ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠬᠢᠭᠡᠳ ᠣᠯᠠᠨ ᠨᠡᠢᠲᠡ᠎ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢᠨ ᠲᠠᠪᠴᠠᠩ᠂ ᠤᠯᠤᠰ᠎ᠤᠨ ᠠᠵᠤ ᠠᠬᠤᠢᠯᠠᠯ᠎ᠤᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠢᠯᠡ ᠨᠡᠢᠲᠡᠯᠡᠬᠦ᠌ ᠱᠢᠰᠲ᠋ᠧᠮ ᠵᠡᠷᠭᠡ ᠲᠤᠭ᠎ᠠ ᠪᠠᠷᠢᠮᠲᠠ᠎ᠶ᠋ᠢ ᠬᠠᠮᠲᠤ᠎ᠪᠠᠷ ᠬᠦᠷᠲᠡᠵᠦ᠍ ᠴᠤᠭ᠍ᠯᠠᠭᠤᠯᠬᠤ᠎ᠶ᠋ᠢ ᠪᠡᠶᠡᠯᠡᠭᠦᠯᠦᠨ᠎ᠡ᠃
(ᠲᠠᠪᠤ) ᠬᠠᠤᠯᠢ ᠴᠠᠭᠠᠵᠠ ᠬᠠᠤᠯᠢ ᠲᠣᠭ᠍ᠲᠠᠭᠠᠯ ᠵᠢᠴᠢ ᠬᠠᠮᠢᠶ᠎ᠠ ᠪᠦᠬᠦᠢ ᠲᠣᠭ᠍ᠲᠠᠭᠠᠯ᠎ᠳᠤ ᠨᠡᠢᠴᠡᠬᠦ᠌ ᠪᠤᠰᠤᠳ ᠴᠤᠭ᠍ᠯᠠᠭᠤᠯᠬᠤ ᠠᠷᠭ᠎ᠠ ᠵᠠᠮ᠃
ᠠᠷᠪᠠᠨ ᠲᠠᠪᠤᠳᠤᠭᠠᠷ ᠵᠤᠷᠪᠤᠰ ᠲᠤᠰ ᠠᠷᠭ᠎ᠠ᠎ᠳᠤ ᠬᠡᠯᠡᠵᠦ᠍ ᠪᠠᠢᠭ᠎ᠠ ᠢᠲᠡᠭᠡᠮᠵᠢ᠎ᠶ᠋ᠢᠨ ᠮᠡᠳᠡᠭᠡ ᠵᠠᠩᠭᠢ ᠭᠡᠳᠡᠭ ᠨᠢ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠥ᠎ᠶ᠋ᠢ ᠬᠡᠷᠡᠭ᠌ᠯᠡᠬᠦ᠌ ᠪᠠ ᠬᠢᠨᠠᠨ ᠬᠠᠮᠢᠶᠠᠷᠬᠤ ᠶᠠᠪᠤᠴᠠ᠎ᠳᠤ ᠬᠣᠯᠪᠣᠭ᠍ᠳᠠᠭ᠍ᠰᠠᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠵᠢᠭᠠᠵᠤ ᠪᠤᠶ᠂ ᠢᠲᠡᠭᠡᠮᠵᠢ᠎ᠶ᠋ᠢᠨ ᠭᠣᠤᠯ ᠴᠣᠭ᠍ᠴᠠ᠎ᠶ᠋ᠢᠨ ᠢᠲᠡᠭᠡᠮᠵᠢ᠎ᠶ᠋ᠢᠨ ᠪᠠᠢᠳᠠᠯ᠎ᠢ ᠢᠯᠭᠠᠨ ᠲᠠᠨᠢᠬᠤ᠂ ᠵᠠᠳᠠᠯᠬᠤ᠂ ᠮᠠᠭᠠᠳᠯᠠᠬᠤ᠎ᠳᠤ ᠬᠡᠷᠡᠭ᠌ᠯᠡᠵᠦ᠍ ᠪᠣᠯᠬᠤ ᠮᠡᠳᠡᠭᠡ ᠵᠠᠩᠭᠢ᠎ᠶ᠋ᠢ ᠵᠢᠭᠠᠵᠤ ᠪᠤᠶ᠃ ᠡᠭᠦᠨ᠎ᠳᠤ ᠢᠲᠡᠭᠡᠮᠵᠢ᠎ᠶ᠋ᠢᠨ ᠭᠤᠤᠯ ᠴᠣᠭ᠍ᠴᠠ᠎ᠨᠢ ᠡᠮᠴᠢᠯᠡᠭᠡᠨ᠎ᠦ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠂ ᠡᠮᠴᠢᠯᠡᠭᠡᠨ᠎ᠦ ᠳᠠᠭᠠᠳᠭᠠᠯ᠎ᠤᠨ ᠬᠡᠯᠡᠯᠴᠡᠭᠡᠷ᠎ᠢ ᠬᠡᠷᠡᠭᠵᠢᠭᠦᠯᠬᠦ ᠵᠢᠴᠢ ᠪᠤᠰᠤᠳ ᠨᠡᠢᠭᠡᠮ᠎ᠤᠨ ᠠᠵᠢᠯᠯᠠᠭ᠎ᠠ᠎ᠶ᠋ᠢᠨ ᠳᠤᠮᠳᠠ ᠪᠣᠶ ᠪᠣᠯᠤᠭ᠍ᠰᠠᠨ ᠮᠡᠳᠡᠭᠡ ᠵᠠᠩᠭᠢ᠎ᠶ᠋ᠢ ᠳᠦ ᠬᠢᠵᠠᠭ᠋ᠠᠷᠯᠠᠭᠳᠠᠬᠤ ᠦᠭᠡᠢ᠃
ᠠᠷᠪᠠᠨ ᠵᠢᠷᠭᠤᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠨᠢ ᠪᠦᠬᠦ᠌ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠴᠤᠭ᠍ᠯᠠᠭᠤᠯᠬᠤ ᠭᠠᠷᠴᠠᠭ᠎ᠤᠨ ᠨᠠᠷᠢᠨ ᠬᠠᠭᠤᠳᠠᠰᠤ᠎ᠶ᠋ᠢ ᠵᠣᠬᠢᠶᠠᠨ ᠪᠠᠢᠭᠤᠯᠤᠨ ᠲᠣᠭ᠍ᠲᠠᠭᠠᠬᠤ᠎ᠶ᠋ᠢᠨ ᠬᠠᠮᠲᠤ ᠲᠣᠭ᠍ᠲᠠᠮᠠᠯ ᠬᠤᠭᠤᠴᠠᠭ᠎ᠠ᠎ᠲᠠᠢ᠎ᠪᠠᠷ ᠱᠢᠨᠡᠳᠭᠡᠵᠦ᠍᠂ ᠡᠯ᠎ᠡ ᠲᠥᠷᠥᠯ᠎ᠤᠨ ᠢᠲᠡᠭᠡᠮᠵᠢ᠎ᠶ᠋ᠢᠨ ᠭᠤᠤᠯ ᠴᠣᠭ᠍ᠴᠠ᠎ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠴᠤᠭ᠍ᠯᠠᠭᠤᠯᠬᠤ ᠬᠡᠪᠴᠢᠶ᠎ᠡ᠂ ᠴᠤᠭ᠍ᠯᠠᠭᠤᠯᠬᠤ ᠪᠠᠷᠢᠮᠵᠢᠶ᠎ᠠ ᠵᠢᠴᠢ ᠴᠤᠭ᠍ᠯᠠᠭᠤᠯᠬᠤ ᠠᠷᠭ᠎ᠠ ᠮᠠᠶᠢᠭ᠎ᠢ ᠲᠣᠳᠣᠷᠬᠠᠢᠯᠠᠬᠤ᠎ᠶ᠋ᠢᠨ ᠬᠠᠮᠲᠤ᠌᠂ ᠠᠢᠮᠠᠭ ᠬᠤᠲᠠ᠂ ᠬᠤᠱᠢᠭᠤ ᠱᠢᠶᠠᠨ (ᠲᠣᠭᠤᠷᠢᠭ) ᠤ ᠡᠮᠴᠢᠯᠡᠭᠡᠨ᠎ᠤ ᠪᠠᠲᠤᠯᠠᠭ᠎ᠠ᠎ᠶ᠋ᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠤᠨ ᠡᠯ᠎ᠡ ᠭᠤᠤᠯ ᠴᠣᠭ᠍ᠴᠠ᠎ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠴᠤᠭᠯᠠᠭᠤᠯᠤᠨ ᠨᠡᠢ᠌ᠯᠡᠭᠦᠯᠬᠦ ᠶᠠᠪᠤᠴᠠ᠎ᠳᠤ ᠬᠢᠨᠠᠯᠲᠠ ᠲᠠᠯᠪᠢᠵᠤ ᠵᠢᠭᠠᠨ ᠵᠢᠯᠣᠭᠤᠳᠤᠨ᠎ᠠ᠃
ᠲᠠᠪᠤᠳᠤᠭᠠᠷ ᠪᠦᠯᠦᠭ ᠢᠲᠡᠭᠡᠮᠵᠢ᠎ᠶ᠋ᠢᠨ ᠦᠨᠡᠯᠡᠯᠲᠡ
ᠠᠷᠪᠠᠨ ᠳᠣᠯᠣᠳᠤᠭᠠᠷ ᠵᠣᠷᠪᠤᠰ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠳ ᠢᠲᠡᠭᠡᠮᠵᠢ᠎ᠶ᠋ᠢᠨ ᠭᠣᠤᠯ ᠴᠣᠭ᠍ᠴᠠ᠎ᠳᠤ ᠲᠣᠭ᠍ᠲᠠᠮᠠᠯ ᠬᠤᠭᠤᠴᠠᠭ᠎ᠠ᠎ᠲᠠᠶ᠎ᠪᠠᠷ ᠦᠨᠡᠯᠡᠯᠲᠡ ᠬᠢᠬᠦ᠌ ᠠᠵᠢᠯ ᠥᠷᠨᠢᠭᠦᠯᠬᠦ᠌ ᠬᠡᠷᠡᠭ᠌ᠲᠡᠶ᠃ ᠨᠢᠭᠡ ᠪᠠᠢᠭᠠᠯᠢ᠎ᠶ᠋ᠢᠨ ᠣᠨ᠎ᠢᠶᠠᠷ ᠨᠢᠭᠡ ᠢᠲᠡᠭᠡᠮᠵᠢ᠎ᠶ᠋ᠢᠨ ᠦᠨᠡᠯᠡᠯᠲᠡ᠎ᠶ᠋ᠢᠨ ᠦᠶᠡᠯᠡᠯ ᠪᠣᠯᠭᠠᠨ᠎ᠠ᠃
ᠠᠷᠪᠠᠨ ᠨᠠᠢ᠍ᠮᠠᠳᠤᠭᠠᠷ ᠵᠣᠷᠪᠤᠰ ᠨᠢᠭᠡ ᠦᠨᠡᠯᠡᠬᠦ᠌ ᠦᠶᠡᠯᠡᠯ᠎ᠤᠨ ᠬᠤᠭᠤᠴᠠᠭᠠᠨ᠎ᠳᠤ ᠳᠣᠣᠷᠠᠬᠢ ᠪᠠᠢᠳᠠᠯ᠎ᠤᠨ ᠨᠢᠭᠡ᠎ᠨᠢ ᠪᠠᠢᠪᠠᠯ᠂ ᠲᠤᠰ ᠵᠢᠯ᠎ᠤᠨ ᠢᠲᠡᠭᠡᠮᠵᠢ᠎ᠶ᠋ᠢᠨ ᠦᠨᠡᠯᠡᠯᠲᠡ᠎ᠳᠤ ᠤᠷᠤᠯᠴᠠᠵᠦ ᠪᠣᠯᠬᠤ ᠦᠭᠡᠢ᠄
(ᠨᠢᠭᠡ) ᠡᠮᠴᠢᠯᠡᠭᠡᠨ᠎ᠦ ᠳᠠᠭᠠᠳᠭᠠᠯ᠎ᠤᠨ ᠦᠢᠯᠡᠴᠢᠯᠡᠭᠡᠨ᠎ᠤ ᠬᠡᠯᠡᠯᠴᠡᠭᠡᠷ᠎ᠤᠨ ᠬᠠᠮᠢᠶᠠᠷᠤᠯᠲᠠ᠎ᠳᠤ 6 ᠰᠠᠷ᠎ᠠ ᠪᠣᠯᠣᠭ᠋ᠠᠳᠤᠢ ᠪᠠᠢ᠌ᠬᠤ;
(ᠬᠤᠶᠠᠷ) ᠨᠢᠭᠡᠨᠲᠡ ᠡᠮᠴᠢᠯᠡᠭᠡᠨ᠎ᠦ ᠳᠠᠭᠠᠳᠭᠠᠯ᠎ᠤᠨ ᠦᠢᠯᠡᠴᠢᠯᠡᠭᠡᠨ᠎ᠤ ᠬᠡᠯᠡᠯᠴᠡᠭᠡᠷ᠎ᠢᠶᠠᠨ ᠬᠦᠴᠦᠨ ᠥᠬᠡᠶ ᠪᠣᠯᠭᠠᠭ᠍ᠰᠠᠨ;
(ᠭᠤᠷᠪᠠ) ᠠᠵᠢᠯ ᠡᠷᠬᠢᠯᠡᠬᠦ᠌ ᠵᠥᠪᠱᠢᠶᠡᠷᠡᠯ᠎ᠦᠨ ᠦᠨᠡᠮᠯᠡᠯ᠎ᠢ ᠨᠢ ᠲᠦᠷ ᠵᠣᠭ᠍ᠰᠣᠭᠠᠭ᠍ᠰᠠᠨ ᠪᠤᠶᠤ ᠬᠤᠷᠢᠶᠠᠵᠤ ᠠᠪᠤᠭᠠᠳ ᠬᠦᠴᠦᠨ ᠦᠭᠡᠢ ᠪᠣᠯᠭᠠᠭ᠍ᠰᠠᠨ;
(ᠲᠦᠷᠪᠡ) ᠬᠠᠤᠯᠢ ᠴᠠᠭᠠᠵᠠ ᠬᠠᠤᠯᠢ ᠲᠣᠭᠲᠠᠭᠠᠯ᠎ᠳᠤ ᠲᠣᠭᠲᠠᠭᠠᠭᠰᠠᠨ ᠦᠨᠡᠯᠡᠨ ᠲᠣᠭᠲᠠᠭᠠᠬᠤ᠎ᠳᠤ ᠣᠷᠣᠯᠴᠠᠵᠤ ᠪᠣᠯᠬᠤ ᠦᠭᠡᠢ ᠪᠤᠰᠤᠳ ᠪᠠᠢᠳᠠᠯ᠎ᠤᠳ᠃
ᠠᠷᠪᠠ ᠶᠢᠰᠦᠳᠦᠭᠡᠷ ᠵᠣᠷᠪᠤᠰ ᠢᠲᠡᠭᠡᠮᠵᠢ᠎ᠶ᠋ᠢᠨ ᠭᠣᠤᠯ ᠴᠣᠭ᠍ᠴᠠ ᠨᠢ ᠢᠲᠡᠭᠡᠮᠵᠢ᠎ᠶ᠋ᠢᠨ ᠦᠨᠡᠯᠡᠯᠲᠡ᠎ᠶ᠋ᠢᠨ ᠭᠦᠢᠴᠡᠳᠭᠡᠯ ᠲᠣᠭ᠎ᠠ᠎ᠶ᠋ᠢᠨ ᠲᠣᠭᠲᠠᠯᠴᠠᠭ᠎ᠠ ᠶᠣᠰᠣᠭᠠᠷ᠂ ᠦᠨᠡᠯᠡᠬᠦ᠌ ᠭᠦᠢᠴᠡᠳᠭᠡᠯ ᠲᠣᠭ᠎ᠠ᠎ᠶ᠋ᠢᠨ ᠵᠠᠭ᠍ᠪᠤᠷ ᠪᠠ ᠪᠣᠳᠣᠬᠤ ᠠᠷᠭ᠎ᠠ᠎ᠪᠠᠷ ᠳᠠᠮᠵᠢᠭᠤᠯᠤᠨ ᠳᠡᠰ ᠬᠤᠪᠢᠶᠠᠨ ᠦᠨᠡᠯᠡᠯᠲᠡ ᠬᠢᠵᠦ᠍᠂ ᠵᠠᠭᠤᠨ᠎ᠤ ᠬᠤᠪᠢ᠎ᠶ᠋ᠢᠨ ᠳᠦᠷᠢᠮ ᠢ ᠬᠡᠷᠡᠭ᠌ᠯᠡᠨ᠂ ᠡᠮᠴᠢᠯᠡᠭᠡᠨ᠎ᠦ ᠳᠠᠭᠠᠳᠭᠠᠯ᠎ᠤᠨ ᠢᠲᠡᠭᠡᠮᠵᠢ᠎ᠶ᠋ᠢᠨ ᠳᠡᠰ ᠨᠢ ᠥᠨᠳᠥᠷ᠎ᠡᠴᠡ ᠳᠣᠤᠷ᠎ᠠ ᠬᠤᠪᠢ᠎ᠶ᠋ᠢ A ( ᠱᠢᠯᠢᠳᠡᠭ) ᠂ B ( ᠰᠠᠢᠨ) ᠂ C ( ᠨᠡᠯᠢᠶᠡᠳ ᠠᠨᠠᠶ) ᠂ D ( ᠠᠨᠠᠢ) ᠳᠥᠷᠪᠡᠨ ᠳᠡᠰ ᠬᠣᠪᠢᠶᠠᠨ᠎ᠠ᠃
ᠬᠣᠷᠢᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠨᠢ ᠢᠲᠡᠭᠡᠮᠵᠢ᠎ᠶ᠋ᠢᠨ ᠦᠨᠡᠯᠡᠯᠲᠡ᠎ᠶ᠋ᠢᠨ ᠬᠡᠷᠡᠭ᠌ᠵᠢᠭᠦᠯᠬᠦ᠌ ᠨᠠᠷᠢᠨ ᠳᠦᠷᠢᠮ ᠵᠢᠴᠢ ᠭᠦᠢ᠍ᠴᠡᠳᠭᠡᠯ ᠲᠣᠭ᠎ᠠ᠎ᠶ᠋ᠢᠨ ᠲᠤᠭᠲᠠᠯᠴᠠᠭ᠎ᠠ᠎ᠶ᠋ᠢ ᠬᠠᠷᠢᠭᠤᠴᠠᠨ ᠲᠣᠭ᠍ᠲᠠᠭᠠᠨ᠎ᠠ᠃
ᠵᠢᠷᠭᠤᠳᠤᠭᠠᠷ ᠪᠦᠯᠦᠭ ᠢᠲᠡᠭᠡᠮᠵᠢ᠎ᠶ᠋ᠢ ᠬᠢᠨᠠᠨ ᠡᠵᠡᠮᠳᠡᠬᠦ᠌ ᠪᠠ ᠰᠡᠷᠡᠮᠵᠢᠯᠡᠭᠦᠯᠬᠦ᠌
ᠬᠤᠷᠢᠨ ᠨᠢᠭᠡᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠢᠲᠡᠭᠡᠮᠵᠢ᠎ᠶ᠋ᠢᠨ ᠦᠨᠡᠯᠡᠬᠦ᠌ ᠬᠠᠮᠢᠶᠠᠷᠤᠯᠲᠠ᠎ᠶ᠋ᠢᠨ ᠲᠠᠪᠴᠠᠩ᠎ᠢᠶᠠᠷ ᠳᠠᠮᠵᠢᠭᠤᠯᠤᠨ ᠢᠲᠡᠭᠡᠮᠵᠢ᠎ᠶ᠋ᠢᠨ ᠭᠤᠤᠯ ᠴᠣᠭ᠍ᠴᠠ᠎ᠳᠤ ᠪᠠᠢᠩᠭᠤᠵᠢᠭ᠍ᠰᠠᠨ ᠢᠲᠡᠭᠡᠮᠵᠢ᠎ᠶ᠋ᠢᠨ ᠬᠢᠨᠠᠨ ᠡᠵᠡᠮᠳᠡᠯ ᠬᠢᠨ᠎ᠡ᠃ ᠡᠯ᠎ᠠ ᠱᠠᠳᠣᠨ᠎ᠤ ᠡᠮᠴᠢᠯᠡᠬᠡᠨ᠎ᠤ ᠪᠠᠳᠣᠯᠠᠭ᠎ᠠ᠎ᠶ᠋ᠢᠨ ᠵᠠᠰᠠᠭ ᠵᠠᠬᠢᠷᠭᠠᠨ᠎ᠤ ᠰᠠᠯᠠᠭ᠎ᠠ ᠮᠦᠴᠢᠷ᠎ᠤᠳ ᠳᠥᠭ᠌ᠰᠢᠬᠦᠷᠢᠶ᠋ᠢ ᠣᠷᠢᠳᠴᠢᠯᠡᠨ ᠰᠡᠷᠡᠮᠵᠢᠯᠡᠬᠦᠯᠬᠦ᠌ ᠪᠠᠢᠳᠡᠯ᠎ᠢ ᠦᠨᠳᠣᠰᠣᠯᠡᠨ ᠭᠤᠤᠯᠳᠡᠯᠭ᠎ᠠ᠎ᠲᠠᠢ ᠪᠤᠶᠤ ᠡᠩ᠎ᠤᠨ ᠬᠢᠨᠡᠨ ᠡᠵᠡᠮᠳᠡᠬᠦ᠌᠎ᠶ᠋ᠢ ᠭᠡᠷᠡᠭ᠌ᠵᠢᠬᠦᠯᠥᠨᠠ᠃ ᠡᠮᠴᠢᠯᠡᠭᠡᠨ᠎ᠤ ᠪᠠᠲᠤᠯᠠᠭ᠎ᠠ᠎ᠶ᠋ᠢᠨ ᠢᠲᠡᠭᠡᠮᠵᠢ᠎ᠶ᠋ᠢᠨ ᠦᠨᠡᠯᠡᠯᠲᠡ᠎ᠶ᠋ᠢᠨ ᠬᠠᠮᠢᠶᠠᠷᠤᠯᠲᠠ᠎ᠶ᠋ᠢᠨ ᠲᠠᠪᠴᠠᠩ᠎ᠠᠴᠠ ᠢᠲᠡᠭᠡᠮᠵᠢ᠎ᠶ᠋ᠢᠨ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠬᠦ᠌ ᠬᠡᠷᠡᠭ᠌ᠲᠡᠢ᠃
ᠬᠣᠷᠢᠨ ᠬᠣᠶᠠᠳᠤᠭᠠᠷ ᠵᠤᠷᠪᠤᠰ ᠢᠲᠡᠭᠡᠮᠵᠢ᠎ᠶ᠋ᠢᠨ ᠭᠣᠤᠯ ᠴᠣᠭ᠍ᠴᠠ᠎ᠳᠤ ᠬᠠᠤᠯᠢ ᠴᠠᠭᠠᠵᠠ ᠬᠠᠤᠯᠢ ᠲᠣᠭ᠍ᠲᠠᠭᠠᠯ ᠪᠤᠶᠤ ᠡᠮᠴᠢᠯᠡᠬᠡᠨ᠎ᠤ ᠪᠠᠲᠤᠯᠠᠭ᠎ᠠ᠎ᠶ᠋ᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠢᠶᠡᠷ ᠮᠠᠭ᠋ᠠᠳᠯᠠᠨ ᠲᠤᠭᠲᠠᠭ᠋ᠠᠭᠰᠠᠨ ᠡᠮᠴᠢᠯᠡᠬᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠥ᠎ᠶ᠋ᠢ ᠮᠡᠬᠡᠯᠡᠨ ᠠᠪᠤᠭ᠍ᠰᠠᠨ ᠵᠠᠷᠤᠯᠭ᠎ᠠ᠂ ᠡᠮᠴᠢᠯᠡᠬᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠥ᠎ᠳᠦ ᠬᠣᠬᠢᠷᠠᠯ ᠤᠴᠠᠷᠠᠭᠤᠯᠤᠭ᠍ᠰᠠᠨ ᠵᠡᠷᠭᠡ ᠬᠦᠨᠳᠦ ᠨᠣᠴᠢᠲᠠᠶ ᠢᠲᠡᠭᠡᠯ ᠠᠯᠳᠠᠭ᠍ᠰᠠᠨ ᠦᠢᠯᠡ ᠠᠵᠢᠯᠯᠠᠭ᠎ᠠ ᠭᠠᠷᠪᠠᠯ᠂ ᠴᠠᠭ ᠲᠤᠬᠠᠶ᠎ᠳᠤᠨᠢ ᠲᠡᠮᠳᠡᠭ᠌ᠯᠡᠬᠦ᠌᠎ᠶ᠋ᠢᠨ ᠬᠠᠮᠲᠤ ᠲᠡᠭᠦᠨ᠎ᠦ ᠢᠲᠡᠭᠡᠮᠵᠢ᠎ᠶ᠋ᠢᠨ ᠵᠡᠷᠭᠡ ᠳᠡᠰ᠎ᠢ ᠨᠢ ᠪᠠᠭᠤᠷᠠᠭᠤᠯᠬᠤ ᠬᠡᠷᠡᠭ᠌ᠲᠡᠶ᠃
ᠳᠣᠯᠣᠳᠤᠭᠠᠷ ᠪᠦᠯᠦᠭ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠨᠡᠢᠲᠡᠯᠡᠬᠦ᠌ ᠪᠠ ᠡᠷᠬᠡ ᠠᠱᠢᠭ᠎ᠢ ᠪᠠᠲᠤᠯᠠᠬᠤ
ᠬᠣᠷᠢᠨ ᠭᠤᠷᠪᠠᠳᠤᠭᠠᠷ ᠵᠣᠷᠪᠤᠰ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠢᠯᠡ ᠨᠡᠢᠲᠡᠯᠡᠬᠦ᠌ ᠂ ᠵᠠᠰᠠᠭ᠎ᠤᠨ ᠶᠠᠪᠤᠳᠠᠯ᠎ᠢ ᠬᠠᠮᠲᠤ᠎ᠪᠠᠷ ᠡᠳ᠋ᠯᠡᠬᠦ᠂ ᠡᠷᠬᠡ ᠣᠯᠭᠣᠵᠤ ᠪᠠᠢᠴᠠᠭᠠᠨ ᠯᠠᠪᠯᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠨᠡᠢᠲᠡᠯᠡᠬᠦ᠌ ᠬᠡᠷᠡᠭ᠌ᠲᠡᠶ᠃ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠨᠡᠢᠲᠡᠯᠡᠬᠦ᠌ ᠬᠡᠪᠴᠢᠶ᠎ᠡ ᠪᠠ ᠨᠡᠢᠲᠡᠯᠡᠬᠦ᠌ ᠬᠤᠭᠤᠴᠠᠭ᠎ᠠ᠎ᠶ᠋ᠢ ᠤᠯᠤᠰ᠂ ᠥᠪᠡᠷᠲᠡᠭᠡᠨ ᠵᠠᠰᠠᠬᠤ ᠣᠷᠣᠨ᠎ᠤ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠬᠠᠮᠢᠶ᠎ᠠ ᠪᠦᠬᠦᠢ ᠲᠣᠭ᠍ᠲᠠᠭᠠᠯ᠎ᠢ ᠴᠢᠩᠭ᠎ᠠ ᠵᠢᠷᠤᠮᠯᠠᠨ ᠬᠡᠷᠡᠭ᠌ᠵᠢᠭᠦᠯᠬᠦ᠌ ᠬᠡᠷᠡᠭ᠌ᠲᠡᠶ᠃
ᠬᠣᠷᠢᠨ ᠳᠥᠷᠪᠡᠳᠦᠭᠡᠷ ᠵᠤᠷᠪᠤᠰ ᠡᠯ᠎ᠡ ᠱᠠᠲᠤᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠳ ᠬᠣᠯᠪᠣᠭ᠍ᠳᠠᠯ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ᠂ ᠳᠦᠷᠢᠮ ᠲᠣᠭ᠍ᠲᠠᠭᠠᠯ ᠪᠠ ᠵᠥᠪᠳᠡᠯᠴᠡᠬᠡᠷ᠎ᠦᠨ ᠲᠣᠭ᠍ᠲᠠᠭᠠᠯ ᠶᠣᠰᠣᠭᠠᠷ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠬᠡᠷᠡᠭ᠌ᠯᠡᠵᠦ᠍᠂ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠭᠤᠷᠢ ᠮᠥᠩᠭᠥ᠎ᠶ᠋ᠢᠨ ᠢᠲᠡᠭᠡᠮᠵᠢ᠎ᠶ᠋ᠢᠨ ᠬᠠᠮᠢᠶᠠᠷᠤᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠳᠤᠷ᠎ᠠ᠎ᠪᠠᠷ᠎ᠢᠶᠠᠨ ᠬᠡᠷᠡᠭ᠌ᠯᠡᠬᠦ᠌ ᠪᠤᠶᠤ ᠢᠲᠡᠭᠡᠮᠵᠢ᠎ᠶ᠋ᠢᠨ ᠪᠤᠰᠤ ᠮᠡᠳᠡᠭᠡ ᠵᠠᠩᠭᠢ᠎ᠶ᠋ᠢ ᠵᠠᠳᠠᠷᠠᠭᠤᠯᠵᠤ ᠪᠣᠯᠬᠤ ᠦᠭᠡᠶ᠃
ᠬᠣᠷᠢᠨ ᠲᠠᠪᠤᠳᠤᠭᠠᠷ ᠵᠤᠷᠪᠤᠰ ᠳᠣᠤᠷᠠᠬᠢ ᠮᠡᠳᠡᠭᠡ ᠵᠠᠩᠭᠢ᠎ᠶ᠋ᠢ ᠨᠡᠢᠭᠡᠮ᠎ᠳᠦ ᠨᠡᠢᠲᠡᠯᠡᠵᠦ᠍ ᠪᠣᠯᠬᠤ ᠦᠭᠡᠶ᠄
(ᠨᠢᠭᠡ) ᠤᠯᠤᠰ᠎ᠤᠨ ᠨᠢᠭᠤᠴᠠ᠂ ᠬᠤᠳᠠᠯᠳᠤᠭᠠᠨ᠎ᠤ ᠨᠢᠭᠤᠴᠠ ᠪᠠ ᠬᠤᠪᠢ ᠬᠥᠮᠦᠨ᠎ᠤ ᠨᠢᠭᠤᠴᠠ᠎ᠳᠤ ᠬᠤᠯᠪᠤᠭᠳᠠᠬᠤ;
(ᠬᠤᠶᠠᠷ) ᠪᠤᠰᠤᠳ ᠵᠠᠰᠠᠭ ᠵᠠᠬᠢᠷᠭᠠᠨ᠎ᠤ ᠪᠠᠢᠭᠤᠯᠭ᠎ᠠ᠂ ᠬᠠᠤᠯᠢ ᠴᠠᠭᠠᠵᠠ᠎ᠶ᠋ᠢᠨ ᠪᠠᠢᠭᠤᠯᠭ᠎ᠠ ᠪᠠ ᠬᠥᠨᠳᠡᠯᠡᠨ᠎ᠡᠴᠡ ᠲᠠᠰᠤᠯᠬᠤ ᠪᠠᠢᠭᠤᠯᠤᠮᠵᠢ᠎ᠠᠴᠠ ᠡᠭᠦᠰᠦᠭ᠌ᠰᠡᠨ ᠮᠥᠷᠲᠡᠭᠡᠨ ᠨᠡᠢᠭᠡᠮ᠎ᠳᠦ ᠨᠡᠢᠳᠡᠯᠡᠭᠡ ᠦᠭᠡᠢ ᠮᠡᠳ᠋ᠡᠭᠡ ᠵᠠᠩᠭᠢ᠎ᠳᠤ ᠬᠤᠯᠪᠤᠭᠳᠠᠬᠤ;
(ᠭᠤᠷᠪᠠ) ᠪᠤᠰᠤᠳ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠯ᠎ᠳᠤ ᠨᠡᠢᠲᠡᠯᠡᠬᠦ᠌᠎ᠶ᠋ᠢ ᠬᠣᠷᠢᠭ᠍ᠯᠠᠭ᠍ᠰᠠᠨ ᠠᠭᠤᠯᠭ᠎ᠠ᠎ᠳᠤ ᠬᠤᠯᠪᠤᠭᠳᠠᠬᠤ᠃
ᠬᠣᠷᠢᠨ ᠵᠢᠷᠭᠤᠳᠤᠭᠠᠷ ᠵᠤᠷᠪᠤᠰ ᠡᠯ᠎ᠡ ᠱᠠᠲᠤᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠳ ᠬᠠᠤᠯᠢ᠎ᠪᠠᠷ ᠲᠣᠭ᠍ᠲᠠᠭᠠᠭ᠍ᠰᠠᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠡᠷᠡᠭ᠌ᠴᠡᠭᠡ᠎ᠪᠡᠨ ᠦᠨᠳᠦᠰᠦᠯᠡᠨ᠂ ᠡᠮᠴᠢᠯᠡᠭᠡᠨ᠎ᠦ ᠪᠠᠲᠤᠯᠠᠭ᠎ᠠ᠎ᠶ᠋ᠢᠨ ᠢᠲᠡᠭᠡᠮᠵᠢ᠎ᠶ᠋ᠢᠨ ᠦᠨᠡᠯᠡᠬᠦ᠌ ᠬᠠᠮᠢᠶᠠᠷᠤᠯᠲᠠ᠎ᠶ᠋ᠢᠨ ᠲᠠᠪᠴᠠᠩ᠎ᠳᠤ ᠣᠷᠣᠵᠤ᠂ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠪᠠᠢᠴᠠᠭᠠᠨ ᠯᠠᠪᠯᠠᠬᠤ ᠪᠠ ᠬᠡᠷᠡᠭ᠌ᠯᠡᠵᠦ᠍ ᠪᠣᠯᠤᠨ᠎ᠠ᠃
ᠬᠣᠷᠢᠨ ᠳᠣᠯᠣᠳᠤᠭᠠᠷ ᠵᠤᠷᠪᠤᠰ ᠡᠯ᠎ᠡ ᠱᠠᠲᠤᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠳ ᠡᠯ᠎ᠡ ᠢᠲᠡᠭᠡᠮᠵᠢ᠎ᠶ᠋ᠢᠨ ᠭᠣᠤᠯ ᠴᠣᠭ᠍ᠴᠠ᠎ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠳᠤ ᠠᠮᠤᠷ ᠲᠦᠪᠱᠢᠨ᠎ᠦ ᠨᠢᠭᠤᠴᠠ᠎ᠶ᠋ᠢ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠌᠂ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠴᠤᠭᠯᠠᠭᠤᠯᠤᠨ ᠨᠡᠢ᠌ᠯᠡᠭᠦᠯᠬᠦ᠂ ᠦᠨᠡᠯᠡᠬᠦ᠌᠂ ᠬᠡᠷᠡᠭ᠌ᠯᠡᠬᠦ᠌᠂ ᠬᠢᠨᠠᠨ ᠡᠵᠡᠮᠳᠡᠬᠦ᠌᠂ ᠨᠡᠢᠲᠡᠯᠡᠬᠦ᠌ ᠪᠠ ᠰᠡᠷᠭᠦᠭᠡᠬᠦ᠌ ᠪᠦᠬᠦ᠌ ᠶᠠᠪᠤᠴᠠ᠎ᠶ᠋ᠢᠨ ᠠᠮᠤᠷ ᠲᠦᠪᠱᠢᠨ᠎ᠢ ᠪᠠᠲᠤᠯᠠᠵᠤ᠂ ᠢᠲᠡᠭᠡᠮᠵᠢ᠎ᠶ᠋ᠢᠨ ᠭᠣᠤᠯ ᠴᠣᠭ᠍ᠴᠠ᠎ᠶ᠋ᠢᠨ ᠬᠠᠤᠯᠢ ᠶᠣᠰᠣᠨ᠎ᠤ ᠡᠷᠬᠡ ᠠᠱᠢᠭ ᠢ ᠪᠠᠲᠤᠯᠠᠨ᠎ᠠ᠃
ᠬᠣᠷᠢᠨ ᠨᠠᠶ᠋ᠮᠠᠳᠤᠭᠠᠷ ᠵᠣᠷᠪᠤᠰ ᠡᠯ᠎ᠡ ᠱᠠᠲᠤᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠳ ᠢᠲᠡᠭᠡᠮᠵᠢ᠎ᠶ᠋ᠢᠨ ᠦᠨᠡᠯᠡᠯᠲᠡ᠂ ᠢᠲᠡᠭᠡᠮᠵᠢ᠎ᠶ᠋ᠢᠨ ᠠᠮᠠᠯᠠᠯᠲᠠ ᠵᠡᠷᠭᠡ ᠢᠲᠡᠭᠡᠮᠵᠢ᠎ᠶ᠋ᠢᠨ ᠰᠤᠷᠠᠭ ᠵᠠᠩᠭᠢ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠡᠯ᠎ᠡ ᠵᠠᠰᠠᠭ ᠵᠠᠬᠢᠷᠭᠠᠨ᠎ᠤ ᠣᠷᠣᠨ᠎ᠤ ᠨᠡᠢᠭᠡᠮ᠎ᠦᠨ ᠢᠲᠡᠭᠡᠮᠵᠢ᠎ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢᠨ ᠲᠠᠪᠴᠠᠩ᠎ᠯᠤᠭ᠎ᠠ ᠬᠠᠮᠲᠤ᠎ᠪᠠᠷ ᠡᠳ᠋ᠯᠡᠨ᠎ᠡ ᠃
ᠨᠠᠶ᠋ᠮᠠᠳᠤᠭᠠᠷ ᠪᠦᠯᠦᠭ ᠢᠲᠡᠭᠡᠮᠵᠢ᠎ᠶ᠋ᠢᠨ ᠦᠨᠡᠯᠡᠯᠲᠡ᠎ᠶ᠋ᠢᠨ ᠦᠷ᠎ᠡ ᠳ᠋ᠦᠩ᠎ᠤᠨ ᠬᠠᠮᠢᠶᠠᠷᠤᠯᠲᠠ᠎ᠶᠢᠨ ᠬᠡᠷᠡᠭᠯᠡᠭᠡᠨ
ᠬᠣᠷᠢ ᠶᠢᠰᠦᠳᠦᠭᠡᠷ ᠵᠤᠷᠪᠤᠰ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠳ ᠢᠲᠡᠭᠡᠮᠵᠢ᠎ᠶ᠋ᠢᠨ ᠵᠡᠷᠭᠡ ᠲᠠᠰ᠎ᠤᠨ ᠦᠨᠡᠯᠡᠯᠲᠡ᠎ᠶ᠋ᠢᠨ ᠦᠷ᠎ᠡ ᠳ᠋ᠦᠩ ᠢ ᠢᠲᠡᠭᠡᠮᠵᠢ᠎ᠶ᠋ᠢᠨ ᠭᠣᠤᠯ ᠴᠣᠭ᠍ᠴᠠ᠎ᠶ᠋ᠢᠨ ᠬᠢᠨᠠᠨ ᠬᠠᠮᠢᠶᠠᠷᠴᠤ᠌ ᠬᠠᠷᠭᠤᠭᠤᠯᠤᠨ ᠪᠣᠳᠣᠬᠤ ᠬᠠᠮᠢᠶᠠᠷᠤᠯᠲᠠ᠂ ᠲᠣᠭ᠍ᠲᠠᠭ᠍ᠰᠠᠨ ᠴᠡᠭ᠎ᠦᠨ ᠬᠡᠯᠡᠯᠴᠡᠭᠡᠷ᠎ᠦᠨ ᠬᠠᠮᠢᠶᠠᠷᠤᠯᠲᠠ ᠵᠡᠷᠭᠡ ᠲᠠᠯ᠎ᠠ᠎ᠳᠤ ᠬᠡᠷᠡᠭ᠌ᠯᠡᠬᠦ᠌᠎ᠶ᠋ᠢᠨ ᠬᠠᠮᠲᠤ᠂ ᠲᠡᠷᠡᠴᠢᠯᠡᠨ ᠪᠠᠢᠭᠤᠯᠤᠮᠵᠢ᠎ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠣᠣᠯ ᠬᠠᠷᠢᠭᠤᠴᠠᠯᠭᠠᠲᠠᠨ ᠬᠦᠷᠲᠡᠯ᠎ᠡ ᠦᠷᠭᠦᠯᠵᠢᠯᠡᠭᠦᠯᠵᠦ᠂ ᠢᠲᠡᠭᠡᠯ ᠠᠯᠳᠠᠭᠰᠠᠨ ᠮᠡᠳᠡᠭᠡ ᠵᠠᠩᠭᠢ᠎ᠶᠢ ᠪᠥᠬᠥ ᠨᠡᠢᠭᠡᠮ᠎ᠢᠶᠡᠷ᠎ᠢᠶᠡᠨ ᠬᠠᠮᠲᠤ᠎ᠪᠠᠷ ᠡᠳ᠋ᠯᠡᠵᠦ᠂ ᠢᠲᠡᠭᠡᠯ ᠠᠯᠳᠠᠭᠰᠠᠳ᠎ᠢ ᠬᠣᠯᠪᠤᠭᠠᠯᠠᠨ ᠵᠠᠯᠬᠠᠭᠠᠨ ᠴᠡᠭᠡᠷᠯᠡᠭᠦᠯᠬᠦ᠎ᠶᠢ ᠬᠡᠷᠡᠭᠵᠢᠭᠦᠯᠦᠨ᠎ᠡ᠃
ᠭᠤᠴᠢᠳᠤᠭᠠᠷ ᠵᠤᠷᠪᠤᠰ ᠡᠮᠴᠢᠯᠡᠭᠡᠨ᠎ᠤ ᠪᠠᠲᠤᠯᠠᠭ᠎ᠠ᠎ᠶ᠋ᠢᠨ ᠢᠲᠡᠭᠡᠮᠵᠢ᠎ᠲᠠᠢ ᠪᠠᠢᠬᠤ᠎ᠶ᠋ᠢ ᠤᠷᠮᠠᠱᠢᠭᠤᠯᠬᠤ ᠲᠣᠭ᠍ᠲᠠᠴᠠ᠎ᠶ᠋ᠢ ᠪᠠᠢᠭᠤᠯᠤᠨ᠎ᠠ᠃ ᠢᠲᠡᠭᠡᠮᠵᠢ᠎ᠲᠠᠢ ᠪᠠᠢᠭᠤᠯᠤᠮᠵᠢ᠎ᠳᠤ ᠡᠮᠴᠢᠯᠡᠭᠡᠨ᠎ᠤ ᠳᠠᠭᠠᠳᠭᠠᠯ᠎ᠤᠨ ᠣᠨ᠎ᠤ ᠱᠢᠯᠭᠠᠨ ᠬᠢᠨᠠᠯᠲᠠ᠂ ᠡᠮᠴᠢᠯᠡᠭᠡᠨ᠎ᠤ ᠳᠠᠭᠠᠳᠭᠠᠯ᠎ᠤᠨ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢᠨ ᠲᠤᠷᠱᠢᠯᠲᠠ ᠵᠡᠷᠭᠡ ᠲᠠᠯ᠎ᠠ᠎ᠪᠠᠷ ᠬᠡᠯᠪᠠᠢᠯᠭᠡᠨ᠎ᠡ; ᠢᠲᠡᠭᠡᠮᠵᠢ᠎ᠲᠠᠢ ᠭᠤᠤᠯ ᠴᠣᠭ᠍ᠴᠠ᠎ᠶ᠋ᠢ ᠤᠬᠠᠭᠤᠯᠬᠤ ᠪᠠ ᠳᠡᠮᠵᠢᠬᠦ᠌ ᠡᠷᠴᠢᠮ᠎ᠢᠶᠠᠨ ᠴᠢᠩᠭᠠᠷᠠᠭᠤᠯᠬᠤ᠎ᠶ᠋ᠢᠨ ᠬᠠᠮᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠵᠢᠴᠢ ᠠᠢᠮᠠᠭ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠠᠯᠪᠠᠨ ᠤ ᠲᠠᠯ᠎ᠠ᠎ᠶ᠋ᠢᠨ ᠰᠦᠯᠵᠢᠶ᠎ᠡ᠎ᠪᠠᠷ ᠳᠠᠮᠵᠢᠭᠤᠯᠤᠨ ᠥᠷᠭᠡᠨ᠎ᠢᠶᠠᠷ ᠤᠬᠠᠭᠤᠯᠵᠤ᠂ ᠢᠲᠡᠭᠡᠮᠵᠢ᠎ᠲᠠᠢ ᠪᠥᠭᠡᠳ ᠢᠷᠠᠭᠤ ᠠᠯᠳᠠᠷᠲᠠᠶ ᠶᠠᠷᠢᠶ᠎ᠠ ᠬᠡᠯᠡᠯᠴᠡᠭᠡᠨ᠎ᠤ ᠠᠭᠤᠷ ᠠᠮᠢᠰᠭᠤᠯ᠎ᠢ ᠪᠣᠶ ᠪᠣᠯᠭᠠᠨ᠎ᠠ᠃
ᠭᠤᠴᠢᠨ ᠨᠢᠭᠡᠳᠦᠭᠡᠷ ᠵᠤᠷᠪᠤᠰ ᠢᠲᠡᠭᠡᠯ ᠠᠯᠳᠠᠭ᠍ᠰᠠᠨ ᠭᠣᠤᠯ ᠴᠣᠭ᠍ᠴᠠ᠎ᠶ᠋ᠢ ᠵᠠᠯᠬᠠᠭᠠᠨ ᠴᠡᠭᠡᠷᠯᠡᠭᠦᠯᠬᠦ᠌᠎ᠶ᠋ᠢ ᠴᠢᠩᠭᠠᠳᠭᠠᠵᠤ᠂ ᠠᠳᠠᠯᠢ ᠪᠤᠰᠤ ᠢᠲᠡᠭᠡᠮᠵᠢ᠎ᠶ᠋ᠢᠨ ᠭᠣᠤᠯ ᠴᠣᠭ᠍ᠴᠠ᠎ᠳᠤ ᠠᠳᠠᠯᠢ ᠪᠤᠰᠤ ᠵᠠᠯᠬᠠᠭᠠᠨ ᠴᠡᠭᠡᠷᠯᠡᠭᠦᠯᠬᠦ᠌ ᠠᠷᠭ᠎ᠠ ᠮᠠᠶᠢᠭ ᠢ ᠬᠡᠷᠡᠭ᠌ᠵᠢᠭᠦᠯᠵᠦ᠍᠂ ᠢᠲᠡᠭᠡᠮᠵᠢ᠎ᠶ᠋ᠢᠨ ᠬᠠᠮᠢᠶᠠᠷᠤᠯᠲᠠ᠎ᠶ᠋ᠢᠨ ᠵᠠᠯᠬᠠᠭᠠᠨ ᠴᠡᠭᠡᠷᠯᠡᠭᠦᠯᠬᠦ᠌ ᠠᠷᠭ᠎ᠠ ᠬᠡᠮᠵᠢᠶ᠎ᠡ᠎ᠶ᠋ᠢ ᠭᠦᠢᠴᠡᠳᠭᠡᠬᠦ᠌᠎ᠶ᠋ᠢ ᠲᠡᠪᠴᠢᠭ᠌ᠰᠡᠨ ᠢᠲᠡᠭᠡᠮᠵᠢ᠎ᠶ᠋ᠢᠨ ᠭᠣᠤᠯ ᠴᠣᠭ᠍ᠴᠠ᠎ᠳᠤ ᠳᠡᠰ ᠪᠠᠭᠤᠷᠠᠭᠤᠯᠤᠨ ᠱᠢᠶ᠋ᠳᠪᠦᠷᠢᠯᠡᠬᠦ᠌᠎ᠶ᠋ᠢ ᠬᠡᠷᠡᠭ᠌ᠵᠢᠭᠦᠯᠦᠨ᠎ᠡ᠃ ᠢᠲᠡᠭᠡᠯ ᠠᠯᠳᠠᠭ᠍ᠰᠠᠨ ᠪᠠᠢᠭᠤᠯᠤᠮᠵᠢ᠎ᠶ᠋ᠢᠨ ᠡᠳᠦᠷ ᠲᠤᠲᠤᠮ᠎ᠤᠨ ᠪᠠᠢᠴᠠᠭᠠᠯᠲᠠ᠂ ᠲᠤᠰᠭᠠᠶ ᠲᠥᠷᠥᠯ᠎ᠦᠨ ᠪᠠᠢᠴᠠᠭᠠᠯᠲᠠ᠎ᠶ᠋ᠢᠨ ᠡᠷᠴᠢᠮ ᠵᠡᠷᠭᠡ᠎ᠶ᠋ᠢ ᠵᠠᠯᠬᠠᠭᠠᠨ ᠴᠡᠭᠡᠷᠯᠡᠭᠦᠯᠬᠦ᠌ ᠠᠷᠭ᠎ᠠ ᠬᠡᠮᠵᠢᠶ᠎ᠡ ᠠᠪᠤᠨ᠎ᠠ᠃ ᠢᠲᠡᠭᠡᠯ ᠠᠯᠳᠠᠭ᠍ᠰᠠᠨ ᠬᠤᠪᠢ ᠬᠥᠮᠦᠨ᠎ᠤ ᠡᠮᠴᠢᠯᠡᠭᠡᠨ᠎ᠤ ᠳᠠᠭᠠᠳᠭᠠᠯ᠎ᠤᠨ ᠵᠠᠷᠤᠳᠠᠯ᠎ᠢ ᠰᠦᠯᠵᠢᠶ᠎ᠡ᠎ᠪᠠᠷ ᠳ᠋ᠦᠩᠨᠡᠨ ᠪᠤᠳᠤᠬᠤ᠎ᠶ᠋ᠢ ᠲᠦᠷ ᠵᠣᠭ᠍ᠰᠣᠭᠠᠬᠤ ᠵᠡᠷᠭᠡ ᠵᠠᠯᠬᠠᠭᠠᠨ ᠴᠡᠭᠡᠷᠯᠡᠭᠦᠯᠬᠦ᠌ ᠠᠷᠭ᠎ᠠ ᠬᠡᠮᠵᠢᠶ᠎ᠠ᠎ᠶᠢ ᠬᠡᠷᠡᠭᠯᠡᠨ᠎ᠡ᠃
ᠭᠤᠴᠢᠨ ᠬᠤᠶᠠᠳᠤᠭᠠᠷ ᠵᠤᠷᠪᠤᠰ ᠳᠠᠭᠠᠳᠭᠠᠯ᠎ᠢ ᠮᠡᠬᠡᠯᠡᠭ᠌ᠰᠡᠨ ᠦᠢᠯᠡ ᠪᠠᠢᠳᠠᠯ᠎ᠨᠢ ᠬᠦᠨᠳᠦ ᠨᠣᠴᠢᠲᠠᠶ ᠲᠣᠭ᠍ᠲᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ ᠪᠠ ᠬᠤᠪᠢ ᠬᠥᠮᠦᠨ᠎ᠳᠤ᠂ ᠬᠠᠤᠯᠢ ᠲᠣᠭ᠍ᠲᠠᠭᠠᠯ ᠶᠣᠰᠣᠭᠠᠷ ᠡᠮᠴᠢᠯᠡᠭᠡᠨ᠎ᠤ ᠪᠠᠲᠤᠯᠠᠭ᠎ᠠ᠎ᠶ᠋ᠢᠨ ᠬᠦᠷᠢᠶᠡᠨ᠎ᠳᠠᠬᠢ ᠢᠲᠡᠭᠡᠯ ᠠᠯᠳᠠᠭ᠍ᠰᠠᠳ᠎ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ᠌ ᠡᠲᠡᠭᠡᠳ᠎ᠤᠨ ᠨᠡᠷᠡᠰ᠎ᠲᠤ ᠣᠷᠣᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠲᠡᠭᠡᠯ ᠠᠯᠳᠠᠭ᠍ᠰᠠᠳ᠎ᠢ ᠵᠠᠯᠬᠠᠭᠠᠨ ᠴᠡᠭᠡᠷᠯᠡᠭᠦᠯᠬᠦ᠌ ᠠᠷᠭ᠎ᠠ ᠬᠡᠮᠵᠢᠶ᠎ᠡ᠎ᠶ᠋ᠢᠨ ᠨᠠᠷᠢᠨ ᠬᠠᠭᠤᠳᠠᠰᠤ ᠶᠣᠰᠣᠭᠠᠷ᠂ ᠵᠠᠰᠠᠭ ᠵᠠᠬᠢᠷᠭᠠᠨ᠎ᠤ ᠴᠢᠨᠠᠷᠲᠠᠶ᠂ ᠠᠵᠢᠯ ᠲᠥᠷᠥᠯ᠎ᠤᠨ ᠴᠢᠨᠠᠷᠲᠠᠶ ᠵᠡᠷᠭᠡ ᠵᠠᠯᠬᠠᠭᠠᠨ ᠴᠡᠭᠡᠷᠯᠡᠭᠦᠯᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠦᠨ᠎ᠡ; ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠵᠢᠴᠢ ᠠᠢᠮᠠᠭ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠠᠯᠪᠠᠨ᠎ᠤ ᠰᠦᠯᠵᠢᠶ᠎ᠡ᠎ᠪᠠᠷ ᠳᠠᠮᠵᠢᠭᠤᠯᠤᠨ ᠢᠲᠡᠭᠡᠯ ᠠᠯᠳᠠᠭ᠍ᠰᠠᠨ ᠨᠡᠢᠲᠡᠯᠢᠭ ᠵᠢᠱ᠌ᠢᠶ᠎ᠡ᠎ᠶ᠋ᠢ ᠢᠯᠡᠴᠢᠯᠡᠵᠦ᠍᠂ 《ᠢᠲᠡᠭᠡᠯ᠎ᠲᠠᠢ ᠪᠠᠢᠬᠤ ᠨᠢ ᠢᠷᠠᠭᠤ ᠠᠯᠳᠠᠷᠲᠠᠢ᠂ ᠢᠲᠡᠭᠡᠯ᠎ᠢᠶᠡᠨ ᠠᠯᠳᠠᠬᠤ ᠨᠢ ᠢᠴᠢᠭᠦᠷᠢᠲᠡᠢ 》 ᠭᠡᠬᠦ᠌ ᠶᠠᠷᠢᠶ᠎ᠠ ᠬᠡᠯᠡᠯᠴᠡᠭᠡᠨ᠎ᠤ ᠠᠭᠤᠷ ᠠᠮᠢᠰᠭᠤᠯ᠎ᠢ ᠢᠳᠡᠪᠬᠢᠲᠡᠶ᠎ᠪᠠᠷ ᠪᠣᠶ ᠪᠣᠯᠭᠠᠵᠤ᠂ ᠢᠲᠡᠭᠡᠮᠵᠢ ᠠᠯᠳᠠᠭ᠍ᠰᠠᠨ ᠥᠪᠡᠷ᠎ᠤᠨ ᠥᠷᠲᠡᠭ᠎ᠢ ᠨᠡᠮᠡᠭ᠌ᠳᠡᠭᠦᠯᠦᠨ᠎ᠡ᠃
ᠭᠤᠴᠢᠨ ᠭᠤᠷᠪᠠᠳᠤᠭᠠᠷ ᠵᠤᠷᠪᠤᠰ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠭᠤᠷᠢ ᠮᠥᠩᠭᠥ᠎ᠶ᠋ᠢ ᠮᠡᠬᠡᠯᠡᠨ ᠠᠪᠤᠭ᠍ᠰᠠᠨ᠎ᠠᠴᠠ ᠪᠣᠯᠵᠤ ᠡᠷᠡᠭᠦᠦ᠍᠎ᠶ᠋ᠢᠨ ᠬᠠᠤᠯᠢ᠎ᠳᠤ ᠬᠠᠯᠳᠠᠭ᠍ᠰᠠᠨ ᠪᠠᠢᠭᠤᠯᠤᠮᠵᠢ ᠪᠤᠶᠤ ᠬᠤᠪᠢ ᠬᠥᠮᠦᠨ᠎ᠢ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠡᠴᠡ ᠬᠠᠤᠯᠢ ᠴᠠᠭᠠᠵᠠ᠎ᠶ᠋ᠢᠨ ᠰᠠᠯᠠᠭ᠎ᠠ ᠮᠥᠴᠢᠷ᠎ᠲᠦ ᠬᠠᠤᠯᠢ ᠶᠣᠰᠣᠭᠠᠷ ᠱᠢᠯᠵᠢᠭᠦᠯᠦᠨ ᠬᠦᠷᠭᠡᠵᠦ᠍ ᠡᠷᠡᠭᠦᠦ᠍᠎ᠶ᠋ᠢᠨ ᠬᠠᠷᠢᠭᠤᠴᠠᠯᠭ᠎ᠠ ᠨᠡᠬᠡᠮᠵᠢᠯᠡᠨ᠎ᠡ᠃
ᠭᠤᠴᠢᠨ ᠳᠥᠷᠪᠡᠳᠦᠭᠡᠷ ᠵᠤᠷᠪᠤᠰ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠨᠢ ᠤᠯᠤᠰ᠎ᠤᠨ ᠬᠤᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤ᠎ᠪᠠᠷ ᠠᠬᠢᠭᠤᠯᠵᠤ᠂ ᠢᠲᠡᠭᠡᠮᠵᠢ᠎ᠶ᠋ᠢᠨ ᠬᠤᠯᠪᠣᠭᠠᠯᠠᠨ ᠬᠥᠳᠡᠯᠦᠯᠴᠡᠬᠦ᠌ ᠬᠠᠮᠢᠶᠠᠷᠤᠯᠲᠠ᠎ᠶ᠋ᠢ ᠥᠷᠨᠢᠭᠦᠯᠦᠨ᠎ᠡ᠃
ᠶᠢᠰᠦᠳᠦᠭᠡᠷ ᠪᠦᠯᠦᠭ ᠣᠨᠳᠣᠣ ᠰᠠᠨᠠᠯ᠎ᠢ ᠱᠢᠢᠳᠪᠦᠷᠢᠯᠡᠬᠦ᠌
ᠭᠤᠴᠢᠨ ᠲᠠᠪᠤᠳᠤᠭᠠᠷ ᠵᠤᠷᠪᠤᠰ ᠢᠲᠡᠭᠡᠮᠵᠢ᠎ᠶ᠋ᠢᠨ ᠭᠣᠤᠯ ᠴᠣᠭ᠍ᠴᠠ ᠨᠢ ᠳᠣᠤᠷᠠᠬᠢ ᠪᠠᠢᠳᠠᠯ ᠪᠠᠢᠪᠠᠯ᠂ ᠣᠨᠳᠣᠤ ᠰᠠᠨᠠᠯ ᠳᠤᠷᠠᠳᠴᠤ᠌ ᠪᠣᠯᠤᠨ᠎ᠠ ᠃
(ᠨᠢᠭᠡ) ᠢᠲᠡᠭᠡᠮᠵᠢ᠎ᠶᠢᠨ ᠮᠡᠳᠡᠭᠡ ᠵᠠᠩᠭᠢ᠎ᠶᠢ ᠴᠤᠭᠯᠠᠭᠤᠯᠤᠨ ᠨᠡᠢ᠌ᠯᠡᠭᠦᠯᠬᠦ᠂ ᠴᠤᠭᠯᠠᠭᠤᠯᠤᠭᠰᠠᠨ᠂ ᠬᠠᠳᠠᠭᠠᠯᠠᠭᠰᠠᠨ ᠪᠤᠶᠤ ᠬᠠᠩᠭᠠᠭᠰᠠᠨ ᠨᠢ ᠪᠤᠷᠤᠭᠤ᠂ ᠣᠷᠬᠢᠭ᠍ᠳᠠᠭᠤᠯᠤᠭᠰᠠᠨ ᠵᠡᠷᠭᠡ ᠪᠠᠢᠳᠠᠯ᠎ᠲᠠᠢ ᠭᠡᠵᠦ ᠦᠵᠡᠬᠦ;
(ᠬᠤᠶᠠᠷ) ᠬᠤᠳᠠᠯᠳᠤᠭᠠᠨ᠎ᠤ ᠨᠢᠭᠤᠴᠠ᠂ ᠬᠤᠪᠢ ᠬᠥᠮᠦᠨ᠎ᠦ ᠨᠢᠭᠤᠴᠠ ᠪᠠ ᠬᠤᠪᠢ ᠬᠥᠮᠦᠨ᠎ᠦ ᠪᠤᠰᠤᠳ ᠮᠡᠳᠡᠭᠡ ᠵᠠᠩᠭᠢ ᠵᠡᠷᠭᠡ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠲᠤ ᠬᠠᠯᠳᠠᠭ᠍ᠰᠠᠨ ᠭᠡᠵᠦ᠍ ᠦᠵᠡᠬᠦ;
(ᠭᠤᠷᠪᠠ) ᠢᠲᠡᠭᠡᠯ ᠠᠯᠳᠠᠭ᠍ᠰᠠᠨ ᠮᠡᠳᠡᠭᠡ ᠵᠠᠩᠭᠢ᠎ᠶ᠋ᠢ ᠢᠯᠡ ᠨᠡᠢᠲᠡᠯᠡᠬᠦ᠌ ᠬᠤᠭᠤᠴᠠᠭ᠎ᠠ᠎ᠠᠴᠠ ᠬᠡᠲᠦᠷᠡᠭ᠌ᠰᠡᠨ ᠪᠠᠢᠲᠠᠯ᠎ᠠ ᠮᠥᠨ ᠬᠠᠰᠤᠭ᠍ᠰᠠᠨ ᠦᠭᠡᠢ ᠭᠡᠵᠦ᠍ ᠦᠵᠡᠬᠦ;
(ᠲᠦᠷᠪᠡ) ᠬᠠᠤᠯᠢ᠎ᠪᠠᠷ ᠲᠣᠭ᠍ᠲᠠᠭᠠᠭ᠍ᠰᠠᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠬᠤᠪᠢᠷᠠᠭᠤᠯᠬᠤ ᠶᠤᠰᠤᠲᠠᠢ ᠪᠤᠰᠤᠳ ᠪᠠᠢᠳᠠᠯ᠃
ᠭᠤᠴᠢᠨ ᠵᠢᠷᠭᠤᠳᠤᠭᠠᠷ ᠵᠤᠷᠪᠤᠰ ᠢᠲᠡᠭᠡᠮᠵᠢ᠎ᠶ᠋ᠢᠨ ᠭᠣᠤᠯ ᠴᠣᠭ᠍ᠴᠠ ᠨᠢ ᠢᠲᠡᠭᠡᠮᠵᠢ᠎ᠶ᠋ᠢᠨ ᠦᠨᠡᠯᠡᠭ᠌ᠰᠡᠨ ᠦᠷ᠎ᠡ ᠳ᠋ᠦᠩ᠎ᠳᠦ ᠣᠨᠳᠣᠤ ᠰᠠᠨᠠᠯ᠎ᠲᠠᠶ ᠪᠣᠯ᠂ ᠢᠲᠡᠭᠡᠮᠵᠢ᠎ᠶ᠋ᠢᠨ ᠦᠨᠡᠯᠡᠭ᠌ᠰᠡᠨ ᠦᠷ᠎ᠡ ᠳ᠋ᠦᠩ ᠢ ᠨᠡᠢᠲᠡᠯᠡᠭ᠌ᠰᠡᠨ᠎ᠦ ᠳᠠᠷᠠᠭ᠎ᠠ 7 ᠠᠵᠢᠯᠯᠠᠬᠤ ᠡᠳᠦᠷ᠎ᠦᠨ ᠳᠣᠲᠣᠷ᠎ᠠ ᠢᠲᠡᠭᠡᠮᠵᠢ᠎ᠶ᠋ᠢᠨ ᠦᠨᠡᠯᠡᠭ᠌ᠰᠡᠨ ᠦᠷ᠎ᠡ ᠳ᠋ᠦᠩ᠎ᠢ ᠬᠢᠵᠦ᠍ ᠥᠭ᠌ᠭᠦᠭ᠌ᠰᠡᠨ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠲᠦ ᠪᠢᠴᠢᠭ᠎ᠢᠶᠡᠷ ᠭᠤᠶᠤᠴᠢᠯᠠᠯ ᠭᠠᠷᠭᠠᠵᠤ᠂ ᠤᠴᠢᠷ ᠱᠢᠯᠲᠠᠭᠠᠨ᠎ᠢᠶᠠᠨ ᠲᠣᠳᠣᠷᠬᠠᠢᠯᠠᠬᠤ᠎ᠶ᠋ᠢᠨ ᠬᠠᠮᠲᠤ ᠬᠠᠮᠢᠶ᠎ᠠ ᠪᠦᠬᠦᠢ ᠭᠡᠷᠡᠴᠢᠯᠡᠬᠦ᠌ ᠮᠠᠲ᠋ᠧᠷᠢᠶᠠᠯ᠎ᠢᠶᠠᠨ ᠬᠠᠩᠭᠠᠵᠤ᠂ ᠬᠤᠭᠤᠴᠠᠭ᠎ᠠ ᠬᠡᠲᠦᠷᠡᠲᠡᠯ᠎ᠡ ᠣᠨᠳᠣᠣ ᠰᠠᠨᠠᠯ ᠳᠤᠷᠠᠳᠤᠭᠰᠠᠨ ᠦᠭᠡᠢ ᠪᠠᠢᠪᠠᠯ ᠣᠨᠳᠣᠣ ᠰᠠᠨᠠᠯ ᠦᠭᠡᠢ᠎ᠪᠡᠷ ᠦᠵᠡᠨ᠎ᠡ᠃
ᠭᠤᠴᠢᠨ ᠳᠣᠯᠣᠳᠤᠭᠠᠷ ᠵᠤᠷᠪᠤᠰ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠨᠢ ᠪᠢᠴᠢᠭ᠌ᠯᠡᠭ᠌ᠰᠡᠨ ᠮᠠᠲ᠋ᠧᠷᠢᠶᠠᠯ᠎ᠢ ᠭᠠᠷᠳᠠᠭ᠍ᠰᠠᠨ ᠡᠳᠦᠷ᠎ᠡᠴᠡ ᠡᠬᠢᠯᠡᠨ 15 ᠠᠵᠢᠯᠯᠠᠬᠤ ᠡᠳᠦᠷ᠎ᠦᠨ ᠳᠣᠲᠣᠷ᠎ᠠ ᠱᠢᠶ᠋ᠳᠪᠦᠷᠢᠯᠡᠵᠦ᠍ ᠳᠠᠭᠤᠰᠭᠠᠨ᠂ ᠢᠲᠡᠭᠡᠮᠵᠢ᠎ᠶ᠋ᠢᠨ ᠭᠣᠤᠯ ᠴᠣᠭ᠍ᠴᠠ᠎ᠳᠤ ᠪᠢᠴᠢᠭ᠎ᠢᠶᠡᠷ ᠮᠡᠳᠡᠭ᠌ᠳᠡᠬᠦ᠌᠎ᠶ᠋ᠢᠨ ᠬᠠᠮᠲᠤ ᠱᠢᠶ᠋ᠳᠪᠦᠷᠢᠯᠡᠭ᠌ᠰᠡᠨ ᠦᠷ᠎ᠡ ᠳ᠋ᠦᠩ᠎ᠢ ᠦᠨᠳᠦᠰᠦᠯᠡᠨ ᠢᠲᠡᠭᠡᠮᠵᠢ᠎ᠶ᠋ᠢᠨ ᠦᠨᠡᠯᠡᠯᠲᠡ᠎ᠶ᠋ᠢᠨ ᠦᠷ᠎ᠡ ᠳ᠋ᠦᠩ᠎ᠦᠨ ᠬᠡᠷᠡᠭ᠌ᠯᠡᠭᠡᠨ᠎ᠦ ᠠᠷᠭ᠎ᠠ ᠬᠡᠮᠵᠢᠶ᠎ᠡ᠎ᠶ᠋ᠢ ᠴᠠᠭ ᠲᠤᠬᠠᠶ᠎ᠳᠤᠨᠢ ᠲᠣᠬᠢᠷᠠᠭᠤᠯᠬᠤ ᠬᠡᠷᠡᠭ᠌ᠲᠡᠶ᠃
ᠠᠷᠪᠠᠳᠤᠭᠠᠷ ᠪᠦᠯᠦᠭ ᠢᠲᠡᠭᠡᠮᠵᠢ᠎ᠶ᠋ᠢ ᠰᠡᠷᠭᠦᠭᠡᠬᠦ᠌
ᠭᠤᠴᠢᠨ ᠨᠠᠶ᠋ᠮᠠᠳᠤᠭᠠᠷ ᠵᠤᠷᠪᠤᠰ ᠢᠲᠡᠭᠡᠮᠵᠢ᠎ᠶ᠋ᠢᠨ ᠭᠣᠤᠯ ᠴᠣᠭ᠍ᠴᠠ ᠨᠢ ᠢᠲᠡᠭᠡᠯ ᠠᠯᠳᠠᠭ᠍ᠰᠠᠨ ᠠᠵᠢᠯᠯᠠᠭ᠎ᠠ᠎ᠶ᠋ᠢ ᠰᠠᠨᠠᠭᠠᠴᠢᠯᠠᠭ᠎ᠠ᠎ᠠᠴᠠ᠎ᠪᠠᠨ ᠵᠠᠯᠠᠷᠠᠭᠤᠯᠵᠤ᠂ ᠮᠠᠭᠤ ᠨᠥᠯᠥᠭᠡ᠎ᠶ᠋ᠢ ᠨᠢ ᠠᠷᠢᠯᠭᠠᠭ᠍ᠰᠠᠨ ᠪᠠᠢ᠌ᠪᠠᠯ᠂ ᠢᠲᠡᠭᠡᠮᠵᠢ᠎ᠶ᠋ᠢᠨ ᠦᠨᠡᠯᠡᠯᠲᠡ ᠬᠢᠭᠰᠡᠨ ᠪᠤᠶᠤ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠴᠤᠭᠯᠠᠭᠤᠯᠤᠨ ᠨᠡᠢ᠌ᠯᠡᠭᠦᠯᠬᠦ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠡᠴᠡ ᠢᠲᠡᠭᠡᠮᠵᠢᠲᠦ ᠬᠡᠷᠡᠭ᠌ᠯᠡᠭᠡᠨ᠎ᠦ ᠰᠡᠷᠭᠦᠭᠡᠯᠲᠡ᠎ᠶ᠋ᠢ ᠭᠤᠶᠤᠴᠢᠯᠠᠵᠤ ᠪᠣᠯᠤᠨ᠎ᠠ᠃ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠠᠴᠠ ᠬᠤᠯᠪᠣᠭ᠍ᠳᠠᠯ ᠪᠦᠬᠦᠢ ᠳᠡᠰ ᠳᠠᠷᠠᠭᠠᠯᠠᠯ᠎ᠤᠨ ᠲᠣᠭ᠍ᠲᠠᠭᠠᠯ ᠶᠣᠰᠣᠭᠠᠷ ᠭᠦᠢᠴᠡᠳᠭᠡᠬᠦ᠌᠎ᠶ᠋ᠢᠨ ᠬᠠᠮᠲᠤ ᠢᠲᠡᠭᠡᠯ ᠠᠯᠳᠠᠭ᠍ᠰᠠᠨ ᠮᠡᠳᠡᠭᠡ ᠵᠠᠩᠭᠢ᠎ᠶ᠋ᠢᠨ ᠲᠥᠷᠥᠯ ᠬᠡᠯᠪᠡᠷᠢ᠎ᠶ᠋ᠢ ᠦᠨᠳᠦᠰᠦᠯᠡᠨ᠂ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠢᠲᠡᠭᠡᠮᠵᠢ᠎ᠶ᠋ᠢ ᠰᠡᠷᠭᠦᠭᠡᠬᠦ᠌ ᠬᠠᠮᠢᠶ᠎ᠠ ᠪᠦᠬᠦᠢ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠭᠠᠯ᠎ᠢᠶᠠᠷ ᠯᠠᠪᠯᠠᠯᠲᠠ ᠪᠣᠯᠭᠠᠨ ᠰᠡᠷᠭᠦᠭᠡᠬᠦ᠌ ᠬᠡᠷᠡᠭ᠌ᠲᠡᠶ᠃
ᠭᠤᠴᠢ ᠶᠢᠰᠦᠳᠦᠭᠡᠷ ᠵᠤᠷᠪᠤᠰ ᠢᠲᠡᠭᠡᠯ ᠠᠯᠳᠠᠭ᠍ᠰᠠᠨ ᠢᠲᠡᠭᠡᠮᠵᠢ᠎ᠶ᠋ᠢᠨ ᠭᠣᠤᠯ ᠴᠣᠭ᠍ᠴᠠ ᠨᠢ ᠢᠲᠡᠭᠡᠯ ᠠᠯᠳᠠᠭ᠍ᠰᠠᠨ ᠮᠡᠳᠡᠭᠡ ᠵᠠᠩᠭᠢ᠎ᠶ᠋ᠢᠨ ᠬᠦᠴᠦᠨ᠎ᠲᠡᠶ ᠬᠤᠭᠤᠴᠠᠭᠠᠨ ᠳᠣᠲᠣᠷ᠎ᠠ ᠬᠠᠮᠲᠤᠳᠤᠨᠢ ᠳᠣᠤᠷᠠᠬᠢ ᠨᠥᠬᠥᠴᠡᠯ᠎ᠳᠦ ᠨᠡᠢᠴᠡᠭ᠌ᠰᠡᠨ ᠪᠥᠭᠡᠳ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠡᠴᠡ ᠲᠡᠭᠦᠨ᠎ᠢ ᠰᠡᠯᠪᠢᠨ ᠵᠠᠰᠠᠭ᠍ᠰᠠᠨ ᠦᠢᠯᠡ ᠠᠵᠢᠯᠯᠠᠭ᠎ᠠ᠎ᠶ᠋ᠢ ᠨᠢ ᠮᠡᠳᠡᠷᠡᠭ᠌ᠰᠡᠨ ᠪᠣᠯ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠳᠡᠰ ᠳᠠᠷᠠᠭᠠᠯᠠᠯ᠎ᠤᠨ ᠶᠣᠰᠣᠭᠠᠷ ᠢᠲᠡᠭᠡᠮᠵᠢ᠎ᠶ᠋ᠢ ᠨᠢ ᠰᠡᠷᠭᠦᠭᠡᠬᠦ᠌᠎ᠶ᠋ᠢ ᠬᠡᠷᠡᠭ᠌ᠵᠢᠭᠦᠯᠵᠦ᠍ ᠪᠣᠯᠤᠨ᠎ᠠ ᠄
(ᠨᠢᠭᠡ) ᠬᠠᠤᠯᠢ ᠴᠠᠭᠠᠵᠠ ᠬᠠᠤᠯᠢ ᠲᠣᠭ᠍ᠲᠠᠭᠠᠯ᠂ ᠳᠦᠷᠢᠮ ᠲᠣᠭ᠍ᠲᠠᠭᠠᠯ ᠶᠣᠰᠣᠭᠠᠷ ᠬᠠᠤᠯᠢ᠎ᠳᠤ ᠲᠣᠭ᠍ᠲᠠᠭᠠᠭ᠍ᠰᠠᠨ ᠬᠠᠷᠢᠭᠤᠴᠠᠯᠭ᠎ᠠ᠎ᠪᠠᠨ ᠭᠦᠢᠴᠡᠳᠭᠡᠬᠦ᠌ ᠪᠤᠶᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠵᠦ᠂ ᠲᠡᠷᠡᠴᠢᠯᠡᠨ ᠢᠲᠡᠭᠡᠯ ᠠᠯᠳᠠᠭᠰᠠᠨ ᠠᠵᠢᠯᠯᠠᠭ᠎ᠠ᠎ᠶᠢᠨ ᠨᠡᠢᠭᠡᠮ᠎ᠦᠨ ᠮᠠᠭᠤ ᠨᠥᠯᠥᠭᠡ᠎ᠶᠢ ᠦᠨᠳᠦᠰᠦᠨ᠎ᠳᠦ᠎ᠪᠡᠨ ᠠᠷᠢᠯᠭᠠᠭᠰᠠᠨ ᠪᠠᠢᠨ᠎ᠠ;
(ᠬᠤᠶᠠᠷ) ᠢᠲᠡᠭᠡᠮᠵᠢ ᠠᠯᠳᠠᠭ᠍ᠰᠠᠨ ᠦᠢᠯᠡ ᠠᠵᠢᠯᠯᠠᠭ᠎ᠠ᠎ᠶ᠋ᠢ ᠨᠢᠭᠡᠨᠲᠡ ᠴᠡᠭ᠌ᠴᠡᠯᠡᠨ ᠰᠠᠢᠵᠢᠷᠠᠭᠤᠯᠤᠭ᠍ᠰᠠᠨ ᠪᠥᠭᠡᠳ ᠨᠡᠢᠲᠡᠯᠡᠭ᠌ᠰᠡᠨ᠎ᠤ ᠳᠠᠷᠠᠭᠠᠬᠢ 6 ᠰᠠᠷ᠎ᠠ᠎ᠶ᠋ᠢᠨ ᠳᠣᠲᠣᠷ᠎ᠠ ᠠᠳᠠᠯᠢ ᠲᠥᠷᠥᠯ᠎ᠤᠨ ᠢᠲᠡᠭᠡᠮᠵᠢ ᠠᠯᠳᠠᠭ᠍ᠰᠠᠨ ᠦᠢᠯᠡ ᠠᠵᠢᠯᠯᠠᠭ᠎ᠠ ᠡᠭᠦᠰᠦᠭ᠌ᠰᠡᠨ ᠦᠭᠡᠢ;
(ᠭᠤᠷᠪᠠ) ᠢᠲᠡᠭᠡᠯ ᠠᠯᠳᠠᠭ᠍ᠰᠠᠨ ᠢᠲᠡᠭᠡᠮᠵᠢ᠎ᠶ᠋ᠢᠨ ᠭᠤᠣᠯ ᠴᠣᠭ᠍ᠴᠠ᠎ᠨᠢ ᠨᠡᠢᠲᠡᠯᠡᠬᠦ᠌ ᠬᠤᠭᠤᠴᠠᠭᠠᠨ᠎ᠳᠤ ᠱᠢᠨ᠎ᠡ᠎ᠪᠠᠷ ᠨᠡᠮᠡᠭ᠌ᠳᠡᠭ᠌ᠰᠡᠨ ᠢᠲᠡᠭᠡᠮᠵᠢ ᠦᠭᠡᠢ ᠲᠡᠮᠳᠡᠭ᠌ᠯᠡᠯ ᠪᠠᠢᠬᠤ ᠦᠭᠡᠢ;
(ᠲᠦᠷᠪᠡ) ᠬᠠᠤᠯᠢ ᠴᠠᠭᠠᠵᠠ ᠬᠠᠤᠯᠢ ᠲᠣᠭ᠍ᠲᠠᠭᠠᠯ᠂ ᠳᠦᠷᠢᠮ ᠲᠣᠭ᠍ᠲᠠᠭᠠᠯ᠎ᠳᠤ ᠠᠰᠲᠠᠭᠠᠨ ᠲᠣᠭ᠍ᠲᠠᠭᠠᠯ ᠪᠠᠢ᠌ᠪᠠᠯ᠂ ᠲᠡᠷᠡ ᠲᠣᠭ᠍ᠲᠠᠭᠠᠯ᠎ᠢ ᠨᠢ ᠳᠠᠭᠠᠬᠤ ᠬᠡᠷᠡᠭ᠌ᠲᠡᠶ᠃
ᠳᠥᠴᠢᠳᠦᠭᠡᠷ ᠵᠤᠷᠪᠤᠰ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠨᠢ ᠢᠲᠡᠭᠡᠮᠵᠢ᠎ᠶᠢ ᠰᠡᠷᠭᠦᠭᠡᠬᠦ ᠭᠤᠶᠤᠴᠢᠯᠠᠯ᠎ᠢ ᠭᠥᠯᠢᠶᠡᠨ ᠠᠪᠤᠭᠰᠠᠨ᠎ᠤ ᠳᠠᠷᠠᠭ᠎ᠠ 15 ᠠᠵᠢᠯᠯᠠᠬᠤ ᠡᠳᠦᠷ᠎ᠦᠨ ᠳᠣᠲᠣᠷ᠎ᠠ ᠬᠠᠮᠢᠶ᠎ᠠ ᠪᠦᠬᠦᠢ ᠬᠠᠤᠯᠢ ᠴᠠᠭᠠᠵᠠ᠎ᠶᠢᠨ ᠵᠢᠷᠤᠮᠵᠢᠯ᠎ᠢ ᠦᠨᠳᠦᠰᠦᠯᠡᠨ ᠬᠢᠨᠠᠨ ᠪᠠᠢᠴᠠᠭᠠᠬᠤ᠎ᠶᠢᠨ ᠬᠠᠮᠲᠤ ᠦᠷ᠎ᠡ ᠳ᠋ᠦᠩ᠎ᠢ ᠢᠲᠡᠭᠡᠮᠵᠢ᠎ᠶᠢᠨ ᠭᠣᠣᠯ ᠴᠣᠭᠴᠠ᠎ᠳᠤ ᠮᠡᠳᠡᠭᠳᠡᠨ᠎ᠡ᠃ ᠢᠲᠡᠭᠡᠮᠵᠢ᠎ᠶᠢ ᠵᠠᠰᠠᠨ ᠰᠡᠷᠭᠦᠭᠡᠬᠦ ᠨᠥᠬᠥᠴᠡᠯ᠎ᠳᠦ ᠨᠡᠢᠴᠡᠪᠡᠯ ᠵᠠᠰᠠᠨ ᠰᠡᠷᠭᠦᠭᠡᠵᠦ᠂ ᠨᠥᠬᠥᠴᠡᠯ᠎ᠳᠦ ᠨᠡᠢᠴᠡᠬᠦ ᠦᠭᠡᠢ ᠪᠣᠯ ᠢᠲᠡᠭᠡᠮᠵᠢ᠎ᠶᠢᠨ ᠭᠣᠣᠯ ᠴᠣᠭᠴᠠ᠎ᠳᠤ ᠵᠠᠰᠠᠨ ᠰᠡᠷᠭᠦᠭᠡᠬᠦ ᠦᠭᠡᠢ ᠰᠢᠯᠲᠠᠭᠠᠨ᠎ᠢᠶᠠᠨ ᠮᠡᠳᠡᠭ᠌ᠳᠡᠨ᠎ᠡ᠃ ᠢᠲᠡᠭᠡᠮᠵᠢ᠎ᠶ᠋ᠢᠨ ᠭᠤᠤᠯ ᠴᠣᠭ᠍ᠴᠠ᠎ᠨᠢ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠲᠤ ᠢᠲᠡᠭᠡᠮᠵᠢ᠎ᠶ᠋ᠢᠨ ᠰᠡᠷᠭᠦᠭᠡᠯᠲᠡ᠎ᠶ᠋ᠢ ᠭᠤᠶᠤᠴᠢᠯᠠᠬᠤ᠎ᠳᠤ ᠳᠣᠤᠷᠠᠬᠢ ᠮᠠᠲ᠋ᠧᠷᠢᠶᠠᠯ᠎ᠤᠳ᠎ᠢ ᠲᠤᠱᠢᠶᠠᠬᠤ ᠬᠡᠷᠡᠭ᠌ᠲᠡᠶ᠄
(ᠨᠢᠭᠡ) ᠢᠲᠡᠭᠡᠮᠵᠢ᠎ᠶ᠋ᠢ ᠰᠡᠷᠭᠦᠭᠡᠬᠦ᠌ ᠭᠤᠶᠤᠴᠢᠯᠠᠯ᠎ᠤᠨ ᠪᠢᠴᠢᠭ;
(ᠬᠤᠶᠠᠷ) ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠤᠨ ᠲᠤᠬᠠᠶ ᠲᠣᠳᠣᠷᠬᠠᠢᠯᠠᠯᠲᠠ ᠪᠤᠶᠤ ᠢᠲᠡᠭᠡᠮᠵᠢ ᠠᠯᠳᠠᠭ᠍ᠰᠠᠨ ᠠᠵᠢᠯᠯᠠᠭ᠎ᠠ᠎ᠶ᠋ᠢᠨ ᠲᠤᠬᠠᠶ ᠲᠠᠢᠯᠪᠤᠷᠢᠯᠠᠯᠲᠠ ᠲᠣᠳᠣᠷᠬᠠᠢᠯᠠᠯᠲᠠ;
(ᠭᠤᠷᠪᠠ) ᠪᠠᠢᠳᠠᠯ᠎ᠢ ᠲᠤᠳᠣᠷᠬᠠᠢᠯᠠᠬᠤ ᠠᠭᠤᠯᠭ᠎ᠠ ᠲᠠᠶ ᠬᠠᠷᠠᠭ᠋ᠠᠯᠵᠠᠭᠰᠠᠨ ᠭᠡᠷᠡᠴᠢᠯᠡᠭ᠌ᠰᠡᠨ ᠮᠠᠲ᠋ᠧᠷᠢᠶᠠᠯ ;
(ᠲᠦᠷᠪᠡ) ᠲᠣᠳᠣᠷᠬᠠᠢᠯᠠᠯᠲᠠ᠎ᠶᠢᠨ ᠮᠠᠲᠧᠷᠢᠶᠠᠯ᠎ᠤᠨ ᠮᠡᠳᠡᠭᠡ ᠵᠠᠩᠭᠢ᠎ᠶᠢᠨ ᠠᠭᠤᠯᠭ᠎ᠠ᠎ᠶᠢᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠢᠲᠡᠭᠡᠮᠵᠢ᠎ᠶᠢ ᠰᠡᠷᠭᠦᠭᠡᠬᠦ ᠠᠮᠠᠯᠠᠯᠲᠠ᠎ᠶᠢᠨ ᠪᠢᠴᠢᠭ ᠭᠠᠷᠭᠠᠬᠤ ᠬᠡᠷᠡᠭᠲᠡᠢ᠃
ᠳᠥᠴᠢᠨ ᠨᠢᠭᠡᠳᠦᠭᠡᠷ ᠵᠤᠷᠪᠤᠰ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠨᠢ ᠨᠢᠭᠡ ᠦᠨᠡᠯᠡᠬᠦ᠌ ᠦᠶᠡᠯᠡᠯ᠎ᠤᠨ ᠬᠤᠭᠤᠴᠠᠭᠠᠨ᠎ᠳᠤ ᠭᠤᠣᠯ ᠴᠣᠭ᠍ᠴᠠ᠎ᠶ᠋ᠢᠨ ᠢᠲᠡᠭᠡᠮᠵᠢ᠎ᠶ᠋ᠢ ᠰᠡᠷᠭᠦᠭᠡᠨ ᠵᠠᠰᠠᠬᠤ᠎ᠪᠠᠨ ᠳᠠᠭᠤᠰᠭᠠᠭ᠍ᠰᠠᠨ᠎ᠤ ᠳᠠᠷᠠᠭ᠎ᠠ᠂ ᠲᠤᠰ ᠭᠤᠣᠯ ᠴᠣᠭ᠍ᠴᠠ᠎ᠶ᠋ᠢᠨ ᠢᠲᠡᠭᠡᠮᠵᠢ᠎ᠶ᠋ᠢᠨ ᠳᠠᠩᠰᠠ ᠡᠪᠬᠡᠮᠡᠯ᠎ᠤᠨ ᠲᠡᠮᠳᠡᠭ᠌ᠯᠡᠯ᠎ᠳᠤ ᠴᠠᠭ ᠲᠤᠬᠠᠢᠳᠤᠨᠢ ᠲᠣᠬᠢᠷᠠᠭᠤᠯᠤᠯᠲᠠ ᠬᠢᠬᠦ᠌ ᠬᠡᠷᠡᠭ᠌ᠲᠡᠢ᠂ ᠭᠡᠪᠡᠴᠦ᠍ ᠲᠤᠰ ᠦᠶᠡᠯᠡᠯ᠎ᠤᠨ ᠬᠤᠭᠤᠴᠠᠭᠠᠨ᠎ᠳᠤ ᠢᠲᠡᠭᠡᠮᠵᠢ᠎ᠳᠤ ᠬᠡᠷᠡᠭ᠌ᠯᠡᠬᠦ᠌ ᠦᠨᠡᠯᠡᠯᠲᠡ᠎ᠶ᠋ᠢᠨ ᠦᠷ᠎ᠡ ᠳ᠋ᠦᠩ᠎ᠳᠤ ᠲᠣᠬᠢᠷᠠᠭᠤᠯᠤᠯᠲᠠ ᠬᠢᠬᠦ᠌ ᠦᠭᠡᠢ᠂ ᠳᠠᠷᠠᠭ᠎ᠠ ᠨᠢᠭᠡ ᠦᠨᠡᠯᠡᠬᠦ᠌ ᠦᠶᠡᠯᠡᠯ᠎ᠤᠨ ᠬᠤᠭᠤᠴᠠᠭᠠᠨ᠎ᠳᠤ ᠵᠠᠰᠠᠨ ᠰᠡᠷᠭᠦᠭᠡᠭ᠌ᠰᠡᠨ᠎ᠤ ᠳᠠᠷᠠᠭᠠᠬᠢ ᠢᠲᠡᠭᠡᠮᠵᠢ᠎ᠶ᠋ᠢᠨ ᠳᠠᠩᠰᠠ ᠡᠪᠬᠡᠮᠡᠯ᠎ᠤᠨ ᠲᠡᠮᠲᠡᠭ᠌ᠯᠡᠯ᠎ᠢᠶᠠᠷ ᠦᠨᠡᠯᠡᠯᠲᠡ ᠬᠢᠬᠦ᠌ ᠬᠡᠷᠡᠭ᠌ᠲᠡᠢ᠃
ᠳᠥᠴᠢᠨ ᠬᠤᠶᠠᠳᠤᠭᠠᠷ ᠵᠤᠷᠪᠤᠰ ᠢᠲᠡᠭᠡᠮᠵᠢ᠎ᠶ᠋ᠢᠨ ᠭᠤᠤᠯ ᠴᠣᠭ᠍ᠴᠠ᠎ᠨᠢ ᠢᠲᠡᠭᠡᠮᠵᠢ᠎ᠶ᠋ᠢ ᠵᠠᠰᠠᠨ ᠰᠡᠷᠭᠦᠭᠡᠬᠦ᠌᠎ᠪᠠᠷ ᠭᠤᠶᠤᠴᠢᠯᠠᠬᠤ᠎ᠳᠤ ᠦᠨᠡᠨᠴᠢ ᠢᠲᠡᠭᠡᠮᠵᠢᠲᠡᠶ ᠪᠠᠢᠬᠤ ᠤᠤᠯ᠎ᠤᠨ ᠲᠦᠷᠢᠮ᠎ᠢ ᠪᠠᠷᠢᠮᠲᠠᠯᠠᠬᠤ ᠬᠡᠷᠡᠭ᠌ᠲᠡᠶ᠂ ᠬᠡᠷᠪᠡ ᠬᠤᠳᠠᠯ ᠬᠠᠭᠤᠷᠮᠠᠭ ᠭᠡᠷᠡᠴᠢᠯᠡᠬᠦ᠌ ᠮᠠᠲ᠋ᠧᠷᠢᠶᠠᠯ ᠬᠠᠩᠭᠠᠬᠤ᠂ ᠢᠲᠡᠭᠡᠮᠵᠢ᠎ᠶ᠋ᠢᠨ ᠠᠮᠠᠯᠠᠯᠲᠠ᠎ᠨᠢ ᠪᠣᠳᠠᠲᠠᠶ ᠪᠢᠰᠢ ᠪᠤᠶᠤ ᠠᠮᠠᠯᠠᠯᠲᠠ᠎ᠪᠠᠨ ᠥᠯᠥ᠍ ᠭᠦᠢᠴᠡᠳᠭᠡᠬᠦ᠌ ᠵᠡᠷᠭᠡ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠭ᠍ᠰᠠᠨ ᠦᠢᠯᠡ ᠠᠵᠢᠯᠯᠠᠭ᠎ᠠ᠎ᠲᠠᠢ ᠪᠠᠢᠪᠠᠯ᠂ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠠᠴᠠ ᠢᠲᠡᠭᠡᠮᠵᠢ᠎ᠶ᠋ᠢᠨ ᠲᠡᠮᠳᠡᠭ᠌ᠯᠡᠯ᠎ᠳᠤ ᠲᠡᠮᠳᠡᠭ᠌ᠯᠡᠨ ᠣᠷᠣᠭᠤᠯᠵᠤ᠂ 3 ᠵᠢᠯ᠎ᠤᠨ ᠳᠣᠲᠣᠷ᠎ᠠ ᠲᠡᠭᠦᠨ᠎ᠤ ᠢᠲᠡᠭᠡᠮᠵᠢ᠎ᠶ᠋ᠢᠨ ᠰᠡᠷᠭᠦᠭᠡᠯᠲᠡ᠎ᠳᠤ ᠭᠤᠶᠤᠴᠢᠯᠠᠬᠤ ᠬᠢᠷᠢ ᠬᠡᠮ᠎ᠢ᠎ᠨᠢ ᠬᠦᠴᠦᠨ ᠥᠬᠡᠶ ᠪᠣᠯᠭᠠᠨ᠎ᠠ; ᠶᠠᠯ᠎ᠠ ᠪᠣᠯᠵᠤ ᠪᠦᠷᠢᠯᠳᠦᠭ᠌ᠰᠡᠨ ᠪᠠᠢᠪᠠᠯ᠂ ᠬᠠᠤᠯᠢ ᠶᠣᠰᠣᠭᠠᠷ ᠡᠷᠡᠭᠦᠦ᠍᠎ᠶ᠋ᠢᠨ ᠬᠠᠷᠢᠭᠤᠴᠠᠯᠭ᠎ᠠ ᠨᠡᠬᠡᠮᠵᠢᠯᠡᠨ᠎ᠡ᠃
ᠠᠷᠪᠠᠨ ᠨᠢᠭᠡᠳᠦᠭᠡᠷ ᠪᠦᠯᠦᠭ ᠬᠢᠨᠠᠯᠲᠠ ᠬᠠᠮᠢᠶᠠᠷᠤᠯᠲᠠ
ᠳᠥᠴᠢᠨ ᠭᠤᠷᠪᠠᠳᠤᠭᠠᠷ ᠵᠤᠷᠪᠤᠰ ᠡᠮᠴᠢᠯᠡᠭᠡᠨ᠎ᠦ ᠪᠠᠲᠤᠯᠠᠭ᠎ᠠ᠎ᠶ᠋ᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠂ ᠡᠷᠬᠢᠯᠡᠨ ᠬᠢᠬᠦ᠌ ᠪᠠᠢᠭᠤᠯᠤᠮᠵᠢ ᠬᠢᠭᠡᠳ ᠲᠡᠭᠦᠨ᠎ᠦ ᠠᠵᠢᠯᠲᠠᠳ ᠬᠠᠤᠯᠢ ᠶᠣᠰᠣᠭᠠᠷ ᠲᠤᠱᠢᠶᠠᠯ᠎ᠢᠶᠠᠨ ᠭᠦᠢᠴᠡᠳᠭᠡᠵᠦ᠍᠂ ᠮᠡᠳᠡᠭᠡ ᠵᠠᠩᠭᠢ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠵᠤ᠂ ᠵᠠᠭᠠᠯᠳᠤᠵᠤ ᠢᠯᠡᠴᠢᠯᠡᠨ ᠮᠡᠳᠡᠭᠦᠯᠬᠦ᠌ ᠠᠷᠭ᠎ᠠ ᠵᠠᠮ᠎ᠢ ᠰᠠᠭᠠᠳ ᠦᠭᠡᠶ ᠨᠡᠪᠲᠡᠷᠡᠭᠦᠯᠦᠨ᠂ ᠬᠦᠯᠢᠶᠡᠨ ᠠᠪᠬᠤ᠂ ᠪᠠᠢᠴᠠᠭᠠᠬᠤ᠂ ᠱᠢᠶ᠋ᠳᠪᠦᠷᠢᠯᠡᠬᠦ᠂ ᠬᠠᠷᠢᠭᠤ ᠲᠤᠰᠭᠠᠬᠤ ᠵᠡᠷᠭᠡ ᠠᠵᠢᠯ᠎ᠤᠨ ᠴᠤᠪᠤᠷᠠᠯ ᠪᠠ ᠲᠣᠭ᠍ᠲᠠᠴᠠ᠎ᠶ᠋ᠢ ᠵᠢᠷᠤᠮᠵᠢᠭᠤᠯᠬᠤ ᠬᠡᠷᠡᠭ᠌ᠲᠡᠶ᠃
ᠳᠥᠴᠢᠨ ᠳᠥᠷᠪᠡᠳᠦᠭᠡᠷ ᠵᠤᠷᠪᠤᠰ ᠬᠤᠪᠢ᠎ᠶ᠋ᠢᠨ ᠨᠠᠢᠷ᠎ᠢᠶᠠᠷ ᠬᠠᠤᠯᠢ ᠶᠣᠰᠣ᠎ᠶ᠋ᠢ ᠵᠥᠷᠢᠴᠡᠭ᠌ᠰᠡᠨ᠂ ᠠᠯᠪᠠᠨ ᠲᠤᠱᠢᠶᠠᠯ᠎ᠳᠠᠭᠠᠨ ᠠᠯᠮᠠᠢᠷᠠᠨ ᠣᠰᠣᠯᠳᠠᠭ᠍ᠰᠠᠨ᠂ ᠮᠡᠳᠡᠭᠡ ᠵᠠᠩᠭᠢ᠎ᠶ᠋ᠢ ᠥᠭᠡᠷᠡᠲᠦᠭᠦᠯᠦᠭ᠌ᠰᠡᠨ ᠪᠤᠶᠤ ᠬᠠᠤᠯᠢ᠎ᠠᠴᠠ ᠵᠥᠷᠢᠴᠡᠭ᠌ᠰᠡᠨ ᠪᠤᠰᠤᠳ ᠠᠷᠭ᠎ᠠ ᠮᠠᠶᠢᠭ᠎ᠢᠶᠠᠷ ᠢᠲᠡᠭᠡᠮᠵᠢ᠎ᠶ᠋ᠢᠨ ᠭᠣᠤᠯ ᠴᠣᠭ᠍ᠴᠠ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠬᠣᠬᠢᠷᠠᠭᠤᠯᠤᠭ᠍ᠰᠠᠨ ᠪᠤᠰᠤᠳ ᠬᠠᠮᠢᠶ᠎ᠠ ᠪᠦᠬᠦᠢ ᠬᠠᠷᠢᠭᠤᠴᠠᠯᠭ᠎ᠠ ᠡᠭᠦᠷᠭᠡᠯᠡᠭ᠌ᠴᠢᠳᠦ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠨᠠᠮ᠎ᠤᠨ ᠰᠠᠬᠢᠯᠭ᠎ᠠ ᠪᠠᠲᠤ ᠵᠠᠰᠠᠭ᠎ᠤᠨ ᠰᠠᠬᠢᠯᠭ᠎ᠠ᠎ᠶ᠋ᠢᠨ ᠰᠢᠢ᠍ᠳᠭᠡᠯ ᠣᠯᠭᠣᠬᠤ ᠬᠡᠷᠡᠭ᠌ᠲᠡᠶ; ᠶᠠᠯᠠᠳᠤ ᠬᠦᠷᠦᠭ᠌ᠰᠡᠨ ᠪᠠᠢ᠌ᠪᠠᠯ᠂ ᠬᠠᠤᠯᠢ ᠴᠠᠭᠠᠵᠠ᠎ᠶ᠋ᠢᠨ ᠪᠠᠢ᠌ᠭᠤᠯᠭ᠎ᠠ᠎ᠳᠤ ᠬᠠᠤᠯᠢ ᠶᠣᠰᠣᠭᠠᠷ ᠱᠢᠯᠵᠢᠭᠦᠯᠦᠨ ᠬᠦᠷᠭᠡᠵᠦ᠍ ᠡᠷᠡᠭᠦᠦ᠍᠎ᠶ᠋ᠢᠨ ᠬᠡᠷᠡᠭ᠎ᠦᠨ ᠬᠠᠷᠢᠭᠤᠴᠠᠯᠭ᠎ᠠ᠎ᠶ᠋ᠢ ᠨᠡᠬᠡᠮᠵᠢᠯᠡᠬᠦ᠌ ᠬᠡᠷᠡᠭ᠌ᠲᠡᠶ᠃
ᠠᠷᠪᠠᠨ ᠬᠣᠶᠠᠳᠤᠭᠠᠷ ᠪᠦᠯᠦᠭ ᠳᠠᠭ᠋ᠠᠯᠳᠤᠭᠤᠯᠤᠯ ᠳᠦᠷᠢᠮ
ᠳᠥᠴᠢᠨ ᠲᠠᠪᠤᠳᠤᠭᠠᠷ ᠵᠤᠷᠪᠤᠰ ᠡᠮ᠎ᠤᠨ ᠵᠦᠢᠯ ᠪᠠ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠦᠶ᠋ᠯᠡᠳᠪᠦᠷᠢᠯᠡᠬᠦ᠂ ᠡᠵᠡᠩᠨᠡᠬᠦ᠌ ᠠᠵᠤ ᠠᠬᠤᠢᠯᠠᠯ᠎ᠤᠨ ᠡᠮ ᠡᠮᠨᠡᠯᠭᠡ᠎ᠶ᠋ᠢᠨ ᠦᠨ᠎ᠡ ᠬᠠᠩᠰᠢ ᠪᠠ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠠᠵᠢᠯᠯᠠᠭ᠎ᠠ᠎ᠳᠠᠬᠢ ᠢᠲᠡᠭᠡᠮᠵᠢ᠎ᠶ᠋ᠢᠨ ᠦᠨᠡᠯᠡᠯᠲᠡ᠎ᠶ᠋ᠢ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠬᠤᠯᠪᠣᠭ᠍ᠳᠠᠯ ᠪᠥᠬᠦᠶ ᠡᠮ ᠡᠮᠨᠡᠯᠭᠡ᠎ᠶ᠋ᠢᠨ ᠦᠨ᠎ᠡ ᠪᠠ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠢᠲᠡᠭᠡᠮᠵᠢ᠎ᠶ᠋ᠢᠨ ᠦᠨᠡᠯᠡᠯᠲᠡ᠎ᠶ᠋ᠢᠨ ᠲᠦᠷᠢᠮ ᠶᠣᠰᠣᠭᠠᠷ ᠬᠡᠷᠡᠭ᠌ᠵᠢᠭᠦᠯᠦᠨ᠎ᠡ᠃
ᠳᠥᠴᠢᠨ ᠵᠢᠷᠭᠤᠳᠤᠭᠠᠷ ᠵᠤᠷᠪᠤᠰ ᠲᠣᠰ ᠠᠷᠭ᠎ᠠ᠎ᠶ᠋ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠬᠠᠷᠢᠭᠤᠴᠠᠨ ᠲᠠᠢᠯᠪᠤᠷᠢᠯᠠᠨ᠎ᠠ᠃
ᠳᠥᠴᠢᠨ ᠳᠣᠯᠣᠳᠤᠭᠠᠷ ᠵᠤᠷᠪᠤᠰ ᠲᠤᠰ ᠠᠷᠭ᠎ᠠ᠎ᠶ᠋ᠢ ᠨᠡᠢᠲᠡᠯᠡᠭ᠌ᠰᠡᠨ ᠡᠳᠦᠷ᠎ᠡᠴᠡ ᠡᠬᠢᠯᠡᠨ ᠬᠡᠷᠡᠭ᠌ᠵᠢᠭᠦᠯᠵᠦ᠍ ᠂ ᠬᠦᠴᠦᠨ᠎ᠲᠡᠶ ᠬᠤᠭᠤᠴᠠᠭ᠎ᠠ ᠨᠢ 2 ᠵᠢᠯ ᠪᠣᠯᠤᠨ᠎ᠠ ᠃
ᠳᠠᠭᠠᠯᠳᠤᠭᠤᠯᠤᠯ᠄
1. ᠣᠨᠳᠣᠣ ᠰᠠᠨᠠᠯ᠎ᠲᠠᠢ ᠮᠡᠳᠡᠭᠡ ᠵᠠᠩᠭᠢ᠎ᠶ᠋ᠢ ᠱᠢᠢᠳᠪᠦᠷᠢᠯᠡᠬᠦ᠌ ᠭᠤᠶᠤᠴᠢᠯᠠᠯ᠎ᠤᠨ ᠬᠦᠰᠦᠨᠦᠭ᠌ᠲᠦ
2. ᠣᠨᠳᠣᠤ ᠰᠠᠨᠠᠯ ᠲᠠᠢ ᠮᠡᠳᠡᠭᠡ ᠵᠠᠩᠭᠢ᠎ᠶ᠋ᠢ ᠱᠢᠶ᠋ᠳᠪᠦᠷᠢᠯᠡᠭ᠌ᠰᠡᠨ ᠦᠷ᠎ᠡ ᠳ᠋ᠦᠩ᠎ᠢ ᠬᠠᠷᠢᠭᠤ ᠲᠤᠰᠭᠠᠬᠤ ᠬᠠᠭᠤᠳᠠᠰᠤ
3. ᠢᠲᠡᠭᠡᠮᠵᠢ᠎ᠶ᠋ᠢ ᠰᠡᠷᠭᠦᠭᠡᠬᠦ᠌ ᠭᠤᠶᠤᠴᠢᠯᠠᠯ᠎ᠤᠨ ᠬᠦᠰᠦᠨᠦᠭ᠌ᠲᠦ
4. ᠢᠲᠡᠭᠡᠮᠵᠢ᠎ᠶ᠋ᠢ ᠰᠡᠷᠭᠦᠭᠡᠬᠦ᠌ ᠭᠤᠶᠤᠴᠢᠯᠠᠯ᠎ᠤᠨ ᠪᠢᠴᠢᠭ ᠣᠯᠭᠤᠬᠤ ᠦᠭᠡᠢ
5. ᠢᠲᠡᠭᠡᠮᠵᠢ᠎ᠶ᠋ᠢ ᠰᠡᠷᠭᠦᠭᠡᠬᠦ᠌ ᠨᠤᠲᠠᠯᠠᠯᠲᠠ᠎ᠶ᠋ᠢᠨ ᠮᠡᠳᠡᠭ᠌ᠳᠡᠯ᠎ᠤᠨ ᠪᠢᠴᠢᠭ