ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ ᠨᠢ ᠠᠮᠢᠳᠤᠷᠠᠯ᠎ᠢ ᠨᠡᠩ ᠢᠯᠡᠭᠦᠦ ᠪᠠᠲᠤᠯᠠᠭ᠎ᠠ ᠲᠠᠢ ᠨᠡᠷ᠎ᠡ ᠬᠦᠨᠳᠦ ᠲᠠᠢ ᠪᠤᠯᠭ᠋ᠠᠨ᠎ᠠ
ᠨᠡᠶ᠋ᠢᠲᠡᠯᠡᠭᠰᠡᠨ ᠴᠠᠭ᠄ 2025-11-19

  ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠢ ᠬᠡᠷᠡᠭ᠌ᠵᠢᠭᠦᠯᠵᠦ᠍᠂ ᠴᠢᠳᠠᠪᠤᠷᠢ᠎ᠪᠠᠨ ᠠᠯᠳᠠᠵᠤ ᠣᠶᠤᠨ ᠤᠬᠠᠭᠠᠨ᠎ᠢᠶᠠᠨ ᠠᠯᠳᠠᠭ᠍ᠰᠠᠨ ᠨᠠᠰᠤᠲᠠᠢᠴᠤᠳ᠎ᠢ ᠬᠠᠷᠠᠭᠠᠯᠵᠠᠨ ᠠᠰᠠᠷᠠᠬᠤ ᠱᠢᠰᠲ᠋ᠧᠮ᠎ᠢ ᠪᠦᠷᠢᠨᠱᠢᠭᠦᠯᠵᠦ᠍᠂ ᠡᠷᠡᠭᠦᠯᠵᠢᠯ ᠰᠤᠪᠢᠯᠠᠯᠲᠠ᠂ ᠠᠮᠤᠷ ᠵᠢᠮᠤᠷ ᠡᠮᠨᠡᠨ ᠰᠤᠪᠢᠯᠠᠬᠤ ᠦᠢᠯᠡᠴᠢᠯᠡᠭᠡᠨ᠎ᠤ ᠬᠠᠩᠭᠠᠯᠭ᠎ᠠ᠎ᠶ᠋ᠢ ᠥᠷᠭᠡᠳᠭᠡᠨ᠎ᠡ᠃ —《ᠠᠷᠪᠠᠨ ᠲᠠᠪᠤᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠠᠴᠠ ᠠᠪᠤᠪᠠ

  ᠪᠠᠷᠠᠭᠤᠨ ᠬᠥᠯ᠎ᠢᠶᠡᠷ᠎ᠢᠶᠡᠨ ᠦᠰᠦᠨ ᠪᠢᠷ᠎ᠢᠶᠡᠨ ᠪᠣᠯᠪᠠᠰᠤᠷᠠᠩᠭᠤᠢ ᠬᠠᠪᠴᠢᠵᠤ᠂ ᠪᠡᠬᠡ᠎ᠶᠢᠨ ᠰᠢᠩᠭᠡᠨ᠎ᠳᠦ ᠳᠦᠷᠦᠵᠦ᠂ ᠴᠠᠭᠠᠰᠤᠨ ᠳᠡᠭᠡᠷ᠎ᠡ ᠥᠩᠭᠡ ᠦᠵᠡᠮᠵᠢ᠎ᠶᠢ ᠵᠢᠷᠤᠭᠠᠳ᠂ ᠮᠠᠰᠢ ᠲᠦᠷᠭᠡᠨ᠎ᠢᠶᠡᠷ ᠠᠭᠤᠯᠠ ᠤᠰᠤᠨ᠎ᠤ ᠪᠡᠬᠡᠨ ᠵᠢᠷᠤᠭ᠎ᠢ ᠵᠢᠷᠤᠴᠢᠬᠠᠳᠠᠭ᠃ ᠵᠧᠵᠢᠶᠠᠩ᠎ᠤᠨ ᠨᠢᠩᠪᠦ᠋ᠸᠧ᠎ᠶ᠋ᠢᠨ ᠬᠡᠷ᠎ᠲᠤ᠂ ᠴᠢᠳᠠᠪᠤᠷᠢ᠎ᠪᠠᠨ ᠬᠦᠨᠳᠦ ᠠᠯᠳᠠᠭ᠍ᠰᠠᠨ ᠦ᠋ ᠬᠤᠤ ᠯᠢᠶᠠᠩ ᠨᠠᠷᠢᠨ ᠬᠢᠨᠠᠮᠠᠭᠠᠶ ᠵᠣᠬᠢᠶᠠᠨ ᠪᠦᠲᠦᠭᠡᠵᠦ᠍ ᠪᠠᠢ᠌ᠯ᠎ᠠ᠃ ᠲᠦᠷᠦᠭᠦᠬᠡᠨ᠂ ᠲᠡᠷᠡ ᠨᠢᠭᠡᠨ ᠬᠤᠪᠢ ᠬᠥᠮᠦᠨ᠎ᠦ᠌ ᠵᠢᠷᠤᠭ᠎ᠤ᠋ᠨ ᠦᠵᠡᠰᠭᠦᠯᠡᠩ ᠡᠷᠬᠢᠯᠡᠵᠦ᠍᠂ 200 ᠭᠠᠷᠤᠢ ᠪᠦᠲᠦᠭᠡᠯ ᠢ᠋ ᠴᠥᠮ ᠪᠠᠷᠠᠭᠤᠨ ᠬᠥᠯ ᠢ᠋ᠶ᠋ᠡᠷ ᠢ᠋ᠶ᠋ᠡᠨ ᠪᠦᠲᠦᠭᠡᠭᠰᠡᠨ ᠨᠢ ᠬᠥᠮᠥᠰ ᠢ᠋ ᠭᠠᠢᠬᠠᠰᠢ ᠠᠯᠳᠠᠭᠤᠯᠤᠨ᠎ᠠ᠃ 

  ᠬᠡᠳᠦᠨ ᠵᠢᠯ᠎ᠦᠨ ᠡᠮᠦᠨ᠎ᠡ᠂ ᠦ᠋ ᠬᠤᠤ ᠯᠢᠶᠠᠩ ᠥᠪᠡᠷ᠎ᠢᠶᠡᠨ ᠴᠦ᠍ ᠠᠯᠢ ᠨᠢᠭᠡᠨ ᠡᠳᠦᠷ ᠵᠢᠷᠤᠭ᠎ᠤᠨ ᠦᠵᠡᠰᠬᠦᠯᠡᠩ ᠭᠠᠷᠭᠠᠨ᠎ᠠ ᠭᠡᠵᠦ ᠢᠲᠡᠭᠡᠬᠦ ᠦᠭᠡᠢ ᠪᠠᠢᠯ᠎ᠠ᠃ ᠠᠮᠵᠢᠯᠲᠠ ᠣᠯᠣᠭᠰᠠᠨ᠎ᠤ ᠠᠷᠤ᠎ᠳᠤ᠂ ᠭᠡᠷ᠎ᠦᠨ ᠬᠥᠮᠥᠰ᠎ᠦᠨ ᠬᠢᠨ ᠨᠠᠷᠢᠨ ᠨᠢᠮᠪᠠᠢ ᠬᠠᠷᠠᠭᠠᠯᠵᠠᠯ ᠠ᠋ᠴᠠ ᠭᠠᠳᠠᠨ᠎ᠠ᠂ ᠨᠠᠩ ᠴᠤ᠌ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ (ᠳᠣᠷᠣᠭ᠍ᠰᠢ 《 ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ 》 ᠭᠡᠵᠦ ᠲᠤᠪᠴᠢᠯᠠᠪᠠ) ᠠ᠋ᠴᠠ ᠪᠣᠯᠤᠭᠰᠠᠨ ᠦᠨᠳᠦᠰᠦᠨ ᠵᠦᠢᠯ ᠢ᠋ ᠪᠠᠲᠤᠯᠠᠬᠤ ᠪᠠᠲᠤᠯᠠᠭ᠎ᠠ᠎ᠲᠠᠢ ᠪᠠᠢᠳᠠᠭ ᠃ 

  ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ ᠭᠡᠵᠦ ᠶᠠᠭᠤ ᠪᠣᠶ ? ᠡᠨᠡ ᠪᠣᠯ ᠮᠠᠨ᠎ᠤ ᠤᠯᠤᠰ᠎ᠤᠨ ᠬᠥᠮᠥᠨ ᠠᠮᠠ ᠶ᠋ᠢᠨ ᠨᠠᠰᠤᠵᠢᠯᠲᠠ ᠶ᠋ᠢ ᠠᠷᠭ᠋ᠠᠴᠠᠭ᠋ᠠᠬᠤ᠂ ᠨᠡᠢᠭᠡᠮ᠎ᠦᠨ ᠪᠠᠲᠤᠯᠠᠭ᠎ᠠ ᠶ᠋ᠢᠨ ᠰᠢᠰᠲᠧᠮ ᠢ᠋ ᠲᠡᠭᠦᠯᠳᠡᠷᠵᠢᠭᠦᠯᠬᠦ ᠴᠢᠬᠤᠯᠠ ᠪᠠᠢᠷᠢᠯᠠᠭᠤᠯᠤᠯᠲᠠ ᠮᠥᠨ᠂ ᠨᠠᠰᠤ ᠠᠬᠠᠰᠢᠷᠠᠭᠰᠠᠨ᠂ ᠡᠪᠡᠳᠴᠢᠯᠡᠭᠰᠡᠨ ᠪᠤᠶᠤ ᠵᠡᠮᠳᠡᠭ ᠪᠣᠯᠤᠭᠰᠠᠨ᠎ᠤ ᠬᠠᠷᠠᠭ᠎ᠠ᠎ᠪᠠᠷ ᠠᠮᠢᠳᠤᠷᠠᠯ᠎ᠢᠶᠠᠨ ᠠᠷᠭ᠋ᠠᠴᠠᠭ᠋ᠠᠵᠦ ᠴᠢᠳᠠᠬᠤ ᠦᠭᠡᠢ ᠪᠣᠯᠤᠭᠰᠠᠨ ᠵᠢᠴᠢ ᠳᠠᠭᠠᠳᠬᠠᠯ᠎ᠳᠤ ᠣᠷᠣᠯᠴᠠᠭᠰᠠᠳ᠎ᠲᠤ ᠰᠤᠪᠢᠯᠠᠯᠲᠠ ᠶ᠋ᠢᠨ ᠦᠢᠯᠡᠴᠢᠯᠡᠭᠡ ᠬᠠᠩᠭᠠᠬᠤ ᠨᠢᠭᠡ ᠵᠦᠢᠯ᠎ᠦᠨ ᠨᠡᠢᠭᠡᠮ᠎ᠦᠨ ᠳᠠᠭᠠᠳᠬᠠᠯ᠎ᠤᠨ ᠳᠦᠷᠢᠮ ᠮᠥᠨ᠂ ᠡᠭᠦᠨ ᠢ᠋ 《 ᠨᠠᠰᠤᠵᠢᠯ᠎ᠤᠨ ᠠᠰᠠᠷᠠᠮᠵᠢ᠂ ᠡᠮ ᠡᠮᠨᠡᠯᠭᠡ᠂ ᠠᠵᠢᠯ ᠠᠯᠳᠠᠭᠰᠠᠨ᠂ ᠠᠵᠢᠯ᠎ᠤᠨ ᠬᠠᠷᠠᠭ᠎ᠠ᠎ᠪᠠᠷ ᠭᠡᠮᠲᠦᠭᠰᠡᠨ᠂ ᠬᠡᠦᠬᠡᠳ ᠠᠪᠤᠭᠰᠠᠨ 》 ᠲᠠᠪᠤᠨ ᠶᠡᠬᠡ ᠨᠡᠢᠭᠡᠮ᠎ᠦᠨ ᠳᠠᠭᠠᠳᠬᠠᠯ᠎ᠤᠨ ᠳᠠᠷᠠᠭᠠᠬᠢ 《 ᠵᠢᠷᠭᠤᠳᠤᠭᠠᠷ ᠳᠠᠭᠠᠳᠬᠠᠯ 》 ᠭᠡᠳᠡᠭ᠃ ᠨᠥᠬᠦᠴᠡᠯ᠎ᠳᠤ ᠨᠡᠢᠴᠡᠬᠦ᠌ ᠴᠢᠳᠠᠪᠤᠷᠢ᠎ᠪᠠᠨ ᠠᠯᠳᠠᠭ᠍ᠰᠠᠨ ᠬᠥᠮᠦᠰ ᠴᠡᠭ ᠲᠤᠭᠲᠠᠭ᠋ᠠᠭᠰᠠᠨ ᠦᠢᠯᠡᠴᠢᠯᠡᠭᠡᠨ᠎ᠤ ᠪᠠᠢᠭᠤᠯᠤᠮᠵᠢ᠎ᠳᠤ ᠰᠣᠩᠭᠤᠨ ᠰᠤᠪᠢᠯᠠᠬᠤ ᠦᠢᠯᠡᠴᠢᠯᠡᠭᠡ ᠬᠦᠷᠲᠡᠭᠡᠬᠦ᠌ ᠪᠤᠶᠤ ᠴᠡᠭ ᠲᠤᠭᠲᠠᠭ᠋ᠠᠭᠰᠠᠨ ᠦᠢᠯᠡᠴᠢᠯᠡᠭᠡᠨ᠎ᠤ ᠪᠠᠢᠭᠤᠯᠤᠮᠵᠢ᠎ᠠᠴᠠ ᠭᠡᠷ᠎ᠲᠤ ᠨᠢ ᠬᠦᠷᠴᠦ ᠠᠰᠠᠷᠠᠨ ᠰᠤᠪᠢᠯᠠᠬᠤ ᠦᠢᠯᠡᠴᠢᠯᠡᠭᠡ ᠬᠠᠩᠭᠠᠵᠤ ᠪᠣᠯᠤᠨ᠎ᠠ᠃

  ᠠᠩᠬᠠᠨ᠎ᠤ ᠪᠦᠯᠦᠭ᠎ᠦᠨ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠦᠨ ᠲᠤᠷᠰᠢᠯᠲᠠ᠎ᠶᠢᠨ ᠬᠣᠲᠠ ᠪᠣᠯᠤᠭᠰᠠᠨ᠎ᠤ ᠬᠤᠪᠢ᠎ᠳᠤ᠂ ᠠᠯᠢ ᠡᠷᠲᠡ 2017 ᠣᠨ᠎ᠳᠤ ᠨᠢᠩᠪᠦ᠋ᠸᠧ᠎ᠡᠴᠡ ᠳᠠᠷᠤᠢ ᠯᠠᠪᠳᠠᠭᠤᠨ ᠪᠣᠯᠭᠣᠮᠵᠢᠲᠠᠢ ᠡᠮᠬᠢ ᠵᠢᠷᠤᠮ᠎ᠲᠠᠢ ᠲᠤᠷᠰᠢᠯᠲᠠ᠎ᠶᠢᠨ ᠴᠡᠭ᠎ᠢ ᠡᠬᠢᠯᠡᠭᠦᠯᠦᠭᠰᠡᠨ ᠶᠤᠮ᠃ 2023 ᠣᠨ᠎ᠳᠤ᠂ ᠨᠢᠩᠪᠦ᠋ᠸᠧ ᠲᠤᠷᠰᠢᠯᠲᠠ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠪᠥᠬᠥ ᠬᠣᠲᠠ᠎ᠶᠢᠨ ᠪᠥᠬᠥ ᠨᠠᠰᠤᠨ᠎ᠤ ᠱᠠᠲᠤᠨ᠎ᠤ ᠡᠮᠴᠢᠯᠡᠭᠡᠨ᠎ᠦ ᠳᠠᠭᠠᠳᠬᠠᠯ᠎ᠳᠤ ᠣᠷᠣᠯᠴᠠᠭᠰᠠᠳ᠎ᠢ ᠴᠥᠮ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠪᠠᠲᠤᠯᠠᠭ᠎ᠠ᠎ᠶᠢᠨ ᠬᠡᠪᠴᠢᠶᠡᠨ᠎ᠳᠦ ᠣᠷᠣᠭᠤᠯᠵᠤ᠂ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠦᠨ ᠪᠡᠯᠡ ᠮᠥᠩᠭᠥ ᠴᠤᠭᠯᠠᠭᠤᠯᠬᠤ᠂ ᠬᠡᠷᠡᠭᠴᠡᠭᠡ ᠱᠠᠭᠠᠷᠳᠠᠯᠭ᠎ᠠ᠎ᠶᠢ ᠦᠨᠡᠯᠡᠨ ᠵᠢᠱ᠌ᠢᠬᠦ᠂ ᠬᠠᠷᠠᠭᠠᠯᠵᠠᠯ ᠣᠯᠭᠣᠬᠤ᠂ ᠦᠢᠯᠡᠴᠢᠯᠡᠭᠡ ᠬᠠᠩᠭᠠᠬᠤ᠂ ᠭᠠᠷᠲᠠᠨ ᠭᠦᠢᠴᠡᠳᠬᠡᠬᠦ ᠬᠠᠮᠢᠶᠠᠷᠤᠯᠲᠠ ᠵᠡᠷᠭᠡ 《 ᠲᠠᠪᠤᠨ ᠶᠡᠬᠡ ᠰᠢᠰᠲᠧᠮ 》᠎ᠢ ᠪᠠᠢᠭᠤᠯᠪᠠ᠃ 

  2023 ᠣᠨ᠎ᠤ 6 ᠳ᠋ᠤᠭ᠋ᠠᠷ ᠰᠠᠷ᠎ᠠ᠎ᠳᠤ᠂ ᠲᠤᠬᠠᠶ᠎ᠶ᠋ᠢᠨ ᠭᠠᠵᠠᠷ᠎ᠤᠨ ᠡᠮᠴᠢᠯᠡᠭᠡᠨ᠎ᠦ ᠳᠠᠭᠠᠳᠭᠠᠯ᠎ᠤᠨ ᠰᠠᠯᠠᠭ᠎ᠠ ᠮᠥᠴᠢᠷ᠎ᠤᠨ ᠵᠢᠯᠣᠭᠤᠳᠣᠯᠭ᠎ᠠ ᠬᠠᠪᠰᠤᠷᠤᠯᠭ᠎ᠠ ᠳᠣᠤᠷ᠎ᠠ᠂ ᠦ᠋ ᠬᠤᠤ ᠯᠢᠶᠠᠩ ᠦᠨᠡᠯᠡᠨ ᠵᠢᠱ᠌ᠢᠬᠦ᠌᠎ᠪᠠᠷ ᠳᠡᠮᠵᠢᠨ ᠴᠢᠳᠠᠪᠤᠷᠢ᠎ᠪᠠᠨ ᠬᠦᠨᠳᠦ ᠠᠯᠳᠠᠭ᠍ᠰᠠᠨ᠎ᠢᠶᠠᠷ ᠲᠣᠭ᠍ᠲᠠᠭᠠᠭ᠍ᠳᠠᠵᠤ᠂ ᠲᠡᠷᠡ ᠨᠢᠭᠡ ᠵᠢᠯ᠎ᠳᠤ ᠵᠥᠪᠬᠡᠨ 30 ᠲᠥᠭᠦᠷᠢᠭ ᠲᠤᠱᠢᠶᠠᠪᠠᠯ ᠳᠠᠷᠤᠶ ᠰᠠᠷ᠎ᠠ ᠪᠦᠷᠢ 20 ᠴᠠᠭ᠎ᠤᠨ ᠬᠡᠷ᠎ᠲᠤᠨᠢ ᠬᠦᠷᠴᠦ᠍ ᠰᠤᠪᠢᠯᠠᠬᠤ ᠦᠢᠯᠡᠴᠢᠯᠡᠭᠡ᠎ᠶ᠋ᠢ ᠭᠥᠷᠳᠡᠵᠦ᠍ ᠪᠣᠯᠤᠨ᠎ᠠ᠃

  《ᠪᠢ ᠡᠮᠦᠨ᠎ᠡ ᠨᠢ ᠵᠢᠷᠤᠭ ᠵᠢᠷᠤᠬᠤ᠎ᠳᠤ ᠲᠦᠰᠢᠭᠯᠡᠨ ᠠᠮᠢᠳᠤᠷᠠᠬᠤ ᠬᠦᠰᠡᠯ ᠡᠷᠡᠮᠡᠯᠵᠡᠯ᠎ᠢᠶᠡᠨ ᠡᠷᠢᠵᠦ ᠣᠯᠵᠠᠢ᠂ ᠭᠡᠪᠡᠴᠦ ᠬᠣᠶᠠᠷ ᠵᠢᠯ᠎ᠦᠨ ᠡᠮᠦᠨ᠎ᠡ ᠡᠪᠡᠳᠴᠢᠨ ᠭᠡᠨᠡᠳᠲᠡ ᠬᠦᠨᠳᠦᠷᠡᠵᠦ᠂ ᠬᠣᠶᠠᠷ ᠬᠥᠯ ᠮᠢᠨᠴᠦᠭᠦᠷᠡᠵᠦ᠂ ᠰᠠᠨᠠᠭ᠎ᠠ᠎ᠪᠠᠷ ᠪᠣᠯᠬᠤ ᠦᠭᠡᠢ ᠪᠣᠯᠪᠠ᠂ ᠡᠨᠡ ᠨᠢᠭᠡ ᠦᠶ᠎ᠡ ᠨᠠᠮᠠᠶ᠋ᠢ ᠮᠤᠬᠤᠷᠳᠠᠯ᠎ᠳᠤ ᠣᠷᠣᠭᠤᠯᠵᠠᠢ》᠃ ᠦ᠋ ᠬᠤᠤ ᠯᠢᠶᠠᠩ᠎ᠤᠨ ᠡᠷᠭᠢᠴᠡᠭᠦᠯᠬᠦ᠎ᠪᠡᠷ᠂ ᠥᠪᠡᠷ᠎ᠦᠨ ᠤᠷᠳᠤ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠪᠠᠲᠤᠯᠠᠪᠤᠷᠢ᠎ᠶᠢᠨ ᠬᠡᠪᠴᠢᠶᠡᠨ᠎ᠳᠦ ᠣᠷᠣᠬᠤ᠎ᠶᠢ ᠳᠠᠭᠠᠯᠳᠤᠨ᠂ ᠠᠮᠢᠳᠤᠷᠠᠯ᠎ᠳᠤ ᠰᠢᠨ᠎ᠡ ᠬᠤᠪᠢᠷᠠᠯᠲᠠ ᠭᠠᠷᠴᠠᠢ᠃ 

  ᠳᠠᠷᠠᠭ᠎ᠠ ᠰᠠᠷ᠎ᠠ᠎ᠳᠤ᠂ ᠲᠤᠬᠠᠶ᠎ᠶ᠋ᠢᠨ ᠭᠠᠵᠠᠷ᠎ᠤᠨ ᠰᠤᠪᠢᠯᠠᠯᠲᠠ᠎ᠶ᠋ᠢᠨ ᠪᠠᠢᠭᠤᠯᠤᠮᠵᠢ ᠦ᠋ ᠬᠤᠤ ᠯᠢᠶᠠᠩ᠎ᠳᠤ ᠨᠢᠭᠡᠨ ᠰᠤᠪᠢᠯᠠᠭᠴᠢ ᠲᠣᠬᠢᠷᠠᠭᠤᠯᠵᠤ — ᠳ᠋ᠠᠢ ᠰᠢᠩ ᠳ᠋ᠢ ᠭᠡᠳᠡᠭ᠃ ᠠᠰᠠᠷᠠᠭ᠍ᠴᠢ᠎ᠠᠴᠠ ᠠᠳᠠᠯᠢ ᠦᠭᠡᠶ ᠲᠠᠯ᠎ᠠ ᠭᠡᠪᠡᠯ᠂ ᠰᠤᠪᠢᠯᠠᠭᠴᠢ ᠡᠷᠬᠡᠪᠰᠢ ᠲᠤᠰᠭᠠᠶ ᠮᠡᠷᠭᠡᠵᠢᠯ᠎ᠦᠨ ᠪᠣᠯᠪᠠᠰᠤᠷᠠᠯ ᠬᠦᠷᠲᠡᠵᠦ᠍᠂ ᠤᠯᠤᠰ᠎ᠠᠴᠠ ᠵᠥᠪᠱᠢᠶᠡᠷᠡᠭ᠌ᠰᠡᠨ ᠬᠢᠷᠢ ᠭᠡᠮ᠎ᠦᠨ ᠦᠨᠡᠮᠯᠡᠯ ᠎ᠢ ᠣᠯᠤᠭ᠍ᠰᠠᠨ᠎ᠤ ᠳᠠᠷᠠᠭ᠎ᠠ ᠰᠠᠶᠢ ᠦᠢᠯᠡᠴᠢᠯᠡᠭᠡᠨ ᠥᠷᠨᠢᠭᠦᠯᠵᠦ᠍ ᠪᠣᠯᠤᠨ᠎ᠠ᠂ 《ᠲᠤᠰᠭᠠᠶ ᠮᠡᠷᠭᠡᠵᠢᠯ》 ᠪᠣᠯ ᠲᠡᠳᠡᠨ᠎ᠦ ᠬᠠᠮᠤᠭ᠎ᠤᠨ ᠲᠣᠪᠣᠢᠮ᠎ᠠ ᠣᠨᠴᠠᠯᠢᠭ ᠪᠣᠯᠤᠨ᠎ᠠ᠃

  ᠠᠩᠬ᠎ᠠ ᠤᠳᠠᠭ᠎ᠠ ᠦ᠋ ᠬᠤᠤ ᠯᠢᠶᠠᠩ᠎ᠢ ᠦᠵᠡᠵᠦ᠂ ᠎ᠳ᠋ᠠᠢ ᠰᠢᠩ ᠳ᠋ᠢ᠎ᠶᠢᠨ ᠰᠡᠳᠬᠢᠯ ᠨᠢ ᠴᠤᠴᠠᠰᠬᠢᠵᠦ᠄ 《ᠦ᠋ ᠬᠤᠤ ᠯᠢᠶᠠᠩ᠎ᠤᠨ ᠪᠡᠶ᠎ᠡ ᠨᠢ ᠡᠴᠡᠩᠬᠡᠢ᠂ ᠨᠢᠳᠦ ᠨᠢ ᠴᠤᠭ ᠰᠦᠯᠳᠡ ᠦᠭᠡᠢ ᠪᠠᠢᠵᠤ᠂ ᠰᠠᠨᠳᠠᠯᠢ ᠳᠡᠭᠡᠷ᠎ᠡ ᠲᠠᠮᠪᠠᠷᠠᠨ ᠰᠠᠭᠤᠪᠠ᠃ ᠪᠠᠷᠤᠭ ᠵᠢᠯ ᠲᠤᠷᠰᠢ ᠭᠠᠳᠠᠭ᠍ᠰᠢ ᠭᠠᠷᠬᠤ ᠦᠭᠡᠢ᠂ ᠭᠠᠳᠠᠨᠠᠬᠢ ᠬᠥᠮᠥᠨ᠎ᠲᠠᠢ ᠠᠭᠤᠯᠵᠠᠬᠤ ᠦᠭᠡᠢ᠂ ᠴᠢᠨᠠᠭᠰᠢᠯᠠᠨ ᠲᠡᠷᠡ ᠨᠠᠳᠠ᠎ᠶᠢ ᠲᠤᠭᠤᠬᠤ ᠦᠭᠡᠢ ᠪᠠᠢᠭᠰᠠᠨ ᠪᠣᠯᠤᠯᠲᠠᠶ 》᠃ ᠳ᠋ᠠᠢ ᠱᠢᠩ ᠳ᠋ᠢ ᠠᠰᠠᠷᠠᠨ ᠰᠤᠪᠢᠯᠠᠬᠤ ᠡᠯᠪᠡᠭ ᠪᠠᠶᠠᠯᠢᠭ ᠲᠤᠷᠱᠢᠯᠭ᠎ᠠ᠎ᠲᠠᠢ ᠪᠠᠢᠵᠤ᠂ ᠲᠡᠷᠡ ᠦ᠋ ᠬᠤᠤ ᠯᠢᠶᠠᠩ᠎ᠤᠨ ᠠᠮᠢᠳᠤᠷᠠᠯ᠎ᠳᠤ ᠶᠠᠭᠠᠷᠠᠨ ᠤᠷᠤᠭ᠍ᠰᠠᠨ ᠦᠭᠡᠢ᠂ ᠬᠠᠷᠢᠨ ᠤᠷᠢᠳ᠎ᠢᠶᠠᠷ ᠲᠣᠯᠣᠭᠠᠢ ᠤᠬᠢᠶᠠᠬᠤ᠂ ᠬᠢᠮᠤᠰᠤ ᠬᠠᠢᠴᠢᠯᠠᠬᠤ᠂ ᠬᠤᠭᠤᠯᠠ ᠢᠳᠡᠭᠦᠯᠬᠦ ᠵᠡᠷᠭᠡ ᠡᠳᠦᠷ ᠲᠤᠳᠤᠮ᠎ᠤᠨ ᠠᠰᠠᠷᠠᠨ ᠬᠠᠷᠠᠭᠠᠯᠵᠠᠬᠤ᠎ᠠᠴᠠ ᠡᠬᠢᠯᠡᠵᠦ᠍᠂ ᠲᠠᠬᠢᠨ ᠰᠣᠯᠢᠯᠴᠠᠭᠠᠨ᠎ᠤ ᠭᠠᠳᠠᠨᠠᠬᠢ ᠶᠢᠷᠲᠢᠨᠴᠦ᠍᠎ᠳᠤ ᠬᠦᠷᠴᠦ᠍᠂ ᠦ᠋ ᠬᠤᠤ ᠯᠢᠶᠠᠩ᠎ᠤᠨ ᠰᠡᠳᠭᠢᠯ ᠠᠭᠠᠵᠢᠮ᠎ᠢᠶᠠᠷ ᠨᠡᠬᠡᠬᠡᠭᠳᠡᠭᠰᠡᠨ ᠪᠠᠢ᠌ᠨ᠎ᠠ᠃

  ᠳ᠋ᠠᠢ ᠰᠢᠩ ᠳᠢ ᠳᠠᠬᠢᠨ ᠨᠢᠭᠡ ᠠᠯᠬᠤᠮ ᠤᠷᠤᠭᠰᠢᠯᠠᠬᠤ᠎ᠪᠠᠷ ᠲᠣᠭᠲᠠᠵᠤ᠂ ᠡᠷᠡᠭᠦᠯᠵᠢᠭᠦᠯᠬᠦ ᠪᠠᠭᠠᠵᠢ ᠬᠡᠷᠡᠭᠰᠡᠯ᠎ᠢᠶᠡᠷ ᠦ᠋ ᠬᠤᠤ ᠯᠢᠶᠠᠩ᠎ᠢ ᠢᠯᠢᠵᠦ ᠨᠤᠬᠤᠯᠠᠵᠤ᠂ ᠡᠷᠡᠭᠦᠯᠵᠢᠭᠦᠯᠬᠦ ᠪᠣᠯᠪᠠᠰᠤᠷᠠᠯ ᠬᠢᠬᠦ᠎ᠶᠢ ᠨᠢ ᠵᠣᠷᠢᠭ᠍ᠵᠢᠭᠤᠯᠬᠤ᠎ᠪᠠᠷ ᠪᠣᠯᠪᠠ᠃ ᠬᠥᠳᠡᠯᠭᠡᠭᠡᠨ ᠨᠢ ᠬᠡᠳᠦᠢᠪᠡᠷ ᠬᠦᠴᠢᠷᠲᠡᠢ ᠪᠠᠢᠭᠰᠠᠨ ᠴᠤ᠌ ᠦ᠋ ᠬᠤᠤ ᠯᠢᠶᠠᠩ ᠳᠤᠷᠠᠲᠠᠶ᠎ᠠ ᠲᠤᠷᠰᠢᠵᠤ ᠦᠵᠡᠨ᠎ᠡ᠃ 

  ᠡᠷᠡᠭᠦᠯᠵᠢᠯ᠎ᠤᠨ ᠪᠣᠯᠪᠠᠰᠤᠷᠠᠯ᠎ᠢ ᠠᠩᠬ᠎ᠠ ᠤᠳᠠᠭ᠎ᠠ 10 ᠮᠢᠨᠦ᠋ᠲ ᠪᠠᠢᠭ᠍ᠰᠠᠨ᠎ᠠᠴᠠ 30 ᠮᠢᠨᠦ᠋ᠲ ᠪᠣᠯᠭᠠᠨ ᠤᠷᠲᠤᠳᠭᠠᠵᠤ᠂ ᠦ᠋ ᠬᠤᠤ ᠯᠢᠶᠠᠩ᠎ᠤᠨ ᠲᠠᠪᠱᠢᠯᠳᠠ᠎ᠨᠢ ᠨᠢᠭᠡ ᠬᠡᠷ᠎ᠤᠨ ᠬᠥᠮᠦᠰ᠎ᠢ ᠪᠠᠶᠠᠷᠯᠠᠭᠤᠯᠵᠠᠶ᠃ ᠠᠬ᠎ᠠ ᠨᠢ ᠪᠣᠯᠬᠤ ᠡᠦ ᠬᠤᠤ ᠴᠢᠶᠠᠨ᠎ᠤ ᠦᠵᠡᠬᠦ᠌᠎ᠪᠠᠷ᠂ ᠠᠰᠠᠷᠠᠭ᠍ᠴᠢ ᠪᠣᠯᠣᠨ ᠭᠡᠷ᠎ᠦᠨ ᠬᠥᠮᠥᠰ᠎ᠦᠨ ᠠᠰᠠᠷᠠᠨ ᠬᠠᠷᠠᠭᠠᠯᠵᠠᠬᠤ᠎ᠶᠢᠨ ᠢᠯᠭᠠᠭ᠎ᠠ ᠨᠢ ᠲᠤᠰᠬᠠᠢ ᠮᠡᠷᠭᠡᠵᠢᠯ᠎ᠦᠨ ᠴᠢᠨᠠᠷ᠎ᠲᠤ ᠪᠠᠢᠳᠠᠭ᠂ 《ᠳ᠋ᠠᠢ ᠡᠭᠡᠴᠢ ᠬᠠᠢᠷ᠎ᠠ ᠬᠠᠯᠠᠮᠵᠢ ᠪᠠ ᠲᠡᠰᠪᠦᠷᠢ ᠲᠡᠪᠴᠢᠶᠡᠷᠢ᠎ᠲᠠᠢ ᠪᠠᠢᠵᠤ᠂ ᠳᠡᠭᠦᠦ᠎ᠶᠢᠨ ᠰᠡᠳᠬᠢᠴᠡ᠎ᠶᠢᠨ ᠡᠷᠡᠭᠦᠯ ᠮᠡᠨᠳᠦ᠎ᠶᠢ ᠬᠠᠮᠠᠭᠠᠯᠠᠬᠤ᠎ᠪᠠᠷ ᠪᠠᠷᠠᠬᠤ ᠦᠭᠡᠢ᠂ ᠨᠡᠩ ᠴᠤ᠌ ᠲᠤᠰᠬᠠᠢ ᠰᠤᠪᠢᠯᠠᠬᠤ ᠮᠡᠳᠡᠯᠭᠡ᠎ᠲᠠᠢ ᠪᠠᠢᠵᠤ᠂ ᠡᠷᠡᠭᠦᠯᠵᠢᠭᠦᠯᠬᠦ ᠪᠣᠯᠪᠠᠰᠤᠷᠠᠯ᠎ᠳᠤ ᠶᠠᠭᠠᠬᠢᠵᠤ ᠬᠠᠪᠰᠤᠷᠬᠤ᠎ᠶᠢ ᠮᠡᠳᠡᠳᠡᠭ 》  ᠪᠠᠢ᠌ᠨ᠎ᠠ  ᠭᠡᠪᠡ᠃ 

  ᠨᠢᠩᠪᠦ᠋ᠸᠸ ᠬᠣᠲᠠ᠎ᠶᠢᠨ ᠡᠮᠴᠢᠯᠡᠭᠡᠨ᠎ᠦ ᠳᠠᠭᠠᠳᠭᠠᠯ᠎ᠤ᠋ᠨ ᠲᠣᠪᠴᠢᠶᠠᠨ᠎ᠤ᠋ ᠤᠷᠲᠤ ᠬᠤᠭᠤᠴᠠᠭᠠᠨ᠎ᠤ᠋ ᠰᠤᠪᠢᠯᠠᠯᠲᠠ᠎ᠶᠢᠨ ᠳᠠᠭᠠᠳᠭᠠᠯ᠎ᠤ᠋ᠨ ᠭᠠᠵᠠᠷ᠎ᠤ᠋ᠨ ᠬᠠᠷᠢᠭᠤᠴᠠᠯᠭᠠᠲᠠᠨ᠎ᠤ᠋ ᠲᠠᠨᠢᠯᠴᠠᠭᠤᠯᠤᠭ᠍ᠰᠠᠨ᠎ᠢᠶᠠᠷ᠂ ᠤᠷᠲᠤ ᠬᠤᠭᠤᠴᠠᠭᠠᠨ᠎ᠤ᠋ ᠰᠤᠪᠢᠯᠠᠯᠲᠠ᠎ᠶᠢᠨ ᠳᠠᠭᠠᠳᠭᠠᠯ᠎ᠤ᠋ᠨ ᠬᠠᠮᠤᠷᠬᠤ ᠬᠡᠪᠴᠢᠶ᠎ᠡ ᠨᠡᠯᠢᠶᠡᠳ ᠥᠷᠭᠡᠨ᠂ ᠲᠦᠭᠡᠮᠡᠯ ᠬᠠᠷᠠᠭᠠᠯᠵᠠᠯ᠎ᠤ᠋ᠨ ᠦᠨᠳᠦᠰᠦᠨ ᠪᠠᠲᠤᠯᠠᠭ᠎ᠠ᠎ᠶᠢᠨ ᠣᠨᠴᠠᠯᠢᠭ᠎ᠲᠠᠢ᠃ ᠪᠦᠷᠢᠳᠭᠡᠯ᠎ᠢ᠋ ᠦᠨᠳᠦᠰᠦᠯᠡᠪᠡᠯ᠂ ᠨᠢᠩᠪᠦ᠋ᠸᠸ ᠪᠦᠬᠦ᠌ ᠬᠣᠲᠠ᠎ᠳ᠋ᠤ ᠨᠢᠭᠡᠨᠲᠡ 4.7 ᠲᠦᠮᠡᠨ ᠬᠥᠮᠦᠨ ᠤᠷᠲᠤ ᠬᠤᠭᠤᠴᠠᠭᠠᠨ᠎ᠤ᠋ ᠰᠤᠪᠢᠯᠠᠯᠲᠠ᠎ᠶᠢᠨ ᠳᠠᠭᠠᠳᠭᠠᠯ᠎ᠤ᠋ᠨ ᠣᠯᠭᠣᠮᠵᠢ ᠬᠠᠷᠠᠭᠠᠯᠵᠠᠯ᠂ ᠦ᠋ ᠬᠣᠣ ᠯᠢᠶᠠᠩ ᠠᠳᠠᠯᠢ ᠡᠢᠮᠦ᠍ 60 ᠨᠠᠰᠤᠨ᠎ᠠ᠋ᠴᠠ ᠳᠣᠷᠣᠭ᠍ᠱᠢᠬᠢ ᠬᠦᠨᠳᠦ ᠨᠣᠴᠢᠲᠠᠢ ᠴᠢᠳᠠᠪᠤᠷᠢ᠎ᠪᠠᠨ ᠠᠯᠳᠠᠭ᠍ᠰᠠᠨ ᠬᠥᠮᠦᠰ᠎ᠦ᠋ᠨ ᠬᠠᠷᠢᠴᠠᠯ 6% ᠎ᠶᠢ ᠳᠠᠪᠠᠭ᠍ᠰᠠᠨ ᠪᠠᠢᠨ᠎ᠠ᠃ 《ᠤᠷᠲᠤ ᠬᠤᠭᠤᠴᠠᠭᠠᠨ᠎ᠤ᠋ ᠰᠤᠪᠢᠯᠠᠯᠲᠠ᠎ᠶᠢᠨ ᠳᠠᠭᠠᠳᠭᠠᠯ ᠨᠢ ᠨᠠᠳᠠ᠎ᠲᠠᠢ ᠠᠳᠠᠯᠢ᠎ᠪᠠᠷ ᠴᠢᠳᠠᠪᠤᠷᠢ᠎ᠪᠠᠨ ᠠᠯᠳᠠᠭ᠍ᠰᠠᠨ ᠬᠥᠮᠥᠰ᠎ᠲᠤ ᠲᠤᠰᠭᠠᠢ ᠮᠡᠷᠭᠡᠵᠢᠯ᠎ᠤᠨ ᠪᠠᠲᠤᠯᠠᠭ᠎ᠠ᠎ᠲᠠᠢ ᠪᠣᠯᠭᠠᠵᠤ᠂ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠴᠦ᠍ ᠨᠡᠮᠡᠭ᠌ᠳᠡᠭ᠌ᠰᠡᠨ ᠪᠠᠢᠨ᠎ᠠ》 ᠭᠡᠵᠦ᠍ ᠡᠦ ᠬᠤᠤ ᠯᠢᠶᠠᠩ  ᠬᠡᠯᠡᠪᠡ᠃

  ᠢᠯᠡᠭᠦᠦ ᠨᠢᠭᠡ ᠬᠤᠪᠢ ᠰᠠᠬᠢᠨ ᠬᠠᠮᠠᠭᠠᠯᠠᠵᠤ᠂ ᠢᠯᠡᠭᠦᠦ ᠨᠢᠭᠡ ᠬᠤᠪᠢ ᠬᠦᠰᠡᠯ ᠡᠷᠡᠮᠡᠯᠵᠡᠯ ( ᠨᠠᠢᠷᠠᠭᠤᠯᠤᠭ᠍ᠴᠢ᠎ᠶᠢᠨ ᠲᠡᠮᠳᠡᠭᠯᠡᠯ ) 

  ᠰᠢᠦᠢ ᠶᠠᠩ

  《ᠨᠢᠭᠡ ᠬᠥᠮᠥᠨ ᠴᠢᠳᠠᠪᠤᠷᠢ᠎ᠪᠠᠨ ᠠᠯᠳᠠᠪᠠᠯ᠂ ᠪᠥᠬᠥ ᠭᠡᠷ᠎ᠢᠶᠡᠷ᠎ᠢᠶᠡᠨ ᠲᠡᠩᠴᠡᠭᠦᠷᠢ᠎ᠪᠡᠨ ᠠᠯᠳᠠᠬᠤ 》 ᠪᠣᠯ ᠥᠩᠭᠡᠷᠡᠭᠰᠡᠨ᠎ᠳᠦ ᠵᠠᠷᠢᠮ ᠭᠡᠷ ᠪᠦᠯᠢ᠎ᠳᠦ ᠲᠤᠯᠭᠠᠷᠠᠵᠤ ᠪᠠᠢᠭᠰᠠᠨ ᠪᠣᠳᠠᠲᠠᠢ ᠬᠦᠴᠢᠷᠳᠡᠯ ᠪᠣᠯᠣᠨ᠎ᠠ᠃ ᠴᠢᠳᠠᠪᠤᠷᠢ᠎ᠪᠠᠨ ᠠᠯᠳᠠᠭᠰᠠᠨ ᠣᠶᠤᠨ᠎ᠢᠶᠠᠨ ᠠᠯᠳᠠᠭᠰᠠᠨ ᠨᠠᠰᠤᠲᠠᠨ᠎ᠢᠶᠠᠷ ᠵᠢᠱ᠌ᠢᠶᠡᠯᠡᠪᠡᠯ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠮᠠᠨ᠎ᠤ ᠤᠯᠤᠰ᠎ᠤᠨ ᠴᠢᠳᠠᠪᠤᠷᠢ᠎ᠪᠠᠨ ᠠᠯᠳᠠᠭᠰᠠᠨ ᠣᠶᠤᠨ᠎ᠢᠶᠠᠨ ᠠᠯᠳᠠᠭᠰᠠᠨ ᠨᠠᠰᠤᠲᠠᠨ ᠨᠢᠭᠡᠨᠲᠡ 4500 ᠲᠦᠮᠡ᠎ᠶᠢ ᠳᠠᠪᠠᠵᠤ᠂ ᠳᠤᠮᠳᠠᠴᠢ᠎ᠪᠠᠷ 6 ᠨᠠᠰᠤᠲᠠᠨ ᠨᠢᠭᠡᠪᠦᠷᠢ᠎ᠶᠢᠨ ᠳᠣᠲᠣᠷ᠎ᠠ᠎ᠠᠴᠠ 1 ᠨᠠᠰᠤᠲᠠᠨ᠎ᠢ ᠣᠷᠳᠣ᠌ ᠬᠤᠭᠤᠴᠠᠭ᠎ᠠ᠎ᠪᠠᠷ ᠠᠰᠠᠷᠠᠨ ᠬᠠᠷᠠᠭᠠᠯᠵᠠᠬᠤ ᠴᠢᠬᠤᠯᠠᠲᠠᠢ ᠪᠠᠢᠨ᠎ᠠ ᠃ 

  ᠣᠢᠷ᠎ᠠ᠎ᠶ᠋ᠢᠨ ᠵᠢᠯ᠎ᠤᠳ᠎ᠲᠤ᠌᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ ᠪᠠ ᠳᠠᠭᠠᠳᠭᠠᠯ᠎ᠤᠨ ᠲᠦᠷᠢᠮ᠎ᠤᠨ ᠲᠤᠷᠱᠢᠯᠲᠠ᠎ᠶ᠋ᠢᠨ ᠴᠡᠭ᠎ᠠᠴᠠ ᠥᠷᠭᠡᠨ ᠳᠡᠯᠭᠡᠷ ᠦᠶ᠋ᠯᠡᠳᠦᠯᠭᠡ ᠲᠡᠢ᠌ᠰᠢ ᠱᠢᠯᠵᠢᠬᠦ᠌᠎ᠶ᠋ᠢ ᠳᠠᠭᠠᠯᠳᠤᠨ᠂ ᠤᠯᠠᠮ᠎ᠠᠴᠠ ᠤᠯᠠᠮ ᠣᠯᠠᠨ ᠴᠢᠳᠠᠯ ᠲᠡᠩᠬᠡᠭᠡ᠎ᠪᠠᠨ ᠠᠯᠳᠠᠭ᠍ᠰᠠᠨ ᠬᠥᠮᠦᠰ ᠬᠡᠷ᠎ᠤᠨ ᠡᠭᠦᠳᠡᠨ᠎ᠳᠤ᠎ᠪᠠᠨ ᠡᠯ᠎ᠡ ᠲᠥᠷᠥᠯ᠎ᠤᠨ ᠲᠤᠰᠭᠠᠶ ᠮᠡᠷᠭᠡᠵᠢᠯ᠎ᠤᠨ ᠬᠠᠷᠠᠭᠠᠯᠵᠠᠨ ᠠᠰᠠᠷᠠᠬᠤ ᠦᠶ᠋ᠯᠡᠴᠢᠯᠡᠭᠡ᠎ᠶ᠋ᠢ ᠲᠥᠬᠦᠮ ᠳᠥᠲᠡ᠎ᠪᠠᠷ ᠭᠥᠷᠳᠡᠪᠡ᠃ ᠢᠳᠡᠭᠡᠨ ᠤᠮᠳᠠᠭᠠᠨ᠎ᠤ ᠰᠤᠪᠢᠯᠠᠯᠲᠠ᠂ ᠠᠮᠢ ᠨᠠᠰᠤᠨ᠎ᠤ ᠪᠡᠶ᠎ᠡ᠎ᠶᠢᠨ ᠢᠯᠡᠷᠡᠯ᠎ᠦᠨ ᠬᠢᠨᠠᠨ ᠬᠡᠮᠵᠢᠯᠲᠡ᠂ ᠡᠷᠡᠭᠦᠯᠵᠢᠯ᠎ᠦᠨ ᠪᠣᠯᠪᠠᠰᠤᠷᠠᠯ ᠁ ᠬᠦᠰᠡᠯ ᠡᠷᠡᠮᠡᠯᠵᠡᠯ᠎ᠢᠶᠡᠨ ᠰᠠᠬᠢᠨ ᠬᠠᠮᠠᠭᠠᠯᠠᠬᠤ 《ᠠᠮᠤᠷ ᠲᠦᠪᠰᠢᠨ᠎ᠦ ᠲᠣᠣᠷ》 ᠶᠠᠪᠤᠬᠤ ᠳᠤᠳᠤᠮ ᠨᠢᠭ᠍ᠲᠠ ᠪᠣᠯᠵᠤ ᠪᠠᠢᠨ᠎ᠠ᠃ ᠥᠩᠭᠡᠷᠡᠭᠰᠡᠨ᠎ᠳᠦ ᠭᠡᠷ ᠪᠦᠯᠢ᠎ᠶᠢᠨ ᠡᠭᠦᠷᠭᠡᠯᠡᠬᠦ ᠴᠢᠬᠤᠯᠠᠲᠠᠢ ᠪᠠᠢᠭᠰᠠᠨ ᠶᠡᠬᠡ ᠲᠣᠭᠠᠨ᠎ᠤ ᠰᠤᠪᠢᠯᠠᠯᠲᠠ᠎ᠶᠢᠨ ᠵᠠᠷᠤᠳᠠᠯ᠎ᠳᠤ ᠣᠲᠣ᠌ ᠪᠠᠰᠠ ᠳᠠᠭᠠᠳᠬᠠᠯ᠎ᠤᠨ ᠰᠠᠭᠤᠷᠢ ᠮᠥᠩᠭᠥ᠎ᠶᠢᠨ 《 ᠦᠨᠳᠦᠰᠦᠨ ᠵᠦᠢᠯ᠎ᠢ ᠪᠠᠲᠤᠯᠠᠬᠤ 》 ᠪᠠᠢᠳᠠᠯ ᠢᠯᠡᠷᠡᠵᠦ᠂ ᠭᠡᠷ ᠪᠦᠯᠢ᠎ᠶᠢᠨ ᠠᠰᠠᠷᠠᠨ ᠬᠠᠷᠠᠭᠠᠯᠵᠠᠬᠤ ᠪᠠ ᠠᠵᠤ ᠠᠬᠤᠢ᠎ᠶᠢᠨ ᠵᠠᠷᠤᠯᠭ᠎ᠠ᠎ᠶᠢᠨ ᠳᠠᠪᠬᠤᠷ ᠳᠠᠷᠤᠯᠲᠠ᠎ᠶᠢ ᠪᠦᠲᠦᠮᠵᠢᠲᠡᠶ ᠬᠥᠩᠭᠡᠷᠡᠭᠦᠯᠦᠭᠰᠡᠨ ᠪᠠᠢᠨ᠎ᠠ᠃ 

  ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠳᠦᠷᠢᠮ᠎ᠤᠨ ᠪᠠᠢᠭᠤᠯᠤᠯᠲᠠ᠎ᠨᠢ ᠣᠯᠠᠨ ᠴᠢᠳᠠᠪᠤᠷᠢ᠎ᠪᠠᠨ ᠠᠯᠳᠠᠭ᠍ᠰᠠᠨ ᠬᠥᠮᠥᠰ᠎ᠤᠨ ᠠᠱᠢᠭ ᠲᠤᠰᠠ᠎ᠲᠠᠢ ᠬᠤᠯᠪᠣᠭ᠍ᠳᠠᠬᠤ ᠶᠠᠪᠤᠳᠠᠯ ᠪᠣᠯᠣᠨ᠎ᠠ᠂ ᠠᠷᠠᠳ᠎ᠤᠨ ᠠᠮᠢᠳᠤᠷᠠᠯ᠎ᠤᠨ ᠢᠨᠵᠧᠨᠧᠷᠢᠩ᠂ ᠠᠷᠠᠳ᠎ᠤᠨ ᠰᠡᠳᠭᠢᠯ᠎ᠤᠨ ᠢᠨᠵᠧᠨᠧᠷᠢᠩ ᠪᠣᠯᠣᠨ᠎ᠠ᠃ ᠲᠦᠷᠢᠮ᠎ᠤᠨ ᠵᠢᠷᠤᠭ ᠲᠥᠯᠥᠪᠯᠡᠭᠡ᠎ᠶ᠋ᠢᠨ ᠲᠠᠰᠤᠷᠠᠯᠲᠠ ᠥᠬᠡᠶ ᠲᠡᠭᠦᠯᠳᠡᠷᠵᠢᠬᠦ᠌᠎ᠶ᠋ᠢ ᠳᠠᠭᠠᠯᠳᠤᠨ᠂ ᠨᠠᠩ ᠣᠯᠠᠨ ᠬᠡᠷ ᠪᠦᠯᠢ ᠬᠠᠷᠠᠭᠠᠯᠵᠠᠨ ᠠᠰᠠᠷᠠᠬᠤ ᠬᠦᠨᠳᠦ ᠳᠠᠷᠤᠭᠠᠰᠤ᠎ᠶ᠋ᠢ ᠬᠥᠩᠭᠡᠷᠡᠭᠦᠯᠵᠦ᠍᠂ ᠨᠠᠩ ᠣᠯᠠᠨ ᠴᠢᠳᠠᠪᠤᠷᠢ᠎ᠪᠠᠨ ᠠᠯᠳᠠᠭ᠍ᠰᠠᠨ ᠬᠥᠮᠦᠰ᠎ᠤᠨ ᠨᠡᠷ᠎ᠡ ᠬᠦᠨᠳᠦ᠍᠎ᠲᠠᠢ᠂ ᠴᠢᠨᠠᠷ ᠴᠢᠨᠰᠠᠭ᠎ᠠ᠎ᠲᠠᠢ ᠠᠰᠠᠷᠠᠨ ᠬᠠᠷᠠᠭᠠᠯᠵᠠᠬᠤ ᠳᠤᠮᠳᠠ᠂ ᠨᠢᠭᠡ ᠬᠤᠪᠢ ᠢᠷᠡᠭᠡᠳᠦᠶ᠎ᠶ᠋ᠢᠨ ᠬᠦᠰᠡᠯ ᠡᠷᠡᠮᠡᠯᠵᠡᠯ᠎ᠢ ᠨᠡᠮᠡᠭ᠌ᠳᠡᠭᠦᠯᠵᠦ᠍ ᠴᠢᠳᠠᠨ᠎ᠠ ᠭᠡᠳᠡᠭ᠎ᠢ ᠢᠲᠡᠭᠡᠵᠦ᠍ ᠪᠠᠢᠨ᠎ᠠ᠃

ᠢᠷᠡᠯᠲᠡ᠄ 《ᠠᠷᠠᠳ᠎ᠤᠨ ᠡᠳᠦᠷ᠎ᠤᠨ ᠰᠣᠨᠢᠨ》 (2025 ᠣᠨ᠎ᠤ 11 ᠳ᠋ᠦ᠍ᠭᠡᠷ ᠰᠠᠷ᠎ᠠ᠎ᠶ᠋ᠢᠨ 18 ᠎ᠤ ᠡᠳᠦᠷ 04 ᠳ᠋ᠦ᠍ᠭᠡᠷ ᠬᠡᠪᠯᠡᠯ)
          
ᠬᠠᠮᠢᠶ᠎ᠡ ᠪᠦᠬᠦᠢ ᠰᠣᠨᠢᠨ
 
            