ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠳᠡᠷᠭᠡᠳᠡᠬᠢ ᠹᠢᠽᠢᠺ᠎ᠦᠨ ᠤᠬᠠᠭᠠᠨ᠎ᠳᠤ ᠡᠮᠴᠢᠯᠡᠭᠡᠨ᠎ᠦ ᠤᠶᠤᠨ ᠤᠬᠠᠭᠠᠨ ᠬᠠᠳᠠᠭᠠᠯᠠᠭᠳᠠᠵᠤ ᠹᠢᠽᠢᠺ᠎ᠦᠨ ᠡᠮᠴᠢᠯᠡᠭᠡᠨ᠎ᠦ ᠲᠥᠷᠥᠯ᠎ᠦᠨ ᠰᠡᠳᠦᠪ ᠲᠣᠭᠲᠠᠭᠠᠬᠤ ᠵᠦᠭᠯᠡᠭᠦᠷ᠎ᠢ ᠵᠢᠩᠬᠢᠨᠢ᠎ᠪᠡᠷ ᠨᠡᠢᠲᠡᠯᠡᠪᠡ
ᠨᠡᠶ᠋ᠢᠲᠡᠯᠡᠭᠰᠡᠨ ᠴᠠᠭ᠄ 2025-08-20

  ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠣᠢᠷ᠎ᠠ᠎ᠳᠤ 《ᠹᠢᠽᠢᠺ᠎ᠤᠨ ᠡᠮᠴᠢᠯᠡᠭᠡᠨ᠎ᠦ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠲᠥᠷᠥᠯ ᠵᠦᠢᠯ ᠲᠣᠭ᠍ᠲᠠᠭᠠᠬᠤ ᠵᠦᠭ᠌ᠯᠡᠭᠦᠷ(ᠲᠤᠷᠱᠢᠨ ᠬᠡᠷᠡᠭ᠌ᠵᠢᠭᠦᠯᠬᠦ᠌)》᠎ᠢ ᠵᠢᠩᠬᠢᠨᠢ᠎ᠪᠠᠷ ᠨᠡᠢᠲᠡᠯᠡᠵᠦ᠍᠂ 32 ᠵᠦᠢᠯ᠎ᠤᠨ ᠦᠨ᠎ᠡ ᠬᠠᠩᠰᠢ᠎ᠶ᠋ᠢᠨ ᠲᠥᠷᠥᠯ ᠵᠦᠢᠯ᠎ᠢ ᠱᠢᠰᠲ᠋ᠧᠮᠵᠢᠭᠦᠯᠦᠨ ᠪᠠᠢᠭᠤᠯᠵᠤ᠂ ᠡᠷᠡᠭᠦᠯᠵᠢᠭᠦᠯᠬᠦ᠂ ᠬᠠᠪᠤᠳᠠᠷ᠂ ᠠᠷᠠᠰᠤ᠂ ᠠᠮᠠᠨ ᠬᠥᠨᠳᠡᠢ ᠵᠡᠷᠭᠡ ᠣᠯᠠᠨ ᠱᠢᠨᠵᠢᠯᠡᠭᠡᠨ᠎ᠤ ᠰᠠᠯᠠᠭ᠎ᠠ᠎ᠳᠠᠬᠢ ᠹᠢᠽᠢᠺ᠎ᠤᠨ ᠡᠮᠴᠢᠯᠡᠭᠡᠨ᠎ᠦ ᠲᠥᠷᠥᠯ ᠵᠦᠢᠯ᠎ᠢ ᠪᠥᠬᠦ᠌ ᠲᠠᠯ᠎ᠠ᠎ᠪᠠᠷ ᠬᠠᠮᠤᠷᠪᠠ᠃

  ᠲᠡᠭᠤ᠂ ᠭᠡᠷᠡᠯ᠂ ᠴᠠᠬᠢᠯᠭᠠᠨ᠂ ᠰᠣᠷᠢᠨᠵᠢᠨ ᠵᠢᠴᠢ ᠳᠤᠯᠠᠭᠠᠨ᠎ᠤ ᠬᠡᠮᠵᠢᠶ᠎ᠡ᠂ ᠮᠧᠬᠠᠨᠢᠭ᠋ ᠬᠥᠳᠡᠯᠭᠡᠭᠡᠨ ᠵᠡᠷᠭᠡ᠎ᠶᠢᠨ ᠬᠠᠵᠠᠭᠤ᠎ᠳᠤ ᠦᠷᠭᠦᠯᠵᠢ ᠬᠠᠷᠠᠭᠳᠠᠳᠠᠭ ᠹᠢᠽᠢᠺ᠎ᠦᠨ ᠦᠵᠡᠭᠳᠡᠯ ᠨᠢ ᠵᠥᠪᠬᠡᠨ ᠳᠤᠮᠳᠠᠳᠤ ᠰᠤᠷᠭᠠᠭᠤᠯᠢ᠎ᠶᠢᠨ ᠬᠢᠴᠢᠶᠡᠯ᠎ᠦᠨ ᠪᠢᠴᠢᠭ ᠳᠡᠭᠡᠷᠡᠬᠢ ᠠᠮᠲᠠ ᠰᠢᠮᠳᠠ ᠦᠭᠡᠢ ᠮᠡᠳᠡᠯᠭᠡ ᠲᠡᠳᠦᠢ ᠪᠢᠰᠢ᠂ ᠬᠡᠷᠪᠡ ᠵᠣᠬᠢᠰᠲᠠᠢ ᠬᠡᠷᠡᠭᠯᠡᠬᠦ᠎ᠳᠦ ᠬᠦᠷᠪᠡᠯ ᠲᠡᠳᠡᠭᠡᠷ ᠨᠢ ᠠᠮᠢᠳᠤᠯᠢᠭ᠋ ᠪᠣᠯᠵᠤ᠂ ᠴᠢᠬᠤᠯᠠ ᠡᠮᠴᠢᠯᠡᠭᠡᠨ᠎ᠦ ᠠᠷᠭ᠎ᠠ ᠬᠡᠷᠡᠭᠯᠡᠭᠦᠷ ᠪᠣᠯᠵᠤ ᠴᠢᠳᠠᠨ᠎ᠠ᠃ ᠵᠢᠱ᠌ᠢᠶᠡᠯᠡᠪᠡᠯ ᠭᠡᠷᠡᠯ᠎ᠦᠨ ᠲᠤᠰᠤᠯᠲᠠ᠎ᠪᠠᠷ ᠭᠡᠷᠡᠯ᠎ᠳᠦ ᠰᠡᠷᠭᠡᠭ ᠡᠮ᠎ᠢ ᠬᠥᠳᠡᠯᠭᠡᠵᠦ᠂ ᠲᠡᠭᠦᠨ᠎ᠢ ᠨᠡᠩ ᠰᠠᠢᠨ ᠡᠮᠴᠢᠯᠡᠭᠡᠨ᠎ᠦ ᠦᠷ᠎ᠡ ᠳ᠋ᠦᠩ᠎ᠢ ᠪᠠᠳᠠᠷᠠᠭᠤᠯᠤᠨ᠎ᠠ᠃ ᠵᠢᠱ᠌ᠢᠶᠡᠯᠡᠪᠡᠯ ᠥᠨᠳᠥᠷ ᠬᠦᠴᠦᠯᠡᠴᠡ᠎ᠲᠠᠢ ᠬᠡᠳᠦ ᠳᠠᠭᠤᠨ ᠳᠣᠯᠭᠢᠶᠠᠨ᠎ᠢ ᠬᠠᠪᠤᠳᠠᠷ᠎ᠤᠨ ᠳᠡᠭᠡᠷ᠎ᠡ ᠲᠥᠪᠯᠡᠷᠡᠭᠦᠯᠵᠦ᠂ ᠬᠡᠯᠪᠡᠷᠢ ᠦᠭᠡᠢ ᠮᠡᠰᠡ ᠵᠠᠰᠠᠯ᠎ᠤᠨ ᠬᠡᠯᠪᠡᠷᠢ ᠦᠭᠡᠢ ᠬᠢᠲᠤᠭ᠎ᠠ᠎ᠪᠡᠷ ᠬᠠᠪᠤᠳᠠᠷ᠎ᠤᠨ ᠡᠰ᠎ᠢ ᠴᠡᠪᠡᠷᠯᠡᠨ ᠠᠷᠢᠯᠭᠠᠵᠤ ᠪᠣᠯᠣᠨ᠎ᠠ; ᠵᠢᠱ᠌ᠢᠶᠡᠯᠡᠪᠡᠯ ᠳᠣᠣᠷ᠎ᠠ ᠳᠤᠯᠠᠭᠠᠨ ᠨᠢ ᠬᠠᠪᠤᠳᠠᠷ᠎ᠢ ᠰᠢᠭᠤᠳ ᠰᠦᠢᠷᠡᠭᠦᠯᠬᠦ᠎ᠪᠡᠷ ᠪᠠᠷᠠᠬᠤ ᠦᠭᠡᠢ᠂ ᠪᠠᠰᠠ ᠦᠯᠡᠳᠡᠭᠳᠡᠯ ᠬᠠᠪᠤᠳᠠᠷ᠎ᠤᠨ ᠡᠰ᠎ᠢ ᠦᠬᠦᠭᠦᠯᠳᠡᠭ᠃ ᠹᠢᠽᠢᠺ᠎ᠤᠨ ᠡᠮᠴᠢᠯᠡᠭᠡᠨ᠎ᠦ ᠲᠥᠷᠥᠯ᠎ᠦᠨ ᠡᠮᠴᠢᠯᠡᠭᠡᠨ᠎ᠦ ᠦᠢᠯᠡᠴᠢᠯᠡᠭᠡ᠎ᠶ᠋ᠢᠨ ᠦᠨ᠎ᠡ ᠬᠠᠩᠰᠢ᠎ᠶ᠋ᠢᠨ ᠲᠥᠷᠥᠯ ᠵᠦᠢᠯ ᠲᠣᠭ᠍ᠲᠠᠭᠠᠬᠤ ᠵᠦᠭ᠌ᠯᠡᠭᠦᠷ᠎ᠢ ᠨᠠᠢᠷᠠᠭᠤᠯᠤᠨ ᠵᠣᠬᠢᠶᠠᠬᠤ᠎ᠶ᠋ᠢᠨ ᠵᠣᠷᠢᠯᠭ᠎ᠠ ᠨᠢ ᠹᠢᠽᠢᠺ᠎ᠤᠨ ᠡᠮᠴᠢᠯᠡᠭᠡᠨ᠎ᠦ ᠲᠥᠷᠥᠯ᠎ᠦᠨ ᠦᠨ᠎ᠡ ᠬᠠᠩᠰᠢ᠎ᠶ᠋ᠢᠨ ᠲᠥᠷᠥᠯ ᠵᠦᠢᠯ᠎ᠳᠦ ᠱᠢᠨᠵᠢᠯᠡᠬᠦ᠌ ᠤᠬᠠᠭᠠᠨᠴᠢ ᠨᠢᠭᠡᠳᠦᠯᠲᠡᠶ ᠦᠨ᠎ᠡ ᠬᠠᠩᠰᠢ᠎ᠶ᠋ᠢᠨ ᠱᠢᠰᠲ᠋ᠧᠮᠵᠢ᠎ᠶ᠋ᠢ ᠪᠠᠢᠭᠤᠯᠵᠤ᠂ ᠱᠢᠨ᠎ᠡ ᠹᠢᠽᠢᠺ᠎ᠤᠨ ᠮᠡᠷᠭᠡᠵᠢᠯ᠎ᠦᠨ ᠡᠮᠴᠢᠯᠡᠭᠡᠨ᠎ᠳᠦ ᠬᠡᠷᠡᠭ᠌ᠯᠡᠬᠦ᠌᠎ᠶ᠋ᠢ ᠬᠦᠴᠦᠲᠡᠶ ᠳᠡᠮᠵᠢᠬᠦ᠌᠎ᠶ᠋ᠢᠨ ᠲᠥᠯᠥᠭᠡ ᠶᠤᠮ ᠃

  ᠪᠣᠳᠠᠲᠠᠢ᠎ᠪᠠᠷ ᠬᠡᠯᠡᠪᠡᠯ᠂ ᠨᠢᠭᠡ᠎ᠳᠦ᠂ ᠤᠭ ᠰᠤᠷᠪᠤᠯᠵᠢ᠎ᠳᠤ᠎ᠪᠠᠨ ᠪᠣᠴᠠᠨ᠎ᠠ᠃ ᠬᠡᠷᠡᠯ ᠳᠤᠰᠤᠯᠲᠠ᠎ᠶ᠋ᠢᠨ ᠡᠮᠴᠢᠯᠡᠭᠡ᠎ᠪᠠᠷ ᠵᠢᠱ᠌ᠢᠶᠡᠯᠡᠪᠡᠯ᠂ ᠤᠤᠯ᠎ᠤᠨ ᠲᠥᠷᠥᠯ ᠵᠦᠢᠯ ᠨᠡᠯᠢᠶᠡᠳ ᠪᠤᠳᠤᠯᠢᠶᠠᠨᠲᠠᠶ᠂ ᠵᠠᠷᠢᠮ᠎ᠨᠢ ᠡᠮᠨᠡᠨ ᠵᠠᠰᠠᠬᠤ ᠵᠣᠷᠢᠯᠭ᠎ᠠ᠎ᠪᠠᠷ ᠲᠥᠷᠥᠯ ᠵᠦᠢᠯ ᠲᠣᠭ᠍ᠲᠠᠭᠠᠵᠤ᠂ ᠵᠠᠷᠢᠮ᠎ᠨᠢ ᠬᠡᠷᠡᠯ᠎ᠤᠨ ᠰᠤᠷᠪᠤᠯᠵᠢ᠎ᠶ᠋ᠢᠨ ᠠᠳᠠᠯᠢ ᠪᠤᠰᠤ᠎ᠪᠠᠷ ᠲᠥᠷᠥᠯ ᠵᠦᠢᠯ ᠲᠣᠭ᠍ᠲᠠᠭᠠᠵᠤ᠂ ᠪᠠᠰᠠ ᠵᠠᠷᠢᠮ᠎ᠨᠢ ᠬᠠᠷᠪᠤᠬᠤ ᠬᠡᠯᠪᠡᠷᠢ᠎ᠪᠠᠷ ᠲᠥᠷᠥᠯ ᠵᠦᠢᠯ ᠲᠣᠭ᠍ᠲᠠᠭᠠᠵᠤ ᠪᠠᠢᠳᠠᠭ᠃ ᠲᠤᠰ ᠵᠦᠭ᠌ᠯᠡᠭᠦᠷ᠎ᠨᠢ ᠡᠮᠨᠡᠨ ᠵᠠᠰᠠᠬᠤ ᠤᠭ ᠶᠣᠰᠣ᠎ᠪᠠᠷ ᠭᠡᠷᠡᠯ ᠰᠣᠷᠭᠤᠭ᠂ ᠭᠡᠷᠡᠯ ᠬᠥᠳᠡᠯᠭᠡᠬᠦ᠌ ᠬᠦᠴᠦᠨ᠂ ᠬᠡᠳᠦ ᠬᠦᠷᠢᠨ᠎ᠤ ᠰᠠᠴᠤᠷᠠᠭ᠂ ᠦᠵᠡᠭ᠌ᠳᠡᠬᠦ᠋ᠢᠴᠡ ᠭᠡᠷᠡᠯ᠂ ᠤᠯᠠᠭᠠᠨ᠎ᠤ ᠭᠠᠳᠠᠨᠠᠬᠢ ᠲᠤᠶᠠᠭ᠎ᠠ᠂ ᠯᠠᠢᠰᠧᠷ ᠵᠡᠷᠭᠡ ᠶᠡᠭᠡ ᠲᠥᠷᠥᠯ᠎ᠢ ᠡᠮᠬᠢᠯᠡᠨ ᠨᠡᠢᠯᠡᠭᠦᠯᠪᠡ᠃ ᠬᠣᠶᠠᠷ᠎ᠲᠤ᠂ ᠦᠢᠯᠡᠳᠪᠦᠷᠢᠯᠡᠯ᠎ᠢᠶᠡᠷ ᠤᠳᠤᠷᠢᠳᠤᠮᠵᠢ ᠪᠣᠯᠭᠠᠨ᠎ᠠ᠃ ᠵᠠᠷᠴᠢᠮ ᠳᠡᠭᠡᠷ᠎ᠡ᠎ᠪᠠᠨ ᠠᠳᠠᠯᠢᠬᠠᠨ᠂ ᠡᠬᠢ ᠪᠠᠶᠠᠯᠢᠭ᠎ᠤᠨ ᠬᠤᠷᠣᠭ᠍ᠳᠠᠯ᠎ᠨᠢ ᠣᠢᠷᠠᠯᠴᠠᠭ᠎ᠠ ᠹᠢᠽᠢᠺ᠎ᠤᠨ ᠵᠠᠰᠠᠯᠭ᠎ᠠ᠎ᠶ᠋ᠢᠨ ᠮᠡᠷᠭᠡᠵᠢᠯ᠎ᠢ ᠨᠡᠢᠯᠡᠭᠦᠯᠦᠭᠡᠳ ᠨᠢᠭᠡ ᠪᠤᠶᠤ ᠨᠢᠭᠡ ᠪᠦᠯᠦᠭ ᠦᠨ᠎ᠡ ᠬᠠᠩᠰᠢ᠎ᠶ᠋ᠢᠨ ᠲᠥᠷᠥᠯ ᠵᠦᠢᠯ ᠪᠣᠯᠭᠠᠨ᠎ᠠ᠂ ᠵᠢᠱ᠌ᠢᠶᠡᠯᠡᠪᠡᠯ ᠡᠪᠡᠳᠴᠢᠨ᠎ᠤ ᠬᠤᠪᠢᠷᠠᠯᠲᠠ ᠪᠤᠶᠤ ᠬᠠᠪᠤᠳᠠᠷ᠎ᠢ ᠰᠢᠩᠭᠡᠭᠡᠨ ᠡᠮᠨᠡᠨ ᠵᠠᠰᠠᠬᠤ ᠦᠶᠡᠰ ᠰᠠᠴᠤᠷᠠᠯᠲᠠ ᠳᠠᠪᠲᠠᠮᠵᠢ᠂ ᠪᠢᠴᠢᠯ ᠲᠤᠯᠬᠢᠶ᠎ᠠ᠂ ᠬᠥᠯᠳᠡᠭᠡᠬᠦ᠂ ᠯᠠᠢᠰᠧᠷ᠂ ᠲᠡᠩᠴᠡᠭᠦᠦ ᠢᠶᠤᠨ ᠵᠡᠷᠭᠡ ᠣᠯᠠᠨ ᠵᠦᠢᠯ᠎ᠤᠨ ᠠᠷᠭ᠎ᠠ᠎ᠪᠠᠷ ᠳᠠᠮᠵᠢᠭᠤᠯᠤᠨ ᠰᠢᠩᠭᠡᠭᠡᠬᠦ ᠪᠠ ᠡᠮᠨᠡᠨ ᠵᠠᠰᠠᠬᠤ ᠵᠠᠷᠤᠳᠠᠯ ᠪᠣᠯᠭᠠᠵᠤ ᠪᠣᠯᠣᠨ᠎ᠠ᠃ ᠭᠤᠷᠪᠠ᠎ᠳ᠋ᠤ᠂ ᠡᠮᠴᠢᠯᠡᠭᠡᠨ᠎ᠳᠦ ᠤᠢ᠌ᠷᠠᠳᠤᠨ᠎ᠠ᠃ ᠡᠮᠴᠢᠯᠡᠭᠡᠨ᠎ᠤ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠠᠳᠠᠯᠢ ᠪᠤᠰᠤ ᠲᠠᠯᠠᠪᠤᠷ ᠳᠣᠤᠷᠠᠬᠢ ᠮᠡᠷᠭᠡᠵᠢᠯ᠎ᠤᠨ ᠬᠦᠴᠢᠷᠳᠡᠯ ᠬᠢᠭᠡᠳ ᠲᠦᠭ᠌ᠰᠢᠭᠦᠷᠢ᠎ᠶ᠋ᠢ ᠣᠨᠣᠪᠴᠢᠲᠠᠶ ᠢᠯᠭᠠᠵᠤ᠂ ᠦᠨᠡᠨ᠎ᠠᠴᠠ ᠵᠥᠪ᠎ᠢ ᠡᠷᠢᠵᠦ᠍ ᠵᠣᠬᠢᠴᠠᠩᠭᠤᠶ ᠪᠥᠬᠦᠶ ᠦᠨ᠎ᠡ ᠬᠠᠩᠰᠢ᠎ᠶ᠋ᠢᠨ ᠲᠥᠷᠥᠯ ᠵᠦᠶ᠋ᠯ᠎ᠢ ᠳᠣᠭᠢᠷᠠᠭᠤᠯᠬᠤ ᠪᠤᠶᠤ ᠵᠦᠢᠯ ᠨᠡᠮᠡᠬᠦ᠂ ᠥᠷᠭᠡᠳᠭᠡᠬᠦ᠌ ᠭᠡᠱᠢᠭᠦᠨ᠎ᠢ ᠨᠡᠮᠡᠵᠦ᠍ ᠪᠠᠢᠷᠢᠯᠠᠭᠤᠯᠤᠨ᠎ᠠ᠃ ᠵᠢᠱ᠌ᠢᠶᠡᠯᠡᠪᠡᠯ᠂ ᠯᠠᠢᠰᠧᠷ ᠵᠠᠰᠠᠯᠭ᠎ᠠ᠂ ᠡᠷᠡᠭᠦᠯᠵᠢᠭᠦᠯᠬᠦ᠌ ᠹᠢᠽᠢᠺ ᠵᠠᠰᠠᠯ᠎ᠤᠨ ᠰᠠᠯᠠᠭ᠎ᠠ᠎ᠨᠢ ᠭᠤᠣᠯᠳᠠᠭᠤ ᠳᠤᠮᠳᠠ ᠳᠣᠣᠷ᠎ᠠ ᠡᠨᠧᠷᠭᠢ᠎ᠶ᠋ᠢᠨ ᠯᠠᠢᠰᠧᠷ ᠬᠡᠷᠡᠭ᠌ᠯᠡᠵᠦ᠍᠂ ᠰᠣᠯᠢᠯᠴᠠᠭ᠎ᠠ᠎ᠶ᠋ᠢ ᠰᠠᠢᠵᠢᠷᠠᠭᠤᠯᠬᠤ᠂ ᠦᠷᠪᠢᠰᠦᠯ᠎ᠢ ᠨᠠᠮᠳᠠᠭᠠᠵᠤ ᠡᠪᠡᠳᠬᠦ᠌᠎ᠶ᠋ᠢ ᠵᠣᠭ᠍ᠰᠣᠭᠠᠬᠤ ᠵᠡᠷᠭᠡ᠎ᠳᠤ ᠬᠡᠷᠡᠭ᠌ᠯᠡᠨ᠎ᠡ᠃ ᠠᠷᠠᠰᠤᠨ᠎ᠤ ᠡᠮᠨᠡᠯᠭᠡ᠂ ᠠᠮᠠᠨ ᠬᠥᠨᠳᠡᠢ᠎ᠶ᠋ᠢᠨ ᠡᠮᠨᠡᠯᠭᠡ᠂ ᠨᠢᠳᠦᠨ᠎ᠦ ᠡᠮᠨᠡᠯᠭᠡ ᠵᠡᠷᠭᠡ ᠱᠢᠨᠵᠢᠯᠡᠭᠡᠨ᠎ᠳᠦ ᠭᠣᠣᠯᠳᠠᠭᠤ ᠳᠤᠮᠳᠠ ᠵᠡᠷᠭᠡ᠎ᠶ᠋ᠢᠨ ᠡᠨᠧᠷᠭ᠌ᠢ᠎ᠶ᠋ᠢᠨ ᠯᠠᠢᠰᠧᠷ ᠬᠡᠷᠡᠭ᠌ᠯᠡᠵᠦ᠍᠂ ᠢᠯᠡᠭᠦᠴᠡ ᠠᠮᠢᠳᠤ ᠪᠣᠳᠠᠰ᠎ᠢ ᠣᠭᠲᠣᠯᠣᠨ ᠠᠪᠬᠤ ᠪᠠ ᠭᠦᠶᠦᠬᠡᠨ ᠬᠠᠪᠤᠳᠠᠷ᠎ᠢ ᠲᠤᠰᠬᠠᠨ ᠡᠮᠨᠡᠬᠦ᠎ᠶᠢ ᠪᠡᠶᠡᠯᠡᠭᠦᠯᠵᠦ ᠪᠣᠯᠣᠨ᠎ᠠ᠃ ᠵᠦᠭᠯᠡᠭᠦᠷ᠎ᠢ ᠬᠡᠷᠡᠭᠯᠡᠭᠡᠨ᠎ᠦ ᠦᠵᠡᠭᠳᠡᠯ᠎ᠢᠶᠡᠷ ᠨᠢ ᠯᠠᠢᠰᠧᠷ ᠵᠠᠰᠠᠯ᠎ᠢ ᠯᠠᠢᠰᠧᠷ ᠵᠠᠰᠠᠯ᠎ᠤᠨ ᠵᠠᠷᠤᠳᠠᠯ (ᠹᠢᠽᠢᠺ ᠵᠠᠰᠠᠯ) ᠪᠠ ᠯᠠᠢᠰᠧᠷ ᠵᠠᠰᠠᠯ᠎ᠤᠨ ᠵᠠᠷᠤᠳᠠᠯ (ᠭᠦᠢᠬᠡᠨ ᠲᠤᠰᠬᠠᠯᠲᠠ) ᠭᠡᠵᠦ ᠬᠤᠪᠢᠶᠠᠳᠠᠭ᠃ ᠲᠦᠷᠪᠡ᠎ᠳᠤ᠂ ᠱᠢᠨ᠎ᠡ᠎ᠶ᠋ᠢ ᠡᠭᠦᠳᠬᠦ᠌ ᠴᠢᠳᠠᠪᠤᠷᠢ ᠣᠯᠭᠤᠨ᠎ᠠ᠃ ᠲᠥᠷᠥᠯ ᠵᠦᠢᠯ ᠲᠣᠭ᠍ᠲᠠᠭᠠᠬᠤ ᠵᠦᠭ᠌ᠯᠡᠭᠦᠷ᠎ᠨᠢ ᠹᠢᠽᠢᠺ᠎ᠤᠨ ᠡᠮᠴᠢᠯᠡᠭᠡᠨ᠎ᠤ ᠬᠦᠷᠢᠶᠡᠨ᠎ᠳᠠᠬᠢ ᠱᠢᠨ᠎ᠡ᠎ᠶ᠋ᠢ ᠡᠭᠦᠳᠬᠦ᠌ ᠮᠡᠷᠭᠡᠵᠢᠯ᠎ᠢ ᠨᠠᠢᠷᠠᠭᠤᠯᠤᠨ ᠵᠣᠬᠢᠶᠠᠵᠤ᠂ ᠨᠥᠬᠦᠴᠡᠯ᠎ᠳᠤ ᠨᠡᠢᠴᠡᠬᠦ᠌ ᠡᠮᠴᠢᠯᠡᠭᠡᠨ᠎ᠤ ᠮᠡᠷᠭᠡᠵᠢᠯ᠎ᠳᠤ ᠦᠨ᠎ᠡ ᠬᠠᠩᠰᠢ᠎ᠶ᠋ᠢᠨ ᠲᠥᠷᠥᠯ ᠵᠦᠢᠯ᠎ᠤᠨ ᠲᠥᠷᠥ᠎ᠶ᠋ᠢᠨ ᠪᠣᠳᠣᠯᠭ᠎ᠠ᠎ᠶ᠋ᠢ ᠨᠢᠭᠡᠳᠦᠯᠲᠡᠶ ᠲᠣᠳᠣᠷᠬᠠᠢᠯᠠᠪᠠ᠃ ᠬᠡᠷᠪᠡ ᠨᠡᠢᠯᠡᠮᠡᠯ ᠬᠤᠷᠠᠮᠠᠯ ᠮᠠᠶᠢᠭ᠋᠎ᠤᠨ ᠬᠦᠢᠲᠡᠨ ᠬᠠᠯᠠᠭᠤᠨ᠎ᠳᠤ ᠬᠠᠢᠯᠤᠭᠤᠯᠪᠠᠯ᠂ ᠨᠢᠭᠡ ᠵᠡᠭᠦᠦ᠎ᠪᠡᠷ ᠬᠡᠳᠦ ᠳᠣᠣᠷ᠎ᠠ ᠳᠤᠯᠠᠭᠠᠨ᠎ᠳᠤ ᠬᠥᠯᠳᠡᠭᠡᠬᠦ ᠪᠠ ᠥᠨᠳᠥᠷ ᠳᠤᠯᠠᠭᠠᠨ᠎ᠳᠤ ᠬᠠᠯᠠᠭᠠᠬᠤ᠎ᠶᠢ ᠪᠡᠶᠡᠯᠡᠭᠦᠯᠵᠦ᠂ ᠤᠯᠠᠨ ᠲᠥᠯᠥᠪ᠎ᠦᠨ ᠨᠡᠢᠯᠡᠮᠡᠯ ᠮᠠᠶᠢᠭ᠋᠎ᠢᠶᠠᠷ ᠡᠪᠡᠳᠴᠢᠨ᠎ᠦ ᠭᠣᠯᠣᠮᠲᠠ᠎ᠶᠢ ᠰᠦᠢᠷᠡᠭᠦᠯᠵᠦ᠂ ᠤᠯᠠᠮᠵᠢᠯᠠᠯᠲᠤ ᠲᠠᠩ ᠲᠥᠯᠥᠪ᠎ᠦᠨ ᠬᠠᠢᠯᠠᠭᠤᠯᠬᠤ ᠮᠡᠷᠭᠡᠵᠢᠯ᠎ᠦᠨ ᠰᠠᠭᠤᠷᠢᠨ ᠳᠡᠭᠡᠷ᠎ᠡ᠂ ᠡᠯ᠎ᠡ ᠵᠦᠢᠯ᠎ᠦᠨ ᠬᠠᠢᠯᠠᠭᠤᠯᠬᠤ ᠮᠡᠷᠭᠡᠵᠢᠯ᠎ᠢ ᠳᠥᠭᠥᠮᠬᠡᠨ᠎ᠢᠶᠡᠷ ᠨᠡᠢᠯᠡᠭᠦᠯᠦᠨ ᠬᠡᠷᠡᠭᠯᠡᠬᠦ᠎ᠡᠴᠡ ᠢᠯᠭᠠᠭ᠎ᠠ᠎ᠲᠠᠢ ᠪᠠᠢᠳᠠᠭ᠃ 

  ᠣᠳᠣᠬᠠᠨ ᠪᠣᠯᠲᠠᠯ᠎ᠠ᠂ ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠲᠣᠪᠴᠢᠶ᠎ᠠ ᠨᠢᠭᠡᠨᠲᠡ 31 ᠪᠦᠯᠦᠭ ᠤᠯᠤᠰ᠎ᠤᠨ ᠡᠮ ᠡᠮᠨᠡᠯᠭᠡ᠎ᠶ᠋ᠢᠨ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠲᠥᠷᠥᠯ ᠵᠦᠢᠯ᠎ᠤᠨ ᠲᠥᠷᠥᠯ ᠵᠦᠢᠯ ᠲᠣᠭ᠍ᠲᠠᠭᠠᠬᠤ ᠵᠦᠭ᠌ᠯᠡᠭᠦᠷ᠎ᠢ ᠨᠡᠢᠲᠡᠯᠡᠵᠦ᠍᠂ ᠡᠯ᠎ᠡ ᠭᠠᠵᠠᠷ᠎ᠤᠨ ᠲᠦᠷᠭᠡᠪᠴᠢᠯᠡᠨ ᠨᠠᠢᠳᠠᠪᠤᠷᠢᠵᠢᠭᠤᠯᠤᠨ ᠬᠡᠷᠡᠭ᠌ᠵᠢᠭᠦᠯᠬᠦ᠌᠎ᠶ᠋ᠢ ᠦᠷᠭᠦᠯᠵᠢᠯᠡᠨ ᠵᠢᠯᠣᠭᠤᠳᠴᠤ᠌᠂ ᠵᠢᠯᠣᠭᠤᠳᠭᠤ᠂ ᠬᠥᠲᠥᠯᠥᠨ ᠳᠠᠭᠠᠭᠤᠯᠬᠤ ᠪᠠ ᠴᠢᠳᠠᠪᠤᠷᠢ ᠨᠡᠮᠡᠷᠢᠯᠡᠵᠦ᠂ ᠦᠨ᠎ᠡ ᠬᠠᠩᠰᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠦᠢᠯᠡᠳᠦᠯ᠎ᠢ ᠦᠨᠡᠨ ᠬᠦ᠌ ᠰᠠᠢᠲᠤᠷ ᠪᠠᠳᠠᠷᠠᠭᠤᠯᠵᠤ᠂ ᠨᠠᠩ ᠣᠯᠠᠨ ᠥᠨᠳᠥᠷ ᠬᠢᠷᠢ ᠲᠦᠪᠱᠢᠨ᠂ ᠱᠢᠨ᠎ᠡ᠎ᠶ᠋ᠢ ᠡᠭᠦᠳᠬᠦ᠌ ᠴᠢᠨᠠᠷᠲᠠᠶ ᠡᠮᠴᠢᠯᠡᠭᠡᠨ᠎ᠤ ᠮᠡᠷᠭᠡᠵᠢᠯ᠎ᠢ ᠡᠮᠴᠢᠯᠡᠭᠡᠨ᠎ᠤ ᠬᠡᠷᠡᠭ᠌ᠯᠡᠭᠡᠨ᠎ᠳᠤ ᠲᠦᠷᠭᠡᠨ ᠣᠷᠣᠭᠤᠯᠬᠤ᠎ᠶ᠋ᠢ ᠢᠳᠡᠪᠬᠢᠲᠡᠶ ᠠᠬᠢᠭᠤᠯᠵᠤ᠂ ᠥᠷᠭᠡᠨ ᠣᠯᠠᠨ ᠡᠪᠡᠳᠴᠢᠲᠡᠨ᠎ᠳᠤ ᠠᠱᠢᠭ ᠬᠦᠷᠲᠡᠭᠡᠨ᠎ᠡ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            