ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠣᠳ ᠬᠠᠷᠢᠶ᠎ᠠ ᠬᠣᠲᠠ ᠵᠢᠴᠢ ᠱᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠳᠤ᠄
ᠪᠥᠬᠦ᠌ ᠤᠯᠤᠰ᠎ᠤᠨ ᠡᠮᠴᠢᠯᠡᠭᠡᠨ᠎ᠦ ᠪᠠᠲᠣᠯᠠᠭ᠎ᠠ᠎ᠶᠢᠨ ᠰᠠᠭᠤᠷᠢ ᠮᠥᠩᠭᠦ᠎ᠶ᠋ᠢᠨ ᠬᠠᠮᠢᠶᠠᠷᠤᠯᠲᠠ᠎ᠶ᠋ᠢᠨ ᠲᠣᠪᠤᠢᠮ᠎ᠠ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ ᠠᠵᠢᠯ᠎ᠤᠨ ᠱᠠᠭᠠᠷᠳᠠᠯᠭ᠎ᠠ᠎ᠶ᠋ᠢ ᠲᠣᠭᠣᠰᠢᠯᠠᠭᠣᠯᠣᠨ ᠨᠠᠢᠳᠠᠪᠤᠷᠢᠵᠢᠭᠤᠯᠵᠤ᠂ ᠡᠬᠢ ᠡᠭᠦᠰᠦᠯ᠎ᠠᠴᠠ᠎ᠨᠢ ᠵᠠᠰᠠᠬᠤ᠎ᠶ᠋ᠢ ᠴᠢᠩᠭ᠋ᠠᠷᠠᠭᠤᠯᠬᠤ᠎ᠶ᠋ᠢᠨ ᠲᠤᠰᠠᠳᠠ᠂ ᠡᠳᠦᠭᠡ ᠬᠡᠮᠵᠢᠶ᠎ᠡ᠎ᠡᠴᠡ ᠬᠡᠲᠦᠷᠡᠲᠡᠯ᠎ᠡ ᠡᠮ ᠬᠤᠳᠠᠯᠳᠤᠬᠤ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠴᠢᠩᠭᠠᠳᠭᠠᠬᠤ ᠲᠤᠬᠠᠶ ᠳᠣᠤᠷᠠᠬᠢ ᠮᠡᠲᠦ ᠮᠡᠳᠡᠭ᠌ᠳᠡᠶ᠎ᠡ᠄
ᠨᠢᠭᠡ ᠂ ᠬᠠᠷᠠᠯᠲᠠ ᠡᠭᠦᠷᠭᠡ
ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢᠨ ᠲᠤᠷᠰᠢᠯᠲᠠ᠎ᠶᠢᠨ ᠴᠡᠭ᠎ᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ᠂ ᠪᠥᠬᠦ᠌ ᠤᠯᠤᠰ᠎ᠤᠨ ᠨᠢᠭᠡᠳᠦᠯᠲᠡᠶ ᠡᠮᠴᠢᠯᠡᠭᠡᠨ᠎ᠤ ᠳᠠᠭᠠᠳᠭᠠᠯ᠎ᠤᠨ ᠮᠡᠳᠡᠭᠡ ᠵᠠᠩᠭᠢ᠎ᠶ᠋ᠢᠨ ᠲᠠᠪᠴᠠᠩ᠎ᠳᠤ ᠲᠦᠱᠢᠭ᠌ᠯᠡᠨ᠂ ᠬᠡᠮᠵᠢᠶ᠎ᠡ᠎ᠠᠴᠠ ᠬᠡᠲᠦᠷᠡᠭᠦᠯᠦᠨ ᠡᠮ ᠬᠣᠳᠠᠯᠳᠣᠬᠣ ᠠᠰᠠᠭᠤᠳᠠᠯ᠎ᠤᠨ ᠣᠶᠤᠨᠴᠢ ᠬᠢᠨᠠᠯᠲᠠ ᠬᠠᠮᠢᠶᠠᠷᠤᠯᠲᠠ᠎ᠶ᠋ᠢ ᠱᠢᠭ᠌ᠰᠢᠨ ᠪᠠᠢᠴᠠᠭᠠᠵᠤ ᠤᠷᠢᠳᠴᠢᠯᠠᠨ ᠰᠡᠷᠡᠮᠵᠢᠯᠡᠭᠦᠯᠬᠦ᠌ ᠲᠦᠷᠢᠮ᠎ᠢ ᠪᠠᠢᠭᠤᠯᠤᠨ ᠪᠦᠷᠢᠨᠱᠢᠬᠦᠯᠵᠦ᠍᠂ ᠬᠢᠨᠠᠯᠲᠠ ᠬᠠᠮᠢᠶᠠᠷᠤᠯᠲᠠ᠎ᠶ᠋ᠢᠨ ᠪᠣᠭᠤᠮᠲᠠ᠎ᠶ᠋ᠢ ᠤᠷᠤᠭ᠍ᠰᠢ ᠱᠢᠯᠵᠢᠭᠦᠯᠬᠦ᠌᠎ᠶ᠋ᠢ ᠠᠬᠢᠭᠤᠯᠤᠨ᠂ ᠨᠠᠩ ᠨᠢᠭ᠍ᠲᠠ ᠴᠢᠩᠭ᠎ᠠ ᠬᠦᠴᠦᠲᠡᠶ ᠡᠮᠴᠢᠯᠡᠭᠡᠨ᠎ᠤ ᠪᠠᠳᠣᠯᠠᠭ᠎ᠠ᠎ᠶᠢᠨ ᠰᠠᠭᠤᠷᠢ ᠮᠥᠩᠭᠦ᠎ᠶ᠋ᠢᠨ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠲᠣᠭᠲᠠᠯᠴᠠᠭ᠎ᠠ᠎ᠶᠢ ᠪᠠᠢᠭᠤᠯᠵᠤ᠂ ᠡᠮᠴᠢᠯᠡᠭᠡᠨ᠎ᠤ ᠪᠠᠲᠣᠯᠠᠭ᠎ᠠ᠎ᠶᠢᠨ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠪᠠᠲᠤ ᠰᠠᠬᠢᠨ᠎ᠠ᠃ ᠬᠠᠮᠢᠶ᠎ᠠ ᠪᠦᠬᠦᠢ ᠠᠵᠢᠯ᠎ᠢ ᠭᠤᠷᠪᠠᠨ ᠱᠠᠲᠤ ᠬᠤᠪᠢᠶᠠᠨ ᠠᠬᠢᠭᠤᠯᠬᠤ ᠬᠡᠷᠡᠭ᠌ᠲᠡᠶ᠄
( ᠨᠢᠭᠡ ) ᠲᠣᠷᠰᠢᠯᠲᠠ᠎ᠶᠢᠨ ᠴᠡᠭ᠎ᠢ ᠦᠷᠨᠢᠬᠦᠯᠵᠦ᠍᠂ ᠲᠣᠷᠱᠢᠯᠭ᠎ᠠ᠎ᠶ᠋ᠢ ᠬᠠᠢᠨ ᠰᠦᠪᠡᠭ᠌ᠴᠢᠯᠡᠨ᠎ᠠ᠃ 2025 ᠣᠨ᠎ᠤ 12 ᠳ᠋ᠤᠭᠠᠷ ᠰᠠᠷ᠎ᠠ᠎ᠶ᠋ᠢᠨ ᠰᠡᠭᠦᠯᠴᠢ᠎ᠠᠴᠠ ᠡᠮᠦᠨ᠎ᠡ᠂ ᠪᠥᠬᠦ᠌ ᠤᠯᠤᠰ᠎ᠤᠨ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠤ᠎ᠬᠢᠨ ᠨᠠᠭ᠋ᠠᠲᠤ ᠵᠠᠬ᠎ᠠ᠎ᠳᠤ᠎ᠪᠠᠨ 50 ᠵᠦᠶ᠋ᠯ᠎ᠤᠨ ᠭᠤᠤᠯᠳᠠᠯᠭ᠎ᠠ᠎ᠲᠠᠢ ᠬᠢᠨᠠᠨ ᠬᠡᠮᠵᠢᠯᠲᠡ᠎ᠳᠤ ᠠᠮᠠᠷᠬᠠᠨ ᠫᠠᠨᠽᠠᠯᠠᠨ ᠪᠣᠴᠠᠭ᠋ᠠᠬᠣ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠶ᠋ᠯ᠎ᠢ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠬᠠᠮᠤᠷᠬᠤ ᠬᠡᠪᠴᠢᠶᠡᠨ᠎ᠳᠤ ᠣᠷᠣᠭᠣᠯᠣᠨ᠎ᠠ᠃
( ᠬᠤᠶᠠᠷ ) ᠪᠦᠬᠦ᠌ ᠮᠤᠵᠢ ᠪᠠᠷ ᠳᠡᠯᠭᠡᠷᠡᠭᠦᠯᠵᠦ᠂ ᠠᠯᠬᠤᠮ ᠠᠯᠬᠤᠮ᠎ᠢᠶᠠᠷ ᠪᠦᠷᠬᠦᠭᠦᠯᠦᠨ᠎ᠡ᠃ 2026 ᠣᠨ᠎ᠤ 6 ᠳ᠋ᠤᠭ᠋ᠠᠷ ᠰᠠᠷ᠎ᠠ᠎ᠶ᠋ᠢᠨ ᠰᠡᠭᠦᠯᠴᠢ᠎ᠠᠴᠠ ᠡᠮᠦᠨ᠎ᠡ᠂ ᠪᠥᠬᠦ᠌ ᠤᠯᠤᠰ᠎ᠤᠨ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ ᠵᠢᠴᠢ ᠪᠢᠩᠲ᠋ᠤᠸᠠᠨ᠎ᠤ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ ᠨᠠᠭᠠᠳᠤ ᠵᠠᠬ᠎ᠠ᠎ᠳᠤ᠎ᠪᠠᠨ 100 ᠵᠦᠢᠯ᠎ᠤᠨ ᠭᠤᠤᠯᠳᠠᠯᠭ᠎ᠠ᠎ᠲᠠᠢ ᠬᠢᠨᠠᠨ ᠬᠡᠮᠵᠢᠯᠲᠡ᠎ᠳᠤ ᠠᠮᠠᠷᠬᠠᠨ ᠫᠠᠨᠽᠠᠯᠠᠨ ᠪᠣᠴᠠᠭ᠋ᠠᠬᠤ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠢ ᠣᠶᠤᠨᠴᠢ ᠬᠢᠨᠠᠨ ᠬᠠᠮᠢᠶᠠᠷᠤᠯᠲᠠ᠎ᠶ᠋ᠢᠨ ᠬᠠᠮᠤᠷᠬᠤ ᠬᠡᠪᠴᠢᠶᠡᠨ᠎ᠳᠤ ᠣᠷᠣᠭᠣᠯᠣᠨ᠎ᠠ᠃
( ᠭᠤᠷᠪᠠ ) ᠪᠦᠬᠦ᠌ ᠲᠠᠯ᠎ᠠ᠎ᠪᠠᠷ ᠬᠡᠷᠡᠭ᠌ᠯᠡᠵᠦ᠍᠂ ᠲᠣᠭ᠍ᠲᠠᠴᠠ᠎ᠶ᠋ᠢ ᠪᠦᠷᠢᠯᠳᠦᠭᠦᠯᠦᠨ᠎ᠡ᠃ 2026 ᠣᠨ᠎ᠤ 12 ᠳ᠋ᠤᠭᠠᠷ ᠰᠠᠷ᠎ᠠ᠎ᠶ᠋ᠢᠨ ᠰᠡᠭᠦᠯᠴᠢ᠎ᠠᠴᠠ ᠡᠮᠦᠨ᠎ᠡ᠂ ᠪᠥᠬᠦ᠌ ᠤᠯᠤᠰ᠎ᠤᠨ ᠡᠯ᠎ᠡ ᠱᠠᠲᠤᠨ᠎ᠤ ᠡᠮᠴᠢᠯᠡᠭᠡᠨ᠎ᠤ ᠪᠠᠲᠣᠯᠠᠭ᠎ᠠ᠎ᠶᠢᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯᠡᠰ᠎ᠢ ᠭᠤᠤᠯᠳᠠᠯᠭ᠎ᠠ᠎ᠲᠠᠢ ᠬᠢᠨᠠᠨ ᠬᠡᠮᠵᠢᠵᠦ᠍ ᠫᠠᠨᠽᠠᠯᠠᠨ ᠪᠣᠴᠠᠭ᠋ᠠᠬᠤ ᠣᠶᠤᠨᠴᠢ ᠬᠢᠨᠠᠯᠲᠠ ᠬᠠᠮᠢᠶᠠᠷᠤᠯᠲᠠ᠎ᠶ᠋ᠢ ᠨᠡᠢᠳᠡᠮ ᠪᠦᠷᠬᠦᠭᠦᠯᠬᠦ᠌᠎ᠶ᠋ᠢ ᠪᠡᠶᠡᠯᠡᠭᠦᠯᠵᠦ᠍᠂ ᠪᠥᠬᠦ᠌ ᠤᠯᠤᠰ᠎ᠲᠤ ᠨᠢᠭᠡᠳᠦᠯᠲᠡᠶ ᠵᠢᠷᠤᠮᠵᠢᠭ᠍ᠰᠠᠨ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠲᠦᠷᠢᠮ᠎ᠢ ᠪᠣᠶ ᠪᠣᠯᠭᠠᠵᠤ᠂ ᠳ᠋ᠠᠢ᠌ᠲ᠋ᠠ᠎ᠶ᠋ᠢ ᠱᠢᠭ᠌ᠰᠢᠨ ᠪᠠᠢᠴᠠᠭᠠᠬᠤ᠂ ᠰᠠᠨᠠᠭᠤᠯᠤᠨ ᠣᠷᠢᠳᠴᠢᠯᠠᠨ ᠰᠡᠷᠡᠮᠵᠢᠯᠡᠭᠦᠯᠬᠦ᠂ ᠪᠠᠢᠴᠠᠭᠠᠨ ᠱᠢᠢᠳᠪᠦᠷᠢᠯᠡᠵᠦ᠍ ᠵᠠᠯᠬᠠᠭᠠᠨ ᠱᠢᠢᠳᠭᠡᠬᠦ᠌᠎ᠶ᠋ᠢ ᠪᠦᠲᠦᠮᠵᠢᠲᠡᠶ ᠵᠣᠯᠭᠠᠭᠤᠯᠬᠤ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃
ᠬᠤᠶᠠᠷ᠂ ᠭᠤᠤᠯᠳᠠᠯᠭ᠎ᠠ᠎ᠶ᠋ᠢ ᠲᠤᠪᠤᠢᠯᠭᠠᠬᠤ
( ᠨᠢᠭᠡ ) ᠭᠤᠷᠪᠠᠨ ᠲᠠᠯ᠎ᠠ᠎ᠶ᠋ᠢᠨ ᠭᠤᠣᠯᠳᠠᠯᠭ᠎ᠠ᠎ᠶ᠋ᠢ ᠴᠢᠩᠭ᠎ᠠ ᠠᠳᠭᠤᠨ᠎ᠠ᠃
ᠭᠤᠷᠪᠠᠨ ᠲᠥᠷᠥᠯ᠎ᠤᠨ ᠭᠤᠤᠯᠳᠠᠯᠭ᠎ᠠ᠎ᠲᠠᠢ ᠡᠮᠴᠢᠯᠡᠭᠡᠨ᠎ᠦ ᠳᠠᠭᠠᠳᠭᠠᠯ᠎ᠤᠨ ᠡᠮ᠎ᠤᠨ ᠵᠦᠢᠯ᠎ᠢ ᠴᠢᠩᠭ᠎ᠠ ᠠᠳᠭᠤᠨ᠎ᠠ᠃ ᠨᠢᠭᠡ᠎ᠳᠤ᠂ ᠬᠠᠤᠯᠢ ᠲᠣᠭ᠍ᠲᠠᠭᠠᠯ᠎ᠠᠴᠠ ᠵᠥᠷᠢᠴᠡᠨ ᠡᠮᠴᠢᠯᠡᠭᠡᠨ᠎ᠦ ᠪᠠᠲᠣᠯᠠᠭ᠎ᠠ᠎ᠶᠢᠨ ᠰᠠᠭᠤᠷᠢ ᠮᠥᠩᠭᠦ᠎ᠶ᠋ᠢ ᠬᠡᠷᠡᠭ᠌ᠯᠡᠭ᠌ᠰᠡᠨ ᠬᠡᠷᠡᠭ᠎ᠢ ᠪᠠᠢᠴᠠᠭᠠᠨ ᠱᠢᠢᠳᠪᠦᠷᠢᠯᠡᠬᠦ᠌ ᠳᠤᠮᠳᠠ ᠣᠯᠠᠨᠲᠠ ᠬᠤᠯᠪᠣᠭ᠍ᠳᠠᠭ᠍ᠰᠠᠨ ᠭᠤᠤᠯᠳᠠᠯᠭ᠎ᠠ᠎ᠲᠠᠢ ᠡᠮ᠎ᠤᠨ ᠵᠦᠢᠯ; ᠬᠤᠶᠠᠷ᠎ᠲᠤ ᠰᠠᠭᠤᠷᠢ ᠮᠥᠩᠭᠦ ᠥᠭᠬᠦ ᠵᠣᠭᠤᠰ᠎ᠤᠨ ᠲᠤᠭ᠎ᠠ᠎ᠨᠢ ᠨᠡᠯᠢᠶᠡᠳ ᠥᠨᠳᠥᠷ᠂ ᠨᠡᠷᠡᠰ᠎ᠤᠨ ᠵᠢᠭ᠍ᠰᠠᠭᠠᠯᠲᠠ᠎ᠨᠢ ᠡᠮᠤᠨᠡᠭᠦᠷ᠂ ᠢᠯᠠᠩᠭᠤᠶ᠎ᠠ ᠰᠠᠭᠤᠷᠢ ᠮᠥᠩᠭᠦ᠎ᠶ᠋ᠢᠨ ᠵᠠᠷᠤᠯᠭ᠎ᠠ᠎ᠶ᠋ᠢᠨ ᠬᠡᠪ᠎ᠤᠨ ᠪᠤᠰᠤ ᠨᠡᠮᠡᠭ᠌ᠳᠡᠯ᠎ᠤᠨ ᠭᠤᠤᠯᠳᠠᠯᠭ᠎ᠠ᠎ᠲᠠᠢ ᠡᠮ᠎ᠤᠨ ᠵᠦᠢᠯᠡᠰ᠎ᠢ ᠨᠢᠭᠡᠳᠦᠯᠲᠡᠶ ᠲᠥᠯᠥᠪᠯᠡᠨ᠎ᠡ; ᠭᠤᠷᠪᠠ᠎ᠳᠤ᠂ ᠫᠠᠨᠽᠠᠯᠠᠬᠤ ᠬᠡᠷᠡᠭ᠌ᠴᠡᠭᠡᠨ᠎ᠤ ᠬᠡᠮᠵᠢᠶ᠎ᠡ ᠥᠨᠳᠥᠷ᠂ ᠠᠱᠢᠭ ᠤᠯᠬᠤ ᠣᠷᠣᠨ ᠵᠠᠶ ᠶᠡᠭᠡ ᠭᠤᠤᠯᠳᠠᠯᠭ᠎ᠠ᠎ᠲᠠᠢ ᠡᠮ᠎ᠤᠨ ᠵᠦᠢᠯ᠃ ᠤᠯᠤᠰ᠎ᠤ᠋ᠨ ᠡᠮᠴᠢᠯᠡᠭᠡᠨ᠎ᠦ ᠪᠠᠲᠣᠯᠠᠭ᠎ᠠ᠎ᠶᠢᠨ ᠲᠣᠪᠴᠢᠶ᠎ᠠ ᠭᠣᠣᠯᠳᠠᠯᠭ᠎ᠠ᠎ᠲᠠᠢ ᠬᠢᠨᠠᠨ ᠬᠡᠮᠵᠢᠯᠲᠡ᠎ᠪᠡᠷ ᠠᠮᠠᠷᠬᠠᠨ ᠫᠠᠨᠽᠠᠯᠠᠨ ᠪᠣᠴᠠᠭ᠋ᠠᠬᠣ ᠡᠮᠴᠢᠯᠡᠭᠡᠨ᠎ᠦ ᠳᠠᠭᠠᠳᠭᠠᠯ᠎ᠤ᠋ᠨ ᠡᠮ᠎ᠦ᠋ᠨ ᠵᠦᠢᠯ᠎ᠦ᠋ᠨ ᠨᠠᠷᠢᠨ ᠳᠠᠩᠰᠠ᠎ᠶᠢ ᠲᠣᠭ᠍ᠲᠠᠭᠠᠵᠤ᠂ ᠡᠯ᠎ᠡ ᠭᠠᠵᠠᠷ᠎ᠤ᠋ᠨ ᠡᠮᠴᠢᠯᠡᠭᠡᠨ᠎ᠦ ᠪᠠᠲᠣᠯᠠᠭ᠎ᠠ᠎ᠶᠢᠨ ᠰᠠᠯᠠᠭ᠎ᠠ ᠮᠥᠴᠢᠷ᠎ᠲᠦ᠍ ᠬᠠᠩᠭ᠋ᠠᠨ ᠯᠠᠪᠯᠠᠯᠲᠠ ᠪᠣᠯᠭᠠᠨ᠎ᠠ ᠃
ᠭᠤᠷᠪᠠᠨ ᠵᠦᠢᠯ᠎ᠤᠨ ᠭᠤᠤᠯᠳᠠᠯᠭ᠎ᠠ᠎ᠲᠠᠢ ᠬᠡᠪ᠎ᠤᠨ ᠪᠤᠰᠤ ᠠᠵᠢᠯᠯᠠᠭ᠎ᠠ᠎ᠶ᠋ᠢ ᠴᠢᠩᠭ᠎ᠠ ᠠᠳᠭᠤᠨ᠎ᠠ᠃ ᠨᠢᠭᠡ᠎ᠳᠤ᠂ ᠵᠣᠬᠢᠬᠤ ᠬᠤᠭᠤᠴᠠᠭᠠᠨ᠎ᠤ ᠳᠣᠲᠣᠷ᠎ᠠ ᠵᠦᠶ ᠶᠣᠰᠣᠨ᠎ᠤ ᠱᠢᠯᠲᠠᠭᠠᠨ ᠥᠬᠡᠶ᠎ᠪᠠᠷ ᠡᠮᠴᠢᠯᠡᠭᠡᠨ᠎ᠤ ᠵᠦᠶ ᠵᠣᠬᠢᠰᠲᠠᠶ ᠡᠮ ᠬᠡᠷᠡᠭ᠌ᠯᠡᠬᠦ᠌ ᠬᠡᠪᠴᠢᠶ᠎ᠡ᠎ᠠᠴᠠ ᠬᠡᠲᠦᠷᠡᠭᠦᠯᠦᠨ ᠡᠮ ᠬᠤᠳᠠᠯᠳᠤᠨ ᠠᠪᠤᠭ᠍ᠰᠠᠨ ᠦᠢᠯᠡ ᠠᠵᠢᠯᠯᠠᠭ᠎ᠠ; ᠬᠤᠶᠠᠷ᠎ᠲᠤ᠂ ᠣᠬᠤᠷᠬᠠᠨ ᠬᠤᠭᠤᠴᠠᠭᠠᠨ᠎ᠤ ᠳᠣᠲᠣᠷ᠎ᠠ ᠡᠪᠡᠳᠴᠢᠨ᠎ᠤ ᠪᠠᠢᠳᠠᠯ ᠪᠠ ᠡᠮ ᠬᠡᠷᠡᠭ᠌ᠯᠡᠬᠦ᠌ ᠬᠡᠷᠡᠭ᠌ᠴᠡᠭᠡ ᠢᠯᠡᠳᠲᠡ ᠬᠤᠪᠢᠷᠠᠯᠲᠠ ᠥᠬᠡᠶ ᠪᠠᠢᠳᠠᠯ ᠳᠣᠤᠷ᠎ᠠ ᠪᠠᠢᠭᠤᠯᠤᠮᠵᠢ ᠠᠯᠤᠰᠯᠠᠨ ᠳᠠᠬᠢᠨ ᠳᠠᠪᠲᠠᠨ ᠡᠮ ᠬᠤᠳᠠᠯᠳᠤᠨ ᠠᠪᠬᠤ ᠦᠢᠯᠡ ᠠᠵᠢᠯᠯᠠᠭ᠎ᠠ; ᠭᠤᠷᠪᠠ᠎ᠳᠤ᠂ ᠣᠬᠤᠷᠬᠠᠨ ᠬᠤᠭᠤᠴᠠᠭᠠᠨ᠎ᠤ ᠳᠣᠲᠣᠷ᠎ᠠ ᠤᠯᠠᠨᠲᠠ ᠡᠮ ᠬᠤᠳᠠᠯᠳᠤᠨ ᠠᠪᠬᠤ᠂ ᠪᠤᠰᠤᠳ᠎ᠤᠨ ᠨᠡᠷ᠎ᠡ᠎ᠪᠡᠷ ᠡᠮ ᠬᠤᠳᠠᠯᠳᠤᠨ ᠠᠪᠬᠤ ᠵᠡᠷᠭᠡ ᠬᠡᠪ᠎ᠤᠨ ᠪᠤᠰᠤ᠎ᠪᠠᠷ ᠡᠮ ᠬᠤᠳᠠᠯᠳᠤᠨ ᠠᠪᠬᠤ ᠦᠢᠯᠡ ᠠᠵᠢᠯᠯᠠᠭ᠎ᠠ᠃
ᠭᠤᠷᠪᠠᠨ ᠲᠦᠷᠦᠯ᠎ᠤᠨ ᠭᠤᠣᠯᠳᠠᠯᠭ᠎ᠠ᠎ᠲᠠᠢ ᠪᠠᠢᠭᠤᠯᠤᠮᠵᠢ ᠪᠠ ᠠᠵᠢᠯᠲᠠᠨ᠎ᠢ ᠴᠢᠩᠭ᠎ᠠ ᠠᠳᠭᠤᠨ᠎ᠠ᠃ ᠨᠢᠭᠡ᠎ᠳᠤ᠂ ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ᠎ᠢ ᠠᠱᠢᠭ᠍ᠯᠠᠨ ᠡᠮ ᠬᠤᠳᠠᠯᠳᠤᠬᠤ᠂ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠶ᠋ᠯ᠎ᠢ ᠱᠢᠯᠵᠢᠭᠦᠯᠦᠨ ᠬᠤᠳᠠᠯᠳᠤᠬᠤ᠎ᠪᠠᠷ ᠰᠡᠵᠢᠭ᠌ᠯᠡᠭ᠌ᠳᠡᠭ᠌ᠰᠡᠨ ᠳᠠᠭᠠᠳᠭᠠᠯ᠎ᠳᠤ ᠣᠷᠣᠯᠴᠠᠭ᠍ᠰᠠᠳ; ᠬᠤᠶᠠᠷ᠎ᠲᠤ᠂ ᠡᠮ᠎ᠢ ᠬᠡᠮᠵᠢᠶ᠎ᠡ᠎ᠠᠴᠠ ᠬᠡᠲᠦᠷᠡᠭᠦᠯᠦᠨ ᠬᠤᠳᠠᠯᠳᠤᠬᠤ ᠣᠢ᠌ᠯᠡ ᠠᠵᠢᠯᠯᠠᠭ᠎ᠠ ᠲᠥᠪᠯᠡᠷᠡᠭᠰᠡᠨ ᠴᠡᠭ ᠲᠣᠭᠲᠠᠭ᠋ᠠᠭᠰᠠᠨ ᠡᠮ ᠡᠮᠨᠡᠯᠭᠡ᠎ᠶ᠋ᠢᠨ ᠪᠠᠢᠭᠤᠯᠤᠮᠵᠢ ᠵᠢᠴᠢ ᠲᠡᠭᠦᠨ᠎ᠤ ᠰᠠᠯᠠᠭ᠎ᠠ ᠲᠠᠰᠤᠭ; ᠭᠤᠷᠪᠠ᠎ᠳᠤ᠂ ᠪᠤᠰᠤᠳ᠎ᠢ ᠬᠠᠪᠰᠣᠷᠣᠨ᠂ ᠬᠥᠲᠥᠯᠥᠨ ᠵᠢᠯᠣᠭᠤᠳᠴᠤ᠌ ᠪᠠᠢᠭᠠᠳ ᠲᠣᠭ᠍ᠲᠠᠭᠠᠯ᠎ᠢ ᠵᠥᠷᠢᠴᠡᠨ ᠬᠡᠮᠵᠢᠶ᠎ᠡ᠎ᠠᠴᠠ ᠬᠡᠲᠦᠷᠡᠭᠦᠯᠦᠨ ᠡᠮ ᠬᠤᠳᠠᠯᠳᠣᠬᠣ᠂ ᠳᠠᠬᠢᠨ ᠳᠠᠪᠲᠠᠨ ᠡᠮ ᠬᠤᠳᠠᠯᠳᠣᠬᠣ᠂ ᠪᠣᠰᠣᠳ᠎ᠤᠨ ᠨᠡᠷ᠎ᠡ᠎ᠪᠡᠷ ᠡᠮ ᠬᠣᠳᠠᠯᠳᠣᠭᠰᠠᠨ ᠰᠡᠵᠢᠭᠯᠡᠯᠲᠡᠢ ᠡᠮᠨᠡᠯᠭᠡ᠎ᠶᠢᠨ ᠠᠵᠢᠯᠲᠠᠨ ᠪᠣᠯᠤᠨ᠎ᠠ᠃
( ᠬᠤᠶᠠᠷ ) ᠭᠤᠷᠪᠠᠨ ᠲᠠᠯ᠎ᠠ᠎ᠶ᠋ᠢᠨ ᠭᠤᠤᠯᠳᠠᠯᠭ᠎ᠠ᠎ᠲᠠᠢ ᠠᠵᠢᠯ᠎ᠢ ᠰᠠᠢᠲᠤᠷ ᠬᠢᠨ᠎ᠠ᠃
ᠨᠢᠭᠡ᠎ᠳᠤ᠂ ᠳ᠋ᠠᠢ᠌ᠲ᠋ᠠ᠎ᠶ᠋ᠢᠨ ᠰᠢᠭᠰᠢᠨ ᠪᠠᠢᠴᠠᠭᠠᠯᠲᠠ᠎ᠶ᠋ᠢᠨ ᠵᠠᠳᠠᠯᠤᠯᠲᠠ᠎ᠶ᠋ᠢ ᠴᠢᠩᠭᠠᠳᠭᠠᠨ᠎ᠠ᠃ ᠡᠯ᠎ᠡ ᠲᠥᠷᠥᠯ᠎ᠤᠨ ᠲᠣᠮᠣ ᠳ᠋ᠠᠢᠲ᠋ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠠᠭ᠍ᠪᠤᠷ᠎ᠢ ᠪᠠᠢᠭᠤᠯᠵᠤ᠂ ᠡᠮ᠎ᠤᠨ ᠵᠤᠢᠯ᠎ᠤᠨ ᠮᠥᠷᠳᠡᠨ ᠨᠡᠭᠡᠮᠵᠢᠯᠡᠬᠦ ᠺᠣᠳ᠋᠎ᠤᠨ ᠮᠡᠳᠡᠭᠡ ᠵᠠᠩᠭᠢ᠎ᠶ᠋ᠢ ᠰᠠᠢᠲᠤᠷ ᠬᠡᠷᠡᠭ᠌ᠯᠡᠨ᠂ ᠰᠡᠵᠢᠭ᠌ᠲᠡᠶ ᠠᠰᠠᠭᠤᠳᠠᠯ᠎ᠤᠨ ᠰᠦᠪᠡᠭ᠌ᠴᠢ᠎ᠶ᠋ᠢ ᠱᠢᠭ᠌ᠰᠢᠨ ᠪᠠᠢᠴᠠᠭᠠᠬᠤ᠎ᠪᠠᠷ ᠳᠠᠮᠵᠢᠭᠤᠯᠤᠨ᠂ ᠠᠮᠠᠷᠬᠠᠨ ᠫᠠᠨᠽᠠᠯᠠᠨ ᠪᠣᠴᠠᠭ᠋ᠠᠬᠤ ᠭᠤᠤᠯᠳᠠᠯᠭ᠎ᠠ᠎ᠲᠠᠢ ᠡᠮ᠎ᠤᠨ ᠵᠤᠢᠯ᠎ᠤᠨ ᠨᠠᠷᠢᠨ ᠳᠠᠩᠰᠠ ᠶ᠋ᠢ ᠲᠣᠭ᠍ᠲᠠᠭᠠᠵᠤ᠂ ᠬᠡᠮᠵᠢᠶ᠎ᠡ᠎ᠠᠴᠠ ᠬᠡᠲᠦᠷᠡᠭᠦᠯᠦᠨ ᠡᠮ ᠬᠤᠳᠠᠯᠳᠣᠬᠣ᠂ ᠳᠠᠬᠢᠨ ᠳᠠᠪᠲᠠᠨ ᠡᠮ ᠬᠣᠳᠠᠯᠳᠣᠬᠣ᠂ ᠣᠯᠠᠨᠲᠠ ᠡᠮ ᠬᠣᠳᠠᠯᠳᠣᠬᠣ ᠵᠡᠷᠭᠡ ᠬᠡᠪ᠎ᠤᠨ ᠪᠤᠰᠤ᠎ᠪᠠᠷ ᠡᠮ ᠬᠤᠳᠠᠯᠳᠤᠨ ᠠᠪᠬᠤ ᠦᠢᠯᠡ ᠠᠵᠢᠯᠯᠠᠭ᠎ᠠ᠎ᠶ᠋ᠢ ᠲᠣᠲᠤᠷᠬᠠᠢᠯᠠᠵᠤ᠂ ᠲᠣᠭ᠍ᠲᠠᠭᠠᠯ᠎ᠠᠴᠠ ᠵᠥᠷᠢᠴᠡᠭ᠌ᠰᠡᠨ ᠴᠡᠭ ᠲᠣᠭᠲᠠᠭ᠋ᠠᠭᠰᠠᠨ ᠡᠮ ᠡᠮᠨᠡᠯᠭᠡ᠎ᠶ᠋ᠢᠨ ᠪᠠᠢᠭᠤᠯᠤᠮᠵᠢ ᠪᠠ ᠳᠠᠭᠠᠳᠭᠠᠯ᠎ᠳᠤ ᠣᠷᠣᠯᠴᠠᠭ᠍ᠰᠠᠳ᠎ᠲᠤ ᠨᠠᠷᠢᠯᠢᠭ ᠤᠨᠣᠪᠴᠢᠲᠠᠢ 《 ᠵᠢᠷᠤᠮᠠᠯ ᠬᠦᠷᠦᠭ 》 ᠬᠢᠨ᠎ᠡ᠃ ᠲᠣᠮᠣ ᠳ᠋ᠠᠢᠲ᠋ᠠ᠎ᠶ᠋ᠢ ᠱᠢᠭ᠌ᠰᠢᠨ ᠪᠠᠢᠴᠠᠭᠠᠵᠤ ᠵᠠᠳᠠᠯᠬᠤ᠎ᠪᠠᠷ ᠰᠡᠵᠢᠭ᠌ᠯᠡᠭ᠌ᠳᠡᠭ᠌ᠰᠡᠨ ᠡᠮᠴᠢᠯᠡᠭᠡᠨ᠎ᠤ ᠳᠠᠭᠠᠳᠭᠠᠯ᠎ᠤᠨ ᠬᠠᠷᠠᠭ᠋ᠠᠯᠵᠠᠯ᠎ᠢ ᠠᠱᠢᠭ᠍ᠯᠠᠨ ᠬᠡᠮᠵᠢᠶ᠎ᠡ᠎ᠠᠴᠠ᠎ᠨᠢ ᠬᠡᠲᠦᠷᠡᠭᠦᠯᠦᠨ ᠡᠮ ᠬᠤᠳᠠᠯᠳᠤᠬᠤ᠂ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠢ ᠱᠢᠯᠵᠢᠭᠦᠯᠦᠨ ᠬᠤᠳᠠᠯᠳᠤᠭ᠍ᠰᠠᠨ ᠰᠡᠵᠢᠭ᠌ᠯᠡᠯᠲᠡᠶ ᠳᠠᠭᠠᠳᠭᠠᠯ᠎ᠳᠤ ᠣᠷᠣᠯᠴᠠᠭ᠍ᠰᠠᠳ᠂ ᠲᠣᠭ᠍ᠲᠠᠭᠠᠯ᠎ᠠᠴᠠ ᠵᠥᠷᠢᠴᠡᠨ ᠡᠮ ᠬᠣᠳᠠᠯᠳᠣᠭᠰᠠᠨ ᠴᠡᠭ ᠲᠣᠭᠲᠠᠭ᠋ᠠᠭᠰᠠᠨ ᠡᠮ ᠡᠮᠨᠡᠯᠭᠡ᠎ᠶ᠋ᠢᠨ ᠪᠠᠢᠭᠤᠯᠤᠮᠵᠢ ᠵᠢᠴᠢ ᠲᠡᠭᠦᠨ᠎ᠤ ᠰᠠᠯᠠᠭ᠎ᠠ ᠲᠠᠰᠤᠭ᠂ ᠡᠮᠨᠡᠯᠭᠡ᠎ᠶ᠋ᠢᠨ ᠠᠵᠢᠯᠲᠠᠨ ᠵᠡᠷᠭᠡ᠎ᠶ᠋ᠢ ᠭᠤᠤᠯᠳᠠᠯᠭ᠎ᠠ᠎ᠲᠠᠢ ᠬᠢᠨᠠᠨ ᠬᠠᠷᠭᠤᠭᠤᠯᠬᠤ ᠬᠢᠨᠠᠨ ᠬᠡᠮᠵᠢᠬᠦ᠌ ᠡᠲᠡᠭᠡᠳ᠎ᠤᠨ ᠬᠡᠪᠴᠢᠶᠡᠨ᠎ᠳᠤ ᠣᠷᠣᠭᠣᠯᠣᠨ᠎ᠠ᠃
ᠬᠤᠶᠠᠷ᠎ᠲᠤ᠌᠂ ᠨᠠᠷᠢᠯᠢᠭ ᠤᠨᠤᠪᠴᠢᠲᠠᠢ᠎ᠪᠠᠷ ᠰᠠᠨᠠᠭᠤᠯᠵᠤ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠴᠢᠩᠭᠠᠳᠭᠠᠨ᠎ᠠ᠃ ᠡᠮᠴᠢᠯᠡᠭᠡᠨ᠎ᠦ ᠳᠠᠭᠠᠳᠭᠠᠯ᠎ᠤᠨ ᠮᠡᠳᠡᠭᠡ ᠵᠠᠩᠭᠢ᠎ᠶ᠋ᠢᠨ ᠲᠠᠪᠴᠠᠩ᠎ᠳᠤ ᠲᠦᠱᠢᠭ᠌ᠯᠡᠨ᠂ ᠰᠡᠷᠡᠮᠵᠢᠯᠡᠭᠦᠯᠵᠦ᠍ ᠤᠷᠢᠳᠴᠢᠯᠠᠨ ᠰᠡᠷᠡᠮᠵᠢᠯᠡᠭᠦᠯᠬᠦ᠌ ᠴᠢᠳᠠᠮᠵᠢ᠎ᠶ᠋ᠢᠨ ᠵᠠᠭᠪᠤᠷ᠎ᠢ ᠪᠠᠢᠭᠤᠯᠵᠤ᠂ ᠵᠠᠳᠠᠯᠵᠤ ᠢᠯᠡᠷᠡᠭᠦᠯᠦᠭ᠌ᠰᠡᠨ ᠬᠡᠪ᠎ᠤᠨ ᠪᠤᠰᠤ ᠡᠮ ᠬᠤᠳᠠᠯᠳᠤᠨ ᠠᠪᠬᠤ ᠠᠵᠢᠯᠯᠠᠭ᠎ᠠ᠎ᠶᠢ ᠴᠡᠭ ᠲᠣᠭᠲᠠᠭ᠋ᠠᠭᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠳᠤ ᠬᠦᠷᠭᠡᠨ᠂ ᠳ᠋ᠠᠢ᠌ᠲ᠋ᠠ᠎ᠶ᠋ᠢ ᠱᠢᠭ᠌ᠰᠢᠨ ᠪᠠᠢᠴᠠᠭᠠᠵᠤ ᠵᠠᠳᠠᠯᠤᠭ᠍ᠰᠠᠨ ᠦᠷ᠎ᠡ ᠳ᠋ᠦᠩ᠎ᠢ ᠬᠡᠷᠡᠭ᠎ᠤᠨ ᠡᠮᠦᠨ᠎ᠡ ᠰᠠᠨᠠᠭᠤᠯᠬᠤ ᠭᠤᠭ᠍ᠴᠤᠭ᠎ᠠ᠎ᠶ᠋ᠢᠨ ᠪᠦᠲᠦᠮᠵᠢᠲᠡᠶ ᠬᠡᠷᠡᠭ᠌ᠯᠡᠯᠲᠡ᠎ᠶ᠋ᠢ ᠪᠡᠶᠡᠯᠡᠭᠦᠯᠵᠦ᠍᠂ ᠰᠡᠷᠡᠮᠵᠢᠯᠡᠭᠦᠯᠵᠦ᠍ ᠤᠷᠢᠳᠴᠢᠯᠠᠨ ᠰᠡᠷᠡᠮᠵᠢᠯᠡᠭᠦᠯᠬᠦ᠌᠎ᠶ᠋ᠢᠨ ᠨᠠᠷᠢᠯᠢᠭ ᠤᠨᠤᠪᠴᠢᠲᠠᠢ ᠴᠢᠨᠠᠷ᠎ᠢ ᠳᠡᠭᠡᠭ᠌ᠰᠢᠯᠡᠭᠦᠯᠦᠨ᠂ ᠢᠯᠭᠠᠨ ᠰᠠᠯᠭᠠᠬᠤ ᠦᠭᠡᠢ᠂ ᠶᠡᠷᠦ᠎ᠶᠢᠨ ᠰᠡᠷᠡᠮᠵᠢᠯᠡᠭᠦᠯᠦᠯ᠎ᠢ ᠦᠷᠨᠢᠭᠦᠯᠵᠦ᠂ ᠬᠢᠨᠠᠨ ᠬᠠᠮᠢᠶᠠᠷᠬᠤ ᠪᠣᠭᠤᠮᠲᠠ᠎ᠶ᠋ᠢ ᠤᠷᠤᠭ᠍ᠰᠢ ᠱᠢᠯᠵᠢᠭᠦᠯᠬᠦ᠂ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ᠌᠎ᠶ᠋ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠬᠢᠨᠠᠨ ᠬᠠᠮᠢᠶᠠᠷᠬᠤ ᠪᠠ ᠬᠢᠨᠠᠨ ᠬᠠᠷᠭᠤᠭᠤᠯᠬᠤ ᠠᠵᠢᠯ᠎ᠤᠨ ᠳᠤᠮᠳᠠ᠂ ᠭᠤᠤᠯᠳᠠᠯᠭ᠎ᠠ᠎ᠲᠠᠢ ᠬᠢᠨᠠᠨ ᠱᠢᠨᠵᠢᠬᠦ᠌ ᠡᠲᠡᠭᠡᠳ᠎ᠲᠤ ᠬᠤᠯᠪᠣᠭ᠍ᠳᠠᠭ᠍ᠰᠠᠨ ᠡᠮᠴᠢᠯᠡᠭᠡᠨ᠎ᠤ ᠳᠠᠭᠠᠳᠭᠠᠯ᠎ᠤᠨ ᠳ᠋ᠦᠩᠨᠡᠨ ᠪᠤᠳᠤᠭ᠍ᠰᠠᠨ ᠪᠠᠷᠢᠮᠲᠠ᠎ᠶ᠋ᠢ ᠭᠤᠤᠯᠳᠠᠯᠭ᠎ᠠ᠎ᠲᠠᠢ ᠬᠢᠨᠠᠨ ᠬᠠᠷᠭᠤᠭᠤᠯᠵᠤ᠂ ᠬᠥᠮᠦᠨ᠎ᠤ ᠬᠦᠴᠦ᠍᠎ᠪᠠᠷ ᠰᠤᠭᠤᠴᠢᠨ ᠪᠠᠢᠴᠠᠭᠠᠬᠤ ᠡᠷᠴᠢᠮ᠎ᠢᠶᠠᠨ ᠴᠢᠩᠭᠠᠷᠠᠭᠤᠯᠤᠨ᠂ ᠨᠡᠯᠢᠶᠡᠳ ᠲᠣᠳᠣᠷᠬᠠᠶ ᠠᠰᠠᠭᠤᠳᠠᠯ᠎ᠤᠨ ᠰᠦᠪᠡᠭ᠌ᠴᠢ᠎ᠳᠤ ᠲᠤᠬᠠᠶ᠎ᠶ᠋ᠢᠨ ᠲᠠᠯᠠᠪᠠᠢ᠎ᠶᠢᠨ ᠪᠠᠢᠴᠠᠭᠠᠯᠲᠠ ᠬᠢᠵᠦ᠍ ᠪᠣᠯᠤᠨ᠎ᠠ᠂ ᠴᠢᠬᠤᠯᠠᠲᠠᠶ ᠦᠶ᠎ᠡ᠎ᠳᠤ ᠲᠤᠰᠭᠠᠶ ᠲᠦᠷᠦᠯ᠎ᠤᠨ ᠨᠢᠰᠦᠯᠲᠡ᠎ᠶ᠋ᠢᠨ ᠪᠠᠢᠴᠠᠭᠠᠯᠲᠠ ᠬᠢᠬᠦ᠌ ᠬᠡᠷᠡᠭ᠌ᠲᠡᠶ᠃
ᠭᠤᠷᠪᠠ᠎ᠳᠤ᠂ ᠪᠠᠢᠴᠠᠭᠠᠨ ᠰᠢᠢ᠍ᠳᠭᠡᠵᠦ ᠵᠠᠯᠬᠠᠭᠠᠨ ᠰᠢᠢ᠍ᠳᠭᠡᠬᠦ ᠶ᠋ᠢ ᠢᠯᠡᠴᠢᠯᠡᠬᠦ᠌ ᠠᠵᠢᠯ᠎ᠢ ᠴᠢᠩᠭ᠋ᠠᠳᠬᠠᠨ᠎ᠠ᠃ ᠠᠭᠣᠴᠢᠯᠠᠬᠤ ᠶᠠᠯᠠᠯᠠᠬᠤ ᠶᠢ ᠬᠤᠣᠰᠯᠠᠭᠤᠯᠵᠤ᠂ ᠰᠢᠨᠵᠢ ᠴᠢᠨᠠᠷ᠎ᠢ ᠨᠢ ᠢᠯᠭᠠᠨ᠂ ᠲᠥᠷᠥᠯ ᠬᠤᠪᠢᠶᠠᠨ ᠱᠢᠶ᠋ᠳᠪᠦᠷᠢᠯᠡᠬᠦ᠌ ᠬᠡᠷᠡᠭ᠌ᠲᠡᠶ᠃ ᠴᠡᠭ ᠲᠣᠭ᠍ᠲᠠᠭᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ ᠪᠠ ᠳᠠᠭᠠᠳᠭᠠᠯ᠎ᠳᠤ ᠣᠷᠣᠯᠴᠠᠭ᠍ᠰᠠᠳ᠎ᠤᠨ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠥᠷᠨᠢᠭᠦᠯᠬᠦ᠌᠎ᠶ᠋ᠢ ᠵᠣᠷᠢᠭ᠍ᠵᠢᠭᠤᠯᠵᠤ᠂ ᠰᠠᠨᠠᠭᠠᠴᠢᠯᠠᠭ᠎ᠠ᠎ᠠᠴᠠ᠎ᠪᠠᠨ ᠠᠰᠠᠭᠤᠳᠠᠯ᠎ᠢ ᠢᠯᠡᠷᠡᠭᠦᠯᠦᠭ᠌ᠰᠡᠨ᠂ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶ᠋ᠢ ᠪᠤᠴᠠᠭᠠᠭ᠍ᠰᠠᠨ᠂ ᠳᠣᠲᠣᠭᠠᠳᠤ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠢ ᠴᠠᠭ ᠲᠤᠬᠠᠶ᠎ᠳᠤ ᠨᠢ ᠲᠡᠭᠦᠯᠳᠡᠷᠵᠢᠭᠦᠯᠦᠭ᠌ᠰᠡᠨ ᠴᠡᠭ ᠲᠣᠭ᠍ᠲᠠᠭᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ ᠪᠠ ᠡᠮᠴᠢᠯᠡᠭᠡᠨ᠎ᠦ ᠪᠠᠲᠣᠯᠠᠭ᠎ᠠ᠎ᠶᠢᠨ ᠰᠠᠭᠤᠷᠢ ᠮᠥᠩᠭᠦ᠎ᠶ᠋ᠢᠨ ᠬᠤᠬᠢᠷᠠᠯ᠎ᠢ ᠰᠠᠨᠠᠭᠠᠴᠢᠯᠠᠭ᠎ᠠ᠎ᠠᠴᠠ᠎ᠪᠠᠨ ᠪᠤᠴᠠᠭᠠᠭ᠍ᠰᠠᠨ ᠳᠠᠭᠠᠳᠭᠠᠯ᠎ᠳᠤ ᠣᠷᠣᠯᠴᠠᠭ᠍ᠰᠠᠳ᠎ᠢ ᠬᠠᠤᠯᠢ ᠲᠣᠭ᠍ᠲᠠᠭᠠᠯ ᠶᠣᠰᠣᠭᠠᠷ ᠬᠥᠩᠭᠡᠨ᠎ᠢᠶᠠᠷ ᠠᠭᠤᠴᠢᠯᠠᠨ ᠱᠢᠶ᠋ᠳᠪᠦᠷᠢᠯᠡᠨ᠎ᠡ᠃ ᠱᠢᠨᠵᠢ ᠴᠢᠨᠠᠷ᠎ᠢᠶᠠᠷ ᠴᠢᠩᠭ᠎ᠠ᠂ ᠦᠢᠯᠡ ᠪᠠᠢᠳᠠᠯ ᠨᠢ ᠬᠦᠨᠳᠦ ᠨᠣᠴᠢᠲᠠᠶ᠂ ᠤᠳᠠᠭ᠎ᠠ ᠳᠠᠷᠠᠭᠠᠯᠠᠨ ᠪᠠᠢᠴᠠᠭᠠᠵᠤ ᠣᠯᠠᠨᠲᠠ ᠵᠥᠷᠢᠴᠡᠭ᠌ᠰᠡᠨ᠂ ᠣᠯᠠᠨᠲᠠ ᠰᠤᠷᠭᠠᠪᠠᠴᠤ᠌ ᠵᠠᠰᠠᠷᠠᠬᠤ ᠦᠭᠡᠶ ᠪᠣᠯ ᠡᠷᠡᠰ ᠪᠠᠢᠴᠠᠭᠠᠨ ᠱᠢᠶ᠋ᠳᠪᠦᠷᠢᠯᠡᠵᠦ᠍ ᠶᠠᠯᠠᠯᠠᠨ ᠰᠢᠢ᠍ᠳᠭᠡᠵᠦ ᠣᠯᠠᠨ᠎ᠳᠤ ᠢᠯᠡ ᠦᠵᠡᠭᠦᠯᠬᠦ᠌ ᠬᠡᠷᠡᠭ᠌ᠲᠡᠶ᠃ ᠴᠡᠭ ᠲᠣᠭ᠍ᠲᠠᠭᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠬᠠᠮᠢᠶ᠎ᠠ ᠪᠦᠬᠦᠢ ᠬᠥᠮᠦᠰ᠎ᠢ ᠡᠮᠴᠢᠯᠡᠭᠡᠨ᠎ᠦ ᠳᠠᠭᠠᠳᠭᠠᠯ᠎ᠤᠨ ᠵᠠᠷᠤᠳᠠᠯ ᠥᠭ᠌ᠬᠦ ᠬᠢᠷᠢ ᠬᠡᠮ᠎ᠤᠨ ᠬᠠᠮᠢᠶᠠᠷᠤᠯᠲᠠ᠎ᠶ᠋ᠢᠨ ᠬᠠᠮᠢᠶ᠎ᠠ ᠪᠦᠬᠦᠢ ᠲᠣᠭ᠍ᠲᠠᠭᠠᠯ᠎ᠢ ᠴᠢᠩᠭ᠎ᠠ ᠵᠢᠷᠤᠮᠯᠠᠨ ᠬᠤᠪᠢ ᠲᠡᠮᠳᠡᠭ᠌ᠯᠡᠵᠦ᠍᠂ ᠲᠦᠷ ᠵᠣᠭᠰᠣᠭ᠋ᠠᠵᠤ᠂ ᠡᠮᠴᠢᠯᠡᠭᠡᠨ᠎ᠦ ᠳᠠᠭᠠᠳᠭᠠᠯ᠎ᠤᠨ ᠵᠠᠷᠤᠳᠠᠯ ᠥᠭ᠌ᠬᠦ ᠬᠢᠷᠢ ᠬᠡᠮ᠎ᠢ ᠵᠣᠭ᠍ᠰᠣᠭᠠᠨ᠎ᠠ᠃ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠳᠠᠭᠠᠳᠭᠠᠯ᠎ᠳᠤ ᠣᠷᠣᠯᠴᠠᠭ᠍ᠰᠠᠳ᠎ᠲᠤ ᠪᠣᠯᠵᠣᠨ ᠶᠠᠷᠢᠯᠴᠠᠬᠤ᠂ ᠬᠠᠤᠯᠢ᠎ᠪᠠᠷ ᠵᠠᠰᠠᠬᠤ ᠬᠥᠮᠦᠵᠢᠯ᠂ ᠠᠮᠠᠯᠠᠯᠲᠠ᠎ᠶ᠋ᠢᠨ ᠪᠢᠴᠢᠭ ᠲᠣᠭ᠍ᠲᠠᠬᠤ᠂ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢ ᠬᠢᠨᠠᠨ ᠬᠠᠷᠭᠤᠭᠤᠯᠵᠤ ᠬᠠᠮᠢᠶᠠᠷᠬᠤ᠎ᠶ᠋ᠢ ᠴᠢᠩᠭ᠋ᠠᠷᠠᠭᠤᠯᠬᠤ ᠵᠡᠷᠭᠡ ᠬᠢᠵᠠᠭᠠᠷᠯᠠᠬᠤ ᠠᠷᠭ᠎ᠠ ᠬᠡᠮᠵᠢᠶ᠎ᠡ᠎ᠶ᠋ᠢ ᠠᠪᠬᠤ ᠬᠡᠷᠡᠭ᠌ᠲᠡᠶ᠃
ᠭᠤᠷᠪᠠ᠂ ᠠᠵᠢᠯ᠎ᠤᠨ ᠱᠠᠭᠠᠷᠳᠠᠯᠭ᠎ᠠ
( ᠨᠢᠭᠡ ) ᠠᠨᠠᠭᠠᠬᠤ ᠤᠬᠠᠭᠠᠨ᠎ᠤ ᠵᠢᠮ᠎ᠡ ᠶᠣᠰᠣ ᠪᠣᠯᠤᠨ ᠡᠮᠴᠢᠯᠡᠭᠡᠨ᠎ᠦ ᠪᠣᠳᠠᠲᠤ ᠪᠠᠢᠳᠠᠯ᠎ᠢ ᠬᠦᠨᠳᠦᠳᠭᠡᠵᠦ᠍᠂ ᠵᠦᠢ ᠵᠣᠬᠢᠰᠲᠠᠶ ᠡᠮ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠪᠠᠲᠤᠯᠠᠨ᠎ᠠ᠃ ᠡᠮᠴᠢᠯᠡᠭᠡᠨ᠎ᠤ ᠣᠨᠣᠱᠢᠯᠠᠨ ᠡᠮᠨᠡᠬᠦ᠌ ᠪᠣᠳᠠᠲᠤ ᠪᠠᠢᠳᠠᠯ᠎ᠢ ᠭᠦᠢᠴᠡᠳ ᠬᠦᠨᠳᠦᠳᠭᠡᠵᠦ᠍᠂ ᠣᠯᠠᠨ ᠲᠦᠮᠡᠨ᠎ᠤ ᠵᠦᠶ ᠵᠣᠬᠢᠰᠲᠠᠶ᠎ᠪᠠᠷ ᠡᠮ ᠬᠡᠷᠡᠭ᠌ᠯᠡᠬᠦ᠌ ᠬᠡᠷᠡᠭ᠌ᠴᠡᠭᠡ ᠬᠢᠭᠡᠳ ᠡᠮᠴᠢᠯᠡᠭᠡᠨ᠎ᠤ ᠳᠠᠭᠠᠳᠭᠠᠯ᠎ᠤᠨ ᠬᠠᠷᠠᠭᠠᠯᠵᠠᠯ᠎ᠢ ᠠᠱᠢᠭ᠍ᠯᠠᠨ ᠲᠣᠭ᠍ᠲᠠᠭᠠᠯ᠎ᠠᠴᠠ ᠵᠥᠷᠢᠴᠡᠨ ᠬᠡᠮᠵᠢᠶ᠎ᠡ᠎ᠠᠴᠠ ᠬᠡᠲᠦᠷᠡᠭᠦᠯᠦᠨ ᠡᠮ ᠬᠣᠳᠠᠯᠳᠣᠬᠣ᠂ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠢ ᠱᠢᠯᠵᠢᠭᠦᠯᠦᠨ ᠬᠤᠳᠠᠯᠳᠤᠵᠤ ᠳᠠᠭᠠᠳᠭᠠᠯ ᠮᠡᠬᠡᠯᠡᠬᠦ᠌ ᠵᠡᠷᠭᠡ ᠦᠢᠯᠡ ᠠᠵᠢᠯᠯᠠᠭ᠎ᠠ᠎ᠶ᠋ᠢ ᠴᠢᠩᠭ᠎ᠠ ᠢᠯᠭᠠᠨ ᠰᠠᠯᠭᠠᠨ᠎ᠠ᠃ ᠵᠣᠬᠢᠬᠤ ᠲᠦᠷᠢᠮ᠎ᠤᠨ ᠬᠠᠷᠢᠮᠠᠬᠠᠢ ᠴᠢᠨᠠᠷ ᠪᠠ ᠬᠦᠯᠢᠴᠡᠬᠦ᠌ ᠬᠡᠮᠵᠢᠶ᠎ᠡ᠎ᠶ᠋ᠢ ᠪᠠᠲᠤᠯᠠᠵᠤ᠂ ᠳᠠᠭᠠᠳᠭᠠᠯ᠎ᠳᠤ ᠣᠷᠣᠯᠴᠠᠭ᠍ᠰᠠᠳ᠎ᠤᠨ ᠵᠦᠶ ᠵᠣᠬᠢᠰᠲᠠᠶ᠎ᠪᠠᠷ ᠡᠮ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠨᠥᠯᠥᠭᠡᠯᠡᠬᠦ᠌ ᠲᠦᠷᠢᠮ᠂ ᠮᠡᠳᠡᠯᠭᠡ᠎ᠶ᠋ᠢᠨ ᠴᠡᠭ᠎ᠢ ᠴᠠᠭ ᠲᠤᠬᠠᠶ᠎ᠳᠤ ᠨᠢ ᠳᠣᠭᠢᠷᠠᠭᠤᠯᠤᠨ ᠱᠢᠯᠢᠳᠡᠭ᠌ᠵᠢᠭᠦᠯᠦᠨ᠎ᠡ᠃ ᠦᠨᠡᠨ ᠬᠦ᠌ ᠡᠮᠴᠢᠯᠡᠬᠦ᠌ ᠬᠡᠷᠡᠭ᠌ᠴᠡᠭᠡ᠎ᠡᠴᠡ ᠪᠤᠢ ᠪᠣᠯᠤᠭ᠍ᠰᠠᠨ ᠬᠡᠮᠵᠢᠶᠡᠨ᠎ᠡᠴᠡ ᠬᠡᠲᠦᠷᠡᠭ᠌ᠰᠡᠨ ᠡᠮ ᠬᠣᠳᠠᠯᠳᠣᠬᠣ᠂ ᠠᠯᠪᠠᠨ ᠠᠵᠢᠯ᠎ᠢᠶᠠᠷ ᠭᠠᠳᠠᠭ᠍ᠰᠢ ᠭᠠᠷᠬᠤ᠂ ᠠᠶᠠᠯᠠᠬᠤ᠂ ᠭᠠᠳᠠᠭᠠᠳᠤ᠎ᠳᠤ ᠭᠠᠷᠬᠤ ( ᠬᠢᠯᠢ ) ᠪᠠᠶᠠᠷ ᠳᠤᠷᠠᠰᠭᠠᠯ ᠠᠮᠠᠷᠠᠯᠲᠠ᠎ᠶ᠋ᠢᠨ ᠡᠳᠦᠷ ᠵᠡᠷᠭᠡ ᠪᠠᠢᠳᠠᠯ ᠳᠣᠣᠷᠠᠬᠢ ᠡᠮ ᠪᠡᠯᠡᠳᠭᠡᠬᠦ᠌ ᠵᠡᠷᠭᠡ ᠵᠦᠢ ᠵᠣᠬᠢᠰᠲᠠᠢ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠳᠦᠰᠦᠯᠡᠨ ᠬᠢᠵᠠᠭᠠᠷᠯᠠᠯ᠎ᠢ ᠠᠭᠤᠵᠢᠭᠤ ᠲᠠᠯᠪᠢᠵᠤ᠂ ᠤᠷᠳᠤ ᠬᠤᠭᠤᠴᠠᠭᠠᠨ᠎ᠤ ᠵᠣᠷ ᠪᠢᠴᠢᠵᠦ᠍ ᠥᠭ᠌ᠬᠦ ᠵᠣᠷ᠎ᠤᠨ ᠲᠤᠭ᠎ᠠ ᠬᠡᠮᠵᠢᠶ᠎ᠡ᠂ ᠵᠣᠭᠤᠰ᠎ᠤᠨ ᠲᠤᠭ᠎ᠠ ᠵᠡᠷᠭᠡ᠎ᠶ᠋ᠢ ᠬᠢᠵᠠᠭᠠᠷᠯᠠᠬᠤ ᠦᠭᠡᠢ᠃
( ᠬᠣᠶᠠᠷ ) ᠴᠡᠭ ᠲᠣᠭᠲᠠᠭ᠋ᠠᠭᠰᠠᠨ᠎ᠢ ᠤᠷᠢᠳ᠎ᠢᠶᠠᠷ ᠬᠢᠬᠦ᠌᠎ᠶ᠋ᠢ ᠪᠠᠷᠢᠮᠲᠠᠯᠠᠨ᠂ ᠨᠢᠭᠡᠳᠦᠯᠲᠡᠶ ᠵᠢᠷᠤᠮᠵᠢᠯ᠎ᠢ ᠴᠢᠩᠭ᠋ᠠᠷᠠᠭᠣᠯᠣᠨ᠎ᠠ᠃ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢᠨ ᠴᠡᠭ ᠲᠣᠭᠲᠠᠭ᠋ᠠᠭᠰᠠᠨ ᠭᠠᠵᠠᠷ ᠣᠷᠣᠨ᠂ ᠴᠡᠭ ᠲᠣᠭᠲᠠᠭ᠋ᠠᠭᠰᠠᠨ ᠨᠢᠭᠡᠴᠢ᠎ᠨᠦᠭᠦᠳ ᠤᠷᠢᠳ᠎ᠢᠶᠠᠷ ᠬᠡᠷᠡᠭ᠌ᠵᠢᠭᠦᠯᠦᠨ ᠤᠷᠢᠳ᠎ᠢᠶᠠᠷ ᠲᠤᠷᠱᠢᠵᠤ᠂ ᠡᠮᠦᠨ᠎ᠡ ᠡᠩᠨᠡᠭᠡᠨ᠎ᠳᠤ ᠬᠤᠱᠢᠭᠤᠷᠠᠨ᠂ ᠴᠡᠭ ᠲᠣᠭᠲᠠᠭ᠋ᠠᠬᠣ ᠰᠦᠪᠡᠭ᠌ᠴᠢᠯᠡᠯᠲᠡ᠎ᠶ᠋ᠢ ᠢᠳᠡᠪᠬᠢᠲᠡᠶ ᠥᠷᠨᠢᠭᠦᠯᠵᠦ᠍᠂ ᠴᠡᠭ ᠲᠣᠭᠲᠠᠭ᠋ᠠᠭᠰᠠᠨ ᠲᠤᠷᠱᠢᠯᠭ᠎ᠠ᠎ᠶ᠋ᠢ ᠴᠠᠭ ᠲᠤᠬᠠᠶ᠎ᠳᠤ ᠨᠢ ᠳ᠋ᠦᠩᠨᠡᠨ᠂ ᠬᠡᠷᠡᠭ᠌ᠯᠡᠭᠡᠨ᠎ᠤ ᠲᠤᠷᠱᠢᠯᠭ᠎ᠠ ᠪᠠ ᠠᠷᠭ᠎ᠠ ᠬᠢᠳᠡᠯ᠂ ᠬᠢᠨᠠᠨ ᠬᠠᠮᠢᠶᠠᠷᠣᠯᠲᠠ᠎ᠶᠢᠨ ᠲᠥᠷᠢᠮ᠎ᠢ ᠳᠡᠯᠭᠡᠷᠡᠭᠦᠯᠦᠨ ᠬᠡᠷᠡᠭ᠌ᠯᠡᠨ᠎ᠡ᠃ ᠡᠯ᠎ᠡ ᠭᠠᠵᠠᠷ᠎ᠤᠨ᠎ᠬᠢᠨ ᠬᠡᠮᠵᠢᠶ᠎ᠡ᠎ᠠᠴᠠ ᠬᠡᠲᠦᠷᠡᠭᠦᠯᠦᠨ ᠡᠮ ᠬᠣᠳᠠᠯᠳᠣᠬᠣ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠲᠦᠷᠢᠮ ᠪᠠ ᠮᠡᠳᠡᠯᠭᠡ᠎ᠶ᠋ᠢᠨ ᠴᠡᠭ᠎ᠢ ᠬᠡᠷᠡᠭ᠌ᠯᠡᠬᠦ᠌᠎ᠠᠴᠠ ᠡᠮᠦᠨ᠎ᠡ᠂ 《 ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢ ᠣᠶᠤᠨᠴᠢ᠎ᠪᠠᠷ ᠬᠢᠨᠠᠨ ᠬᠠᠷᠭᠤᠭᠤᠯᠬᠤ ᠪᠠ ᠬᠢᠨᠠᠨ ᠡᠵᠡᠮᠳᠡᠬᠦ᠌ ᠮᠡᠳᠡᠯᠭᠡ᠎ᠶ᠋ᠢᠨ ᠬᠥᠮᠥᠷᠭᠡ᠂ ᠲᠦᠷᠢᠮ᠎ᠤᠨ ᠬᠥᠮᠥᠷᠭᠡ᠎ᠶ᠋ᠢᠨ ᠬᠠᠮᠢᠶᠠᠷᠤᠯᠲᠠ᠎ᠶ᠋ᠢᠨ ᠠᠷᠭ᠎ᠠ ( ᠲᠤᠷᠱᠢᠨ ᠬᠡᠷᠡᠭ᠌ᠵᠢᠭᠦᠯᠬᠦ᠌ )》 ( ᠡᠮᠴᠢᠯᠡᠭᠡᠨ᠎ᠦ ᠪᠠᠲᠤᠯᠠᠭ᠎ᠠ ᠲᠠᠷᠬᠠᠭᠠᠭ᠍ᠰᠠᠨ [ 2022 ] 12 ᠳ᠋ᠤᠭᠠᠷ ᠲᠣᠭᠠᠲᠤ ) ᠲᠣᠭ᠍ᠲᠠᠭᠠᠯ᠎ᠳᠤ᠂ ᠥᠷᠭᠡᠨ᠎ᠢᠶᠠᠷ ᠰᠠᠨᠠᠯ ᠬᠤᠷᠢᠶᠠᠵᠤ᠂ ᠤᠯᠠᠨ ᠲᠠᠯ᠎ᠠ᠎ᠶ᠋ᠢ ᠵᠣᠬᠢᠶᠠᠨ ᠪᠠᠢᠭᠤᠯᠤᠨ ᠨᠤᠲᠠᠯᠠᠯᠲᠠ ᠬᠢᠯᠭᠡᠵᠦ᠍᠂ ᠥᠷᠭᠡᠨ ᠳᠡᠯᠭᠡᠷ ᠨᠡᠢᠭᠡᠮ᠎ᠤᠨ ᠬᠠᠮᠲᠤ᠎ᠶ᠋ᠢᠨ ᠲᠠᠨᠢᠯᠲᠠ᠎ᠶ᠋ᠢ ᠪᠤᠢ ᠪᠣᠯᠭᠠᠬᠤ᠎ᠶ᠋ᠢᠨ ᠬᠠᠮᠲᠤ ᠴᠠᠭ ᠲᠤᠬᠠᠶ᠎ᠳᠤ ᠨᠢ ᠤᠯᠤᠰ᠎ᠤᠨ ᠡᠮᠴᠢᠯᠡᠭᠡᠨ᠎ᠦ ᠪᠠᠲᠣᠯᠠᠭ᠎ᠠ᠎ᠶᠢᠨ ᠲᠣᠪᠴᠢᠶ᠎ᠠ᠎ᠳᠤ ᠮᠡᠳᠡᠭᠦᠯᠦᠨ᠎ᠡ᠃
( ᠭᠤᠷᠪᠠ ) ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠪᠠᠨ ᠴᠢᠩᠭᠠᠳᠭᠠᠵᠤ᠂ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠪᠠᠨ ᠲᠡᠭᠦᠯᠳᠡᠷᠵᠢᠭᠦᠯᠦᠨ᠎ᠡ᠃ ᠡᠯ᠎ᠡ ᠮᠤᠵᠢ᠎ᠶ᠋ᠢᠨ ᠱᠠᠲᠤᠨ᠎ᠤ ᠡᠮᠴᠢᠯᠡᠭᠡᠨ᠎ᠤ ᠪᠠᠲᠣᠯᠠᠭ᠎ᠠ᠎ᠶᠢᠨ ᠰᠠᠯᠠᠭ᠎ᠠ ᠮᠥᠴᠢᠷ᠎ᠤᠳ ᠡᠯ᠎ᠡ ᠨᠢᠭᠡᠳᠦᠯᠲᠡᠶ ᠲᠥᠯᠥᠪᠯᠡᠬᠦ᠌ ᠭᠠᠵᠠᠷ ᠣᠷᠣᠨ᠎ᠤ ᠮᠡᠬᠡᠯᠡᠯ᠎ᠢ ᠡᠰᠡᠷᠭᠦᠴᠡᠬᠦ᠌ ᠳ᠋ᠠᠢ᠌ᠲ᠋ᠠ ᠶ᠋ᠢ ᠬᠢᠨᠠᠨ ᠱᠢᠨᠵᠢᠬᠦ᠌ ᠲᠤᠰᠭᠠᠶ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠳ᠋ᠠᠢ᠌ᠲ᠋ᠠ᠎ᠶ᠋ᠢ ᠬᠡᠷᠡᠭ᠌ᠯᠡᠬᠦ᠂ ᠣᠢ᠌ᠯᠡᠴᠢᠯᠡᠭᠦᠷᠤᠨ ᠡᠬᠢ ᠪᠠᠶᠠᠯᠢᠭ᠎ᠢ ᠬᠡᠷᠡᠭ᠌ᠯᠡᠬᠦ᠂ ᠮᠤᠵᠢ᠎ᠶ᠋ᠢᠨ ᠲᠠᠪᠴᠠᠩ᠎ᠤᠨ ᠴᠢᠳᠠᠮᠵᠢ᠎ᠶ᠋ᠢᠨ ᠵᠠᠭᠪᠤᠷ᠎ᠤᠨ ᠪᠠᠢᠭᠤᠯᠤᠯᠲᠠ᠂ ᠪᠠᠯᠠ ᠮᠥᠩᠭᠦ᠎ᠶ᠋ᠢᠨ ᠴᠢᠳᠠᠪᠤᠷᠢᠲᠠᠨ ᠵᠡᠷᠭᠡ ᠲᠠᠯ᠎ᠠ᠎ᠪᠠᠷ ᠬᠦᠴᠦᠲᠡᠶ ᠪᠠᠲᠤᠯᠠᠭ᠎ᠠ ᠬᠠᠩᠭᠠᠬᠤ ᠬᠡᠷᠡᠭ᠌ᠲᠡᠶ᠃ ᠠᠵᠢᠯ᠎ᠢᠶᠠᠨ ᠨᠢᠭᠡᠳᠦᠯᠲᠡᠢ ᠲᠥᠯᠥᠪᠵᠢᠭᠦᠯᠬᠦ᠌᠎ᠶ᠋ᠢ ᠴᠢᠩᠭᠠᠳᠭᠠᠵᠤ᠂ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢᠨ ᠴᠡᠭ ᠲᠣᠭᠲᠠᠭ᠋ᠠᠭᠰᠠᠨ ᠣᠷᠣᠨ᠎ᠳᠤ ᠮᠡᠷᠭᠡᠵᠢᠯ᠎ᠤᠨ ᠵᠢᠯᠤᠭᠤᠳᠤᠯᠭ᠎ᠠ᠎ᠪᠠᠨ ᠴᠢᠩᠭᠠᠳᠭᠠᠵᠤ᠂ ᠴᠡᠭ ᠲᠣᠭᠲᠠᠭ᠋ᠠᠭᠰᠠᠨ ᠲᠤᠷᠱᠢᠯᠭ᠎ᠠ᠎ᠶ᠋ᠢ ᠴᠠᠭ ᠲᠤᠬᠠᠢ᠎ᠳᠤ ᠨᠢ ᠪᠦᠬᠦ᠌ ᠮᠤᠵᠢ᠎ᠳᠤ ᠳᠡᠯᠭᠡᠷᠡᠭᠦᠯᠦᠨ ᠬᠡᠷᠡᠭ᠌ᠯᠡᠬᠦ᠌ ᠬᠡᠷᠡᠭ᠌ᠲᠡᠢ᠃ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢᠨ ᠴᠡᠭ ᠲᠣᠭᠲᠠᠭ᠋ᠠᠭᠰᠠᠨ ᠭᠠᠵᠠᠷ ᠣᠷᠣᠨ᠎ᠨᠢ ᠱᠢᠰᠲ᠋ᠧᠮ᠎ᠲᠠᠢ᠎ᠪᠠᠷ ᠱᠢᠭᠤᠳ ᠬᠤᠯᠪᠣᠬᠤ ᠠᠷᠭ᠎ᠠ ᠮᠠᠶᠢᠭ᠎ᠢᠶᠠᠷ ᠳᠠᠮᠵᠢᠭᠤᠯᠤᠨ ᠬᠢᠨᠠᠯᠲᠠ ᠬᠠᠮᠢᠶᠠᠷᠤᠯᠲᠠ᠎ᠳᠤ ᠬᠡᠷᠡᠭ᠌ᠰᠡᠬᠦ᠌ ᠪᠥᠬᠦ᠌ ᠬᠡᠮᠵᠢᠶᠡᠨ᠎ᠤ ᠳ᠋ᠠᠢ᠌ᠲ᠋ᠠ᠎ᠶ᠋ᠢ ᠤᠯᠬᠤ᠎ᠶ᠋ᠢ ᠢᠳᠡᠪᠬᠢᠲᠡᠶ ᠰᠦᠪᠡᠭ᠌ᠴᠢᠯᠡᠵᠦ᠍᠂ ᠲᠣᠰ ᠭᠠᠵᠠᠷ ᠣᠷᠣᠨ᠎ᠤ ᠡᠮᠴᠢᠯᠡᠭᠡᠨ᠎ᠤ ᠳᠠᠭᠠᠳᠭᠠᠯ᠎ᠤᠨ ᠳ᠋ᠠᠢ᠌ᠲ᠋ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠬᠡᠷᠡᠭ᠌ᠯᠡᠯᠲᠡ᠎ᠶ᠋ᠢ ᠴᠢᠩᠭᠠᠳᠭᠠᠬᠤ ᠬᠡᠷᠡᠭ᠌ᠲᠡᠶ᠃ ᠡᠯ᠎ᠡ ᠱᠠᠲᠤᠨ᠎ᠤ ᠡᠮᠴᠢᠯᠡᠭᠡᠨ᠎ᠤ ᠪᠠᠲᠣᠯᠠᠭ᠎ᠠ᠎ᠶᠢᠨ ᠰᠠᠯᠠᠭ᠎ᠠ ᠮᠥᠴᠢᠷ᠎ᠤᠳ ᠳ᠋ᠠᠢ᠌ᠲ᠋ᠠ᠎ᠶ᠋ᠢᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠬᠠᠮᠢᠶ᠎ᠠ ᠪᠥᠬᠦᠶ ᠲᠣᠭ᠍ᠲᠠᠭᠠᠯ᠎ᠢ ᠴᠢᠩᠭ᠎ᠠ ᠵᠢᠷᠤᠮᠯᠠᠨ᠂ ᠳ᠋ᠠᠢ᠌ᠲ᠋ᠠ᠎ᠶ᠋ᠢ ᠬᠠᠤᠯᠢ ᠶᠣᠰᠣᠭᠠᠷ ᠲᠣᠭ᠍ᠲᠠᠭᠠᠯ᠎ᠳᠤ ᠨᠡᠢᠴᠡᠭᠦᠯᠦᠨ ᠬᠡᠷᠡᠭ᠌ᠯᠡᠵᠦ᠍᠂ ᠳ᠋ᠠᠢ᠌ᠲ᠋ᠠ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠶ᠃
ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠠᠯᠪᠠᠨ ᠭᠡᠷ
2025 ᠣᠨ᠎ᠤ 10 ᠳ᠋ᠤᠭ᠋ᠠᠷ ᠰᠠᠷ᠎ᠠ᠎ᠶ᠋ᠢᠨ 22 ᠤᠨ ᠡᠳᠦᠷ
( ᠰᠠᠨᠠᠭᠠᠴᠢᠯᠠᠭ᠎ᠠ᠎ᠠᠴᠠ᠎ᠪᠠᠨ ᠢᠯᠡ ᠪᠣᠯᠭ᠋ᠠᠪᠠ )