ᠬᠡᠯᠬᠢᠶᠡᠰᠦᠨ ᠨᠣᠮᠧᠷ ᠄ 11150000MB16442978/2025-03766
ᠭᠤᠣᠯ ᠰᠡᠳᠦᠪ᠎ᠤᠨ ᠠᠩᠭᠢᠯᠠᠯ ᠄ ᠰᠠᠭᠤᠷᠢ ᠮᠦᠩᠭᠦ᠎ᠶᠢᠨ ᠬᠢᠨᠠᠯᠳᠠ ᠬᠠᠮᠢᠶᠠᠷᠣᠯᠳᠠ
ᠨᠡᠢᠲᠡᠯᠡᠭᠰᠡᠨ ᠪᠠᠶ᠋ᠢᠭᠤᠯᠤᠮᠵᠢ ᠄ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ
ᠪᠢᠴᠢᠭ᠎ᠤᠨ ᠳ᠋ᠤᠭᠠᠷ ᠄ ᠥᠪᠥᠷ ᠮᠣᠩᠭᠤᠯ᠎ᠤᠨ ᠡᠮᠴᠢᠯᠡᠭᠡᠨ᠎ᠦ ᠪᠠᠲᠤᠯᠠᠭ᠎ᠠ ᠠᠯᠪᠠᠨ ᠥᠰᠥᠭ [2025] 82 ᠳ᠋ᠤᠭᠠᠷ ᠲᠣᠭᠠᠲᠤ
ᠪᠢᠴᠢᠭᠳᠡᠭᠰᠡᠨ ᠡᠳᠦᠷ ᠬᠤᠭᠤᠴᠠᠭ᠎ᠠ ᠄ 2025-08-05
ᠠᠯᠪᠠᠨ ᠪᠢᠴᠢᠭ᠎ᠤᠨ ᠬᠦᠴᠦᠨ ᠲᠠᠢ ᠬᠤᠭᠤᠴᠠᠭ᠎ᠠ ᠄ ᠬᠦᠴᠦᠨ᠎ᠲᠠᠢ
ᠡᠯ᠎ᠡ ᠠᠢᠮᠠᠭ ᠬᠤᠲᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠂ ᠮᠠᠨᠵᠤᠤᠷ ᠬᠤᠲᠠ ᠂ ᠡᠷᠢᠶᠡᠨ ᠬᠤᠲᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠳᠤ ᠄
ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠶ᠋ᠢᠭᠤᠯᠤᠮᠵᠢ᠎ᠶᠢᠨ ᠡᠮ ᠬᠡᠷᠡᠭᠯᠡᠬᠦ᠎ᠶᠢ ᠵᠣᠯᠭᠠᠭᠤᠯᠬᠤ᠎ᠶᠢ ᠪᠠᠲᠤᠯᠠᠵᠤ ᠂ ᠱᠠᠲᠤ ᠬᠤᠪᠢᠶᠠᠨ ᠣᠨᠣᠰᠢᠯᠠᠨ ᠡᠮᠨᠡᠬᠦ᠎ᠶᠢ ᠳᠡᠮᠵᠢᠵᠦ ᠂ ᠣᠯᠠᠨ ᠲᠦᠮᠡᠨ᠎ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ᠎ᠳᠤ ᠲᠥᠬᠦᠮ ᠦᠵᠡᠭᠦᠯᠬᠦ᠎ᠶᠢᠨ ᠲᠤᠰᠠᠳᠠ ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶᠠᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠤᠨ ᠡᠮᠴᠢᠯᠡᠭᠡᠨ᠎ᠤ ᠳᠠᠭᠠᠳᠬᠠᠯ᠎ᠤᠨ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠶ᠋ᠢᠭᠤᠯᠤᠮᠵᠢ᠎ᠶᠢᠨ ᠴᠢᠨᠠᠷ ᠰᠠᠶ᠋ᠢᠲᠠᠶ ᠬᠥᠭᠵᠢᠯᠲᠡ᠎ᠶᠢ ᠳᠡᠮᠵᠢᠬᠦ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ》᠎ᠤᠨ ᠱᠠᠭᠠᠷᠳᠠᠯᠭ᠎ᠠ ᠶᠣᠰᠣᠭᠠᠷ ᠂ ᠡᠳᠦᠭᠡ ᠨᠢᠭᠡᠳᠦᠭᠡᠷ ᠱᠠᠲᠤ ᠵᠢᠴᠢ ᠲᠡᠭᠦᠨ᠎ᠠᠴᠠ ᠳᠣᠷᠣᠭ᠍ᠰᠢᠬᠢ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠶ᠋ᠢᠭᠤᠯᠤᠮᠵᠢ᠎ᠶᠢᠨ ᠡᠮᠴᠢᠯᠡᠭᠡᠨ᠎ᠤ ᠳᠠᠭᠠᠳᠬᠠᠯ᠎ᠳᠤ ᠡᠮ ᠬᠡᠷᠡᠭᠯᠡᠬᠦ ᠲᠦᠷᠢᠮ᠎ᠢ ᠰᠢᠯᠢᠳᠡᠭᠵᠢᠭᠦᠯᠦᠨ᠎ᠡ ᠂ ᠪᠣᠳᠠᠲᠠᠶ ᠪᠠᠶ᠋ᠢᠳᠠᠯ᠎ᠨᠢ ᠳᠣᠤᠷᠠᠬᠢ ᠮᠡᠲᠦ ᠄
ᠨᠢᠭᠡ ᠂ ᠡᠮᠴᠢᠯᠡᠭᠡᠨ᠎ᠤ ᠳᠠᠭᠠᠳᠬᠠᠯ᠎ᠢᠶᠠᠷ ᠡᠮ ᠬᠡᠷᠡᠭᠯᠡᠬᠦ ᠬᠢᠵᠠᠭᠠᠷᠯᠠᠯ᠎ᠢ ᠬᠦᠴᠦᠨ ᠦᠭᠡᠢ ᠪᠣᠯᠭᠠᠨ᠎ᠠ
8 ᠳ᠋ᠤᠭᠠᠷ ᠰᠠᠷ᠎ᠠ᠎ᠶᠢᠨ 1᠎ᠤ ᠡᠳᠦᠷ᠎ᠠᠴᠠ ᠡᠬᠢᠯᠡᠨ ᠂ ᠥᠪᠡᠷᠲᠡᠭᠡᠨ ᠵᠠᠰᠠᠬᠤ ᠣᠷᠣᠨ᠎ᠠᠴᠠ ᠪᠥᠬᠦ ᠣᠷᠣᠨ᠎ᠤ ᠡᠮᠴᠢᠯᠡᠭᠡᠨ᠎ᠤ ᠳᠠᠭᠠᠳᠬᠠᠯ᠎ᠤᠨ ᠮᠡᠳᠡᠭᠡ ᠵᠠᠩᠭᠢ᠎ᠶᠢᠨ ᠲᠠᠪᠴᠠᠩ᠎ᠳᠠᠬᠢ ᠨᠢᠭᠡᠳᠦᠭᠡᠷ ᠳᠡᠰ ᠵᠢᠴᠢ ᠲᠡᠭᠦᠨ᠎ᠠᠴᠠ ᠳᠣᠷᠣᠭ᠍ᠰᠢᠬᠢ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠶ᠋ᠢᠭᠤᠯᠤᠮᠵᠢ᠎ᠶᠢᠨ ᠡᠮᠴᠢᠯᠡᠭᠡᠨ᠎ᠤ ᠳᠠᠭᠠᠳᠬᠠᠯ᠎ᠤᠨ ᠡᠮ ᠬᠡᠷᠡᠭᠯᠡᠬᠦ᠎ᠶᠢ ᠬᠢᠵᠠᠭᠠᠷᠯᠠᠬᠤ᠎ᠳᠤ ᠨᠢᠭᠡᠳᠦᠯᠲᠡᠶ ᠲᠣᠬᠢᠷᠠᠭᠤᠯᠤᠯᠲᠠ ᠬᠢᠬᠦ ᠪᠣᠯᠤᠨ᠎ᠠ ᠄
(ᠨᠢᠭᠡ) ᠭᠤᠷᠪᠠᠳᠤᠭᠠᠷ ᠳᠡᠰ ᠂ ᠬᠤᠶᠠᠳᠤᠭᠠᠷ ᠳᠡᠰ᠎ᠤᠨ ᠡᠮᠨᠡᠯᠭᠡ᠎ᠶᠢᠨ ᠬᠤᠷᠢᠶᠠᠨ᠎ᠤ ᠢᠨᠲᠧᠷ ᠰᠦᠯᠵᠢᠶᠡᠨ᠎ᠤ ᠡᠮᠨᠡᠯᠭᠡ᠎ᠶᠢᠨ ᠬᠤᠷᠢᠶᠠᠨ᠎ᠤ ᠡᠯᠸᠺᠲᠷᠣᠨ ᠵᠣᠷ᠎ᠢᠶᠠᠷ ᠡᠷᠡᠭᠦᠯ ᠬᠠᠮᠠᠭᠠᠯᠠᠯ᠎ᠤᠨ ᠬᠤᠷᠢᠶ᠎ᠠ ᠂ ᠨᠡᠶ᠋ᠢᠭᠡᠮ ᠲᠣᠭᠤᠷᠢᠭ᠋᠎ᠤᠨ ᠲᠥᠪ ᠂ ᠡᠷᠡᠭᠦᠯ ᠬᠠᠮᠠᠭᠠᠯᠠᠯ᠎ᠤᠨ ᠲᠠᠰᠤᠭ ᠂ ᠨᠡᠶ᠋ᠢᠭᠡᠮ ᠲᠣᠭᠤᠷᠢᠭ᠋᠎ᠤᠨ ᠥᠷᠲᠡᠭᠡ᠎ᠳᠤ ᠰᠢᠯᠵᠢᠭᠦᠯᠪᠡᠯ ᠭᠠᠷᠴᠠᠭ᠎ᠲᠠᠬᠢ ᠡᠮ᠎ᠢ ᠬᠡᠷᠡᠭᠯᠡᠵᠦ ᠪᠣᠯᠤᠨ᠎ᠠ ᠂ ᠡᠮᠨᠡᠯᠭᠡ᠎ᠶᠢᠨ ᠬᠤᠷᠢᠶᠠᠨ᠎ᠤ ᠲᠠᠰ᠎ᠲᠤ ᠬᠢᠵᠠᠭᠠᠷᠯᠠᠭᠳᠠᠬᠤ ᠦᠭᠡᠢ ;
(ᠬᠤᠶᠠᠷ) ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ᠎ᠶᠢᠨ ᠴᠣᠭᠴᠠ᠎ᠶᠢᠨ ᠳᠣᠲᠣᠷ᠎ᠠ ᠂ ᠨᠢᠭᠡᠳᠦᠭᠡᠷ ᠳᠡᠰ᠎ᠤᠨ ᠡᠮᠴᠢᠯᠡᠭᠡᠨ᠎ᠤ ᠪᠠᠶ᠋ᠢᠭᠤᠯᠤᠮᠵᠢ᠎ᠨᠢ ᠤᠯᠤᠰ᠎ᠤᠨ ᠡᠮ᠎ᠤᠨ ᠵᠦᠢᠯ᠎ᠤᠨ ᠭᠠᠷᠴᠠᠭ᠎ᠲᠠᠬᠢ 《ᠬᠤᠶᠠᠳᠤᠭᠠᠷ ᠳᠡᠰ ᠵᠢᠴᠢ ᠲᠡᠭᠦᠨ᠎ᠠᠴᠠ ᠳᠡᠭᠡᠭᠰᠢᠬᠢ ᠡᠮᠨᠡᠯᠭᠡ᠎ᠶᠢᠨ ᠬᠤᠷᠢᠶ᠎ᠠ ᠬᠡᠷᠡᠭᠯᠡᠬᠦ》 ᠨᠥᠬᠦᠴᠡᠯ᠎ᠳᠤ ᠬᠢᠵᠠᠭᠠᠷᠯᠠᠭᠳᠠᠬᠤ ᠦᠭᠡᠢ ᠂ ᠬᠢᠲᠠᠳ ᠡᠮᠨᠡᠯᠭᠡ ᠂ ᠮᠣᠩᠭᠤᠯ ᠡᠮᠨᠡᠯᠭᠡ᠎ᠶᠢᠨ ᠬᠡᠯᠡᠯᠴᠡᠭᠡᠷ᠎ᠤᠨ ᠵᠣᠷ᠎ᠢ ᠬᠠᠷᠢᠶ᠎ᠠ ᠪᠦᠬᠦᠢ ᠡᠮᠴᠢᠯᠡᠭᠡᠨ᠎ᠤ ᠬᠠᠮᠲᠤ᠎ᠶᠢᠨ ᠴᠣᠭᠴᠠ᠎ᠳᠤ ᠨᠢᠭᠡᠳᠦᠯᠲᠡᠶ ᠬᠡᠷᠡᠭᠯᠡᠨ᠎ᠡ ᠃
ᠬᠣᠶᠠᠷ ᠂ ᠰᠢᠨ᠎ᠡ ᠵᠠᠯᠭᠠᠭᠠᠰᠤ᠎ᠶᠢ ᠡᠬᠢᠯᠡᠨ ᠬᠡᠷᠡᠭᠯᠡᠨ᠎ᠡ
ᠪᠦᠬᠦ ᠣᠷᠣᠨ᠎ᠤ ᠪᠤᠶ ᠪᠦᠬᠦᠢ ᠡᠮᠴᠢᠯᠡᠭᠡᠨ᠎ᠤ ᠪᠠᠶ᠋ᠢᠭᠤᠯᠤᠮᠵᠢ᠎ᠨᠢ 8 ᠳ᠋ᠤᠭᠠᠷ ᠰᠠᠷ᠎ᠠ᠎ᠶᠢᠨ 2᠎ᠤᠨ ᠡᠳᠦᠷ᠎ᠡᠴᠡ [2204] [2301] ᠵᠠᠯᠭᠠᠭᠠᠰᠤ ᠪᠠ 《ᠡᠮᠨᠡᠯᠭᠡ᠎ᠶᠢᠨ ᠬᠣᠷᠢᠶᠠᠨ᠎ᠤ ᠬᠢᠨᠠᠨ ᠵᠥᠪᠰᠢᠶᠡᠷᠡᠭᠰᠡᠨ ᠲᠡᠮᠳᠡᠭ》᠎ᠢ ᠵᠡᠷᠭᠡ᠎ᠪᠡᠷ ᠡᠬᠢᠯᠡᠭᠦᠯᠵᠦ ᠂ ᠡᠮ ᠬᠡᠷᠡᠭᠯᠡᠬᠦ ᠬᠢᠵᠠᠭᠠᠷᠯᠠᠯ᠎ᠢ ᠬᠦᠴᠦᠨ ᠦᠭᠡᠶ ᠪᠣᠯᠭᠠᠬᠤ᠎ᠶᠢ ᠵᠡᠷᠭᠡ᠎ᠳᠤ ᠨᠢ ᠡᠬᠢᠯᠡᠭᠦᠯᠬᠦ᠎ᠶᠢ ᠦᠨᠡᠨ ᠬᠦ᠌ ᠪᠠᠲᠤᠯᠠᠨ᠎ᠠ ᠃ ᠭᠠᠷᠴᠠᠭ᠎ᠢ ᠬᠡᠷᠡᠭᠯᠡᠬᠦ ᠬᠢᠵᠠᠭᠠᠷᠯᠠᠯ᠎ᠤᠨ ᠲᠡᠮᠳᠡᠭ ᠨᠢ 《ᠲᠡᠢᠮᠦ》 ᠭᠡᠵᠦ ᠢᠯᠡᠷᠡᠬᠦ᠎ᠳᠦ ᠄
(ᠨᠢᠭᠡ) 《ᠡᠮᠨᠡᠯᠭᠡ᠎ᠶᠢᠨ ᠬᠤᠷᠢᠶᠠᠨ᠎ᠤ ᠬᠢᠨᠠᠨ ᠵᠥᠪᠰᠢᠶᠡᠷᠡᠭᠰᠡᠨ ᠲᠡᠮᠳᠡᠭ》᠎ᠨᠢ 《0》 ᠪᠤᠶᠤ 《2》 ᠭᠡᠵᠦ ᠢᠯᠡᠷᠡᠬᠦ᠎ᠳᠦ ᠂ ᠨᠠᠷᠢᠨ ᠵᠦᠢᠯᠡᠰ᠎ᠢ ᠥᠪᠡᠷ᠎ᠤᠨ ᠵᠠᠷᠤᠳᠠᠯ᠎ᠢᠶᠠᠷ ᠰᠢᠢᠳᠪᠦᠷᠢᠯᠡᠨ᠎ᠡ ;
(ᠬᠤᠶᠠᠷ) 《ᠡᠮᠨᠡᠯᠭᠡ᠎ᠶᠢᠨ ᠬᠤᠷᠢᠶᠠᠨ᠎ᠤ ᠬᠢᠨᠠᠨ ᠵᠥᠪᠰᠢᠶᠡᠷᠡᠭᠰᠡᠨ ᠲᠡᠮᠳᠡᠭ》 ᠨᠢ 《1》 ᠭᠡᠵᠦ ᠢᠯᠡᠷᠡᠬᠦ᠎ᠳᠦ ᠂ ᠨᠠᠷᠢᠨ ᠵᠦᠢᠯᠡᠰ᠎ᠢ ᠳᠠᠩᠰᠠ ᠲᠠᠢᠯᠵᠤ ᠰᠢᠢᠳᠪᠦᠷᠢᠯᠡᠨ᠎ᠡ ᠃
ᠭᠤᠷᠪᠠ ᠂ ᠬᠠᠮᠢᠶ᠎ᠠ ᠪᠦᠬᠦᠢ ᠠᠵᠢᠯ᠎ᠤᠨ ᠱᠠᠭᠠᠷᠳᠠᠯᠭ᠎ᠠ
(ᠨᠢᠭᠡ) ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠤᠯᠭ᠎ᠠ᠎ᠪᠠᠨ ᠴᠢᠩᠭᠠᠳᠬᠠᠬᠤ ᠬᠡᠷᠡᠭᠲᠡᠢ ᠃ ᠡᠮᠴᠢᠯᠡᠭᠡᠨ᠎ᠦ ᠳᠠᠭᠠᠳᠬᠠᠯ᠎ᠢᠶᠠᠷ ᠡᠮ ᠬᠡᠷᠡᠭᠯᠡᠬᠦ ᠲᠦᠷᠢᠮ᠎ᠢ ᠰᠢᠯᠢᠳᠡᠭᠵᠢᠭᠦᠯᠬᠦ ᠪᠣᠯ ᠲᠣᠭᠲᠠᠭᠰᠠᠨ ᠴᠡᠭ᠎ᠤᠨ ᠡᠮ ᠡᠮᠨᠡᠯᠭᠡ᠎ᠶᠢᠨ ᠪᠠᠶ᠋ᠢᠭᠤᠯᠤᠮᠵᠢ᠎ᠶᠢᠨ ᠡᠮᠴᠢᠯᠡᠭᠡᠨ᠎ᠦ ᠳᠠᠭᠠᠳᠬᠠᠯ᠎ᠤᠨ ᠳ᠋ᠦᠩᠨᠡᠨ ᠪᠤᠳᠤᠬᠤ᠎ᠶᠢ ᠱᠠᠲᠤ ᠬᠤᠪᠢᠶᠠᠨ ᠬᠠᠮᠢᠶᠠᠷᠬᠤ ᠠᠷᠭ᠎ᠠ᠎ᠶᠢ ᠤᠷᠤᠭᠰᠢᠲᠠᠶ ᠨᠠᠶ᠋ᠢᠳᠠᠪᠤᠷᠢᠵᠢᠭᠤᠯᠬᠤ᠎ᠶᠢᠨ ᠠᠰᠢᠭ᠍ᠲᠠᠶ ᠠᠷᠭ᠎ᠠ ᠬᠡᠮᠵᠢᠶ᠎ᠡ ᠮᠥᠨ ᠂ ᠡᠯ᠎ᠡ ᠭᠠᠵᠠᠷ᠎ᠤᠨ᠎ᠬᠢᠨ ᠥᠭᠡᠷᠡᠴᠢᠯᠡᠯᠲᠡ᠎ᠶᠢᠨ ᠴᠢᠬᠤᠯᠠ ᠠᠴᠢ ᠬᠤᠯᠪᠣᠭᠳᠠᠯ᠎ᠢ ᠭᠦᠢᠴᠡᠳ ᠲᠠᠨᠢᠵᠤ ᠂ ᠬᠠᠷᠢᠭᠤᠴᠠᠯᠭ᠎ᠠ᠎ᠶᠢᠨ ᠠᠵᠢᠯ᠎ᠤᠨ ᠬᠤᠪᠢᠶᠠᠷᠢᠯᠠᠯ᠎ᠢᠶᠠᠨ ᠲᠣᠳᠣᠷᠬᠠᠶ᠋ᠢᠯᠠᠨ ᠂ ᠵᠣᠬᠢᠴᠠᠭᠤᠯᠤᠨ ᠪᠠᠶ᠋ᠢᠷᠢᠯᠠᠭᠤᠯᠬᠤ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ ᠂ ᠡᠯ᠎ᠡ ᠲᠥᠷᠥᠯ᠎ᠤᠨ ᠠᠰᠠᠭᠤᠳᠠᠯ᠎ᠢ ᠲᠣᠬᠢᠲᠠᠶ ᠰᠢᠢᠳᠪᠦᠷᠢᠯᠡᠨ ᠂ ᠠᠵᠢᠯ᠎ᠤᠨ ᠤᠷᠤᠭᠰᠢᠲᠠᠶ ᠶᠠᠪᠤᠭᠳᠠᠬᠤ᠎ᠶᠢ ᠦᠨᠡᠨ ᠬᠦ᠌ ᠪᠠᠲᠤᠯᠠᠬᠤ ᠬᠡᠷᠡᠭᠲᠡᠶ ᠃
(ᠬᠤᠶᠠᠷ) ᠪᠣᠯᠪᠠᠰᠤᠷᠠᠯ ᠤᠬᠠᠭᠤᠯᠭ᠎ᠠ᠎ᠶᠢ ᠴᠢᠩᠭᠠᠷᠠᠭᠤᠯᠬᠤ ᠬᠡᠷᠡᠭᠲᠡᠢ ᠃ ᠡᠯ᠎ᠡ ᠭᠠᠵᠠᠷ᠎ᠤᠨ᠎ᠬᠢᠨ ᠨᠢᠭᠡᠳᠦᠭᠡᠷ ᠳᠡᠰ ᠵᠢᠴᠢ ᠲᠡᠭᠦᠨ᠎ᠠᠴᠠ ᠳᠣᠷᠣᠭ᠍ᠰᠢᠬᠢ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠶ᠋ᠢᠭᠤᠯᠤᠮᠵᠢ᠎ᠶᠢᠨ ᠪᠣᠯᠪᠠᠰᠤᠷᠠᠯ᠎ᠢᠶᠠᠨ ᠴᠢᠩᠭᠠᠳᠬᠠᠵᠤ ᠂ ᠲᠥᠷᠥ᠎ᠶᠢᠨ ᠪᠣᠳᠣᠯᠭ᠎ᠠ᠎ᠶᠢ ᠲᠣᠳᠣᠷᠬᠠᠶ ᠲᠠᠶ᠋ᠢᠯᠪᠤᠷᠢᠯᠠᠨ ᠥᠭᠴᠦ ᠂ ᠡᠷᠡᠭᠡᠯᠵᠡᠭᠡ᠎ᠶᠢ ᠲᠦᠢᠯᠪᠤᠷᠢᠲᠠᠶ ᠠᠷᠢᠯᠭᠠᠨ ᠂ ᠥᠷᠭᠡᠨ ᠣᠯᠠᠨ ᠳᠠᠭᠠᠳᠬᠠᠯ᠎ᠳᠤ ᠣᠷᠣᠯᠴᠠᠭᠰᠠᠳ᠎ᠲᠤ ᠢᠳᠡᠪᠬᠢᠲᠡᠶ᠎ᠪᠠᠷ ᠤᠬᠠᠭᠤᠯᠤᠨ ᠲᠠᠶ᠋ᠢᠯᠪᠤᠷᠢᠯᠠᠵᠤ ᠂ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ᠎ᠶᠢᠨ ᠴᠣᠭᠴᠠ᠎ᠶᠢᠨ ᠪᠦᠷᠢᠯᠳᠦᠬᠦᠨ ᠨᠢᠭᠡᠴᠢ᠎ᠨᠦᠭᠦᠳ ᠡᠮᠨᠡᠯᠭᠡ᠎ᠶᠢᠨ ᠠᠵᠢᠯᠲᠠᠨ᠎ᠤ ᠲᠥᠷᠥ᠎ᠶᠢᠨ ᠪᠣᠳᠣᠯᠭ᠎ᠠ᠎ᠶᠢᠨ ᠪᠣᠯᠪᠠᠰᠤᠷᠠᠯ᠎ᠢ ᠴᠢᠩᠭᠠᠳᠬᠠᠨ ᠂ ᠪᠠᠶ᠋ᠢᠭᠤᠯᠤᠮᠵᠢ᠎ᠶᠢᠨ ᠡᠮ ᠬᠠᠩᠭᠠᠵᠤ ᠳᠡᠶ᠋ᠢᠯᠬᠦ ᠂ ᠠᠷᠠᠳ ᠢᠷᠭᠡᠳ ᠡᠮ ᠠᠪᠴᠤ ᠳᠡᠶ᠋ᠢᠯᠬᠦ᠎ᠶᠢ ᠦᠨᠡᠨ ᠬᠦ᠌ ᠪᠠᠲᠤᠯᠠᠬᠤ ᠬᠡᠷᠡᠭᠲᠡᠶ ᠃
(ᠭᠤᠷᠪᠠ) ᠬᠢᠨᠠᠨ ᠬᠡᠮᠵᠢᠵᠦ ᠦᠨᠡᠯᠡᠨ ᠵᠢᠱ᠌ᠢᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ ᠃ ᠡᠯ᠎ᠡ ᠭᠠᠵᠠᠷ᠎ᠤᠨ᠎ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠂ ᠣᠶᠤᠨᠴᠢ ᠬᠢᠨᠠᠨ ᠡᠵᠡᠮᠳᠡᠯ᠎ᠢ ᠴᠢᠩᠭᠠᠳᠬᠠᠵᠤ ᠂ ᠠᠬᠢᠭᠤᠯᠬᠤ ᠶᠠᠪᠤᠴᠠ᠎ᠳᠤ ᠣᠯᠵᠤ ᠮᠡᠳᠡᠭᠰᠡᠨ ᠠᠰᠠᠭᠤᠳᠠᠯ᠎ᠳᠤ ᠨᠠᠷᠢᠨ ᠲᠠᠩᠰᠠ ᠭᠠᠷᠭᠠᠵᠤ ᠂ ᠬᠠᠷᠢᠭᠤᠴᠠᠯᠭ᠎ᠠ᠎ᠶᠢ ᠲᠣᠳᠣᠷᠬᠠᠶ᠋ᠢᠯᠠᠨ ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶ᠋ᠢᠵᠢᠷᠠᠭᠤᠯᠬᠤ ᠬᠡᠷᠡᠭᠲᠡᠶ ; ᠴᠢᠬᠤᠯᠠ ᠶᠠᠷᠢᠶ᠎ᠠ ᠬᠡᠯᠡᠯᠴᠡᠭᠡᠨ᠎ᠤ ᠪᠠᠶ᠋ᠢᠳᠠᠯ ᠲᠣᠬᠢᠶᠠᠯᠳᠤᠪᠠᠯ ᠲᠡᠷᠡ ᠳᠠᠷᠤᠶ᠎ᠳᠦ ᠨᠢ ᠳᠡᠭᠡᠭᠰᠢ ᠮᠡᠳᠡᠭᠦᠯᠵᠦ ᠂ ᠠᠬᠢᠭᠤᠯᠤᠭᠰᠠᠨ᠎ᠨᠢ ᠬᠦᠴᠦᠨ ᠦᠭᠡᠢ ᠪᠤᠶᠤ ᠬᠡᠷᠡᠭᠵᠢᠭᠦᠯᠬᠦ᠎ᠶᠢ ᠲᠡᠪᠴᠢᠭᠰᠡᠨ ᠭᠠᠵᠠᠷ ᠣᠷᠣᠨ ᠪᠠ ᠨᠢᠭᠡᠴᠢ᠎ᠶᠢ ᠵᠠᠷᠯᠠᠨ ᠮᠡᠳᠡᠭᠳᠡᠬᠦ ᠬᠡᠷᠡᠭᠲᠡᠢ ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ
2025 ᠣᠨ᠎ᠤ 8 ᠳ᠋ᠤᠭᠠᠷ ᠰᠠᠷ᠎ᠠ᠎ᠶᠢᠨ 1᠎ᠤ ᠡᠳᠦᠷ