ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠦᠷᠢᠮ᠎ᠢ ᠪᠠᠢᠭᠤᠯᠬᠤ ᠪᠣᠯ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠬᠥᠮᠦᠨ ᠠᠮᠠ᠎ᠶ᠋ᠢᠨ ᠨᠠᠰᠤᠵᠢᠯ᠎ᠢ ᠠᠷᠭᠠᠴᠠᠭᠠᠬᠤ ᠴᠢᠬᠤᠯᠠ ᠶᠡᠭᠡ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠮᠥᠨ᠃ ᠣᠲᠣ ᠪᠣᠯᠲᠠᠯ᠎ᠠ᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠦᠷᠢᠮ᠎ᠨᠢ 1.9 ᠳ᠋ᠦᠩᠱᠢᠭᠤᠷ ᠬᠥᠮᠦᠨ᠎ᠢ ᠬᠠᠮᠤᠷᠴᠤ᠌᠂ ᠵᠠᠷᠤᠯᠭ᠎ᠠ ᠨᠢ 850 ᠳ᠋ᠦᠩᠱᠢᠭᠤᠷ ᠲᠥᠭᠦᠷᠢᠭ᠎ᠢ ᠳᠠᠪᠠᠪᠠ᠃ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠬᠠᠷᠠᠭ᠋ᠠᠯᠵᠠᠯ ᠭᠥᠷᠳᠡᠬᠦ᠌ ᠬᠥᠮᠦᠰ᠎ᠤᠨ ᠦᠨᠳᠦᠰᠦᠨ ᠬᠠᠷᠠᠭᠠᠯᠵᠠᠨ ᠠᠰᠠᠷᠠᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠤᠯᠠᠮ ᠨᠢᠭᠡ ᠠᠯᠬᠤᠮ ᠪᠠᠲᠤᠯᠠᠵᠤ᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠦᠢᠯᠡᠴᠢᠯᠡᠭᠡᠨ᠎ᠤ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠬᠦᠯᠬᠦ᠌᠎ᠶ᠋ᠢᠨ ᠲᠤᠰᠠᠳᠠ᠂ ᠤᠯᠤᠰ᠎ᠤᠨ ᠡᠮᠴᠢᠯᠡᠭᠡᠨ᠎ᠤ ᠳᠠᠭᠠᠳᠭᠠᠯ᠎ᠤᠨ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ 《〈ᠤᠯᠤᠰ᠎ᠤᠨ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠦᠢᠯᠡᠴᠢᠯᠡᠭᠡᠨ᠎ᠤ ᠲᠥᠷᠥᠯ ᠵᠦᠢᠯ᠎ᠤᠨ ᠭᠠᠷᠴᠠᠭ (ᠲᠤᠷᠱᠢᠨ ᠬᠡᠷᠡᠭ᠌ᠵᠢᠭᠦᠯᠬᠦ᠌)᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭ᠌ᠳᠡᠯ》᠎ᠢ ᠳᠠᠷᠤᠮᠠᠯᠯᠠᠨ ᠲᠠᠷᠬᠠᠭ᠋ᠠᠪᠠ( ᠳᠣᠷᠣᠭ᠍ᠰᠢ 《ᠮᠡᠳᠡᠭ᠌ᠳᠡᠯ》 ᠭᠡᠵᠦ᠍ ᠲᠣᠪᠴᠢᠯᠠᠨ᠎ᠠ᠃
ᠨᠢᠭᠡ᠂ 《ᠮᠡᠳᠡᠭ᠌ᠳᠡᠯ》 ᠢ ᠨᠡᠢᠲᠡᠯᠡᠭ᠌ᠰᠡᠨ ᠠᠬᠤᠢ ᠪᠠᠢᠳᠠᠯ᠎ᠨᠢ ᠶᠠᠭᠤ ᠪᠣᠢ?
ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠦᠷᠢᠮ᠎ᠢ ᠪᠠᠢᠭᠤᠯᠬᠤ᠎ᠶ᠋ᠢ ᠠᠬᠢᠭᠤᠯᠬᠤ ᠪᠣᠯ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠠᠴᠠ ᠬᠥᠮᠦᠨ ᠠᠮᠠ᠎ᠶ᠋ᠢᠨ ᠨᠠᠰᠤᠵᠢᠯ᠎ᠢ ᠠᠷᠭᠠᠴᠠᠭᠠᠬᠤ᠂ ᠨᠡᠢᠭᠡᠮ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠌᠎ᠳᠤ ᠭᠠᠷᠭᠠᠭ᠍ᠰᠠᠨ ᠴᠢᠬᠤᠯᠠ ᠶᠡᠭᠡ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠪᠣᠯᠤᠨ᠎ᠠ᠃ 2016 ᠣᠨ᠎ᠳᠤ ᠤᠯᠤᠰ᠎ᠠᠴᠠ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠤᠷᠱᠢᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠦᠭ᠌ᠰᠡᠨ᠎ᠠᠴᠠ ᠨᠠᠭ᠋ᠠᠰᠢ᠂ 49 ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠳᠤ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠣᠭᠠᠴᠠᠭ᠎ᠠ ᠬᠢᠬᠦ᠌ ᠲᠥᠷᠥ᠎ᠶ᠋ᠢᠨ ᠪᠣᠳᠣᠯᠭ᠎ᠠ᠂ ᠪᠠᠲᠤᠯᠠᠭ᠎ᠠ᠎ᠶ᠋ᠢᠨ ᠬᠡᠪᠴᠢᠶ᠎ᠡ ᠵᠡᠷᠭᠡ ᠲᠠᠯ᠎ᠠ᠎ᠪᠠᠷ ᠠᠱᠢᠭ᠍ᠲᠠᠶ ᠰᠦᠪᠡᠭ᠌ᠴᠢᠯᠡᠯᠳᠡ ᠬᠢᠪᠡ᠃ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠦᠷᠢᠮ ᠡᠳᠦᠷ ᠢᠷᠡᠬᠦᠶ᠎ᠡ ᠬᠥᠭ᠌ᠵᠢᠬᠦ᠌᠎ᠶ᠋ᠢ ᠳᠠᠭᠠᠯᠳᠤᠨ᠂ ᠭᠠᠵᠠᠷ ᠣᠷᠣᠨ᠎ᠤ ᠬᠤᠭᠤᠷᠣᠨᠳᠣᠬᠢ ᠲᠣᠭᠠᠴᠠᠭ᠎ᠠ ᠬᠢᠬᠦ᠌ ᠬᠡᠪᠴᠢᠶ᠎ᠡ ᠨᠢᠭᠡᠳᠦᠯ ᠥᠬᠡᠶ᠂ ᠦᠶ᠋ᠯᠡᠴᠢᠯᠡᠭᠡᠨ᠎ᠤ ᠲᠥᠷᠥᠯ ᠵᠦᠶ᠋ᠯ᠎ᠤᠨ ᠠᠭᠤᠯᠤᠭ᠍ᠳᠠᠬᠤᠨ ᠨᠢᠭᠡᠳᠦᠯ ᠥᠬᠡᠶ᠂ ᠦᠶ᠋ᠯᠡᠴᠢᠯᠡᠭᠡᠨ᠎ᠤ ᠬᠠᠮᠢᠶᠠᠷᠤᠯᠲᠠ᠎ᠶ᠋ᠢᠨ ᠶᠠᠰᠤ ᠴᠢᠨᠠᠷ᠎ᠤᠨ ᠬᠢᠷᠢ ᠲᠦᠪᠱᠢᠨ ᠵᠥᠷᠢᠶ᠎ᠡ᠎ᠲᠠᠢ ᠪᠠᠢᠬᠤ ᠵᠡᠷᠭᠡ ᠠᠰᠠᠭᠤᠳᠠᠯ ᠲᠣᠪᠤᠢᠮ᠎ᠠ ᠪᠣᠯᠵᠣ᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠣᠭᠠᠴᠠᠭ᠎ᠠ ᠬᠢᠬᠦ᠌ ᠬᠠᠮᠢᠶᠠᠷᠤᠯᠲᠠ᠎ᠶ᠋ᠢᠨ ᠨᠢᠭᠡᠳᠦᠯᠲᠡᠶ ᠴᠢᠨᠠᠷ ᠪᠠ ᠵᠢᠷᠤᠮᠵᠢᠯ᠎ᠤᠨ ᠴᠢᠨᠠᠷ᠎ᠢ ᠲᠦᠷᠭᠡᠨ ᠳᠡᠭᠡᠭ᠌ᠰᠢᠯᠡᠭᠦᠯᠵᠦ᠍᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠦᠶ᠋ᠯᠡᠴᠢᠯᠡᠭᠡᠨ᠎ᠤ ᠲᠡᠩᠴᠡᠭᠦᠷᠢᠱᠢᠯ᠎ᠢ ᠠᠬᠢᠭᠤᠯᠬᠤ ᠴᠢᠬᠤᠯᠠᠲᠠᠶ ᠪᠠᠢᠨ᠎ᠠ᠃
ᠲᠣᠷᠱᠢᠯᠲᠠ᠎ᠶ᠋ᠢᠨ ᠴᠡᠭ᠎ᠦᠨ ᠲᠣᠷᠱᠢᠯᠭ᠎ᠠ᠎ᠶ᠋ᠢ ᠳ᠋ᠦᠩᠨᠡᠭ᠌ᠰᠡᠨ ᠰᠠᠭᠤᠷᠢᠨ ᠳᠡᠭᠡᠷ᠎ᠡ᠂ ᠤᠯᠤᠰ᠎ᠤᠨ ᠡᠮᠴᠢᠯᠡᠭᠡᠨ᠎ᠤ ᠳᠠᠭᠠᠳᠭᠠᠯ᠎ᠤᠨ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ ᠤᠷᠲᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠬᠠᠮᠢᠶᠠᠷᠤᠯᠲᠠ᠎ᠶ᠋ᠢᠨ ᠠᠵᠢᠯᠯᠠᠭᠠᠨ᠎ᠤ ᠲᠣᠭ᠍ᠲᠠᠴᠠ᠎ᠶ᠋ᠢ ᠰᠦᠪᠡᠭ᠌ᠴᠢᠯᠡᠨ ᠪᠦᠷᠢᠨᠱᠢᠭᠦᠯᠵᠦ᠍᠂ ᠤᠷᠲᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠰᠠᠭᠤᠷᠢ ᠮᠦᠩᠭᠦ᠎ᠶ᠋ᠢᠨ ᠲᠦᠯᠦᠬᠦ᠌ ᠬᠡᠪᠴᠢᠶ᠎ᠡ᠎ᠶ᠋ᠢ ᠨᠢᠭᠡᠲᠦᠯᠲᠡᠢ ᠵᠢᠷᠤᠮᠵᠢᠭᠤᠯᠤᠨ᠂ ᠤᠷᠲᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠳᠦᠷᠢᠮ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠬᠤ ᠬᠡᠷᠡᠭ᠌ᠲᠡᠢ᠃ ᠤᠯᠤᠰ᠎ᠤᠨ ᠨᠢᠭᠡᠳᠦᠯᠲᠡᠶ 《ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠦᠶ᠋ᠯᠡᠴᠢᠯᠡᠭᠡᠨ᠎ᠤ ᠲᠥᠷᠥᠯ ᠵᠦᠶ᠋ᠯ᠎ᠤᠨ ᠭᠠᠷᠴᠠᠭ》 (ᠳᠣᠷᠣᠭ᠍ᠰᠢ 《ᠣᠷᠳᠣ ᠬᠤᠭᠤᠴᠠᠭᠠᠨ᠎ᠤ ᠦᠶ᠋ᠯᠡᠴᠢᠯᠡᠭᠡᠨ᠎ᠤ ᠲᠥᠷᠥᠯ ᠵᠦᠶ᠋ᠯ᠎ᠤᠨ ᠭᠠᠷᠴᠠᠭ》 ᠭᠡᠵᠦ᠍ ᠲᠣᠪᠴᠢᠯᠠᠨ᠎ᠠ) ᠢ ᠪᠠᠢᠭᠤᠯᠵᠤ᠂ ᠣᠷᠳᠣ ᠬᠤᠭᠤᠴᠠᠭᠠᠨ᠎ᠤ ᠦᠶ᠋ᠯᠡᠴᠢᠯᠡᠭᠡᠨ᠎ᠤ ᠦᠶ᠋ᠯᠡ ᠠᠵᠢᠯᠯᠠᠭ᠎ᠠ᠎ᠶ᠋ᠢ ᠵᠢᠷᠤᠮᠵᠢᠭᠤᠯᠬᠤ᠂ ᠦᠶ᠋ᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠬᠠᠷᠠᠭ᠋ᠠᠯᠵᠠᠯ ᠭᠥᠷᠳᠡᠬᠦ᠌ ᠬᠥᠮᠦᠰ᠎ᠤᠨ ᠡᠷᠬᠡ ᠠᠱᠢᠭ᠎ᠢ ᠲᠣᠭ᠍ᠲᠠᠭᠤᠨ ᠪᠠᠢᠯᠭᠠᠬᠤ᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠲᠣᠭ᠍ᠲᠠᠭᠤᠨ᠎ᠢᠶᠠᠷ ᠠᠵᠢᠯᠯᠠᠬᠤ᠎ᠶ᠋ᠢ ᠨᠠᠩ ᠰᠠᠢᠲᠤᠷ ᠪᠠᠲᠤᠯᠠᠬᠤ᠎ᠳᠤ ᠠᠱᠢᠭ᠍ᠲᠠᠶ ᠪᠣᠯᠭᠠᠪᠠ᠃
ᠬᠤᠶᠠᠷ᠂ 《ᠤᠷᠲᠤ ᠬᠤᠭᠤᠴᠠᠭᠠᠨ᠎ᠤ ᠦᠢᠯᠡᠴᠢᠯᠡᠭᠡᠨ᠎ᠤ ᠲᠥᠷᠥᠯ ᠵᠦᠢᠯ᠎ᠤᠨ ᠭᠠᠷᠴᠠᠭ》 ᠢ ᠲᠣᠭ᠍ᠲᠠᠭᠠᠭ᠍ᠰᠠᠨ ᠶᠡᠷᠦᠩᠬᠡᠢ ᠪᠣᠳᠣᠯᠬᠢᠯᠠᠯ᠎ᠨᠢ ᠶᠠᠭᠤ ᠪᠣᠢ?
《ᠤᠷᠳᠤ ᠬᠤᠭᠤᠴᠠᠭᠠᠨ᠎ᠤ ᠦᠢᠯᠡᠴᠢᠯᠡᠭᠡᠨ᠎ᠤ ᠲᠦᠷᠦᠯ ᠵᠦᠢᠯ᠎ᠤᠨ ᠭᠠᠷᠴᠠᠭ》 ᠢ ᠰᠤᠳᠤᠯᠤᠨ ᠲᠣᠭ᠍ᠲᠠᠭᠠᠬᠤ ᠶᠠᠪᠤᠴᠠ᠎ᠳᠤ᠂ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠢᠮᠠᠭ᠍ᠲᠠ ᠪᠠᠷᠢᠮᠲᠠᠯᠠᠵᠤ᠂ ᠴᠢᠳᠠᠪᠤᠷᠢ᠎ᠪᠠᠨ ᠬᠦᠨᠳᠦ ᠠᠯᠳᠠᠭ᠍ᠰᠠᠨ ᠬᠥᠮᠥᠰ᠎ᠤᠨ ᠤᠷᠳᠤ ᠬᠤᠭᠤᠴᠠᠭ᠎ᠠ᠎ᠪᠠᠷ ᠰᠤᠪᠢᠯᠠᠬᠤ ᠦᠨᠳᠦᠰᠦᠨ ᠦᠢᠯᠡᠴᠢᠯᠡᠭᠡᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠱᠢᠢᠳᠪᠦᠷᠢᠯᠡᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠢᠳᠠᠯ᠎ᠢᠶᠠᠷ᠎ᠢᠶᠠᠨ ᠬᠢᠬᠦ᠌᠎ᠶ᠋ᠢ ᠢᠮᠠᠭ᠍ᠲᠠ ᠪᠠᠷᠢᠮᠲᠠᠯᠠᠵᠤ᠂ ᠦᠨᠳᠦᠰᠦᠨ ᠵᠦᠢᠯ᠎ᠢ ᠪᠠᠲᠤᠯᠠᠵᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠬᠢᠷᠢ ᠲᠦᠪᠱᠢᠨ᠂ ᠰᠠᠭᠤᠷᠢ ᠮᠥᠩᠭᠦᠨ᠎ᠤ ᠪᠡᠯᠡ ᠴᠤᠭ᠍ᠯᠠᠭᠤᠯᠬᠤ ᠴᠢᠳᠠᠪᠤᠷᠢ᠎ᠶ᠋ᠢ ᠶᠡᠷᠦᠩᠬᠡᠢᠯᠡᠨ ᠪᠣᠳᠣᠯᠬᠢᠯᠠᠵᠤ᠂ ᠭᠠᠷᠴᠠᠭ᠎ᠤᠨ ᠬᠡᠪᠴᠢᠶ᠎ᠡ᠎ᠶ᠋ᠢ ᠵᠣᠬᠢᠰᠲᠠᠢ ᠲᠣᠭ᠍ᠲᠠᠭᠠᠪᠠ᠃
ᠶᠡᠷᠦᠩᠬᠡᠶ ᠪᠤᠳᠤᠯᠬᠢᠯᠠᠯ᠄ ᠨᠢᠭᠡ᠎ᠳᠤ᠂ ᠦᠨᠳᠦᠰᠦᠨ ᠵᠦᠢᠯ᠎ᠢ ᠪᠠᠲᠤᠯᠠᠬᠤ᠎ᠶ᠋ᠢ ᠪᠠᠷᠢᠮᠲᠠᠯᠠᠨ᠎ᠠ᠃ ᠠᠳᠡᠯ᠎ᠢ ᠪᠤᠰᠣ ᠭᠠᠵᠡᠷ ᠣᠷᠣᠨ᠎ᠤ ᠠᠵᠦ᠍ ᠠᠬᠤᠢ᠎ᠶ᠋ᠢᠨ ᠬᠦᠭ᠌ᠵᠢᠯᠳᠡ᠎ᠶ᠋ᠢᠨ ᠬᠢᠷᠢ ᠭᠡᠮᠵᠢᠶ᠎ᠠ ᠪᠠ ᠪᠡᠯᠡ ᠴᠣᠠᠠᠯᠠᠭᠤᠯᠬᠤ ᠴᠢᠳᠡᠪᠦᠷᠢ᠎ᠶ᠋ᠢ ᠨᠢᠭᠡᠳᠦᠯᠳᠡᠢ ᠳᠥᠯᠥᠪᠯᠡᠨ ᠪᠤᠳᠣᠯᠬᠢᠯᠠᠵᠦ᠍᠂ ᠣᠷᠳᠣ ᠬᠤᠭᠤᠴᠠᠭᠠᠨ᠎ᠤ ᠰᠣᠪᠢᠯᠠᠯᠳᠡ᠎ᠶ᠋ᠢᠨ ᠲᠠᠭᠠᠳᠭᠠᠯ᠎ᠤᠨ ᠰᠠᠭᠤᠷᠢ ᠮᠦᠡᠭ᠌ᠬᠦ᠎ᠶ᠋ᠢᠨ ᠲᠣᠭᠠᠴᠠᠭ᠎ᠠ ᠬᠢᠬᠦ᠌ ᠬᠦᠷᠢᠶ᠎ᠠ ᠭᠡᠪᠴᠢᠶ᠎ᠠ᠎ᠶ᠋ᠢ ᠵᠦᠢ ᠵᠤᠬᠢᠰᠳᠡᠢ ᠲᠣᠠᠠᠳᠠᠭᠠᠵᠦ᠍᠂ ᠣᠯᠥᠰ᠎ᠤᠨ ᠭᠠᠷᠴᠠᠭ᠎ᠢ ᠭᠡᠷᠡᠭ᠌ᠵᠢᠬᠦᠯᠥᠭ᠌ᠰᠡᠨᠤ ᠳᠡᠷᠠᠭ᠎ᠠ᠂ ᠡᠯ᠎ᠠ ᠭᠠᠵᠡᠷ ᠣᠷᠣᠨ᠎ᠤ ᠣᠷᠳᠣ ᠬᠤᠭᠤᠴᠠᠭᠠᠨ᠎ᠤ ᠰᠣᠪᠢᠯᠠᠯᠳᠡ᠎ᠶ᠋ᠢᠨ ᠲᠠᠭᠠᠳᠭᠠᠯ᠎ᠤᠨ ᠰᠠᠭᠤᠷᠢ ᠮᠦᠡᠭ᠌ᠬᠦ᠎ᠶ᠋ᠢᠨ ᠠᠵᠢᠯᠯᠠᠭᠠᠨ ᠲᠣᠠᠠᠳᠠᠭᠤᠨ ᠠᠮᠥᠷ ᠳᠥᠪᠱᠢᠨ ᠪᠦᠭᠡᠳ ᠬᠦᠳᠡᠯᠥᠩᠬᠦᠢ᠎ᠪᠠᠷ ᠲᠣᠬᠢᠷᠡᠭᠤᠯᠬᠤ ᠲᠣᠠᠠᠳᠡᠴᠠ᠎ᠶ᠋ᠢ ᠠᠯᠬᠤᠮ ᠠᠯᠬᠤᠮ᠎ᠢᠶᠠᠷ ᠪᠠᠢᠭᠤᠯᠥᠨᠠ᠃ ᠬᠤᠶᠠᠷ᠎ᠲᠤ᠌᠂ ᠬᠡᠷᠡᠭ᠌ᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠴᠢᠳᠠᠪᠤᠷᠢ᠎ᠪᠠᠨ ᠠᠯᠳᠠᠭ᠍ᠰᠠᠨ ᠬᠥᠮᠥᠰ᠎ᠤᠨ ᠦᠨᠳᠦᠰᠦᠨ ᠬᠠᠷᠠᠭᠠᠯᠵᠠᠨ ᠠᠰᠠᠷᠠᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠭᠦᠢᠴᠡᠳ ᠪᠣᠳᠣᠯᠬᠢᠯᠠᠨ᠂ ᠲᠥᠷᠥᠯ ᠵᠦᠢᠯ᠎ᠤᠨ ᠬᠦᠷᠢᠶ᠎ᠡ ᠬᠡᠪᠴᠢᠶ᠎ᠡ᠎ᠶ᠋ᠢ᠎ᠨᠢ ᠦᠨᠳᠦᠰᠦᠨ ᠠᠮᠢᠳᠤᠷᠠᠯ᠎ᠤᠨ ᠬᠠᠷᠠᠭᠠᠯᠵᠠᠯ᠎ᠢᠶᠠᠷ ᠭᠤᠣᠯ ᠪᠣᠯᠭᠠᠵᠤ᠂ ᠦᠨᠳᠦᠰᠦᠨ ᠠᠮᠢᠳᠤᠷᠠᠯ᠎ᠯᠤᠭ᠎ᠠ ᠨᠢᠭ᠍ᠲᠠ ᠬᠤᠯᠪᠣᠭ᠎ᠠ᠎ᠲᠠᠢ ᠡᠮᠴᠢᠯᠡᠭᠡ᠎ᠶ᠋ᠢᠨ ᠰᠤᠪᠢᠯᠠᠯᠲᠠ᠎ᠶ᠋ᠢ ᠬᠠᠮᠲᠤᠳᠤᠨᠢ ᠬᠠᠷᠠᠭᠠᠯᠵᠠᠬᠤ ᠬᠡᠷᠡᠭ᠌ᠲᠡᠢ᠃ ᠡᠯ᠎ᠡ ᠭᠠᠵᠠᠷ᠎ᠤᠨ᠎ᠬᠢᠨ 《ᠣᠷᠳᠣ ᠬᠤᠭᠤᠴᠠᠭᠠᠨ᠎ᠤ ᠦᠢᠯᠡᠴᠢᠯᠡᠭᠡᠨ᠎ᠤ ᠲᠥᠷᠥᠯ ᠵᠦᠢᠯ᠎ᠤᠨ ᠭᠠᠷᠴᠠᠭ》 ᠢ ᠦᠨᠳᠦᠰᠦᠯᠡᠨ᠂ ᠣᠷᠳᠣ ᠬᠤᠭᠤᠴᠠᠭ᠎ᠠ᠎ᠪᠠᠷ ᠠᠰᠠᠷᠠᠨ ᠬᠠᠮᠠᠭᠠᠯᠠᠬᠤ ᠬᠠᠷᠠᠭᠠᠯᠵᠠᠯ ᠭᠥᠷᠳᠡᠬᠦ᠌ ᠡᠲᠡᠭᠡᠳ᠎ᠤᠨ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠲᠠᠢ ᠤᠶᠠᠯᠳᠤᠭᠤᠯᠤᠨ᠂ ᠬᠠᠮᠢᠶ᠎ᠠ ᠪᠥᠬᠦᠶ ᠪᠠᠢᠭᠤᠯᠤᠮᠵᠢ᠎ᠶ᠋ᠢ ᠵᠢᠯᠣᠭᠤᠳᠤᠨ ᠣᠷᠳᠣ ᠬᠤᠭᠤᠴᠠᠭ᠎ᠠ᠎ᠪᠠᠷ ᠰᠤᠪᠢᠯᠠᠬᠤ ᠦᠢᠯᠡᠴᠢᠯᠡᠭᠡᠨ᠎ᠤ ᠲᠥᠯᠥᠪᠯᠡᠭᠡ᠎ᠶ᠋ᠢ ᠵᠦᠶ ᠵᠣᠬᠢᠰᠲᠠᠶ ᠲᠣᠭ᠍ᠲᠠᠭᠠᠵᠤ᠂ ᠨᠠᠷᠢᠯᠢᠭ ᠣᠨᠣᠴᠠᠲᠠᠶ᠎ᠪᠠᠷ ᠲᠣᠬᠢᠷᠠᠮᠵᠢᠲᠠᠶ ᠦᠢᠯᠡᠴᠢᠯᠡᠭᠡ ᠬᠠᠩᠭᠠᠬᠤ ᠬᠡᠷᠡᠭ᠌ᠲᠡᠶ᠃ ᠭᠤᠷᠪᠠ᠎ᠳᠤ᠂ ᠨᠢᠭᠡᠳᠦᠯᠲᠡᠶ ᠲᠥᠯᠥᠪᠯᠡᠨ ᠵᠣᠯᠭᠠᠭᠤᠯᠬᠤ᠎ᠶ᠋ᠢ ᠪᠠᠷᠢᠮᠲᠠᠯᠠᠵᠤ᠂ ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠤ ᠲᠤᠷᠱᠢᠯᠭ᠎ᠠ᠎ᠶ᠋ᠢ ᠳ᠋ᠦᠩᠨᠡᠨ ᠭᠦᠨᠵᠡᠭᠡᠢᠷᠡᠭᠦᠯᠦᠭ᠌ᠰᠡᠨ ᠰᠠᠭᠤᠷᠢᠨ ᠳᠡᠭᠡᠷ᠎ᠡ᠂ ᠦᠢᠯᠡᠴᠢᠯᠡᠭᠡᠨ᠎ᠤ ᠲᠥᠷᠥᠯ ᠵᠦᠢᠯ᠎ᠤᠨ ᠨᠡᠷᠡᠢᠳᠦᠯ᠂ ᠠᠭᠤᠯᠤᠭ᠍ᠳᠠᠬᠤᠨ ᠵᠡᠷᠭᠡ ᠬᠦᠴᠦᠨ ᠵᠦᠢᠯ᠎ᠢ ᠨᠢᠭᠡᠳᠦᠯᠲᠡᠶ ᠵᠢᠷᠤᠮᠵᠢᠭᠤᠯᠤᠨ᠂ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠤ ᠭᠤᠤᠯ ᠪᠣᠯᠬᠤ ᠥᠷᠨᠢᠭᠦᠯᠦᠭ᠌ᠰᠡᠨ ᠣᠷᠳᠣ ᠬᠤᠭᠤᠴᠠᠭ᠎ᠠ᠎ᠪᠠᠷ ᠠᠷᠠᠴᠢᠯᠠᠨ ᠬᠠᠮᠠᠭᠠᠯᠠᠬᠤ ᠦᠢᠯᠡᠴᠢᠯᠡᠭᠡᠨ᠎ᠤ ᠲᠥᠷᠥᠯ ᠵᠦᠢᠯ᠎ᠲᠠᠢ ᠬᠠᠷᠢᠴᠠᠭᠤᠯᠬᠤ᠎ᠶ᠋ᠢᠨ ᠬᠠᠮᠲᠤ᠌᠂ ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠤ ᠪᠣᠳᠠᠲᠠᠶ ᠪᠠᠢᠳᠠᠯ᠎ᠢ ᠬᠠᠮᠲᠤᠳᠤᠨᠢ ᠬᠠᠷᠠᠭᠠᠯᠵᠠᠵᠤ᠂ ᠣᠷᠳᠣ ᠬᠤᠭᠤᠴᠠᠭ᠎ᠠ᠎ᠪᠠᠷ ᠬᠠᠷᠠᠭᠠᠯᠵᠠᠨ ᠠᠰᠠᠷᠠᠬᠤ ᠦᠢᠯᠡᠴᠢᠯᠡᠭᠡᠨ᠎ᠤ ᠶᠠᠰᠤ ᠴᠢᠨᠠᠷ᠎ᠢ ᠪᠠᠲᠤᠯᠠᠬᠤ᠎ᠶ᠋ᠢᠨ ᠬᠠᠮᠲᠤ᠌᠂ ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠤ ᠭᠠᠷᠴᠠᠭ᠎ᠢ ᠵᠣᠯᠭᠠᠭᠤᠯᠤᠨ ᠱᠢᠯᠵᠢᠭᠦᠯᠬᠦ᠌ ᠤᠷᠢᠳᠴᠢᠯᠠᠨ ᠦᠯᠡᠳᠡᠭᠡᠬᠦ᠌ ᠣᠷᠣᠨ ᠵᠠᠶ᠎ᠶ᠋ᠢ ᠪᠠᠲᠤᠯᠠᠵᠤ᠂ ᠣᠷᠣᠨ ᠨᠤᠲᠤᠭ᠎ᠢ ᠲᠥᠷᠥᠯ ᠬᠤᠪᠢᠶᠠᠨ ᠵᠢᠯᠣᠭᠤᠳᠭᠤ᠎ᠪᠠᠨ ᠴᠢᠩᠭᠠᠳᠭᠠᠨ᠂ ᠱᠢᠨ᠎ᠡ᠎ᠪᠠᠷ ᠥᠷᠨᠢᠭᠦᠯᠵᠦ᠍ ᠬᠡᠷᠡᠭ᠌ᠵᠢᠭᠦᠯᠦᠭ᠌ᠰᠡᠨ ᠭᠠᠵᠠᠷ ᠣᠷᠣᠨ᠎ᠢ ᠤᠯᠤᠰ᠎ᠤᠨ ᠬᠡᠪᠯᠡᠯ᠎ᠤᠨ ᠭᠠᠷᠴᠠᠭ᠎ᠲᠠᠢ ᠨᠢᠭᠡᠳᠦᠯᠲᠡᠶ ᠪᠠᠢᠯᠭᠠᠵᠤ᠂ ᠭᠠᠷᠴᠠᠭ᠎ᠢ ᠬᠡᠷᠡᠭ᠌ᠵᠢᠭᠦᠯᠦᠭ᠌ᠰᠡᠨ᠎ᠤ ᠳᠠᠷᠠᠭ᠎ᠠ ᠳᠠᠭᠠᠳᠭᠠᠯ᠎ᠳᠤ ᠣᠷᠣᠯᠴᠠᠭ᠍ᠰᠠᠳ᠎ᠢ ᠬᠠᠷᠠᠭᠠᠯᠵᠠᠨ ᠠᠰᠠᠷᠠᠬᠤ ᠡᠷᠬᠡ ᠠᠱᠢᠭ᠎ᠢ ᠯᠠᠪᠳᠠᠭᠤᠨ᠎ᠢᠶᠠᠷ ᠵᠣᠯᠭᠠᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃
ᠭᠤᠷᠪᠠ᠂ 《ᠣᠷᠳᠣ ᠬᠤᠭᠤᠴᠠᠭᠠᠨ᠎ᠤ ᠦᠢᠯᠡᠴᠢᠯᠡᠭᠡᠨ᠎ᠤ ᠲᠥᠷᠥᠯ ᠵᠦᠢᠯ᠎ᠤᠨ ᠭᠠᠷᠴᠠᠭ》 ᠤᠨ ᠪᠣᠳᠠᠲᠠᠶ ᠠᠭᠤᠯᠭ᠎ᠠ᠎ᠨᠢ ᠶᠠᠭᠤ ᠶᠠᠭᠤ ᠪᠣᠶ?
《 ᠤᠷᠲᠤ ᠬᠤᠭᠤᠴᠠᠭᠠᠨ᠎ᠤ ᠦᠢᠯᠡᠴᠢᠯᠡᠭᠡᠨ᠎ᠦ ᠲᠥᠷᠥᠯ ᠵᠦᠢᠯ᠎ᠦᠨ ᠭᠠᠷᠴᠠᠭ 》 ᠲᠤ ᠵᠢᠱ᠌ᠢᠭ ᠪᠠ ᠦᠢᠯᠡᠴᠢᠯᠡᠭᠡᠨ᠎ᠦ ᠲᠥᠷᠥᠯ ᠵᠦᠢᠯ ᠬᠣᠶᠠᠷ ᠬᠡᠰᠡᠭ ᠢ ᠪᠠᠭ᠍ᠲᠠᠭᠠᠨ᠎ᠠ ᠃ ᠵᠢᠱ᠌ᠢᠭ ᠭᠡᠳᠡᠭ᠎ᠨᠢ 《ᠣᠷᠳᠣ ᠬᠤᠭᠤᠴᠠᠭᠠᠨ᠎ᠤ ᠦᠢᠯᠡᠴᠢᠯᠡᠭᠡᠨ᠎ᠤ ᠲᠥᠷᠥᠯ ᠵᠦᠢᠯ᠎ᠤᠨ ᠭᠠᠷᠴᠠᠭ》 ᠤᠨ ᠭᠠᠷᠴᠠᠭ᠎ᠢ ᠪᠦᠷᠢᠯᠳᠦᠭᠦᠯᠬᠦ᠂ ᠭᠠᠷᠴᠠᠭ᠎ᠢ ᠨᠠᠢᠷᠠᠭᠤᠯᠤᠨ ᠵᠢᠭ᠍ᠰᠠᠭᠠᠬᠤ᠂ ᠬᠠᠮᠢᠶᠠᠷᠤᠯᠲᠠ᠎ᠶ᠋ᠢᠨ ᠵᠠᠷᠴᠢᠮ ᠵᠡᠷᠭᠡ ᠠᠭᠤᠯᠭ᠎ᠠ᠎ᠶ᠋ᠢᠨ ᠲᠠᠢᠯᠪᠤᠷᠢᠯᠠᠯᠲᠠ ᠪᠠ ᠲᠣᠳᠣᠷᠬᠠᠢᠯᠠᠯᠲᠠ ᠪᠣᠯᠤᠨ᠎ᠠ; ᠦᠢᠯᠡᠴᠢᠯᠡᠭᠡᠨ᠎ᠤ ᠲᠥᠷᠥᠯ ᠵᠦᠢᠯ᠎ᠳᠤ ᠳ᠋ᠤᠭᠠᠷ᠂ ᠲᠥᠷᠥᠯ ᠵᠦᠢᠯ᠎ᠤᠨ ᠣᠷᠣᠯᠠᠬᠤ ᠨᠣᠮᠧᠷ᠂ ᠲᠥᠷᠥᠯ ᠵᠦᠢᠯ᠎ᠤᠨ ᠲᠥᠷᠥᠯ ᠢᠯᠭᠠᠯ᠂ ᠲᠥᠷᠥᠯ ᠵᠦᠢᠯ᠎ᠤᠨ ᠨᠡᠷᠡᠢᠳᠦᠯ᠂ ᠲᠥᠷᠥᠯ ᠵᠦᠢᠯ᠎ᠤᠨ ᠠᠭᠤᠯᠤᠭ᠍ᠳᠠᠬᠤᠨ᠂ ᠦᠢᠯᠡᠴᠢᠯᠡᠭᠡᠨ᠎ᠤ ᠭᠤᠤᠯᠳᠠᠯᠭ᠎ᠠ ᠵᠡᠷᠭᠡ᠎ᠶ᠋ᠢ ᠪᠠᠭ᠍ᠲᠠᠭᠠᠨ᠎ᠠ᠃
ᠣᠳᠣᠬᠠᠨ᠎ᠳᠤ 《ᠭᠠᠷᠴᠠᠭ》 ᠲᠤ ᠲᠣᠳᠣᠷᠬᠠᠢᠯᠠᠭ᠍ᠰᠠᠨ ᠦᠢᠯᠡᠴᠢᠯᠡᠭᠡᠨ᠎ᠤ ᠲᠥᠷᠥᠯ ᠵᠦᠢᠯ ᠨᠡᠢᠲᠡ 36 ᠪᠠᠢᠵᠤ᠂ ᠠᠮᠢᠳᠤᠷᠠᠯ᠎ᠤᠨ ᠠᠰᠠᠷᠠᠨ ᠬᠠᠷᠠᠭᠠᠯᠵᠠᠬᠤ ᠲᠥᠷᠥᠯ᠎ᠤᠨ ᠲᠥᠷᠥᠯ ᠵᠦᠢᠯ᠂ ᠡᠮ ᠡᠮᠨᠡᠯᠭᠡ᠎ᠶ᠋ᠢᠨ ᠰᠤᠪᠢᠯᠠᠯᠲᠠ᠎ᠶ᠋ᠢᠨ ᠲᠥᠷᠥᠯ᠎ᠤᠨ ᠲᠥᠷᠥᠯ ᠵᠦᠢᠯ ᠶᠣᠰᠣᠭᠠᠷ ᠲᠥᠷᠥᠯ ᠬᠤᠪᠢᠶᠠᠨ ᠬᠠᠮᠢᠶᠠᠷᠤᠨ᠎ᠠ᠃ ᠡᠭᠦᠨ᠎ᠳᠤ᠂ ᠠᠮᠢᠳᠤᠷᠠᠯ᠎ᠤᠨ ᠬᠠᠷᠠᠭᠠᠯᠵᠠᠨ ᠠᠰᠠᠷᠠᠬᠤ ᠲᠥᠷᠥᠯ᠎ᠤᠨ ᠲᠥᠷᠥᠯ ᠵᠦᠢᠯ᠎ᠳᠤ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠬᠠᠷᠠᠭᠠᠯᠵᠠᠯ ᠭᠥᠷᠳᠡᠬᠦ᠌ ᠡᠲᠡᠭᠡᠳ᠎ᠲᠤ ᠬᠠᠩᠭᠠᠭ᠍ᠰᠠᠨ ᠡᠳᠦᠷ ᠲᠤᠲᠤᠮ᠎ᠤᠨ ᠠᠮᠢᠳᠤᠷᠠᠯ᠎ᠤᠨ ᠬᠠᠷᠠᠭᠠᠯᠵᠠᠯ ᠵᠢᠴᠢ ᠲᠡᠳᠡᠨ᠎ᠤ ᠦᠨᠳᠦᠰᠦᠨ ᠠᠮᠢᠳᠤᠷᠠᠯ᠎ᠢ ᠬᠠᠪᠰᠤᠷᠤᠨ ᠪᠠᠲᠤᠯᠠᠬᠤ ᠦᠢᠯᠡᠴᠢᠯᠡᠭᠡ᠎ᠶ᠋ᠢ ᠪᠠᠭ᠍ᠲᠠᠭᠠᠭ᠍ᠰᠠᠨ 20 ᠲᠥᠷᠥᠯ ᠵᠦᠢᠯ (ᠢᠳᠡᠭᠡᠨ ᠤᠮᠳᠠᠭᠠᠨ᠎ᠤ ᠰᠤᠪᠢᠯᠠᠯᠲᠠ᠂ ᠭᠠᠳᠠᠭᠰᠢᠯᠠᠭᠤᠯᠤᠯᠲᠠ᠎ᠶᠢᠨ ᠰᠤᠪᠢᠯᠠᠯᠲᠠ᠂ ᠠᠷᠢᠭᠤᠨ ᠴᠡᠪᠡᠷ᠎ᠦᠨ ᠰᠤᠪᠢᠯᠠᠯᠲᠠ᠂ ᠬᠤᠪᠴᠠᠰᠤ ᠬᠤᠨᠠᠷ᠎ᠤᠨ ᠵᠠᠰᠠᠯᠲᠠ᠂ ᠴᠢᠳᠠᠮᠵᠢ᠎ᠶᠢᠨ ᠬᠠᠮᠠᠭᠠᠯᠠᠯᠲᠠ᠂ ᠡᠪᠡᠳᠴᠢᠨ ᠳ᠋ᠦ᠍ᠨᠢ ᠲᠠᠭᠠᠷᠠᠭᠤᠯᠵᠤ ᠰᠤᠪᠢᠯᠠᠬᠤ᠂ ᠠᠮᠢ ᠨᠠᠰᠤᠨ᠎ᠤ ᠪᠡᠶ᠎ᠡ᠎ᠶᠢᠨ ᠢᠯᠡᠷᠡᠯ᠎ᠦᠨ ᠬᠢᠨᠠᠨ ᠬᠡᠮᠵᠢᠯᠲᠡ᠂ ᠠᠮᠤᠷ ᠲᠦᠪᠰᠢᠨ᠎ᠦ ᠰᠤᠪᠢᠯᠠᠯᠲᠠ ᠵᠡᠷᠭᠡ 8 ᠲᠦᠷᠦᠯ ᠵᠦᠢᠯ᠎ᠦᠨ ᠲᠦᠷᠦᠯ ᠵᠦᠢᠯ᠎ᠢ ᠪᠠᠭᠲᠠᠭᠠᠨ᠎ᠠ ); ᠡᠮᠴᠢᠯᠡᠭᠡ ᠰᠤᠪᠢᠯᠠᠯᠲᠠ᠎ᠶ᠋ᠢᠨ ᠲᠥᠷᠥᠯ᠎ᠤᠨ ᠲᠥᠷᠥᠯ ᠵᠦᠢᠯ᠎ᠳᠤ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠬᠠᠷᠠᠭ᠋ᠠᠯᠵᠠᠯ ᠭᠥᠷᠳᠡᠬᠦ᠌ ᠡᠲᠡᠭᠡᠳ᠎ᠲᠤ ᠬᠠᠩᠭᠠᠭ᠍ᠰᠠᠨ ᠦᠨᠳᠦᠰᠦᠨ ᠠᠮᠢᠳᠤᠷᠠᠯ᠎ᠤᠨ ᠬᠠᠷᠠᠭᠠᠯᠵᠠᠯ᠎ᠲᠠᠢ ᠨᠢᠭ᠍ᠲᠠ ᠬᠤᠯᠪᠣᠭ᠎ᠠ᠎ᠲᠠᠢ ᠰᠠᠭᠤᠷᠢ ᠡᠮᠴᠢᠯᠡᠭᠡ ᠰᠤᠪᠢᠯᠠᠯᠲᠠ᠎ᠶ᠋ᠢᠨ ᠦᠢᠯᠡᠴᠢᠯᠡᠭᠡ ᠪᠠᠭ᠍ᠲᠠᠨ᠎ᠠ; 16 ᠲᠥᠷᠥᠯ ᠵᠦᠢᠯ (ᠡᠩ᠎ᠤᠨ ᠪᠠᠢᠴᠠᠭᠠᠯᠲᠠ ᠰᠤᠪᠢᠯᠠᠯᠲᠠ᠂ ᠰᠠᠭᠤᠷᠢ ᠰᠤᠪᠢᠯᠠᠯᠲᠠ᠂ ᠲᠤᠰᠭᠠᠶ ᠰᠤᠪᠢᠯᠠᠯᠲᠠ᠂ ᠡᠷᠡᠭᠦᠯᠵᠢᠯ ᠵᠡᠷᠭᠡ 4 ᠲᠥᠷᠥᠯ ᠵᠦᠢᠯ᠎ᠤᠨ ᠲᠥᠷᠥᠯ ᠵᠦᠢᠯ ᠪᠠᠭ᠍ᠲᠠᠨ᠎ᠠ) ᠲᠠᠢ᠃
ᠳᠥᠷᠪᠡ ᠂ ᠤᠯᠤᠰ᠎ᠤᠨ 《ᠤᠷᠲᠤ ᠬᠤᠭᠤᠴᠠᠭᠠᠨ᠎ᠤ ᠦᠢᠯᠡᠴᠢᠯᠡᠭᠡᠨ᠎ᠦ ᠲᠥᠷᠥᠯ ᠵᠦᠢᠯ᠎ᠦᠨ ᠭᠠᠷᠴᠠᠭ》 ᠢ ᠨᠡᠢᠲᠡᠯᠡᠭ᠌ᠰᠡᠨ᠎ᠦ ᠳᠠᠷᠠᠭ᠎ᠠ᠂ ᠡᠯ᠎ᠡ ᠭᠠᠵᠠᠷ ᠣᠷᠣᠨ᠎ᠨᠤᠭᠤᠳ ᠥᠪᠡᠷ᠎ᠦᠨ ᠪᠠᠢᠭ᠎ᠠ ᠤᠷᠲᠤ ᠬᠤᠭᠤᠴᠠᠭ᠎ᠠ᠎ᠪᠠᠷ ᠬᠠᠮᠠᠭᠠᠯᠠᠬᠤ ᠦᠢᠯᠡᠴᠢᠯᠡᠭᠡᠨ᠎ᠦ ᠲᠥᠷᠥᠯ ᠵᠦᠢᠯ᠎ᠦᠨ ᠭᠠᠷᠴᠠᠭ᠎ᠢ ᠲᠣᠭ᠍ᠲᠠᠭᠠᠬᠤ ᠪᠤᠶᠤ ᠬᠡᠷᠡᠭ᠌ᠵᠢᠭᠦᠯᠵᠦ᠍ ᠪᠣᠯᠤᠨ᠎ᠠ ᠤᠤ?
《ᠮᠡᠳᠡᠭ᠌ᠳᠡᠯ》 ᠳᠤ᠂ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ᠎ᠠᠴᠠ ᠤᠯᠤᠰ᠎ᠤᠨ 《ᠤᠷᠲᠤ ᠬᠤᠭᠤᠴᠠᠭᠠᠨ᠎ᠤ ᠦᠢᠯᠡᠴᠢᠯᠡᠭᠡᠨ᠎ᠤ ᠲᠥᠷᠥᠯ ᠵᠦᠢᠯ᠎ᠤᠨ ᠭᠠᠷᠴᠠᠭ》 ᠢ ᠵᠣᠬᠢᠶᠠᠨ ᠪᠠᠢᠭᠤᠯᠤᠨ ᠲᠣᠭ᠍ᠲᠠᠭᠠᠵᠤ᠂ ᠲᠣᠬᠢᠷᠠᠭᠤᠯᠬᠤ ᠪᠠ ᠨᠡᠢᠲᠡᠯᠡᠵᠦ᠍᠂ ᠲᠥᠷᠥᠯ ᠵᠦᠢᠯ᠎ᠤᠨ ᠨᠢᠭᠡᠳᠦᠯᠲᠡᠶ ᠣᠷᠣᠯᠠᠬᠤ ᠲᠡᠮᠳᠡᠭ᠎ᠢ ᠨᠠᠢᠷᠠᠭᠤᠯᠤᠨ ᠵᠣᠬᠢᠶᠠᠵᠤ᠂ ᠬᠥᠳᠡᠯᠦᠩᠭᠦᠶ᠎ᠪᠠᠷ ᠳᠣᠭᠢᠷᠠᠭᠤᠯᠬᠤ ᠲᠣᠭ᠍ᠲᠠᠴᠠ᠎ᠶ᠋ᠢ ᠪᠠᠢᠭᠤᠯᠵᠤ᠂ ᠭᠠᠷᠴᠠᠭ᠎ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢᠭᠤᠯᠵᠤ ᠨᠡᠢᠲᠡᠯᠡᠨ᠎ᠡ᠃ ᠣᠷᠳᠣ ᠬᠤᠭᠤᠴᠠᠭᠠᠨ᠎ᠤ ᠰᠣᠪᠢᠯᠠᠯᠳᠡ᠎ᠶ᠋ᠢᠨ ᠲᠠᠭᠠᠳᠭᠠᠯ᠎ᠤᠨ ᠠᠵᠢᠯ᠎ᠢ ᠱᠢᠨ᠎ᠠ᠎ᠪᠠᠷ ᠦᠷᠨᠢᠬᠦᠯᠥᠭ᠌ᠰᠡᠨ ᠭᠠᠵᠡᠷ ᠣᠷᠣᠨ᠎ᠨᠤᠭᠤᠳ 《ᠭᠠᠷᠴᠠᠭ》 ᠢ ᠴᠢᠩᠭ᠎ᠠ ᠵᠢᠷᠦᠮᠯᠡᠨ ᠭᠡᠷᠡᠭ᠌ᠵᠢᠬᠦᠯᠵᠦ᠍᠂ ᠦᠢᠯᠡᠴᠢᠯᠡᠭᠡᠨ᠎ᠤ ᠬᠦᠷᠢᠶ᠎ᠠ ᠭᠡᠪᠴᠢᠶ᠎ᠠ᠎ᠶ᠋ᠢ ᠲᠣᠷ᠎ᠠ᠎ᠪᠠᠷ᠎ᠢᠶᠠᠨ ᠲᠣᠬᠢᠷᠡᠭᠤᠯᠬᠤ ᠪᠤᠶᠤ ᠬᠤᠪᠢᠷᠡᠭᠤᠯᠵᠦ᠍ ᠪᠤᠯᠬᠤ ᠦᠭᠡᠢ᠃ ᠲᠣᠰ ᠭᠠᠵᠠᠷ ᠣᠷᠣᠨ᠎ᠤ ᠣᠷᠳᠣ᠌ ᠬᠤᠭᠤᠴᠠᠭᠠᠨ᠎ᠤ ᠬᠠᠮᠠᠭᠠᠯᠠᠯᠲᠠ᠎ᠶᠢᠨ ᠦᠢᠯᠡᠴᠢᠯᠡᠭᠡᠨ᠎ᠦ ᠲᠥᠷᠥᠯ ᠵᠦᠢᠯ᠎ᠦᠨ ᠭᠠᠷᠴᠠᠭ᠎ᠢ ᠨᠢᠭᠡᠨᠲᠡ ᠪᠠᠢᠭᠤᠯᠤᠭᠰᠠᠨ ᠲᠤᠷᠰᠢᠯᠲᠠ᠎ᠶᠢᠨ ᠴᠡᠭ ᠪᠣᠯᠬᠤ ᠬᠣᠲᠠ᠎ᠨᠤᠭᠤᠳ ᠣᠣᠯ᠎ᠤᠨ ᠭᠠᠷᠴᠠᠭ ᠬᠢᠭᠡᠳ ᠤᠯᠤᠰ᠎ᠤᠨ 《ᠭᠠᠷᠴᠠᠭ》᠎ᠢ ᠬᠠᠷᠢᠴᠠᠭᠤᠯᠤᠨ ᠲᠤᠰᠬᠠᠬᠤ᠎ᠶᠢ ᠰᠠᠢᠲᠤᠷ ᠬᠢᠵᠦ᠂ ᠤᠯᠤᠰ᠎ᠤᠨ ᠲᠥᠷᠥ᠎ᠶᠢᠨ ᠪᠣᠳᠣᠯᠭ᠎ᠠ᠎ᠶᠢᠨ ᠱᠠᠭᠠᠷᠳᠠᠯᠭ᠎ᠠ ᠶᠣᠰᠣᠭᠠᠷ 3 ᠵᠢᠯ ᠣᠷᠴᠢᠮ᠎ᠤᠨ ᠴᠠᠭ᠎ᠢ ᠠᠰᠢᠭ᠍ᠯᠠᠨ ᠠᠯᠬᠤᠮ ᠠᠯᠬᠤᠮ᠎ᠢᠶᠠᠷ ᠨᠢᠭᠡᠳᠦᠯᠲᠡᠢ ᠵᠢᠷᠤᠮᠵᠢᠭᠤᠯᠬᠤ ᠬᠡᠷᠡᠭᠲᠡᠢ ᠃
ᠲᠠᠪᠤ᠂ ᠣᠷᠳᠣ ᠬᠤᠭᠤᠴᠠᠭ᠎ᠠ᠎ᠪᠠᠷ ᠳᠠᠭᠠᠳᠭᠠᠯ᠎ᠤᠨ ᠬᠠᠷᠠᠭᠠᠯᠵᠠᠯ ᠬᠦᠷᠲᠡᠬᠦ᠌ ᠬᠦᠨᠳᠦ ᠨᠣᠴᠢᠲᠠᠢ ᠴᠢᠳᠠᠪᠤᠷᠢ᠎ᠪᠠᠨ ᠠᠯᠳᠠᠭ᠍ᠰᠠᠨ ᠬᠥᠮᠥᠰ᠂ ᠬᠡᠷᠪᠡ ᠪᠡᠶ᠎ᠡ ᠮᠠᠬᠠᠪᠤᠳ᠎ᠤᠨ ᠱᠢᠯᠲᠠᠭᠠᠨ᠎ᠠᠴᠠ ᠪᠣᠯᠵᠤ ᠡᠮᠴᠢᠯᠡᠵᠦ᠍ ᠡᠮᠨᠡᠨ ᠠᠪᠤᠷᠠᠬᠤ ᠴᠢᠬᠤᠯᠠᠲᠠᠢ ᠪᠣᠯ᠂ ᠬᠠᠮᠢᠶ᠎ᠠ ᠪᠦᠬᠦᠢ ᠵᠠᠷᠤᠳᠠᠯ᠎ᠢ ᠬᠡᠷᠬᠢᠨ ᠥᠭ᠌ᠬᠦ ᠪᠣᠢ?
《 ᠤᠷᠲᠤ ᠬᠤᠭᠤᠴᠠᠭᠠᠨ᠎ᠤ ᠦᠢᠯᠡᠴᠢᠯᠡᠭᠡᠨ᠎ᠦ ᠲᠥᠷᠥᠯ ᠵᠦᠢᠯ᠎ᠦᠨ ᠭᠠᠷᠴᠠᠭ 》 ᠲᠤ ᠣᠷᠣᠭᠤᠯᠤᠭ᠍ᠰᠠᠨ ᠦᠢᠯᠡᠴᠢᠯᠡᠭᠡᠨ᠎ᠦ ᠵᠠᠷᠤᠳᠠᠯ ᠢ ᠲᠣᠭ᠍ᠲᠠᠭᠠᠯ ᠶᠣᠰᠣᠭᠠᠷ ᠤᠷᠲᠤ ᠬᠤᠭᠤᠴᠠᠭ᠎ᠠ᠎ᠪᠠᠷ ᠰᠤᠪᠢᠯᠠᠬᠤ ᠳᠠᠭᠠᠳᠭᠠᠯ᠎ᠤᠨ ᠰᠠᠭᠤᠷᠢ ᠮᠥᠩᠭᠥ᠎ᠡᠴᠡ ᠥᠭ᠌ᠭᠦᠨ᠎ᠡ᠃ ᠣᠷᠳᠣ ᠬᠤᠭᠤᠴᠠᠭᠠᠨ᠎ᠤ ᠰᠣᠪᠢᠯᠠᠯᠳᠡ᠎ᠶ᠋ᠢᠨ ᠲᠠᠭᠠᠳᠭᠠᠯ᠎ᠤᠨ ᠬᠠᠷᠠᠭᠠᠯᠵᠠᠯ ᠬᠦᠷᠳᠡᠬᠦ᠌ ᠡᠳᠡᠭᠡᠳ᠎ᠨᠢ ᠣᠷᠳᠣ ᠬᠤᠭᠤᠴᠠᠭᠠᠨ᠎ᠤ ᠰᠣᠪᠢᠯᠠᠯᠳᠡ᠎ᠶ᠋ᠢᠨ ᠲᠠᠭᠠᠳᠭᠠᠯ᠎ᠤᠨ ᠴᠡᠭ ᠲᠤᠭᠲᠠᠭ᠋ᠠᠭᠰᠠᠨ ᠦᠢᠯᠡᠴᠢᠯᠡᠭᠡᠨ᠎ᠤ ᠪᠠᠢᠭᠤᠯᠥᠮᠵᠢ᠎ᠨᠢ 《ᠣᠷᠳᠣ ᠬᠤᠭᠤᠴᠠᠭᠠᠨ᠎ᠤ ᠦᠢᠯᠡᠴᠢᠯᠡᠭᠡᠨ᠎ᠤ ᠳᠦᠷᠦᠯ ᠵᠦᠢᠯ᠎ᠤᠨ ᠭᠠᠷᠴᠠᠭ》 ᠬᠠᠩᠭᠠᠠᠠᠰᠠᠨ ᠪᠠᠢᠪᠠᠯ᠂ ᠣᠷᠳᠣ ᠬᠤᠭᠤᠴᠠᠭᠠᠨ᠎ᠤ ᠰᠣᠪᠢᠯᠠᠯᠳᠡ᠎ᠶ᠋ᠢᠨ ᠳᠦᠷᠦᠯ ᠵᠦᠢᠯ᠎ᠲᠠᠢ ᠬᠤᠯᠪᠤᠠᠠᠳ᠋ᠬᠠᠰᠠᠨ ᠵᠠᠷᠣᠳᠡᠯ᠎ᠢ ᠣᠷᠳᠣ ᠬᠤᠭᠤᠴᠠᠭᠠᠨ᠎ᠤ ᠰᠣᠪᠢᠯᠠᠯᠳᠡ᠎ᠶ᠋ᠢᠨ ᠲᠠᠭᠠᠳᠭᠠᠯ᠎ᠤᠨ ᠰᠠᠭᠤᠷᠢ ᠮᠦᠡᠭ᠌ᠬᠦ᠎ᠠᠴᠠ ᠦᠭ᠌ᠬᠦᠨ᠎ᠡ᠃ ᠳᠠᠭᠠᠳᠬᠠᠯ᠎ᠳᠤ ᠣᠷᠣᠯᠴᠠᠭ᠍ᠴᠢ ᠡᠪᠡᠳᠴᠢᠨ ᠦᠵᠡᠭᠦᠯᠬᠦ᠎ᠡᠴᠡ ᠪᠣᠯᠵᠤ ᠰᠢᠯᠵᠢᠭᠦᠯᠦᠨ ᠡᠮᠨᠡᠭᠦᠯᠬᠦ ᠴᠢᠬᠤᠯᠠᠲᠠᠢ᠂ ᠡᠮᠨᠡᠯᠭᠡ ᠰᠢᠯᠵᠢᠵᠦ ᠡᠮᠴᠢᠯᠡᠭᠡᠨ᠎ᠦ ᠳᠠᠭᠠᠳᠬᠠᠯ᠎ᠤᠨ ᠴᠡᠭ ᠲᠣᠭᠲᠠᠭᠠᠭᠰᠠᠨ ᠡᠮᠴᠢᠯᠡᠭᠡᠨ᠎ᠦ ᠪᠠᠢᠭᠤᠯᠤᠮᠵᠢ᠎ᠳᠤ ᠣᠷᠣᠵᠤ ᠡᠮᠨᠡᠭᠦᠯᠬᠦ ᠴᠢᠬᠤᠯᠠᠲᠠᠢ ᠪᠠᠢᠪᠠᠯ᠂ ᠬᠠᠮᠢᠶ᠎ᠠ ᠪᠦᠬᠦᠢ ᠡᠮᠴᠢᠯᠡᠭᠡᠨ᠎ᠦ ᠵᠠᠷᠤᠳᠠᠯ᠎ᠢ ᠲᠣᠭᠲᠠᠭᠠᠯ ᠶᠣᠰᠣᠭᠠᠷ ᠡᠮᠴᠢᠯᠡᠭᠡᠨ᠎ᠦ ᠳᠠᠭᠠᠳᠬᠠᠯ᠎ᠤᠨ ᠰᠠᠭᠤᠷᠢ ᠮᠥᠩᠭᠥ᠎ᠡᠴᠡ ᠭᠠᠷᠭᠠᠨ᠎ᠠ ᠃