《 ᠤᠯᠤᠰ᠎ᠤᠨ ᠦᠨᠳᠦᠰᠦᠨ ᠡᠮᠴᠢᠯᠡᠭᠡᠨ᠎ᠦ ᠳᠠᠭᠠᠳᠭᠠᠯ᠂ ᠦᠷᠡᠵᠢᠯ᠎ᠤᠨ ᠳᠠᠭᠠᠳᠭᠠᠯ ᠪᠠ ᠠᠵᠢᠯ᠎ᠠᠴᠠ ᠪᠣᠯᠤᠭ᠍ᠰᠠᠨ ᠭᠡᠮᠲᠦᠯ᠎ᠤᠨ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ 》 ᠵᠢᠴᠢ 《 ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠤᠨ ᠱᠢᠨ᠎ᠡ᠎ᠶ᠋ᠢ ᠡᠭᠦᠳᠦᠭ᠌ᠰᠡᠨ ᠡᠮ᠎ᠤᠨ ᠵᠦᠢᠯ᠎ᠤᠨ ᠭᠠᠷᠴᠠᠭ 》 ( 2025 ᠣᠨ )᠎ᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠶᠠᠮᠤᠨ᠎ᠤ ᠮᠡᠳᠡᠭ᠌ᠳᠡᠯ
ᠡᠮᠴᠢᠯᠡᠭᠡᠨ ᠪᠠᠲᠤᠯᠠᠭ᠎ᠠ ᠲᠠᠷᠬᠠᠭᠠᠭ᠍ᠰᠠᠨ [ 2025 ] 33 ᠳ᠋ᠤᠭᠠᠷ ᠲᠣᠭᠠᠲᠤ
ᠡᠯ᠎ᠡ ᠮᠣᠵᠢ ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ ᠵᠢᠴᠢ ᠱᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ ( ᠲᠣᠪᠴᠢᠶ᠎ᠠ )᠄
ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠠᠭᠠᠳᠭᠠᠯ᠎ᠳᠤ ᠣᠷᠣᠯᠴᠠᠭ᠍ᠰᠠᠳ᠎ᠤᠨ ᠡᠮ ᠬᠡᠷᠡᠭ᠌ᠯᠡᠬᠦ᠌ ᠪᠠᠲᠤᠯᠠᠭ᠎ᠠ᠎ᠶ᠋ᠢᠨ ᠬᠢᠷᠢ ᠲᠦᠪᠱᠢᠨ᠎ᠢ ᠯᠠᠪᠳᠠᠭᠤᠨ᠎ᠢᠶᠠᠷ ᠳᠡᠭᠡᠭ᠌ᠰᠢᠯᠡᠭᠦᠯᠵᠦ᠍᠂ ᠱᠢᠨ᠎ᠡ᠎ᠶ᠋ᠢ ᠡᠭᠦᠳᠬᠦ᠌ ᠡᠮ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠬᠦ᠌᠎ᠶ᠋ᠢᠨ ᠲᠥᠯᠥᠭᠡ᠂《 ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠡᠮ ᠬᠡᠷᠡᠭ᠌ᠯᠡᠬᠦ᠌ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ 》᠂ 《 〈 ᠱᠢᠨ᠎ᠡ᠎ᠶ᠋ᠢ ᠡᠭᠦᠳᠦᠭ᠌ᠰᠡᠨ ᠡᠮ᠎ᠤᠨ ᠵᠦᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠬᠦ᠌ ᠠᠷᠭ᠎ᠠ ᠬᠡᠮᠵᠢᠶ᠎ᠡ᠎ᠨᠦᠭᠦᠳ 〉᠎ᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠤᠨ ᠮᠡᠳᠡᠭ᠌ᠳᠡᠯ 》 ( ᠡᠮᠴᠢᠯᠡᠭᠡᠨ ᠪᠠᠲᠤᠯᠠᠭ᠎ᠠ ᠲᠠᠷᠬᠠᠭᠠᠭ᠍ᠰᠠᠨ [ 2025 ] 16 ᠳ᠋ᠤᠭᠠᠷ ᠲᠣᠭᠠᠲᠤ᠌᠂ ᠳᠣᠷᠣᠭ᠍ᠰᠢ 《 ᠠᠷᠭ᠎ᠠ ᠬᠡᠮᠵᠢᠶ᠎ᠡ᠎ᠨᠦᠭᠦᠳ 》 ᠭᠡᠵᠦ᠍ ᠲᠣᠪᠴᠢᠯᠠᠨ᠎ᠠ )᠂ 《 2025 ᠣᠨ᠎ᠤ ᠤᠯᠤᠰ᠎ᠤᠨ ᠦᠨᠳᠦᠰᠦᠨ ᠡᠮᠴᠢᠯᠡᠭᠡᠨ᠎ᠦ ᠳᠠᠭᠠᠳᠭᠠᠯ᠂ ᠦᠷᠡᠵᠢᠯ᠎ᠤᠨ ᠳᠠᠭᠠᠳᠭᠠᠯ ᠪᠠ ᠠᠵᠢᠯ᠎ᠠᠴᠠ ᠪᠣᠯᠤᠭ᠍ᠰᠠᠨ ᠭᠡᠮᠲᠦᠯ᠎ᠤᠨ ᠳᠠᠭᠠᠳᠭᠠᠯ ᠵᠢᠴᠢ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠤᠨ ᠱᠢᠨ᠎ᠡ᠎ᠶ᠋ᠢ ᠡᠭᠦᠳᠦᠭ᠌ᠰᠡᠨ ᠡᠮ᠎ᠤᠨ ᠵᠦᠢᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠬᠦ᠌ ᠠᠵᠢᠯ᠎ᠤᠨ ᠲᠥᠰᠦᠯ 》( ᠳᠣᠷᠣᠭ᠍ᠰᠢ ᠠᠵᠢᠯ᠎ᠤᠨ ᠲᠥᠰᠦᠯ ᠭᠡᠵᠦ᠍ ᠲᠣᠪᠴᠢᠯᠠᠨ᠎ᠠ )᠎ᠤᠨ ᠱᠠᠭᠠᠷᠳᠠᠯᠭ᠎ᠠ ᠶᠣᠰᠣᠭᠠᠷ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠶᠠᠮᠤᠨ᠎ᠠᠴᠠ ᠵᠣᠬᠢᠶᠠᠨ ᠪᠠᠢᠭᠤᠯᠤᠯᠲᠠ᠎ᠳᠤ ᠲᠣᠬᠢᠷᠠᠭᠤᠯᠤᠯᠲᠠ ᠬᠢᠬᠦ᠌᠎ᠶ᠋ᠢᠨ ᠬᠠᠮᠲᠤ 《 ᠤᠯᠤᠰ᠎ᠤᠨ ᠦᠨᠳᠦᠰᠦᠨ ᠡᠮᠴᠢᠯᠡᠭᠡᠨ᠎ᠦ ᠳᠠᠭᠠᠳᠭᠠᠯ᠂ ᠦᠷᠡᠵᠢᠯ᠎ᠤᠨ ᠳᠠᠭᠠᠳᠭᠠᠯ ᠪᠠ ᠠᠵᠢᠯ᠎ᠠᠴᠠ ᠪᠣᠯᠤᠭ᠍ᠰᠠᠨ ᠭᠡᠮᠲᠦᠯ᠎ᠤᠨ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ ( 2025 ᠣᠨ )》 ( ᠳᠣᠷᠣᠭ᠍ᠰᠢ ᠰᠢᠨ᠎ᠡ ᠬᠡᠪᠯᠡᠯ᠎ᠦᠨ ᠡᠮ᠎ᠦᠨ ᠵᠦᠢ᠍ᠯ᠎ᠦᠨ ᠭᠠᠴᠠᠭ ᠭᠡᠵᠦ ᠲᠣᠪᠴᠢᠯᠠᠨ᠎ᠠ ) ᠵᠢᠴᠢ 《 ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠤᠨ ᠱᠢᠨ᠎ᠡ᠎ᠶ᠋ᠢ ᠡᠭᠦᠳᠦᠭ᠌ᠰᠡᠨ ᠡᠮ᠎ᠤᠨ ᠵᠦᠢᠯ᠎ᠤᠨ ᠭᠠᠷᠴᠠᠭ ( 2025 ᠣᠨ )》 ( ᠳᠣᠷᠣᠭ᠍ᠰᠢ ᠬᠤᠳᠠᠯᠳᠤᠭᠠᠨ᠎ᠤ ᠳᠠᠭᠠᠳᠭᠠᠯ᠎ᠤᠨ ᠱᠢᠨ᠎ᠡ᠎ᠶ᠋ᠢ ᠡᠭᠦᠳᠦᠭ᠌ᠰᠡᠨ ᠡᠮ᠎ᠤᠨ ᠵᠦᠢᠯ᠎ᠤᠨ ᠭᠠᠷᠴᠠᠭ ᠭᠡᠵᠦ᠍ ᠲᠣᠪᠴᠢᠯᠠᠨ᠎ᠠ )᠎ᠢ ᠲᠣᠭ᠍ᠲᠠᠭᠠᠪᠠ᠃ ᠡᠳᠦᠭᠡ ᠲᠠᠨᠠᠷ᠎ᠲᠤ ᠳᠠᠷᠤᠮᠠᠯᠯᠠᠨ ᠲᠠᠷᠬᠠᠭ᠋ᠠᠬᠤ᠎ᠶ᠋ᠢᠨ ᠬᠠᠮᠲᠤ ᠬᠣᠯᠪᠣᠭ᠍ᠳᠠᠯ ᠪᠦᠬᠦᠢ ᠤᠴᠢᠷ᠎ᠢ ᠳᠣᠤᠷᠠᠬᠢ ᠮᠡᠲᠦ ᠮᠡᠳᠡᠭ᠌ᠳᠡᠶ᠎ᠡ᠄
ᠨᠢᠭᠡ᠂ ᠱᠢᠨ᠎ᠡ ᠬᠡᠪᠯᠡᠯ᠎ᠤᠨ ᠡᠮ᠎ᠤᠨ ᠵᠦᠢᠯ᠎ᠤᠨ ᠭᠠᠷᠴᠠᠭ᠎ᠢ ᠪᠣᠲᠠᠲᠠᠢᠵᠢᠭᠤᠯᠤᠨ ᠬᠡᠷᠡᠭ᠌ᠵᠢᠭᠦᠯᠬᠦ᠌ ᠠᠵᠢᠯ᠎ᠢ ᠰᠠᠢᠲᠤᠷ ᠬᠢᠨ᠎ᠠ
( ᠨᠢᠭᠡ ) ᠱᠢᠨ᠎ᠡ ᠬᠡᠪᠯᠡᠯ᠎ᠦᠨ ᠡᠮ᠎ᠦᠨ ᠭᠠᠷᠴᠠᠭ᠎ᠢ ᠴᠠᠭ ᠲᠤᠬᠠᠢ᠎ᠳᠤ ᠨᠢ ᠰᠣᠯᠢᠨ᠎ᠠ᠃
ᠱᠢᠨ᠎ᠡ ᠬᠡᠪᠯᠡᠯ᠎ᠤᠨ ᠡᠮ᠎ᠤᠨ ᠵᠦᠢᠯ᠎ᠤᠨ ᠭᠠᠷᠴᠠᠭ᠎ᠢ 2026 ᠣᠨ᠎ᠤ 1 ᠳ᠋ᠦ᠍ᠭᠡᠷ ᠰᠠᠷ᠎ᠠ᠎ᠶ᠋ᠢᠨ 1 ᠤ ᠡᠳᠦᠷ᠎ᠠᠴᠠ ᠡᠬᠢᠯᠡᠨ ᠵᠢᠩᠬᠢᠨᠢ᠎ᠪᠠᠷ ᠬᠡᠷᠡᠭ᠌ᠵᠢᠭᠦᠯᠵᠦ᠍᠂ 《 ᠤᠯᠤᠰ᠎ᠤᠨ ᠦᠨᠳᠦᠰᠦᠨ ᠡᠮᠴᠢᠯᠡᠭᠡᠨ᠎ᠦ ᠳᠠᠭᠠᠳᠭᠠᠯ᠂ ᠠᠵᠢᠯ᠎ᠠᠴᠠ ᠪᠣᠯᠤᠭ᠍ᠰᠠᠨ ᠭᠡᠮᠲᠦᠯ᠎ᠤᠨ ᠳᠠᠭᠠᠳᠭᠠᠯ ᠪᠠ ᠦᠷᠡᠵᠢᠯ᠎ᠤᠨ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ ( 2024 ᠣᠨ )》 ( ᠡᠮᠴᠢᠯᠡᠭᠡ ᠪᠠᠲᠤᠯᠠᠭ᠎ᠠ ᠲᠠᠷᠬᠠᠭᠠᠭ᠍ᠰᠠᠨ[ 2024 ] 33 ᠳ᠋ᠤᠭᠠᠷ ᠲᠣᠭᠠᠲᠤ )᠎ᠢ ᠬᠠᠮᠲᠤ᠎ᠳᠤ ᠨᠢ ᠬᠦᠴᠦᠨ ᠥᠬᠡᠶ ᠪᠣᠯᠭᠠᠨ᠎ᠠ᠃ ᠡᠯ᠎ᠡ ᠭᠠᠵᠠᠷ᠎ᠤᠳ ᠱᠢᠨ᠎ᠡ ᠬᠡᠪᠯᠡᠯ᠎ᠦᠨ ᠡᠮ᠎ᠦᠨ ᠵᠦᠢ᠍ᠯ᠎ᠦᠨ ᠭᠠᠷᠴᠠᠭ᠎ᠢ ᠴᠢᠩᠭ᠎ᠠ ᠬᠡᠷᠡᠭ᠌ᠵᠢᠭᠦᠯᠵᠦ᠍᠂ ᠭᠠᠷᠴᠠᠭ᠎ᠤᠨ ᠳᠣᠲᠣᠷᠠᠬᠢ ᠡᠮ᠎ᠦᠨ ᠵᠦᠢᠯ᠎ᠦᠨ ᠲᠥᠷᠥᠯ᠂ ᠲᠣᠳᠣᠷᠬᠠᠢᠯᠠᠯᠲᠠ᠂ ᠬᠥᠬᠡ ᠬᠥᠬᠡᠭ᠌ᠴᠢᠨ ᠵᠦᠢᠯ ᠵᠡᠷᠭᠡ ᠠᠭᠤᠯᠭ᠎ᠠ᠎ᠶ᠋ᠢ ᠥᠪᠡᠷ᠎ᠲᠤ᠎ᠪᠠᠨ ᠲᠣᠬᠢᠷᠠᠭᠤᠯᠵᠤ ᠪᠣᠯᠬᠤ ᠦᠭᠡᠶ᠃ ᠮᠡᠳᠡᠭᠡ ᠵᠠᠩᠭᠢ᠎ᠶ᠋ᠢᠨ ᠱᠢᠰᠲ᠋ᠧᠮ ᠪᠠ ᠳ᠋ᠠᠢ᠌ᠲ᠋ᠠ᠎ᠶ᠋ᠢᠨ ᠬᠥᠮᠥᠷᠭᠡ᠎ᠶ᠋ᠢ ᠴᠠᠭ ᠲᠤᠬᠠᠶ᠎ᠳᠤ ᠨᠢ ᠱᠢᠨᠡᠳᠭᠡᠵᠦ᠍᠂ ᠱᠢᠨ᠎ᠡ᠎ᠪᠠᠷ ᠨᠡᠮᠡᠭ᠌ᠳᠡᠭ᠌ᠰᠡᠨ ᠡᠮᠴᠢᠯᠡᠭᠡᠨ᠎ᠤ ᠪᠠᠲᠤᠯᠠᠭ᠎ᠠ᠎ᠶ᠋ᠢᠨ ᠭᠠᠷᠴᠠᠭ᠎ᠤᠨ ᠡᠮ᠎ᠤᠨ ᠵᠦᠢᠯ᠎ᠢ ᠲᠣᠭ᠍ᠲᠠᠭᠠᠯ ᠶᠣᠰᠣᠭᠠᠷ ᠣᠷᠣᠭᠤᠯᠤᠨ᠂ ᠱᠢᠯᠵᠢᠭᠦᠯᠦᠨ ᠭᠠᠷᠭᠠᠭ᠍ᠰᠠᠨ ᠡᠮ᠎ᠤᠨ ᠵᠦᠢᠯ᠎ᠢ ᠲᠣᠭ᠍ᠲᠠᠭᠠᠯ ᠶᠣᠰᠣᠭᠠᠷ ᠬᠠᠰᠤᠵᠤ᠂ 《 ᠲᠣᠳᠣᠷᠬᠠᠢᠯᠠᠯᠲᠠ 》 ᠠᠭᠤᠯᠭ᠎ᠠ᠎ᠶ᠋ᠢᠨ ᠡᠮ᠎ᠤᠨ ᠵᠦᠢᠯ᠎ᠳᠤ ᠥᠭᠬᠦ ᠬᠡᠪᠴᠢᠶ᠎ᠡ᠎ᠶ᠋ᠢ ᠰᠢᠨᠡᠳᠬᠡᠵᠦ ᠳᠣᠭᠢᠷᠠᠭᠤᠯᠤᠨ᠂ ᠡᠮ᠎ᠤᠨ ᠵᠦᠢᠯ᠎ᠤᠨ ᠳ᠋ᠤᠭᠠᠷᠯᠠᠯ᠎ᠤᠨ ᠳ᠋ᠠᠢ᠌ᠲ᠋ᠠ᠎ᠶ᠋ᠢᠨ ᠬᠥᠮᠥᠷᠭᠡ᠎ᠶ᠋ᠢ ᠣᠶᠤᠨᠴᠢ ᠬᠢᠨᠠᠨ ᠬᠠᠮᠢᠶᠠᠷᠬᠤ ᠬᠤᠪᠢᠶᠠᠷᠢ ᠱᠢᠰᠲ᠋ᠧᠮ ᠯᠦᠭᠡ ᠵᠣᠯᠭᠠᠭᠤᠯᠬᠤ᠎ᠶ᠋ᠢ ᠵᠡᠷᠭᠡ᠎ᠪᠠᠷ ᠰᠠᠢᠲᠤᠷ ᠬᠢᠵᠦ᠍᠂ ᠱᠢᠨ᠎ᠡ ᠬᠡᠪᠯᠡᠯ᠎ᠤᠨ ᠡᠮ᠎ᠤᠨ ᠵᠦᠢᠯ᠎ᠤᠨ ᠭᠠᠷᠴᠠᠭ᠎ᠤᠨ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠨ᠂ ᠵᠠᠷᠤᠳᠠᠯ᠎ᠢ ᠬᠢᠨᠠᠨ ᠬᠠᠷᠭᠤᠭᠤᠯᠬᠤ ᠪᠠ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ ᠬᠡᠷᠡᠭ᠌ᠲᠡᠶ᠃
ᠲᠣᠰ ᠤᠳᠠᠭᠠᠨ᠎ᠤ ᠭᠠᠷᠴᠠᠭ᠎ᠲᠤ ᠲᠣᠬᠢᠷᠠᠭᠤᠯᠤᠯᠲᠠ ᠬᠢᠬᠦ᠌ ᠶᠠᠪᠤᠴᠠ᠎ᠳᠤ ᠭᠠᠷᠴᠠᠭ᠎ᠢᠶᠠᠨ ᠠᠮᠵᠢᠯᠲᠠ ᠲᠠᠢ ᠱᠢᠯᠵᠢᠭᠦᠯᠦᠨ ᠭᠠᠷᠭᠠᠭ᠍ᠰᠠᠨ ᠥᠬᠡᠶ ᠬᠡᠯᠡᠯᠴᠡᠭᠡᠷ᠎ᠤᠨ ᠬᠤᠭᠤᠴᠠᠭᠠᠨ᠎ᠳᠡᠬᠢ ᠡᠮ᠎ᠤᠨ ᠵᠦᠶ᠋ᠯ᠎ᠤᠨ ᠡᠮ ᠬᠡᠷᠡᠭ᠌ᠯᠡᠬᠦ᠌ ᠦᠷᠭᠦᠯᠵᠢᠯᠡᠬᠦ᠌ ᠴᠢᠨᠠᠷ᠎ᠢ ᠪᠠᠲᠤᠯᠠᠬᠤ᠎ᠶ᠋ᠢᠨ ᠲᠥᠯᠥᠭᠡ᠂ 6 ᠰᠠᠷ᠎ᠠ᠎ᠶ᠋ᠢᠨ ᠱᠢᠯᠵᠢᠯᠲᠡ᠎ᠶ᠋ᠢᠨ ᠬᠤᠭᠤᠴᠠᠭ᠎ᠠ ᠣᠯᠭᠤᠵᠤ᠂ 2026 ᠣᠨ᠎ᠤ 6 ᠳ᠋ᠤᠭ᠋ᠠᠷ ᠰᠠᠷ᠎ᠠ᠎ᠶ᠋ᠢᠨ ᠰᠡᠭᠦᠯᠴᠢ᠎ᠠᠴᠠ ᠡᠮᠦᠨ᠎ᠡ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶ᠋ᠢ ᠤᠤᠯ᠎ᠤᠨ ᠥᠭᠬᠦ ᠪᠠᠷᠢᠮᠵᠢᠶ᠎ᠠ᠎ᠪᠠᠷ ᠦᠷᠭᠦᠯᠵᠢᠯᠡᠨ ᠥᠭ᠌ᠴᠦ᠂ ᠱᠢᠯᠵᠢᠯᠲᠡ᠎ᠶ᠋ᠢᠨ ᠬᠤᠭᠤᠴᠠᠭᠠᠨ᠎ᠳᠠᠬᠢ ᠡᠯ᠎ᠡ ᠨᠢᠭᠡᠳᠦᠯᠲᠡᠶ ᠲᠥᠯᠥᠪᠯᠡᠬᠦ᠌ ᠭᠠᠵᠠᠷ ᠣᠷᠣᠨ᠎ᠤ᠎ᠬᠢᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌ ᠪᠠᠢᠭᠠᠳ ᠵᠣᠯᠭᠠᠯᠴᠠᠭ᠎ᠠ᠎ᠶ᠋ᠢ ᠰᠠᠢᠲᠤᠷ ᠬᠢᠵᠦ᠍᠂ ᠴᠡᠭ ᠲᠣᠭ᠍ᠲᠠᠭᠠᠭ᠍ᠰᠠᠨ ᠡᠮᠴᠢᠯᠡᠭᠡᠨ᠎ᠤ ᠪᠠᠢᠭᠤᠯᠤᠮᠵᠢ᠎ᠶ᠋ᠢ ᠵᠢᠯᠣᠭᠤᠳᠤᠨ ᠴᠠᠭ ᠲᠤᠬᠠᠶ᠎ᠳᠤ ᠨᠢ ᠰᠣᠯᠢᠬᠤ ᠬᠡᠷᠡᠭ᠌ᠲᠡᠶ᠃
( ᠬᠤᠶᠠᠷ ) ᠡᠮ᠎ᠦᠨ ᠵᠦᠢᠯ᠎ᠦᠨ ᠡᠮᠴᠢᠯᠡᠭᠡᠨ᠎ᠦ ᠳᠠᠭᠠᠳᠭᠠᠯ᠎ᠤᠨ ᠥᠭᠬᠦ ᠪᠠᠷᠢᠮᠵᠢᠶ᠎ᠠ᠎ᠶ᠋ᠢᠨ ᠬᠠᠮᠢᠶᠠᠷᠤᠯᠲᠠ᠎ᠶ᠋ᠢ ᠵᠢᠷᠤᠮᠵᠢᠭᠤᠯᠤᠨ᠎ᠠ᠃
ᠬᠡᠯᠡᠯᠴᠡᠭᠡᠷ᠎ᠦᠨ ᠬᠤᠭᠤᠴᠠᠭᠠᠨ ᠳᠡᠬᠢ ᠡᠮ᠎ᠦᠨ ᠵᠦᠢᠯ ( ᠳᠣᠷᠣᠭ᠍ᠰᠢ ᠬᠡᠯᠡᠯᠴᠡᠭᠡᠷ᠎ᠦᠨ ᠡᠮ᠎ᠦᠨ ᠵᠦᠢᠯ ᠭᠡᠵᠦ᠍ ᠲᠣᠪᠴᠢᠯᠠᠨ᠎ᠠ ) ᠪᠣᠯᠤᠨ ᠦᠨ᠎ᠡ ᠬᠠᠶᠠᠯᠴᠠᠬᠤ ᠡᠮ᠎ᠦᠨ ᠵᠦᠢᠯ᠎ᠳᠦ ᠪᠦᠬᠦ᠌ ᠤᠯᠤᠰ᠎ᠤᠨ ᠨᠢᠭᠡᠳᠦᠯᠲᠡᠶ ᠡᠮᠴᠢᠯᠡᠭᠡᠨ᠎ᠤ ᠳᠠᠭᠠᠳᠭᠠᠯ᠎ᠤᠨ ᠥᠭ᠌ᠬᠦ ᠪᠠᠷᠢᠮᠵᠢᠶ᠎ᠠ᠎ᠶ᠋ᠢ ᠬᠡᠷᠡᠭ᠌ᠵᠢᠭᠦᠯᠦᠨ᠎ᠡ᠃ ᠬᠡᠯᠡᠯᠴᠡᠭᠡᠷ᠎ᠤᠨ ᠡᠮ᠎ᠤᠨ ᠵᠦᠢᠯ᠎ᠤᠨ ᠥᠭᠬᠦ ᠪᠠᠷᠢᠮᠵᠢᠶ᠎ᠠ᠎ᠳᠤ ᠰᠠᠭᠤᠷᠢ ᠮᠥᠩᠭᠦ᠌ ᠪᠠ ᠳᠠᠭᠠᠳᠭᠠᠯ᠎ᠳᠤ ᠣᠷᠣᠯᠴᠠᠭ᠍ᠰᠠᠳ᠎ᠤᠨ ᠬᠠᠮᠲᠤ᠎ᠪᠠᠷ ᠥᠭ᠌ᠬᠦ ᠪᠦᠬᠦ᠌ ᠵᠠᠷᠤᠳᠠᠯ᠎ᠢ ᠪᠠᠭ᠍ᠲᠠᠭᠠᠵᠤ᠂ ᠰᠠᠭᠤᠷᠢ ᠮᠥᠩᠭᠦ᠌ ᠪᠠ ᠳᠠᠭᠠᠳᠭᠠᠯ᠎ᠳᠤ ᠣᠷᠣᠯᠴᠠᠭ᠍ᠰᠠᠳ᠎ᠤᠨ ᠬᠤᠪᠢᠶᠠᠨ ᠡᠭᠦᠷᠭᠡᠯᠡᠬᠦ᠌ ᠬᠠᠷᠢᠴᠠᠯ᠎ᠢ ᠣᠷᠣᠨ ᠨᠤᠲᠤᠭ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠠᠴᠠ ᠲᠣᠭ᠍ᠲᠠᠭᠠᠨ᠎ᠠ᠃
ᠦᠨ᠎ᠡ ᠬᠠᠶᠠᠯᠴᠠᠬᠤ ᠡᠮ᠎ᠦᠨ ᠵᠦᠢᠯ᠎ᠦᠨ ᠥᠭᠬᠦ ᠪᠠᠷᠢᠮᠵᠢᠶ᠎ᠠ ᠪᠣᠯ ᠡᠮᠴᠢᠯᠡᠭᠡᠨ᠎ᠦ ᠳᠠᠭᠠᠳᠭᠠᠯ᠎ᠤᠨ ᠠᠳᠠᠯᠢ ᠨᠢᠭᠡᠨ ᠨᠡᠢᠳᠡᠮ ᠬᠡᠷᠡᠭ᠌ᠯᠡᠬᠦ᠌ ᠨᠡᠷᠡᠲᠦ ᠡᠮ᠎ᠦᠨ ᠵᠦᠢᠯ᠎ᠦᠨ ᠰᠠᠭᠤᠷᠢ ᠮᠥᠩᠭᠥ᠌ ᠥᠭ᠌ᠬᠦ ᠰᠠᠭᠤᠷᠢ ᠪᠠᠷᠢᠮᠵᠢᠶ᠎ᠠ ᠪᠣᠯᠤᠨ᠎ᠠ᠃ ᠰᠢᠨ᠎ᠡ᠎ᠪᠡᠷ ᠨᠡᠮᠡᠭ᠌ᠳᠡᠭ᠌ᠰᠡᠨ ᠤᠯᠤᠰ᠎ᠤᠨ ᠲᠥᠪᠯᠡᠷᠡᠩᠭᠦᠶ ᠬᠡᠮᠵᠢᠶ᠎ᠡ᠎ᠲᠡᠶ ᠬᠤᠳᠠᠯᠳᠤᠨ ᠠᠪᠬᠤ ᠡᠮ᠎ᠦᠨ ᠵᠦᠢᠯ᠎ᠳᠦ ᠲᠤᠰ ᠮᠤᠵᠢ ( ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ )᠎ᠶ᠋ᠢᠨ ᠳᠣᠲᠣᠷᠠᠬᠢ ᠰᠣᠩᠭᠣᠬᠤ ᠦᠨ᠎ᠡ ᠬᠠᠩᠰᠢ᠎ᠪᠠᠷ ᠥᠭ᠌ᠬᠦ ᠪᠠᠷᠢᠮᠵᠢᠶ᠎ᠠ ᠪᠣᠯᠭᠠᠨ᠎ᠠ᠃ ᠥᠭᠬᠦ ᠪᠠᠷᠢᠮᠵᠢᠶ᠎ᠠ᠎ᠶ᠋ᠢ ᠲᠣᠭ᠍ᠲᠠᠭᠠᠭ᠍ᠰᠠᠨ ᠦᠨ᠎ᠡ ᠬᠠᠶᠠᠯᠴᠠᠬᠤ ᠡᠮ᠎ᠤᠨ ᠵᠦᠢᠯ ᠪᠠ ᠤᠯᠤᠰ᠎ᠤᠨ ᠲᠥᠪᠯᠡᠷᠡᠩᠭᠦᠶ ᠬᠡᠮᠵᠢᠶ᠎ᠡ᠎ᠲᠠᠢ ᠬᠤᠳᠠᠯᠳᠤᠨ ᠠᠪᠬᠤ ᠳᠣᠲᠣᠷ᠎ᠠ᠎ᠠᠴᠠ ᠰᠣᠩᠭᠤᠭ᠍ᠰᠠᠨ ᠡᠮ᠎ᠤᠨ ᠵᠦᠢᠯ᠎ᠢ ᠪᠣᠯ ᠪᠣᠳᠠᠲᠠᠶ ᠵᠠᠬ᠎ᠠ ᠳᠡᠯᠭᠡᠭᠦᠷ᠎ᠤᠨ ᠦᠨᠡᠨ᠎ᠢ ᠥᠭ᠌ᠬᠦ ᠪᠠᠷᠢᠮᠵᠢᠶ᠎ᠠ᠎ᠠᠴᠠ ᠬᠡᠲᠦᠷᠡᠭ᠌ᠰᠡᠨ ᠪᠠᠢᠪᠠᠯ᠂ ᠬᠡᠲᠦᠷᠡᠭ᠌ᠰᠡᠨ ᠬᠡᠰᠡᠭ᠎ᠢ ᠳᠠᠭᠠᠳᠭᠠᠯ᠎ᠳᠤ ᠣᠷᠣᠯᠴᠠᠭ᠍ᠰᠠᠳ ᠡᠭᠦᠷᠭᠡᠯᠡᠨ᠎ᠡ; ᠪᠣᠳᠠᠲᠠᠶ ᠵᠠᠬ᠎ᠠ ᠳᠡᠯᠭᠡᠭᠦᠷ᠎ᠤᠨ ᠦᠨ᠎ᠡ ᠬᠠᠩᠰᠢ᠎ᠨᠢ ᠥᠭ᠌ᠬᠦ ᠪᠠᠷᠢᠮᠵᠢᠶ᠎ᠠ᠎ᠠᠴᠠ ᠳᠣᠤᠷ᠎ᠠ ᠪᠠᠢᠪᠠᠯ᠂ ᠪᠣᠳᠠᠲᠠᠶ ᠦᠨ᠎ᠡ ᠬᠠᠩᠰᠢ ᠪᠠ ᠡᠮᠴᠢᠯᠡᠭᠡᠨ᠎ᠤ ᠳᠠᠭᠠᠳᠭᠠᠯ᠎ᠤᠨ ᠲᠣᠭ᠍ᠲᠠᠭᠠᠯ ᠶᠣᠰᠣᠭᠠᠷ ᠲᠠᠩᠰᠠ ᠲᠠᠢᠯᠬᠤ ᠬᠡᠷᠡᠭ᠌ᠲᠡᠶ᠃ ᠠᠳᠠᠯᠢ ᠨᠢᠭᠡᠨ ᠨᠡᠢᠳᠡᠮ ᠬᠡᠷᠡᠭ᠌ᠯᠡᠬᠦ᠌ ᠨᠡᠷᠡᠲᠦ ᠡᠮ᠎ᠤᠨ ᠵᠦᠢᠯ᠎ᠳᠤ ᠣᠯᠠᠨ ᠠᠵᠤ ᠠᠬᠤᠢᠯᠠᠯ ᠦᠢᠯᠡᠳᠪᠦᠷᠢᠯᠡᠪᠡᠯ᠂ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢᠭᠤᠯᠤᠮᠵᠢ ᠪᠠ 《 ᠬᠤᠤᠰ ᠨᠡᠪᠲᠡᠷᠡᠯ ᠵᠠᠮ 》᠎ᠤᠨ ᠡᠮ᠎ᠤᠨ ᠳᠡᠯᠭᠡᠭᠦᠷ᠎ᠲᠤ ᠡᠩ ᠲᠡᠷᠢᠭᠦᠨ᠎ᠳᠤ ᠦᠨ᠎ᠡ ᠬᠠᠩᠰᠢ᠎ᠨᠢ ᠥᠭ᠌ᠬᠦ ᠪᠠᠷᠢᠮᠵᠢᠶ᠎ᠠ᠎ᠠᠴᠠ ᠥᠨᠳᠥᠷ ᠦᠭᠡᠢ ᠡᠮ᠎ᠤᠨ ᠵᠦᠢᠯ᠎ᠢ ᠲᠣᠬᠢᠷᠠᠭᠤᠯᠬᠤ᠎ᠶ᠋ᠢ ᠵᠣᠷᠢᠭ᠍ᠵᠢᠭᠤᠯᠵᠤ᠂ ᠲᠡᠳᠡᠨ᠎ᠤ ᠡᠮᠴᠢᠯᠡᠭᠡᠨ᠎ᠳᠤ ᠬᠡᠷᠡᠭ᠌ᠯᠡᠬᠦ᠌᠎ᠶ᠋ᠢ ᠳᠡᠮᠵᠢᠵᠦ᠍᠂ ᠡᠪᠡᠳᠴᠢᠲᠡᠨ᠎ᠤ ᠳᠠᠷᠤᠭᠠᠰᠤ᠎ᠶ᠋ᠢ ᠬᠥᠩᠭᠡᠷᠡᠭᠦᠯᠦᠨ᠎ᠡ᠃
ᠬᠡᠯᠡᠯᠴᠡᠭᠡᠷ᠎ᠤᠨ ᠬᠤᠭᠤᠴᠠᠭᠠᠨ᠎ᠳᠤ᠂ ᠬᠡᠷᠪᠡ ᠬᠡᠯᠡᠯᠴᠡᠭᠡᠷ᠎ᠤᠨ ᠡᠮ᠎ᠤᠨ ᠵᠦᠢᠯ ᠪᠤᠶᠤ ᠦᠨ᠎ᠡ ᠬᠠᠶᠠᠯᠴᠠᠬᠤ ᠡᠮ᠎ᠤᠨ ᠵᠦᠢᠯ᠎ᠳᠤ ᠱᠢᠨ᠎ᠡ ᠬᠡᠪᠯᠡᠯ᠎ᠤᠨ ᠡᠮ᠎ᠤᠨ ᠵᠦᠢᠯ᠎ᠤᠨ ᠭᠠᠷᠴᠠᠭ᠎ᠲᠤ ᠲᠣᠳᠣᠷᠬᠠᠶ ᠲᠡᠮᠳᠡᠭ᠌ᠯᠡᠭ᠌ᠰᠡᠨ ᠥᠬᠡᠶ ᠪᠠᠢᠪᠠᠯ᠂ ᠬᠤᠯᠪᠣᠭ᠍ᠳᠠᠯ ᠪᠥᠬᠦᠶ ᠠᠵᠤ ᠠᠬᠤᠢᠯᠠᠯ᠎ᠠᠴᠠ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ᠎ᠳᠤ ᠭᠤᠶᠤᠴᠢᠯᠠᠯ ᠭᠠᠷᠭᠠᠵᠤ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠵᠣᠬᠢᠴᠠᠩᠭᠤᠶ ᠥᠭᠬᠦ ᠪᠠᠷᠢᠮᠵᠢᠶ᠎ᠠ᠎ᠶ᠋ᠢ ᠲᠣᠭ᠍ᠲᠠᠭᠠᠭ᠍ᠰᠠᠨ᠎ᠤ ᠳᠠᠷᠠᠭ᠎ᠠ ᠪᠥᠬᠦ᠌ ᠤᠯᠤᠰ᠎ᠲᠤ ᠬᠡᠷᠡᠭ᠌ᠵᠢᠭᠦᠯᠦᠨ᠎ᠡ᠃ ᠬᠡᠯᠡᠯᠴᠡᠭᠡᠷ᠎ᠦᠨ ᠬᠤᠭᠤᠴᠠᠭᠠᠨ᠎ᠳᠤ ᠬᠡᠷᠪᠡ ᠡᠮ᠎ᠦᠨ ᠵᠦᠢᠯᠯᠦᠭᠡ ᠨᠡᠢᠳᠡᠮ ᠬᠡᠷᠡᠭ᠌ᠯᠡᠬᠦ᠌ ᠨᠡᠷᠡᠲᠦ ᠡᠮ᠎ᠦᠨ ᠵᠦᠢᠯ᠎ᠢ ᠵᠠᠬ᠎ᠠ ᠳᠡᠯᠭᠡᠭᠦᠷ᠎ᠲᠦ ᠭᠠᠷᠬᠤ᠎ᠳᠤ ᠬᠦᠷᠪᠡᠯ᠂ ᠮᠤᠵᠢ᠎ᠶ᠋ᠢᠨ ᠱᠠᠲᠤᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ᠎ᠦᠨ ᠥᠷᠢᠰᠥᠯᠳᠦᠭᠡᠨ᠎ᠦ ᠪᠠᠢᠳᠠᠯ᠂ ᠨᠡᠢᠳᠡᠮ ᠬᠡᠷᠡᠭ᠌ᠯᠡᠬᠦ᠌ ᠨᠡᠷᠡᠲᠦ ᠡᠮ᠎ᠦᠨ ᠵᠦᠢᠯ᠎ᠦᠨ ᠦᠨ᠎ᠡ ᠬᠠᠩᠰᠢ ᠵᠡᠷᠭᠡ᠎ᠶ᠋ᠢ ᠦᠨᠳᠦᠰᠦᠯᠡᠨ᠂ ᠲᠤᠰ ᠡᠮ᠎ᠦᠨ ᠵᠦᠢᠯ᠎ᠢ ᠲᠤᠰ ᠮᠤᠵᠢ ( ᠥᠪᠡᠷᠲᠡᠭᠡᠨ ᠵᠠᠰᠠᠬᠤ ᠣᠷᠣᠨ ᠂ ᠱᠢᠭᠤᠳ ᠬᠠᠷᠢᠶ᠎ᠠ ᠬᠣᠲᠠ )᠎ᠳᠤ ᠥᠭ᠌ᠬᠦ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠵᠦ᠍ ᠪᠣᠯᠤᠨ᠎ᠠ᠃ ᠬᠡᠯᠡᠯᠴᠡᠭᠡᠷᠦ᠋ᠨ ᠡᠮ᠎ᠦ᠋ᠨ ᠵᠦᠢᠯ ᠪᠤᠶᠤ ᠦᠨ᠎ᠡ ᠬᠠᠶᠠᠯᠴᠠᠬᠤ ᠡᠮ᠎ᠦ᠋ᠨ ᠵᠦᠢᠯ᠎ᠢ᠋ ᠤᠯᠤᠰ᠎ᠠ᠋ᠴᠠ ᠡᠮ᠎ᠦ᠋ᠨ ᠵᠦᠢᠯᠡᠰᠦ᠋ᠨ ᠲᠥᠪᠯᠡᠷᠡᠭᠦᠯᠦᠨ ᠬᠤᠳᠠᠯᠳᠤᠨ ᠠᠪᠬᠤ ᠪᠠ ᠵᠠᠰᠠᠭ᠎ᠤ᠋ᠨ ᠣᠷᠳᠣᠨ᠎ᠤ᠋ ᠦᠨ᠎ᠡ ᠲᠣᠭ᠍ᠲᠠᠭᠠᠬᠤ᠎ᠶᠢ ᠵᠣᠬᠢᠶᠠᠨ ᠪᠠᠢᠭᠤᠯᠬᠤᠳ᠋ᠤ ᠣᠷᠣᠭᠤᠯᠤᠭ᠍ᠰᠠᠨ ᠪᠠᠢᠪᠠᠯ᠂ ᠮᠣᠵᠢ᠎ᠶᠢᠨ ᠱᠠᠲᠤᠨ᠎ᠤ᠋ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠲᠣᠭ᠍ᠲᠠᠭᠠᠯ ᠶᠣᠰᠣᠭᠠᠷ ᠥᠭ᠌ᠬᠦ ᠪᠠᠷᠢᠮᠵᠢᠶ᠎ᠠ᠎ᠶᠢ ᠲᠣᠬᠢᠷᠠᠭᠤᠯᠵᠤ ᠪᠣᠯᠤᠨ᠎ᠠ᠃
ᠱᠢᠨ᠎ᠡ ᠬᠡᠪᠯᠡᠯ᠎ᠤᠨ ᠡᠮ᠎ᠤᠨ ᠵᠦᠢᠯ᠎ᠤᠨ ᠭᠠᠷᠴᠠᠭ᠎ᠲᠤ ᠬᠢᠲᠠᠳ ᠡᠮᠨᠡᠯᠭᠡ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠥᠭᠬᠦ ᠪᠠᠷᠢᠮᠵᠢᠶ᠎ᠠ᠎ᠨᠢ 《*》 ᠲᠡᠮᠳᠡᠭ᠎ᠲᠠᠢ ᠪᠠᠢᠪᠠᠯ᠂ ᠡᠯ᠎ᠡ ᠭᠠᠵᠠᠷ᠎ᠤᠨ ᠡᠮᠴᠢᠯᠡᠭᠡᠨ᠎ᠤ ᠪᠠᠲᠤᠯᠠᠭ᠎ᠠ ᠪᠠ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠨᠢ ᠪᠢᠴᠢᠭ ᠮᠠᠲ᠋ᠧᠷᠢᠶᠠᠯ᠂ ᠰᠣᠨᠢᠨ ᠮᠡᠳᠡᠭᠡᠨ᠎ᠤ ᠤᠬᠠᠭᠤᠯᠭ᠎ᠠ ᠵᠡᠷᠭᠡ ᠢᠯᠡ ᠪᠣᠯᠭᠠᠬᠤ ᠠᠷᠭ᠎ᠠ ᠵᠠᠮ᠎ᠢᠶᠠᠷ ᠲᠡᠭᠦᠨ᠎ᠤ ᠥᠭᠬᠦ ᠪᠠᠷᠢᠮᠵᠢᠶ᠎ᠠ᠎ᠶ᠋ᠢ ᠢᠯᠡ ᠪᠣᠯᠭᠠᠵᠤ ᠪᠣᠯᠬᠤ ᠦᠭᠡᠢ᠃
( ᠭᠤᠷᠪᠠ ) ᠡᠮᠴᠢᠯᠡᠭᠡᠨ᠎ᠤ ᠳᠠᠭᠠᠳᠭᠠᠯ᠎ᠤᠨ ᠥᠭᠬᠦ ᠬᠡᠪᠴᠢᠶ᠎ᠡ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠬᠤ ᠬᠡᠷᠡᠭ᠌ᠲᠡᠢ᠃
《 ᠦᠨᠳᠣᠰᠣᠡ ᠡᠮᠴᠢᠯᠡᠭᠡᠨ᠎ᠤ ᠲᠠᠭᠠᠳᠭᠠᠯ᠎ᠤᠨ ᠡᠮ ᠭᠡᠷᠡᠭ᠌ᠯᠡᠬᠦ᠌ ᠬᠠᠮᠢᠶᠡᠷᠦᠯᠳᠡ᠎ᠶ᠋ᠢᠨ ᠳᠥᠷ ᠭᠡᠷᠡᠭ᠌ᠵᠢᠬᠦᠯᠬᠦ᠌ ᠠᠷᠭ᠎ᠠ 》᠎ᠶ᠋ᠢᠨ ᠱᠠᠭᠠᠷᠳᠡᠯᠭ᠎ᠠ᠎ᠶ᠋ᠢ ᠴᠢᠩᠭ᠎ᠠ ᠨᠡᠢᠳᠡᠪᠦᠷᠢᠵᠢᠭᠤᠯᠵᠦ᠍᠂ ᠭᠠᠭ᠍ᠴᠠ ᠬᠦ᠌ ᠣᠨᠣᠱᠢᠯᠬᠠᠥ᠂ ᠡᠮᠨᠡᠨ ᠵᠠᠰᠠᠬᠤ ᠪᠠ ᠡᠪᠡᠳᠴᠢᠨ᠎ᠤ ᠪᠠᠢᠳᠡᠯ᠎ᠲᠠᠢ ᠨᠡᠢᠴᠡᠬᠦᠯᠵᠦ᠍᠂ ᠡᠮ᠎ᠤᠨ ᠵᠦᠢᠯ᠎ᠤᠨ ᠬᠠᠦᠯᠢ᠎ᠪᠠᠷ ᠲᠣᠠᠠᠳᠠᠭᠠᠠᠠᠰᠠᠨ ᠲᠣᠳᠣᠷᠬᠠᠢᠯᠠᠯᠳᠡᠶ᠋ᠢᠨ ᠪᠢᠴᠢᠭ᠎ᠲᠤ ᠲᠣᠬᠢᠷᠡᠬᠤ ᠭᠡᠮ ᠵᠢᠴᠢ ᠡᠮᠴᠢᠯᠡᠭᠡᠨ᠎ᠤ ᠲᠠᠭᠠᠳᠭᠠᠯ᠎ᠤᠨ ᠬᠢᠵᠠᠭᠠᠷᠯᠡᠨ ᠥᠭᠬᠦ ᠬᠦᠷᠢᠶ᠎ᠠ ᠭᠡᠪᠴᠢᠶ᠎ᠠ᠎ᠳᠤ ᠨᠡᠢᠴᠡᠪᠡᠯ ᠰᠠᠶᠢ ᠣᠯᠭᠤᠵᠦ᠍ ᠪᠤᠯᠥᠨ᠎ᠠ᠃ ᠡᠮᠴᠢᠯᠡᠭᠡᠨ᠎ᠦ ᠳᠠᠭᠠᠳᠭᠠᠯ᠎ᠤᠨ ᠥᠭᠬᠦ ᠬᠡᠪᠴᠢᠶ᠎ᠡ᠎ᠨᠢ ᠡᠮ᠎ᠤᠨ ᠵᠦᠢᠯ᠎ᠤᠨ ᠬᠠᠤᠯᠢ᠎ᠪᠠᠷ ᠲᠣᠭ᠍ᠲᠠᠭᠠᠭ᠍ᠰᠠᠨ ᠲᠣᠳᠣᠷᠬᠠᠢᠯᠠᠯᠲᠠ᠎ᠶ᠋ᠢᠨ ᠪᠢᠴᠢᠭ᠎ᠲᠤ ᠵᠠᠰᠠᠪᠤᠷᠢ ᠣᠷᠣᠭᠤᠯᠤᠭ᠍ᠰᠠᠨ ᠪᠢᠰᠢ᠂ ᠡᠮᠴᠢᠯᠡᠭᠡᠨ᠎ᠤ ᠡᠮᠴᠢ᠎ᠨᠢ ᠡᠪᠡᠳᠴᠢᠲᠡᠨ᠎ᠤ ᠪᠠᠢᠳᠠᠯ᠎ᠢ ᠦᠨᠳᠦᠰᠦᠯᠡᠨ ᠵᠦᠢ ᠵᠣᠬᠢᠰᠲᠠᠢ᠎ᠪᠠᠷ ᠡᠮ ᠬᠡᠷᠡᠭ᠌ᠯᠡᠵᠦ᠍᠂ ᠥᠭᠬᠦ ᠬᠡᠪᠴᠢᠶᠡᠨ᠎ᠳᠤ ᠨᠥᠯᠥᠭᠡᠯᠡᠭ᠌ᠳᠡᠬᠦ᠌ ᠦᠭᠡᠢ᠃ ᠡᠮᠴᠢᠯᠡᠭᠡᠨ᠎ᠦ ᠳᠠᠭᠠᠳᠭᠠᠯ᠎ᠤᠨ ᠥᠭᠬᠦ ᠬᠡᠪᠴᠢᠶ᠎ᠡ᠎ᠶ᠋ᠢ ᠳᠥᠭᠦᠮᠴᠢᠯᠡᠨ ᠥᠭᠦᠯᠡᠭ᠌ᠰᠡᠨ ᠪᠠᠢᠪᠠᠯ᠂ ᠡᠮ᠎ᠤᠨ ᠵᠦᠢᠯ᠎ᠤᠨ ᠬᠠᠤᠯᠢ᠎ᠪᠠᠷ ᠲᠣᠭ᠍ᠲᠠᠭᠠᠭ᠍ᠰᠠᠨ ᠲᠣᠳᠣᠷᠬᠠᠢᠯᠠᠯᠲᠠ᠎ᠪᠠᠷ ᠪᠠᠷᠢᠮᠵᠢᠶ᠎ᠠ ᠪᠣᠯᠭᠠᠨ᠎ᠠ᠃ ᠡᠯ᠎ᠡ ᠭᠠᠵᠠᠷ᠎ᠤᠨ᠎ᠬᠢᠨ ᠲᠣᠭ᠍ᠲᠠᠮᠠᠯ ᠬᠤᠭᠤᠴᠠᠭ᠎ᠠ᠎ᠲᠠᠢ᠎ᠪᠠᠷ ᠭᠠᠷᠲᠠᠨ ᠭᠦᠢᠴᠡᠳᠭᠡᠬᠦ᠌ ᠪᠠᠢᠭᠤᠯᠤᠮᠵᠢ᠂ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢᠭᠤᠯᠤᠮᠵᠢ᠎ᠶ᠋ᠢ ᠴᠤᠭ᠍ᠯᠠᠭᠤᠯᠤᠨ ᠡᠮᠴᠢᠯᠡᠭᠡᠨ᠎ᠤ ᠳᠠᠭᠠᠳᠭᠠᠯ᠎ᠤᠨ ᠥᠭᠬᠦ ᠬᠡᠪᠴᠢᠶ᠎ᠡ᠎ᠶ᠋ᠢ ᠬᠠᠷᠢᠭᠤ ᠲᠤᠰᠭᠠᠵᠤ ᠪᠣᠯᠤᠨ᠎ᠠ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ᠎ᠠᠴᠠ ᠡᠮᠴᠢᠯᠡᠭᠡᠨ᠎ᠤ ᠳᠠᠭᠠᠳᠭᠠᠯ᠎ᠤᠨ ᠥᠭᠬᠦ ᠬᠡᠪᠴᠢᠶ᠎ᠡ᠎ᠶ᠋ᠢ ᠲᠠᠢᠯᠪᠤᠷᠢᠯᠠᠬᠤ ᠠᠵᠢᠯ᠎ᠢ ᠢᠳᠡᠪᠬᠢᠲᠡᠶ ᠠᠬᠢᠭᠤᠯᠬᠤ ᠪᠣᠯᠤᠨ᠎ᠠ᠃
ᠬᠤᠶᠠᠷ᠂ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠤᠨ ᠬᠠᠩᠭᠠᠯᠭ᠎ᠠ᠎ᠶ᠋ᠢᠨ ᠪᠠᠲᠤᠯᠠᠭ᠎ᠠ᠎ᠶ᠋ᠢᠨ ᠬᠢᠷᠢ ᠲᠦᠪᠱᠢᠨ᠎ᠢ ᠦᠨᠡᠨ ᠬᠦ᠌ ᠳᠡᠭᠡᠭ᠌ᠰᠢᠯᠡᠭᠦᠯᠦᠨ᠎ᠡ
( ᠲᠦᠷᠪᠡ ) ᠱᠢᠨ᠎ᠡ᠎ᠪᠡᠷ ᠨᠡᠮᠡᠭ᠌ᠳᠡᠭ᠌ᠰᠡᠨ ᠡᠮ᠎ᠦᠨ ᠵᠦᠢᠯ᠎ᠢ ᠰᠦᠯᠵᠢᠶᠡᠨ᠎ᠳᠤ ᠬᠤᠯᠪᠣᠬᠤ ᠠᠵᠢᠯ᠎ᠢ ᠰᠠᠢᠲᠤᠷ ᠬᠢᠨ᠎ᠡ᠃
ᠡᠯ᠎ᠡ ᠮᠤᠵᠢ ( ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ )᠎ᠶ᠋ᠢᠨ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠬᠠᠮᠢᠶ᠎ᠠ ᠪᠥᠬᠦᠶ ᠡᠮ᠎ᠤᠨ ᠵᠦᠢᠯ᠎ᠤᠨ ᠠᠵᠤ ᠠᠬᠤᠢᠯᠠᠯ᠎ᠢ ᠵᠢᠯᠣᠭᠤᠳᠴᠤ᠌ ᠪᠠᠢᠭᠠᠳ 2025 ᠣᠨ᠎ᠤ 12 ᠳ᠋ᠤᠭᠠᠷ ᠰᠠᠷ᠎ᠠ᠎ᠶ᠋ᠢᠨ ᠰᠡᠭᠦᠯᠴᠢ᠎ᠠᠴᠠ ᠡᠮᠦᠨ᠎ᠡ ᠡᠮᠴᠢᠯᠡᠭᠡᠨ᠎ᠤ ᠪᠠᠲᠤᠯᠠᠭ᠎ᠠ᠎ᠶ᠋ᠢᠨ ᠭᠠᠷᠴᠠᠭ᠎ᠲᠤ ᠱᠢᠨ᠎ᠡ᠎ᠪᠠᠷ ᠨᠡᠮᠡᠭ᠌ᠳᠡᠭ᠌ᠰᠡᠨ ᠡᠮ᠎ᠤᠨ ᠵᠦᠢᠯ᠎ᠢ ᠮᠤᠵᠢ᠎ᠶ᠋ᠢᠨ ᠱᠠᠲᠤᠨ᠎ᠤ ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ᠎ᠳᠤ ᠰᠦᠯᠵᠢᠶᠡᠨ᠎ᠳᠤ ᠬᠤᠯᠪᠣᠬᠤ ᠠᠵᠢᠯ᠎ᠢ ᠪᠡᠶᠡᠯᠡᠭᠦᠯᠬᠦ᠌ ᠬᠡᠷᠡᠭ᠌ᠲᠡᠶ᠃ ᠬᠡᠯᠡᠯᠴᠡᠭᠡᠷ᠎ᠦᠨ ᠡᠮ᠎ᠤᠨ ᠵᠦᠢᠯ᠎ᠤᠨ ᠰᠦᠯᠵᠢᠶᠡᠨ᠎ᠳᠤ ᠬᠤᠯᠪᠤᠭ᠍ᠰᠠᠨ ᠦᠨ᠎ᠡ ᠬᠠᠩᠰᠢ᠎ᠶ᠋ᠢ ᠱᠢᠨ᠎ᠡ ᠬᠡᠪᠯᠡᠯ᠎ᠤᠨ ᠡᠮ᠎ᠤᠨ ᠵᠦᠢᠯ᠎ᠤᠨ ᠭᠠᠷᠴᠠᠭ᠎ᠲᠤ ᠲᠣᠭ᠍ᠲᠠᠭᠠᠭ᠍ᠰᠠᠨ ᠥᠭᠬᠦ ᠪᠠᠷᠢᠮᠵᠢᠶ᠎ᠠ᠎ᠠᠴᠠ ᠥᠨᠳᠥᠷ ᠪᠠᠢᠯᠭᠠᠵᠤ ᠪᠣᠯᠬᠤ ᠥᠬᠡᠶ ; ᠬᠡᠯᠡᠯᠴᠡᠭᠡᠷ᠎ᠦᠨ ᠡᠮ᠎ᠤᠨ ᠵᠦᠢᠯ᠎ᠤᠨ ᠬᠡᠯᠡᠯᠴᠡᠭᠡᠷ᠎ᠤᠨ ᠬᠤᠭᠤᠴᠠᠭᠠᠨ᠎ᠳᠤ ᠬᠡᠷᠪᠡ ᠨᠡᠢᠳᠡᠮ ᠬᠡᠷᠡᠭ᠌ᠯᠡᠬᠦ᠌ ᠠᠳᠠᠯᠢ ᠨᠡᠷᠡᠲᠦ ᠡᠮ᠎ᠤᠨ ᠵᠦᠢᠯ᠎ᠢ ᠵᠠᠬ᠎ᠠ ᠳᠡᠯᠭᠡᠭᠦᠷ᠎ᠲᠤ ᠭᠠᠷᠭᠠᠬᠤ᠎ᠳᠤ ᠬᠦᠷᠪᠡᠯ᠂ ᠰᠦᠯᠵᠢᠶᠡᠨ᠎ᠳᠤ ᠬᠤᠯᠪᠤᠭ᠍ᠰᠠᠨ ᠦᠨ᠎ᠡ ᠬᠠᠩᠰᠢ᠎ᠶ᠋ᠢ ᠱᠢᠨ᠎ᠡ ᠬᠡᠪᠯᠡᠯ᠎ᠤᠨ ᠡᠮ᠎ᠤᠨ ᠵᠦᠢᠯ᠎ᠤᠨ ᠭᠠᠷᠴᠠᠭ᠎ᠲᠤ ᠲᠣᠭ᠍ᠲᠠᠭᠠᠭ᠍ᠰᠠᠨ ᠥᠭᠬᠦ ᠪᠠᠷᠢᠮᠵᠢᠶ᠎ᠠ᠎ᠠᠴᠠ ᠥᠨᠳᠥᠷ ᠪᠠᠢᠯᠭᠠᠵᠤ ᠪᠣᠯᠬᠤ ᠥᠬᠡᠶ᠃ ᠲᠤᠬᠠᠶ᠎ᠶ᠋ᠢᠨ ᠭᠠᠵᠠᠷ᠎ᠤᠨ ᠦᠨ᠎ᠡ ᠬᠠᠶᠠᠯᠴᠠᠬᠤ᠎ᠳᠤ ᠣᠷᠣᠯᠴᠠᠭ᠍ᠰᠠᠨ ᠠᠵᠤ ᠠᠬᠤᠢᠯᠠᠯ ᠨᠢ ᠥᠭ᠌ᠬᠦ ᠪᠠᠷᠢᠮᠵᠢᠶ᠎ᠠ᠎ᠶ᠋ᠢᠨ ᠬᠦᠴᠦᠨ᠎ᠲᠡᠶ ᠬᠤᠭᠤᠴᠠᠭᠠᠨ ᠳᠣᠲᠣᠷ᠎ᠠ᠂ ᠰᠦᠯᠵᠢᠶᠡᠨ᠎ᠳᠤ ᠭᠠᠷᠭᠠᠭ᠍ᠰᠠᠨ ᠦᠨ᠎ᠡ ᠨᠢ ᠦᠨ᠎ᠡ ᠬᠠᠶᠠᠯᠴᠠᠬᠤ ᠦᠢ᠎ᠡ᠎ᠶ᠋ᠢᠨ ᠮᠡᠳᠡᠭᠦᠯᠦᠭ᠌ᠰᠡᠨ ᠦᠨ᠎ᠡ ( ᠪᠣᠳᠠᠲᠠᠶ ᠠᠵᠤ ᠠᠬᠤᠢᠯᠠᠯ᠂ ᠡᠮ᠎ᠦᠨ ᠵᠦᠢᠯ ᠵᠢᠴᠢ ᠮᠡᠳᠡᠭᠦᠯᠦᠭ᠌ᠰᠡᠨ ᠦᠨ᠎ᠡ᠎ᠶ᠋ᠢ ᠠᠰ᠎ᠲᠤ ᠨᠢ ᠮᠡᠳᠡᠭᠳᠡᠨ᠎ᠡ )᠎ᠡᠴᠡ ᠥᠨᠳᠥᠷ ᠪᠠᠢᠯᠭᠠᠵᠤ ᠪᠣᠯᠬᠤ ᠦᠭᠡᠶ᠃
( ᠲᠠᠪᠤ ) ᠡᠮ᠎ᠦᠨ ᠵᠦᠢᠯ᠎ᠢ ᠱᠢᠨ᠎ᠡ᠎ᠪᠡᠷ ᠨᠡᠮᠡᠭ᠌ᠳᠡᠭᠦᠯᠬᠦ᠌᠎ᠶ᠋ᠢ ᠢᠳᠡᠪᠬᠢᠲᠡᠶ᠎ᠪᠡᠷ ᠠᠬᠢᠭᠤᠯᠤᠨ᠎ᠠ᠃
ᠡᠯ᠎ᠡ ᠮᠤᠵᠢ ( ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ )᠎ᠶ᠋ᠢᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠡᠶ ᠬᠠᠮᠲᠤᠷᠠᠨ᠂ ᠴᠡᠭ ᠲᠣᠭ᠍ᠲᠠᠭᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠶ᠋ᠢ ᠵᠢᠯᠣᠭᠣᠳᠴᠤ᠌ ᠪᠠᠢᠭᠠᠳ ᠭᠠᠷᠴᠠᠭ᠎ᠤᠨ ᠳᠣᠲᠣᠷᠠᠬᠢ ᠡᠮ᠎ᠦᠨ ᠵᠦᠢᠯ᠎ᠢ ᠵᠦᠢ ᠵᠣᠬᠢᠰᠲᠠᠶ ᠲᠣᠬᠢᠷᠠᠭᠤᠯᠬᠤ᠂ ᠬᠡᠷᠡᠭ᠌ᠯᠡᠬᠦ᠌ ᠬᠡᠷᠡᠭ᠌ᠲᠡᠶ᠃ ᠡᠮᠴᠢᠯᠡᠭᠡᠨ᠎ᠦ ᠪᠠᠲᠤᠯᠠᠭ᠎ᠠ᠎ᠶᠢᠨ ᠴᠡᠭ ᠲᠣᠭ᠍ᠲᠠᠭᠠᠭ᠍ᠰᠠᠨ ᠡᠮᠴᠢᠯᠡᠭᠡᠨ᠎ᠦ ᠪᠠᠢᠭᠤᠯᠤᠮᠵᠢ᠂ ᠠᠵᠢᠯ᠎ᠠᠴᠠ ᠪᠣᠯᠤᠭ᠍ᠰᠠᠨ ᠭᠡᠮᠲᠦᠯ᠎ᠦᠨ ᠳᠠᠭᠠᠳᠭᠠᠯ᠎ᠤᠨ ᠬᠡᠯᠡᠯᠴᠡᠭᠡᠷ ᠲᠣᠭ᠍ᠲᠠᠭ᠍ᠰᠠᠨ ᠡᠮᠴᠢᠯᠡᠭᠡᠨ᠎ᠦ ᠪᠠᠢᠭᠤᠯᠤᠮᠵᠢ ᠪᠣᠯᠤᠨ ᠠᠵᠢᠯ᠎ᠠᠴᠠ ᠪᠣᠯᠤᠭ᠍ᠰᠠᠨ ᠭᠡᠮᠲᠦᠯ᠎ᠦᠨ ᠡᠷᠡᠭᠦᠯᠵᠢᠭᠦᠯᠬᠦ᠌ ᠬᠡᠯᠡᠯᠴᠡᠭᠡᠷ᠎ᠤᠨ ᠪᠠᠢᠭᠤᠯᠤᠮᠵᠢ ᠵᠥᠪᠳᠡᠯᠴᠡᠨ ᠬᠠᠮᠢᠶᠠᠷᠬᠤ᠎ᠶ᠋ᠢ ᠴᠢᠩᠭᠠᠳᠭᠠᠵᠤ᠂ ᠡᠮᠴᠢᠯᠡᠭᠡᠨ᠎ᠦ ᠪᠠᠲᠤᠯᠠᠭ᠎ᠠ᠎ᠶᠢᠨ ᠭᠠᠷᠴᠠᠭ᠎ᠲᠤ ᠡᠮ᠎ᠦᠨ ᠵᠦᠢᠯ᠎ᠢ ᠵᠦᠢ ᠵᠣᠬᠢᠰᠲᠠᠶ ᠲᠣᠬᠢᠷᠠᠭᠤᠯᠬᠤ ᠪᠠ ᠬᠡᠷᠡᠭ᠌ᠯᠡᠬᠦ᠌ ᠬᠣᠯᠪᠣᠭ᠍ᠳᠠᠯ ᠪᠦᠬᠦᠢ ᠱᠠᠭᠠᠷᠳᠠᠯᠭ᠎ᠠ᠎ᠶ᠋ᠢ ᠬᠡᠯᠡᠯᠴᠡᠭᠡᠷ᠎ᠲᠦ ᠣᠷᠣᠭᠤᠯᠤᠨ᠎ᠠ᠃ ᠡᠯ᠎ᠡ ᠭᠠᠵᠠᠷ᠎ᠤᠨ᠎ᠬᠢᠨ 2026 ᠣᠨ᠎ᠤ ᠰᠠᠭᠤᠷᠢ ᠮᠥᠩᠭᠦ᠎ᠶ᠋ᠢᠨ ᠵᠠᠷᠤᠯᠭ᠎ᠠ᠎ᠶ᠋ᠢᠨ ᠲᠥᠰᠦᠪ᠎ᠢ ᠲᠣᠭ᠍ᠲᠠᠭᠠᠬᠤᠳᠦᠪᠡᠨ ᠭᠠᠷᠴᠠᠭ᠎ᠲᠤ ᠲᠣᠬᠢᠷᠠᠭᠤᠯᠤᠯᠲᠠ ᠬᠢᠬᠦ᠌ ᠬᠦᠴᠦᠨ ᠵᠦᠢᠯ᠎ᠢ ᠭᠦᠢᠴᠡᠳ ᠪᠣᠳᠣᠯᠬᠢᠯᠠᠬᠤ ᠬᠡᠷᠡᠭ᠌ᠲᠡᠶ᠃ ᠡᠮᠴᠢᠯᠡᠭᠡᠨ᠎ᠤ ᠪᠠᠲᠤᠯᠠᠭ᠎ᠠ᠎ᠶᠢᠨ ᠭᠠᠷᠴᠬ ᠳᠣᠳᠣᠷ᠎ᠠ ᠱᠢᠨ᠎ᠡ᠎ᠶ᠋ᠢ ᠡᠬᠦᠳᠦᠭ᠌ᠰᠡᠨ ᠡᠮ᠎ᠤᠨ ᠵᠢᠱ᠌ᠢᠶ᠎ᠠ᠎ᠶ᠋ᠢ ᠵᠦᠢ ᠵᠤᠬᠢᠰᠳᠡᠢ ᠭᠡᠷᠡᠭ᠌ᠯᠡᠭ᠌ᠰᠡᠨ ᠡᠪᠡᠳᠴᠢᠨ᠎ᠤ ᠵᠢᠱ᠌ᠢᠶ᠎ᠠ᠂ ᠡᠪᠡᠳᠴᠢᠨ᠎ᠤ ᠳᠥᠷᠦᠯ᠎ᠤᠨ ᠪᠡᠷᠢᠮᠵᠢᠶ᠎ᠠ᠎ᠪᠠᠷ ᠥᠭᠬᠦ᠎ᠳᠤ ᠲᠣᠬᠢᠷᠠᠬᠤ ᠦᠭᠡᠢ ᠪᠠᠢᠪᠠᠯ᠂ ᠡᠮᠴᠢᠯᠡᠭᠡᠨ᠎ᠤ ᠪᠠᠢᠭᠤᠯᠥᠮᠵᠢ᠎ᠶ᠋ᠢᠨ ᠪᠡᠶ᠎ᠡ᠎ᠪᠠᠨ ᠳᠠᠭᠠᠭᠠᠨ ᠣᠨᠴᠠ ᠵᠢᠱ᠌ᠢᠶ᠎ᠠ᠎ᠪᠠᠷ ᠳᠡᠩᠰᠠᠯᠠᠨ ᠮᠡᠳᠡᠬᠦᠯᠬᠦ᠌᠎ᠶ᠋ᠢ ᠳᠡᠮᠵᠢᠨ᠎ᠠ᠃ ᠡᠯ᠎ᠡ ᠭᠠᠵᠠᠷ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠳᠡᠰ ᠳᠠᠷᠠᠭᠠᠯᠠᠯ᠎ᠢᠶᠠᠨ ᠳᠥᠭᠦᠮᠴᠢᠯᠡᠵᠦ᠍᠂ ᠶᠠᠪᠤᠴᠠ᠎ᠪᠠᠨ ᠱᠢᠯᠢᠳᠡᠭ᠌ᠵᠢᠭᠦᠯᠦᠨ᠂ ᠤᠯᠠᠷᠢᠯ ᠪᠤᠶᠤ ᠰᠠᠷ᠎ᠠ᠎ᠪᠠᠷ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠤᠨ ᠣᠨᠴᠠ ᠵᠢᠱ᠌ᠢᠶ᠎ᠡ ᠲᠤᠰᠠᠭᠠᠷ ᠡᠪᠡᠳᠴᠢᠨ᠎ᠤ ᠵᠢᠱ᠌ᠢᠶ᠎ᠡ᠎ᠶ᠋ᠢ ᠵᠥᠪᠯᠡᠨ ᠲᠣᠭ᠍ᠲᠠᠭᠠᠬᠤ᠎ᠶ᠋ᠢᠨ ᠬᠠᠮᠲᠤ ᠵᠥᠪᠯᠡᠨ ᠲᠣᠭ᠍ᠲᠠᠭᠠᠭ᠍ᠰᠠᠨ ᠦᠷ᠎ᠡ ᠳ᠋ᠦᠩ᠎ᠢ ᠦᠨᠳᠦᠰᠦᠯᠡᠨ᠂ ᠬᠠᠮᠢᠶ᠎ᠠ ᠪᠦᠬᠦᠢ ᠡᠪᠡᠳᠴᠢᠨ᠎ᠤ ᠵᠢᠱ᠌ᠢᠶ᠎ᠡ᠎ᠳᠤ ᠲᠥᠷᠥᠯ ᠵᠦᠢᠯ᠎ᠤᠨ ᠶᠣᠰᠣᠭᠠᠷ ᠵᠠᠷᠤᠳᠠᠯ ᠥᠭᠬᠦ ᠪᠤᠶᠤ ᠲᠣᠰ ᠡᠪᠡᠳᠴᠢᠨ᠎ᠤ ᠵᠢᠱ᠌ᠢᠶ᠎ᠡ᠎ᠶ᠋ᠢᠨ ᠥᠭ᠌ᠬᠦ ᠪᠠᠷᠢᠮᠵᠢᠶ᠎ᠠ᠎ᠶ᠋ᠢ ᠲᠣᠬᠢᠷᠠᠭᠤᠯᠬᠤ ᠬᠡᠷᠡᠭ᠌ᠲᠡᠶ᠃
ᠪᠠᠲᠤᠯᠠᠭ᠎ᠠ᠎ᠶᠢᠨ ᠴᠡᠭ ᠲᠣᠭ᠍ᠲᠠᠭᠠᠭ᠍ᠰᠠᠨ ᠡᠮᠴᠢᠯᠡᠭᠡᠨ᠎ᠤ ᠪᠠᠢᠭᠤᠯᠤᠮᠵᠢ᠂ ᠠᠵᠢᠯ᠎ᠠᠴᠠ ᠪᠣᠯᠤᠭ᠍ᠰᠠᠨ ᠭᠡᠮᠲᠦᠯ᠎ᠤᠨ ᠳᠠᠭᠠᠳᠭᠠᠯ᠎ᠤᠨ ᠬᠡᠯᠡᠯᠴᠡᠭᠡᠷ ᠲᠣᠭ᠍ᠲᠠᠭ᠍ᠰᠠᠨ ᠡᠮᠴᠢᠯᠡᠭᠡᠨ᠎ᠤ ᠪᠠᠢᠭᠤᠯᠤᠮᠵᠢ ᠪᠠ ᠠᠵᠢᠯ᠎ᠠᠴᠠ ᠪᠣᠯᠤᠭ᠍ᠰᠠᠨ ᠭᠡᠮᠲᠦᠯ᠎ᠤᠨ ᠡᠷᠡᠭᠦᠯᠵᠢᠯ᠎ᠤᠨ ᠬᠡᠯᠡᠯᠴᠡᠭᠡᠷ ᠲᠣᠭ᠍ᠲᠠᠭ᠍ᠰᠠᠨ ᠪᠠᠢᠭᠤᠯᠤᠮᠵᠢ᠎ᠶ᠋ᠢ ᠵᠠᠷᠴᠢᠮ ᠳᠡᠭᠡᠷ᠎ᠡ᠎ᠪᠠᠨ 2026 ᠣᠨ᠎ᠤ 2 ᠳ᠋ᠤᠭᠠᠷ ᠰᠠᠷ᠎ᠠ᠎ᠶ᠋ᠢᠨ ᠰᠡᠭᠦᠯᠴᠢ᠎ᠠᠴᠠ ᠡᠮᠦᠨ᠎ᠡ ᠡᠮ᠎ᠤᠨ ᠠᠵᠢᠯ᠎ᠤᠨ ᠵᠥᠪᠯᠡᠯ ᠬᠤᠷᠠᠯᠳᠤᠭᠤᠯᠵᠤ᠂ ᠬᠡᠷᠡᠭ᠌ᠴᠡᠭᠡ᠎ᠪᠠᠨ ᠦᠨᠳᠦᠰᠦᠯᠡᠨ ᠡᠮ᠎ᠤᠨ ᠵᠦᠢᠯ᠎ᠢ ᠲᠣᠬᠢᠷᠠᠭᠤᠯᠬᠤ ᠪᠤᠶᠤ ᠲᠦᠷ ᠴᠠᠭ᠎ᠤᠨ ᠬᠤᠳᠠᠯᠳᠤᠨ ᠠᠪᠬᠤ ᠰᠠᠭᠠᠳ ᠦᠭᠡᠢ ᠨᠡᠪᠲᠡᠷᠡᠬᠦ᠌ ᠵᠠᠮ᠎ᠢ ᠪᠠᠢᠭᠤᠯᠵᠤ᠂ ᠡᠮᠴᠢᠯᠡᠭᠡᠨ᠎ᠤ ᠣᠨᠣᠱᠢᠯᠠᠨ ᠡᠮᠨᠡᠬᠦ᠌ ᠬᠡᠷᠡᠭ᠌ᠴᠡᠭᠡ ᠱᠠᠭᠠᠷᠳᠠᠯᠭ᠎ᠠ ᠪᠠ ᠡᠪᠡᠳᠴᠢᠲᠡᠨ᠎ᠤ ᠵᠦᠶ ᠵᠣᠬᠢᠰᠲᠠᠶ ᠡᠮ ᠬᠡᠷᠡᠭ᠌ᠯᠡᠬᠦ᠌ ᠡᠷᠬᠡ ᠠᠱᠢᠭ᠎ᠢ ᠪᠠᠲᠤᠯᠠᠨ᠎ᠠ᠃ 《 ᠠᠷᠭ᠎ᠠ ᠬᠡᠮᠵᠢᠶ᠎ᠡ᠎ᠨᠦᠭᠦᠳ 》᠂ 《 ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠬᠡᠯᠡᠯᠴᠡᠭᠡᠷ᠎ᠢ ᠪᠠᠢᠩᠭᠤᠵᠢᠭᠤᠯᠤᠨ ᠬᠡᠯᠡᠯᠴᠡᠭᠡᠷ᠎ᠦᠨ ᠡᠮ᠎ᠤᠨ ᠵᠦᠢᠯ᠎ᠢ ᠨᠠᠢᠳᠠᠪᠤᠷᠢᠵᠢᠭᠤᠯᠬᠤ ᠠᠵᠢᠯ᠎ᠢ ᠦᠷᠭᠦᠯᠵᠢᠯᠡᠨ ᠰᠠᠢᠲᠤᠷ ᠬᠢᠬᠦ᠌ ᠲᠤᠬᠠᠢ ᠮᠡᠳᠡᠭ᠌ᠳᠡᠯ 》 ( ᠡᠮᠴᠢᠯᠡᠭᠡᠨ ᠪᠠᠲᠤᠯᠠᠭ᠎ᠠ ᠵᠠᠬᠢᠳᠠᠯ [ 2021 ]182 ᠳ᠋ᠤᠭᠠᠷ ᠲᠣᠭᠠᠲᠤ )᠎ᠤᠨ ᠱᠠᠭᠠᠷᠳᠠᠯᠭ᠎ᠠ ᠶᠣᠰᠣᠭᠠᠷ᠂ ᠬᠡᠯᠡᠯᠴᠡᠭᠡᠷ᠎ᠤᠨ ᠡᠮ᠎ᠤᠨ ᠵᠦᠢᠯ᠎ᠨᠢ 《 ᠨᠢᠭᠡ ᠪᠦᠲᠦᠭᠡᠭ᠌ᠳᠡᠬᠦᠨ ᠬᠤᠶᠠᠷ ᠲᠣᠭ᠍ᠲᠠᠭᠠᠯ 》᠎ᠳᠤ ᠬᠢᠵᠠᠭᠠᠷᠯᠠᠭ᠍ᠳᠠᠬᠤ ᠦᠭᠡᠢ ᠪᠠᠢᠵᠤ ᠪᠣᠯᠣᠨ᠎ᠠ᠂ ᠡᠮᠴᠢᠯᠡᠭᠡᠨ᠎ᠤ ᠳᠠᠭᠠᠳᠭᠠᠯ᠎ᠤᠨ ᠶᠡᠷᠦᠩᠬᠡᠢ ᠲᠤᠭ᠎ᠠ᠎ᠶ᠋ᠢ ᠬᠢᠵᠠᠭᠠᠷᠯᠠᠬᠤ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠡᠮ ᠬᠡᠷᠡᠭ᠌ᠯᠡᠬᠦ᠌ ᠭᠠᠷᠴᠠᠭ᠎ᠤᠨ ᠲᠤᠭ᠎ᠠ ᠬᠡᠮᠵᠢᠶ᠎ᠡ᠎ᠶ᠋ᠢ ᠬᠢᠵᠠᠭᠠᠷᠯᠠᠬᠤ᠂ ᠡᠮ᠎ᠤᠨ ᠡᠵᠡᠯᠡᠬᠦ᠌ ᠬᠠᠷᠢᠴᠠᠯ ᠵᠡᠷᠭᠡ᠎ᠪᠠᠷ ᠱᠢᠯᠲᠠᠭ ᠪᠣᠯᠭᠠᠵᠤ ᠬᠡᠯᠡᠯᠴᠡᠭᠡᠷ᠎ᠦᠨ ᠡᠮ᠎ᠤᠨ ᠵᠦᠢᠯ᠎ᠢ ᠨᠠᠢᠳᠠᠪᠤᠷᠢᠵᠢᠭᠤᠯᠬᠤ᠎ᠶ᠋ᠢ ᠨᠥᠯᠥᠭᠡᠯᠡᠵᠦ᠍ ᠪᠣᠯᠬᠤ ᠦᠭᠡᠢ᠃ ᠡᠯ᠎ᠡ ᠭᠠᠵᠠᠷ᠎ᠤᠨ ᠬᠢᠨ᠎ᠦ ᠢᠳᠡᠪᠬᠢᠲᠡᠶ ᠠᠷᠭ᠎ᠠ ᠬᠡᠮᠵᠢᠶ᠎ᠡ ᠠᠪᠴᠤ᠌ ᠬᠡᠯᠡᠯᠴᠡᠭᠡᠷ᠎ᠦᠨ ᠡᠮ᠎ᠦᠨ ᠵᠦᠢᠯ ᠪᠣᠯᠤᠨ ᠴᠡᠭ ᠲᠣᠭ᠍ᠲᠠᠭᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠶ᠋ᠢ ᠲᠠᠨᠢᠯᠴᠠᠭᠤᠯᠤᠨ ᠵᠣᠯᠭᠠᠭᠤᠯᠬᠤ᠎ᠶ᠋ᠢ ᠵᠣᠷᠢᠭ᠍ᠵᠢᠭᠤᠯᠬᠤ ᠬᠡᠷᠡᠭ᠌ᠲᠡᠶ᠃
( ᠵᠢᠷᠭᠤᠭ᠎ᠠ ) 《 ᠬᠤᠤᠰ ᠨᠡᠪᠲᠡᠷᠡᠯ ᠵᠠᠮ 》᠎ᠤᠨ ᠡᠮ᠎ᠤᠨ ᠵᠦᠢᠯ᠎ᠤᠨ ᠬᠡᠷᠡᠭ᠌ᠯᠡᠯᠲᠡ ᠬᠠᠮᠢᠶᠠᠷᠤᠯᠲᠠ᠎ᠶ᠋ᠢ ᠲᠡᠭᠦᠯᠳᠡᠷᠵᠢᠭᠦᠯᠦᠨ᠎ᠡ᠃
ᠡᠯ᠎ᠡ ᠮᠤᠵᠢ ( ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ )᠎ᠶ᠋ᠢᠨ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ 《 ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠬᠡᠯᠡᠯᠴᠡᠭᠡᠷ᠎ᠦᠨ ᠡᠮ᠎ᠤᠨ ᠵᠦᠢᠯ᠎ᠤᠨ 〈 ᠬᠤᠤᠰ ᠨᠡᠪᠲᠡᠷᠡᠯ ᠵᠠᠮ 〉᠎ᠤᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠬᠦ᠌ ᠲᠤᠬᠠᠶ ᠵᠢᠯᠣᠭᠤᠳᠭᠤ ᠰᠠᠨᠠᠯ 》 ( ᠡᠮᠴᠢᠯᠡᠭᠡᠨ ᠪᠠᠲᠤᠯᠠᠭ᠎ᠠ ᠲᠠᠷᠬᠠᠭᠠᠭ᠍ᠰᠠᠨ [ 2021] 28 ᠳ᠋ᠤᠭᠠᠷ ᠲᠣᠭᠠᠲᠤ )᠎ᠤᠨ ᠱᠠᠭᠠᠷᠳᠠᠯᠭ᠎ᠠ ᠶᠣᠰᠣᠭᠠᠷ᠂ ᠬᠡᠯᠡᠯᠴᠡᠭᠡᠷ᠎ᠦᠨ ᠡᠮ᠎ᠤᠨ ᠵᠦᠢᠯ᠎ᠤᠨ 《 ᠬᠤᠤᠰ ᠨᠡᠪᠲᠡᠷᠡᠯ ᠵᠠᠮ 》᠎ᠤᠨ ᠠᠵᠢᠯ᠎ᠤᠨ ᠬᠠᠮᠢᠶᠠᠷᠤᠯᠲᠠ᠎ᠶ᠋ᠢ ᠵᠢᠷᠤᠮᠵᠢᠭᠤᠯᠬᠤ᠂ ᠨᠠᠷᠢᠯᠢᠬ᠍ᠵᠢᠭᠤᠯᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠲᠣᠰ ᠮᠤᠵᠢ᠎ᠶ᠋ᠢᠨ 《 ᠬᠤᠣᠰ ᠨᠡᠪᠲᠡᠷᠡᠯ ᠵᠠᠮ 》 ᠪᠠ ᠲᠤᠰᠠᠭᠠᠷ ᠥᠭᠬᠦ ᠬᠡᠯᠡᠯᠴᠡᠭᠡᠷ᠎ᠦᠨ ᠡᠮ᠎ᠤᠨ ᠵᠦᠢᠯ᠎ᠤᠨ ᠬᠡᠪᠴᠢᠶ᠎ᠡ᠎ᠶ᠋ᠢ ᠴᠠᠭ ᠲᠤᠬᠠᠶ᠎ᠳᠤ ᠨᠢ ᠱᠢᠨᠡᠳᠭᠡᠵᠦ᠍᠂ ᠱᠢᠨ᠎ᠡ ᠬᠡᠪᠯᠡᠯ᠎ᠤᠨ ᠡᠮ᠎ᠤᠨ ᠵᠦᠢᠯ᠎ᠤᠨ ᠭᠠᠷᠴᠠᠭ᠎ᠲᠠᠢ ᠵᠡᠷᠭᠡ᠎ᠪᠠᠷ ᠬᠡᠷᠡᠭ᠌ᠵᠢᠭᠦᠯᠦᠨ᠎ᠡ᠃ ᠡᠪᠡᠳᠴᠢᠲᠡᠨ᠎ᠤ ᠡᠮ ᠬᠡᠷᠡᠭ᠌ᠯᠡᠬᠦ᠌ ᠦᠷᠭᠦᠯᠵᠢᠯᠡᠬᠦ᠌ ᠴᠢᠨᠠᠷ ᠪᠠ ᠬᠠᠷᠠᠭᠠᠯᠵᠠᠯ᠎ᠤᠨ ᠲᠣᠭ᠍ᠲᠠᠪᠤᠷᠢᠲᠤ ᠴᠢᠨᠠᠷ᠎ᠢ ᠭᠦᠢᠴᠡᠳ ᠪᠣᠳᠣᠯᠬᠢᠯᠠᠵᠤ᠂ ᠵᠠᠷᠴᠢᠮ ᠳᠡᠭᠡᠷ᠎ᠡ᠎ᠪᠠᠨ ᠬᠡᠯᠡᠯᠴᠡᠭᠡᠷ᠎ᠦᠨ ᠡᠮ᠎ᠤᠨ ᠵᠦᠢᠯ᠎ᠢ ᠡᠩ᠎ᠤᠨ ᠭᠠᠷᠴᠠᠭ᠎ᠤᠨ ᠬᠠᠮᠢᠶᠠᠷᠤᠯᠲᠠ ᠪᠣᠯᠭᠠᠨ ᠬᠤᠪᠢᠷᠠᠭᠤᠯᠬᠤ᠎ᠪᠠᠷ ᠱᠢᠯᠲᠠᠭ ᠪᠣᠯᠭᠠᠨ ᠲᠡᠭᠦᠨ᠎ᠢ 《 ᠬᠤᠣᠰ ᠨᠡᠪᠲᠡᠷᠡᠯ ᠵᠠᠮ 》 ᠪᠠ ᠲᠤᠰᠠᠭᠠᠷ ᠥᠭᠬᠦ ᠬᠡᠪᠴᠢᠶᠡᠨ᠎ᠳᠤ ᠱᠢᠯᠵᠢᠭᠦᠯᠦᠨ ᠭᠠᠷᠭᠠᠵᠤ ᠪᠣᠯᠬᠤ ᠦᠭᠡᠢ᠃
ᠡᠯ᠎ᠡ ᠮᠤᠵᠢ ( ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ )᠎ᠶ᠋ᠢᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ 《 ᠬᠣᠤᠰ ᠨᠡᠪᠲᠡᠷᠡᠯ ᠵᠠᠮ 》᠎ᠤᠨ ᠵᠣᠷ᠎ᠢ ᠡᠷᠭᠢᠯᠳᠦᠭᠦᠯᠬᠦ᠌ ᠪᠦᠬᠦ᠌ ᠶᠠᠪᠤᠴᠠ᠎ᠶᠢᠨ ᠬᠢᠨᠠᠯᠲᠠ ᠬᠠᠮᠢᠶᠠᠷᠤᠯᠲᠠ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠳᠠᠭᠠᠳᠭᠠᠯ᠎ᠢ ᠮᠡᠬᠡᠯᠡᠬᠦ᠌ ᠦᠢᠯᠡ ᠠᠵᠢᠯᠯᠠᠭ᠎ᠠ᠎ᠶ᠋ᠢ ᠦᠨᠡᠨ ᠬᠦ᠌ ᠰᠡᠷᠭᠡᠢᠯᠡᠬᠦ᠌ ᠪᠠ ᠲᠡᠭᠦᠨ᠎ᠳᠦ ᠴᠣᠬᠢᠯᠲᠠ ᠥᠭ᠌ᠬᠦ ᠬᠡᠷᠡᠭ᠌ᠲᠡᠶ᠃ 《 ᠬᠤᠣᠰ ᠨᠡᠪᠲᠡᠷᠡᠯ ᠵᠠᠮ 》᠎ᠤᠨ ᠡᠮ᠎ᠤᠨ ᠵᠦᠢᠯ᠎ᠤᠨ ᠴᠡᠭ ᠲᠣᠭ᠍ᠲᠠᠭᠠᠭ᠍ᠰᠠᠨ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠨᠢ ᠴᠥᠮ ᠡᠯᠧᠺᠲᠷᠣᠨ ᠵᠣᠷ᠎ᠤᠨ ᠲᠥᠪ᠎ᠢᠶᠠᠷ ᠳᠠᠮᠵᠢᠭᠤᠯᠤᠨ 《 ᠬᠤᠣᠰ ᠨᠡᠪᠲᠡᠷᠡᠬᠦ᠌ ᠵᠠᠮ 》᠎ᠤᠨ ᠡᠮ᠎ᠤᠨ ᠵᠦᠢᠯ᠎ᠤᠨ ᠵᠣᠷ᠎ᠢ ᠡᠷᠭᠢᠯᠳᠦᠭᠦᠯᠬᠦ᠌ ᠬᠡᠷᠡᠭ᠌ᠲᠡᠢ᠃
( ᠳᠤᠯᠤᠭ᠎ᠠ ) ᠰᠠᠭᠤᠷᠢ ᠮᠦᠩᠭᠦ᠌ ᠦᠭ᠌ᠬᠦ᠌ᠶ᠋ᠢ ᠬᠢᠨᠠᠨ ᠬᠡᠮᠵᠢᠬᠦ᠌᠎ᠶ᠋ᠢ ᠴᠢᠩᠭ᠍ᠠᠳᠭᠠᠨᠠ᠃
ᠡᠯ᠎ᠡ ᠮᠤᠵᠢ ( ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ )᠎ᠶ᠋ᠢᠨ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ ᠪᠣᠯᠤᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠳ ᠡᠮᠴᠢᠯᠡᠭᠡᠨ᠎ᠤ ᠪᠠᠲᠤᠯᠠᠭ᠎ᠠ᠎ᠶᠢᠨ ᠭᠠᠷᠴᠠᠭ᠎ᠤᠨ ᠳᠣᠲᠣᠷᠠᠬᠢ ᠡᠮ᠎ᠦᠨ ᠵᠦᠢᠯ᠎ᠢ ᠲᠣᠬᠢᠷᠠᠭᠤᠯᠤᠭ᠍ᠰᠠᠨ ᠪᠠ ᠬᠡᠷᠡᠭ᠌ᠯᠡᠭ᠌ᠰᠡᠨ ᠪᠠᠢᠳᠠᠯ᠎ᠢ ᠬᠢᠨᠠᠨ ᠱᠢᠨᠵᠢᠬᠦ᠌ ᠲᠣᠭ᠍ᠲᠠᠴᠠ᠎ᠶ᠋ᠢ ᠪᠠᠢᠭᠤᠯᠬᠤ ᠬᠡᠷᠡᠭ᠌ᠲᠡᠶ ᠃ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠮᠡᠳᠡᠭᠡ ᠵᠠᠩᠭᠢ᠎ᠶ᠋ᠢ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ᠎ᠳᠤ ᠲᠣᠭ᠍ᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠬᠦ᠌᠎ᠶ᠋ᠢᠨ ᠬᠠᠮᠲᠤ᠌᠂ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶ᠋ᠢᠨ ᠥᠭ᠌ᠴᠦ ᠪᠠᠢᠭ᠎ᠠ ᠪᠠᠢᠳᠠᠯ ᠢᠯᠠᠩᠭᠤᠶ᠎ᠠ ᠡᠮ᠎ᠤᠨ ᠵᠦᠢᠯ᠎ᠤᠨ ᠵᠠᠷᠤᠳᠠᠯ᠎ᠢ ᠲᠤᠰᠠᠭᠠᠷ ᠥᠭᠬᠦ ᠬᠢᠨᠠᠨ ᠬᠡᠮᠵᠢᠯᠲᠡ᠎ᠶ᠋ᠢ ᠴᠢᠩᠭᠠᠳᠭᠠᠵᠤ᠂ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠢ᠃ ᠬᠠᠮᠢᠶ᠎ᠠ ᠪᠦᠬᠦᠢ ᠠᠵᠤ ᠠᠬᠤᠢᠯᠠᠯ᠎ᠢ ᠱᠢᠮᠳᠠᠭᠤᠯᠵᠤ ᠪᠠᠢᠭᠠᠳ ᠭᠠᠷᠴᠠᠭ᠎ᠤᠨ ᠳᠣᠲᠣᠷᠠᠬᠢ ᠡᠮ᠎ᠦᠨ ᠵᠦᠢᠯ ᠬᠠᠩᠭᠠᠬᠤ ᠪᠠᠲᠤᠯᠠᠭ᠎ᠠ᠎ᠶ᠋ᠢ ᠴᠢᠩᠭᠠᠳᠭᠠᠵᠤ᠂ ᠡᠮᠴᠢᠯᠡᠭᠡᠨ᠎ᠦ ᠪᠠᠢᠭᠤᠯᠤᠮᠵᠢ᠎ᠶ᠋ᠢᠨ ᠡᠮ᠎ᠦᠨ ᠵᠦᠢᠯ ᠬᠤᠳᠠᠯᠳᠤᠨ ᠠᠪᠬᠤ ᠪᠠ ᠡᠪᠡᠳᠴᠢᠲᠡᠨ᠎ᠦ ᠡᠮᠴᠢᠯᠡᠭᠡᠨ᠎ᠳᠦ ᠬᠡᠷᠡᠭ᠌ᠯᠡᠬᠦ᠌ ᠡᠮ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢ ᠴᠠᠭ ᠲᠤᠬᠠᠶ᠎ᠳᠤ ᠨᠢ ᠳᠠᠭᠠᠬᠤ ᠬᠡᠷᠡᠭ᠌ᠲᠡᠶ᠃
ᠭᠤᠷᠪᠠ᠂ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ ᠬᠢᠭᠡᠳ ᠦᠨᠳᠦᠰᠦᠨ ᠡᠮᠴᠢᠯᠡᠭᠡᠨ᠎ᠤ ᠳᠠᠭᠠᠳᠭᠠᠯ᠎ᠢ ᠪᠦᠲᠦᠮᠵᠢᠲᠡᠶ ᠵᠣᠯᠭᠠᠭᠤᠯᠬᠤ᠎ᠶ᠋ᠢ ᠤᠯᠠᠮ ᠨᠢᠭᠡ ᠠᠯᠬᠤᠮ ᠠᠬᠢᠭᠤᠯᠤᠨ᠎ᠠ
( ᠨᠠᠢ᠍ᠮᠠ ) ᠬᠤᠳᠠᠯᠳᠤᠭᠠᠨ᠎ᠤ ᠳᠠᠭᠠᠳᠭᠠᠯ᠎ᠤᠨ ᠱᠢᠨ᠎ᠡ᠎ᠶᠢ ᠡᠭᠦᠳᠦᠭ᠌ᠰᠡᠨ ᠡᠮ᠎ᠤᠨ ᠵᠦᠢᠯ᠎ᠤᠨ ᠭᠠᠷᠴᠠᠭ᠂ ᠡᠮ᠎ᠤᠨ ᠵᠦᠢᠯ᠎ᠢ ᠲᠣᠬᠢᠷᠠᠭᠤᠯᠤᠨ ᠬᠡᠷᠡᠭ᠌ᠯᠡᠬᠦ᠌᠎ᠶ᠋ᠢ ᠢᠳᠡᠪᠬᠢᠲᠡᠢ ᠠᠬᠢᠭᠤᠯᠤᠨ᠎ᠠ᠃
ᠡᠯ᠎ᠡ ᠮᠤᠵᠢ ( ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ )᠎ᠶ᠋ᠢᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠨᠢ 《 ᠠᠷᠭ᠎ᠠ ᠬᠡᠮᠵᠢᠶ᠎ᠡ᠎ᠨᠦᠭᠦᠳ 》᠎ᠦᠨ ᠡᠯ᠎ᠡ ᠵᠦᠢᠯ᠎ᠦᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠡᠮ᠎ᠦᠨ ᠭᠠᠷᠴᠠᠭ᠎ᠲᠠᠬᠢ ᠡᠮ᠎ᠦᠨ ᠵᠦᠢᠯ᠎ᠦᠨ ᠱᠢᠨ᠎ᠡ᠎ᠶ᠋ᠢ ᠡᠭᠦᠳᠬᠦ᠌᠂ ᠲᠣᠬᠢᠷᠠᠭᠤᠯᠬᠤ ᠠᠵᠢᠯ᠎ᠤᠨ ᠵᠠᠷᠴᠢᠮ ᠳᠡᠭᠡᠷ᠎ᠡ᠎ᠪᠡᠨ ᠡᠮᠴᠢᠯᠡᠭᠡᠨ᠎ᠦ ᠪᠠᠲᠤᠯᠠᠭ᠎ᠠ᠎ᠶᠢᠨ ᠬᠡᠯᠡᠯᠴᠡᠭᠡᠷ᠎ᠦᠨ ᠡᠮ᠎ᠦᠨ ᠵᠦᠢᠯ᠎ᠢᠶᠡᠷ ᠯᠠᠪᠯᠠᠯᠲᠠ ᠪᠣᠯᠭᠠᠨ ᠬᠡᠷᠡᠭ᠌ᠵᠢᠭᠦᠯᠵᠦ᠍᠂ ᠡᠮᠴᠢᠯᠡᠭᠡᠨ᠎ᠦ ᠣᠨᠣᠱᠢᠯᠠᠨ ᠡᠮᠨᠡᠬᠦ᠌ ᠬᠡᠷᠡᠭ᠌ᠴᠡᠭᠡ ᠱᠠᠭᠠᠷᠳᠠᠯᠭ᠎ᠠ ᠪᠠ ᠡᠪᠡᠳᠴᠢᠲᠡᠨ᠎ᠦ ᠵᠦᠢ ᠵᠣᠬᠢᠰᠲᠠᠶ ᠡᠮ ᠬᠡᠷᠡᠭ᠌ᠯᠡᠬᠦ᠌ ᠡᠷᠬᠡ ᠠᠱᠢᠭ᠎ᠢ ᠪᠠᠲᠤᠯᠠᠨ᠎ᠠ᠃
ᠬᠤᠳᠠᠯᠳᠤᠭᠠᠨ᠎ᠤ ᠳᠠᠭᠠᠳᠭᠠᠯ᠎ᠤᠨ ᠱᠢᠨ᠎ᠡ᠎ᠶ᠋ᠢ ᠡᠭᠦᠳᠬᠦ᠌ ᠡᠮ᠎ᠤᠨ ᠵᠦᠢᠯ᠎ᠤᠨ ᠭᠠᠷᠴᠠᠭ᠎ᠤᠨ ᠳᠣᠲᠣᠷᠠᠬᠢ ᠡᠮ᠎ᠤᠨ ᠵᠦᠢᠯ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶ᠋ᠢ ᠥᠭ᠌ᠬᠦ ᠦᠭᠡᠢ᠂ ᠡᠮᠴᠢᠯᠡᠭᠡᠨ᠎ᠤ ᠪᠠᠲᠤᠯᠠᠭ᠎ᠠ᠎ᠶᠢᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠦᠨᠳᠦᠰᠦᠨ ᠡᠮᠴᠢᠯᠡᠭᠡᠨ᠎ᠤ ᠳᠠᠭᠠᠳᠭᠠᠯ᠎ᠤᠨ ᠵᠠᠷᠤᠳᠠᠯ᠎ᠤᠨ ᠨᠣᠷᠮ᠎ᠠ᠎ᠶ᠋ᠢᠨ ᠭᠦᠢᠴᠡᠳᠭᠡᠯ ᠲᠤᠭ᠎ᠠ ᠪᠠ ᠲᠥᠪᠯᠡᠷᠡᠭᠦᠯᠦᠨ ᠬᠤᠳᠠᠯᠳᠤᠨ ᠠᠪᠬᠤ ᠳᠤᠮᠳᠠ᠎ᠠᠴᠠ ᠰᠣᠩᠭᠤᠵᠤ ᠪᠣᠯᠬᠤ ᠵᠦᠢᠯᠡᠰ᠎ᠢ ᠬᠢᠨᠠᠨ ᠬᠡᠮᠵᠢᠬᠦ᠌ ᠬᠡᠪᠴᠢᠶᠡᠨ᠎ᠳᠤ ᠪᠤᠳᠤᠵᠤ ᠣᠷᠣᠭᠤᠯᠬᠤ ᠦᠭᠡᠢ᠃ ᠬᠠᠮᠢᠶ᠎ᠠ ᠪᠦᠬᠦᠢ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠤᠨ ᠪᠠᠲᠤᠯᠠᠭ᠎ᠠ᠎ᠶ᠋ᠢᠨ ᠬᠡᠪᠴᠢᠶᠡᠨ ᠳᠣᠲᠣᠷᠠᠬᠢ ᠬᠤᠳᠠᠯᠳᠤᠭᠠᠨ᠎ᠤ ᠳᠠᠭᠠᠳᠭᠠᠯ᠎ᠤᠨ ᠱᠢᠨ᠎ᠡ᠎ᠶ᠋ᠢ ᠡᠭᠦᠳᠦᠭ᠌ᠰᠡᠨ ᠡᠮ᠎ᠤᠨ ᠭᠠᠷᠴᠠᠭ᠎ᠤᠨ ᠳᠣᠲᠣᠷᠠᠬᠢ ᠱᠢᠨ᠎ᠡ᠎ᠶ᠋ᠢ ᠡᠭᠦᠳᠦᠭ᠌ᠰᠡᠨ ᠡᠮ᠎ᠤᠨ ᠬᠡᠷᠡᠭ᠌ᠯᠡᠭᠡᠨ᠎ᠤ ᠡᠪᠡᠳᠴᠢᠨ᠎ᠤ ᠵᠢᠱ᠌ᠢᠶ᠎ᠡ᠎ᠶ᠋ᠢ ᠡᠮᠴᠢᠯᠡᠭᠡᠨ᠎ᠤ ᠳᠠᠭᠠᠳᠭᠠᠯ᠎ᠤᠨ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ ᠬᠡᠪᠴᠢᠶᠡᠨ᠎ᠳᠤ ᠣᠷᠣᠭᠤᠯᠬᠤ ᠥᠬᠡᠶ ᠪᠠᠢᠵᠤ ᠪᠣᠯᠤᠨ᠎ᠠ᠂ ᠬᠢᠨᠠᠨ ᠬᠠᠷᠭᠤᠭᠤᠯᠵᠤ ᠦᠨᠡᠯᠡᠬᠦ᠌ ᠲᠠᠰ ᠳᠠᠷᠠᠭᠠᠯᠠᠯ᠎ᠢᠶᠠᠷ ᠳᠠᠮᠵᠢᠭᠤᠯᠤᠨ ᠵᠣᠭᠤᠰ ᠥᠭ᠌ᠬᠦ ᠬᠡᠷᠡᠭ᠌ᠲᠡᠶ᠃ ᠡᠯ᠎ᠡ ᠮᠤᠵᠢ ( ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ )᠎ᠶ᠋ᠢᠨ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠪᠠᠲᠤᠯᠠᠭ᠎ᠠ᠎ᠶᠢᠨ ᠴᠡᠭ ᠲᠣᠭ᠍ᠲᠠᠭᠠᠭ᠍ᠰᠠᠨ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠲᠤ ᠬᠤᠳᠠᠯᠳᠤᠭᠠᠨ᠎ᠤ ᠳᠠᠭᠠᠳᠭᠠᠯ᠎ᠤᠨ ᠱᠢᠨ᠎ᠡ᠎ᠶ᠋ᠢ ᠡᠭᠦᠳᠬᠦ᠌ ᠡᠮ᠎ᠤᠨ ᠵᠦᠢᠯ᠎ᠦᠨ ᠭᠠᠷᠴᠠᠭ᠎ᠤᠨ ᠳᠣᠲᠣᠷᠠᠬᠢ ᠡᠮ᠎ᠤᠨ ᠵᠦᠢᠯ ᠲᠣᠬᠢᠷᠠᠭᠤᠯᠬᠤ᠎ᠶ᠋ᠢ ᠰᠦᠪᠡᠭ᠌ᠴᠢᠯᠡᠨ ᠳᠡᠮᠵᠢᠬᠦ᠌᠎ᠶ᠋ᠢᠨ ᠬᠠᠮᠲᠤ᠌᠂ ᠡᠮᠴᠢᠯᠡᠭᠡᠨ᠎ᠤ ᠪᠠᠢᠭᠤᠯᠤᠮᠵᠢ ᠪᠠ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠦᠵᠦᠭᠦᠷ᠎ᠤᠨ ᠦᠨ᠎ᠡ ᠬᠠᠩᠰᠢ᠎ᠶ᠋ᠢᠨ ᠬᠢᠨᠠᠨ ᠬᠡᠮᠵᠢᠯᠲᠡ᠎ᠶ᠋ᠢ ᠰᠠᠢᠲᠤᠷ ᠬᠢᠬᠦ᠌ ᠬᠡᠷᠡᠭ᠌ᠲᠡᠢ᠃ ᠨᠥᠬᠦᠴᠡᠯ᠎ᠲᠠᠢ ᠭᠠᠵᠠᠷ ᠣᠷᠣᠨ᠎ᠨᠢ ᠬᠤᠳᠠᠯᠳᠤᠭᠠᠨ᠎ᠤ ᠳᠠᠭᠠᠳᠭᠠᠯ᠎ᠤᠨ ᠱᠢᠨ᠎ᠡ᠎ᠶ᠋ᠢ ᠡᠭᠦᠳᠬᠦ᠌ ᠡᠮ᠎ᠤᠨ ᠵᠦᠢᠯ᠎ᠦᠨ ᠭᠠᠷᠴᠠᠭ᠎ᠤᠨ ᠡᠮ᠎ᠤᠨ ᠵᠦᠢᠯ᠎ᠢ ᠲᠣᠬᠢᠷᠠᠭᠤᠯᠤᠭ᠍ᠰᠠᠨ ᠪᠠᠢᠳᠠᠯ᠎ᠢᠶᠠᠨ 《 ᠡᠮᠴᠢᠯᠡᠭᠡᠨ᠎ᠤ ᠪᠠᠲᠤᠯᠠᠭ᠎ᠠ᠎ᠶᠢᠨ ᠡᠮ᠎ᠤᠨ ᠵᠦᠢᠯ᠎ᠤᠨ ᠡᠭᠦᠯᠡᠨ ᠲᠠᠪᠴᠠᠩ 》᠎ᠳᠤ ᠵᠠᠯᠭᠠᠨ ᠣᠷᠣᠭᠤᠯᠬᠤ᠎ᠶ᠋ᠢ ᠳᠡᠮᠵᠢᠨ᠎ᠡ᠃ ᠨᠥᠬᠦᠴᠡᠯ᠎ᠲᠠᠢ ᠡᠮ᠎ᠤᠨ ᠵᠦᠢᠯ᠎ᠤᠨ ᠦᠨᠡᠨ ᠪᠣᠳᠠᠲᠠᠶ ᠳᠡᠯᠡᠬᠡᠶ᠎ᠶ᠋ᠢᠨ ᠡᠮᠴᠢᠯᠡᠭᠡᠨ᠎ᠦ ᠪᠠᠲᠤᠯᠠᠭ᠎ᠠ᠎ᠶᠢᠨ ᠶᠡᠷᠦᠩᠬᠡᠢᠯᠡᠭ᠌ᠰᠡᠨ ᠥᠷᠲᠡᠭ᠎ᠤᠨ ᠦᠨᠡᠯᠡᠯᠲᠡ ᠥᠷᠨᠢᠭᠦᠯᠬᠦ᠌᠎ᠶ᠋ᠢ ᠵᠣᠷᠢᠭ᠍ᠵᠢᠭᠤᠯᠤᠨ᠎ᠠ᠃
( ᠶᠢᠰᠦ ) ᠬᠤᠳᠠᠯᠳᠤᠭᠠᠨ᠎ᠤ ᠳᠠᠭᠠᠳᠭᠠᠯ᠎ᠤᠨ ᠱᠢᠨ᠎ᠡ᠎ᠶ᠋ᠢ ᠡᠭᠦᠳᠦᠭ᠌ᠰᠡᠨ ᠡᠮ᠎ᠤᠨ ᠵᠦᠢ᠍ᠯ᠎ᠦᠨ ᠭᠠᠷᠴᠠᠭ᠎ᠢ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠤᠨ ᠪᠠᠲᠤᠯᠠᠭ᠎ᠠ᠎ᠶ᠋ᠢᠨ ᠬᠡᠪᠴᠢᠶᠡᠨ᠎ᠳᠤ ᠣᠷᠣᠭᠤᠯᠬᠤ᠎ᠶ᠋ᠢ ᠢᠳᠡᠪᠬᠢᠲᠡᠶ᠎ᠪᠠᠷ ᠠᠬᠢᠭᠤᠯᠤᠨ᠎ᠠ᠃
ᠡᠯ᠎ᠡ ᠭᠠᠵᠠᠷ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠣᠯᠠᠨ ᠲᠠᠰ ᠳᠠᠪᠬᠤᠷᠭ᠎ᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠭᠲᠠᠯᠴᠠᠭ᠎ᠠ᠎ᠶᠢᠨ ᠪᠠᠢᠭᠤᠯᠤᠯᠲᠠ᠎ᠶ᠋ᠢ ᠠᠬᠢᠭᠤᠯᠵᠤ᠂ ᠨᠡᠢᠳᠡᠮ ᠠᠱᠢᠭ ᠬᠦᠷᠲᠡᠭᠡᠬᠦ᠌ ᠬᠡᠯᠪᠡᠷᠢ᠎ᠶ᠋ᠢᠨ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠤᠨ ᠬᠥᠭ᠌ᠵᠢᠯᠲᠡ᠎ᠶ᠋ᠢ ᠢᠳᠡᠪᠬᠢᠲᠡᠶ ᠳᠡᠮᠵᠢᠵᠦ᠍᠂ ᠬᠤᠳᠠᠯᠳᠤᠭᠠᠨ᠎ᠤ ᠳᠠᠭᠠᠳᠭᠠᠯ᠎ᠳᠤ ᠱᠢᠨ᠎ᠡ᠎ᠶ᠋ᠢ ᠡᠭᠦᠳᠴᠦ᠍ ᠪᠠᠢᠭᠠᠳ ᠡᠮ᠎ᠤᠨ ᠵᠦᠢ᠍ᠯ᠎ᠦᠨ ᠭᠠᠷᠴᠠᠭ᠎ᠲᠤ ᠱᠢᠨ᠎ᠡ᠎ᠶ᠋ᠢ ᠡᠭᠦᠳᠴᠦ᠍ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠂ ᠡᠮᠴᠢᠯᠡᠭᠡᠨ᠎ᠤ ᠬᠠᠷᠢᠯᠴᠠᠨ ᠬᠠᠪᠰᠤᠷᠤᠯᠴᠠᠬᠤ ᠵᠡᠷᠭᠡ ᠣᠯᠠᠨ ᠲᠠᠰ ᠳᠠᠪᠬᠤᠷᠭ᠎ᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠭᠲᠠᠯᠴᠠᠭ᠎ᠠ᠎ᠶᠢ ᠯᠠᠪᠯᠠᠯᠲᠠ ᠪᠣᠯᠭᠠᠨ ᠬᠡᠷᠡᠭ᠌ᠯᠡᠬᠦ᠌ ᠬᠡᠷᠡᠭ᠌ᠲᠡᠶ᠃ ᠬᠤᠳᠠᠯᠳᠤᠭᠠᠨ᠎ᠤ ᠳᠠᠭᠠᠳᠭᠠᠯ᠎ᠤᠨ ᠪᠠᠢᠭᠤᠯᠤᠮᠵᠢ᠎ᠶ᠋ᠢ ᠳᠡᠮᠵᠢᠵᠦ᠍ ᠪᠠᠢᠭᠠᠳ ᠬᠤᠳᠠᠯᠳᠤᠭᠠᠨ᠎ᠤ ᠳᠠᠭᠠᠳᠭᠠᠯ᠎ᠤᠨ ᠱᠢᠨ᠎ᠡ᠎ᠶ᠋ᠢ ᠡᠭᠦᠳᠦᠭ᠌ᠰᠡᠨ ᠡᠮ᠎ᠦᠨ ᠵᠦᠢ᠍ᠯ᠎ᠦᠨ ᠭᠠᠷᠴᠠᠭ᠎ᠢ ᠦᠨᠳᠦᠰᠦᠯᠡᠨ ᠱᠢᠨ᠎ᠡ ᠦᠢᠯᠡᠳᠬᠦᠨ ᠵᠢᠷᠤᠵᠤ ᠲᠥᠯᠥᠪᠯᠡᠨ᠂ ᠥᠭ᠌ᠬᠦ ᠬᠦᠷᠢᠶ᠎ᠡ ᠬᠡᠪᠴᠢᠶ᠎ᠡ᠎ᠪᠡᠨ ᠱᠢᠨᠡᠳᠭᠡᠵᠦ᠍᠂ ᠥᠭ᠌ᠬᠦ ᠠᠷᠭ᠎ᠠ ᠮᠠᠶᠢᠭ᠎ᠢᠶᠠᠨ ᠲᠣᠬᠢᠷᠠᠭᠤᠯᠤᠨ᠂ ᠡᠪᠡᠳᠴᠢᠲᠡᠨ᠎ᠦ ᠡᠮ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠨᠡᠩ ᠰᠠᠢᠲᠤᠷ ᠬᠠᠩᠭᠠᠵᠤ᠂ ᠡᠪᠡᠳᠴᠢᠲᠡᠨ᠎ᠦ ᠡᠮᠴᠢᠯᠡᠭᠡᠨ᠎ᠦ ᠵᠠᠷᠤᠳᠠᠯ᠎ᠤᠨ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠬᠦ᠌ ᠬᠡᠷᠡᠭ᠌ᠲᠡᠶ᠃ ᠨᠥᠬᠦᠴᠡᠯ᠎ᠲᠠᠢ ᠭᠠᠵᠠᠷ ᠣᠷᠣᠨ᠎ᠤ ᠡᠮᠴᠢᠯᠡᠭᠡᠨ᠎ᠦ ᠳᠠᠭᠠᠳᠭᠠᠯ᠂ ᠠᠵᠢᠯ᠎ᠠᠴᠠ ᠪᠣᠯᠤᠭ᠍ᠰᠠᠨ ᠭᠡᠮᠲᠦᠯ᠎ᠤᠨ ᠳᠠᠭᠠᠳᠭᠠᠯ ᠬᠢᠭᠡᠳ ᠬᠤᠳᠠᠯᠳᠤᠭᠠᠨ᠎ᠤ ᠳᠠᠭᠠᠳᠭᠠᠯ᠎ᠤᠨ 《 ᠨᠢᠭᠡ ᠥᠷᠲᠡᠭᠡᠴᠢᠯᠡᠭᠰᠡᠨ ᠮᠠᠶᠢᠭ 》᠎ᠢᠶᠠᠷ ᠳ᠋ᠦᠩᠨᠡᠨ ᠪᠤᠳᠤᠬᠤ᠎ᠶ᠋ᠢ ᠰᠦᠪᠡᠭ᠌ᠴᠢᠯᠡᠨ ᠥᠷᠨᠢᠭᠦᠯᠬᠦ᠌᠎ᠶ᠋ᠢ ᠵᠣᠷᠢᠭ᠍ᠵᠢᠭᠤᠯᠤᠨ᠎ᠠ᠃
ᠱᠢᠨ᠎ᠡ ᠬᠡᠪᠯᠡᠯ᠎ᠤᠨ ᠡᠮ᠎ᠤᠨ ᠵᠦᠢᠯ᠎ᠤᠨ ᠭᠠᠷᠴᠠᠭ ᠵᠢᠴᠢ ᠬᠤᠳᠠᠯᠳᠤᠭᠠᠨ᠎ᠤ ᠳᠠᠭ᠋ᠠᠳᠬᠠᠯ᠎ᠤᠨ ᠱᠢᠨ᠎ᠡ᠎ᠶ᠋ᠢ ᠡᠭᠦᠳᠬᠦ᠌ ᠡᠮ᠎ᠤᠨ ᠵᠦᠢ᠍ᠯ᠎ᠦᠨ ᠭᠠᠷᠴᠠᠭ᠎ᠢ ᠨᠠᠢᠳᠠᠪᠤᠷᠢᠵᠢᠭᠤᠯᠬᠤ ᠶᠠᠪᠤᠴᠠ᠎ᠳᠤ᠂ ᠡᠯ᠎ᠡ ᠭᠠᠵᠠᠷ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠪᠣᠯᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠳ ᠰᠣᠨᠢᠨ ᠮᠡᠳᠡᠭᠡᠨ᠎ᠤ ᠤᠬᠠᠭᠤᠯᠭ᠎ᠠ ᠪᠠ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠎ᠶ᠋ᠢ ᠴᠠᠭ ᠲᠤᠬᠠᠶ᠎ᠳᠤ ᠨᠢ ᠰᠠᠢᠲᠤᠷ ᠬᠢᠵᠦ᠍᠂ ᠡᠮᠨᠡᠯᠭᠡ᠎ᠶ᠋ᠢᠨ ᠠᠵᠢᠯᠲᠠᠨ᠂ ᠭᠠᠷᠲᠠᠨ ᠭᠦᠢᠴᠡᠳᠭᠡᠬᠦ᠌ ᠠᠵᠢᠯᠲᠠᠨ᠎ᠤ ᠪᠣᠯᠪᠠᠰᠤᠷᠠᠯ᠎ᠢ ᠴᠢᠩᠭᠠᠳᠭᠠᠨ᠂ ᠡᠪᠡᠳᠴᠢᠲᠡᠨ ᠪᠠ ᠨᠡᠢᠭᠡᠮ᠎ᠤᠨ ᠠᠩᠬᠠᠷᠤᠯ᠎ᠳᠤ ᠴᠠᠭ ᠲᠤᠬᠠᠶ᠎ᠳᠤ ᠨᠢ ᠬᠠᠷᠢᠭᠤ ᠥᠭ᠌ᠴᠦ᠂ ᠡᠮ᠎ᠤᠨ ᠵᠦᠢᠯ᠎ᠤᠨ ᠭᠠᠷᠴᠠᠭ᠎ᠢ ᠨᠠᠢᠳᠠᠪᠤᠷᠢᠵᠢᠭᠤᠯᠬᠤ᠎ᠶ᠋ᠢ ᠡᠯ᠎ᠡ ᠲᠠᠯ᠎ᠠ᠎ᠪᠠᠷ ᠣᠢᠯᠠᠭᠠᠬᠤ ᠪᠠ ᠳᠡᠮᠵᠢᠬᠦ᠌ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠨ᠎ᠠ᠃ ᠡᠯ᠎ᠡ ᠭᠠᠵᠠᠷ᠎ᠲᠤ ᠭᠠᠷᠴᠠᠭ᠎ᠤᠨ ᠲᠥᠷᠥᠯ ᠵᠦᠢᠯ᠎ᠢ ᠵᠠᠭᠠᠭ᠍ᠯᠠᠨ ᠲᠣᠭ᠍ᠲᠠᠭᠠᠬᠤ᠂ ᠲᠣᠳᠣᠷᠬᠠᠢᠯᠠᠯᠲᠠ᠎ᠶ᠋ᠢᠨ ᠪᠢᠴᠢᠭ ᠪᠤᠶᠤ ᠥᠭ᠌ᠬᠦ ᠬᠡᠪᠴᠢᠶ᠎ᠡ᠎ᠶ᠋ᠢ ᠣᠢᠯᠠᠭᠠᠬᠤ ᠵᠡᠷᠭᠡ ᠲᠠᠯ᠎ᠠ᠎ᠶ᠋ᠢᠨ ᠠᠰᠠᠭᠤᠳᠠᠯ ᠲᠣᠬᠢᠶᠠᠯᠳᠤᠪᠠᠯ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠶᠠᠮᠤᠨ᠎ᠳᠤ ᠴᠠᠭ ᠲᠤᠬᠠᠶ᠎ᠳᠤᠨᠢ ᠬᠠᠷᠢᠭᠤ ᠲᠤᠰᠭᠠᠬᠤ ᠬᠡᠷᠡᠭ᠌ᠲᠡᠶ᠃
2. ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠎ᠤᠨ ᠱᠢᠨ᠎ᠡ᠎ᠶ᠋ᠢ ᠡᠭᠦᠳᠦᠭ᠌ᠰᠡᠨ ᠡᠮ᠎ᠤᠨ ᠵᠦᠢᠯ᠎ᠤᠨ ᠭᠠᠷᠴᠠᠭ ( 2025 ᠣᠨ )
ᠤᠯᠤᠰ᠎ᠤᠨ ᠡᠮᠴᠢᠯᠡᠭᠡᠨ᠎ᠤ ᠪᠠᠳᠤᠯᠠᠭ᠎ᠠ᠎ᠶ᠋ᠢᠨ ᠲᠤᠪᠴᠢᠶ᠎ᠠ
ᠬᠥᠮᠦᠨ᠎ᠦ᠌ ᠬᠦᠴᠦᠨ᠎ᠦ᠌ ᠡᠬᠢ ᠪᠠᠶᠠᠯᠢᠭ ᠪᠠ ᠨᠡᠢᠭᠡᠮ᠎ᠦ᠋ᠨ ᠪᠠᠲᠤᠯᠠᠭ᠎ᠠ᠎ᠶᠢᠨ ᠶᠠᠮᠤᠨ
2025 ᠣᠨ᠎ᠤ 12 ᠳ᠋ᠤᠭ᠋ᠠᠷ ᠰᠠᠷ᠎ᠠ᠎ᠶ᠋ᠢᠨ 5 ᠤ ᠡᠳᠦᠷ