ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠡᠮᠴᠢᠯᠡᠭᠡᠨ᠎ᠤ ᠳᠠᠭᠠᠳᠭᠠᠯ᠎ᠤᠨ ᠲᠣᠭᠠᠴᠠᠭ᠎ᠠ ᠬᠢᠬᠦ᠌ ᠠᠷᠭ᠎ᠠ ᠮᠠᠶᠢᠭ᠎ᠤᠨ ᠥᠭᠡᠷᠡᠴᠢᠯᠡᠯᠲᠡ᠎ᠶ᠋ᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠥᠬᠦᠳᠡ ᠬᠤᠷᠠᠯ᠎ᠠᠴᠠ ᠡᠮᠴᠢᠯᠡᠭᠡᠨ᠎ᠤ ᠳᠠᠭᠠᠳᠭᠠᠯ᠎ᠤᠨ ᠲᠣᠭᠠᠴᠠᠭ᠎ᠠ ᠬᠢᠬᠦ᠌ ᠠᠷᠭ᠎ᠠ ᠮᠠᠶᠢᠭ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠳᠤ ᠳᠠᠬᠢᠨ ᠪᠠᠢᠷᠢᠯᠠᠭᠤᠯᠵᠤ ᠳᠠᠬᠢᠨ ᠴᠢᠬᠤᠯᠠᠴᠢᠯᠠᠪᠠ᠃ 2025 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠤ 《ᠡᠮᠴᠢᠯᠡᠭᠡᠨ᠎ᠤ ᠳᠠᠭᠠᠳᠭᠠᠯ᠎ᠤᠨ ᠲᠣᠭᠠᠴᠠᠭ᠎ᠠ ᠬᠢᠬᠦ᠌ ᠠᠷᠭ᠎ᠠ ᠮᠠᠶᠢᠭ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠱᠠᠲᠤ ᠬᠤᠪᠢᠶᠠᠨ ᠣᠨᠣᠱᠢᠯᠠᠨ ᠡᠮᠨᠡᠬᠦ᠌᠎ᠶ᠋ᠢ ᠠᠬᠢᠭᠤᠯᠬᠤ》 ᠬᠡᠷᠡᠭ᠌ᠲᠡᠶ ᠭᠡᠵᠦ᠍ ᠤᠯᠠᠮ ᠨᠢᠭᠡ ᠠᠯᠬᠤᠮ ᠱᠠᠭᠠᠷᠳᠠᠪᠠ᠃ ᠤᠯᠤᠰ᠎ᠤᠨ ᠡᠮᠴᠢᠯᠡᠭᠡᠨ᠎ᠦ ᠳᠠᠭᠠᠳᠬᠠᠯ᠎ᠤᠨ ᠲᠣᠪᠴᠢᠶ᠎ᠠ ᠡᠪᠡᠳᠴᠢᠨ᠎ᠦ ᠲᠥᠷᠥᠯ᠎ᠢᠶᠡᠷ ᠵᠠᠷᠤᠳᠠᠯ ᠲᠤᠰᠢᠶᠠᠬᠤ᠎ᠪᠠᠷ ᠭᠣᠣᠯ ᠪᠣᠯᠭᠠᠭᠰᠠᠨ ᠣᠯᠠᠨ ᠡᠰᠢᠲᠦ ᠨᠡᠢᠯᠡᠮᠡᠯ ᠮᠠᠶᠢᠭ᠋᠎ᠤᠨ ᠡᠮᠴᠢᠯᠡᠭᠡᠨ᠎ᠦ ᠳᠠᠭᠠᠳᠬᠠᠯ᠎ᠤᠨ ᠲᠣᠭᠠᠴᠠᠭ᠎ᠠ ᠬᠢᠬᠦ ᠠᠷᠭ᠎ᠠ ᠮᠠᠶᠢᠭ᠋᠎ᠤᠨ ᠥᠭᠡᠷᠡᠴᠢᠯᠡᠯᠲᠡ᠎ᠶᠢ ᠦᠷᠭᠦᠯᠵᠢᠯᠡᠨ ᠠᠬᠢᠭᠤᠯᠵᠤ᠂ ᠲᠥᠷᠥ᠎ᠶᠢᠨ ᠪᠣᠳᠣᠯᠭ᠎ᠠ᠎ᠶᠢᠨ ᠵᠢᠷᠤᠭ ᠲᠥᠯᠥᠪᠯᠡᠭᠡ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢᠨ ᠲᠥᠯᠥᠭᠡ᠂ ᠣᠢᠷ᠎ᠠ᠎ᠳᠤ ᠤᠯᠤᠰ᠎ᠤᠨ ᠡᠮᠴᠢᠯᠡᠭᠡᠨ᠎ᠦ ᠳᠠᠭᠠᠳᠬᠠᠯ᠎ᠤᠨ ᠲᠣᠪᠴᠢᠶ᠎ᠠ᠎ᠠᠴᠠ 《 ᠡᠮᠴᠢᠯᠡᠭᠡᠨ᠎ᠦ ᠪᠠᠲᠤᠯᠠᠭ᠎ᠠ᠎ᠶᠢᠨ ᠡᠪᠡᠳᠴᠢᠨ᠎ᠦ ᠲᠥᠷᠥᠯ᠎ᠢᠶᠡᠷ ᠵᠠᠷᠤᠳᠠᠯ ᠲᠤᠰᠢᠶᠠᠬᠤ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠠᠷᠭ᠎ᠠ 》 ( ᠳᠣᠷᠣᠭ᠍ᠰᠢ 《 ᠠᠷᠭ᠎ᠠ 》 ᠭᠡᠵᠦ ᠲᠣᠪᠴᠢᠯᠠᠨ᠎ᠠ )᠎ᠶᠢ ᠳᠠᠷᠤᠮᠠᠯᠯᠠᠨ ᠲᠠᠷᠬᠠᠭᠠᠪᠠ ᠃
ᠨᠢᠭᠡ᠂ 《ᠠᠷᠭ᠎ᠠ》 ᠶ᠋ᠢ ᠨᠡᠢᠲᠡᠯᠡᠭ᠌ᠰᠡᠨ ᠠᠬᠤᠶ ᠪᠠᠢᠳᠠᠯ᠎ᠨᠢ ᠶᠠᠭᠤ ᠪᠣᠶ?
ᠡᠪᠡᠳᠴᠢᠨ᠎ᠤ ᠲᠥᠷᠥᠯ᠎ᠢᠶᠠᠷ ᠵᠠᠷᠤᠳᠠᠯ ᠥᠭ᠌ᠬᠦ᠎ᠪᠠᠷ ᠭᠤᠤᠯ ᠪᠣᠯᠭᠠᠭ᠍ᠰᠠᠨ ᠲᠣᠭᠠᠴᠠᠭ᠎ᠠ ᠬᠢᠬᠦ᠌ ᠠᠷᠭ᠎ᠠ ᠮᠠᠶᠢᠭ᠎ᠤᠨ ᠥᠭᠡᠷᠡᠴᠢᠯᠡᠯᠲᠡ᠎ᠶ᠋ᠢ ᠠᠬᠢᠭᠤᠯᠬᠤ᠎ᠨᠢ ᠡᠮ ᠡᠮᠨᠡᠯᠭᠡ᠎ᠶᠢᠨ ᠪᠠᠢᠭᠤᠯᠤᠮᠵᠢ᠎ᠶ᠋ᠢᠨ ᠦᠢᠯᠡ ᠠᠵᠢᠯᠯᠠᠭ᠎ᠠ᠎ᠶ᠋ᠢ ᠵᠢᠷᠤᠮᠵᠢᠭᠤᠯᠬᠤ᠂ ᠥᠪᠡᠷ᠎ᠤᠨ ᠥᠷᠲᠡᠭ᠎ᠢ ᠰᠠᠨᠠᠭᠠᠴᠢᠯᠠᠭ᠎ᠠ᠎ᠠᠴᠠ᠎ᠪᠠᠨ ᠡᠵᠡᠮᠳᠡᠬᠦ᠌᠎ᠶ᠋ᠢ ᠠᠬᠢᠭᠤᠯᠬᠤ᠂ ᠡᠮᠴᠢᠯᠡᠭᠡᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠬᠦ᠂ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠂ ᠳᠠᠭᠠᠳᠭᠠᠯ᠎ᠳᠤ ᠣᠷᠣᠯᠴᠠᠭ᠍ᠰᠠᠳ᠎ᠤᠨ ᠡᠷᠡᠭᠦᠯ ᠮᠡᠨᠳᠦ᠍᠎ᠶ᠋ᠢᠨ ᠡᠷᠬᠡ ᠠᠱᠢᠭ᠎ᠢ ᠬᠠᠮᠠᠭᠠᠯᠠᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ ᠶᠤᠮ᠃ ᠣᠢᠷ᠎ᠠ᠎ᠶ᠋ᠢᠨ ᠵᠢᠯ᠎ᠠᠴᠠ᠂ ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠲᠣᠪᠴᠢᠶ᠎ᠠ ᠡᠮᠨᠡᠯᠭᠡ᠎ᠳᠤ ᠰᠠᠭᠤᠬᠤ ᠦᠢᠯᠡᠴᠢᠯᠡᠭᠡᠨ᠎ᠤ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ᠎ᠶ᠋ᠢ ᠬᠦᠴᠦᠯᠡᠨ ᠠᠬᠢᠭᠤᠯᠵᠤ᠂ ᠡᠪᠡᠳᠴᠢᠲᠡᠨ᠎ᠤ ᠳᠤᠭᠤᠢᠯᠠᠩ (DRG) ᠪᠠ ᠡᠪᠡᠳᠴᠢᠨ᠎ᠤ ᠲᠥᠷᠥᠯ᠎ᠤᠨ ᠨᠣᠭ᠍ᠳᠠᠯ ᠬᠤᠪᠢ (DIP) ᠪᠠᠷ ᠵᠠᠷᠤᠳᠠᠯ ᠲᠤᠱᠢᠶᠠᠬᠤ ᠬᠤᠶᠠᠷ ᠵᠦᠢᠯ᠎ᠤᠨ ᠲᠤᠷᠱᠢᠯᠲᠠ᠎ᠶ᠋ᠢ ᠥᠷᠨᠢᠭᠦᠯᠵᠦ᠍᠂ ᠵᠢᠷᠭᠤᠭᠠᠨ ᠵᠢᠯ᠎ᠤᠨ ᠬᠤᠭᠤᠴᠠᠭᠠᠨ᠎ᠳᠤ᠂ ᠡᠪᠡᠳᠴᠢᠨ᠎ᠤ ᠲᠥᠷᠥᠯ᠎ᠤᠨ ᠵᠠᠷᠤᠳᠠᠯ ᠲᠤᠱᠢᠶᠠᠬᠤ ᠲᠤᠷᠱᠢᠯᠲᠠ᠎ᠶ᠋ᠢᠨ ᠴᠡᠭ᠎ᠠᠴᠠ ᠬᠡᠪᠴᠢᠶ᠎ᠡ᠎ᠶ᠋ᠢ ᠥᠷᠭᠡᠳᠭᠡᠬᠦ᠌᠎ᠶ᠋ᠢ ᠪᠡᠶᠡᠯᠡᠭᠦᠯᠵᠦ᠍᠂ ᠣᠷᠣᠨ ᠨᠤᠲᠤᠭ᠎ᠤᠨ ᠨᠢᠭᠡᠳᠦᠯ᠎ᠢ ᠬᠠᠢᠨ ᠰᠦᠪᠡᠭ᠌ᠴᠢᠯᠡᠭ᠌ᠰᠡᠨ᠎ᠠᠴᠠ ᠣᠳᠣᠬᠠᠨ᠎ᠳᠤ ᠡᠪᠡᠳᠴᠢᠨ᠎ᠤ ᠲᠥᠷᠥᠯ᠎ᠤᠨ ᠵᠠᠷᠤᠳᠠᠯ ᠲᠤᠱᠢᠶᠠᠬᠤ ᠪᠥᠬᠦ᠌ ᠨᠢᠭᠡᠳᠦᠯᠲᠡᠶ ᠲᠥᠯᠥᠪᠯᠡᠬᠦ᠌ ᠭᠠᠵᠠᠷ ᠣᠷᠣᠨ᠎ᠢ ᠬᠠᠮᠤᠷᠬᠤ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ ᠵᠠᠷᠤᠳᠠᠯ ᠲᠤᠱᠢᠶᠠᠬᠤ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠂ ᠡᠮ ᠡᠮᠨᠡᠯᠭᠡ᠎ᠶ᠋ᠢᠨ ᠦᠢᠯᠡᠴᠢᠯᠡᠭᠡᠨ᠎ᠤ ᠠᠵᠢᠯᠯᠠᠭᠠᠨ᠎ᠤ ᠵᠢᠷᠤᠮᠵᠢᠯ᠎ᠢ ᠠᠬᠢᠭᠤᠯᠬᠤ᠂ ᠣᠯᠠᠨ ᠲᠦᠮᠡᠨ᠎ᠤ ᠡᠪᠡᠳᠴᠢᠨ ᠦᠵᠡᠭᠦᠯᠬᠦ᠌ ᠳᠠᠷᠤᠭᠠᠰᠤ᠎ᠶ᠋ᠢ ᠬᠥᠩᠭᠡᠷᠡᠭᠦᠯᠬᠦ᠌ ᠵᠡᠷᠭᠡ ᠲᠠᠯ᠎ᠠ᠎ᠪᠠᠷ ᠢᠳᠡᠪᠬᠢᠲᠡᠶ ᠦᠢᠯᠡᠳᠦᠯ ᠦᠵᠡᠭᠦᠯᠪᠡ᠃ ᠭᠡᠪᠡᠴᠦ᠍ ᠥᠭᠡᠷᠡᠴᠢᠯᠡᠯᠲᠡ᠎ᠶ᠋ᠢᠨ ᠶᠠᠪᠤᠴᠠ᠎ᠳᠤ᠂ ᠣᠷᠣᠨ ᠨᠤᠲᠤᠭ᠎ᠤᠨ ᠡᠮᠴᠢᠯᠡᠭᠡᠨ᠎ᠦ ᠳᠠᠭᠠᠳᠭᠠᠯ᠎ᠤᠨ ᠰᠠᠯᠠᠭ᠎ᠠ ᠮᠥᠴᠢᠷ ᠪᠣᠯᠤᠨ ᠡᠮᠴᠢᠯᠡᠭᠡᠨ᠎ᠤ ᠪᠠᠢᠭᠤᠯᠤᠮᠵᠢ ᠪᠠᠰᠠ ᠵᠠᠷᠢᠮ ᠠᠰᠠᠭᠤᠳᠠᠯ᠎ᠢ ᠲᠤᠰᠭᠠᠪᠠ᠂ ᠵᠢᠱ᠌ᠢᠶᠡᠯᠡᠪᠡᠯ ᠡᠪᠡᠳᠴᠢᠨ᠎ᠤ ᠲᠥᠷᠥᠯ᠎ᠢ ᠳᠤᠭᠤᠢᠯᠠᠩ ᠬᠤᠪᠢᠶᠠᠨ ᠬᠥᠳᠡᠯᠦᠩᠭᠦᠶ ᠲᠣᠬᠢᠷᠠᠭᠤᠯᠤᠯᠲᠠ ᠬᠢᠬᠦ᠌ ᠲᠠᠯ᠎ᠠ᠎ᠪᠠᠷ ᠬᠦᠷᠦᠯᠴᠡᠬᠦ᠌ ᠥᠬᠡᠶ᠂ ᠡᠯ᠎ᠡ ᠭᠠᠵᠠᠷ᠎ᠤᠨ ᠢᠵᠢ ᠪᠥᠷᠢᠳᠦᠭᠦᠯᠬᠦ᠌ ᠠᠷᠭ᠎ᠠ ᠬᠡᠮᠵᠢᠶ᠎ᠡ᠎ᠶ᠋ᠢᠨ ᠪᠠᠢᠭᠤᠯᠤᠯᠲᠠ ᠲᠡᠩᠴᠡᠭᠦᠷᠢ ᠥᠬᠡᠶ᠂ ᠭᠠᠵᠠᠷ ᠣᠷᠣᠨ᠎ᠤ ᠬᠤᠭᠤᠷᠣᠨᠳᠣᠬᠢ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢᠨ ᠴᠢᠳᠠᠪᠤᠷᠢ ᠪᠣᠯᠤᠨ ᠬᠢᠷᠢ ᠲᠦᠪᠱᠢᠨ᠎ᠤ ᠵᠥᠷᠢᠶ᠎ᠡ ᠨᠡᠯᠢᠶᠡᠳ ᠶᠡᠭᠡ ᠵᠡᠷᠭᠡ ᠪᠣᠯᠤᠨ᠎ᠠ᠃ ᠱᠢᠨ᠎ᠡ ᠪᠠᠢᠳᠠᠯ ᠱᠢᠨ᠎ᠡ ᠱᠠᠭᠠᠷᠳᠠᠯᠭ᠎ᠠ᠎ᠶ᠋ᠢᠨ ᠡᠮᠦᠨ᠎ᠡ᠂ ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠲᠣᠪᠴᠢᠶ᠎ᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ ᠲᠥᠷᠥ᠎ᠶ᠋ᠢᠨ ᠪᠣᠳᠣᠯᠭ᠎ᠠ᠎ᠶ᠋ᠢᠨ ᠵᠢᠷᠤᠭ ᠲᠥᠯᠥᠪᠯᠡᠭᠡ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠡᠮᠴᠢᠯᠡᠭᠡᠨ᠎ᠦ ᠳᠠᠭᠠᠳᠭᠠᠯ᠎ᠤᠨ ᠲᠣᠭᠠᠴᠠᠭ᠎ᠠ ᠬᠢᠬᠦ᠌᠎ᠶ᠋ᠢ ᠵᠢᠷᠤᠮᠵᠢᠭᠤᠯᠬᠤ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠥᠭᠡᠷᠡᠴᠢᠯᠡᠯᠲᠡ᠎ᠶᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠤ ᠬᠠᠨᠳᠤᠭᠤᠯᠤᠨ ᠬᠤᠪᠢᠷᠠᠭᠤᠯᠬᠤ᠎ᠶ᠋ᠢ ᠠᠬᠢᠭᠤᠯᠵᠤ᠂ ᠡᠮᠴᠢᠯᠡᠭᠡᠨ᠎ᠦ ᠳᠠᠭᠠᠳᠭᠠᠯ᠎ᠤᠨ ᠲᠣᠭᠠᠴᠠᠭ᠎ᠠ ᠬᠢᠬᠦ᠌᠎ᠶ᠋ᠢᠨ ᠬᠥᠲᠥᠯᠥᠨ ᠵᠢᠯᠣᠭᠤᠳᠭᠤ ᠴᠢᠨᠠᠷᠲᠠᠶ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠲᠣᠪᠴᠢᠶ᠎ᠠ᠎ᠠᠴᠠ 《ᠠᠷᠭ᠎ᠠ》 ᠶ᠋ᠢ ᠳᠠᠷᠤᠮᠠᠯᠯᠠᠨ ᠲᠠᠷᠬᠠᠭᠠᠵᠤ᠂ ᠣᠷᠣᠨ ᠨᠤᠲᠤᠭ᠎ᠢ ᠨᠠᠩ ᠰᠠᠢᠲᠤᠷ ᠵᠢᠯᠣᠭᠤᠳᠴᠤ᠌ ᠪᠠᠢᠭᠠᠳ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ ᠥᠭᠡᠷᠡᠴᠢᠯᠡᠯᠲᠡ᠎ᠶ᠋ᠢᠨ ᠠᠵᠢᠯ᠎ᠢ ᠠᠬᠢᠭᠤᠯᠪᠠ᠃
ᠬᠤᠶᠠᠷ᠂ 《ᠠᠷᠭ᠎ᠠ》 ᠶ᠋ᠢᠨ ᠭᠤᠤᠯ ᠠᠭᠤᠯᠭ᠎ᠠ᠎ᠨᠢ ᠶᠠᠭᠤ ᠪᠣᠶ?
《ᠠᠷᠭ᠎ᠠ》 ᠳᠤ 《ᠡᠮᠴᠢᠯᠡᠭᠡᠨ᠎ᠤ ᠪᠠᠲᠤᠯᠠᠭ᠎ᠠ᠎ᠶ᠋ᠢᠨ ᠲᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠰᠠᠨᠠᠯ》 ᠤᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ᠎ᠪᠠᠷ ᠭᠤᠤᠯᠳᠠᠯᠭ᠎ᠠ ᠪᠣᠯᠭᠠᠨ ᠡᠮᠴᠢᠯᠡᠭᠡᠨ᠎ᠤ ᠳᠠᠭᠠᠳᠭᠠᠯ᠎ᠤᠨ ᠲᠣᠭᠠᠴᠠᠭ᠎ᠠ ᠬᠢᠬᠦ᠌ ᠠᠷᠭ᠎ᠠ ᠮᠠᠶᠢᠭ᠎ᠤᠨ ᠥᠭᠡᠷᠡᠴᠢᠯᠡᠯᠲᠡ᠎ᠶ᠋ᠢ ᠪᠥᠬᠦ᠌ ᠲᠠᠯ᠎ᠠ᠎ᠪᠠᠷ ᠠᠬᠢᠭᠤᠯᠬᠤ᠎ᠶ᠋ᠢᠨ ᠵᠣᠷᠢᠯᠭ᠎ᠠ᠎ᠨᠢ ᠪᠥᠬᠦ᠌ ᠤᠯᠤᠰ ᠨᠢᠭᠡᠳᠦᠯᠲᠡᠶ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠳᠣᠲᠣᠭᠠᠳᠤ ᠭᠠᠳᠠᠭᠠᠳᠤ᠎ᠶ᠋ᠢ ᠬᠠᠮᠵᠢᠯᠴᠠᠭᠤᠯᠬᠤ᠂ ᠪᠠᠷᠢᠮᠵᠢᠶ᠎ᠠ ᠵᠢᠷᠤᠮᠵᠢᠭᠤᠨ᠂ ᠲᠤᠰᠠᠲᠠᠶ ᠥᠨᠳᠥᠷ ᠪᠦᠲᠦᠮᠵᠢᠲᠡᠶ ᠡᠮᠴᠢᠯᠡᠭᠡᠨ᠎ᠤ ᠳᠠᠭᠠᠳᠭᠠᠯ᠎ᠤᠨ ᠲᠣᠭᠠᠴᠠᠭ᠎ᠠ ᠬᠢᠬᠦ᠌ ᠲᠣᠭ᠍ᠲᠠᠴᠠ᠎ᠶ᠋ᠢ ᠪᠠᠢᠭᠤᠯᠵᠤ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠥᠯᠥᠭᠡ ᠶᠤᠮ᠃ 《ᠠᠷᠭ᠎ᠠ》 ᠶ᠋ᠢᠨ ᠦᠨᠳᠦᠰᠦᠨ ᠪᠦᠲᠦᠴᠡ᠎ᠨᠢ ᠨᠡᠢᠲᠡ ᠨᠠᠢ᠍ᠮᠠᠨ ᠪᠦᠯᠦᠭ ᠭᠤᠴᠢ ᠶᠢᠰᠦᠨ ᠵᠤᠷᠪᠤᠰ ᠪᠠᠢᠵᠤ᠂ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ ᠬᠤᠯᠪᠣᠭ᠍ᠳᠠᠯ ᠪᠥᠬᠦᠶ ᠲᠥᠷᠥ᠎ᠶ᠋ᠢᠨ ᠪᠣᠳᠣᠯᠭ᠎ᠠ᠂ ᠵᠠᠩᠭᠢᠯᠠᠭ᠎ᠠ᠎ᠶ᠋ᠢᠨ ᠮᠡᠷᠭᠡᠵᠢᠯ᠂ ᠭᠤᠤᠯᠯᠠᠬᠤ ᠡᠯᠧᠮᠧᠨ᠋ᠲ᠂ ᠢᠵᠢ ᠪᠥᠷᠢᠳᠦᠭᠦᠯᠬᠦ᠌ ᠠᠷᠭ᠎ᠠ ᠬᠡᠮᠵᠢᠶ᠎ᠡ ᠵᠡᠷᠭᠡ᠎ᠳᠤ ᠲᠣᠳᠣᠷᠬᠠᠶ ᠲᠣᠭ᠍ᠲᠠᠭᠠᠵᠠᠢ᠄ ᠨᠢᠭᠡ᠎ᠳᠤ᠂ ᠶᠡᠷᠦᠩᠬᠡᠶ ᠲᠤᠭ᠎ᠠ᠎ᠶ᠋ᠢᠨ ᠲᠥᠰᠦᠪ᠎ᠤᠨ ᠬᠠᠮᠢᠶᠠᠷᠤᠯᠲᠠ᠎ᠶ᠋ᠢ ᠵᠢᠷᠤᠮᠵᠢᠭᠤᠯᠵᠤ᠂ ᠵᠠᠷᠤᠯᠭ᠎ᠠ᠎ᠶ᠋ᠢᠨ ᠲᠥᠰᠦᠪ᠎ᠢ ᠵᠦᠶ ᠵᠣᠬᠢᠰᠲᠠᠶ ᠨᠠᠢᠷᠠᠭᠤᠯᠤᠨ ᠵᠣᠬᠢᠶᠠᠬᠤ ᠱᠠᠭᠠᠷᠳᠠᠯᠭ᠎ᠠ ᠲᠠᠯᠪᠢᠵᠤ᠂ ᠡᠨᠡ ᠰᠠᠭᠤᠷᠢᠨ ᠳᠡᠭᠡᠷ᠎ᠡ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ ᠶᠡᠷᠦᠩᠬᠡᠶ ᠲᠤᠭ᠎ᠠ᠎ᠶ᠋ᠢ ᠲᠣᠭ᠍ᠲᠠᠭᠠᠵᠤ᠂ ᠶᠡᠷᠦᠩᠬᠡᠶ ᠲᠤᠭ᠎ᠠ᠎ᠶ᠋ᠢᠨ ᠲᠥᠰᠦᠪ᠎ᠤᠨ ᠬᠠᠳᠠᠨ ᠴᠢᠨᠠᠷ᠎ᠢ ᠴᠢᠬᠤᠯᠠᠴᠢᠯᠠᠪᠠ᠃ ᠬᠤᠶᠠᠷ᠎ᠲᠤ᠌᠂ ᠳᠤᠭᠤᠢᠯᠠᠩ ᠬᠤᠪᠢᠶᠠᠬᠤ ᠲᠥᠰᠦᠯ᠎ᠢ ᠲᠣᠭ᠍ᠲᠠᠭᠠᠬᠤ ᠪᠠ ᠲᠣᠬᠢᠷᠠᠭᠤᠯᠬᠤ᠎ᠶ᠋ᠢ ᠵᠢᠷᠤᠮᠵᠢᠭᠤᠯᠤᠨ᠎ᠠ᠃ ᠳᠤᠭᠤᠢᠯᠠᠩ ᠬᠤᠪᠢᠶᠠᠬᠤ ᠲᠥᠰᠦᠯ᠎ᠢ ᠲᠣᠭ᠍ᠲᠠᠭᠠᠬᠤ ᠭᠤᠤᠯ ᠴᠣᠭ᠍ᠴᠠ᠂ ᠳᠤᠭᠤᠢᠯᠠᠩ ᠬᠤᠪᠢᠶᠠᠬᠤ ᠪᠣᠷᠣ ᠲᠥᠯᠥᠪ᠂ ᠲᠤᠭ᠎ᠠ ᠪᠠᠷᠢᠮᠲᠠ ᠪᠠ ᠰᠠᠨᠠᠯ᠎ᠤᠨ ᠲᠤᠯᠭᠠᠭᠤᠷᠢᠯᠠᠯ᠂ ᠠᠭᠤᠯᠭ᠎ᠠ ᠵᠡᠷᠭᠡ᠎ᠶ᠋ᠢ ᠲᠣᠳᠣᠷᠬᠠᠢᠯᠠᠵᠤ᠂ ᠵᠠᠷᠴᠢᠮ ᠳᠡᠭᠡᠷ᠎ᠡ᠎ᠪᠠᠨ ᠳᠤᠭᠤᠢᠯᠠᠩ ᠬᠤᠪᠢᠶᠠᠬᠤ ᠲᠥᠰᠦᠯ᠎ᠢ ᠬᠤᠶᠠᠷ ᠵᠢᠯ᠎ᠳᠤ ᠨᠢᠭᠡ ᠤᠳᠠᠭ᠎ᠠ ᠲᠣᠬᠢᠷᠠᠭᠤᠯᠤᠯᠲᠠ ᠬᠢᠬᠦ᠌᠎ᠶ᠋ᠢ ᠱᠠᠭᠠᠷᠳᠠᠪᠠ᠃ ᠭᠤᠷᠪᠠ᠎ᠳᠤ᠂ ᠭᠤᠣᠯᠯᠠᠬᠤ ᠬᠦᠴᠦᠨ ᠵᠦᠢᠯ ᠪᠠ ᠢᠵᠢ ᠪᠦᠷᠢᠳᠦᠭᠦᠯᠬᠦ᠌ ᠠᠷᠭ᠎ᠠ ᠬᠡᠮᠵᠢᠶ᠎ᠡ᠎ᠶ᠋ᠢ ᠵᠢᠷᠤᠮᠵᠢᠭᠤᠯᠤᠨ᠎ᠠ᠃ ᠡᠷᠬᠡ᠎ᠶ᠋ᠢᠨ ᠬᠦᠨᠳᠦ᠍᠎ᠶ᠋ᠢᠨ ᠬᠡᠮᠵᠢᠶ᠎ᠡ᠂ ᠵᠠᠷᠤᠳᠠᠯ᠎ᠤᠨ ᠨᠣᠷᠮ᠎ᠠ᠂ ᠲᠣᠭᠠᠴᠠᠭ᠎ᠠ ᠬᠢᠬᠦ᠌ ᠪᠠᠷᠢᠮᠵᠢᠶ᠎ᠠ ᠵᠡᠷᠭᠡ ᠠᠭᠤᠯᠤᠭ᠍ᠳᠠᠬᠤᠨ᠎ᠢ ᠲᠣᠳᠣᠷᠬᠠᠶ ᠪᠣᠯᠭᠠᠵᠤ᠂ ᠭᠤᠤᠯ ᠬᠦᠴᠦᠨ ᠵᠦᠢᠯ᠎ᠢ ᠱᠠᠭᠠᠷᠳᠠᠵᠤ ᠪᠠᠢᠭᠠᠳ ᠬᠢᠲᠠᠳ ᠡᠮᠨᠡᠯᠭᠡ᠎ᠶ᠋ᠢᠨ ᠳᠠᠭᠠᠳᠭᠠᠯ᠎ᠤᠨ ᠰᠠᠯᠠᠭ᠎ᠠ ᠮᠥᠴᠢᠷ᠎ᠢ ᠡᠮᠴᠢᠯᠡᠭᠡᠨ᠎ᠤ ᠪᠠᠢᠭᠤᠯᠤᠮᠵᠢ᠎ᠲᠠᠢ ᠭᠦᠢᠴᠡᠳ ᠵᠥᠪᠳᠡᠯᠴᠡᠵᠦ᠍᠂ ᠰᠠᠨᠠᠯ ᠨᠢᠭᠡᠳᠬᠦ᠌᠎ᠶ᠋ᠢ ᠱᠠᠭᠠᠷᠳᠠᠪᠠ᠃ ᠡᠮᠴᠢᠯᠡᠭᠡᠨ᠎ᠤ ᠳᠠᠭᠠᠳᠭᠠᠯ᠎ᠤᠨ ᠲᠣᠭᠠᠴᠠᠭ᠎ᠠ ᠬᠢᠬᠦ᠌ ᠬᠠᠮᠢᠶ᠎ᠠ ᠪᠥᠬᠦᠶ ᠢᠵᠢ ᠪᠥᠷᠢᠳᠦᠭᠦᠯᠬᠦ᠌ ᠠᠷᠭ᠎ᠠ ᠬᠡᠮᠵᠢᠶ᠎ᠡ᠎ᠶ᠋ᠢ ᠵᠢᠷᠤᠮᠵᠢᠭᠤᠯᠵᠤ᠂ ᠡᠭᠦᠨ᠎ᠳᠤ ᠣᠨᠴᠠ ᠵᠢᠱ᠌ᠢᠶ᠎ᠡ᠎ᠶ᠋ᠢᠨ ᠲᠤᠰᠠᠭᠠᠷ ᠵᠥᠪᠯᠡᠬᠦ᠂ ᠤᠷᠢᠳᠴᠢᠯᠠᠨ ᠳᠥᠯᠥᠬᠦ᠌ ᠮᠥᠩᠭᠦ᠌᠂ ᠰᠠᠨᠠᠯ᠎ᠢ ᠴᠤᠭ᠍ᠯᠠᠭᠤᠯᠬᠤ᠂ ᠬᠡᠯᠡᠯᠴᠡᠭᠡ ᠬᠢᠬᠦ᠌ ᠪᠠ ᠡᠮᠴᠢᠯᠡᠭᠡᠨ᠎ᠤ ᠳᠠᠭᠠᠳᠭᠠᠯ᠎ᠤᠨ ᠲᠤᠭ᠎ᠠ ᠪᠠᠷᠢᠮᠲᠠ᠎ᠶ᠋ᠢ ᠨᠡᠢᠲᠡᠯᠡᠬᠦ᠌ ᠵᠡᠷᠭᠡ᠎ᠶ᠋ᠢ ᠪᠠᠭ᠍ᠲᠠᠭᠠᠵᠤ᠂ ᠡᠮᠴᠢᠯᠡᠭᠡᠨ᠎ᠤ ᠳᠠᠭᠠᠳᠭᠠᠯ᠎ᠤᠨ ᠲᠣᠭᠠᠴᠠᠭ᠎ᠠ ᠬᠢᠬᠦ᠌ ᠱᠢᠨᠵᠢᠯᠡᠬᠦ᠌ ᠤᠬᠠᠭᠠᠨᠴᠢ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ 《ᠠᠷᠭ᠎ᠠ》 ᠳᠤ ᠪᠠᠰᠠ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠵᠥᠪᠳᠡᠯᠴᠡᠬᠡᠷ᠎ᠤᠨ ᠬᠠᠮᠢᠶᠠᠷᠤᠯᠲᠠ᠎ᠳᠤ ᠣᠷᠣᠭᠤᠯᠵᠤ᠂ ᠥᠭᠡᠷᠡᠴᠢᠯᠡᠯᠲᠡ᠎ᠶ᠋ᠢᠨ ᠦᠷ᠎ᠡ ᠪᠦᠲᠦᠮᠵᠢ᠎ᠶ᠋ᠢ ᠬᠢᠨᠠᠨ ᠬᠡᠮᠵᠢᠵᠦ᠍ ᠦᠨᠡᠯᠡᠨ ᠵᠢᠱ᠌ᠢᠬᠦ᠌᠎ᠶ᠋ᠢ ᠴᠢᠩᠭᠠᠳᠭᠠᠨ᠂ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠡᠮᠴᠢᠯᠡᠭᠡᠨ᠎ᠤ ᠳᠠᠭᠠᠳᠭᠠᠯ᠎ᠤᠨ ᠮᠡᠳᠡᠭᠡ ᠵᠠᠩᠭᠢ᠎ᠶ᠋ᠢᠨ ᠲᠠᠪᠴᠠᠩ᠎ᠤᠨ ᠪᠠᠢᠭᠤᠯᠤᠯᠲᠠ ᠵᠡᠷᠭᠡ᠎ᠶ᠋ᠢ ᠲᠡᠭᠦᠯᠳᠡᠷᠵᠢᠭᠦᠯᠵᠦ᠍᠂ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ ᠪᠠᠷᠢᠮᠵᠢᠶ᠎ᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ ᠭᠡᠵᠦ᠍ ᠲᠣᠳᠣᠷᠬᠠᠶ ᠲᠣᠭ᠍ᠲᠠᠭᠠᠵᠠᠶ᠃
ᠭᠤᠷᠪᠠ᠂ 《ᠠᠷᠭ᠎ᠠ》 ᠨᠢ ᠡᠪᠡᠳᠴᠢᠨ᠎ᠤ ᠲᠥᠷᠥᠯ᠎ᠢ ᠳᠤᠭᠤᠢᠯᠠᠩ ᠬᠤᠪᠢᠶᠠᠬᠤ ᠲᠥᠰᠦᠯ᠎ᠢ ᠲᠣᠭ᠍ᠲᠠᠭᠠᠬᠤ ᠪᠠ ᠲᠣᠬᠢᠷᠠᠭᠤᠯᠤᠯᠲᠠ ᠬᠢᠬᠦ᠌᠎ᠳᠤ ᠶᠠᠮᠠᠷ ᠶᠠᠮᠠᠷ ᠲᠣᠭ᠍ᠲᠠᠭᠠᠯ ᠭᠠᠷᠭᠠᠭ᠍ᠰᠠᠨ ᠪᠣᠶ?
ᠳᠤᠭᠤᠢᠯᠠᠩ ᠬᠤᠪᠢᠶᠠᠬᠤ ᠲᠥᠰᠦᠯ ᠪᠣᠯ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ ᠥᠭᠡᠷᠡᠴᠢᠯᠡᠯᠲᠡ᠎ᠶ᠋ᠢᠨ ᠴᠢᠬᠤᠯᠠ ᠮᠡᠷᠭᠡᠵᠢᠯ᠎ᠤᠨ ᠲᠤᠯᠭᠠᠭᠤᠷᠢᠯᠠᠯ ᠪᠠᠢᠵᠤ᠂ ᠡᠮᠴᠢᠯᠡᠭᠡᠨ᠎ᠤ ᠳᠠᠭᠠᠳᠭᠠᠯ᠎ᠤᠨ ᠲᠣᠭᠠᠴᠠᠭ᠎ᠠ ᠬᠢᠬᠦ᠌ ᠱᠢᠨᠵᠢᠯᠡᠬᠦ᠌ ᠤᠬᠠᠭᠠᠨᠴᠢ ᠴᠢᠨᠠᠷ ᠪᠠ ᠵᠦᠶ ᠶᠣᠰᠣᠴᠢ ᠴᠢᠨᠠᠷᠲᠠᠢ ᠬᠤᠯᠪᠣᠭ᠍ᠳᠠᠨ᠎ᠠ᠂ ᠴᠡᠭ ᠲᠣᠭ᠍ᠲᠠᠭᠠᠭ᠍ᠰᠠᠨ ᠡᠮᠴᠢᠯᠡᠭᠡᠨ᠎ᠤ ᠪᠠᠢᠭᠤᠯᠤᠮᠵᠢ ᠮᠠᠰᠢ ᠬᠠᠯᠠᠮᠵᠢᠯᠠᠵᠤ᠂ 《ᠠᠷᠭ᠎ᠠ》 ᠶ᠋ᠢᠨ ᠲᠤᠰᠭᠠᠶ ᠪᠦᠯᠦᠭ᠎ᠢᠶᠠᠷ ᠡᠪᠡᠳᠴᠢᠨ᠎ᠤ ᠲᠥᠷᠥᠯ᠎ᠢ ᠳᠤᠭᠤᠢᠯᠠᠩ ᠬᠤᠪᠢᠶᠠᠬᠤ ᠲᠥᠰᠦᠯ᠎ᠢ ᠲᠣᠭ᠍ᠲᠠᠭᠠᠬᠤ ᠪᠠ ᠳᠣᠭᠢᠷᠠᠭᠤᠯᠬᠤ ᠬᠠᠮᠢᠶ᠎ᠠ ᠪᠥᠬᠦᠶ ᠲᠠᠰ ᠳᠠᠷᠠᠭᠠᠯᠠᠯ᠎ᠳᠤ ᠨᠠᠷᠢᠨ ᠲᠣᠳᠣᠷᠬᠠᠢᠯᠠᠯᠲᠠ ᠬᠢᠵᠦ᠍᠂ ᠣᠷᠣᠨ ᠨᠤᠲᠤᠭ᠎ᠤᠨ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠳᠤᠭᠤᠢᠯᠠᠩ ᠬᠤᠪᠢᠶᠠᠨ ᠱᠢᠯᠢᠳᠡᠭ᠌ᠵᠢᠭᠦᠯᠬᠦ᠌ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠎ᠶ᠋ᠢ ᠬᠦᠰᠡᠵᠦ᠍ ᠪᠠᠢᠨ᠎ᠠ᠃ ᠨᠢᠭᠡ᠎ᠳᠤ᠂ ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠲᠣᠪᠴᠢᠶ᠎ᠠ ᠪᠣᠯ ᠳᠤᠭᠤᠢᠯᠠᠩ ᠬᠤᠪᠢᠶᠠᠬᠤ ᠲᠥᠰᠦᠯ᠎ᠢ ᠲᠣᠭ᠍ᠲᠠᠭᠠᠬᠤ ᠪᠠ ᠳᠣᠭᠢᠷᠠᠭᠤᠯᠬᠤ ᠭᠤᠤᠯ ᠴᠣᠭ᠍ᠴᠠ ᠮᠥᠨ ᠭᠡᠵᠦ᠍ ᠲᠣᠳᠣᠷᠬᠠᠢᠯᠠᠪᠠ᠃ 2019 ᠣᠨ᠎ᠳᠤ ᠡᠪᠡᠳᠴᠢᠨ᠎ᠤ ᠲᠥᠷᠥᠯ᠎ᠤᠨ ᠵᠠᠷᠤᠳᠠᠯ ᠲᠤᠱᠢᠶᠠᠬᠤ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠢ ᠡᠬᠢᠯᠡᠭᠦᠯᠵᠦ᠍᠂ ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠲᠣᠪᠴᠢᠶ᠎ᠠ᠎ᠠᠴᠠ ᠪᠥᠬᠦ᠌ ᠤᠯᠤᠰ᠎ᠤᠨ ᠡᠪᠡᠳᠴᠢᠨ᠎ᠤ ᠲᠥᠷᠥᠯ᠎ᠤᠨ ᠵᠠᠷᠤᠳᠠᠯ ᠲᠤᠱᠢᠶᠠᠬᠤ ᠨᠢᠭᠡᠳᠦᠯᠲᠡᠶ ᠮᠡᠷᠭᠡᠵᠢᠯ᠎ᠤᠨ ᠵᠢᠷᠤᠮᠵᠢᠯ᠎ᠢ ᠲᠣᠭ᠍ᠲᠠᠭᠠᠵᠤ᠂ ᠤᠯᠤᠰ᠎ᠤᠨ ᠬᠡᠪᠯᠡᠯ᠎ᠤᠨ DRG ᠳᠤᠭᠤᠢᠯᠠᠩ ᠬᠤᠪᠢᠶᠠᠬᠤ ᠲᠥᠰᠦᠯ ᠪᠠ DIP ᠶ᠋ᠢᠨ ᠡᠪᠡᠳᠴᠢᠨ᠎ᠤ ᠲᠥᠷᠥᠯ᠎ᠤᠨ ᠬᠥᠮᠥᠷᠭᠡ᠎ᠶ᠋ᠢ ᠳᠠᠷᠤᠮᠠᠯᠯᠠᠨ ᠲᠠᠷᠬᠠᠭᠠᠵᠤ᠂ DRG ᠵᠠᠷᠤᠳᠠᠯ ᠲᠤᠱᠢᠶᠠᠬᠤ ᠭᠠᠵᠠᠷ ᠣᠷᠣᠨ᠎ᠤ ᠭᠤᠤᠯ ᠳᠤᠭᠤᠢᠯᠠᠩ ᠬᠤᠪᠢᠶᠠᠬᠤ᠎ᠨᠢ ᠤᠯᠤᠰ᠎ᠤᠨ ᠬᠡᠪᠯᠡᠯ᠎ᠲᠠᠢ ᠨᠢᠭᠡᠳᠦᠯᠲᠡᠶ ᠪᠠᠢᠵᠤ᠂ DIP ᠵᠠᠷᠤᠳᠠᠯ ᠲᠤᠱᠢᠶᠠᠬᠤ ᠭᠠᠵᠠᠷ ᠣᠷᠣᠨ᠎ᠤ ᠡᠪᠡᠳᠴᠢᠨ᠎ᠤ ᠲᠥᠷᠥᠯ᠎ᠤᠨ ᠳᠤᠭᠤᠢᠯᠠᠩ ᠬᠤᠪᠢᠶᠠᠬᠤ ᠲᠦᠷᠢᠮ᠎ᠨᠢ ᠤᠯᠤᠰ᠎ᠯᠤᠭ᠎ᠠ ᠨᠢᠭᠡᠳᠦᠯᠲᠡᠶ ᠪᠠᠢᠵᠤ᠂ ᠡᠭᠦᠨ᠎ᠤ ᠵᠣᠷᠢᠯᠭ᠎ᠠ᠎ᠨᠢ ᠳᠠᠷᠤᠶ ᠪᠥᠬᠦ᠌ ᠤᠯᠤᠰ᠎ᠤᠨ ᠲᠠᠰ ᠳᠠᠪᠬᠤᠷᠭ᠎ᠠ᠎ᠶ᠋ᠢᠨ ᠮᠡᠷᠭᠡᠵᠢᠯ᠎ᠤᠨ ᠪᠠᠷᠢᠮᠵᠢᠶ᠎ᠠ᠎ᠶ᠋ᠢᠨ ᠨᠢᠭᠡᠳᠦᠯᠲᠡᠶ ᠵᠢᠷᠤᠮᠵᠢᠯ᠎ᠢ ᠪᠡᠶᠡᠯᠡᠭᠦᠯᠵᠦ᠍᠂ ᠭᠠᠵᠠᠷ ᠣᠷᠣᠨ᠎ᠤ ᠬᠤᠭᠤᠷᠣᠨᠳᠣᠬᠢ ᠡᠪᠡᠳᠴᠢᠨ᠎ᠤ ᠲᠥᠷᠥᠯ᠎ᠢ ᠬᠠᠷᠢᠴᠠᠭᠤᠯᠤᠨ ᠵᠠᠳᠠᠯᠵᠤ ᠪᠣᠯᠬᠤ᠎ᠶ᠋ᠢ ᠱᠠᠭᠠᠷᠳᠠᠪᠠ᠃ ᠡᠭᠦᠨ᠎ᠤ ᠬᠠᠮᠲᠤ᠌᠂ ᠣᠷᠣᠨ ᠨᠤᠲᠤᠭ᠎ᠤᠨ᠎ᠬᠢᠨ DRG ᠨᠠᠷᠢᠨ ᠳᠤᠭᠤᠢᠯᠠᠩ ᠬᠤᠪᠢᠶᠠᠭ᠍ᠰᠠᠨ ᠵᠡᠷᠭᠡ᠎ᠶ᠋ᠢ ᠲᠤᠰ ᠭᠠᠵᠠᠷᠴᠢᠯᠠᠵᠤ᠂ ᠪᠠᠰᠠ ᠣᠷᠣᠨ ᠨᠤᠲᠤᠭ᠎ᠤᠨ ᠪᠣᠳᠠᠲᠤ ᠪᠠᠢᠳᠠᠯ᠎ᠢ ᠬᠠᠮᠲᠤᠳᠤᠨᠢ ᠬᠠᠷᠠᠭᠠᠯᠵᠠᠵᠤ ᠪᠣᠯᠤᠨ᠎ᠠ᠃ ᠬᠤᠶᠠᠷ᠎ᠲᠤ᠂ ᠳᠤᠭᠤᠢᠯᠠᠩ ᠬᠤᠪᠢᠶᠠᠬᠤ ᠲᠥᠰᠦᠯ᠎ᠤᠨ ᠦᠨᠳᠦᠰᠦᠨ ᠪᠣᠷᠣ ᠲᠥᠯᠥᠪ᠎ᠢ ᠲᠣᠳᠣᠷᠬᠠᠢᠯᠠᠨ᠎ᠠ᠃ 《ᠠᠷᠭ᠎ᠠ》 ᠨᠢ ᠲᠥᠷᠥ᠎ᠶ᠋ᠢᠨ ᠪᠣᠳᠣᠯᠭ᠎ᠠ᠎ᠶ᠋ᠢᠨ ᠲᠠᠯ᠎ᠠ᠎ᠠᠴᠠ ᠳᠤᠭᠤᠢᠯᠠᠩ ᠬᠤᠪᠢᠶᠠᠭ᠍ᠰᠠᠨ ᠪᠣᠷᠣ ᠲᠥᠯᠥᠪ᠎ᠢ ᠲᠣᠳᠣᠷᠬᠠᠢᠯᠠᠵᠤ᠂ ᠡᠭᠦᠨ᠎ᠳᠤ DRG ᠪᠦᠯᠦᠭ᠎ᠲᠤ ᠭᠤᠤᠯ ᠣᠨᠣᠱᠢᠯᠠᠬᠤ ᠶᠡᠭᠡ ᠲᠥᠷᠥᠯ᠂ ᠭᠤᠤᠯ ᠳᠤᠭᠤᠢᠯᠠᠩ ᠬᠤᠪᠢᠶᠠᠬᠤ ᠪᠠ ᠨᠠᠷᠢᠨ ᠳᠤᠭᠤᠢᠯᠠᠩ ᠬᠤᠪᠢᠶᠠᠬᠤ ᠭᠤᠷᠪᠠᠨ ᠲᠠᠰ ᠳᠠᠪᠬᠤᠷᠭ᠎ᠠ᠂ DIP ᠶ᠋ᠢᠨ ᠡᠪᠡᠳᠴᠢᠨ᠎ᠤ ᠲᠥᠷᠥᠯ᠎ᠤᠨ ᠬᠥᠮᠥᠷᠭᠡ᠎ᠳᠤ ᠭᠤᠤᠯᠯᠠᠬᠤ ᠡᠪᠡᠳᠴᠢᠨ᠎ᠤ ᠲᠥᠷᠥᠯ ᠪᠠ ᠶᠡᠷᠦᠩᠬᠡᠢᠯᠡᠭ᠌ᠰᠡᠨ ᠡᠪᠡᠳᠴᠢᠨ᠎ᠤ ᠲᠥᠷᠥᠯ᠎ᠢ ᠪᠠᠭ᠍ᠲᠠᠭᠠᠵᠤ᠂ ᠡᠭᠦᠨ᠎ᠳᠤ ᠭᠤᠤᠯ ᠡᠪᠡᠳᠴᠢᠨ᠎ᠤ ᠲᠥᠷᠥᠯ᠎ᠨᠢ ᠭᠤᠤᠯ ᠵᠠᠷᠤᠳᠠᠯ ᠲᠤᠱᠢᠶᠠᠬᠤ ᠨᠢᠭᠡᠴᠢ ᠪᠠᠢᠵᠤ᠂ ᠡᠪᠡᠳᠴᠢᠨ᠎ᠤ ᠵᠢᠱ᠌ᠢᠶ᠎ᠡ᠎ᠶ᠋ᠢᠨ ᠲᠤᠭ᠎ᠠ᠎ᠨᠢ ᠵᠠᠭᠠᠭ ᠬᠢᠵᠠᠭᠠᠷ᠎ᠤᠨ ᠬᠡᠮᠵᠢᠭ᠌ᠳᠡᠯ᠎ᠠᠴᠠ ᠳᠣᠭᠤᠭ᠍ᠰᠢᠬᠢ ᠳᠠᠬᠢᠨᠲᠠ ᠬᠤᠷᠢᠶᠠᠨ ᠠᠪᠴᠤ᠌ ᠶᠡᠷᠦᠩᠬᠡᠢᠯᠡᠭ᠌ᠰᠡᠨ ᠡᠪᠡᠳᠴᠢᠨ᠎ᠤ ᠲᠥᠷᠥᠯ᠎ᠢ ᠪᠦᠷᠢᠯᠳᠦᠭᠦᠯᠵᠦ᠍᠂ ᠭᠤᠤᠯᠯᠠᠬᠤ ᠡᠪᠡᠳᠴᠢᠨ᠎ᠤ ᠲᠥᠷᠥᠯ᠎ᠤᠨ ᠵᠠᠷᠤᠳᠠᠯ ᠲᠤᠱᠢᠶᠠᠬᠤ ᠨᠢᠭᠡᠴᠢ ᠪᠣᠯᠤᠭ᠍ᠰᠠᠨ᠎ᠤ ᠬᠤᠪᠢ᠎ᠳᠤ ᠨᠥᠬᠦᠪᠥᠷᠢᠯᠡᠨ᠎ᠡ᠃ ᠭᠤᠷᠪᠠ᠎ᠳᠤ᠂ ᠳᠤᠭᠤᠢᠯᠠᠩ ᠬᠤᠪᠢᠶᠠᠬᠤ ᠲᠥᠰᠦᠯ᠎ᠢ ᠲᠣᠭ᠍ᠲᠠᠭᠠᠬᠤ ᠪᠠ ᠳᠣᠭᠢᠷᠠᠭᠤᠯᠬᠤ ᠲᠠᠰ ᠳᠠᠷᠠᠭᠠᠯᠠᠯ᠎ᠢ ᠲᠣᠳᠣᠷᠬᠠᠶ ᠲᠣᠭ᠍ᠲᠠᠭᠠᠨ᠎ᠠ᠃ ᠪᠤᠰᠤᠳᠴᠢ ᠡᠭᠦᠰᠦᠭ᠌ᠰᠡᠨ ᠲᠡᠦᠬᠡ᠎ᠶ᠋ᠢᠨ ᠵᠠᠷᠤᠳᠠᠯ᠎ᠤᠨ ᠲᠤᠭ᠎ᠠ ᠪᠠᠷᠢᠮᠲᠠ ᠪᠠ ᠡᠮᠴᠢᠯᠡᠭᠡᠨ᠎ᠤ ᠪᠠᠢᠭᠤᠯᠤᠮᠵᠢ᠎ᠶ᠋ᠢᠨ ᠲᠤᠰᠭᠠᠭ᠍ᠰᠠᠨ ᠰᠠᠨᠠᠯ ᠰᠠᠨᠠᠭᠤᠯᠭ᠎ᠠ ᠪᠣᠯ ᠳᠤᠭᠤᠢᠯᠠᠩ ᠬᠤᠪᠢᠶᠠᠬᠤ ᠲᠥᠰᠦᠯ᠎ᠢ ᠲᠣᠬᠢᠷᠠᠭᠤᠯᠬᠤ ᠴᠢᠬᠤᠯᠠ ᠲᠤᠯᠭᠠᠭᠤᠷᠢᠯᠠᠯ ᠪᠣᠯᠤᠨ᠎ᠠ᠃ ᠤᠯᠤᠰ᠎ᠤᠨ ᠡᠮᠴᠢᠯᠡᠭᠡᠨ᠎ᠦ ᠳᠠᠭᠠᠳᠭᠠᠯ᠎ᠦᠨ ᠲᠣᠪᠴᠢᠶ᠎ᠠ ᠪᠥᠬᠦ᠌ ᠤᠯᠤᠰ᠎ᠤᠨ ᠡᠮᠴᠢᠯᠡᠭᠡᠨ᠎ᠤ ᠳᠠᠭᠠᠳᠭᠠᠯ᠎ᠤᠨ ᠮᠡᠳᠡᠭᠡ ᠵᠠᠩᠭᠢ᠎ᠶ᠋ᠢᠨ ᠨᠢᠭᠡᠳᠦᠯᠲᠡᠶ ᠲᠠᠪᠴᠠᠩ᠎ᠳᠤ ᠲᠦᠱᠢᠭ᠌ᠯᠡᠨ ᠲᠤᠭ᠎ᠠ ᠪᠠᠷᠢᠮᠲᠠ ᠴᠤᠭ᠍ᠯᠠᠭᠤᠯᠵᠤ᠂ ᠡᠪᠡᠳᠴᠢᠨ᠎ᠤ ᠲᠥᠷᠥᠯ᠎ᠢ ᠳᠤᠭᠤᠢᠯᠠᠩ ᠬᠤᠪᠢᠶᠠᠭ᠍ᠰᠠᠨ ᠰᠠᠭᠤᠷᠢ ᠲᠤᠭ᠎ᠠ ᠪᠠᠷᠢᠮᠲᠠ᠎ᠶ᠋ᠢ ᠪᠦᠷᠢᠯᠳᠦᠭᠦᠯᠬᠦ᠌᠎ᠶ᠋ᠢᠨ ᠬᠠᠮᠲᠤ᠌᠂ ᠰᠠᠨᠠᠯ᠎ᠢ ᠴᠤᠭ᠍ᠯᠠᠭᠤᠯᠤᠨ ᠬᠠᠷᠢᠭᠤ ᠲᠤᠰᠭᠠᠬᠤ ᠲᠣᠭ᠍ᠲᠠᠴᠠ᠎ᠶ᠋ᠢ ᠪᠠᠢᠭᠤᠯᠵᠤ᠂ ᠪᠠᠢᠩᠭᠤᠵᠢᠭᠤᠯᠤᠨ ᠬᠠᠮᠢᠶ᠎ᠠ ᠪᠥᠬᠦᠶ ᠲᠠᠯ᠎ᠠ᠎ᠶ᠋ᠢᠨ᠎ᠬᠢᠨ᠎ᠤ ᠳᠤᠭᠤᠢᠯᠠᠩ ᠬᠤᠪᠢᠶᠠᠭ᠍ᠰᠠᠨ ᠲᠥᠰᠦᠯ᠎ᠤᠨ ᠲᠤᠬᠠᠶ ᠰᠠᠨᠠᠯ ᠰᠠᠨᠠᠭᠤᠯᠭ᠎ᠠ᠎ᠶ᠋ᠢ ᠴᠤᠭ᠍ᠯᠠᠭᠤᠯᠵᠤ᠂ ᠯᠠᠪᠯᠠᠯᠲᠠ ᠪᠣᠯᠭᠠᠬᠤ ᠦᠨ᠎ᠡ ᠥᠷᠲᠡᠭ᠎ᠢ᠎ᠨᠢ ᠴᠠᠭ ᠲᠤᠬᠠᠶ᠎ᠳᠤᠨᠢ ᠱᠢᠨ᠎ᠡ ᠬᠡᠪᠯᠡᠯ᠎ᠤᠨ ᠳᠤᠭᠤᠢᠯᠠᠩ ᠬᠤᠪᠢᠶᠠᠬᠤ᠎ᠳᠤ ᠣᠷᠣᠭᠤᠯᠵᠤ᠂ ᠳᠤᠭᠤᠢᠯᠠᠩ ᠬᠤᠪᠢᠶᠠᠭ᠍ᠰᠠᠨ ᠦᠷ᠎ᠡ ᠳ᠋ᠦᠩ᠎ᠢ ᠡᠮᠴᠢᠯᠡᠭᠡᠨ᠎ᠤ ᠪᠣᠳᠠᠲᠤ ᠪᠠᠢᠳᠠᠯ᠎ᠲᠠᠢ ᠨᠠᠩ ᠤᠢ᠍ᠢᠷᠠᠳᠤᠭᠤᠯᠬᠤ ᠬᠡᠷᠡᠭ᠌ᠲᠡᠢ᠃ ᠳᠥᠷᠪᠡ᠎ᠳᠤ᠂ ᠲᠣᠬᠢᠷᠠᠭᠤᠯᠬᠤ ᠠᠭᠤᠯᠭ᠎ᠠ ᠪᠠ ᠦᠶᠡᠯᠡᠯ᠎ᠤᠨ ᠬᠤᠭᠤᠴᠠᠭ᠎ᠠ᠎ᠶ᠋ᠢ ᠲᠣᠳᠣᠷᠬᠠᠶ ᠲᠣᠭ᠍ᠲᠠᠭᠠᠪᠠ᠃ DRG ᠳᠤᠭᠤᠢᠯᠠᠩ ᠬᠤᠪᠢᠶᠠᠬᠤ ᠲᠥᠰᠦᠯ᠎ᠳᠤ ᠲᠣᠬᠢᠷᠠᠭᠤᠯᠤᠯᠲᠠ ᠬᠢᠵᠦ᠍᠂ ᠭᠤᠤᠯ ᠣᠨᠣᠱᠢᠯᠠᠬᠤ ᠶᠡᠭᠡ ᠲᠥᠷᠥᠯ᠎ᠤᠨ ᠬᠠᠷᠢᠴᠠᠩᠭᠤᠶ ᠲᠣᠭ᠍ᠲᠠᠭᠤᠨ ᠪᠠᠢᠬᠤ᠎ᠶ᠋ᠢ ᠪᠠᠲᠤᠯᠠᠭ᠍ᠰᠠᠨ ᠰᠠᠭᠤᠷᠢᠨ ᠳᠡᠭᠡᠷ᠎ᠡ᠂ ᠭᠤᠤᠯ ᠳᠤᠭᠤᠢᠯᠠᠩ ᠬᠤᠪᠢᠶᠠᠬᠤ ᠪᠠ ᠨᠠᠷᠢᠨ ᠳᠤᠭᠤᠢᠯᠠᠩ ᠬᠤᠪᠢᠶᠠᠬᠤ᠎ᠳᠤ ᠭᠤᠤᠯᠳᠠᠯᠭ᠎ᠠ᠎ᠲᠠᠢ ᠲᠣᠬᠢᠷᠠᠭᠤᠯᠤᠯᠲᠠ ᠬᠢᠨ᠎ᠠ᠃ DIP ᠡᠪᠡᠳᠴᠢᠨ᠎ᠦ᠌ ᠲᠥᠷᠥᠯ᠎ᠦ᠋ᠨ ᠬᠥᠮᠥᠷᠭᠡ᠎ᠶᠢᠨ ᠲᠣᠬᠢᠷᠠᠭᠤᠯᠤᠯᠲᠠᠳ᠋ᠤ ᠭᠣᠣᠯ ᠡᠪᠡᠳᠴᠢᠨ᠎ᠦ᠌ ᠲᠥᠷᠥᠯ ᠪᠠ ᠶᠡᠷᠦᠩᠬᠡᠢ ᠡᠪᠡᠳᠴᠢᠨ᠎ᠦ᠌ ᠲᠥᠷᠥᠯ ᠪᠠᠭ᠍ᠲᠠᠨ᠎ᠠ᠃ ᠵᠠᠷᠴᠢᠮ ᠳᠡᠭᠡᠷ᠎ᠡ᠎ᠪᠠᠨ ᠳᠤᠭᠤᠢᠯᠠᠩ ᠬᠤᠪᠢᠶᠠᠬᠤ ᠲᠥᠰᠦᠯ᠎ᠢ ᠬᠤᠶᠠᠷ ᠵᠢᠯ᠎ᠳᠤ ᠨᠢᠭᠡ ᠤᠳᠠᠭ᠎ᠠ ᠲᠣᠬᠢᠷᠠᠭᠤᠯᠤᠨ᠎ᠠ᠃
ᠳᠥᠷᠪᠡ᠂ 《ᠠᠷᠭ᠎ᠠ》 ᠨᠢ ᠡᠮᠴᠢᠯᠡᠭᠡᠨ᠎ᠤ ᠪᠠᠢᠭᠤᠯᠤᠮᠵᠢ᠎ᠶ᠋ᠢᠨ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠎ᠳᠤ ᠶᠠᠮᠠᠷ ᠶᠠᠮᠠᠷ ᠢᠳᠡᠪᠬᠢᠲᠡᠶ ᠦᠢᠯᠡᠳᠦᠯ ᠦᠵᠡᠭᠦᠯᠬᠦ᠌ ᠪᠣᠶ?
《ᠠᠷᠭ᠎ᠠ》 ᠨᠢ ᠶᠡᠷᠦᠩᠬᠡᠶ᠎ᠳᠡᠭᠡᠨ ᠡᠮᠴᠢᠯᠡᠭᠡᠨ᠎ᠤ ᠪᠠᠢᠭᠤᠯᠤᠮᠵᠢ᠎ᠶ᠋ᠢᠨ ᠨᠡᠯᠢᠶᠡᠳ ᠠᠩᠬᠠᠷᠴᠤ᠌ ᠪᠠᠢᠭ᠎ᠠ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ ᠬᠠᠮᠢᠶ᠎ᠠ ᠪᠥᠬᠦᠶ ᠲᠥᠷᠥ᠎ᠶ᠋ᠢᠨ ᠪᠣᠳᠣᠯᠭ᠎ᠠ᠎ᠶ᠋ᠢ ᠲᠣᠳᠣᠷᠬᠠᠶ ᠲᠣᠭ᠍ᠲᠠᠭᠠᠵᠤ᠂ ᠡᠮᠴᠢᠯᠡᠭᠡᠨ᠎ᠤ ᠳᠠᠭᠠᠳᠭᠠᠯ᠎ᠤᠨ ᠡᠮᠴᠢᠯᠡᠭᠡ᠎ᠶ᠋ᠢ ᠬᠥᠲᠥᠯᠦᠨ ᠵᠢᠯᠣᠭᠤᠳᠴᠤ᠌ ᠪᠠᠢᠭᠠᠳ ᠬᠠᠷᠢᠯᠴᠠᠨ ᠤᠷᠤᠭ᠍ᠰᠢᠯᠠᠭᠤᠯᠬᠤ᠎ᠳᠤ ᠠᠱᠢᠭ᠍ᠲᠠᠶ ᠶᠤᠮ᠃ ᠨᠢᠭᠡ᠎ᠳᠤ᠂ ᠶᠡᠷᠦᠩᠬᠡᠢ ᠲᠤᠭ᠎ᠠ᠎ᠶ᠋ᠢᠨ ᠲᠥᠰᠦᠪ᠎ᠤᠨ ᠬᠠᠮᠢᠶᠠᠷᠤᠯᠲᠠ ᠨᠡᠩ ᠢᠯᠡ ᠲᠣᠳᠣ ᠪᠣᠯᠪᠠ᠃ 《ᠣᠷᠣᠯᠭ᠎ᠠ᠎ᠪᠠᠷ ᠵᠠᠷᠣᠯᠭ᠎ᠠ᠎ᠶ᠋ᠢ ᠲᠣᠠᠠᠳᠠᠭᠠᠬᠤ᠂ ᠣᠷᠣᠯᠭ᠎ᠠ ᠵᠠᠷᠣᠯᠭ᠎ᠠ᠎ᠶ᠋ᠢ ᠳᠡᠩᠴᠡᠬᠦᠷᠢᠵᠢᠬᠦᠯᠬᠦ᠂ ᠵᠢᠭᠠᠬᠠᠨ ᠦᠯᠡᠳᠡᠪᠦᠷᠢ᠎ᠲᠠᠢ ᠪᠠᠢᠯᠭᠠᠬᠤ》 ᠵᠠᠷᠴᠢᠮ᠎ᠢ ᠵᠢᠷᠦᠮᠯᠡᠨ᠂ ᠵᠠᠷᠣᠳᠡᠯ᠎ᠤᠨ ᠳᠥᠰᠥᠪᠢ ᠵᠦᠢ ᠵᠤᠬᠢᠰᠳᠡᠢ᠎ᠪᠠᠷ ᠲᠣᠠᠠᠳᠠᠭᠠᠬᠤ ᠰᠠᠭᠤᠷᠢᠨ ᠳᠡᠭᠡᠷ᠎ᠠ᠂ ᠡᠪᠡᠳᠴᠢᠨ᠎ᠤ ᠳᠥᠷᠦᠯ᠎ᠢᠶᠠᠷ ᠵᠠᠷᠣᠳᠡᠯ᠎ᠤᠨ ᠶᠡᠷᠦᠩᠭᠡᠢ ᠲᠤᠭ᠎ᠠ᠎ᠶ᠋ᠢᠨ ᠬᠠᠮᠢᠶᠡᠷᠦᠯᠳᠡ᠎ᠶ᠋ᠢ ᠰᠠᠢᠳᠣᠷ ᠬᠢᠵᠦ᠍᠂ ᠡᠮᠴᠢᠯᠡᠭᠡᠨ᠎ᠤ ᠪᠠᠢᠭᠤᠯᠥᠮᠵᠢ᠎ᠶ᠋ᠢᠨ ᠶᠡᠷᠦᠩᠭᠡᠢ ᠲᠤᠭ᠎ᠠ᠎ᠶ᠋ᠢᠨ ᠬᠦᠢᠴᠡᠳᠭᠡᠯ ᠲᠤᠭ᠎ᠠ᠎ᠶ᠋ᠢᠨ ᠵᠢᠱ᠌ᠢᠯᠳᠡ᠎ᠶ᠋ᠢ ᠲᠣᠠᠠᠳᠠᠭᠤᠨ ᠪᠠᠢᠯᠭᠠᠨ᠎ᠠ᠃ ᠬᠤᠶᠠᠷ᠎ᠲᠤ᠌᠂ ᠮᠡᠷᠭᠡᠵᠢᠯ᠎ᠤᠨ ᠪᠠᠷᠢᠮᠵᠢᠶ᠎ᠠ᠎ᠶ᠋ᠢ ᠱᠢᠯᠢᠳᠡᠭ᠌ᠵᠢᠭᠦᠯᠬᠦ᠌᠎ᠶ᠋ᠢ ᠨᠡᠩ ᠲᠣᠳᠣᠷᠬᠠᠢ ᠪᠣᠯᠭᠠᠪᠠ᠃ ᠥᠩᠭᠡᠷᠡᠭ᠌ᠰᠡᠨ᠎ᠳᠤ᠂ ᠡᠮᠴᠢᠯᠡᠭᠡᠨ᠎ᠤ ᠪᠠᠢᠭᠤᠯᠤᠮᠵᠢ᠎ᠨᠢ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ᠎ᠠᠴᠠ ᠳᠤᠭᠤᠢᠯᠠᠩ ᠬᠤᠪᠢᠶᠠᠬᠤ᠂ ᠬᠡᠵᠢᠶ᠎ᠡ ᠳᠤᠭᠤᠢᠯᠠᠩ ᠬᠤᠪᠢᠶᠠᠬᠤ᠂ ᠶᠠᠮᠠᠷ ᠠᠭᠤᠯᠭ᠎ᠠ᠎ᠶ᠋ᠢᠨ ᠵᠢᠱ᠌ᠢᠯᠲᠡ᠎ᠶ᠋ᠢ ᠲᠣᠬᠢᠷᠠᠭᠤᠯᠬᠤ ᠲᠠᠯ᠎ᠠ᠎ᠪᠠᠷ ᠬᠦᠷᠦᠯᠴᠡᠬᠦ᠌ ᠥᠬᠡᠶ ᠲᠠᠯ᠎ᠠ᠎ᠶ᠋ᠢ ᠬᠡᠷᠬᠢᠨ ᠲᠣᠭ᠍ᠲᠠᠭᠠᠬᠤ᠂ 《ᠠᠷᠭ᠎ᠠ》 ᠳᠤ ᠳᠡᠭᠡᠷ᠎ᠡ ᠳᠤᠷᠠᠳᠤᠭ᠍ᠰᠠᠨ ᠠᠰᠠᠭᠤᠳᠠᠯ᠎ᠳᠤ ᠬᠠᠨᠳᠤᠯᠭᠠᠲᠤ ᠴᠢᠨᠠᠷᠲᠠᠶ᠎ᠪᠠᠷ ᠬᠠᠷᠢᠭᠤᠯᠲᠠ ᠥᠭ᠌ᠴᠦ᠂ ᠢᠯᠠᠩᠭᠤᠶ᠎ᠠ ᠬᠤᠶᠠᠷ ᠵᠢᠯ᠎ᠳᠤ ᠨᠢᠭᠡ ᠤᠳᠠᠭᠠᠨ᠎ᠤ ᠦᠶᠡᠯᠡᠯ᠎ᠤᠨ ᠬᠤᠭᠤᠴᠠᠭᠠᠨ᠎ᠳᠤ ᠲᠣᠬᠢᠷᠠᠭᠤᠯᠤᠯᠲᠠ ᠬᠢᠵᠦ᠍᠂ ᠳᠤᠭᠤᠢᠯᠠᠩ ᠬᠤᠪᠢᠶᠠᠭ᠍ᠰᠠᠨ ᠲᠥᠰᠦᠯ᠎ᠳᠤ ᠵᠣᠬᠢᠬᠤ ᠴᠠᠭ᠎ᠤᠨ ᠳᠣᠲᠣᠷ᠎ᠠ ᠲᠣᠭ᠍ᠲᠠᠭᠤᠨ ᠪᠠᠢᠬᠤ᠎ᠶ᠋ᠢ ᠬᠠᠮᠲᠤᠳᠤᠨᠢ ᠬᠠᠷᠠᠭᠠᠯᠵᠠᠭ᠍ᠰᠠᠨ ᠮᠥᠷᠲᠡᠭᠡᠨ ᠪᠠᠰᠠ ᠳᠤᠭᠤᠢᠯᠠᠩ ᠬᠤᠪᠢᠶᠠᠨ ᠱᠢᠨᠡᠳᠭᠡᠬᠦ᠌ ᠪᠠ ᠡᠮᠴᠢᠯᠡᠭᠡᠨ᠎ᠤ ᠮᠡᠷᠭᠡᠵᠢᠯ᠎ᠤᠨ ᠬᠥᠭ᠌ᠵᠢᠯᠲᠡ᠎ᠶ᠋ᠢᠨ ᠬᠤᠭᠤᠷᠣᠨᠳᠣᠬᠢ ᠵᠣᠬᠢᠴᠠᠯᠳᠤᠬᠤ ᠬᠠᠷᠢᠴᠠᠭ᠎ᠠ᠎ᠶ᠋ᠢ ᠳᠡᠭᠡᠭ᠌ᠰᠢᠯᠡᠭᠦᠯᠦᠭ᠌ᠰᠡᠨ ᠪᠠᠢᠨ᠎ᠠ᠃ ᠭᠤᠷᠪᠠ᠎ᠳᠤ᠂ ᠲᠣᠭᠠᠴᠠᠭ᠎ᠠ ᠬᠢᠬᠦ᠌ ᠪᠠᠷᠢᠮᠵᠢᠶ᠎ᠠ᠎ᠶ᠋ᠢ ᠲᠥᠰᠦᠭᠡᠯᠡᠨ ᠪᠤᠳᠤᠬᠤ᠎ᠨᠢ ᠨᠡᠩ ᠵᠦᠢ ᠵᠣᠬᠢᠰᠲᠠᠢ ᠪᠣᠯᠪᠠ᠃ ᠭᠤᠣᠯ ᠡᠯᠧᠮᠧᠨ᠋ᠲ᠎ᠲᠤ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠵᠦ᠍᠂ ᠡᠪᠡᠳᠴᠢᠨ᠎ᠤ ᠲᠥᠷᠥᠯ᠎ᠤᠨ ᠲᠣᠭᠠᠴᠠᠭ᠎ᠠ ᠬᠢᠬᠦ᠌ ᠪᠠᠷᠢᠮᠵᠢᠶ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠰᠦᠭᠡᠯᠡᠨ ᠪᠤᠳᠤᠵᠤ᠂ ᠲᠣᠭ᠍ᠲᠠᠮᠠᠯ ᠵᠠᠷᠤᠳᠠᠯ᠎ᠤᠨ ᠨᠣᠷᠮ᠎ᠠ᠂ ᠬᠥᠪᠦᠮᠡᠯ ᠵᠠᠷᠤᠳᠠᠯ᠎ᠤᠨ ᠨᠣᠷᠮ᠎ᠠ᠂ ᠬᠠᠷᠢᠮᠠᠬᠠᠶ ᠴᠢᠨᠠᠷ᠎ᠤᠨ ᠵᠠᠷᠤᠳᠠᠯ᠎ᠤᠨ ᠨᠣᠷᠮ᠎ᠠ ᠵᠡᠷᠭᠡ ᠭᠤᠷᠪᠠᠨ ᠵᠦᠶ᠋ᠯ᠎ᠤᠨ ᠭᠤᠤᠯ ᠠᠷᠭ᠎ᠠ ᠬᠢᠳᠡᠯ᠎ᠢ ᠪᠣᠳᠣᠯᠬᠢᠯᠠᠨ᠎ᠠ ᠭᠡᠵᠦ᠍ ᠱᠠᠭᠠᠷᠳᠠᠪᠠ᠃ ᠭᠣᠤᠯ ᠬᠦᠴᠦᠨ ᠵᠦᠢᠯ ᠢ ᠲᠣᠬᠢᠷᠠᠭᠤᠯᠬᠤ ᠶᠠᠪᠤᠴᠠ᠎ᠳᠤ ᠂ ᠡᠮᠴᠢᠯᠡᠭᠡᠨ᠎ᠦ ᠳᠠᠭᠠᠳᠭᠠᠯ᠎ᠤᠨ ᠰᠠᠯᠠᠭ᠎ᠠ ᠮᠥᠴᠢᠷ᠎ᠦᠳ ᠡᠮᠴᠢᠯᠡᠭᠡᠨ᠎ᠦ ᠪᠠᠢᠭᠤᠯᠤᠮᠵᠢ᠎ᠯᠤᠭ᠎ᠠ ᠨᠡᠪᠲᠡᠷᠡᠯᠴᠡᠨ ᠵᠥᠪᠳᠡᠯᠴᠡᠬᠦ᠌᠎ᠪᠡᠨ ᠴᠢᠩᠭᠠᠳᠭᠠᠵᠤ᠂ ᠰᠠᠨᠠᠯ ᠨᠢᠭᠡᠳᠦᠭ᠌ᠰᠡᠨ ᠪᠠᠢᠬᠤ ᠬᠡᠷᠡᠭ᠌ᠲᠡᠶ᠃ ᠲᠦᠷᠪᠡ᠎ᠳᠤ᠂ ᠢᠵᠢ ᠪᠦᠷᠢᠳᠦᠭ᠌ᠰᠡᠨ ᠠᠷᠭ᠎ᠠ ᠬᠡᠮᠵᠢᠶ᠎ᠡ᠎ᠶ᠋ᠢᠨ ᠪᠠᠢᠭᠤᠯᠤᠯᠲᠠ᠎ᠶ᠋ᠢ ᠨᠡᠩ ᠲᠡᠭᠦᠯᠳᠡᠷᠵᠢᠭᠦᠯᠪᠡ᠃ 《ᠠᠷᠭ᠎ᠠ》 ᠳᠤ ᠣᠨᠴᠠ ᠵᠢᠱ᠌ᠢᠶ᠎ᠡ᠎ᠶ᠋ᠢᠨ ᠳᠠᠩ ᠵᠥᠪᠯᠡᠬᠦ᠂ ᠤᠷᠢᠳᠴᠢᠯᠠᠨ ᠥᠭ᠌ᠬᠦ ᠮᠥᠩᠭᠦ᠌᠂ ᠰᠠᠨᠠᠯ᠎ᠢ ᠴᠤᠭ᠍ᠯᠠᠭᠤᠯᠤᠨ ᠬᠠᠷᠢᠭᠤ ᠲᠤᠰᠭᠠᠬᠤ᠂ ᠬᠡᠯᠡᠯᠴᠡᠨ ᠵᠥᠪᠳᠡᠯᠴᠡᠬᠦ᠂ ᠡᠮᠴᠢᠯᠡᠭᠡᠨ᠎ᠤ ᠳᠠᠭᠠᠳᠭᠠᠯ᠎ᠤᠨ ᠲᠤᠭ᠎ᠠ ᠪᠠᠷᠢᠮᠲᠠ᠎ᠶ᠋ᠢᠨ ᠠᠵᠢᠯ᠎ᠤᠨ ᠳᠤᠭᠤᠢᠯᠠᠩ ᠵᠡᠷᠭᠡ ᠭᠤᠤᠯ ᠪᠣᠯᠬᠤ ᠢᠵᠢ ᠪᠥᠷᠢᠳᠦᠭᠦᠯᠬᠦ᠌ ᠲᠣᠭ᠍ᠲᠠᠴᠠ᠎ᠶ᠋ᠢᠨ ᠲᠤᠬᠠᠶ ᠲᠣᠳᠣᠷᠬᠠᠶ ᠱᠠᠭᠠᠷᠳᠠᠯᠭ᠎ᠠ ᠲᠠᠯᠪᠢᠵᠤ᠂ ᠢᠯᠠᠩᠭᠤᠶ᠎ᠠ ᠡᠮᠴᠢᠯᠡᠭᠡᠨ᠎ᠤ ᠪᠠᠢᠭᠤᠯᠤᠮᠵᠢ᠎ᠶ᠋ᠢᠨ ᠠᠩᠬᠠᠷᠴᠤ᠌ ᠪᠠᠢᠭ᠎ᠠ ᠣᠨᠴᠠ ᠵᠢᠱ᠌ᠢᠶ᠎ᠡ᠎ᠶ᠋ᠢᠨ ᠳᠠᠩ ᠵᠥᠪᠯᠡᠯᠭᠡᠨ᠎ᠤ ᠲᠣᠭ᠍ᠲᠠᠴᠠ ᠲᠤᠰᠠᠭᠠᠷ ᠲᠠᠮᠠᠭ᠎ᠠ ᠳᠠᠷᠤᠵᠤ᠂ ᠡᠮᠴᠢᠯᠡᠭᠡᠨ᠎ᠤ ᠳᠠᠭᠠᠳᠭᠠᠯ᠎ᠤᠨ ᠡᠮᠴᠢᠯᠡᠭᠡᠨ᠎ᠤ ᠪᠠᠢᠭᠤᠯᠤᠮᠵᠢ᠎ᠶ᠋ᠢᠨ ᠱᠢᠨ᠎ᠡ ᠡᠮ᠎ᠤᠨ ᠬᠤᠷᠣᠭ᠍ᠳᠠᠬᠤ ᠱᠢᠨ᠎ᠡ ᠮᠡᠷᠭᠡᠵᠢᠯ᠎ᠢ ᠵᠦᠶ ᠵᠣᠬᠢᠰᠲᠠᠶ ᠬᠡᠷᠡᠭ᠌ᠯᠡᠬᠦ᠌᠎ᠶ᠋ᠢ ᠳᠡᠮᠵᠢᠬᠦ᠂ ᠬᠦᠴᠢᠷ ᠲᠦᠪᠡᠭ᠌ᠲᠡᠶ ᠬᠦᠨᠳᠦ ᠡᠪᠡᠳᠴᠢᠲᠡᠨ᠎ᠢ ᠭᠥᠯᠢᠶᠡᠨ ᠠᠪᠴᠤ᠌ ᠵᠠᠰᠠᠬᠤ ᠡᠷᠡᠰ ᠵᠣᠷᠢᠭ᠎ᠢ ᠪᠠᠳᠠᠷᠠᠭᠤᠯᠪᠠ᠃ ᠲᠠᠪᠤ᠎ᠳᠤ᠂ ᠰᠠᠭᠤᠷᠢ ᠮᠥᠩᠭᠦ᠎ᠶ᠋ᠢᠨ ᠳ᠋ᠦᠩᠨᠡᠨ ᠪᠣᠳᠣᠯᠲᠠ᠎ᠨᠢ ᠡᠨᠧᠷᠭᠢ ᠣᠯᠭᠤᠬᠤ᠎ᠶ᠋ᠢ ᠨᠠᠩ ᠢᠯᠡᠭᠦᠦ ᠢᠯᠡᠷᠡᠭᠦᠯᠦᠨ᠎ᠡ᠃ ᠤᠷᠢᠳᠴᠢᠯᠠᠨ ᠥᠭ᠌ᠬᠦ ᠮᠥᠩᠭᠦ᠌᠂ ᠴᠠᠭ ᠲᠤᠬᠠᠶ᠎ᠳᠤᠨᠢ ᠳ᠋ᠦᠩᠨᠡᠨ ᠪᠤᠳᠤᠬᠤ ᠵᠡᠷᠭᠡ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢᠨ ᠬᠠᠮᠲᠤ᠌᠂ ᠡᠪᠡᠳᠴᠢᠨ᠎ᠤ ᠲᠥᠷᠥᠯ᠎ᠤᠨ ᠦᠯᠡᠳᠡᠪᠦᠷᠢ᠎ᠶ᠋ᠢ ᠦᠯᠡᠳᠡᠭᠡᠨ ᠬᠡᠷᠡᠭ᠌ᠯᠡᠬᠦ᠌ ᠪᠡᠯᠡ ᠮᠥᠩᠭᠦ᠎ᠶ᠋ᠢᠨ ᠤᠷᠮᠠᠱᠢᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠦᠢᠯᠡᠴᠢᠯᠡᠭᠡ᠎ᠶ᠋ᠢ ᠵᠢᠷᠤᠮᠵᠢᠭᠤᠯᠬᠤ᠎ᠪᠠᠷ ᠳᠠᠮᠵᠢᠭᠤᠯᠤᠨ ᠣᠯᠤᠭ᠍ᠰᠠᠨ ᠡᠪᠡᠳᠴᠢᠨ᠎ᠤ ᠲᠥᠷᠥᠯ᠎ᠤᠨ ᠦᠯᠡᠳᠡᠪᠦᠷᠢ ᠪᠡᠯᠡ ᠮᠥᠩᠭᠦ᠎ᠶ᠋ᠢ ᠲᠤᠬᠠᠢᠯᠠᠭ᠍ᠰᠠᠨ ᠠᠵᠢᠯ᠎ᠤᠨ ᠴᠢᠨᠠᠷᠲᠠᠶ ᠣᠷᠣᠯᠭ᠎ᠠ ᠪᠣᠯᠭᠠᠵᠤ ᠪᠣᠯᠬᠤ᠎ᠶ᠋ᠢ ᠲᠣᠳᠣᠷᠬᠠᠢᠯᠠᠵᠤ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠳᠤ ᠵᠣᠬᠢᠴᠠᠬᠤ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ᠎ᠢ ᠤᠯᠠᠮ ᠨᠢᠭᠡ ᠠᠯᠬᠤᠮ ᠬᠥᠭ᠌ᠵᠢᠭᠡᠨ᠎ᠡ᠃
ᠲᠠᠪᠤ᠂ 《ᠠᠷᠭ᠎ᠠ》 ᠨᠢ ᠣᠷᠣᠨ ᠨᠤᠲᠤᠭ᠎ᠤᠨ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ᠎ᠤᠨ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠬᠤ ᠲᠤᠬᠠᠶ ᠶᠠᠮᠠᠷ ᠶᠠᠮᠠᠷ ᠱᠠᠭᠠᠷᠳᠠᠯᠭ᠎ᠠ ᠪᠠᠢᠬᠤ ᠪᠣᠶ?
《ᠠᠷᠭ᠎ᠠ》 ᠨᠢ ᠣᠳᠣᠬᠠᠨ᠎ᠤ ᠡᠮᠴᠢᠯᠡᠭᠡᠨ᠎ᠤ ᠳᠠᠭᠠᠳᠭᠠᠯ᠎ᠤᠨ ᠲᠣᠭᠠᠴᠠᠭ᠎ᠠ ᠬᠢᠬᠦ᠌ ᠠᠷᠭ᠎ᠠ ᠮᠠᠶᠢᠭ᠎ᠤᠨ ᠥᠭᠡᠷᠡᠴᠢᠯᠡᠯᠲᠡ᠎ᠳᠤ ᠲᠤᠯᠭᠠᠷᠠᠵᠤ ᠪᠠᠢᠭ᠎ᠠ ᠭᠤᠤᠯ ᠪᠠᠢᠳᠠᠯ ᠪᠠ ᠠᠰᠠᠭᠤᠳᠠᠯ᠎ᠢ ᠪᠣᠳᠣᠯᠬᠢᠯᠠᠨ᠂ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ ᠥᠭᠡᠷᠡᠴᠢᠯᠡᠯᠲᠡ᠎ᠶ᠋ᠢᠨ ᠬᠠᠮᠢᠶ᠎ᠠ ᠪᠥᠬᠦᠶ ᠲᠥᠷᠥ᠎ᠶ᠋ᠢᠨ ᠪᠣᠳᠣᠯᠭ᠎ᠠ ᠪᠠ ᠵᠠᠩᠭᠢᠯᠠᠭ᠎ᠠ᠎ᠶ᠋ᠢᠨ ᠡᠯᠧᠮᠧᠨ᠋ᠲ᠎ᠢ ᠡᠮᠬᠢᠯᠡᠵᠦ᠍ ᠪᠠᠢᠭ᠎ᠠ᠎ᠨᠢ ᠥᠩᠭᠡᠷᠡᠭ᠌ᠰᠡᠨ᠎ᠤ ᠥᠭᠡᠷᠡᠴᠢᠯᠡᠯᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ 《ᠪᠦᠬᠦᠨ᠎ᠢ ᠬᠠᠮᠤᠷᠬᠤ》 ᠶᠠᠪᠤᠳᠠᠯ ᠪᠣᠯᠬᠤ᠎ᠪᠠᠷ ᠪᠠᠷᠠᠬᠤ ᠥᠬᠡᠶ᠂ ᠪᠠᠰᠠ ᠴᠤ᠌ ᠢᠷᠡᠭᠡᠳᠦᠶ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢᠨ ᠪᠣᠳᠠᠲᠠᠶ ᠵᠢᠯᠣᠭᠤᠳᠣᠯᠭ᠎ᠠ ᠪᠣᠯᠤᠨ᠎ᠠ᠃ ᠣᠷᠣᠨ ᠨᠤᠲᠤᠭ᠎ᠤᠨ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠳᠠᠭᠠᠳᠭᠠᠯ᠎ᠤᠨ ᠲᠣᠭᠠᠴᠠᠭ᠎ᠠ ᠬᠢᠬᠦ᠌ ᠠᠷᠭ᠎ᠠ ᠮᠠᠶᠢᠭ᠎ᠤᠨ ᠥᠭᠡᠷᠡᠴᠢᠯᠡᠯᠲᠡ᠎ᠶ᠋ᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠥᠭᠡᠷᠡᠴᠢᠯᠡᠯᠲᠡ᠎ᠶ᠋ᠢᠨ ᠢᠲᠡᠭᠡᠯ ᠵᠣᠷᠢᠭ᠎ᠢᠶᠠᠨ ᠪᠠᠲᠤᠳᠭᠠᠨ᠂ ᠥᠭᠡᠷᠡᠴᠢᠯᠡᠯᠲᠡ᠎ᠶ᠋ᠢᠨ ᠠᠷᠭ᠎ᠠ ᠵᠠᠮ᠎ᠢ ᠱᠢᠯᠢᠳᠡᠭ᠌ᠵᠢᠭᠦᠯᠵᠦ᠍᠂ 《ᠠᠷᠭ᠎ᠠ》 ᠶ᠋ᠢᠨ ᠱᠠᠭᠠᠷᠳᠠᠯᠭ᠎ᠠ ᠶᠣᠰᠣᠭᠠᠷ᠂ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠦᠨ᠂ ᠢᠵᠢ ᠪᠥᠷᠢᠳᠦᠭᠦᠯᠬᠦ᠌ ᠲᠣᠭ᠍ᠲᠠᠴᠠ᠎ᠶ᠋ᠢ ᠪᠦᠷᠢᠨᠱᠢᠬᠦᠯᠵᠦ᠍᠂ ᠥᠭᠡᠷᠡᠴᠢᠯᠡᠯᠲᠡ᠎ᠶ᠋ᠢᠨ ᠦᠷ᠎ᠡ ᠪᠦᠲᠦᠮᠵᠢ᠎ᠶ᠋ᠢ ᠬᠢᠨᠠᠨ ᠬᠡᠮᠵᠢᠬᠦ᠌ ᠪᠠ ᠦᠨᠡᠯᠡᠬᠦ᠌ ᠠᠵᠢᠯ᠎ᠢ ᠰᠠᠢᠲᠤᠷ ᠬᠢᠬᠦ᠌ ᠬᠡᠷᠡᠭ᠌ᠲᠡᠶ᠃ ᠡᠭᠦᠨ᠎ᠤ ᠬᠠᠮᠲᠤ᠌᠂ ᠡᠮᠴᠢᠯᠡᠭᠡᠨ᠎ᠤ ᠳᠠᠭᠠᠳᠭᠠᠯ᠎ᠤᠨ ᠲᠣᠭᠠᠴᠠᠭ᠎ᠠ ᠬᠢᠬᠦ᠌ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠶ᠋ᠢ ᠰᠠᠢᠲᠤᠷ ᠬᠢᠵᠦ᠍᠂ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ ᠬᠠᠮᠢᠶ᠎ᠠ ᠪᠥᠬᠦᠶ ᠮᠡᠳᠡᠯᠭᠡ᠎ᠶ᠋ᠢᠨ ᠪᠣᠯᠪᠠᠰᠤᠷᠠᠯ᠎ᠢ ᠴᠢᠩᠭᠠᠳᠭᠠᠵᠤ᠂ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ ᠮᠡᠷᠭᠡᠵᠢᠯ᠎ᠤᠨ ᠪᠣᠯᠪᠠᠰᠤᠷᠠᠯ᠎ᠢ ᠣᠨ᠎ᠤ ᠠᠵᠢᠯ ᠪᠣᠯᠭᠠᠨ ᠬᠡᠪᠱᠢᠭ᠌ᠰᠡᠨ ᠬᠠᠮᠢᠶᠠᠷᠤᠯᠲᠠ᠎ᠳᠤ ᠣᠷᠣᠭᠤᠯᠵᠤ᠂ ᠪᠣᠯᠪᠠᠰᠤᠷᠠᠯ᠎ᠤᠨ ᠠᠭᠤᠯᠭ᠎ᠠ᠎ᠶ᠋ᠢ ᠵᠢᠷᠤᠮᠵᠢᠭᠤᠯᠤᠨ᠂ ᠪᠣᠯᠪᠠᠰᠤᠷᠠᠯ᠎ᠤᠨ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠬᠠᠮᠢᠶ᠎ᠠ ᠪᠥᠬᠦᠶ ᠠᠵᠢᠯᠲᠠᠨ᠎ᠤ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠶ᠋ᠢ ᠦᠨᠡᠨᠬᠦ᠌ ᠳᠡᠭᠡᠭ᠌ᠰᠢᠯᠡᠭᠦᠯᠦᠨ᠎ᠡ᠃ ᠴᠡᠭ ᠲᠣᠠᠠᠳ᠋ᠬᠠᠰᠠᠨ ᠡᠮᠴᠢᠯᠡᠭᠡᠨ᠎ᠤ ᠪᠠᠢᠭᠤᠯᠥᠮᠵᠢ᠎ᠨᠢ ᠲᠣᠭᠠᠴᠠᠭ᠎ᠠ ᠬᠢᠬᠦ᠌ ᠠᠷᠭ᠎ᠠ ᠮᠠᠶᠢᠭ᠎ᠤᠨ ᠦᠭᠡᠷᠡᠴᠢᠯᠡᠯᠳᠡ᠎ᠶ᠋ᠢᠨ ᠱᠢᠨ᠎ᠡ ᠪᠠᠢᠳᠡᠯ᠂ ᠱᠢᠨ᠎ᠡ ᠱᠠᠭᠠᠷᠳᠡᠯᠭ᠎ᠠ᠎ᠶ᠋ᠢ ᠮᠦᠷᠳᠡᠨ ᠳᠠᠭᠠᠬᠤ᠎ᠶ᠋ᠢ ᠵᠣᠷᠢᠠᠠᠵᠢᠭᠤᠯᠵᠦ᠍᠂ ᠡᠮᠨᠡᠯᠬᠡ᠎ᠶ᠋ᠢᠨ ᠬᠤᠷᠢᠶ᠎ᠠ᠎ᠶ᠋ᠢᠨ ᠬᠠᠮᠢᠶᠡᠷᠦᠯᠳᠡ᠂ ᠡᠮᠴᠢᠯᠡᠭᠡᠨ᠎ᠤ ᠠᠵᠢᠯᠳᠡᠨ ᠵᠡᠷᠭᠡ᠎ᠶ᠋ᠢᠨ ᠡᠮᠴᠢᠯᠡᠭᠡᠨ᠎ᠤ ᠲᠠᠭᠠᠳᠭᠠᠯ᠎ᠤᠨ ᠲᠣᠭᠠᠴᠠᠭ᠎ᠠ ᠬᠢᠬᠦ᠌ ᠳᠥᠷᠥ᠎ᠶ᠋ᠢᠨ ᠪᠤᠳᠣᠯᠭ᠎ᠠ᠎ᠶ᠋ᠢᠨ ᠪᠣᠯᠪᠠᠰᠤᠷᠠᠯ᠎ᠢ ᠴᠢᠩᠭᠠᠳᠭᠠᠨ᠂ ᠦᠭᠡᠷᠡᠴᠢᠯᠡᠯᠳᠡ᠎ᠶ᠋ᠢᠨ ᠱᠠᠭᠠᠷᠳᠡᠯᠭ᠎ᠠ᠎ᠳᠤ ᠰᠠᠨᠠᠭᠠᠴᠢᠯᠠᠭ᠎ᠠ᠎ᠠᠴᠠ᠎ᠪᠠᠨ ᠵᠤᠬᠢᠴᠠᠵᠦ᠍᠂ ᠦᠭᠡᠷᠡᠴᠢᠯᠡᠯᠳᠡ᠎ᠶ᠋ᠢᠨ ᠨᠡᠢᠯᠡᠮᠡᠯ ᠬᠦᠴᠣᠨ᠎ᠢ ᠪᠦᠷᠢᠯᠳᠦᠬᠦᠯᠥᠨ᠂ ᠦᠭᠡᠷᠡᠴᠢᠯᠡᠯᠳᠡ᠎ᠶ᠋ᠢᠨ ᠭᠦᠨᠵᠡᠭᠡᠢᠷᠡᠨ ᠪᠤᠳᠡᠳᠡᠢᠵᠢᠬᠤᠶ᠋ᠢ ᠠᠬᠢᠭᠤᠯᠬᠤ ᠭᠡᠷᠡᠭ᠌ᠳᠡᠢ᠃