ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠤ ᠬᠠᠮᠢᠶᠠᠷᠤᠯᠲᠠ᠎ᠶ᠋ᠢᠨ ᠲᠤᠷᠱᠢᠨ ᠬᠡᠷᠡᠭ᠌ᠵᠢᠭᠦᠯᠬᠦ᠌ ᠠᠷᠭ᠎ᠠ 》᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ
ᠨᠡᠶ᠋ᠢᠲᠡᠯᠡᠭᠰᠡᠨ ᠴᠠᠭ᠄ 2026-01-13

  ᠡᠷᠬᠡ ᠲᠡᠭ᠌ᠰᠢ ᠨᠢᠭᠡᠳᠦᠯᠲᠡᠶ ᠡᠭᠦᠳᠡᠨ ᠡᠮᠨᠡᠯᠭᠡ᠎ᠶ᠋ᠢᠨ ᠤᠳᠠᠭ᠋ᠠᠨ ᠴᠢᠨᠠᠷᠲᠠᠢ ᠣᠨᠴᠠ ᠡᠪᠡᠳᠴᠢᠨ᠎ᠤ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠤᠯᠠᠮ ᠨᠢᠭᠡ ᠠᠯᠬᠤᠮ ᠪᠠᠢᠭᠤᠯᠬᠤ᠎ᠶ᠋ᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠪᠥᠬᠦ᠌ ᠣᠷᠣᠨ᠎ᠤ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠤ ᠠᠵᠢᠯᠯᠠᠭᠠᠨ᠎ᠤ ᠪᠠᠢᠳᠠᠯ᠎ᠲᠠᠢ ᠤᠶᠠᠯᠳᠤᠭᠤᠯᠤᠨ᠂ 《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠤ ᠬᠠᠮᠢᠶᠠᠷᠤᠯᠲᠠ᠎ᠶ᠋ᠢᠨ ᠲᠤᠷᠱᠢᠨ ᠬᠡᠷᠡᠭ᠌ᠵᠢᠭᠦᠯᠬᠦ᠌ ᠠᠷᠭ᠎ᠠ 》 ( ᠳᠣᠷᠣᠭ᠍ᠰᠢ 《 ᠠᠷᠭ᠎ᠠ 》 ᠭᠡᠵᠦ᠍ ᠲᠣᠪᠴᠢᠯᠠᠨ᠎ᠠ )᠎ᠶ᠋ᠢ ᠲᠣᠭ᠍ᠲᠠᠭᠠᠵᠤ᠂ ᠡᠳᠦᠭᠡ ᠳᠠᠷᠠᠭ᠋ᠠᠬᠢ ᠮᠡᠲᠦ ᠲᠠᠢᠯᠤᠮᠵᠢ ᠬᠢᠪᠠ᠃ 

  ᠨᠢᠭᠡ᠂ 《 ᠠᠷᠭ᠎ᠠ 》᠎ᠶ᠋ᠢ ᠨᠡᠢᠲᠡᠯᠡᠭ᠌ᠰᠡᠨ ᠠᠬᠤᠶ ᠪᠠᠢᠳᠠᠯ

  ᠣᠳᠣᠬᠠᠨ᠎ᠳᠤ᠂ ᠮᠠᠨ᠎ᠤ ᠣᠷᠣᠨ ᠠᠢᠮᠠᠭ ᠬᠤᠲᠠ᠎ᠶ᠋ᠢᠨ ᠱᠠᠲᠤᠨ᠎ᠳᠤ ᠨᠢᠭᠡᠳᠦᠯᠲᠡᠶ ᠲᠥᠯᠥᠪᠯᠡᠬᠦ᠌᠎ᠶ᠋ᠢ ᠬᠡᠷᠡᠭ᠌ᠵᠢᠭᠦᠯᠵᠦ᠍᠂ ᠡᠯ᠎ᠡ ᠭᠠᠵᠠᠷ᠎ᠤᠨ᠎ᠬᠢᠨ ᠰᠠᠭᠤᠷᠢ ᠮᠥᠩᠭᠦ᠎ᠶ᠋ᠢᠨ 《 ᠣᠷᠣᠯᠭ᠎ᠠ᠎ᠪᠠᠷ ᠵᠠᠷᠤᠯᠭ᠎ᠠ᠎ᠶ᠋ᠢ ᠲᠣᠭ᠍ᠲᠠᠭᠠᠬᠤ᠂ ᠣᠷᠣᠯᠭ᠎ᠠ ᠵᠠᠷᠤᠯᠭ᠎ᠠ᠎ᠶ᠋ᠢ ᠲᠡᠩᠴᠡᠭᠦᠷᠢᠲᠡᠶ ᠪᠠᠢᠯᠭᠠᠬᠤ᠂ ᠪᠠᠭ᠎ᠠ ᠦᠯᠡᠳᠡᠪᠦᠷᠢ᠎ᠲᠠᠢ ᠪᠠᠢᠬᠤ 》 ᠵᠠᠷᠴᠢᠮ ᠶᠣᠰᠣᠭᠠᠷ᠂ ᠲᠣᠰ ᠭᠠᠵᠠᠷ ᠣᠷᠣᠨ᠎ᠤ ᠤᠳᠠᠭᠠᠨ ᠴᠢᠨᠠᠷᠲᠠᠶ ᠣᠨᠴᠠᠭᠠᠶ ᠡᠪᠡᠳᠴᠢᠨ᠎ᠤ ᠲᠥᠷᠥᠯ᠎ᠤᠨ ᠨᠡᠷᠡᠢᠳᠦᠯ᠂ ᠬᠦᠷᠢᠶ᠎ᠡ ᠬᠡᠪᠴᠢᠶ᠎ᠡ᠂ ᠡᠮᠴᠢᠯᠡᠭᠡᠨ᠎ᠤ ᠳᠠᠭᠠᠳᠭᠠᠯ᠎ᠤᠨ ᠡᠬᠢᠯᠡᠵᠦ᠍ ᠥᠭ᠌ᠬᠦ ᠪᠠᠷᠢᠮᠵᠢᠶ᠎ᠠ᠂ ᠲᠠᠩᠰᠠ ᠲᠠᠢᠯᠬᠤ ᠬᠠᠷᠢᠴᠠᠯ ᠪᠠ ᠳᠡᠭᠡᠳᠦ ᠬᠢᠵᠠᠭᠠᠷ᠎ᠢ ᠲᠣᠭ᠍ᠲᠠᠭᠠᠬᠤ᠂ ᠮᠠᠭᠠᠳᠯᠠᠨ ᠲᠣᠭ᠍ᠲᠠᠭᠠᠬᠤ ᠬᠠᠮᠢᠶᠠᠷᠤᠯᠲᠠ᠂ ᠭᠠᠷᠲᠠᠨ ᠭᠦᠢᠴᠡᠳᠭᠡᠬᠦ᠌ ᠦᠢᠯᠡᠴᠢᠯᠡᠭᠡ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠪᠠ᠃ ᠡᠯ᠎ᠡ ᠭᠠᠵᠠᠷ᠎ᠤᠨ ᠠᠵᠤ ᠠᠬᠤᠢ᠎ᠶ᠋ᠢᠨ ᠬᠥᠭ᠌ᠵᠢᠯᠲᠡ᠂ ᠬᠥᠮᠥᠨ ᠠᠮᠠ᠎ᠶ᠋ᠢᠨ ᠪᠦᠲᠦᠴᠡ᠂ ᠨᠠᠰᠤᠵᠢᠯᠲᠠ᠎ᠶ᠋ᠢᠨ ᠬᠡᠮᠵᠢᠶ᠎ᠡ᠂ ᠡᠮᠴᠢᠯᠡᠭᠡᠨ᠎ᠦ ᠬᠡᠷᠡᠭ᠌ᠯᠡᠭᠡ᠂ ᠡᠪᠡᠳᠴᠢᠨ ᠡᠮᠬᠡᠭ᠌᠎ᠦᠨ ᠵᠢᠭ᠍ᠰᠠᠯ ᠵᠡᠷᠭᠡ ᠠᠳᠠᠯᠢ ᠪᠣᠰᠤ ᠪᠠᠢᠳᠠᠯ᠎ᠠᠴᠠ ᠪᠣᠯᠵᠤ᠂ ᠬᠣᠲᠠ ᠪᠠᠯᠭᠠᠰᠤᠵᠢᠯᠲᠠ ᠪᠠ ᠬᠥᠮᠥᠨ ᠠᠮᠠ᠎ᠶ᠋ᠢᠨ ᠨᠡᠭᠦᠳᠡᠯ ᠵᠡᠷᠭᠡ ᠲᠠᠯ᠎ᠠ᠎ᠪᠠᠷ ᠤᠳᠠᠭᠠᠨ ᠴᠢᠨᠠᠷᠲᠠᠢ ᠣᠨᠴᠠ ᠡᠪᠡᠳᠴᠢᠨ᠎ᠦ ᠡᠮᠴᠢᠯᠡᠭᠡᠨ᠎ᠦ ᠪᠠᠲᠤᠯᠠᠭ᠎ᠠ᠎ᠨᠢ ᠭᠠᠵᠠᠷ ᠣᠷᠤᠨ᠎ᠤ ᠬᠣᠭᠤᠷᠤᠨᠳᠤᠬᠢ ᠵᠥᠷᠢᠶ᠎ᠡ ᠶᠡᠬᠡ᠂ ᠲᠡᠩᠴᠡᠭᠦᠷᠢᠲᠦ ᠴᠢᠨᠠᠷ ᠪᠠ ᠬᠦᠷᠦᠯᠴᠡᠭᠦᠢᠴᠡ ᠴᠢᠨᠠᠷ ᠨᠢ ᠬᠦᠷᠦᠯᠴᠡᠬᠦ᠌ ᠦᠭᠡᠢ ᠪᠠᠢᠬᠤ ᠵᠡᠷᠭᠡ ᠠᠰᠠᠭᠤᠳᠠᠯ ᠢᠳᠡᠭ ᠢᠳᠡᠭ᠎ᠢᠶᠡᠷ ᠢᠯᠡᠷᠡᠵᠦ ᠪᠤᠢ᠃ ᠡᠷᠬᠡ ᠲᠡᠭ᠌ᠰᠢ᠂ ᠨᠢᠭᠡᠳᠦᠯᠲᠡᠶ᠂ ᠲᠣᠬᠢᠷᠠᠮᠵᠢᠲᠠᠶ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠦ ᠪᠠᠲᠤᠯᠠᠭ᠎ᠠ᠎ᠶ᠋ᠢᠨ ᠳᠦᠷᠢᠮ ᠪᠠᠢᠭᠤᠯᠬᠤ᠎ᠶ᠋ᠢ ᠲᠦᠯᠬᠢᠨ ᠠᠬᠢᠭᠤᠯᠬᠤ᠎ᠶ᠋ᠢᠨ ᠲᠤᠰᠠᠳᠠ᠂ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠲᠡᠨ᠎ᠦ ᠡᠭᠦᠳᠡᠨ ᠡᠮᠨᠡᠯᠭᠡ᠎ᠶ᠋ᠢᠨ ᠡᠮᠴᠢᠯᠡᠭᠡᠨ᠎ᠦ ᠵᠠᠷᠤᠳᠠᠯ᠎ᠤᠨ ᠳᠠᠷᠤᠭᠠᠰᠤ᠎ᠶ᠋ᠢ ᠬᠥᠩᠭᠡᠷᠡᠭᠦᠯᠵᠦ᠍᠂ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠮᠤᠵᠢ᠎ᠶ᠋ᠢᠨ ᠱᠠᠲᠤᠨ᠎ᠤ ᠨᠢᠭᠡᠳᠦᠯᠲᠡᠶ ᠲᠥᠯᠥᠪᠯᠡᠬᠦ᠌ ᠠᠵᠢᠯ᠎ᠤᠨ ᠲᠣᠬᠢᠷᠠᠭᠤᠯᠤᠯᠲᠠ ᠶᠣᠰᠣᠭᠠᠷ᠂ ᠲᠤᠰ 《 ᠠᠷᠭ᠎ᠠ 》᠎ᠶ᠋ᠢ ᠰᠤᠳᠤᠯᠤᠨ ᠲᠣᠭᠲᠠᠭ᠋ᠠᠪᠠ᠃

  ᠬᠤᠶᠠᠷ᠂ 《 ᠠᠷᠭ᠎ᠠ 》᠎ᠶ᠋ᠢᠨ ᠶᠡᠷᠦᠩᠬᠡᠶ ᠰᠡᠳᠭᠢᠮᠵᠢ

  《 ᠠᠷᠭ᠎ᠠ 》᠎ᠨᠢ ᠴᠢᠳᠠᠯ᠎ᠢᠶᠠᠷ᠎ᠢᠶᠠᠨ ᠴᠢᠷᠮᠠᠢ᠌ᠬᠤ᠂ ᠴᠢᠳᠠᠯ᠎ᠤᠨ᠎ᠢᠶᠠᠨ ᠬᠢᠷᠢ᠎ᠪᠠᠷ ᠬᠢᠬᠦ᠂ ᠣᠳᠣᠬᠢ ᠪᠠᠢᠳᠠᠯ᠎ᠳᠤ ᠰᠠᠭᠤᠷᠢᠯᠠᠬᠤ᠂ ᠵᠢᠷᠤᠮᠵᠢᠭᠤᠯᠤᠨ ᠨᠢᠭᠡᠳᠭᠡᠬᠦ᠂ ᠬᠥᠳᠡᠯᠦᠩᠭᠦᠶ᠎ᠪᠠᠷ ᠳᠣᠭᠢᠷᠠᠭᠤᠯᠬᠤ᠂ ᠬᠠᠮᠢᠶᠠᠷᠤᠯᠲᠠ᠎ᠶ᠋ᠢ ᠴᠢᠩᠭᠠᠳᠭᠠᠬᠤ ᠵᠠᠷᠴᠢᠮ ᠶᠣᠰᠣᠭᠠᠷ᠂ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠤ ᠡᠪᠡᠳᠴᠢᠨ᠎ᠤ ᠲᠥᠷᠥᠯ᠎ᠤᠨ ᠭᠠᠷᠴᠠᠭ᠂ ᠮᠠᠭᠠᠳᠯᠠᠨ ᠲᠣᠭ᠍ᠲᠠᠭᠠᠬᠤ ᠪᠠᠷᠢᠮᠵᠢᠶ᠎ᠠ᠂ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠂ ᠥᠭᠬᠦ ᠲᠣᠭ᠍ᠲᠠᠴᠠ᠂ ᠭᠠᠷᠲᠠᠨ ᠭᠦᠢᠴᠡᠳᠭᠡᠬᠦ᠌ ᠦᠢᠯᠡᠴᠢᠯᠡᠭᠡ᠂ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ ᠵᠡᠷᠭᠡ ᠠᠭᠤᠯᠭ᠎ᠠ᠎ᠶ᠋ᠢ ᠨᠢᠭᠡᠳᠦᠯᠲᠡᠶ ᠪᠣᠯᠭᠠᠵᠤ᠂ ᠵᠢᠷᠤᠮᠵᠢᠭᠤᠯᠤᠨ ᠬᠠᠮᠢᠶᠠᠷᠬᠤ᠎ᠪᠠᠷ ᠳᠠᠮᠵᠢᠨ᠂ ᠵᠦᠶ ᠵᠣᠬᠢᠰᠲᠠᠶ ᠣᠨᠣᠱᠢᠯᠠᠨ ᠡᠮᠨᠡᠬᠦ᠌᠎ᠶ᠋ᠢ ᠬᠥᠲᠥᠯᠦᠨ ᠵᠢᠯᠣᠭᠤᠳᠴᠤ᠌᠂ ᠰᠠᠭᠤᠷᠢ ᠮᠥᠩᠭᠦ᠎ᠶ᠋ᠢᠨ ᠪᠦᠷᠢᠯᠭᠡᠨ ᠰᠦᠢᠳᠭᠡᠬᠦ᠌᠎ᠶ᠋ᠢ ᠰᠡᠷᠭᠡᠢᠯᠡᠨ᠂ ᠬᠢᠵᠠᠭᠠᠷ᠎ᠲᠠᠢ ᠡᠮᠴᠢᠯᠡᠭᠡᠨ᠎ᠤ ᠳᠠᠭᠠᠳᠭᠠᠯ᠎ᠤᠨ ᠪᠠᠯᠠ ᠮᠥᠩᠭᠦ᠎ᠶ᠋ᠢ ᠣᠷᠳᠣ ᠬᠤᠭᠤᠴᠠᠭ᠎ᠠ᠎ᠪᠠᠷ ᠡᠮᠨᠡᠨ ᠵᠠᠰᠠᠬᠤ ᠴᠢᠬᠤᠯᠠᠲᠠᠶ ᠬᠢᠵᠠᠭᠠᠷ᠎ᠲᠠᠢ ᠡᠪᠡᠳᠴᠢᠲᠡᠨ᠎ᠤ ᠣᠯᠠᠨ ᠨᠡᠢ᠌ᠲᠡ᠎ᠳᠦ ᠨᠠᠩ ᠣᠨᠣᠪᠴᠢᠲᠠᠶ ᠬᠡᠷᠡᠭᠯᠡᠨ᠎ᠡ᠃

  ᠭᠤᠷᠪᠠ᠂ 《 ᠠᠷᠭ᠎ᠠ 》᠎ᠶ᠋ᠢᠨ ᠭᠤᠣᠯ ᠠᠭᠤᠯᠭ᠎ᠠ

  ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ ᠭᠡᠳᠡᠭ ᠪᠣᠯ ᠮᠠᠭᠠᠳᠯᠠᠨ  ᠲᠣᠭᠲᠠᠭ᠋ᠠᠯᠲᠠ᠂ ᠳᠠᠩᠰᠠᠯᠠᠯᠲᠠ᠎ᠶ᠋ᠢ ᠥᠩᠭᠡᠷᠡᠭᠡᠵᠦ᠍᠂ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠦ ᠳᠠᠭᠠᠳᠭᠠᠯ ᠪᠤᠶᠤ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠠᠴᠠ ᠲᠣᠭ᠍ᠲᠠᠭᠠᠯ ᠶᠣᠰᠣᠭᠠᠷ ᠥᠭ᠌ᠴᠦ᠂ ᠣᠷᠳᠣ ᠬᠤᠭᠤᠴᠠᠭ᠎ᠠ᠎ᠪᠠᠷ ᠡᠭᠦᠳᠡᠨ ᠡᠮᠨᠡᠯᠭᠡ᠎ᠳᠤ ᠡᠮᠨᠡᠭᠦᠯᠬᠦ᠌᠎ᠳᠤ ᠳᠣᠭᠢᠷᠠᠬᠤ ᠡᠪᠡᠳᠴᠢᠨ ᠡᠮᠭᠡᠭ᠎ᠢ ᠵᠢᠭᠠᠵᠤ ᠪᠣᠶ᠃ 《 ᠠᠷᠭ᠎ᠠ 》᠎ᠨᠢ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠠᠬᠢ ᠠᠵᠢᠯᠲᠠᠨ ᠠᠵᠢᠯᠴᠢᠨ᠎ᠤ ᠡᠮᠴᠢᠯᠡᠭᠡᠨ᠎ᠦ ᠳᠠᠭᠠᠳᠭᠠᠯ ᠪᠠ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠳᠤ ᠣᠷᠣᠯᠴᠠᠭ᠍ᠰᠠᠳ᠎ᠲᠤ ᠬᠡᠷᠡᠭ᠌ᠯᠡᠭ᠌ᠳᠡᠨ᠎ᠡ᠃

01 ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠤ ᠲᠥᠷᠥᠯ᠎ᠤᠨ ᠭᠠᠷᠴᠠᠭ

  ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠦ ᠲᠥᠷᠥᠯ᠎ᠦᠨ ᠬᠡᠪᠴᠢᠶᠡᠨ᠎ᠳᠦ ᠪᠦᠬᠦ᠌ ᠣᠷᠣᠨ᠎ᠤ ᠨᠢᠭᠡᠳᠦᠯᠲᠡᠶ ᠡᠪᠡᠳᠴᠢᠨ᠎ᠦ ᠵᠦᠢᠯ ᠪᠣᠯᠤᠨ ᠱᠢᠯᠵᠢᠯᠲᠡ᠎ᠶ᠋ᠢᠨ ᠬᠤᠭᠤᠴᠠᠭᠠᠨ᠎ᠤ ᠡᠪᠡᠳᠴᠢᠨ᠎ᠦ ᠬᠣᠶᠠᠷ ᠲᠥᠷᠥᠯ ᠪᠠᠭ᠍ᠲᠠᠨ᠎ᠠ᠃ ᠡᠪᠡᠳᠴᠢᠨ᠎ᠦ ᠲᠥᠷᠥᠯ᠎ᠦᠨ ᠬᠠᠮᠤᠷᠬᠤ ᠬᠡᠪᠴᠢᠶ᠎ᠡ ᠨᠢ ᠨᠡᠯᠢᠶᠡᠳ ᠥᠷᠭᠡᠨ᠂ ᠬᠠᠷᠠᠭ᠋ᠠᠯᠵᠠᠯ ᠬᠦᠷᠲᠡᠬᠦ᠌ ᠬᠥᠮᠦᠨ᠎ᠦ ᠲᠣᠭ᠎ᠠ᠎ᠪᠠᠷ ᠣᠯᠠᠨ᠂ ᠡᠮᠴᠢᠯᠡᠭᠡᠨ᠎ᠦ ᠵᠠᠷᠤᠳᠠᠯ ᠨᠢ ᠨᠡᠯᠢᠶᠡᠳ ᠥᠨᠳᠥᠷ ᠪᠠᠢᠬᠤ ᠡᠮᠨᠡᠨ ᠵᠠᠰᠠᠬᠤ ᠡᠪᠡᠳᠴᠢᠨ᠎ᠦ ᠲᠥᠷᠥᠯ᠎ᠢ ᠪᠦᠬᠦ᠌ ᠣᠷᠣᠨ᠎ᠳᠤ ᠨᠢᠭᠡᠳᠦᠯᠲᠡᠶ ᠬᠡᠷᠡᠭ᠌ᠵᠢᠭᠦᠯᠦᠨ᠎ᠡ᠃ ᠬᠣᠣᠷᠲᠤ ᠬᠠᠪᠤᠳᠠᠷ᠎ᠢ ᠡᠮᠴᠢᠯᠡᠬᠦ᠂ ᠱᠢᠭᠡᠰᠦᠨ᠎ᠦ ᠬᠣᠣᠷᠳᠠᠯ᠂ ᠡᠷᠬᠡᠲᠡᠨ ᠱᠢᠯᠵᠢᠭᠦᠯᠬᠦ᠌ ᠵᠠᠰᠠᠯ᠎ᠤᠨ ᠳᠠᠷᠠᠭ᠎ᠠ ᠭᠠᠳᠠᠭᠰᠢᠯᠠᠭᠤᠯᠬᠤ᠎ᠶ᠋ᠢ ᠡᠰᠡᠷᠭᠦᠴᠡᠬᠦ᠌ ᠡᠮᠴᠢᠯᠡᠭᠡᠨ᠂ ᠬᠦᠨᠳᠦ ᠣᠶᠤᠨ ᠮᠡᠳᠡᠷᠡᠯ᠎ᠦᠨ ᠡᠪᠡᠳᠴᠢᠨ᠂ ᠴᠢᠰᠤ ᠭᠣᠭᠣᠵᠢᠮᠠᠲᠠᠭ᠋ᠠᠢ ᠡᠪᠡᠳᠴᠢᠨ ᠵᠡᠷᠭᠡ 10 ᠲᠥᠷᠥᠯ᠎ᠦᠨ ᠡᠪᠡᠳᠴᠢᠨ᠎ᠢ ᠪᠠᠭ᠍ᠲᠠᠭᠠᠨ᠎ᠠ᠃ ᠪᠥᠬᠦ᠌ ᠣᠷᠣᠨ᠎ᠳᠤ ᠡᠪᠡᠳᠴᠢᠨ᠎ᠤ ᠲᠥᠷᠥᠯ᠎ᠢ ᠨᠢᠭᠡᠳᠦᠯᠲᠡᠶ ᠪᠣᠯᠭᠠᠬᠤ᠎ᠠᠴᠠ ᠭᠠᠳᠠᠨ᠎ᠠ᠂ ᠱᠢᠯᠵᠢᠯᠲᠡ᠎ᠶ᠋ᠢᠨ ᠬᠤᠭᠤᠴᠠᠭᠠᠨ᠎ᠤ ᠡᠪᠡᠳᠴᠢᠨ᠎ᠤ ᠲᠥᠷᠥᠯ 25 ᠲᠥᠷᠥᠯ ( ᠡᠭᠦᠨ᠎ᠳᠤ ᠠᠵᠢᠯᠲᠠᠨ ᠠᠵᠢᠯᠴᠢᠨ᠎ᠤ 15 ᠲᠥᠷᠥᠯ᠂ ᠰᠠᠭᠤᠭᠠᠯᠢ ᠠᠷᠠᠳ᠎ᠤᠨ 23 ᠲᠥᠷᠥᠯ ᠪᠣᠶ )᠎ᠢ ᠳᠣᠭᠢᠷᠠᠭᠤᠯᠵᠤ᠂ ᠠᠢᠮᠠᠭ ᠬᠤᠲᠠ᠎ᠨᠤᠭᠤᠳ ᠱᠢᠯᠵᠢᠯᠲᠡ᠎ᠶ᠋ᠢᠨ ᠬᠤᠭᠤᠴᠠᠭᠠᠨ᠎ᠤ ᠡᠪᠡᠳᠴᠢᠨ᠎ᠤ ᠲᠥᠷᠥᠯ᠎ᠤᠨ ᠬᠡᠪᠴᠢᠶᠡᠨ ᠳᠣᠲᠣᠷ᠎ᠠ ᠥᠪᠡᠰᠦᠪᠡᠨ ᠲᠣᠭ᠍ᠲᠠᠭᠠᠵᠤ ᠪᠣᠯᠤᠨ᠎ᠠ᠃ ᠲᠣᠰ ᠤᠳᠠᠭᠠᠨ᠎ᠤ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠤ ᠲᠥᠷᠥᠯ᠎ᠤᠨ ᠭᠠᠷᠴᠠᠭ᠎ᠲᠤ ᠪᠠᠢᠬᠤ ᠥᠬᠡᠶ ᠪᠠᠢᠪᠠᠯ᠂ ᠡᠯ᠎ᠡ ᠭᠠᠵᠠᠷ᠎ᠤᠨ᠎ᠬᠢᠨ 《 ᠨᠠᠰᠤᠲᠠᠨ᠎ᠳᠦ ᠬᠠᠭᠤᠴᠢᠨ ᠠᠷᠭ᠎ᠠ 》᠎ᠶ᠋ᠢᠨ ᠶᠣᠰᠣᠭᠠᠷ ᠨᠢᠭᠡᠨᠲᠡ ᠮᠠᠭᠠᠳᠯᠠᠨ ᠲᠣᠭ᠍ᠲᠠᠭᠠᠭ᠍ᠰᠠᠨ ᠡᠪᠡᠳᠴᠢᠲᠡᠨ᠎ᠤ ᠬᠠᠷᠠᠭ᠋ᠠᠯᠵᠠᠯ᠎ᠢ ᠦᠯᠡᠳᠡᠭᠡᠵᠦ᠍ ᠥᠭ᠌ᠬᠦ ᠬᠡᠷᠡᠭ᠌ᠲᠡᠶ᠃

  02 ᠡᠭᠦᠳᠡᠨ ᠡᠮᠨᠡᠯᠭᠡ᠎ᠶᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠦ᠌ ᠬᠠᠷᠠᠭᠠᠯᠵᠠᠯ᠎ᠤ᠋ᠨ ᠪᠠᠲᠤᠯᠠᠭ᠎ᠠ

  ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠨᠢ ᠪᠥᠬᠦ᠌ ᠣᠷᠣᠨ᠎ᠤ ᠡᠯ᠎ᠡ ᠭᠠᠵᠠᠷ᠎ᠤᠨ ᠤᠤᠯ᠎ᠤᠨ ᠬᠠᠷᠠᠭ᠋ᠠᠯᠵᠠᠯ ᠥᠭ᠌ᠬᠦ ᠪᠠᠷᠢᠮᠵᠢᠶ᠎ᠠ ᠪᠠ ᠰᠠᠭᠤᠷᠢ ᠮᠥᠩᠭᠦ᠎ᠶ᠋ᠢᠨ ᠵᠠᠷᠤᠯᠭ᠎ᠠ᠎ᠶ᠋ᠢᠨ ᠪᠠᠢᠳᠠᠯ᠎ᠢ ᠶᠡᠷᠦᠩᠬᠡᠢᠯᠡᠵᠦ᠍᠂ ᠰᠠᠭᠤᠷᠢ ᠮᠥᠩᠭᠦ᠎ᠶ᠋ᠢᠨ ᠳᠠᠭᠠᠭᠠᠬᠤ ᠴᠢᠳᠠᠪᠤᠷᠢ᠎ᠶ᠋ᠢ ᠭᠦᠢᠴᠡᠳ ᠪᠣᠳᠣᠯᠬᠢᠯᠠᠨ᠂ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠢ ᠨᠢᠭᠡᠳᠦᠯᠲᠡᠶ ᠲᠥᠯᠥᠪᠯᠡᠬᠦ᠌ ᠰᠠᠭᠤᠷᠢ ᠮᠥᠩᠭᠦ᠎ᠶ᠋ᠢᠨ ᠡᠬᠢᠯᠡᠵᠦ᠍ ᠥᠭ᠌ᠬᠦ ᠪᠠᠷᠢᠮᠵᠢᠶ᠎ᠠ᠂ ᠥᠭ᠌ᠬᠦ ᠬᠠᠷᠢᠴᠠᠯ ᠪᠠ ᠳᠠᠩ ᠡᠪᠡᠳᠴᠢᠨ᠎ᠤ ᠲᠥᠷᠥᠯ᠎ᠤᠨ ᠣᠨ᠎ᠤ ᠬᠠᠮᠤᠭ᠎ᠤᠨ ᠥᠨᠳᠥᠷ ᠥᠭ᠌ᠬᠦ ᠬᠢᠵᠠᠭᠠᠷ ᠲᠤᠭ᠎ᠠ᠎ᠶ᠋ᠢ ᠵᠦᠢ ᠵᠣᠬᠢᠰᠲᠠᠶ ᠲᠣᠬᠢᠷᠠᠭᠤᠯᠬᠤ᠎ᠶ᠋ᠢᠨ ᠬᠠᠮᠲᠤ᠌᠂ ᠠᠵᠢᠯᠯᠠᠭᠠᠨ᠎ᠤ ᠪᠠᠢᠳᠠᠯ ᠵᠢᠴᠢ ᠡᠯ᠎ᠡ ᠭᠠᠵᠠᠷ᠎ᠤᠨ ᠭᠤᠶᠤᠴᠢᠯᠠᠯ ᠶᠣᠰᠣᠭᠠᠷ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠨ᠎ᠠ᠃

  03 ᠡᠭᠦᠳᠡᠨ ᠡᠮᠨᠡᠯᠭᠡ᠎ᠶᠢᠨ ᠤᠳᠠᠭᠠᠨ ᠴᠢᠨᠠᠷᠲᠠᠢ ᠣᠨᠴᠠ ᠡᠪᠡᠳᠴᠢᠨ᠎ᠢ᠋ ᠮᠠᠭᠠᠳᠯᠠᠨ ᠳᠠᠩᠰᠠᠯᠠᠬᠤ ᠬᠠᠮᠢᠶᠠᠷᠤᠯᠲᠠ

  ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ ᠡᠯ᠎ᠡ ᠡᠮᠴᠢᠯᠡᠭᠡᠨ᠎ᠦ ᠬᠦᠷᠢᠶ᠎ᠡ ᠴᠠᠷᠠᠭ᠎ᠠ᠎ᠶ᠋ᠢᠨ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠤᠨ ᠨᠤᠲᠠᠯᠠᠭᠤᠯᠵᠤ᠂《 ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠦ ᠲᠥᠷᠥᠯ᠎ᠢ ᠮᠠᠭᠠᠳᠯᠠᠨ ᠲᠣᠭ᠍ᠲᠠᠭᠠᠬᠤ ᠪᠠᠷᠢᠮᠵᠢᠶ᠎ᠠ 》 ᠪᠠ ᠳᠠᠬᠢᠨ ᠬᠢᠨᠠᠬᠤ ᠵᠢᠯ ᠬᠤᠭᠤᠴᠠᠭ᠎ᠠ᠎ᠶ᠋ᠢ ᠪᠣᠶ ᠪᠣᠯᠭᠠᠬᠤ ᠬᠡᠷᠡᠭ᠌ᠲᠡᠶ᠃ ᠡᠯ᠎ᠡ ᠭᠠᠵᠠᠷ᠎ᠤᠳ ᠪᠠᠢᠷᠢᠱᠢᠭᠤᠯᠤᠯ ᠨᠢ ᠲᠡᠩᠴᠡᠭᠦᠷᠢᠲᠡᠶ ᠪᠠᠢᠬᠤ᠂ ᠶᠡᠷᠦᠩᠬᠡᠶ ᠬᠡᠮᠵᠢᠶ᠎ᠡ᠎ᠶ᠋ᠢ ᠡᠵᠡᠮᠳᠡᠬᠦ᠌᠂ ᠬᠢᠷᠢ ᠴᠢᠳᠠᠮᠵᠢ ᠨᠢ ᠵᠣᠬᠢᠴᠠᠭᠤᠯᠬᠤ᠂ ᠰᠠᠢᠨ ᠳᠤᠷ᠎ᠠ᠎ᠠᠴᠠ᠎ᠪᠠᠨ ᠭᠤᠶᠤᠴᠢᠯᠠᠬᠤ᠂ ᠪᠣᠭᠣᠮᠲᠠ᠎ᠶ᠋ᠢ ᠴᠢᠩᠭ᠎ᠠ ᠠᠳᠭᠤᠬᠤ᠂ ᠬᠡᠨ ᠮᠠᠭᠠᠳᠯᠠᠨ ᠲᠣᠭ᠍ᠲᠠᠭᠠᠪᠠᠯ ᠲᠡᠷᠡ ᠬᠠᠷᠢᠭᠤᠴᠠᠬᠤ ᠵᠠᠷᠴᠢᠮ ᠶᠣᠰᠣᠭᠠᠷ᠂ ᠨᠥᠬᠥᠴᠡᠯ᠎ᠳᠦ ᠨᠡᠢᠴᠡᠭ᠌ᠰᠡᠨ ᠬᠣᠶᠠᠳᠤᠭᠠᠷ ᠳᠡᠰ ᠵᠢᠴᠢ ᠲᠡᠭᠦᠨ᠎ᠡᠴᠡ ᠳᠡᠭᠡᠭ᠌ᠰᠢᠬᠢ ᠠᠯᠪᠠᠨ᠎ᠠᠴᠠ ᠪᠠᠢᠭᠤᠯᠤᠭ᠍ᠰᠠᠨ ᠴᠡᠭ ᠲᠣᠭᠲᠠᠭ᠋ᠠᠭᠰᠠᠨ ᠡᠮᠴᠢᠯᠡᠭᠡᠨ᠎ᠦ ᠪᠠᠢᠭᠤᠯᠤᠮᠵᠢ᠎ᠳᠤ ᠨᠠᠢᠳᠠᠵᠤ ᠦᠨᠡᠮᠱᠢᠭᠦᠯᠬᠦ᠌ ᠠᠵᠢᠯ ᠥᠷᠨᠢᠭᠦᠯᠬᠦ᠌ ᠬᠡᠷᠡᠭ᠌ᠲᠡᠶ᠃ ᠳᠠᠭᠠᠳᠭᠠᠯ᠎ᠳᠤ ᠣᠷᠣᠯᠴᠠᠭ᠍ᠴᠢ ᠰᠠᠢᠨ ᠳᠤᠷ᠎ᠠ᠎ᠠᠴᠠ᠎ᠪᠠᠨ ᠬᠢᠷᠢ ᠴᠢᠳᠠᠮᠵᠢ᠎ᠲᠠᠶ ᠦᠨᠡᠮᠱᠢᠬᠦ᠌ ᠪᠠᠢᠭᠤᠯᠤᠮᠵᠢ᠎ᠳᠤ ᠦᠨᠡᠮᠱᠢᠭᠦᠯᠬᠦ᠌ ᠭᠤᠶᠤᠴᠢᠯᠠᠯ᠎ᠢᠶᠠᠨ ᠳᠤᠷᠠᠳᠭᠤ᠎ᠶ᠋ᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ᠎ᠢᠶᠠᠨ ᠬᠠᠩᠭᠠᠬᠤ ᠬᠡᠷᠡᠭ᠌ᠲᠡᠶ᠃ ᠦᠨᠡᠮᠱᠢᠬᠦ᠌ ᠨᠥᠬᠥᠴᠡᠯ᠎ᠳᠦ ᠨᠡᠢᠴᠡᠬᠦ᠌᠎ᠳᠦ ᠨᠢ ᠦᠨᠡᠮᠱᠢᠭ᠌ᠰᠡᠨ ᠡᠮᠴᠢ ᠦᠨᠡᠮᠱᠢᠭ᠌ᠰᠡᠨ ᠬᠦᠰᠦᠨᠦᠭ᠌ᠲᠦ᠍᠎ᠶ᠋ᠢ ᠲᠠᠭᠯᠠᠵᠤ ᠲᠠᠮᠠᠭ᠎ᠠ ᠳᠠᠷᠤᠬᠤ᠎ᠶ᠋ᠢᠨ ᠬᠠᠮᠲᠤ ᠨᠤᠲᠠᠯᠠᠭ᠍ᠰᠠᠨ ᠡᠳᠦᠷ᠎ᠡᠴᠡ ᠨᠢ ᠡᠬᠢᠯᠡᠨ ᠬᠠᠷᠠᠭ᠋ᠠᠯᠵᠠᠯ ᠬᠦᠷᠲᠡᠨ᠎ᠡ᠃

  04 ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ ᠦᠵᠡᠭᠦᠯᠬᠦ᠌ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ

  ᠤᠳᠠᠭᠠᠨ ᠴᠢᠨᠠᠷᠲᠠᠶ ᠣᠨᠴᠠ ᠡᠪᠡᠳᠴᠢᠨ᠎ᠤ ᠬᠠᠮᠢᠶᠠᠷᠤᠯᠲᠠ᠎ᠶ᠋ᠢᠨ ᠬᠡᠷᠡᠭ᠌ᠯᠡᠯᠲᠡ᠎ᠶ᠋ᠢ ᠲᠠᠰᠤᠷᠠᠯᠲᠠ ᠥᠬᠡᠶ ᠪᠠᠶᠠᠯᠢᠭ᠍ᠵᠢᠭᠤᠯᠵᠤ᠂ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠢ ᠲᠦᠷ ᠵᠣᠭ᠍ᠰᠣᠭᠠᠬᠤ ᠪᠠ ᠪᠤᠴᠠᠭᠠᠨ ᠭᠠᠷᠭᠠᠬᠤ ᠲᠣᠭ᠍ᠲᠠᠴᠠ᠎ᠶ᠋ᠢ ᠪᠠᠢᠭᠤᠯᠤᠨ᠎ᠠ᠃ ᠮᠠᠭᠠᠳᠯᠠᠨ ᠲᠣᠭ᠍ᠲᠠᠭᠠᠬᠤ ᠪᠠᠢᠭᠤᠯᠤᠮᠵᠢ᠎ᠶ᠋ᠢᠨ ᠣᠯᠭᠤᠮᠵᠢ᠎ᠶ᠋ᠢ ᠵᠥᠪᠱᠢᠶᠡᠷᠡᠨ ᠣᠷᠣᠭᠤᠯᠬᠤ᠎ᠶ᠋ᠢ ᠵᠢᠷᠤᠮᠵᠢᠭᠤᠯᠵᠤ᠂ ᠡᠯ᠎ᠡ ᠴᠢᠭ ᠲᠣᠭ᠍ᠲᠠᠭᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠶ᠋ᠢᠨ ᠡᠮᠴᠢᠯᠡᠭᠡᠨ᠎ᠤ ᠣᠨᠣᠱᠢᠯᠠᠨ ᠡᠮᠨᠡᠬᠦ᠌ ᠵᠢᠷᠤᠮᠵᠢᠯ᠎ᠢ ᠴᠢᠩᠭ᠎ᠠ ᠬᠡᠷᠡᠭ᠌ᠵᠢᠭᠦᠯᠬᠦ᠌᠎ᠳᠤ ᠬᠢᠨᠠᠯᠲᠠ ᠲᠠᠯᠪᠢᠵᠤ᠂ ᠲᠣᠮᠣ ᠳ᠋ᠠᠢᠲ᠋ᠠ᠎ᠶ᠋ᠢ ᠴᠠᠭ ᠲᠤᠬᠠᠶ᠎ᠳᠤ ᠨᠢ ᠬᠥᠳᠡᠯᠦᠩᠭᠦᠶ᠎ᠪᠠᠷ ᠬᠢᠨᠠᠨ ᠡᠵᠡᠮᠳᠡᠬᠦ᠌᠎ᠶ᠋ᠢ ᠴᠢᠩᠭᠠᠳᠭᠠᠨ᠂ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠡᠮᠴᠢᠯᠡᠭᠡᠨ᠎ᠤ ᠪᠠᠢᠭᠤᠯᠤᠮᠵᠢ ᠪᠠ ᠠᠵᠢᠯᠲᠠᠨ᠎ᠢ ᠬᠠᠤᠯᠢ ᠲᠣᠭ᠍ᠲᠠᠭᠠᠯ ᠶᠣᠰᠣᠭᠠᠷ ᠱᠢᠢᠳᠪᠦᠷᠢᠯᠡᠨ᠎ᠡ᠃

ᠢᠷᠡᠯᠲᠡ᠄ 《 ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ 》 ᠣᠯᠠᠨ ᠨᠡᠢᠲᠡ᠎ᠶ᠋ᠢᠨ ᠸᠢᠴᠠᠲ ᠲᠠᠪᠴᠠᠩ
          
ᠬᠠᠮᠢᠶ᠎ᠡ ᠪᠦᠬᠦᠢ ᠰᠣᠨᠢᠨ
 
            