ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠬᠢᠲᠠᠳ ᠡᠮᠨᠡᠯᠭᠡ᠎ᠶ᠋ᠢᠨ ᠳᠠᠪᠠᠭᠤᠯᠢᠭ ᠡᠪᠡᠳᠴᠢᠨ᠎ᠤ ᠲᠥᠷᠥᠯ᠎ᠢ ᠲᠣᠭ᠍ᠲᠠᠭᠠᠬᠤ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠤ ᠲᠤᠬᠠᠶ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ᠎ᠶ᠋ᠢᠨ ᠠᠯᠪᠠᠨ ᠬᠡᠷ ᠤᠯᠤᠰ᠎ᠤᠨ ᠬᠢᠲᠠᠳ ᠡᠮ ᠡᠮᠨᠡᠯᠭᠡ᠎ᠶ᠋ᠢᠨ ᠲᠣᠪᠴᠢᠶ᠎ᠠ᠎ᠶ᠋ᠢᠨ ᠶᠡᠷᠦᠩᠬᠡᠢᠯᠡᠭ᠌ᠰᠡᠨ ᠵᠤᠷᠭᠠᠨ᠎ᠤ ᠮᠡᠳᠡᠭ᠌ᠳᠡᠯ
ᠨᠡᠶ᠋ᠢᠲᠡᠯᠡᠭᠰᠡᠨ ᠴᠠᠭ᠄ 2026-01-29

ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ ᠵᠢᠴᠢ ᠱᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠪᠢᠩᠲᠤᠸᠠᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠂ ᠬᠢᠲᠠᠳ ᠡᠮ ᠡᠮᠨᠡᠯᠭᠡ᠎ᠶ᠋ᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ᠌᠄

  《 ᠬᠢᠲᠠᠳ ᠡᠮᠨᠡᠯᠭᠡ᠎ᠶ᠋ᠢᠨ ᠳᠠᠪᠠᠭᠤᠯᠢᠭ ᠡᠪᠡᠳᠴᠢᠨ᠎ᠤ ᠲᠥᠷᠥᠯ᠎ᠢᠶᠠᠷ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ ᠲᠤᠷᠱᠢᠯᠲᠠ᠎ᠶ᠋ᠢᠨ ᠴᠡᠭ᠎ᠤᠨ ᠠᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ 》᠎ᠤᠨ ᠱᠠᠭᠠᠷᠳᠠᠯᠭ᠎ᠠ᠎ᠶ᠋ᠢ ᠦᠨᠳᠦᠰᠦᠯᠡᠨ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠂ ᠤᠯᠤᠰ᠎ᠤᠨ ᠬᠢᠲᠠᠳ ᠡᠮ ᠡᠮᠨᠡᠯᠭᠡ᠎ᠶ᠋ᠢᠨ ᠲᠣᠪᠴᠢᠶ᠎ᠠ᠎ᠠᠴᠠ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠤᠨ ᠬᠢᠲᠠᠳ ᠡᠮᠨᠡᠯᠭᠡ᠎ᠶ᠋ᠢᠨ ᠳᠠᠪᠠᠭᠤᠯᠢᠭ ᠡᠪᠡᠳᠴᠢᠨ᠎ᠤ ᠲᠥᠷᠥᠯ᠎ᠢᠶᠠᠷ ᠡᠪᠡᠳᠴᠢᠨ᠎ᠤ ᠲᠥᠷᠥᠯ᠎ᠤᠨ ᠵᠠᠷᠤᠳᠠᠯ ᠲᠤᠱᠢᠶᠠᠬᠤ᠎ᠶ᠋ᠢ ᠮᠡᠳᠡᠭᠦᠯᠬᠦ᠌ ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠢ ᠱᠢᠯᠢᠨ ᠰᠣᠩᠭᠤᠵᠤ᠂ ᠵᠣᠬᠢᠴᠠᠩᠭᠤᠶ ᠲᠠᠰ ᠳᠠᠷᠠᠭᠠᠯᠠᠯ᠎ᠢᠶᠠᠷ ᠳᠡᠮᠵᠢᠨ᠂ ᠪᠡᠭᠡᠵᠢᠩ᠂ ᠾᠧᠪᠸᠢ ᠵᠡᠷᠭᠡ 9 ᠮᠤᠵᠢ ᠣᠷᠣᠨ ᠵᠢᠴᠢ ᠥᠪᠥᠷ ᠮᠣᠩᠭᠤᠯ᠎ᠤᠨ ᠲᠦᠩᠯᠢᠶᠣᠤ᠂ ᠯᠢᠶᠣᠤᠨᠢᠩ᠎ᠤᠨ ᠮᠦᠭ᠌ᠳᠡᠨ ᠵᠡᠷᠭᠡ 9 ᠬᠤᠲᠠ᠎ᠶ᠋ᠢ ᠲᠤᠷᠱᠢᠯᠲᠠ᠎ᠶ᠋ᠢᠨ ᠴᠡᠭ᠎ᠲᠤ ᠣᠷᠣᠭᠤᠯᠬᠤ᠎ᠪᠠᠷ ᠲᠣᠭ᠍ᠲᠠᠭᠠᠪᠠ᠃

  ᠬᠢᠲᠠᠳ ᠡᠮᠨᠡᠯᠭᠡ᠎ᠶ᠋ᠢᠨ ᠳᠠᠪᠠᠭᠤᠯᠢᠭ ᠡᠪᠡᠳᠴᠢᠨ᠎ᠤ ᠲᠥᠷᠥᠯ᠎ᠢᠶᠠᠷ ᠡᠪᠡᠳᠴᠢᠨ᠎ᠤ ᠲᠥᠷᠥᠯ᠎ᠤᠨ ᠵᠠᠷᠤᠳᠠᠯ ᠲᠤᠱᠢᠶᠠᠬᠤ ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠨᠢ ᠲᠤᠷᠱᠢᠯᠲᠠ᠎ᠶ᠋ᠢᠨ ᠴᠡᠭ᠎ᠤᠨ ᠬᠡᠷᠡᠭ᠌ᠵᠢᠭᠦᠯᠬᠦ᠌ ᠲᠥᠰᠦᠯ᠎ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠤᠨ᠂ ᠴᠠᠭ ᠬᠤᠭᠤᠴᠠᠭᠠᠨ᠎ᠤ ᠵᠠᠩᠭᠢᠯᠠᠭ᠎ᠠ᠎ᠶ᠋ᠢᠨ ᠴᠡᠭ ᠪᠠ ᠡᠭᠦᠷᠭᠡ᠎ᠶ᠋ᠢᠨ ᠠᠵᠢᠯ᠎ᠤᠨ ᠬᠤᠪᠢᠶᠠᠷᠢᠯᠠᠯ᠎ᠢᠶᠠᠨ ᠲᠣᠳᠣᠷᠬᠠᠢᠯᠠᠵᠤ᠂ ᠠᠵᠢᠯ᠎ᠤᠨ ᠠᠬᠢᠴᠠ ᠵᠢᠴᠢ ᠦᠷ᠎ᠡ ᠪᠦᠲᠦᠮᠵᠢ᠎ᠪᠠᠨ ᠲᠣᠭ᠍ᠲᠠᠮᠠᠯ ᠬᠤᠭᠤᠴᠠᠭ᠎ᠠ᠎ᠲᠠᠢ᠎ᠪᠠᠷ ᠳ᠋ᠦᠩᠨᠡᠨ᠂ ᠲᠤᠷᠱᠢᠯᠲᠠ᠎ᠶ᠋ᠢᠨ ᠴᠡᠭ᠎ᠤᠨ ᠠᠵᠢᠯ᠎ᠢ ᠢᠳᠡᠪᠬᠢᠲᠡᠶ ᠯᠠᠪᠳᠠᠭᠤᠨ᠎ᠢᠶᠠᠷ ᠠᠬᠢᠭᠤᠯᠵᠤ᠂ ᠨᠢᠭᠡ ᠪᠦᠯᠦᠭ ᠬᠢᠲᠠᠳ ᠡᠮ ᠡᠮᠨᠡᠯᠭᠡ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠵᠠᠷᠤᠳᠠᠯ ᠥᠭ᠌ᠬᠦ ᠥᠭᠡᠷᠡᠴᠢᠯᠡᠯᠲᠡ᠎ᠶ᠋ᠢᠨ ᠲᠤᠷᠱᠢᠯᠭ᠎ᠠ᠎ᠶ᠋ᠢ ᠬᠤᠷᠠᠮᠳᠤᠭᠤᠯᠬᠤ᠎ᠶ᠋ᠢᠨ ᠬᠠᠮᠲᠤ᠌᠂ ᠪᠥᠬᠦ᠌ ᠤᠯᠤᠰ᠎ᠲᠤ ᠠᠯᠬᠤᠮ ᠠᠯᠬᠤᠮ᠎ᠢᠶᠠᠷ ᠳᠡᠯᠭᠡᠷᠡᠭᠦᠯᠵᠦ᠍᠂ ᠲᠤᠷᠱᠢᠯᠲᠠ᠎ᠶ᠋ᠢᠨ ᠴᠡᠭ᠎ᠤᠨ ᠶᠠᠪᠤᠴᠠ᠎ᠳᠤ ᠴᠢᠬᠤᠯᠠ ᠶᠡᠭᠡ ᠠᠰᠠᠭᠤᠳᠠᠯ ᠲᠤᠯᠭᠠᠷᠠᠪᠠᠯ ᠴᠠᠭ ᠲᠤᠬᠠᠶ᠎ᠳᠤ ᠨᠢ ᠬᠠᠷᠢᠭᠤ ᠲᠤᠰᠭᠠᠬᠤ ᠬᠡᠷᠡᠭ᠌ᠲᠡᠶ᠃


  ᠳᠠᠭᠠᠯᠳᠤᠭᠤᠯᠤᠯ᠄ ᠬᠢᠲᠠᠳ ᠡᠮᠨᠡᠯᠭᠡ᠎ᠶ᠋ᠢᠨ ᠳᠠᠪᠠᠭᠤᠯᠢᠭ ᠡᠪᠡᠳᠴᠢᠨ᠎ᠤ ᠲᠥᠷᠥᠯ᠎ᠢᠶᠠᠷ ᠡᠪᠡᠳᠴᠢᠨ᠎ᠤ ᠲᠥᠷᠥᠯ᠎ᠤᠨ ᠵᠠᠷᠤᠳᠠᠯ ᠲᠤᠱᠢᠶᠠᠬᠤ ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠤ ᠨᠡᠷᠡᠰ᠎ᠤᠨ ᠵᠢᠭᠰᠠᠭ᠋ᠠᠯᠲᠠ


ᠤᠯᠤᠰ᠎ᠤᠨ ᠡᠮᠴᠢᠯᠡᠭᠡᠨ᠎ᠤ ᠪᠠᠳᠤᠯᠠᠭ᠎ᠠ᠎ᠶ᠋ᠢᠨ ᠲᠤᠪᠴᠢᠶ᠎ᠠ᠎ᠶ᠋ᠢᠨ ᠠᠯᠪᠠᠨ ᠭᠡᠷ
ᠤᠯᠤᠰ᠎ᠤ᠋ᠨ ᠬᠢᠲᠠᠳ ᠡᠮ ᠡᠮᠨᠡᠯᠭᠡ᠎ᠶᠢᠨ ᠲᠣᠪᠴᠢᠶ᠎ᠠ᠎ᠶᠢᠨ ᠶᠡᠷᠦᠩᠬᠡᠢ᠌ᠯᠡᠭᠰᠡᠨ ᠵᠤᠷᠭᠠᠨ
2026 ᠣᠨ᠎ᠤ 1 ᠳ᠋ᠤᠭᠡᠷ ᠰᠠᠷ᠎ᠠ᠎ᠶ᠋ᠢᠨ 9᠎ᠤ ᠡᠳᠦᠷ


  ( ᠰᠠᠨᠠᠭᠠᠴᠢᠯᠠᠭ᠎ᠠ᠎ᠠᠴᠠ᠎ᠪᠠᠨ ᠢᠯᠡ ᠪᠣᠯᠭ᠋ᠠᠨ᠎ᠠ )

 

ᠳᠠᠭ᠋ᠠᠯᠳᠤᠭᠤᠯᠤᠯ

ᠬᠢᠲᠠᠳ ᠡᠮᠨᠡᠯᠭᠡ᠎ᠶ᠋ᠢᠨ ᠳᠠᠪᠠᠭᠤᠯᠢᠭ ᠡᠪᠡᠳᠴᠢᠨ᠎ᠤ ᠲᠥᠷᠥᠯ᠎ᠢᠶᠠᠷ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ ᠲᠤᠷᠱᠢᠯᠲᠠ᠎ᠶ᠋ᠢᠨ ᠴᠡᠭ᠎ᠤᠨᠭᠠᠵᠠᠷ ᠣᠷᠣᠨ᠎ᠤ ᠨᠡᠷᠡᠰ᠎ᠦᠨ ᠵᠢᠭᠰᠠᠭ᠋ᠠᠯᠲᠠ

ᠳ᠋ᠤᠭ᠋ᠠᠷ   ᠲᠤᠷᠰᠢᠯᠲᠠ᠎ᠶᠢᠨ ᠴᠡᠭ᠎ᠦᠨ ᠭᠠᠵᠠᠷ ᠣᠷᠣᠨ

1 ᠪᠡᠭᠡᠵᠢᠩ ᠬᠣᠲᠠ

2 ᠡᠾᠸᠪᠸᠢ ᠮᠣᠵᠢ

3 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠦᠩᠯᠢᠶᠤᠤ ᠬᠣᠲᠠ

4 ᠯᠢᠶᠤᠤᠨᠢᠩ ᠮᠣᠵᠢ᠎ᠤᠨ ᠱᠸᠨ᠋ᠶᠠᠩ ᠬᠣᠲᠠ

5 ᠱᠠᠩᠬᠠᠢ ᠬᠣᠲᠠ

6 ᠵᠢᠶᠠᠩᠰᠤ ᠮᠤᠵᠢ᠎ᠶᠢᠨ ᠦᠰᠢ ᠬᠣᠲᠠ

7 ᠵᠸᠵᠢᠶᠠᠩ ᠮᠤᠵᠢ

8 ᠠᠨᠾᠦ᠋ᠢ ᠮᠤᠵᠢ᠎ᠶᠢᠨ ᠡᠦ ᠬᠤ᠌ ᠬᠣᠲᠠ

9  ᠱᠠᠨᠳᠦ᠋ᠩ ᠮᠤᠵᠢ

10 ᠬᠤᠨᠠᠨ ᠮᠤᠵᠢ᠎ᠶᠢᠨ ᠱᠤᠤ ᠶᠠᠩ ᠬᠣᠲᠠ

11 ᠭᠤᠸᠠᠩᠳᠦ᠋ᠩ ᠮᠤᠵᠢ

12 ᠭᠤᠸᠠᠩᠰᠢ᠎ᠶᠢᠨ ᠵᠤᠸᠠᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ

13 ᠴᠦᠩᠴᠢᠩ ᠬᠣᠲᠠ

14 ᠰᠸᠴᠤᠸᠠᠨ ᠮᠤᠵᠢ᠎ᠶᠢᠨ ᠫᠠᠨ ᡁᠢ ᠬᠤᠸᠠ

15 ᠭᠦᠢ᠍ᠵᠸᠦ ᠮᠤᠵᠢ᠎ᠶᠢᠨ ᠴᠢᠶᠠᠨ ᠳ᠋ᠦᠩ ᠨᠠᠨ ᠵᠸᠦ

16 ᠶᠦᠨᠨᠠᠨ ᠮᠤᠵᠢ

17 ᠨᠢᠩᠰᠢᠶᠠ᠎ᠶᠢᠨ ᠬᠤᠲᠤᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠭᠦᠶᠦᠸᠠᠨ ᠬᠣᠲᠠ

18 ᠰᠢᠨᠵᠢᠶᠠᠩ᠎ᠤᠨ ᠣᠢ᠌ᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠥᠷᠥᠮᠴᠢ ᠬᠣᠲᠠ

 

( ᠳᠡᠭᠡᠷᠡᠬᠢ ᠵᠢᠭᠰᠠᠭ᠋ᠠᠯᠲᠠ᠎ᠶᠢ ᠮᠤᠵᠢ᠎ᠶᠢᠨ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠳᠠᠷᠠᠭ᠋ᠠᠯᠠᠯ᠎ᠢᠶᠠᠷ ᠵᠢᠭᠰᠠᠭ᠋ᠠᠪᠠ )

 

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            