ᠨᠡᠷᠡᠢᠳᠦᠯ᠄ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠬᠤᠪᠢ ᠬᠥᠮᠦᠨ᠎ᠤ ᠳᠠᠩᠰᠠᠨ ᠡᠷᠦᠬᠡ᠎ᠶ᠋ᠢ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠠᠵᠢᠯ᠎ᠢ ᠰᠠᠢᠲᠤᠷ ᠬᠢᠬᠦ᠌ ᠲᠤᠬᠠᠶ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ ᠡᠳ᠋᠎ᠤᠨ ᠵᠠᠰᠠᠭ᠎ᠤᠨ ᠶᠠᠮᠤᠨ᠎ᠤ ᠮᠡᠳᠡᠭ᠌ᠳᠡᠯ
ᠬᠡᠯᠬᠢᠶᠡᠰᠦᠨ ᠨᠣᠮᠧᠷ᠄ 2026 - 02 - 00001
ᠪᠢᠴᠢᠭ᠎ᠦᠨ ᠳ᠋ᠤᠭ᠋ᠠᠷ᠄ ᠡᠮᠴᠢᠯᠡᠭᠡᠨ᠎ᠦ ᠪᠠᠲᠤᠯᠠᠭ᠎ᠠ ᠲᠠᠷᠬᠠᠭ᠋ᠠᠭᠰᠠᠨ [ 2025 ] 35 ᠳ᠋ᠤᠭᠠᠷ ᠲᠣᠭᠠᠲᠤ
ᠨᠡᠢᠲᠡᠯᠡᠭ᠌ᠰᠡᠨ ᠡᠳᠦᠷ ᠬᠤᠭᠤᠴᠠᠭ᠎ᠠ᠄ 2026 - 01 - 09
ᠨᠡᠢᠲᠡᠯᠡᠭ᠌ᠰᠡᠨ ᠪᠠᠢᠭᠤᠯᠤᠮᠵᠢ᠄
ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ ᠵᠢᠴᠢ ᠱᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠪᠢᠩᠲᠤᠸᠠᠨᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠂ ᠡᠳ᠋᠎ᠦᠨ ᠵᠠᠰᠠᠭ᠎ᠤᠨ ᠲᠢᠩᠬᠢᠮ ( ᠲᠣᠪᠴᠢᠶ᠎ᠠ )᠄
《 ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠡᠭᠦᠳᠡᠨ ᠡᠮᠨᠡᠯᠭᠡ᠎ᠶ᠋ᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠵᠢᠯᠣᠭᠤᠳᠭᠤ ᠰᠠᠨᠠᠯ 》 ( ᠲᠥᠷᠥ᠍ ᠠᠯᠪᠠᠨ ᠲᠠᠷᠬᠠᠭᠠᠭ᠍ᠰᠠᠨ [ 2021] 14 ᠳ᠋ᠤᠭᠡᠷ ᠲᠣᠭᠠᠲᠤ )᠂ 《 ᠦᠨᠳᠦᠰᠦᠨ ᠡᠮᠴᠢᠯᠡᠭᠡᠨ᠎ᠦ ᠳᠠᠭᠠᠳᠭᠠᠯ᠎ᠳᠤ ᠣᠷᠣᠯᠴᠠᠬᠤ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠭᠦᠯᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠵᠢᠯᠣᠭᠤᠳᠭᠤ ᠰᠠᠨᠠᠯ 》 ( ᠲᠥᠷᠥ᠍ ᠠᠯᠪᠠᠨ ᠲᠠᠷᠬᠠᠭᠠᠭ᠍ᠰᠠᠨ [ 2024 ] 38 ᠳ᠋ᠤᠭᠠᠷ ᠲᠣᠭᠠᠲᠤ ) ᠵᠡᠷᠭᠡ ᠱᠠᠭᠠᠷᠳᠠᠯᠭ᠎ᠠ᠎ᠶ᠋ᠢ ᠤᠯᠠᠮ ᠨᠢᠭᠡ ᠠᠯᠬᠤᠮ ᠨᠠᠢᠳᠠᠪᠤᠷᠢᠵᠢᠭᠤᠯᠵᠤ᠂ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠬᠤᠪᠢ ᠬᠥᠮᠦᠨ᠎ᠤ ᠲᠠᠩᠰᠠᠨ ᠡᠷᠦᠬᠡ᠎ᠶ᠋ᠢ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠬᠡᠷᠡᠭ᠌ᠯᠡᠯᠲᠡ᠎ᠶ᠋ᠢ ᠲᠦᠷᠭᠡᠳᠭᠡᠨ ᠪᠡᠶᠡᠯᠡᠭᠦᠯᠵᠦ᠍᠂ ᠣᠢᠷ᠎ᠠ ᠲᠥᠷᠥᠯ ᠰᠠᠳᠤᠨ᠎ᠨᠢ ᠡᠪᠡᠳᠴᠢᠨ ᠦᠵᠡᠭᠦᠯᠵᠦ᠍ ᠡᠮ ᠬᠤᠳᠠᠯᠳᠤᠨ ᠠᠪᠬᠤ᠂ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠬᠤ᠎ᠶ᠋ᠢ ᠳᠡᠮᠵᠢᠨ᠎ᠡ᠃ ᠡᠳᠦᠭᠡ ᠬᠣᠯᠪᠣᠭ᠍ᠳᠠᠯ ᠪᠦᠬᠦᠢ ᠤᠴᠢᠷ᠎ᠢ ᠳᠠᠷᠠᠭ᠋ᠠᠬᠢ ᠮᠡᠲᠦ ᠮᠡᠳᠡᠭ᠌ᠳᠡᠶ᠎ᠡ᠄
ᠨᠢᠭᠡ᠂ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠬᠠᠷᠢᠴᠠᠭᠠᠨ᠎ᠤ ᠬᠠᠮᠢᠶᠠᠷᠤᠯᠲᠠ
( ᠨᠢᠭᠡ ) ᠬᠠᠷᠢᠯᠴᠠᠨ ᠲᠤᠰᠠᠯᠠᠯᠴᠠᠬᠤ ᠡᠲᠡᠭᠡᠳ᠎ᠦᠨ ᠬᠦᠷᠢᠶ᠎ᠡ ᠬᠡᠪᠴᠢᠶ᠎ᠡ᠃ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ᠎ᠳᠦ ᠲᠣᠬᠢᠷᠠᠬᠤ ᠡᠲᠡᠭᠡᠳ᠎ᠤᠨ ᠬᠦᠷᠢᠶ᠎ᠡ ᠬᠡᠪᠴᠢᠶ᠎ᠡ᠎ᠨᠢ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠦ ᠳᠠᠭᠠᠳᠭᠠᠯ᠎ᠳᠤ ᠣᠷᠣᠯᠴᠠᠭ᠍ᠴᠢ ( ᠳᠣᠷᠣᠭ᠍ᠰᠢ 《 ᠬᠠᠷᠢᠯᠴᠠᠨ ᠲᠣᠰᠠᠯᠠᠭᠴᠢ 》 ᠭᠡᠵᠦ᠍ ᠨᠡᠷᠡᠢᠳᠦᠨ᠎ᠡ )᠎ᠶ᠋ᠢᠨ ᠣᠢᠷ᠎ᠠ ᠲᠥᠷᠥᠯ ᠰᠠᠳᠤᠨ ( ᠳᠣᠷᠣᠭ᠍ᠰᠢ 《 ᠬᠠᠷᠢᠯᠴᠠᠨ ᠲᠤᠰᠠᠯᠠᠭᠳᠠᠭᠴᠢ 》 ᠭᠡᠵᠦ᠍ ᠨᠡᠷᠡᠢᠳᠦᠨ᠎ᠡ ) ᠪᠠᠢᠵᠤ᠂ ᠬᠠᠷᠢᠯᠴᠠᠨ ᠲᠤᠰᠠᠯᠠᠭᠳᠠᠭᠴᠢ᠎ᠶ᠋ᠢᠨ ᠦᠨᠳᠦᠰᠦᠨ ᠡᠮᠴᠢᠯᠡᠭᠡᠨ᠎ᠦ ᠳᠠᠭᠠᠳᠭᠠᠯ ( ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠦ ᠳᠠᠭᠠᠳᠭᠠᠯ ᠪᠠ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠦ ᠳᠠᠭᠠᠳᠭᠠᠯ ᠪᠠᠭ᠍ᠲᠠᠨ᠎ᠠ )᠎ᠤᠨ ᠳᠠᠭᠠᠳᠭᠠᠯ᠎ᠳᠤ ᠣᠷᠣᠭ᠍ᠰᠠᠳ ᠪᠣᠯᠣᠨ᠎ᠠ᠃
( ᠬᠤᠶᠠᠷ ) ᠬᠠᠷᠢᠯᠴᠠᠨ ᠲᠤᠰᠠᠯᠠᠯᠴᠠᠯᠤᠨ ᠬᠠᠷᠢᠴᠠᠭ᠎ᠠ ᠪᠠᠢ᠌ᠭᠤᠯᠤᠨ᠎ᠠ᠃ ᠬᠠᠷᠢᠯᠴᠠᠨ ᠲᠣᠰᠠᠯᠠᠭᠴᠢ ᠲᠣᠭᠲᠠᠭ᠋ᠠᠯ ᠶᠣᠰᠣᠭ᠋ᠠᠷ ᠣᠢᠷ᠎ᠠ ᠲᠥ᠋ᠷᠥᠯ ᠰᠠᠳᠤᠨ᠎ᠲᠠᠢ᠎ᠪᠠᠨ ᠬᠠᠷᠢᠯᠴᠠᠨ ᠲᠤᠰᠠᠯᠠᠯᠴᠠᠬᠤ ᠬᠠᠷᠢᠴᠠᠭ᠎ᠠ ᠪᠠᠢ᠌ᠭᠤᠯᠵᠤ ᠪᠣᠯᠣᠨ᠎ᠠ᠂ ᠨᠢᠭᠡ ᠬᠠᠷᠢᠯᠴᠠᠨ ᠲᠤᠰᠠᠯᠠᠭᠳᠠᠭᠴᠢ ᠨᠢ ᠣᠯᠠᠨ ᠣᠢ᠌ᠷ᠎ᠠ ᠲᠥᠷᠥᠯ ᠰᠠᠳᠤᠨ᠎ᠲᠠᠢ᠎ᠪᠠᠨ ᠬᠠᠷᠢᠯᠴᠠᠨ ᠲᠤᠰᠠᠯᠠᠯᠴᠠᠬᠤ ᠬᠠᠷᠢᠴᠠᠭ᠎ᠠ᠎ᠶᠢ ᠬᠦᠯᠢᠶᠡᠨ ᠠᠪᠴᠤ ᠪᠣᠯᠣᠨ᠎ᠠ᠃
( ᠭᠤᠷᠪᠠ ) ᠬᠠᠷᠢᠯᠴᠠᠨ ᠲᠤᠰᠠᠯᠠᠯᠴᠠᠬᠤ ᠬᠠᠷᠢᠴᠠᠭ᠎ᠠ᠎ᠶᠢ ᠲᠠᠢ᠌ᠯᠤᠨ᠎ᠠ᠃ ᠬᠠᠷᠢᠯᠴᠠᠨ ᠲᠣᠰᠠᠯᠠᠭᠴᠢ ᠪᠤᠶᠤ ᠬᠠᠷᠢᠯᠴᠠᠨ ᠲᠤᠰᠠᠯᠠᠭᠳᠠᠭᠴᠢ ᠴᠥᠮ ᠬᠠᠷᠢᠯᠴᠠᠨ ᠲᠤᠰᠠᠯᠠᠯᠴᠠᠬᠤ ᠬᠠᠷᠢᠴᠠᠭ᠎ᠠ᠎ᠶ᠋ᠢ ᠲᠠᠢ᠌ᠯᠵᠤ ᠪᠣᠯᠤᠨ᠎ᠠ᠃ ᠬᠠᠷᠢᠯᠴᠠᠨ ᠲᠣᠰᠠᠯᠠᠭᠴᠢ ᠪᠤᠶᠤ ᠬᠠᠷᠢᠯᠴᠠᠨ ᠲᠤᠰᠠᠯᠠᠭᠳᠠᠭᠴᠢ ᠡᠮᠴᠢᠯᠡᠭᠡᠨ᠎ᠤ ᠳᠠᠭᠠᠳᠭᠠᠯ᠎ᠤᠨ ᠬᠠᠷᠢᠴᠠᠭ᠎ᠠ ᠳᠠᠭᠤᠰᠤᠭ᠍ᠰᠠᠨ᠂ ᠨᠢᠭᠡᠳᠦᠯᠲᠡᠶ ᠲᠥᠯᠥᠪᠯᠡᠬᠦ᠌ ᠭᠠᠵᠠᠷ ᠣᠷᠣᠨ ᠠᠯᠤᠰᠯᠠᠨ ᠱᠢᠯᠵᠢᠬᠦ᠌ ᠵᠡᠷᠭᠡ ᠬᠤᠪᠢᠷᠠᠯᠲᠠ ᠭᠠᠷᠤᠭ᠍ᠰᠠᠨ ᠦᠶ᠎ᠡ᠎ᠳᠤ᠂ ᠬᠠᠷᠢᠯᠴᠠᠨ ᠲᠤᠰᠠᠯᠠᠯᠴᠠᠬᠤ ᠬᠠᠷᠢᠴᠠᠭ᠎ᠠ ᠨᠢ ᠠᠦ᠋ᠲ᠋ᠤ᠋ ᠲᠠᠢ᠌ᠯᠤᠭᠳᠠᠨᠠ᠃
ᠬᠤᠶᠠᠷ᠂ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠪᠡᠯᠡ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠬᠡᠪᠴᠢᠶ᠎ᠡ
ᠪᠦᠬᠦ᠌ ᠤᠯᠤᠰ᠎ᠤᠨ ᠨᠢᠭᠡᠳᠦᠯᠲᠡᠶ ᠡᠮᠴᠢᠯᠡᠭᠡᠨ᠎ᠦ ᠪᠠᠲᠤᠯᠠᠭ᠎ᠠ᠎ᠶᠢᠨ ᠮᠡᠳᠡᠭᠡ ᠵᠠᠩᠭᠢ᠎ᠶ᠋ᠢᠨ ᠲᠠᠪᠴᠠᠩ᠎ᠳᠤ ᠲᠦᠱᠢᠭ᠌ᠯᠡᠨ ᠬᠤᠪᠢ ᠬᠥᠮᠦᠨ᠎ᠤ ᠡᠮᠴᠢᠯᠡᠭᠡᠨ᠎ᠦ ᠳᠠᠭᠠᠳᠭᠠᠯ᠎ᠤᠨ ᠲᠦᠷᠡᠢ᠌ᠪᠴᠢ ᠪᠠᠢᠭᠤᠯᠵᠤ᠂ ᠬᠠᠷᠢᠯᠴᠠᠨ ᠲᠤᠰᠠᠯᠠᠭᠴᠢ᠎ᠨᠢ ᠡᠮᠴᠢᠯᠡᠭᠡᠨ᠎ᠦ ᠳᠠᠭᠠᠳᠭᠠᠯ᠎ᠤᠨ ᠲᠦᠷᠡᠢ᠌ᠪᠴᠢ᠎ᠪᠠᠷ ᠳᠠᠮᠵᠢᠨ ᠬᠠᠷᠢᠯᠴᠠᠨ ᠲᠤᠰᠠᠯᠠᠯᠴᠠᠬᠤ ᠲᠤᠭ᠎ᠠ ᠬᠡᠮᠵᠢᠶ᠎ᠡ᠎ᠶᠢ ᠲᠣᠭ᠍ᠲᠠᠭᠠᠵᠤ᠂ ᠠᠵᠢᠯᠲᠠᠨ ᠠᠵᠢᠯᠴᠢᠨ᠎ᠤ ᠬᠤᠪᠢ ᠬᠥᠮᠦᠨ᠎ᠤ ᠲᠠᠩᠰᠠᠨ ᠡᠷᠦᠬᠡ᠎ᠶ᠋ᠢᠨ ᠪᠡᠯᠡ ᠮᠥᠩᠭᠦ᠎ᠶ᠋ᠢ ᠲᠣᠭ᠍ᠲᠠᠭᠠᠯ ᠶᠣᠰᠣᠭᠠᠷ ᠥᠭ᠌ᠴᠦ ᠪᠠᠢᠭᠠᠳ ᠣᠢᠷ᠎ᠠ ᠲᠦᠷᠦᠯ ᠰᠠᠳᠣᠨ᠎ᠢᠶᠠᠨ ᠴᠡᠭ ᠲᠣᠭ᠍ᠲᠠᠭᠠᠭ᠍ᠰᠠᠨ ᠡᠮᠴᠢᠯᠡᠭᠡᠨ᠎ᠤ ᠪᠠᠢᠭᠤᠯᠤᠮᠵᠢ᠎ᠳᠤ ᠡᠮᠨᠡᠭᠦᠯᠬᠦ᠌᠎ᠳᠤ ᠡᠭᠦᠰᠦᠭ᠌ᠰᠡᠨ ᠬᠤᠪᠢ ᠬᠥᠮᠦᠨ᠎ᠤ ᠡᠮᠴᠢᠯᠡᠭᠡᠨ᠎ᠤ ᠵᠠᠷᠤᠳᠠᠯ᠎ᠢ ᠡᠭᠦᠷᠭᠡᠯᠡᠵᠦ᠍᠂ ᠴᠡᠭ ᠲᠣᠭ᠍ᠲᠠᠭᠠᠭ᠍ᠰᠠᠨ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠠᠴᠠ ᠲᠣᠭ᠍ᠲᠠᠭᠠᠯ᠎ᠳᠤ ᠨᠡᠢᠴᠡᠬᠦ᠌ ᠡᠮ᠎ᠤᠨ ᠵᠦᠶ᠋ᠯ᠂ ᠡᠮᠴᠢᠯᠡᠭᠡᠨ᠎ᠤ ᠪᠠᠭᠠᠵᠢ ᠬᠡᠷᠡᠭ᠌ᠰᠡᠯ᠂ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ ᠬᠤᠳᠠᠯᠳᠤᠨ ᠠᠪᠬᠤ᠎ᠳᠤ ᠡᠭᠦᠰᠦᠭ᠌ᠰᠡᠨ ᠬᠤᠪᠢ ᠬᠥᠮᠦᠨ᠎ᠤ ᠡᠭᠦᠷᠭᠡᠯᠡᠬᠦ᠌ ᠵᠠᠷᠤᠳᠠᠯ ᠵᠢᠴᠢ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠳᠠᠭᠠᠳᠭᠠᠯ᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠬᠤᠪᠢ ᠬᠥᠮᠦᠨ᠎ᠤ ᠲᠤᠱᠢᠶᠠᠬᠤ ᠵᠠᠷᠤᠳᠠᠯ᠎ᠢ ᠪᠡᠶᠡᠯᠡᠭᠦᠯᠦᠨ᠎ᠡ᠃ ᠬᠤᠪᠢ ᠬᠥᠮᠦᠨ᠎ᠤ ᠡᠮᠴᠢᠯᠡᠭᠡᠨ᠎ᠤ ᠳᠠᠭᠠᠳᠭᠠᠯ᠎ᠤᠨ ᠲᠦᠷᠡᠢ᠌ᠪᠴᠢ᠎ᠶ᠋ᠢᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠲᠠᠩᠰᠠᠨ ᠡᠷᠦᠬᠡ᠎ᠶ᠋ᠢᠨ ᠬᠠᠮᠢᠶᠠᠷᠤᠯᠲᠠ᠎ᠶ᠋ᠢᠨ ᠬᠤᠯᠪᠣᠭ᠍ᠳᠠᠯ ᠪᠥᠬᠦᠶ ᠲᠣᠭ᠍ᠲᠠᠭᠠᠯ᠎ᠢ ᠴᠢᠩᠭ᠎ᠠ ᠬᠡᠷᠡᠭ᠌ᠵᠢᠭᠦᠯᠵᠦ᠍᠂ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢ ᠪᠣᠳᠠᠲᠠᠶ ᠰᠠᠯᠭᠠᠨ ᠥᠭ᠌ᠴᠦ ᠬᠤᠪᠢ ᠬᠥᠮᠦᠨ᠎ᠤ ᠡᠮᠴᠢᠯᠡᠭᠡᠨ᠎ᠤ ᠳᠠᠭᠠᠳᠭᠠᠯ᠎ᠤᠨ ᠲᠦᠷᠡᠢ᠌ᠪᠴᠢ᠎ᠳᠦ ᠣᠷᠣᠭᠤᠯᠵᠤ ᠪᠣᠯᠬᠤ ᠥᠬᠡᠶ᠃
ᠬᠠᠷᠢᠯᠴᠠᠨ ᠲᠤᠰᠠᠯᠠᠯᠴᠠᠬᠤ ᠲᠣᠭ᠎ᠠ ᠬᠡᠮᠵᠢᠶᠡᠨ᠎ᠦ ᠳᠣᠲᠣᠷ᠎ᠠ᠂ ᠬᠠᠷᠢᠯᠴᠠᠨ ᠲᠤᠰᠠᠯᠠᠭᠴᠢ ᠲᠤᠰ ᠲᠣᠭ᠎ᠠ ᠬᠡᠮᠵᠢᠶᠡᠨ᠎ᠦ ᠬᠤᠪᠢ ᠬᠥᠮᠦᠨ᠎ᠦ ᠳᠠᠩᠰᠠᠨ ᠡᠷᠦᠬᠡ᠎ᠶ᠋ᠢᠨ ᠪᠡᠯᠡ ᠮᠥᠩᠭᠥ᠎ᠶ᠋ᠢ ᠳᠠᠬᠢᠵᠤ ᠬᠡᠷᠡᠭ᠌ᠯᠡᠵᠦ᠍ ᠪᠣᠯᠬᠤ ᠦᠭᠡᠶ᠂ ᠬᠠᠷᠢᠯᠴᠠᠨ ᠲᠤᠰᠠᠯᠠᠭᠳᠠᠭᠴᠢ ᠲᠣᠭ᠍ᠲᠠᠭᠠᠯ᠎ᠳᠤ ᠨᠡᠢᠴᠡᠬᠦ᠌ ᠵᠠᠷᠤᠳᠠᠯ᠎ᠢ ᠬᠠᠷᠢᠯᠴᠠᠨ ᠲᠤᠰᠠᠯᠠᠯᠴᠠᠬᠤ᠎ᠳᠤ ᠳ᠋ᠦᠩᠨᠡᠨ ᠪᠣᠳᠣᠵᠤ ᠪᠣᠯᠤᠨ᠎ᠠ᠃ ᠬᠠᠷᠢᠯᠴᠠᠨ ᠲᠤᠰᠠᠯᠠᠯᠴᠠᠬᠤ ᠬᠠᠷᠢᠴᠠᠭ᠎ᠠ᠎ᠶ᠋ᠢ ᠲᠠᠢᠯᠬᠤ ᠦᠶ᠎ᠡ᠎ᠳᠤ᠂ ᠬᠠᠷᠢᠯᠴᠠᠨ ᠲᠤᠰᠠᠯᠠᠭᠳᠠᠭᠴᠢ᠎ᠶ᠋ᠢᠨ ᠬᠠᠷᠠᠬᠠᠨ ᠬᠡᠷᠡᠭ᠌ᠯᠡᠭᠡᠳᠦᠢ ᠪᠠᠢᠬᠤ ᠬᠠᠷᠢᠯᠴᠠᠨ ᠲᠤᠰᠠᠯᠠᠯᠴᠠᠬᠤ ᠲᠤᠭ᠎ᠠ ᠬᠡᠮᠵᠢᠶ᠎ᠡ᠎ᠶ᠋ᠢ ᠬᠠᠷᠢᠯᠴᠠᠨ ᠲᠤᠰᠠᠯᠠᠯᠴᠠᠬᠤ ᠬᠤᠪᠢ ᠬᠥᠮᠥᠨ᠎ᠤ ᠲᠠᠩᠰᠠᠨ ᠡᠷᠦᠬᠡ᠎ᠳᠤ ᠬᠦᠷᠲᠡᠯ᠎ᠡ ᠠᠦ᠋ᠲ᠋ᠤ᠋ ᠰᠡᠷᠭᠦᠭᠡᠭᠳᠡᠨᠡ᠃
ᠭᠤᠷᠪᠠ᠂ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠪᠡᠯᠡ ᠮᠥᠩᠭᠦ᠎ᠶ᠋ᠢ ᠢᠯᠭᠠᠷᠠᠭᠤᠯᠤᠨ ᠪᠤᠳᠤᠬᠤ ᠬᠠᠮᠢᠶᠠᠷᠤᠯᠲᠠ
( ᠨᠢᠭᠡ ) ᠪᠡᠯᠡ ᠮᠦᠩᠭᠦ᠌᠎ᠶᠢ ᠢᠯᠭᠠᠷᠠᠭᠤᠯᠤᠨ ᠪᠤᠳᠣᠬᠤ ᠬᠦᠷᠢᠶ᠎ᠡ ᠬᠡᠪᠴᠢᠶ᠎ᠡ᠃ ᠬᠤᠪᠢ ᠬᠥᠮᠦᠨ᠎ᠤ ᠲᠠᠩᠰᠠᠨ ᠡᠷᠦᠬᠡ᠎ᠶ᠋ᠢ ᠮᠤᠵᠢ ᠠᠯᠤᠰᠯᠠᠨ ᠬᠠᠷᠢᠯᠴᠠᠨ ᠲᠤᠰᠠᠯᠠᠯᠴᠠᠯᠤᠨ ᠥᠭᠭᠦᠭᠰᠡᠨ ᠡᠪᠡᠳᠴᠢᠨ ᠦᠵᠡᠭᠦᠯᠵᠦ᠍ ᠡᠮ ᠬᠤᠳᠠᠯᠳᠤᠨ ᠠᠪᠬᠤ ᠪᠠ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠬᠤ ᠵᠠᠷᠤᠳᠠᠯ᠎ᠢ ᠢᠯᠭᠠᠷᠠᠭᠤᠯᠤᠨ ᠪᠤᠳᠤᠬᠤ ᠬᠡᠪᠴᠢᠶᠡᠨ᠎ᠳᠤ ᠨᠢᠭᠡᠳᠦᠯᠲᠡᠶ ᠣᠷᠣᠭᠤᠯᠵᠤ᠂ ᠰᠠᠷ᠎ᠠ᠎ᠪᠠᠷ ᠪᠥᠬᠦ᠌ ᠲᠤᠭ᠎ᠠ᠎ᠪᠠᠷ ᠢᠯᠭᠠᠷᠠᠭᠤᠯᠤᠨ ᠪᠤᠳᠤᠬᠤ᠎ᠶ᠋ᠢ ᠥᠷᠨᠢᠭᠦᠯᠦᠨ᠎ᠡ᠃
( ᠬᠤᠶᠠᠷ ) ᠪᠡᠯᠡ ᠮᠦᠩᠭᠦ᠌᠎ᠶᠢ ᠢᠯᠭᠠᠷᠠᠭᠤᠯᠤᠨ ᠪᠤᠳᠣᠬᠤ ᠴᠤᠪᠤᠷᠠᠯ᠃ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠪᠠᠯᠠ ᠮᠥᠩᠭᠦ᠎ᠶ᠋ᠢ ᠮᠤᠵᠢ ᠠᠯᠤᠰᠯᠠᠨ ᠣᠨᠳᠣᠤ ᠭᠠᠵᠠᠷ᠎ᠲᠤ ᠡᠪᠡᠳᠴᠢᠨ ᠦᠵᠡᠭᠦᠯᠬᠦ᠌ ᠵᠠᠷᠤᠳᠠᠯ᠎ᠤᠨ ᠢᠯᠭᠠᠷᠠᠭᠤᠯᠤᠨ ᠪᠤᠳᠤᠬᠤ ᠴᠤᠪᠤᠷᠠᠯ᠎ᠢᠶᠠᠷ ᠯᠠᠪᠯᠠᠯᠲᠠ ᠪᠣᠯᠭᠠᠵᠤ᠂ ᠤᠯᠤᠰ᠎ᠠᠴᠠ ᠨᠢᠭᠡᠳᠦᠯᠲᠡᠶ ᠢᠯᠭᠠᠷᠠᠭᠤᠯᠤᠨ ᠬᠤᠪᠢᠶᠠᠵᠤ᠂ ᠮᠤᠵᠢ ᠬᠤᠲᠠ᠎ᠠᠴᠠ ᠱᠠᠲᠤ ᠬᠤᠪᠢᠶᠠᠨ ᠢᠯᠭᠠᠷᠠᠭᠤᠯᠤᠨ ᠪᠤᠳᠤᠵᠤ᠂ ᠮᠤᠵᠢ ᠠᠯᠤᠰᠯᠠᠨ ᠣᠨᠳᠣᠤ ᠭᠠᠵᠠᠷ᠎ᠲᠤ ᠡᠪᠡᠳᠴᠢᠨ ᠦᠵᠡᠭᠦᠯᠬᠦ᠌ ᠵᠠᠷᠤᠳᠠᠯ᠎ᠢ ᠢᠯᠭᠠᠷᠠᠭᠤᠯᠤᠨ ᠪᠤᠳᠤᠬᠤ ᠠᠵᠢᠯ᠎ᠲᠠᠢ ᠵᠡᠷᠭᠡ᠎ᠪᠠᠷ ᠥᠷᠨᠢᠭᠦᠯᠦᠨ᠎ᠡ᠃ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠬᠤᠪᠢ ᠬᠥᠮᠦᠨ᠎ᠤ ᠲᠠᠩᠰᠠᠨ ᠡᠷᠦᠬᠡ᠎ᠶ᠋ᠢ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠪᠠᠯᠠ ᠮᠥᠩᠭᠦ᠎ᠶ᠋ᠢ ᠨᠤᠲᠠᠯᠠᠬᠤ ᠪᠠ ᠢᠯᠭᠠᠷᠠᠭᠤᠯᠤᠨ ᠪᠤᠳᠤᠬᠤ ᠠᠵᠢᠯ᠎ᠢ ᠰᠠᠢᠲᠤᠷ ᠬᠢᠵᠦ᠍᠂ ᠮᠤᠵᠢ᠎ᠶ᠋ᠢᠨ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠪᠠ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠲᠣᠭ᠍ᠲᠠᠭᠠᠯ ᠶᠣᠰᠣᠭᠠᠷ ᠡᠳ᠋᠎ᠤᠨ ᠵᠠᠰᠠᠭ᠎ᠤᠨ ᠲᠤᠰᠭᠠᠶ ᠡᠷᠦᠬᠡ᠎ᠪᠠᠷ ᠳᠠᠮᠵᠢᠭᠤᠯᠤᠨ ᠢᠯᠭᠠᠷᠠᠭᠤᠯᠤᠨ ᠪᠤᠳᠤᠭ᠍ᠰᠠᠨ ᠪᠠᠯᠠ ᠮᠥᠩᠭᠦ᠎ᠶ᠋ᠢ ᠱᠢᠯᠵᠢᠭᠦᠯᠦᠨ ᠥᠭ᠌ᠬᠦ ᠪᠠ ᠵᠣᠭᠤᠰ ᠬᠤᠷᠢᠶᠠᠬᠤ ᠠᠵᠢᠯ᠎ᠢ ᠬᠠᠮᠵᠢᠯᠴᠠᠨ ᠰᠠᠢᠲᠤᠷ ᠬᠢᠨ᠎ᠡ᠃ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠪᠣᠯᠤᠨ ᠡᠳ᠋᠎ᠦᠨ ᠵᠠᠰᠠᠭ᠎ᠤᠨ ᠶᠠᠮᠤᠨ ᠡᠯ᠎ᠡ ᠮᠤᠵᠢ᠎ᠶ᠋ᠢ ᠵᠣᠬᠢᠴᠠᠭᠤᠯᠤᠨ ᠱᠢᠮᠳᠠᠭᠤᠯᠵᠤ ᠪᠠᠢᠭᠠᠳ ᠲᠣᠭ᠍ᠲᠠᠭᠠᠯ ᠶᠣᠰᠣᠭᠠᠷ ᠪᠡᠯᠡ ᠮᠥᠩᠭᠥ᠎ᠶ᠋ᠢ ᠴᠠᠭ ᠲᠤᠬᠠᠶ᠎ᠳᠤ ᠨᠢ ᠰᠠᠯᠭᠠᠨ ᠥᠭᠭᠦᠨ᠎ᠡ᠃
ᠡᠯ᠎ᠡ ᠮᠤᠵᠢ ᠣᠷᠣᠨ ᠮᠤᠵᠢ ᠠᠯᠤᠰᠯᠠᠨ ᠣᠨᠳᠣᠤ ᠭᠠᠵᠠᠷ᠎ᠲᠤ ᠡᠪᠡᠳᠴᠢᠨ ᠦᠵᠡᠭᠦᠯᠬᠦ᠌᠎ᠶ᠋ᠢ ᠤᠷᠢᠳᠴᠢᠯᠠᠨ ᠲᠤᠱᠢᠶᠠᠬᠤ ᠮᠥᠩᠭᠦ᠎ᠳᠤ ᠲᠦᠱᠢᠭ᠌ᠯᠡᠨ᠂ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠪᠠᠯᠠ ᠮᠥᠩᠭᠦ᠎ᠶ᠋ᠢ ᠴᠠᠭ ᠲᠤᠬᠠᠶ᠎ᠳᠤ ᠨᠢ ᠢᠯᠭᠠᠷᠠᠭᠤᠯᠤᠨ ᠪᠤᠳᠤᠬᠤ᠎ᠶ᠋ᠢ ᠪᠡᠶᠡᠯᠡᠭᠦᠯᠦᠨ᠎ᠡ᠃ ᠪᠡᠯᠡ ᠮᠥᠩᠭᠦ᠎ᠶ᠋ᠢᠨ ᠬᠡᠪᠴᠢᠶ᠎ᠡ᠎ᠶ᠋ᠢ ᠬᠠᠷᠢᠯᠴᠠᠨ ᠲᠤᠰᠠᠯᠠᠯᠴᠠᠭ᠍ᠰᠠᠨ ᠪᠠᠢᠳᠠᠯ᠎ᠢ ᠦᠨᠳᠦᠰᠦᠯᠡᠨ ᠲᠥᠰᠦᠭᠡᠯᠡᠨ ᠪᠣᠳᠣᠵᠤ ᠨᠤᠲᠠᠯᠠᠬᠤ᠂ ᠬᠥᠳᠡᠯᠦᠩᠭᠦᠶ᠎ᠪᠠᠷ ᠲᠣᠬᠢᠷᠠᠭᠤᠯᠤᠨ᠎ᠠ᠃
ᠳᠥᠷᠪᠡ᠂ ᠠᠵᠢᠯ᠎ᠤᠨ ᠱᠠᠭᠠᠷᠳᠠᠯᠭ᠎ᠠ
( ᠨᠢᠭᠡ ) ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠶᠢ ᠴᠢᠩᠭ᠋ᠠᠳᠬᠠᠨ᠎ᠠ᠃ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠠᠮᠵᠢᠯᠴᠠᠨ ᠠᠬᠢᠭᠤᠯᠬᠤ ᠠᠵᠢᠯ᠎ᠤᠨ ᠲᠣᠭ᠍ᠲᠠᠴᠠ᠎ᠶ᠋ᠢ ᠪᠠᠢᠭᠤᠯᠤᠨ᠂ ᠨᠢᠭᠡᠳᠦᠯᠲᠡᠶ ᠲᠥᠯᠥᠪᠯᠡᠨ ᠰᠦᠪᠡᠭ᠌ᠴᠢᠯᠡᠵᠦ᠍᠂ ᠦᠳᠲᠡᠷ ᠲᠦᠷᠭᠡᠨ ᠨᠠᠢᠳᠠᠪᠤᠷᠢᠵᠢᠭᠤᠯᠤᠨ ᠠᠬᠢᠭᠤᠯᠬᠤ᠎ᠶ᠋ᠢᠨ ᠬᠠᠮᠲᠤ ᠬᠠᠷᠢᠯᠴᠠᠨ ᠲᠤᠰᠠᠯᠠᠯᠴᠠᠬᠤ ᠪᠠᠯᠠ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠰᠠᠢᠲᠤᠷ ᠬᠢᠬᠦ᠌ ᠬᠡᠷᠡᠭ᠌ᠲᠡᠶ᠃ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠦᠳ ᠲᠣᠭ᠍ᠲᠠᠭᠠᠯ ᠶᠣᠰᠣᠭᠠᠷ ᠪᠡᠯᠡ ᠮᠥᠩᠭᠥ᠎ᠶ᠋ᠢ ᠴᠠᠭ ᠲᠤᠬᠠᠶ᠎ᠳᠤ ᠨᠢ ᠬᠤᠪᠢᠶᠠᠷᠢᠯᠠᠨ ᠰᠠᠯᠭᠠᠵᠤ᠂ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠲᠡᠶ ᠬᠠᠮᠲᠤᠷᠠᠨ ᠲᠠᠩᠰᠠ ᠬᠠᠷᠭᠤᠭᠤᠯᠬᠤ ᠬᠠᠮᠢᠶᠠᠷᠤᠯᠲᠠ᠎ᠶ᠋ᠢ ᠰᠠᠢᠲᠤᠷ ᠬᠢᠵᠦ᠍᠂ ᠳᠠᠩᠰᠠ ᠪᠠ ᠳᠠᠩᠰᠠ᠎ᠶ᠋ᠢᠨ ᠬᠠᠷᠢᠯᠴᠠᠨ ᠨᠡᠢᠴᠡᠬᠦ᠌᠂ ᠳᠠᠩᠰᠠ ᠪᠠ ᠵᠣᠭᠣᠰ᠎ᠤᠨ ᠬᠠᠷᠢᠯᠴᠠᠨ ᠨᠡᠢᠴᠡᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃
( ᠬᠤᠶᠠᠷ ) ᠮᠡᠳᠡᠭᠡ ᠵᠠᠩᠭᠢ᠎ᠶ᠋ᠢᠨ ᠲᠤᠯᠭᠠᠭᠤᠷᠢᠯᠠᠯ᠎ᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ ᠪᠦᠬᠦ᠌ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠮᠡᠳᠡᠭᠡ ᠵᠠᠩᠭᠢ᠎ᠶ᠋ᠢᠨ ᠨᠢᠭᠡᠳᠦᠯᠲᠡᠶ ᠲᠠᠪᠴᠠᠩ᠎ᠳᠤ ᠲᠦᠱᠢᠭ᠌ᠯᠡᠨ᠂ ᠲᠤᠰ ᠭᠠᠵᠠᠷ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠮᠡᠳᠡᠭᠡ ᠵᠠᠩᠭᠢ᠎ᠶ᠋ᠢᠨ ᠱᠢᠰᠲ᠋ᠧᠮ᠎ᠦᠨ ᠴᠢᠳᠠᠮᠵᠢ᠎ᠶ᠋ᠢ ᠵᠣᠯᠭᠠᠭᠤᠯᠬᠤ ᠥᠭᠡᠷᠡᠴᠢᠯᠡᠯᠲᠡ᠎ᠶ᠋ᠢ ᠰᠠᠢᠲᠤᠷ ᠬᠢᠵᠦ᠍᠂ ᠲᠤᠬᠠᠢᠯᠠᠭ᠍ᠰᠠᠨ ᠠᠵᠢᠯ᠎ᠤᠨ ᠭᠦᠢᠯᠭᠡᠭᠡ᠂ ᠪᠡᠯᠡ ᠮᠥᠩᠭᠥ᠎ᠶ᠋ᠢᠨ ᠭᠦᠢᠯᠭᠡᠭᠡ ᠪᠠ ᠮᠡᠳᠡᠭᠡ ᠵᠠᠩᠭᠢ᠎ᠶ᠋ᠢᠨ ᠭᠦᠢᠯᠭᠡᠭᠡ᠎ᠶᠢ ᠨᠢᠭᠡ ᠴᠣᠭ᠍ᠴᠠᠵᠢᠭᠤᠯᠤᠨ ᠠᠵᠢᠯᠯᠠᠭᠤᠯᠬᠤ ᠪᠠ ᠬᠠᠮᠢᠶᠠᠷᠬᠤ᠎ᠶ᠋ᠢ ᠪᠡᠶᠡᠯᠡᠭᠦᠯᠬᠦ᠌ ᠬᠡᠷᠡᠭ᠌ᠲᠡᠶ᠃ ᠮᠤᠵᠢ᠎ᠶ᠋ᠢᠨ ᠳᠣᠲᠣᠷ᠎ᠠ᠎ᠪᠠᠨ ᠬᠠᠷᠢᠯᠴᠠᠨ ᠲᠤᠰᠠᠯᠠᠯᠴᠠᠬᠤ ᠠᠵᠢᠯ᠎ᠢ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ᠎ᠶᠢ ᠬᠡᠷᠡᠭᠵᠢᠭᠦᠯᠵᠦ ᠪᠣᠯᠤᠨ᠎ᠠ᠃
( ᠭᠤᠷᠪᠠ ) ᠤᠬᠠᠭᠤᠯᠵᠤ ᠬᠥᠲᠥᠯᠥᠨ ᠵᠢᠯᠣᠭᠤᠳᠭᠤ᠎ᠶ᠋ᠢ ᠰᠠᠢᠲᠤᠷ ᠬᠢᠨ᠎ᠡ᠃ ᠡᠯ᠎ᠡ ᠱᠠᠲᠤᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠡᠷᠴᠢᠮ᠎ᠢᠶᠠᠨ ᠴᠢᠩᠭᠠᠷᠠᠭᠤᠯᠵᠤ᠂ ᠣᠯᠠᠨ ᠲᠦᠮᠡᠨ᠎ᠤ ᠦᠵᠡᠵᠦ᠍ ᠰᠣᠨᠢᠷᠬᠠᠬᠤ ᠳᠤᠷᠠᠲᠠᠶ ᠠᠷᠭ᠎ᠠ ᠮᠠᠶᠢᠭ᠎ᠢ ᠬᠡᠷᠡᠭ᠌ᠯᠡᠨ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ ᠠᠵᠢᠯ᠎ᠢ ᠰᠠᠢᠲᠤᠷ ᠬᠢᠵᠦ᠍᠂ ᠨᠡᠢᠭᠡᠮ᠎ᠤᠨ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠵᠤ᠂ ᠣᠯᠠᠨ ᠲᠦᠮᠡᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠣᠯ ᠵᠢᠷᠭᠠᠯᠲᠤ ᠲᠥᠷᠥᠭ᠌ᠳᠡᠯ᠎ᠢ ᠨᠡᠮᠡᠭ᠌ᠳᠡᠭᠦᠯᠬᠦ᠌ ᠬᠡᠷᠡᠭ᠌ᠲᠡᠶ᠃
ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠤᠪᠴᠢᠶ᠎ᠠ
ᠡᠳ᠋᠎ᠦᠨ ᠵᠠᠰᠠᠭ᠎ᠤᠨ ᠶᠠᠮᠤᠨ
2025 ᠣᠨ᠎ᠤ 12 ᠳ᠋ᠤᠭ᠋ᠠᠷ ᠰᠠᠷ᠎ᠠ᠎ᠶ᠋ᠢᠨ 24 ᠤ ᠡᠳᠦᠷ
( ᠰᠠᠨᠠᠭᠠᠴᠢᠯᠠᠭ᠎ᠠ᠎ᠠᠴᠠ᠎ᠪᠠᠨ ᠢᠯᠡ ᠨᠡᠢ᠌ᠲᠡᠯᠡᠨ᠎ᠡ )