ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠪᠢᠳᠡ ᠶᠠᠭᠤᠨ᠎ᠳ᠋ᠤ ᠳᠠᠭᠠᠳᠭᠠᠯ᠎ᠳ᠋ᠤ ᠣᠷᠣᠯᠴᠠᠬᠤ ᠪᠣᠢ? ᠳᠠᠭᠠᠳᠭᠠᠯ᠎ᠤᠨ ᠵᠠᠷᠤᠳᠠᠯ ᠵᠢᠯ ᠳᠠᠷᠠᠭᠠᠯᠠᠨ ᠥᠰᠭᠦ᠎ᠳᠤ ᠬᠡᠷᠬᠢᠨ ᠣᠶᠤᠨᠴᠢ᠎ᠪᠠᠷ ᠦᠵᠡᠬᠦ᠌ ᠪᠤᠢ?
ᠨᠡᠶ᠋ᠢᠲᠡᠯᠡᠭᠰᠡᠨ ᠴᠠᠭ᠄ 2025-09-04

  ᠪᠠᠰᠠ ᠨᠢᠭᠡ ᠵᠢᠯ᠎ᠳᠤ ᠨᠢᠭᠡ ᠤᠳᠠᠭ᠎ᠠ ᠶᠠᠪᠤᠭ᠍ᠳᠠᠬᠤ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠳᠤ ᠲᠥᠪᠯᠡᠷᠡᠭᠦᠯᠦᠨ ᠣᠷᠣᠯᠴᠠᠵᠤ ᠰᠦᠢᠳᠭᠡᠯ ᠲᠤᠱᠢᠶᠠᠬᠤ ᠬᠤᠭᠤᠴᠠᠭ᠎ᠠ ᠪᠣᠯᠪᠠ᠃ ᠡᠨᠡ ᠦᠶ᠎ᠡ᠎ᠳᠦ᠂ ᠯᠠᠪ ᠬᠠᠵᠠᠭᠤᠳᠠᠬᠢ ᠬᠥᠮᠥᠨ᠎ᠦ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠬᠤ ᠲᠤᠬᠠᠢ ᠡᠢᠮᠦ᠍ ᠪᠤᠶᠤ ᠲᠡᠢᠮᠦ᠍ ᠰᠡᠵᠢᠭ᠌ᠯᠡᠯ ᠪᠠ ᠪᠤᠷᠤᠭᠤ ᠣᠢᠯᠠᠭᠠᠯᠲᠠ᠎ᠶ᠋ᠢ ᠣᠯᠵᠤ ᠰᠣᠨᠣᠰᠳᠠᠭ ᠃

  《 ᠮᠢᠨᠤ ᠪᠡᠶ᠎ᠡ ᠶᠡᠬᠡ ᠰᠠᠢ᠌ᠨ ᠪᠠᠢ᠌ᠨ᠎ᠠ᠂ ᠵᠢᠯ ᠲᠤᠵᠢ ᠬᠢᠮᠤᠷᠠᠭ᠎ᠠ ᠴᠤ᠌ ᠪᠠᠭ᠎ᠠ᠂ ᠡᠨᠡ ᠵᠣᠭᠣᠰ᠎ᠢ ᠲᠤᠰᠢᠶᠠᠴᠢᠬᠠᠪᠠᠯ ᠲᠠᠯᠠᠭᠠᠷ ᠵᠠᠷᠤᠭᠰᠠᠨ ᠬᠡᠷᠡᠭ ᠪᠢᠰᠢ ᠦᠦ? 》

  《 ᠨᠢᠭᠡ ᠵᠢᠯ 400 ᠲᠥᠭᠥᠷᠢᠭ᠂ ᠶᠠᠭᠠᠬᠢᠭᠠᠳ ᠳᠠᠭᠠᠳᠭᠠᠯ᠎ᠳ᠋ᠤ ᠣᠷᠣᠯᠴᠠᠬᠤ ᠰᠦᠢᠳᠭᠡᠯ ᠪᠠᠰᠠ ᠦᠰᠦᠴᠢᠬᠡᠭᠰᠡᠨ ᠪᠣᠢ?》

  《ᠡᠮᠴᠢᠯᠡᠭᠡᠨ᠎ᠦ ᠳᠠᠭᠠᠳᠭᠠᠯ᠎ᠢᠶᠠᠨ ᠲᠤᠱᠢᠶᠠᠪᠠ᠂ ᠦᠷ᠎ᠡ ᠳ᠋ᠦᠩ᠎ᠨᠢ ᠨᠢᠭᠡ ᠵᠢᠯ ᠡᠪᠡᠳᠴᠢᠯᠡᠭᠡ ᠦᠭᠡᠢ᠂ ᠨᠢᠭᠡ ᠮᠥᠩᠭᠦ᠌ ᠴᠤ᠌ ᠳᠠᠩᠰᠠ ᠲᠠᠢ᠌ᠯᠤᠭᠰᠠᠨ ᠦᠭᠡᠢ᠂ ᠡᠨᠡ᠎ᠨᠢ ᠬᠤᠬᠢᠷᠠᠯ ᠪᠢᠰᠢ ᠦᠦ?》 ᠁

  ᠡᠳᠡᠭᠡᠷ ᠠᠰᠠᠭᠤᠳᠠᠯ᠎ᠢ ᠦᠵᠡᠬᠦ᠌᠎ᠳᠤ ᠳᠥᠭᠦᠮᠬᠡᠨ ᠪᠣᠯᠪᠠᠴᠤ᠌ ᠡᠮᠴᠢᠯᠡᠭᠡᠨ᠎ᠦ ᠳᠠᠭᠠᠳᠭᠠᠯ᠎ᠤᠨ ᠲᠦᠷᠢᠮ᠎ᠤᠨ ᠠᠵᠢᠯᠯᠠᠭᠠᠨ᠎ᠤ ᠭᠤᠣᠯ ᠯᠣᠭᠢᠭ᠎ᠢ ᠬᠥᠨᠳᠡᠵᠦ᠍ ᠪᠠᠢᠨ᠎ᠠ᠃ ᠥᠨᠥᠳᠥᠷ ᠵᠣᠬᠢᠶᠠᠭ᠍ᠴᠢ ᠡᠳᠡᠭᠡᠷ ᠠᠰᠠᠭᠤᠳᠠᠯ᠎ᠤᠨ ᠲᠤᠬᠠᠢ ᠣᠯᠠᠨ᠎ᠲᠠᠢ ᠶᠠᠷᠢᠯᠴᠠᠶ᠎ᠠ ᠭᠡᠵᠦ ᠪᠤᠳᠤᠵᠤ ᠪᠠᠢ᠌ᠨ᠎ᠠ

  ᠨᠢᠭᠡᠳᠦᠭᠡᠷ ᠠᠰᠠᠭᠤᠯᠲᠠ᠄ ᠰᠠᠭᠤᠭᠠᠯᠢ ᠠᠷᠠᠳ ᠶᠠᠭᠠᠬᠢᠭᠠᠳ ᠵᠢᠯ᠎ᠳᠤ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠬᠤ ᠪᠣᠶ?

  ᠴᠥᠭᠡᠨ ᠪᠤᠰᠤ ᠬᠥᠮᠥᠰ᠎ᠦᠨ ᠦᠵᠡᠬᠦ᠎ᠪᠡᠷ᠂ ᠡᠮᠴᠢᠯᠡᠭᠡᠨ᠎ᠦ ᠳᠠᠭᠠᠳᠭᠠᠯ ᠪᠣᠯ ᠤᠯᠤᠰ ᠠ᠋ᠴᠠ ᠬᠡᠷᠡᠭᠵᠢᠭᠦᠯᠵᠦ ᠪᠠᠢᠭ᠎ᠠ ᠠᠷᠠᠳ᠎ᠤᠨ ᠠᠮᠢᠳᠤᠷᠠᠯ᠎ᠤᠨ ᠢᠨᠵᠧᠨᠧᠷᠢᠩ ᠮᠥᠨ ᠪᠣᠯᠬᠣᠷ ᠵᠠᠰᠠᠭ᠎ᠤᠨ ᠣᠷᠳᠣᠨ ᠠ᠋ᠴᠠ ᠪᠦᠬᠦ ᠲᠣᠭ᠎ᠠ᠎ᠪᠠᠷ ᠲᠣᠭᠠᠴᠠᠭ᠎ᠠ ᠬᠢᠬᠦ ᠬᠡᠷᠡᠭᠲᠡᠢ᠂ ᠬᠤᠪᠢ ᠬᠥᠮᠥᠨ ᠰᠦᠢᠳᠬᠡᠯ ᠲᠤᠰᠢᠶᠠᠬᠤ ᠴᠢᠬᠤᠯᠠ ᠦᠭᠡᠢ᠃ ᠡᠢᠮᠦᠷᠬᠦ᠌ ᠪᠣᠳᠣᠯ᠎ᠨᠢ ᠬᠡᠳᠦ᠋ᠢᠪᠡᠷ ᠳᠠᠷᠤᠭᠠᠰᠤ᠎ᠶ᠋ᠢ ᠬᠥᠩᠭᠡᠷᠡᠭᠦᠯᠬᠦ᠌ ᠬᠦᠰᠡᠯ᠎ᠠᠴᠠ ᠪᠣᠯᠤᠭ᠍ᠰᠠᠨ ᠪᠣᠯᠪᠠᠴᠤ᠌ ᠳᠦᠷᠢᠮ᠎ᠤᠨ ᠲᠥᠯᠥᠪᠯᠡᠭᠡ ᠪᠠ ᠣᠯᠠᠨ ᠤᠯᠤᠰ᠎ᠤᠨ ᠲᠤᠷᠱᠢᠯᠭ᠎ᠠ᠎ᠠᠴᠠ ᠦᠵᠡᠪᠡᠯ᠂ ᠬᠤᠪᠢ ᠬᠥᠮᠦᠨ᠎ᠤ ᠰᠦᠢᠳᠭᠡᠯ ᠲᠤᠱᠢᠶᠠᠬᠤ ᠪᠣᠯ ᠡᠮᠴᠢᠯᠡᠭᠡᠨ᠎ᠦ ᠳᠠᠭᠠᠳᠭᠠᠯ᠎ᠤᠨ ᠲᠦᠷᠢᠮ᠎ᠤᠨ ᠦᠷᠭᠦᠯᠵᠢᠯᠡᠨ ᠠᠵᠢᠯᠯᠠᠬᠤ᠎ᠶ᠋ᠢᠨ ᠰᠠᠭᠤᠷᠢ ᠮᠥᠨ᠂ ᠣᠷᠣᠯᠠᠭᠤᠯᠵᠤ ᠪᠣᠯᠤᠰᠢ ᠦᠭᠡᠢ ᠴᠢᠬᠤᠯᠠ ᠠᠴᠢ ᠬᠤᠯᠪᠣᠭ᠍ᠳᠠᠯ᠎ᠲᠠᠢ ᠶᠤᠮ᠃

  1. ᠡᠮᠴᠢᠯᠡᠭᠡᠨ᠎ᠦ ᠳᠠᠭᠠᠳᠬᠠᠯ ᠨᠢ 《 ᠰᠦᠢᠳᠬᠡᠯ ᠬᠤᠷᠢᠶᠠᠬᠤ ᠦᠭᠡᠢ ᠦᠳᠡ ᠶ᠋ᠢᠨ ᠬᠣᠭᠣᠯᠠ 》 ᠪᠢᠰᠢ᠂ ᠶᠡᠬᠡ ᠪᠠᠭ᠎ᠠ ᠴᠤ᠌ ᠭᠡᠰᠡᠨ ᠥᠪᠡᠷ ᠢ᠋ᠶ᠋ᠡᠨ ᠵᠣᠭᠣᠰ ᠭᠠᠷᠭᠠᠬᠤ ᠬᠡᠷᠡᠭᠲᠡᠢ 

  ᠪᠥᠬᠥ ᠳᠡᠯᠡᠬᠡᠢ᠎ᠶᠢᠨ ᠪᠠᠢᠳᠠᠯ᠎ᠢ ᠠᠵᠢᠭ᠍ᠯᠠᠪᠠᠯ᠂ ᠪᠥᠬᠥ ᠠᠷᠠᠳ᠎ᠤᠨ ᠡᠮᠴᠢᠯᠡᠭᠡᠨ᠎ᠦ ᠳᠠᠭᠠᠳᠬᠠᠯ᠎ᠢ ᠬᠡᠷᠡᠭᠵᠢᠭᠦᠯᠵᠦ ᠪᠠᠢᠭ᠎ᠠ ᠠᠩᠭ᠌ᠯᠢ᠂ ᠺᠠᠨᠠᠳᠠ ᠭᠡᠰᠡᠨ ᠦᠭᠡᠢ᠂ ᠨᠡᠢᠭᠡᠮ᠎ᠦᠨ ᠳᠠᠭᠠᠳᠬᠠᠯ᠎ᠤᠨ ᠵᠠᠭᠪᠤᠷ᠎ᠢ ᠬᠡᠷᠡᠭᠯᠡᠵᠦ ᠪᠠᠢᠭ᠎ᠠ ᠭᠧᠷᠮᠠᠨ᠂ ᠶᠠᠫᠤᠨ ᠭᠡᠰᠡᠨ ᠦᠭᠡᠢ᠂ ᠠᠮᠧᠷᠢᠺᠠ᠎ᠶᠢᠨ Medicare ᠪᠠ Medicaid ᠲᠥᠷᠥᠯ ᠵᠦᠢᠯ ᠭᠡᠰᠡᠨ ᠦᠭᠡᠢ᠂ ᠪᠠᠷᠤᠭ ᠪᠣᠶ ᠪᠦᠬᠦᠢ ᠤᠯᠤᠰ᠎ᠤᠨ ᠡᠮᠴᠢᠯᠡᠭᠡᠨ᠎ᠦ ᠳᠠᠭᠠᠳᠬᠠᠯ᠎ᠤᠨ ᠳᠦᠷᠢᠮ ᠨᠢ ᠴᠥᠮ ᠳᠠᠭᠠᠳᠬᠠᠯ᠎ᠳᠤ ᠣᠷᠣᠯᠴᠠᠭ᠍ᠴᠢ᠎ᠶᠢ ᠵᠣᠬᠢᠬᠤ ᠰᠦᠢᠳᠬᠡᠯ ᠲᠤᠰᠢᠶᠠᠬᠤ ᠬᠠᠷᠢᠭᠤᠴᠠᠯᠭ᠎ᠠ ᠡᠭᠦᠷᠭᠡᠯᠡᠭᠦᠯᠬᠦ᠎ᠪᠡᠷ ᠱᠠᠭᠠᠷᠳᠠᠳᠠᠭ᠃ ᠡᠨᠡ᠎ᠨᠢ ᠳᠤᠮᠳᠠᠳᠤ ᠤᠯᠤᠰ᠎ᠲᠤ ᠯᠠ ᠪᠠᠢᠳᠠᠭ ᠶᠠᠪᠤᠳᠠᠯ ᠪᠢᠰᠢ᠂ ᠬᠠᠷᠢᠨ ᠡᠮᠴᠢᠯᠡᠭᠡᠨ᠎ᠦ ᠳᠠᠭᠠᠳᠬᠠᠯ᠎ᠤᠨ 《ᠲᠦᠭ᠌ᠰᠢᠭᠦᠷᠢ᠎ᠶ᠋ᠢ ᠬᠠᠮᠲᠤ᠎ᠪᠠᠷ ᠡᠭᠦᠷᠭᠡᠯᠡᠬᠦ᠂ ᠬᠠᠷᠢᠯᠴᠠᠨ ᠬᠠᠪᠰᠤᠷᠤᠯᠴᠠᠨ ᠬᠠᠮᠲᠤ᠎ᠪᠠᠷ ᠲᠤᠰᠠᠯᠠᠬᠤ》 ᠦᠨᠳᠦᠰᠦᠨ ᠵᠠᠷᠴᠢᠮ᠎ᠳᠤ ᠰᠠᠭᠤᠷᠢᠯᠠᠭ᠍ᠰᠠᠨ ᠲᠦᠭᠡᠮᠡᠯ ᠦᠢᠯᠡᠳᠦᠯᠭᠡ ᠮᠥᠨ᠃

  ᠭᠧᠷᠮᠠᠨ᠎ᠢᠶᠠᠷ ᠵᠢᠱ᠌ᠢᠶᠡᠯᠡᠪᠡᠯ᠂ ᠲᠡᠭᠦᠨ᠎ᠦ ᠬᠠᠤᠯᠢ᠎ᠪᠠᠷ ᠲᠣᠭᠲᠠᠭᠠᠭᠰᠠᠨ ᠡᠮᠴᠢᠯᠡᠭᠡᠨ᠎ᠦ ᠳᠠᠭᠠᠳᠬᠠᠯ ( Gesetzliche Krankenversicherung, GKV ) ᠨᠢ ᠠᠯᠪᠠᠳᠠᠯᠭ᠎ᠠ᠎ᠪᠠᠷ ᠳᠠᠭᠠᠳᠬᠠᠯ᠎ᠳᠤ ᠣᠷᠣᠯᠴᠠᠬᠤ᠎ᠶᠢ      ᠬᠡᠷᠡᠭᠵᠢᠭᠦᠯᠵᠦ ᠂ ᠵᠠᠷᠤᠳᠠᠯ᠎ᠢ ᠬᠥᠯᠥᠰᠦᠯᠡᠭᠴᠢ ᠪᠠ ᠬᠦᠯᠦᠰᠦᠯᠡᠭᠳᠡᠭᠴᠢ ᠲᠣᠰ ᠲᠣᠰ ᠬᠠᠭᠠᠰ᠎ᠢ ᠡᠭᠦᠷᠭᠡᠯᠡᠵᠦ᠂ ᠵᠠᠷᠤᠳᠠᠯ᠎ᠤᠨ ᠨᠣᠷᠮ᠎ᠠ ᠨᠢ ᠪᠠᠷᠤᠭ ᠴᠠᠯᠢᠩ᠎ᠤᠨ 14.6% ᠪᠠᠢᠵᠤ᠂ ᠬᠤᠪᠢ ᠬᠥᠮᠥᠨ᠎ᠦ ᠨᠢᠭᠡ ᠬᠡᠰᠡᠭ᠎ᠢ ᠰᠢᠭᠤᠳ ᠴᠠᠯᠢᠩ᠎ᠠᠴᠠ ᠬᠠᠰᠤᠵᠤ      ᠭᠠᠷᠭᠠᠨ᠎ᠠ ᠃ ᠶᠠᠫᠤᠨ᠎ᠳᠤ᠂ ᠤᠯᠤᠰ ᠠᠷᠠᠳ᠎ᠤᠨ ᠡᠷᠡᠭᠦᠯ ᠮᠡᠨᠳᠦ᠎ᠶᠢᠨ ᠳᠠᠭᠠᠳᠬᠠᠯ (National Health Insurance ) ᠪᠠᠰᠠ ᠰᠠᠭᠤᠭᠠᠯᠢ ᠠᠷᠠᠳ᠎ᠢ ᠣᠷᠣᠯᠭ᠎ᠠ ᠪᠠ ᠭᠡᠷ ᠪᠦᠯᠢ᠎ᠶᠢᠨ ᠪᠠᠢᠳᠠᠯ᠎ᠢᠶᠠᠨ ᠦᠨᠳᠦᠰᠦᠯᠡᠨ ᠳᠠᠭᠠᠳᠬᠠᠯ᠎ᠤᠨ ᠵᠠᠷᠤᠳᠠᠯ ᠲᠤᠰᠢᠶᠠᠬᠤ᠎ᠶᠢ ᠱᠠᠭᠠᠷᠳᠠᠳᠠᠭ᠃ ᠠᠩᠭ᠌ᠯᠢ᠎ᠶᠢᠨ ᠠᠷᠠᠳ ᠢᠷᠭᠡᠳ᠎ᠦᠨ ᠡᠷᠡᠭᠦᠯ ᠮᠡᠨᠳᠦ᠎ᠶᠢ ᠬᠠᠮᠠᠭᠠᠯᠠᠬᠤ ᠦᠢᠯᠡᠴᠢᠯᠡᠭᠡ ( NHS ) ᠪᠠᠢᠯ᠎ᠠ ᠴᠤ᠌ ᠭᠡᠰᠡᠨ᠂ ᠬᠡᠳᠦᠢᠪᠡᠷ ᠡᠮᠴᠢᠯᠡᠭᠡᠨ᠎ᠦ ᠦᠢᠯᠡᠴᠢᠯᠡᠭᠡ᠎ᠶᠢ 《 ᠰᠦᠢᠳᠬᠡᠯ ᠬᠤᠷᠢᠶᠠᠬᠤ ᠦᠭᠡᠢ 》 ᠬᠠᠩᠭᠠᠵᠤ ᠪᠠᠢᠭ᠎ᠠ ᠪᠣᠯᠪᠠᠴᠤ ᠪᠡᠯᠡ ᠮᠥᠩᠭᠥ᠎ᠶᠢᠨ ᠢᠷᠡᠯᠲᠡ᠎ᠶᠢᠨ ᠬᠡᠰᠡᠭ ᠨᠢ ᠮᠥᠨ ᠯᠡ ᠠᠷᠠᠳ ᠢᠷᠭᠡᠳ᠎ᠦᠨ ᠲᠤᠰᠢᠶᠠᠬᠤ ᠤᠯᠤᠰ ᠠᠷᠠᠳ᠎ᠤᠨ ᠳᠠᠭᠠᠳᠬᠠᠯ᠎ᠤᠨ ᠭᠠᠢᠯᠢ ( National Insurance Contributions)᠎ᠳᠤ ᠲᠦᠰᠢᠭᠯᠡᠨ᠎ᠡ ᠃ 

  ᠡᠲᠡᠭᠡᠷ ᠳᠦᠷᠢᠮ᠎ᠦᠨ ᠨᠡᠢᠲᠡᠯᠢᠭ ᠲᠠᠯ᠎ᠠ ᠭᠡᠪᠡᠯ ᠄ ᠬᠤᠪᠢ ᠬᠥᠮᠥᠨ ᠰᠦᠢᠳᠬᠡᠯ ᠲᠤᠰᠢᠶᠠᠬᠤ ᠪᠣᠯ ᠡᠮᠴᠢᠯᠡᠭᠡᠨ᠎ᠦ ᠳᠠᠭᠠᠳᠬᠠᠯ᠎ᠤᠨ ᠬᠠᠷᠠᠭᠠᠯᠵᠠᠯ ᠭᠥᠷᠳᠡᠬᠦ᠎ᠶᠢᠨ ᠤᠷᠢᠲᠠᠯ ᠨᠥᠬᠥᠴᠡᠯ ᠮᠥᠨ᠃ ᠲᠡᠷᠡ ᠨᠢ ᠪᠡᠯᠡ ᠮᠥᠩᠭᠥᠨ᠎ᠦ ᠢᠷᠡᠯᠲᠡ ᠶ᠋ᠢᠨ ᠨᠢᠭᠡ ᠬᠡᠰᠡᠭ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠨᠢᠭᠡ ᠵᠦᠢᠯ᠎ᠦᠨ ᠬᠠᠷᠢᠭᠤᠴᠠᠯᠭᠠᠲᠤ ᠦᠵᠡᠯ ᠤᠬᠠᠮᠰᠠᠷ᠎ᠤᠨ ᠢᠯᠡᠷᠡᠯ ᠪᠣᠯᠬᠤ ᠶᠤᠮ᠃ ᠬᠤᠪᠢ ᠬᠥᠮᠥᠨ᠎ᠦ ᠤᠷᠤᠯᠴᠠᠯᠭ᠎ᠠ ᠪᠠ ᠣᠷᠣᠭᠤᠯᠤᠯᠲᠠ ᠪᠠᠢᠬᠤ ᠦᠭᠡᠢ ᠪᠣᠯ ᠡᠮᠴᠢᠯᠡᠭᠡᠨ᠎ᠦ ᠳᠠᠭᠠᠳᠬᠠᠯ᠎ᠤᠨ ᠳᠦᠷᠢᠮ ᠨᠢ ᠳᠠᠷᠤᠢ ᠣᠯᠠᠨ ᠲᠦᠮᠡᠨ᠎ᠦ ᠰᠠᠭᠤᠷᠢ ᠪᠠ ᠦᠷᠭᠦᠯᠵᠢᠯᠡᠬᠦ ᠴᠢᠨᠠᠷ᠎ᠢᠶᠠᠨ ᠠᠯᠳᠠᠬᠤ ᠪᠣᠯᠣᠨ᠎ᠠ᠃ 

  2. ᠦᠨᠡᠨ᠎ᠳᠡᠭᠡᠨ ᠤᠯᠤᠰ ᠠ᠋ᠴᠠ ᠴᠢᠨᠦ ᠲᠥᠯᠥᠭᠡ ᠶᠡᠬᠡᠩᠬᠢ ᠶ᠋ᠢ ᠨᠢ ᠭᠠᠷᠭᠠᠭᠰᠠᠨ᠂ ᠴᠢ ᠵᠥᠪᠬᠡᠨ ᠪᠠᠭ᠎ᠠ ᠬᠡᠰᠡᠭ᠎ᠢ ᠯᠡ ᠭᠠᠷᠭ᠋ᠠᠨ᠎ᠠ 

  ᠮᠠᠰᠢ ᠣᠯᠠᠨ ᠬᠥᠮᠥᠨ ᠡᠮᠴᠢᠯᠡᠭᠡᠨ᠎ᠦ ᠳᠠᠭᠠᠳᠬᠠᠯ᠎ᠢ 《ᠬᠤᠪᠢ ᠬᠥᠮᠥᠨ᠎ᠦ ᠪᠦᠷᠢᠨ ᠲᠤᠰᠢᠶᠠᠯᠲᠠ》 ᠭᠡᠵᠦ ᠦᠵᠡᠳᠡᠭ ᠪᠣᠯᠪᠠᠴᠤ ᠦᠨᠡᠨ᠎ᠳᠡᠭᠡᠨ ᠲᠡᠶ᠋ᠢᠮᠦ ᠪᠢᠰᠢ ᠶᠤᠮ᠃ ᠣᠲᠣ᠌᠎ᠶᠢᠨ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠬᠠᠯ ᠪᠣᠯ 《 ᠵᠠᠰᠠᠭ᠎ᠤᠨ ᠣᠷᠳᠣᠨ᠎ᠤ ᠨᠥᠬᠥᠪᠦᠷᠢ + ᠬᠤᠪᠢ ᠬᠥᠮᠥᠨ᠎ᠦ ᠰᠦᠢᠳᠬᠡᠯ ᠲᠤᠰᠢᠶᠠᠬᠤ 》 ᠬᠠᠮᠲᠤ᠎ᠳᠦ᠎ᠪᠡᠨ ᠵᠤᠭᠤᠰ ᠭᠠᠷᠭᠠᠬᠤ ᠶᠠᠪᠤᠳᠠᠯ ᠪᠣᠯᠣᠨ᠎ᠠ᠃

  2025 ᠣᠨ᠎ᠢᠶᠠᠷ ᠠᠪᠴᠤ ᠬᠡᠯᠡᠬᠦ᠎ᠳᠦ᠂ ᠨᠢᠭᠡ ᠬᠥᠮᠥᠨ᠎ᠦ ᠨᠢᠭᠡ ᠵᠢᠯ᠎ᠦᠨ ᠡᠮᠴᠢᠯᠡᠭᠡᠨ᠎ᠦ ᠳᠠᠭᠠᠳᠬᠠᠯ  ᠨᠢ ᠨᠡᠶ᠋ᠢᠲᠡ 1100 ᠲᠥᠭᠥᠷᠢᠭ ᠲᠤᠰᠢᠶᠠᠬᠤ ᠬᠡᠷᠡᠭᠲᠡᠢ᠂ ᠡᠭᠦᠨ᠎ᠳᠦ ᠤᠯᠤᠰ᠎ᠤᠨ ᠡᠳ᠋᠎ᠦᠨ ᠵᠠᠰᠠᠭ᠎ᠤᠨ ᠨᠥᠬᠥᠪᠦᠷᠢ 700 ᠲᠥᠭᠥᠷᠢᠭ ᠪᠠᠢᠵᠤ᠂ ᠬᠤᠪᠢ ᠬᠥᠮᠥᠨ 400 ᠲᠥᠭᠥᠷᠢᠭ ᠯᠡ ᠭᠠᠷᠭᠠᠨ᠎ᠠ ᠃ ᠥᠭᠡᠷ᠎ᠡ᠎ᠪᠡᠷ ᠬᠡᠯᠡᠪᠡᠯ᠂ ᠤᠯᠤᠰ᠎ᠠᠴᠠ ᠭᠠᠷᠭᠠᠭᠰᠠᠨ ᠵᠣᠭᠣᠰ ᠴᠢᠨᠦᠬᠢ᠎ᠡᠴᠡ ᠬᠤᠯᠠ ᠠᠷᠪᠢᠨ ᠪᠠᠢᠨ᠎ᠠ!

  ᠲᠠ ᠢᠩᠭᠢᠵᠦ ᠪᠤᠳᠤᠵᠤ ᠪᠣᠯᠣᠨ᠎ᠠ᠄ ᠲᠠ 400 ᠲᠥᠭᠥᠷᠢᠭ ᠲᠤᠰᠢᠶᠠᠪᠠᠯ᠂ ᠤᠯᠤᠰ᠎ᠠᠴᠠ ᠲᠠᠨ᠎ᠳᠤ ᠪᠠᠰᠠ 700 ᠲᠥᠭᠥᠷᠢᠭ ᠨᠡᠮᠡᠵᠦ ᠥᠭᠭᠦᠨ᠎ᠡ᠂ ᠨᠡᠢ᠍ᠢᠳᠡ 1100 ᠲᠥᠭᠥᠷᠢᠭ᠎ᠢ ᠨᠢᠭᠡ 《ᠶᠡᠬᠡ ᠲᠠᠲᠠᠭᠠᠯ》 ᠎ᠳᠦ ᠬᠢᠵᠦ ᠣᠷᠣᠭᠤᠯᠤᠨ᠎ᠠ᠃ ᠡᠨᠡ ᠬᠦ᠌ ᠲᠠᠲᠠᠭᠠᠯ᠎ᠤᠨ ᠵᠣᠭᠣᠰ ᠪᠣᠯ ᠳᠠᠷᠤᠢ ᠣᠯᠠᠨ᠎ᠤ ᠡᠪᠡᠳᠴᠢᠨ ᠦᠵᠡᠭᠦᠯᠬᠦ᠎ᠳᠦ ᠵᠠᠷᠤᠭᠰᠠᠨ ᠵᠠᠷᠤᠳᠠᠯ ᠢ᠋ ᠲᠠᠩᠰᠠ ᠳᠡᠶ᠋ᠢᠯᠵᠦ ᠥᠭᠬᠦ᠎ᠶᠢᠨ ᠲᠥᠯᠥᠭᠡ ᠶᠤᠮ ᠃ ᠴᠢ ᠡᠪᠡᠳᠴᠢᠯᠡᠭᠰᠡᠨ ᠦᠭᠡᠢ ᠪᠣᠯ᠂ ᠵᠣᠭᠣᠰ᠎ᠢᠶᠠᠨ ᠪᠤᠰᠤᠳ᠎ᠲᠤ ᠬᠡᠷᠡᠭᠯᠡᠭᠦᠯᠵᠦ᠂ ᠴᠢ ᠡᠪᠡᠳᠴᠢᠯᠡᠭᠰᠡᠨ ᠪᠣᠯ᠂ ᠲᠠᠲᠠᠭᠠᠯ᠎ᠳᠠᠬᠢ ᠵᠣᠭᠣᠰ᠎ᠢᠶᠠᠷ ᠴᠢᠮᠠᠢ ᠬᠠᠪᠰᠤᠷᠤᠨ᠎ᠠ᠃

   ᠦᠨᠡᠨ᠎ᠳᠡᠭᠡᠨ᠂ ᠡᠢᠮᠦᠷᠬᠦ᠌ ᠪᠦᠲᠦᠴᠡ᠎ᠶᠢᠨ ᠵᠢᠷᠤᠭ ᠲᠥᠯᠥᠪᠯᠡᠭᠡ ᠨᠢ ᠤᠯᠤᠰ᠎ᠠ᠋ᠴᠠ ᠠᠷᠠᠳ᠎ᠤ᠋ᠨ ᠠᠮᠢᠳᠤᠷᠠᠯ᠎ᠳ᠋ᠤ ᠳᠡᠭᠡᠳᠦ ᠬᠡᠮᠵᠢᠶ᠎ᠡ᠎ᠪᠡᠷ ᠬᠠᠷᠢᠭᠤᠴᠠᠵᠤ ᠪᠠᠢᠬᠤ᠎ᠶᠢ ᠬᠠᠷᠠᠭᠤᠯᠵᠤ᠂ ᠡᠭᠦᠨ᠎ᠦ᠌ ᠬᠠᠮᠲᠤ ᠪᠠᠰᠠ ᠬᠤᠪᠢ ᠬᠥᠮᠦᠨ᠎ᠦ᠌ ᠬᠠᠷᠢᠭᠤᠴᠠᠯᠭ᠎ᠠ᠎ᠶᠢ ᠴᠢᠬᠤᠯᠠᠴᠢᠯᠠᠭ᠍ᠰᠠᠨ ᠪᠠᠢᠨ᠎ᠠ᠃ ᠬᠡᠷᠪᠡ ᠡᠳ᠋᠎ᠤᠨ ᠵᠠᠰᠠᠭ᠎ᠠᠴᠠ ᠦᠨᠳᠦᠰᠦᠨ ᠵᠦᠢᠯ᠎ᠢ᠎ᠨᠢ ᠪᠠᠲᠤᠯᠠᠵᠤ᠂ ᠡᠳ᠋᠎ᠤᠨ ᠵᠠᠰᠠᠭ᠎ᠤᠨ ᠳᠠᠷᠤᠯᠲᠠ ᠯᠤᠲᠤ ᠶᠡᠭᠡ ᠪᠠᠢᠬᠤ᠎ᠪᠠᠷ ᠪᠠᠷᠠᠬᠤ ᠦᠭᠡᠢ ᠪᠠᠰᠠ 《ᠲᠥᠬᠦᠮ ᠲᠡᠷᠭᠡᠨ᠎ᠳᠤ ᠰᠠᠭᠤᠬᠤ》 ᠰᠡᠳᠭᠢᠴᠡ᠎ᠶ᠋ᠢ ᠪᠣᠶ ᠪᠣᠯᠭᠠᠵᠤ᠂ ᠣᠯᠠᠨ ᠨᠡᠢᠲᠡ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠲᠦᠷᠢᠮ᠎ᠤᠨ ᠲᠤᠬᠠᠶ ᠮᠡᠳᠡᠷᠡᠮᠵᠢ ᠪᠠ ᠬᠠᠷᠢᠭᠤᠴᠠᠯᠭᠠᠲᠤ ᠰᠡᠳᠭᠢᠯᠭᠡ᠎ᠶ᠋ᠢ ᠪᠠᠭᠤᠷᠠᠭᠤᠯᠬᠤ ᠪᠣᠯᠤᠨ᠎ᠠ᠃ ᠬᠤᠪᠢ ᠬᠥᠮᠦᠨ ᠰᠦᠢᠳᠭᠡᠯ ᠲᠤᠱᠢᠶᠠᠬᠤ᠎ᠪᠠᠷ ᠳᠠᠮᠵᠢᠭᠤᠯᠤᠨ᠂ ᠳᠠᠭᠠᠳᠭᠠᠯ᠎ᠳᠤ ᠣᠷᠣᠯᠴᠠᠭ᠍ᠰᠠᠳ ᠥᠪᠡᠷ᠎ᠢ᠎ᠪᠠᠨ ᠡᠮᠴᠢᠯᠡᠭᠡᠨ᠎ᠦ ᠳᠠᠭᠠᠳᠭᠠᠯ᠎ᠤᠨ ᠲᠦᠷᠢᠮ᠎ᠤᠨ ᠣᠷᠣᠯᠴᠠᠭ᠍ᠴᠢ ᠪᠠ ᠠᠱᠢᠭ ᠬᠦᠷᠲᠡᠭ᠌ᠴᠢ ᠮᠥᠨ ᠭᠡᠳᠡᠭ᠎ᠢ ᠨᠠᠩ ᠱᠢᠭᠤᠳ ᠣᠢᠯᠠᠭᠠᠵᠤ᠂ ᠡᠭᠦᠨ᠎ᠤ ᠤᠯᠠᠮ᠎ᠠᠴᠠ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠦᠵᠡᠯ ᠤᠬᠠᠮᠰᠠᠷ᠎ᠢᠶᠠᠨ ᠨᠡᠮᠡᠭ᠌ᠳᠡᠭᠦᠯᠵᠦ᠍᠂ ᠬᠡᠲᠦ ᠡᠮᠴᠢᠯᠡᠭᠡ᠂ ᠳᠠᠭᠠᠳᠭᠠᠯ᠎ᠤᠨ ᠮᠡᠬᠡᠯᠡᠬᠦ᠌᠎ᠶ᠋ᠢ ᠪᠠᠭᠠᠰᠭᠠᠬᠤ ᠵᠡᠷᠭᠡ ᠦᠢᠯᠡ ᠠᠵᠢᠯᠯᠠᠭ᠎ᠠ ᠡᠭᠦᠰᠭᠦ᠎ᠶ᠋ᠢ ᠪᠠᠭᠠᠰᠭᠠᠵᠤ ᠴᠢᠳᠠᠨ᠎ᠠ᠃

  ᠬᠣᠶᠠᠳᠤᠭᠠᠷ ᠠᠰᠠᠭᠤᠯᠲᠠ ᠄ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭ᠋ᠠᠳᠬᠠᠯ᠎ᠤᠨ ᠵᠠᠷᠤᠳᠠᠯ ᠶᠠᠭᠠᠬᠢᠭᠠᠳ ᠵᠢᠯ ᠳᠠᠷᠠᠭᠠᠯᠠᠨ ᠦᠰᠴᠦ ᠪᠠᠢ᠌ᠬᠤ ᠪᠣᠢ?

  ᠣᠢᠷ᠎ᠠ᠎ᠶ᠋ᠢᠨ ᠵᠢᠯ᠎ᠤᠳ᠎ᠲᠤ᠌᠂ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ ᠬᠤᠪᠢ ᠬᠥᠮᠥᠨ᠎ᠤ ᠰᠦᠢᠳᠭᠡᠯ ᠲᠤᠱᠢᠶᠠᠬᠤ ᠪᠠᠷᠢᠮᠵᠢᠶ᠎ᠠ ᠵᠢᠯ ᠳᠠᠷᠠᠭᠠᠯᠠᠨ ᠳᠡᠭᠡᠭ᠌ᠰᠢᠯᠡᠬᠦ᠌ ᠬᠠᠨᠳᠤᠰᠢ᠎ᠲᠠᠢ ᠪᠣᠯᠵᠤ᠂ ᠠᠩᠬᠠᠨ᠎ᠤ ᠬᠡᠳᠦᠨ ᠠᠷᠪᠠᠨ ᠲᠥᠭᠦᠷᠢᠭ᠎ᠠᠴᠠ ᠣᠲᠣ ᠳᠥᠷᠪᠡᠨ ᠵᠠᠭᠤᠨ ᠲᠥᠭᠦᠷᠢᠭ ᠪᠣᠯᠲᠠᠯ᠎ᠠ ᠥᠰᠴᠦ᠍᠂ ᠬᠡᠰᠡᠭ ᠣᠯᠠᠨ ᠲᠦᠮᠡᠨ ᠡᠭᠦᠨ᠎ᠳᠤ ᠰᠠᠨᠠᠭᠠᠱᠢᠷᠠᠵᠤ ᠪᠠᠢᠬᠤ᠎ᠪᠠᠨ ᠢᠯᠡᠳᠭᠡᠵᠦ᠍᠄ 《ᠵᠢᠯ ᠪᠦᠷᠢ ᠥᠰᠴᠦ᠍᠂ ᠬᠤᠢᠱᠢᠳᠠ ᠲᠤᠱᠢᠶᠠᠵᠤ ᠳᠡᠢᠯᠬᠦ᠌ ᠦᠭᠡᠢ ᠪᠣᠯᠵᠠᠢ》 ᠭᠡᠵᠦ᠍ ᠰᠠᠨᠠᠭᠠᠱᠢᠷᠠᠵᠤ ᠪᠠᠢᠨ᠎ᠠ᠃ ᠡᠭᠦᠨ᠎ᠳᠤ᠂ ᠪᠢᠳᠡ ᠡᠨᠡ ᠬᠦ᠌ ᠦᠵᠡᠭ᠌ᠳᠡᠯ᠎ᠤᠨ ᠠᠷᠤ᠎ᠳᠠᠬᠢ ᠭᠦᠨ ᠳᠠᠪᠬᠤᠷᠭ᠎ᠠ᠎ᠶ᠋ᠢᠨ ᠱᠢᠯᠲᠠᠭᠠᠨ᠎ᠢ ᠣᠶᠤᠨᠴᠢ᠎ᠪᠠᠷ ᠦᠵᠡᠬᠦ᠌ ᠬᠡᠷᠡᠭ᠌ᠲᠡᠢ᠃

  1. ᠡᠮᠴᠢᠯᠡᠭᠡᠨ᠎ᠦ ᠥᠪᠡᠷ᠎ᠦᠨ ᠥᠷᠲᠡᠭ ᠦᠷᠭᠦᠯᠵᠢᠯᠡᠨ ᠳᠡᠭᠡᠭᠰᠢᠯᠡᠭᠰᠡᠨ ᠶᠠᠪᠤᠳᠠᠯ ᠪᠣᠯ ᠦᠨᠳᠦᠰᠦᠨ ᠰᠢᠯᠲᠠᠭᠠᠨ ᠮᠥᠨ 

  ᠠᠵᠤ ᠠᠬᠤᠢ ᠨᠡᠢᠭᠡᠮ᠎ᠦᠨ ᠬᠥᠭ᠌ᠵᠢᠯᠲᠡ ᠪᠣᠯᠣᠨ ᠠᠨᠠᠭᠠᠬᠤ ᠤᠬᠠᠭᠠᠨ᠎ᠤ ᠮᠡᠷᠭᠡᠵᠢᠯ᠎ᠦᠨ ᠳᠠᠪᠱᠢᠯᠲᠠ᠎ᠶ᠋ᠢ ᠳᠠᠭᠠᠯᠳᠤᠨ᠂ ᠡᠮ ᠡᠮᠨᠡᠯᠭᠡ᠎ᠶ᠋ᠢᠨ ᠦᠢᠯᠡᠴᠢᠯᠡᠭᠡᠨ᠎ᠦ ᠦᠨ᠎ᠡ ᠴᠤ᠌ ᠲᠠᠰᠤᠷᠠᠯᠲᠠ ᠦᠭᠡᠢ ᠥᠰᠴᠦ᠍ ᠪᠠᠢᠨ᠎ᠠ ᠃ 《ᠪᠦᠬᠦ᠌ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠲᠤᠭ᠎ᠠ ᠪᠦᠷᠢᠳᠭᠡᠯ᠎ᠤᠨ ᠠᠯᠪᠠᠨ ᠮᠡᠳᠡᠭᠡ》 ᠎ᠶ᠋ᠢᠨ ᠲᠤᠭ᠎ᠠ ᠪᠠᠷᠢᠮᠲᠠ᠎ᠠᠴᠠ ᠦᠵᠡᠪᠡᠯ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠮᠨᠡᠯᠭᠡ᠎ᠳᠤ ᠰᠠᠭᠤᠭ᠍ᠰᠠᠨ ᠳᠤᠮᠳᠠᠴᠢ ᠵᠠᠷᠤᠳᠠᠯ 2018 ᠣᠨ᠎ᠳᠤ 6577 ᠲᠥᠭᠦᠷᠢᠭ ᠪᠠᠢᠭ᠍ᠰᠠᠨ᠎ᠠᠴᠠ᠎ᠪᠠᠨ 2024 ᠣᠨ᠎ᠳᠤ 7408 ᠲᠥᠭᠦᠷᠢᠭ ᠪᠣᠯᠵᠤ ᠳᠡᠭᠡᠭ᠌ᠰᠢᠯᠡᠪᠡ᠃ ᠡᠮ᠎ᠤᠨ ᠵᠦᠢᠯ᠂ ᠬᠤᠷᠣᠭ᠍ᠳᠠᠯ ᠮᠠᠲ᠋ᠧᠷᠢᠶᠠᠯ᠂ ᠪᠠᠢᠴᠠᠭᠠᠯᠲᠠ᠎ᠶ᠋ᠢᠨ ᠲᠥᠷᠥᠯ ᠵᠦᠢᠯ᠎ᠤᠨ ᠦᠨ᠎ᠡ ᠬᠠᠩᠰᠢ᠎ᠶ᠋ᠢᠨ ᠳᠡᠭᠡᠭ᠌ᠰᠢᠯᠡᠯᠲᠡ ᠵᠢᠴᠢ ᠱᠢᠨ᠎ᠡ ᠡᠮ ᠱᠢᠨ᠎ᠡ ᠮᠡᠷᠭᠡᠵᠢᠯ᠎ᠤᠨ ᠬᠡᠷᠡᠭ᠌ᠯᠡᠯᠲᠡ (ᠵᠢᠱ᠌ᠢᠶᠡᠯᠡᠪᠡᠯ ᠬᠠᠨᠳᠤᠯᠭᠠᠲᠤ ᠡᠮ᠂ ᠡᠭᠡᠯᠢᠯᠡᠭᠡ᠎ᠶ᠋ᠢᠨ ᠵᠠᠰᠠᠯᠲᠠ᠂ ᠮᠡᠰᠡ ᠵᠠᠰᠠᠯ᠎ᠳᠤ ᠣᠷᠣᠯᠴᠠᠬᠤ ᠵᠡᠷᠭᠡ) ᠴᠥᠮ ᠪᠦᠬᠦᠯᠢ ᠴᠣᠭ᠍ᠴᠠ᠎ᠶ᠋ᠢᠨ ᠡᠮᠴᠢᠯᠡᠭᠡᠨ᠎ᠤ ᠵᠠᠷᠤᠯᠭ᠎ᠠ᠎ᠶ᠋ᠢ ᠨᠡᠮᠡᠭ᠌ᠳᠡᠭᠦᠯᠦᠭ᠌ᠰᠡᠨ ᠪᠠᠢᠨ᠎ᠠ᠃

  ᠡᠭᠦᠨ᠎ᠦ ᠬᠠᠮᠲᠤ᠌᠂ ᠮᠠᠨ᠎ᠤ ᠤᠯᠤᠰ᠎ᠤᠨ ᠨᠠᠰᠤᠵᠢᠯᠲᠠ᠎ᠶ᠋ᠢᠨ ᠬᠡᠮᠵᠢᠶ᠎ᠡ ᠲᠠᠰᠤᠷᠠᠯᠲᠠ᠎ᠦᠭᠡᠢ ᠭᠦᠨᠵᠡᠭᠡᠢ᠌ᠷᠡᠪᠡ᠃ 2023 ᠣᠨ᠎ᠤ ᠡᠴᠦᠰ ᠪᠣᠯᠲᠠᠯ᠎ᠠ᠂ ᠪᠥᠬᠦ᠌ ᠤᠯᠤᠰ᠎ᠤᠨ 60 ᠨᠠᠰᠤ ᠵᠢᠴᠢ ᠲᠡᠭᠦᠨ᠎ᠠᠴᠠ ᠳᠡᠭᠡᠭ᠌ᠰᠢᠬᠢ ᠬᠥᠮᠦᠨ ᠠᠮᠠ ᠨᠢᠭᠡᠨᠲᠡ 2.97 ᠳ᠋ᠦᠩᠱᠢᠭᠤᠷ᠎ᠲᠤ ᠬᠦᠷᠴᠦ᠍᠂ ᠶᠡᠷᠦᠩᠬᠡᠶ ᠬᠥᠮᠦᠨ ᠠᠮᠠ᠎ᠶ᠋ᠢᠨ 21% ᠎ᠠᠴᠠ ᠳᠡᠭᠡᠭ᠌ᠰᠢᠬᠢ᠎ᠶ᠋ᠢ ᠡᠵᠡᠯᠡᠪᠡ᠃ ᠨᠠᠰᠤᠲᠠᠢᠴᠤᠳ᠎ᠤᠨ ᠤᠳᠠᠭᠠᠨ ᠴᠢᠨᠠᠷᠲᠠᠶ ᠡᠪᠡᠳᠴᠢᠨ ᠡᠭᠦᠰᠭᠦ ᠨᠣᠷᠮ᠎ᠠ ᠥᠨᠳᠥᠷ᠂ ᠡᠮᠴᠢᠯᠡᠭᠡᠨ᠎ᠤ ᠬᠡᠷᠡᠭ᠌ᠴᠡᠭᠡ ᠱᠠᠭᠠᠷᠳᠠᠯᠭ᠎ᠠ ᠶᠡᠭᠡ᠂ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠭᠤᠤᠯ ᠬᠡᠷᠡᠭ᠌ᠯᠡᠬᠦ᠌ ᠬᠠᠮᠲᠤᠯᠢᠭ ᠪᠣᠯᠤᠨ᠎ᠠ᠃ ᠵᠢᠱ᠌ᠢᠵᠤ ᠪᠤᠲᠣᠬ᠍ᠰᠠᠨ ᠵᠢᠠᠷ ᠂ 60 ᠨᠠᠰᠣᠠ ᠡᠴᠠ ᠲᠠᠭᠡᠭ᠌ᠰᠢᠭᠢ ᠬᠦᠮᠦᠰ᠎ᠤᠨ ᠡᠮ ᠡᠮᠨᠠᠯᠭᠡ᠎ᠶ᠋ᠢᠨ ᠵᠠᠷᠣᠲᠠᠯ᠎ᠤᠨ ᠵᠠᠷᠣᠯᠭ᠎ᠠ ᠪᠤᠯ ᠵᠠᠯᠠᠭᠣᠴᠣᠣᠠ᠎ᠤᠨ 3 ᠡᠴᠠ 5 ᠲᠠᠭᠢᠠ      ᠶᠣᠮ ᠃ ᠡᠢᠮᠦᠷᠬᠦ᠌ 《 ᠡᠪᠡᠳᠴᠢᠨ᠎ᠦ᠌ ᠴᠠᠳᠢᠭ》 ᠎ᠤ᠋ᠨ ᠬᠤᠪᠢᠷᠠᠯᠲᠠ ᠨᠢ ᠡᠮᠴᠢᠯᠡᠭᠡᠨ᠎ᠦ ᠳᠠᠭᠠᠳᠭᠠᠯ᠎ᠤ᠋ᠨ ᠰᠠᠭᠤᠷᠢ ᠮᠦᠩᠭᠦ᠎ᠳ᠋ᠦ᠍ ᠯᠤᠲᠤ ᠶᠡᠬᠡ ᠲᠥᠯᠥᠪᠦᠷᠢ᠎ᠶᠢᠨ ᠳᠠᠷᠤᠯᠲᠠ ᠲᠤᠯᠭᠠᠷᠠᠵᠤ ᠪᠠᠢᠨ᠎ᠠ᠃

  2. ᠬᠠᠷᠠᠭᠠᠯᠵᠠᠯ᠎ᠤᠨ ᠬᠢᠷᠢ ᠲᠦᠪᠱᠢᠨ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠬᠦ᠌᠎ᠳᠤ᠂ ᠪᠡᠯᠡ ᠮᠥᠩᠭᠦ᠎ᠶ᠋ᠢᠨ ᠲᠤᠯᠭᠠᠭᠤᠷᠢᠯᠠᠯ ᠱᠠᠭᠠᠷᠳᠠᠭ᠍ᠳᠠᠨ᠎ᠠ

   ᠡᠮᠴᠢᠯᠡᠭᠡᠨ᠎ᠦ ᠳᠠᠭᠠᠳᠭᠠᠯ᠎ᠤᠨ ᠰᠦᠢᠳᠭᠡᠯ ᠲᠤᠱᠢᠶᠠᠬᠤ᠎ᠨᠢ ᠵᠥᠪᠬᠡᠨ 《ᠦᠨ᠎ᠡ ᠦᠰᠭᠦ》 ᠲᠡᠳᠦᠢ ᠪᠢᠰᠢ᠂ ᠬᠠᠷᠢᠨ ᠬᠠᠷᠠᠭᠠᠯᠵᠠᠯ᠎ᠤᠨ ᠬᠢᠷᠢ ᠲᠦᠪᠰᠢᠨ᠎ᠦ ᠢᠯᠡᠳᠲᠡ ᠳᠡᠭᠡᠭᠰᠢᠯᠡᠬᠦ᠎ᠶᠢ ᠳᠠᠭᠠᠯᠳᠤᠵᠤ ᠪᠠᠢᠨ᠎ᠠ᠃ ᠳᠠᠭᠠᠳᠭᠠᠯ᠎ᠤᠨ ᠵᠠᠷᠤᠳᠠᠯ ᠨᠢᠭᠡᠪᠦᠷᠢ ᠴᠥᠮ ᠨᠠᠩ ᠥᠷᠭᠡᠨ ᠪᠠᠲᠤᠯᠠᠭ᠎ᠠ᠎ᠶ᠋ᠢᠨ ᠬᠡᠪᠴᠢᠶ᠎ᠡ ᠪᠠ ᠨᠠᠩ ᠥᠨᠳᠥᠷ ᠳᠠᠩᠰᠠ ᠲᠠᠢᠯᠬᠤ ᠬᠠᠷᠢᠴᠠᠯ᠎ᠲᠠᠢ ᠵᠣᠬᠢᠴᠠᠯᠳᠤᠵᠤ ᠪᠠᠢᠨ᠎ᠠ ᠭᠡᠵᠦ᠍ ᠬᠡᠯᠡᠵᠦ᠍ ᠪᠣᠯᠤᠨ᠎ᠠ᠃

  ᠶᠠᠭᠤᠨ᠎ᠤ ᠡᠮᠦᠨ᠎ᠡ᠂ ᠡᠮᠨᠡᠯᠭᠡ᠎ᠳᠦ ᠰᠠᠭᠤᠵᠤ ᠳᠠᠩᠰᠠ ᠲᠠᠢ᠌ᠯᠬᠤ ᠬᠠᠷᠢᠴᠠᠯ ᠦᠷᠭᠦᠯᠵᠢᠯᠡᠨ ᠳᠡᠭᠡᠭ᠌ᠱᠢᠯᠡᠪᠡ᠃ ᠣᠳᠣᠬᠠᠨ᠎ᠳᠤ᠂ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠨ᠎ᠳᠤ ᠡᠮᠨᠡᠯᠭᠡ᠎ᠳᠤ ᠰᠠᠭᠤᠭ᠍ᠰᠠᠨ ᠵᠠᠷᠤᠳᠠᠯ᠎ᠤᠨ ᠲᠠᠩᠰᠠ ᠲᠠᠢᠯᠬᠤ ᠬᠠᠷᠢᠴᠠᠯ᠎ᠢ ᠨᠢᠭᠡᠨᠲᠡ 70% ᠣᠷᠴᠢᠮ᠎ᠳᠤ ᠲᠣᠭ᠍ᠲᠠᠪᠤᠷᠢᠵᠢᠭᠤᠯᠵᠤ᠂ ᠬᠥᠳᠡᠭᠡ ᠲᠣᠰᠭᠤᠨ᠎ᠤ ᠱᠢᠨ᠎ᠡ ᠮᠠᠶᠢᠭ᠎ᠤᠨ ᠬᠤᠷᠱᠢᠭ᠍ᠰᠠᠨ ᠡᠮᠨᠡᠯᠭᠡ᠎ᠶ᠋ᠢᠨ ᠡᠬᠢᠨ᠎ᠤ ᠬᠤᠭᠤᠴᠠᠭᠠᠨ᠎ᠤ 35% ᠎ᠲᠠᠢ ᠬᠠᠷᠢᠴᠠᠭᠤᠯᠪᠠᠯ ᠬᠤᠶᠠᠷ ᠳᠠᠬᠢᠨ ᠨᠡᠮᠡᠭ᠌ᠳᠡᠪᠡ᠃ ᠨᠢᠭᠡ ᠤᠳᠠᠭ᠎ᠠ᠎ᠳᠤ 5 ᠲᠦᠮᠡᠨ ᠲᠥᠭᠦᠷᠢᠭ ᠵᠠᠷᠤᠴᠠᠭᠤᠯᠤᠭ᠍ᠰᠠᠨ ᠡᠮᠨᠡᠯᠭᠡ᠎ᠳᠤ ᠰᠠᠭᠤᠬᠤ᠎ᠪᠠᠷ ᠵᠢᠱ᠌ᠢᠶᠡᠯᠡᠪᠡᠯ᠂ ᠠᠷᠪᠠᠨ ᠵᠢᠯ᠎ᠤᠨ ᠡᠮᠦᠨ᠎ᠡ ᠵᠥᠪᠬᠡᠨ 1.75 ᠲᠦᠮᠡᠨ ᠲᠥᠭᠦᠷᠢᠭ ᠲᠠᠩᠰᠠ ᠲᠠᠢᠯᠬᠤ ᠪᠣᠯᠤᠯᠴᠠᠭ᠎ᠠ᠎ᠲᠠᠢ᠂ ᠭᠡᠲᠡᠯ᠎ᠡ ᠣᠲᠣ ᠪᠠᠷᠤᠭ 3.5 ᠲᠦᠮᠡᠨ ᠲᠥᠭᠦᠷᠢᠭ ᠲᠠᠩᠰᠠ ᠲᠠᠢᠯᠵᠤ᠂ ᠬᠤᠪᠢ ᠬᠥᠮᠦᠨ᠎ᠤ ᠥᠪᠡᠰᠦᠪᠡᠨ ᠭᠠᠷᠭᠠᠬᠤ ᠬᠡᠰᠡᠭ ᠶᠡᠭᠡ ᠬᠡᠮᠵᠢᠶ᠎ᠡ᠎ᠪᠠᠷ ᠪᠠᠭᠠᠰᠤᠭ᠍ᠰᠠᠨ ᠪᠠᠢᠨ᠎ᠠ᠃

  ᠳᠠᠷᠠᠭᠠᠯᠠᠪᠠᠯ᠂ ᠡᠭᠦᠳᠡᠨ ᠡᠮᠨᠡᠯᠭᠡ᠎ᠶ᠋ᠢᠨ ᠪᠠᠲᠤᠯᠠᠭ᠎ᠠ ᠲᠠᠰᠤᠷᠠᠯᠲᠠ ᠦᠭᠡᠢ ᠴᠢᠩᠭᠠᠷᠠᠪᠠ᠃ ᠥᠩᠭᠡᠷᠡᠭ᠌ᠰᠡᠨ᠎ᠳᠦ᠂ ᠰᠠᠭᠤᠭᠠᠯᠢ ᠠᠷᠠᠳ᠎ᠤᠨ ᠡᠮ ᠡᠮᠨᠡᠯᠭᠡ᠎ᠶᠢᠨ ᠳᠠᠭᠠᠳᠬᠠᠯ ᠨᠢ ᠭᠣᠣᠯᠳᠠᠭᠤ ᠡᠮᠨᠡᠯᠭᠡ᠎ᠳᠦ ᠰᠠᠭᠤᠬᠤ᠎ᠶᠢ ᠪᠠᠲᠤᠯᠠᠨ᠎ᠠ᠂ ᠡᠭᠦᠳᠡᠨ ᠡᠮᠨᠡᠯᠭᠡ᠎ᠶᠢᠨ ᠵᠠᠷᠤᠳᠠᠯ᠎ᠢ ᠦᠪᠡᠰᠦᠪᠡᠨ ᠭᠠᠷᠭ᠋ᠠᠨ᠎ᠠ᠃ ᠣᠢᠷ᠎ᠠ᠎ᠶ᠋ᠢᠨ ᠵᠢᠯ᠎ᠤᠳ᠎ᠲᠤ᠌᠂ ᠡᠯ᠎ᠡ ᠭᠠᠵᠠᠷ᠎ᠤᠨ᠎ᠬᠢᠨ ᠡᠭᠦᠳᠡᠨ ᠡᠮᠨᠡᠯᠭᠡ᠎ᠶ᠋ᠢ ᠨᠢᠭᠡᠳᠦᠯᠲᠡᠶ ᠲᠥᠯᠥᠪᠵᠢᠭᠦᠯᠬᠦ᠌ ᠲᠦᠷᠢᠮ᠎ᠢ ᠨᠡᠢᠳᠡᠮ ᠪᠠᠢᠭᠤᠯᠤᠭ᠍ᠰᠠᠨ ᠪᠥᠭᠡᠳ ᠴᠢᠰᠤᠨ ᠳᠠᠷᠤᠯᠲᠠ ᠥᠨᠳᠥᠷ᠂ ᠱᠢᠬᠢᠷ ᠱᠢᠵᠢᠩ ᠡᠪᠡᠳᠴᠢᠨ ᠵᠡᠷᠭᠡ ᠪᠠᠢᠩᠭᠤ ᠲᠣᠬᠢᠶᠠᠯᠳᠤᠳᠠᠭ ᠤᠳᠠᠭᠠᠨ ᠴᠢᠨᠠᠷᠲᠠᠶ ᠡᠪᠡᠳᠴᠢᠨ᠎ᠢ ᠲᠤᠰᠭᠠᠶ ᠵᠦᠢᠯ᠎ᠤᠨ ᠪᠠᠲᠤᠯᠠᠭ᠎ᠠ᠎ᠳᠤ ᠣᠷᠣᠭᠤᠯᠤᠭ᠍ᠰᠠᠨ ᠪᠠᠢᠨ᠎ᠠ᠃ ᠵᠢᠱ᠌ᠢᠶᠡᠯᠡᠪᠡᠯ ᠱᠠᠨᠳᠦ᠋ᠩ ᠮᠤᠵᠢ᠎ᠶ᠋ᠢᠨ ᠯᠢᠨ ᠢ ᠬᠤᠲᠠ᠎ᠶ᠋ᠢᠨ ᠪᠥᠬᠦ᠌ ᠬᠤᠲᠠ᠎ᠶ᠋ᠢᠨ ᠨᠡᠢᠲᠡ 89 ᠵᠦᠢᠯ᠎ᠤᠨ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠᠭᠠᠢ ᠡᠪᠡᠳᠴᠢᠨ᠎ᠤ ᠲᠥᠷᠥᠯ᠎ᠢ ᠭᠠᠷᠴᠠᠭ᠎ᠤᠨ ᠬᠡᠪᠴᠢᠶᠡᠨ᠎ᠳᠤ ᠣᠷᠣᠭᠤᠯᠪᠠ᠂ ᠡᠭᠦᠨ᠎ᠳᠦ ᠡᠭᠦᠳᠡᠨ ᠡᠮᠨᠡᠯᠭᠡ᠎ᠶᠢᠨ ᠤᠳᠠᠭᠠᠨ ᠴᠢᠨᠠᠷᠲᠠᠢ ᠡᠪᠡᠳᠴᠢᠨ᠎ᠦ ᠲᠥᠷᠥᠯ 54 ᠵᠦᠢᠯ᠂ ᠡᠭᠦᠳᠡᠨ ᠡᠮᠨᠡᠯᠭᠡ᠎ᠶ᠋ᠢᠨ ᠣᠨᠴᠠᠭᠠᠢ ᠡᠪᠡᠳᠴᠢᠨ᠎ᠤ ᠲᠥᠷᠥᠯ 17 ᠵᠦᠢᠯ᠂ ᠡᠭᠦᠳᠡᠨ ᠡᠮᠨᠡᠯᠭᠡ᠎ᠶ᠋ᠢᠨ ᠡᠮ᠎ᠤᠨ ᠡᠮ᠎ᠤᠨ ᠵᠦᠢᠯᠡᠰ᠎ᠲᠤ ᠲᠤᠰᠠᠭᠠᠷ ᠲᠣᠭᠠᠴᠠᠭ᠎ᠠ ᠬᠢᠬᠦ᠌ ᠡᠪᠡᠳᠴᠢᠨ᠎ᠤ ᠲᠥᠷᠥᠯ 18 ᠵᠦᠢᠯ ᠪᠠᠢᠵᠤ᠂ ᠡᠪᠡᠳᠴᠢᠲᠡᠨ᠎ᠤ ᠠᠵᠤ ᠠᠬᠤᠶ᠎ᠶ᠋ᠢᠨ ᠳᠠᠷᠤᠭᠠᠰᠤ᠎ᠶ᠋ᠢ ᠲᠦᠢᠯ᠎ᠤᠨ ᠶᠡᠭᠡ᠎ᠪᠠᠷ ᠬᠥᠩᠭᠡᠷᠡᠭᠦᠯᠪᠡ᠃

  ᠳᠠᠬᠢᠨᠲᠠ᠂ ᠬᠦᠨᠳᠦ ᠡᠪᠡᠳᠴᠢᠨ᠎ᠦ ᠳᠠᠭᠠᠳᠭᠠᠯ᠎ᠢ ᠪᠦᠬᠦ᠌ ᠲᠠᠯ᠎ᠠ᠎ᠪᠠᠷ ᠬᠠᠮᠤᠷᠤᠭᠤᠯᠪᠠ᠃ 2012 ᠣᠨ᠎ᠠᠴᠠ ᠡᠬᠢᠯᠡᠨ᠂ ᠮᠠᠨ᠎ᠤ ᠤᠯᠤᠰ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠬᠦᠨᠳᠦ ᠡᠪᠡᠳᠴᠢᠨ᠎ᠦ ᠳᠠᠭᠠᠳᠭᠠᠯ᠎ᠤᠨ ᠳᠦᠷᠢᠮ᠎ᠢ ᠪᠠᠢᠭᠤᠯᠵᠤ᠂ ᠶᠡᠬᠡ ᠬᠡᠮᠵᠢᠶᠡᠨ᠎ᠦ ᠡᠮᠨᠡᠯᠭᠡ᠎ᠶ᠋ᠢᠨ ᠵᠠᠷᠤᠳᠠᠯ᠎ᠳᠤ 《ᠬᠣᠶᠠᠳᠠᠬᠢ ᠤᠳᠠᠭ᠎ᠠ ᠳᠠᠩᠰᠠ ᠲᠠᠢᠯᠬᠤ》 ᠎ᠶ᠋ᠢ ᠶᠠᠪᠤᠭᠳᠠᠭᠤᠯᠪᠠ᠃ ᠣᠳᠣᠬᠠᠨ᠎ᠳᠤ᠂ ᠬᠦᠨᠳᠦ ᠡᠪᠡᠳᠴᠢᠨ᠎ᠤ ᠳᠠᠭᠠᠳᠭᠠᠯ᠎ᠤᠨ ᠡᠬᠢᠯᠡᠵᠦ᠍ ᠥᠭ᠌ᠬᠦ ᠱᠤᠭᠤᠮ᠎ᠢ ᠨᠢᠭᠡᠨᠲᠡ ᠳᠡᠭᠡᠷ᠎ᠡ ᠵᠢᠯ᠎ᠤᠨ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ᠎ᠶ᠋ᠢᠨ 50%᠂ ᠲᠠᠩᠰᠠ ᠲᠠᠢᠯᠬᠤ ᠬᠠᠷᠢᠴᠠᠯ᠎ᠢ 60% ᠪᠣᠯᠭᠠᠨ ᠳᠡᠭᠡᠭ᠌ᠰᠢᠯᠡᠭᠦᠯᠵᠦ᠍᠂ ᠬᠡᠰᠡᠭ ᠬᠦᠴᠢᠷᠳᠡᠯᠲᠡᠶ ᠬᠠᠮᠲᠤᠯᠢᠭ ᠪᠠᠰᠠ ᠬᠡᠯᠪᠠᠢᠯᠭᠡᠨ ᠥᠭ᠌ᠴᠦ ᠪᠣᠯᠤᠨ᠎ᠠ᠃ ᠪᠦᠷᠢᠳᠭᠡᠯ᠎ᠢ ᠦᠨᠳᠦᠰᠦᠯᠡᠪᠡᠯ᠂ ᠬᠦᠨᠳᠦ ᠡᠪᠡᠳᠴᠢᠲᠡᠨ᠎ᠢ ᠶᠡᠷᠦᠩᠬᠡᠢᠯᠡᠨ ᠳᠠᠩᠰᠠ ᠲᠠᠢᠯᠬᠤ ᠬᠢᠷᠢ ᠲᠦᠪᠱᠢᠨ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠰᠠᠭᠤᠷᠢᠨ ᠳᠡᠭᠡᠷ᠎ᠡ ᠳᠤᠮᠳᠠᠴᠢ᠎ᠪᠠᠷ 13 ᠵᠠᠭᠤᠨ᠎ᠤ ᠨᠢᠭᠡᠴᠢ ᠳᠡᠭᠡᠭ᠌ᠰᠢᠯᠡᠵᠦ᠍᠂ 《ᠡᠪᠡᠳᠴᠢᠨ᠎ᠠᠴᠠ ᠪᠣᠯᠵᠤ ᠶᠠᠳᠠᠭᠤᠷᠠᠬᠤ᠂ ᠡᠪᠡᠳᠴᠢᠨ᠎ᠠᠴᠠ ᠪᠣᠯᠵᠤ ᠳᠠᠬᠢᠨ ᠶᠠᠳᠠᠭᠤᠷᠠᠬᠤ》 ᠎ᠶ᠋ᠢ ᠪᠦᠲᠦᠮᠵᠢᠲᠡᠶ ᠰᠡᠷᠭᠡᠢᠯᠡᠪᠡ᠃

  3. ᠪᠡᠯᠡ ᠴᠤᠭ᠍ᠯᠠᠭᠤᠯᠬᠤ ᠪᠠᠷᠢᠮᠵᠢᠶ᠎ᠠ᠎ᠶ᠋ᠢᠨ ᠬᠥᠳᠡᠯᠦᠩᠭᠦᠶ ᠲᠣᠬᠢᠷᠠᠭᠤᠯᠤᠯᠲᠠ ᠪᠣᠯ ᠲᠦᠷᠢᠮ᠎ᠤᠨ ᠦᠷᠭᠦᠯᠵᠢᠯᠡᠬᠦ᠌ ᠪᠠᠲᠤᠯᠠᠭ᠎ᠠ ᠮᠥᠨ

  ᠡᠮᠴᠢᠯᠡᠭᠡᠨ᠎ᠦ ᠳᠠᠭᠠᠳᠭᠠᠯ᠎ᠤᠨ ᠪᠡᠯᠡ ᠮᠥᠩᠭᠦ᠌ ᠴᠤᠭ᠍ᠯᠠᠭᠤᠯᠬᠤ ᠪᠠᠷᠢᠮᠵᠢᠶ᠎ᠠ᠎ᠶ᠋ᠢ ᠳᠤᠷ᠎ᠠ᠎ᠪᠠᠷ᠎ᠢᠶᠠᠨ ᠥᠰᠭᠡᠭ᠌ᠰᠡᠨ ᠪᠢᠰᠢ᠂ ᠬᠠᠷᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠬᠢᠷᠢ ᠲᠦᠪᠱᠢᠨ᠂ ᠡᠮᠴᠢᠯᠡᠭᠡᠨ᠎ᠤ ᠵᠠᠷᠤᠳᠠᠯ᠎ᠤᠨ ᠨᠡᠮᠡᠭ᠌ᠳᠡᠯ᠂ ᠡᠳ᠋᠎ᠤᠨ ᠵᠠᠰᠠᠭ᠎ᠤᠨ ᠳᠠᠭᠠᠭᠠᠬᠤ ᠴᠢᠳᠠᠪᠤᠷᠢ ᠪᠠ ᠰᠠᠭᠤᠷᠢ ᠮᠥᠩᠭᠦ᠎ᠶ᠋ᠢᠨ ᠠᠵᠢᠯᠯᠠᠭᠠᠨ᠎ᠤ ᠪᠠᠢᠳᠠᠯ ᠵᠡᠷᠭᠡ ᠣᠯᠠᠨ ᠲᠠᠯ᠎ᠠ᠎ᠶ᠋ᠢᠨ ᠬᠦᠴᠦᠨ ᠵᠦᠢᠯ᠎ᠢ ᠦᠨᠳᠦᠰᠦᠯᠡᠨ ᠶᠡᠷᠦᠩᠬᠡᠢᠯᠡᠨ ᠲᠥᠰᠦᠭᠡᠯᠡᠨ ᠪᠤᠳᠤᠭ᠍ᠰᠠᠨ᠎ᠤ ᠳᠠᠷᠠᠭ᠎ᠠ ᠲᠣᠭ᠍ᠲᠠᠭᠠᠭ᠍ᠰᠠᠨ ᠶᠤᠮ᠃ ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠬᠠᠮᠢᠶᠠᠷᠤᠯᠲᠠ᠎ᠶ᠋ᠢᠨ ᠲᠣᠪᠴᠢᠶ᠎ᠠ ᠨᠢ ᠵᠢᠯ ᠪᠦᠷᠢ ᠡᠳ᠋᠎ᠦᠨ ᠵᠠᠰᠠᠭ᠎ᠤᠨ ᠶᠠᠮᠤᠨ᠂ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠲᠠᠶ ᠬᠠᠮᠲᠤᠷᠠᠨ ᠠᠯᠪᠠᠨ ᠪᠢᠴᠢᠭ ᠪᠠᠭᠤᠯᠭᠠᠵᠤ᠂ ᠲᠤᠰ ᠵᠢᠯ᠎ᠦᠨ ᠪᠡᠯᠡ ᠴᠤᠭ᠍ᠯᠠᠭᠤᠯᠬᠤ ᠪᠠᠷᠢᠮᠵᠢᠶ᠎ᠠ᠎ᠪᠠᠨ ᠲᠣᠳᠣᠷᠬᠠᠢᠯᠠᠬᠤ ᠬᠡᠷᠡᠭ᠌ᠲᠡᠶ᠃

  ᠠᠩᠬᠠᠷᠤᠭᠤᠱᠢᠲᠠᠶ ᠨᠢ ᠭᠡᠪᠡᠯ᠂ ᠬᠡᠳᠦᠢᠪᠡᠷ ᠬᠤᠪᠢ ᠬᠥᠮᠦᠨ᠎ᠦ ᠲᠤᠱᠢᠶᠠᠬᠤ ᠵᠠᠷᠤᠳᠠᠯ ᠨᠡᠮᠡᠭ᠌ᠳᠡᠵᠦ᠍ ᠪᠠᠢᠭ᠎ᠠ ᠪᠣᠯᠪᠠᠴᠤ᠌ ᠡᠳ᠋᠎ᠦᠨ ᠵᠠᠰᠠᠭ᠎ᠤᠨ ᠨᠥᠬᠥᠪᠥᠷᠢ᠎ᠶ᠋ᠢᠨ ᠨᠡᠮᠡᠭ᠌ᠳᠡᠬᠦ᠌ ᠬᠡᠮᠵᠢᠶ᠎ᠡ ᠨᠢ ᠨᠡᠩ ᠶᠡᠬᠡ ᠪᠣᠯᠤᠨ᠎ᠠ ᠃ 2025 ᠣᠨ᠎ᠢᠶᠠᠷ ᠵᠢᠱ᠌ᠢᠶᠡᠯᠡᠪᠡᠯ᠂ ᠡᠳ᠋᠎ᠤᠨ ᠵᠠᠰᠠᠭ᠎ᠤᠨ ᠨᠥᠬᠦᠪᠥᠷᠢ᠎ᠶ᠋ᠢᠨ ᠪᠠᠷᠢᠮᠵᠢᠶ᠎ᠠ᠎ᠨᠢ ᠳᠡᠭᠡᠷ᠎ᠡ ᠵᠢᠯ᠎ᠤᠨ᠎ᠬᠢ᠎ᠠᠴᠠ 40 ᠲᠥᠭᠦᠷᠢᠭ ᠨᠡᠮᠡᠭ᠌ᠳᠡᠵᠦ᠍᠂ ᠬᠠᠷᠢᠨ ᠬᠤᠪᠢ ᠬᠥᠮᠦᠨ᠎ᠤ ᠲᠤᠱᠢᠶᠠᠬᠤ ᠵᠠᠷᠤᠳᠠᠯ᠎ᠢ ᠵᠥᠪᠬᠡᠨ 20 ᠲᠥᠭᠦᠷᠢᠭ ᠨᠡᠮᠡᠭ᠌ᠳᠡᠭᠦᠯᠦᠨ᠎ᠡ᠃ ᠡᠨᠡ ᠨᠢ ᠤᠯᠤᠰ᠎ᠤᠨ ᠡᠮᠴᠢᠯᠡᠭᠡᠨ᠎ᠦ ᠳᠠᠭᠠᠳᠭᠠᠯ ᠲᠡᠬᠢ ᠣᠷᠣᠭᠤᠯᠤᠯᠲᠠ᠎ᠶ᠋ᠢᠨ ᠡᠷᠴᠢᠮ ᠦᠷᠭᠦᠯᠵᠢᠯᠡᠨ ᠴᠢᠩᠭᠠᠷᠠᠵᠤ᠂ ᠬᠤᠪᠢ ᠬᠥᠮᠦᠨ᠎ᠦ ᠡᠭᠦᠷᠭᠡᠯᠡᠯ᠎ᠦᠨ ᠬᠠᠷᠢᠴᠠᠩᠭᠤᠶ ᠬᠠᠷᠢᠴᠠᠯ ᠢᠯᠡᠳᠲᠡ ᠳᠡᠭᠡᠭ᠌ᠰᠢᠯᠡᠭ᠌ᠰᠡᠨ ᠦᠭᠡᠶ  ᠶᠤᠮ᠃

  ᠬᠡᠷᠪᠡ ᠪᠡᠯᠡ ᠬᠤᠷᠠᠮᠳᠤᠭᠤᠯᠬᠤ ᠬᠢᠷᠢ ᠬᠡᠮᠵᠢᠶ᠎ᠡ ᠨᠢ ᠤᠷᠲᠤ ᠬᠤᠭᠤᠴᠠᠭ᠎ᠠ᠎ᠪᠠᠷ ᠡᠮ ᠡᠮᠨᠡᠯᠭᠡ᠎ᠶ᠋ᠢᠨ ᠵᠠᠷᠤᠳᠠᠯ᠎ᠤᠨ ᠨᠡᠮᠡᠭ᠌ᠳᠡᠯ᠎ᠦᠨ ᠬᠤᠷᠳᠤᠴᠠ᠎ᠠᠴᠠ ᠳᠣᠣᠷ᠎ᠠ ᠪᠠᠢᠪᠠᠯ᠂ ᠰᠠᠭᠤᠷᠢ ᠮᠥᠩᠭᠥ᠌ ᠨᠢ ᠦᠨᠳᠦᠰᠦᠨ᠎ᠡᠴᠡ ᠨᠢ ᠲᠤᠭᠤᠯᠬᠤ ᠠᠶᠤᠯ ᠲᠦᠭ᠌ᠰᠢᠭᠦᠷᠢ᠎ᠳᠦ ᠲᠤᠯᠭᠠᠷᠠᠵᠤ᠂ ᠡᠴᠦᠰ᠎ᠲᠡᠭᠡᠨ ᠪᠦᠬᠦ᠌ ᠳᠠᠭᠠᠳᠭᠠᠯ᠎ᠳᠤ ᠣᠷᠣᠯᠴᠠᠭ᠍ᠴᠢ᠎ᠶ᠋ᠢᠨ ᠠᠱᠢᠭ ᠲᠤᠰᠠ᠎ᠶ᠋ᠢ ᠬᠣᠬᠢᠷᠠᠭᠤᠯᠤᠨ᠎ᠠ᠃ ᠡᠢᠮᠦ᠍᠎ᠠᠴᠠ᠂ ᠰᠦᠢᠳᠭᠡᠯ ᠲᠤᠱᠢᠶᠠᠬᠤ ᠪᠠᠷᠢᠮᠵᠢᠶ᠎ᠠ᠎ᠶ᠋ᠢ ᠵᠣᠬᠢᠰᠲᠠᠶ ᠳᠡᠭᠡᠭ᠌ᠰᠢᠯᠡᠭᠦᠯᠬᠦ᠌ ᠪᠣᠯ ᠲᠦᠷᠢᠮ᠎ᠤᠨ ᠣᠷᠳᠣ ᠬᠤᠭᠤᠴᠠᠭᠠᠨ᠎ᠤ ᠲᠣᠭ᠍ᠲᠠᠭᠤᠨ ᠠᠵᠢᠯᠯᠠᠭᠠᠨ᠎ᠢ ᠦᠨᠡᠨ ᠬᠦ᠌ ᠪᠠᠲᠤᠯᠠᠬᠤ ᠶᠠᠪᠤᠳᠠᠯ ᠮᠥᠨ᠂ ᠢᠷᠡᠭᠡᠳᠦᠶ᠎ᠳᠤ ᠬᠠᠷᠢᠭᠤᠴᠠᠬᠤ ᠢᠯᠡᠷᠡᠯ ᠮᠥᠨ᠃

  ᠭᠤᠷᠪᠠᠳᠤᠭᠠᠷ ᠠᠰᠠᠭᠤᠯᠲᠠ᠄ ᠳᠠᠭᠠᠳᠬᠠᠯ᠎ᠳᠤ ᠣᠷᠣᠭᠠᠳ ᠡᠪᠡᠳᠴᠢᠨ ᠣᠯᠣᠭᠰᠠᠨ ᠦᠭᠡᠢ ᠪᠣᠯ ᠳᠠᠷᠤᠢ 《ᠬᠣᠬᠢᠷᠠᠯ ᠠᠮᠰᠠᠭᠰᠠᠨ》 ᠶᠠᠪᠤᠳᠠᠯ ᠮᠥᠨ ᠦᠦ ? 

  《 ᠪᠢ ᠵᠢᠯ ᠪᠦᠷᠢ ᠰᠦᠢᠳᠬᠡᠯ ᠲᠤᠰᠢᠶᠠᠳᠠᠭ ᠪᠣᠯᠪᠠᠴᠤ ᠨᠢᠭᠡ ᠮᠥᠩᠭᠥ ᠴᠦ᠍ ᠳᠠᠩᠰᠠ ᠳᠡᠶ᠋ᠢᠯᠵᠦ ᠦᠵᠡᠭᠡ ᠦᠭᠡᠢ᠂ ᠡᠨᠡ ᠴᠢᠨᠢ ᠵᠦᠭᠡᠷ ᠵᠣᠭᠣᠰ ᠵᠠᠷᠤᠵᠤ ᠪᠠᠢᠭ᠎ᠠ ᠬᠡᠷᠡᠭ ᠪᠢᠰᠢ ᠦᠦ ? 》 ᠡᠨᠡ ᠪᠣᠯ ᠮᠠᠰᠢ ᠣᠯᠠᠨ ᠡᠷᠡᠭᠦᠯ ᠴᠢᠭᠢᠷᠠᠭ ᠬᠥᠮᠥᠰ᠎ᠲᠦ ᠦᠷᠭᠦᠯᠵᠢ ᠲᠣᠬᠢᠶᠠᠯᠳᠤᠳᠠᠭ ᠲᠥᠭᠡᠷᠢᠭᠳᠡᠯ ᠪᠣᠯᠣᠨ᠎ᠠ᠃ ᠡᠢᠮᠦᠷᠬᠦ ᠪᠣᠳᠣᠯ ᠨᠢ ᠮᠥᠨ ᠴᠢᠨᠠᠷ ᠳᠡᠭᠡᠷ᠎ᠡ᠎ᠪᠡᠨ ᠡᠮᠴᠢᠯᠡᠭᠡᠨ᠎ᠦ ᠳᠠᠭᠠᠳᠬᠠᠯ ᠢ᠋ 《 ᠬᠡᠷᠡᠭᠯᠡᠭᠡ 》᠎ᠲᠠᠢ ᠠᠳᠠᠯᠢ᠎ᠪᠠᠷ ᠦᠵᠡᠵᠦ᠂ 《ᠳᠠᠭᠠᠳᠬᠠᠯ》᠎ᠲᠠᠢ ᠠᠳᠠᠯᠢ᠎ᠪᠠᠷ ᠦᠵᠡᠵᠦ ᠪᠠᠢᠭ᠎ᠠ ᠪᠢᠰᠢ ᠶᠤᠮ᠃ ᠭᠡᠪᠡᠴᠦ ᠬᠡᠷᠡᠭ ᠳᠡᠭᠡᠷ᠎ᠡ᠎ᠪᠡᠨ ᠡᠮᠴᠢᠯᠡᠭᠡᠨ᠎ᠦ ᠳᠠᠭᠠᠳᠬᠠᠯ᠎ᠤᠨ ᠥᠷᠲᠡᠭ ᠨᠢ ᠴᠢᠪ ᠬᠡᠮᠡᠨ 《  ᠡᠭᠦᠰᠦᠭᠡ ᠦᠭᠡᠢ 》 ᠦᠶ᠎ᠡ᠎ᠳᠦ ᠢᠯᠡᠷᠡᠵᠦ ᠪᠠᠢᠳᠠᠭ᠃ 

  1. ᠠᠮᠢᠳᠦ ᠶᠠᠪᠤᠵᠦ ᠪᠠᠢ᠌ᠪᠠᠯ᠂ ᠡᠪᠡᠳᠴᠢᠨ ᠵᠣᠪᠠᠯᠠᠩ ᠦᠭᠡᠢ ᠪᠠᠢᠵᠤ ᠬᠡᠷᠬᠢᠨ ᠪᠣᠯᠬᠤ ᠪᠤᠶ 

  ᠬᠥᠮᠥᠨ ᠲᠠᠪᠤᠨ ᠲᠠᠷᠢᠶᠠᠨ᠎ᠤ ᠡᠯᠳᠡᠪ ᠠᠮᠤ᠎ᠶᠢ ᠢᠳᠡᠵᠦ ᠡᠪᠡᠳᠴᠢᠨ ᠦᠭᠡᠢ ᠪᠠᠢᠵᠤ ᠬᠡᠷᠬᠢᠨ ᠴᠢᠳᠠᠬᠤ ᠪᠤᠢ? ᠥᠨᠥᠳᠥᠷ᠎ᠦᠨ ᠡᠷᠡᠭᠦᠯ ᠮᠡᠨᠳᠦ ᠮᠠᠷᠭᠠᠰᠢ᠎ᠶ᠋ᠢᠨ ᠠᠮᠤᠷ ᠲᠥᠪᠱᠢᠨ᠎ᠢ ᠲᠥᠯᠥᠭᠡᠯᠡᠵᠦ᠍ ᠴᠢᠳᠠᠬᠤ ᠦᠭᠡᠢ᠃ ᠬᠦᠨᠳᠦ ᠶᠡᠭᠡ ᠡᠪᠡᠳᠴᠢᠨ ᠡᠭᠦᠰᠦᠭ᠌ᠰᠡᠨ ᠪᠠᠢᠳᠠᠯ᠎ᠳᠤ ᠳᠡᠭᠡᠳᠦ ᠬᠡᠮᠵᠢᠶᠡᠨ᠎ᠤ ᠲᠣᠭ᠍ᠲᠠᠪᠤᠷᠢ ᠦᠭᠡᠢ ᠴᠢᠨᠠᠷ᠎ᠲᠠᠢ ᠮᠥᠷᠲᠡᠭᠡᠨ ᠨᠠᠰᠤ᠂ ᠣᠷᠴᠢᠨ ᠲᠣᠭᠤᠷᠢᠨ᠂ ᠤᠳᠤᠮᠱᠢᠯ᠂ ᠠᠮᠢᠳᠤᠷᠠᠯ᠎ᠤᠨ ᠠᠷᠭ᠎ᠠ ᠮᠠᠶᠢᠭ ᠵᠡᠷᠭᠡ ᠤᠯᠠᠨ ᠵᠦᠢᠯ᠎ᠤᠨ ᠬᠦᠴᠦᠨ ᠵᠦᠢᠯ᠎ᠲᠠᠢ ᠬᠤᠯᠪᠣᠭ᠎ᠠ᠎ᠲᠠᠢ ᠭᠡᠳᠡᠭ᠎ᠢ ᠠᠨᠠᠭᠠᠬᠤ ᠤᠬᠠᠭᠠᠨ᠎ᠤ ᠰᠤᠳᠤᠯᠭᠠᠨ᠎ᠨᠢ ᠬᠠᠷᠠᠭᠤᠯᠵᠤ ᠪᠠᠢᠨ᠎ᠠ᠃ ᠵᠠᠯᠠᠭᠤ ᠬᠥᠮᠥᠨ ᠴᠦ᠍ ᠭᠡᠰᠡᠨ ᠵᠢᠷᠦᠬᠡᠨ ᠪᠤᠯᠴᠢᠩ᠎ᠤᠨ ᠲᠦᠭᠵᠢᠷᠡᠯ᠂ ᠲᠠᠷᠢᠬᠢᠨ᠎ᠳᠤ ᠴᠢᠰᠤ ᠬᠠᠷᠪᠤᠬᠤ ᠪᠤᠶᠤ ᠰᠠᠨᠠᠭᠠᠨ᠎ᠳᠤ ᠦᠭᠡᠢ ᠰᠢᠷᠬᠠᠲᠤᠯ᠎ᠳᠤ ᠤᠴᠠᠷᠠᠵᠤ ᠮᠡᠳᠡᠨ᠎ᠡ ᠃ 

  ᠬᠦᠨᠳᠦ ᠡᠪᠡᠳᠴᠢᠨ ᠣᠯᠣᠮᠠᠭᠴᠠ ᠡᠮ ᠡᠮᠨᠡᠯᠭᠡ᠎ᠶᠢᠨ ᠵᠠᠷᠤᠳᠠᠯ ᠨᠢ ᠬᠥᠮᠥᠨ᠎ᠢ ᠰᠣᠴᠢᠭᠠᠮ᠎ᠠ ᠪᠠᠢᠳᠠᠭ᠃ ᠪᠠᠢᠩᠭᠤ ᠲᠣᠬᠢᠶᠠᠯᠳᠤᠳᠠᠭ ᠥᠮᠡᠨ ᠡᠪᠡᠳᠴᠢᠨ᠎ᠢ ᠡᠮᠨᠡᠨ ᠵᠠᠰᠠᠬᠤ᠎ᠪᠠᠷ ᠵᠢᠱ᠌ᠢᠶᠡᠯᠡᠪᠡᠯ᠂ ᠨᠢᠭᠡ ᠡᠮᠴᠢᠯᠡᠭᠡᠨ᠎ᠦ ᠬᠤᠭᠤᠴᠠᠭᠠᠨ᠎ᠤ ᠬᠠᠨᠳᠤᠯᠭᠠᠲᠤ ᠡᠮ ᠨᠢ ᠬᠡᠳᠦᠨ ᠲᠦᠮᠡᠨ ᠲᠥᠭᠥᠷᠢᠭ ᠬᠡᠷᠡᠭᠰᠡᠵᠦ᠂ ᠴᠢᠮᠦᠭᠡ ᠰᠢᠯᠵᠢᠭᠦᠯᠦᠨ ᠤᠷᠭᠤᠭᠤᠯᠬᠤ ᠵᠠᠷᠤᠳᠠᠯ ᠨᠢ ᠵᠠᠭᠤᠨ ᠲᠦᠮᠡᠨ ᠲᠥᠭᠥᠷᠢᠭ᠎ᠲᠦ ᠬᠦᠷᠴᠦ ᠮᠡᠳᠡᠨ᠎ᠡ᠃ ᠬᠡᠷᠪᠡ ᠡᠮᠴᠢᠯᠡᠭᠡᠨ᠎ᠤ ᠳᠠᠭᠠᠳᠬᠠᠯ ᠦᠭᠡᠢ ᠪᠣᠯ ᠡᠳᠡᠭᠡᠷ ᠵᠠᠷᠤᠳᠠᠯ ᠢ᠋ ᠴᠥᠮ ᠬᠤᠪᠢ ᠬᠥᠮᠥᠨ ᠡᠭᠦᠷᠭᠡᠯᠡᠬᠦ᠎ᠳᠦ ᠬᠦᠷᠪᠡᠯ᠂ ᠳᠤᠮᠳᠠ ᠵᠡᠷᠭᠡ ᠶ᠋ᠢᠨ ᠬᠥᠷᠥᠩᠭᠡ᠎ᠲᠠᠢ ᠭᠡᠷ ᠪᠦᠯᠢ ᠶ᠋ᠢ ᠴᠤ᠌ ᠰᠦᠢᠷᠡᠭᠦᠯᠬᠦ ᠪᠣᠯᠣᠨ᠎ᠠ᠃ 

  ᠡᠢᠮᠦ᠎ᠡᠴᠡ ᠵᠢᠯ ᠵᠢᠯ ᠰᠦᠢᠳᠬᠡᠯ ᠲᠤᠰᠢᠶᠠᠭᠠᠳ ᠲᠠᠩᠰᠠ ᠲᠠᠢᠯᠤᠭᠰᠠᠨ ᠦᠭᠡᠢ ᠨᠢ 《 ᠬᠣᠨᠵᠢᠭ᠍ᠳᠠᠭᠰᠠᠨ 》 ᠶᠠᠪᠤᠳᠠᠯ ᠪᠢᠰᠢ᠂ ᠬᠠᠷᠢᠨ ᠨᠢᠭᠡ ᠵᠦᠢᠯ᠎ᠦᠨ ᠠᠵᠠ ᠵᠠᠪᠰᠢᠶᠠᠨ ᠪᠣᠯᠣᠨ᠎ᠠ — ᠡᠨᠡ ᠨᠢ ᠲᠠᠨ᠎ᠤ ᠪᠡᠶ᠎ᠡ ᠮᠠᠬᠠᠪᠤᠳ᠎ᠤᠨ ᠡᠷᠡᠭᠦᠯ ᠴᠢᠭᠢᠷᠠᠭ᠂ ᠬᠦᠨᠳᠦ ᠶᠡᠬᠡ ᠠᠶᠤᠯ ᠲᠦᠭᠰᠢᠭᠦᠷᠢ᠎ᠳᠦ ᠤᠴᠠᠷᠠᠵᠤ ᠥᠩᠭᠡᠷᠡᠭᠰᠡᠨ ᠦᠭᠡᠢ ᠭᠡᠳᠡᠭ ᠢ᠋ ᠬᠠᠷᠠᠭᠤᠯᠵᠤ ᠪᠠᠢᠨ᠎ᠠ᠃ ᠡᠨᠡ ᠪᠣᠯ ᠶᠠᠭ ᠡᠮᠴᠢᠯᠡᠭᠡᠨ᠎ᠦ ᠳᠠᠭᠠᠳᠬᠠᠯ᠎ᠤᠨ ᠳᠦᠷᠢᠮ᠎ᠦᠨ ᠬᠠᠮᠤᠭ᠎ᠤᠨ ᠬᠦᠰᠡᠵᠦ ᠪᠠᠢᠭ᠎ᠠ ᠦᠷ᠎ᠡ ᠳ᠋ᠦᠩ ᠮᠥᠨ᠄ ᠬᠠᠮᠲᠤ᠎ᠶᠢᠨ ᠬᠦᠴᠦᠨ᠎ᠢᠶᠡᠷ ᠳᠡᠮᠵᠢᠨ᠂ ᠴᠥᠭᠡᠨ ᠲᠣᠭᠠᠨ᠎ᠤ ᠠᠵᠠ ᠪᠤᠰᠤ ᠬᠥᠮᠥᠰ᠎ᠲᠦ ᠪᠠᠲᠤᠯᠠᠭ᠎ᠠ ᠬᠠᠩᠭᠠᠬᠤ᠎ᠶᠢᠨ ᠬᠠᠮᠲᠤ ᠣᠯᠠᠩᠬᠢ ᠬᠥᠮᠥᠰ᠎ᠢ ᠰᠠᠨᠠᠭ᠎ᠠ ᠠᠮᠤᠷ ᠠᠮᠢᠳᠤᠷᠠᠭᠤᠯᠤᠨ᠎ᠠ᠃ 

  2. ᠳᠠᠭᠠᠳᠬᠠᠯ᠎ᠳᠤ ᠣᠷᠣᠯᠴᠠᠬᠤ᠎ᠪᠠᠨ ᠵᠣᠭᠰᠣᠪᠠᠯ 《ᠬᠦᠯᠢᠶᠡᠬᠦ ᠬᠤᠭᠤᠴᠠᠭ᠎ᠠ》 ᠪᠠ 《ᠨᠥᠬᠥᠵᠦ ᠲᠤᠰᠢᠶᠠᠬᠤ》 ᠲᠦᠭᠰᠢᠭᠦᠷᠢ᠎ᠳᠦ ᠲᠤᠯᠭᠠᠷᠠᠬᠤ ᠪᠣᠯᠣᠨ᠎ᠠ 

  ᠵᠠᠷᠢᠮ ᠬᠥᠮᠥᠨ 《ᠡᠪᠡᠳᠴᠢᠯᠡᠭᠰᠡᠨ᠎ᠦ ᠳᠠᠷᠠᠭ᠎ᠠ ᠳᠠᠭᠠᠳᠬᠠᠯ᠎ᠳᠤ ᠣᠷᠣᠬᠤ》 ᠭᠣᠷᠢᠳᠠᠯᠭ᠎ᠠ᠎ᠶᠢ ᠡᠪᠦᠷᠯᠡᠵᠦ᠂ 《ᠲᠦᠷ ᠴᠠᠭ᠎ᠲᠤ ᠪᠤᠷᠬᠠᠨ᠎ᠤ ᠬᠥᠯ᠎ᠢ ᠲᠡᠪᠡᠷᠢᠬᠦ》 ᠪᠣᠯᠣᠨ᠎ᠠ ᠭᠡᠵᠦ ᠦᠵᠡᠵᠦ ᠪᠠᠢᠨ᠎ᠠ᠃ ᠭᠡᠲᠡᠯ᠎ᠡ ᠢᠩᠭᠢᠵᠦ ᠬᠢᠬᠦ ᠨᠢ ᠪᠣᠳᠠᠲᠤ ᠪᠠᠢᠳᠠᠯ᠎ᠳᠤ ᠠᠪᠴᠤ ᠬᠡᠯᠡᠪᠡᠯ ᠪᠡᠶᠡᠯᠡᠭᠳᠡᠰᠢ ᠦᠭᠡᠢ ᠬᠡᠷᠡᠭ ᠶᠤᠮ᠃ 

  ᠬᠠᠷᠠᠭᠠᠯᠵᠠᠯ ᠢ᠋ ᠡᠳ᠋ᠯᠡᠬᠦ ᠭᠣᠣᠯᠴᠢ ᠠᠵᠢᠯᠯᠠᠭ᠎ᠠ ᠵᠢᠴᠢ ᠶᠣᠰᠣ᠌ ᠮᠣᠷᠠᠯ᠎ᠤᠨ ᠠᠶᠤᠯ ᠲᠦᠭᠰᠢᠭᠦᠷᠢ ᠶ᠋ᠢ ᠰᠡᠷᠭᠡᠢᠯᠡᠬᠦ ᠶ᠋ᠢᠨ ᠲᠥᠯᠥᠭᠡ ᠡᠯ᠎ᠡ ᠭᠠᠵᠠᠷ᠎ᠤᠨ ᠬᠢᠨ ᠬᠠᠷᠠᠭᠠᠯᠵᠠᠯ ᠢ᠋ ᠬᠦᠯᠢᠶᠡᠬᠦ ᠬᠤᠭᠤᠴᠠᠭᠠᠨ᠎ᠤ ᠳᠦᠷᠢᠮ ᠢ᠋ ᠨᠡᠢᠳᠡᠮ ᠲᠣᠭᠲᠠᠭᠠᠭᠰᠠᠨ ᠪᠠᠢᠨ᠎ᠠ᠃ ᠵᠢᠱ᠌ᠢᠶᠡᠯᠡᠪᠡᠯ᠂ ᠬᠤᠪᠧᠶ ᠮᠤᠵᠢ 2025 ᠣᠨ᠎ᠠᠴᠠ ᠡᠬᠢᠯᠡᠨ᠂ ᠰᠠᠶᠢ ᠲᠥᠷᠥᠭ᠌ᠰᠡᠨ ᠬᠡᠦᠬᠡᠳ ᠵᠡᠷᠭᠡ ᠣᠨᠴᠠᠭᠠᠶ ᠬᠥᠮᠦᠰ᠎ᠠᠴᠠ ᠭᠠᠳᠠᠨ᠎ᠠ᠂ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠬᠠᠯ᠎ᠤᠨ ᠲᠥᠪᠯᠡᠷᠡᠭᠦᠯᠦᠨ ᠲᠠᠲᠠᠪᠤᠷᠢᠯᠠᠨ ᠲᠤᠱᠢᠶᠠᠬᠤ ᠬᠤᠭᠤᠴᠠᠭᠠᠨ᠎ᠳᠤ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠭ᠍ᠰᠠᠨ ᠥᠬᠡᠶ ᠪᠤᠶᠤ ᠳᠡᠭᠡᠷ᠎ᠡ ᠨᠢᠭᠡ ᠵᠢᠯ᠎ᠤᠨ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠭ᠍ᠰᠠᠨ ᠥᠬᠡᠶ ᠬᠥᠮᠦᠰ᠎ᠢ ᠳᠠᠭᠠᠳᠭᠠᠯ᠎ᠳᠤ ᠣᠷᠣᠯᠴᠠᠭ᠍ᠰᠠᠨ᠎ᠤ ᠳᠠᠷᠠᠭ᠎ᠠ ᠲᠣᠭ᠍ᠲᠠᠮᠠᠯ ᠬᠠᠷᠠᠭᠠᠯᠵᠠᠯ᠎ᠤᠨ ᠬᠦᠯᠢᠶᠡᠬᠦ᠌ ᠬᠤᠭᠤᠴᠠᠭ᠎ᠠ᠎ᠶ᠋ᠢ 3 ᠰᠠᠷ᠎ᠠ ᠭᠡᠵᠦ ᠲᠤᠭᠲᠠᠭ᠋ᠠᠪᠠ᠂ ᠡᠭᠦᠨ᠎ᠳᠦ ᠂ ᠳᠠᠭᠠᠳᠬᠠᠯ᠎ᠳᠤ ᠵᠠᠯᠭᠠᠭ᠎ᠠ᠎ᠪᠠᠷ ᠣᠷᠣᠯᠴᠠᠭᠰᠠᠨ ᠦᠭᠡᠢ ᠪᠠᠢᠪᠠᠯ᠂ ᠢᠯᠡᠭᠦᠦ ᠨᠢᠭᠡ ᠵᠢᠯ ᠪᠠᠲᠤᠯᠠᠬᠤ ᠦᠭᠡᠢ ᠪᠣᠯ ᠲᠣᠭᠲᠠᠮᠠᠯ ᠬᠠᠷᠠᠭᠠᠯᠵᠠᠯ᠎ᠤᠨ ᠬᠦᠯᠢᠶᠡᠬᠦ ᠬᠤᠭᠤᠴᠠᠭᠠᠨ᠎ᠤ ᠰᠠᠭᠤᠷᠢᠨ ᠳᠡᠭᠡᠷ᠎ᠡ ᠬᠤᠪᠢᠷᠠᠯᠲᠠ᠎ᠲᠠᠢ ᠬᠦᠯᠢᠶᠡᠬᠦ ᠬᠤᠭᠤᠴᠠᠭ᠎ᠠ᠎ᠶᠢ 1 ᠰᠠᠷ᠎ᠠ ᠨᠡᠮᠡᠨ᠎ᠡ ᠃ 

  ᠡᠨᠡ ᠨᠢ᠂ ᠬᠡᠷᠪᠡ ᠲᠠ ᠡᠨᠡ ᠵᠢᠯ ᠪᠠᠲᠤᠯᠠᠭ᠎ᠠ᠎ᠪᠠᠨ ᠲᠠᠰᠤᠯᠵᠤ᠂ ᠳᠠᠷᠠᠭ᠎ᠠ ᠵᠢᠯ ᠡᠪᠡᠳᠴᠢᠯᠡᠭᠡᠳ ᠡᠮᠨᠡᠯᠭᠡ᠎ᠳᠦ ᠰᠠᠭᠤᠪᠠᠯ᠂ ᠴᠠᠭ ᠲᠤᠬᠠᠢ ᠳ᠋ᠤᠨᠢ ᠲᠠᠩᠰᠠ ᠳᠡᠶ᠋ᠢᠯᠵᠦ ᠳᠡᠶ᠋ᠢᠯᠬᠦ ᠦᠭᠡᠢ ᠪᠠᠢᠵᠤ ᠮᠡᠳᠡᠨ᠎ᠡ᠂ ᠪᠣᠶ ᠪᠦᠬᠦᠢ ᠵᠠᠷᠤᠳᠠᠯ ᠢ᠋ ᠥᠪᠡᠰᠦᠪᠡᠨ ᠲᠥᠯᠥᠬᠦ ᠬᠡᠷᠡᠭᠲᠡᠢ ᠭᠡᠳᠡᠭ ᠢ᠋ ᠬᠠᠷᠠᠭᠤᠯᠵᠤ ᠪᠠᠢᠨ᠎ᠠ᠃ ᠡᠪᠡᠳᠴᠢᠨ ᠨᠢ ᠡᠳᠡᠭᠡᠷᠡᠭᠰᠡᠨ᠎ᠦ ᠳᠠᠷᠠᠭ᠎ᠠ ᠨᠥᠬᠥᠵᠦ ᠲᠤᠰᠢᠶᠠᠭᠰᠠᠨ ᠴᠤ᠌ ᠵᠠᠷᠤᠳᠠᠯ ᠢ᠋  ᠳᠠᠩᠰᠠ ᠲᠠᠢᠯᠬᠤ  ᠠ᠋ᠴᠠ ᠡᠮᠦᠨᠡᠬᠢ ᠵᠠᠷᠤᠳᠠᠯ ᠢ᠋ ᠨᠡᠬᠡᠮᠵᠢᠯᠡᠬᠦ ᠶ᠋ᠢᠨ ᠠᠷᠭ᠎ᠠ ᠦᠭᠡᠢ ᠶᠤᠮ᠃ ᠡᠢᠮᠦ 《 ᠪᠠᠭ᠎ᠠ ᠠ᠋ᠴᠠ ᠪᠣᠯᠵᠤ ᠶᠡᠬᠡ ᠶ᠋ᠢ ᠠᠯᠳᠠᠬᠤ 》 ᠎ᠶᠢᠨ ᠦᠷ᠎ᠡ ᠳ᠋ᠦᠩ ᠨᠢ ᠵᠢᠯ ᠪᠦᠷᠢ ᠶ᠋ᠢᠨ ᠬᠡᠳᠦᠨ ᠵᠠᠭᠤᠨ ᠲᠥᠭᠥᠷᠢᠭ᠎ᠦᠨ ᠳᠠᠭᠠᠳᠬᠠᠯ᠎ᠤᠨ ᠵᠠᠷᠤᠳᠠᠯ ᠠ᠋ᠴᠠ ᠬᠣᠯᠠ ᠬᠦᠨᠳᠦ ᠪᠠᠢᠳᠠᠭ᠃ 

  3. ᠠᠵᠤ ᠠᠬᠤᠢ᠎ᠶ᠋ᠢᠨ ᠳᠠᠩᠰᠠᠨ᠎ᠠᠴᠠ ᠦᠵᠡᠪᠡᠯ᠂ ᠬᠤᠪᠢ ᠬᠥᠮᠦᠨ᠎ᠤ ᠰᠦᠢᠳᠭᠡᠯ ᠲᠤᠱᠢᠶᠠᠬᠤ ᠨᠢ 《ᠯᠠᠪᠳᠠᠭᠤᠨ᠎ᠢᠶᠠᠷ ᠣᠯᠵᠦ ᠬᠣᠨᠵᠢᠭᠳᠠᠬᠤ ᠦᠭᠡᠢ》

  ᠪᠢᠳᠡ ᠨᠢᠭᠡ ᠲᠠᠩᠰᠠ ᠪᠤᠳᠤᠵᠦ ᠦᠵᠡᠶ᠎ᠡ᠄ 2025 ᠣᠨ᠎ᠳᠤ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ ᠬᠤᠪᠢ ᠬᠥᠮᠦᠨ᠎ᠤ ᠲᠤᠱᠢᠶᠠᠬᠤ ᠵᠠᠷᠤᠳᠠᠯ 400 ᠲᠥᠭᠦᠷᠢᠭ᠂ ᠡᠳ᠋᠎ᠤᠨ ᠵᠠᠰᠠᠭ᠎ᠠᠴᠠ 700 ᠲᠥᠭᠦᠷᠢᠭ ᠨᠥᠬᠦᠪᠥᠷᠢᠯᠡᠵᠦ᠍᠂ ᠨᠡᠢᠲᠡ 1100 ᠲᠥᠭᠦᠷᠢᠭ ᠪᠠᠯᠠ ᠴᠤᠭ᠍ᠯᠠᠭᠤᠯᠵᠤ ᠪᠣᠯᠤᠨ᠎ᠠ᠃ ᠡᠨᠡ ᠬᠡᠰᠡᠭ ᠵᠣᠭᠣᠰ᠎ᠢ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠥ᠎ᠳᠦ ᠬᠠᠳᠠᠭᠠᠯᠠᠨ ᠣᠷᠣᠭᠤᠯᠵᠤ᠂ ᠪᠦᠬᠦ᠌ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠦ ᠡᠮ ᠡᠮᠨᠡᠯᠭᠡ᠎ᠶ᠋ᠢᠨ ᠵᠠᠷᠤᠳᠠᠯ᠎ᠢ ᠳᠠᠩᠰᠠᠨ᠎ᠠᠴᠠ ᠭᠠᠷᠭᠠᠬᠤ᠎ᠳᠤ ᠬᠡᠷᠡᠭ᠌ᠯᠡᠨ᠎ᠡ᠃

  ᠬᠡᠷᠪᠡ ᠴᠢ ᠪᠦᠬᠦ ᠵᠢᠯ᠎ᠢᠶᠡᠷ᠎ᠢᠶᠡᠨ ᠡᠮᠨᠡᠭᠦᠯᠦᠭᠰᠡᠨ ᠦᠭᠡᠢ ᠪᠣᠯ᠂ ᠦᠵᠡᠬᠦ᠎ᠳᠦ ᠬᠡᠳᠦᠨ ᠵᠠᠭᠤᠨ ᠲᠥᠭᠥᠷᠢᠭ᠎ᠦᠨ 《ᠬᠣᠬᠢᠷᠠᠯ》᠎ᠲᠠᠢ ᠰᠢᠭ᠋᠃ ᠭᠡᠪᠡᠴᠦ ᠥᠭᠡᠷ᠎ᠡ ᠬᠠᠷᠠᠭᠠᠰᠤ ᠠ᠋ᠴᠠ ᠦᠵᠡᠪᠡᠯ᠂ ᠲᠠ ᠦᠨᠡᠨ᠎ᠳᠡᠭᠡᠨ ᠪᠦᠬᠦ ᠵᠢᠯ᠎ᠦᠨ ᠬᠠᠮᠤᠭ᠎ᠤᠨ ᠥᠨᠳᠥᠷ᠎ᠲᠡᠬᠡᠨ ᠬᠡᠳᠦᠨ ᠠᠷᠪᠠᠨ ᠲᠦᠮᠡᠨ ᠲᠥᠭᠥᠷᠢᠭ᠎ᠦᠨ ᠡᠮᠴᠢᠯᠡᠭᠡᠨ᠎ᠦ ᠪᠠᠲᠤᠯᠠᠭ᠎ᠠ ᠶ᠋ᠢᠨ ᠲᠣᠭ᠎ᠠ ᠬᠡᠮᠵᠢᠶ᠎ᠡ ( ᠦᠨᠳᠦᠰᠦᠨ  ᠡᠮᠴᠢᠯᠡᠭᠡᠨ᠎ᠦ  ᠳᠠᠭᠠᠳᠬᠠᠯ ᠪᠠ ᠬᠦᠨᠳᠦ ᠡᠪᠡᠳᠴᠢᠨ᠎ᠦ ᠳᠠᠭᠠᠳᠬᠠᠯ ᠪᠠᠭᠲᠠᠨ᠎ᠠ )᠎ᠶᠢ ᠣᠯᠣᠭᠰᠠᠨ ᠪᠠᠢᠨ᠎ᠠ᠃  ᠳᠣᠣᠷ᠎ᠠ ᠤᠯᠠᠨ᠎ᠢᠶᠠᠷ᠎ᠢᠶᠠᠨ ᠡᠨᠡ ᠬᠦ᠌ ᠪᠣᠳᠠᠲᠤ ᠵᠢᠱ᠌ᠢᠶ᠎ᠡ᠎ᠡᠴᠡ ᠦᠵᠡᠶ᠎ᠡ᠄ 

  ᠭᠤᠸᠠᠩᠰᠢ᠎ᠶᠢᠨ ᠪᠠᠢ ᠰᠧ ᠬᠣᠲᠠ᠎ᠶᠢᠨ ᠯᠧ ᠶᠧ ᠰᠢᠶᠠᠨ᠎ᠤ ᠲᠦᠩ ᠯᠧ ᠪᠠᠯᠭᠠᠰᠤᠨ᠎ᠤ ᠯᠢ ᠠᠪᠤᠭᠠᠢ᠂ 2022 ᠣᠨ᠎ᠳᠤ 《ᠭᠡᠳᠡᠰᠦᠨ᠎ᠦ ᠬᠣᠣᠷᠲᠤ ᠬᠠᠪᠤᠳᠠᠷ》 ᠣᠯᠣᠭᠰᠠᠨ᠎ᠠᠴᠠ ᠪᠣᠯᠵᠤ᠂ ᠡᠮᠨᠡᠯᠭᠡ᠎ᠳᠦ 9 ᠤᠳᠠᠭ᠎ᠠ ᠰᠠᠭᠤᠵᠤ ᠡᠮᠨᠡᠭᠦᠯᠪᠡ᠂ ᠡᠮᠴᠢᠯᠡᠭᠡᠨ᠎ᠦ ᠪᠥᠬᠥ ᠵᠠᠷᠤᠳᠠᠯ 324464.34 ᠲᠥᠭᠥᠷᠢᠭ᠂ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠰᠠᠭᠤᠷᠢ ᠮᠥᠩᠭᠥ᠎ᠡᠴᠡ 152264.97 ᠲᠥᠭᠥᠷᠢᠭ ᠲᠥᠯᠥᠵᠦ᠂ ᠣᠨ᠎ᠤ ᠬᠦᠨᠳᠦ ᠡᠪᠡᠳᠴᠢᠨ᠎ᠦ ᠳᠠᠭᠠᠳᠬᠠᠯ᠎ᠤᠨ ᠲᠠᠩᠰᠠ ᠲᠠᠢᠯᠤᠭᠰᠠᠨ ᠨᠢ 97000.33 ᠲᠥᠭᠥᠷᠢᠭ᠂ ᠡᠮ ᠡᠮᠨᠡᠯᠭᠡ᠎ᠶᠢᠨ ᠠᠪᠤᠷᠠᠨ ᠲᠤᠰᠠᠯᠠᠯᠲᠠ᠎ᠶᠢᠨ ᠲᠠᠩᠰᠠ ᠲᠠᠢᠯᠤᠭᠰᠠᠨ ᠨᠢ 16128.78 ᠲᠥᠭᠥᠷᠢᠭ᠂ ᠲᠥᠷᠥ᠎ᠶᠢᠨ ᠪᠣᠳᠣᠯᠭ᠎ᠠ᠎ᠶᠢᠨ ᠬᠡᠪᠴᠢᠶᠡᠨ᠎ᠳᠦ ᠡᠮᠴᠢᠯᠡᠭᠡᠨ᠎ᠦ ᠳᠠᠭᠠᠳᠬᠠᠯ᠎ᠤᠨ ᠲᠠᠩᠰᠠ ᠲᠠᠢᠯᠤᠭᠰᠠᠨ ᠨᠢ 89.54% ᠪᠣᠯᠣᠨ᠎ᠠ᠃ ᠢᠩᠭᠢᠵᠦ ᠪᠤᠳᠤᠵᠤ ᠦᠵᠡᠪᠡᠯ᠂ 32 ᠲᠦᠮᠡ ᠭᠠᠷᠤᠢ ᠡᠮᠨᠡᠯᠭᠡ ᠶ᠋ᠢᠨ ᠵᠠᠷᠤᠳᠠᠯ ᠢ᠋ ᠰᠠᠭᠤᠭᠠᠯᠢ ᠠᠷᠠᠳ᠎ᠤᠨ ᠡᠮᠴᠢᠯᠡᠭᠡᠨ᠎ᠦ  ᠳᠠᠭᠠᠳᠬᠠᠯ᠎ᠤᠨ ᠲᠤᠯᠭᠠᠭᠤᠷᠢᠯᠠᠯ ᠪᠠ ᠪᠠᠲᠤᠯᠠᠭ᠎ᠠ ᠶ᠋ᠢᠨ ᠳᠣᠣᠷ᠎ᠠ᠂ ᠡᠭᠦᠨ᠎ᠦ ᠳᠡᠭᠡᠷ᠎ᠡ ᠬᠦᠨᠳᠦ ᠡᠪᠡᠳᠴᠢᠨ᠎ᠦ ᠳᠠᠭᠠᠳᠬᠠᠯ  ᠢ᠋ ᠨᠡᠮᠡᠪᠡᠯ᠂ ᠯᠢ ᠠᠪᠤᠭᠠᠢ ᠵᠥᠪᠬᠡᠨ ᠬᠡᠳᠦᠨ ᠲᠦᠮᠡᠨ ᠲᠥᠭᠥᠷᠢᠭ᠎ᠦᠨ ᠡᠮᠨᠡᠯᠭᠡ ᠶ᠋ᠢᠨ ᠵᠠᠷᠤᠳᠠᠯ ᠢ᠋ ᠲᠥᠯᠥᠭᠰᠡᠨ ᠪᠠᠢᠨ᠎ᠠ ᠃ ᠡᠭᠦᠨ᠎ᠡᠴᠡ ᠦᠵᠡᠬᠦ᠎ᠳᠦ ᠡᠨᠡ ᠬᠦ᠌ ᠬᠡᠳᠦᠨ ᠵᠠᠭᠤᠨ ᠲᠥᠭᠥᠷᠢᠭ᠎ᠦᠨ ᠪᠡᠯᠡ ᠣᠷᠣᠭᠤᠯᠤᠯᠲᠠ ᠨᠢ ᠵᠠᠩᠭᠢᠯᠠᠭ᠎ᠠ ᠶ᠋ᠢᠨ ᠦᠶ᠎ᠡ᠎ᠳᠦ ᠯᠤᠲᠤ ᠶᠡᠬᠡ ᠪᠠᠲᠤᠯᠠᠭ᠎ᠠ ᠶ᠋ᠢ ᠪᠤᠶ ᠪᠣᠯᠭᠠᠵᠤ ᠴᠢᠳᠠᠨ᠎ᠠ᠃

  4. ᠡᠮᠴᠢᠯᠡᠭᠡᠨ᠎ᠦ ᠳᠠᠭᠠᠳᠬᠠᠯ ᠨᠢ 《ᠬᠠᠷᠢᠯᠴᠠᠨ ᠬᠠᠪᠰᠤᠷᠤᠯᠴᠠᠵᠤ ᠬᠠᠷᠢᠯᠴᠠᠨ ᠬᠠᠷᠠᠭᠠᠯᠵᠠᠬᠤ》 ᠨᠡᠢᠭᠡᠮ᠎ᠦᠨ ᠦᠨ᠎ᠡ ᠥᠷᠲᠡᠭ ᠢ᠋ ᠬᠠᠷᠠᠭᠤᠯᠵᠤ ᠪᠠᠢᠨ᠎ᠠ 

  ᠡᠮᠴᠢᠯᠡᠭᠡᠨ᠎ᠦ ᠳᠠᠭᠠᠳᠬᠠᠯ᠎ᠤᠨ ᠮᠥᠨ ᠴᠢᠨᠠᠷ ᠪᠣᠯ 《 ᠬᠥᠮᠥᠨ ᠣᠯᠠᠨ ᠬᠦᠴᠦ ᠶᠡᠬᠡ 》 ᠶᠠᠪᠤᠳᠠᠯ ᠪᠣᠯᠣᠨ᠎ᠠ᠃ ᠪᠢᠳᠡᠨ᠎ᠦ ᠬᠥᠮᠥᠨ ᠨᠢᠭᠡᠪᠦᠷᠢ ᠴᠥᠮ ᠪᠤᠰᠤᠳ᠎ᠤᠨ ᠲᠥᠯᠥᠭᠡ ᠠᠶᠤᠯ ᠲᠦᠭᠰᠢᠭᠦᠷᠢ᠎ᠶᠢ ᠡᠭᠦᠷᠭᠡᠯᠡᠬᠦ᠎ᠶᠢᠨ ᠬᠠᠮᠲᠤ ᠪᠠᠰᠠ ᠪᠤᠰᠤᠳ᠎ᠲᠤ ᠬᠠᠮᠠᠭᠠᠯᠠᠭᠳᠠᠵᠤ ᠪᠠᠢᠨ᠎ᠠ᠃ ᠡᠷᠡᠭᠦᠯ ᠴᠢᠭᠢᠷᠠᠭ ᠪᠠᠢᠬᠤ ᠦᠶ᠎ᠡ᠎ᠳᠦ᠂ ᠲᠠᠨ᠎ᠤ ᠰᠦᠢᠳᠬᠡᠯ ᠲᠤᠰᠢᠶᠠᠬᠤ ᠨᠢ ᠶᠠᠭ ᠬᠢᠮᠢ᠎ᠶᠢᠨ ᠵᠠᠰᠠᠯ ᠬᠢᠵᠦ ᠪᠠᠢᠭ᠎ᠠ ᠥᠮᠡᠨ ᠡᠪᠡᠳᠴᠢᠲᠡᠨ᠂ ᠨᠡᠪᠴᠢᠭᠦᠯᠦᠨ ᠢᠯᠭᠠᠷᠠᠭᠤᠯᠬᠤ ᠴᠢᠬᠤᠯᠠᠲᠠᠢ ᠰᠢᠭᠡᠰᠦᠨ ᠬᠣᠣᠷᠳᠠᠯᠭ᠎ᠠ᠎ᠶᠢᠨ ᠡᠪᠡᠳᠴᠢᠲᠡᠨ᠂ ᠭᠡᠨᠡᠳᠲᠡ ᠲᠠᠷᠢᠬᠢᠨ᠎ᠤ ᠪᠤᠯᠴᠢᠩ᠎ᠤᠨ ᠡᠪᠡᠳᠴᠢᠨ ᠣᠯᠣᠭᠰᠠᠨ ᠨᠠᠰᠤᠲᠠᠢᠴᠤᠳ᠎ᠢ ᠬᠠᠪᠰᠤᠷᠤᠨ᠎ᠠ; ᠴᠢᠮᠠᠢ ᠡᠪᠡᠳᠴᠢᠯᠡᠬᠦ ᠦᠶ᠎ᠡ᠎ᠳᠦ᠂ ᠲᠣᠭ᠎ᠠ ᠲᠣᠮᠰᠢ ᠦᠭᠡᠢ ᠲᠠᠨᠢᠯ ᠪᠤᠰᠤ ᠬᠥᠮᠥᠰ᠎ᠦᠨ ᠲᠤᠰᠢᠶᠠᠬᠤ ᠰᠦᠢᠳᠬᠡᠯ ᠨᠢ ᠴᠦ᠍ ᠴᠢᠨᠦ ᠡᠮᠴᠢᠯᠡᠭᠡ᠎ᠳᠦ ᠲᠤᠯᠭᠠᠭᠤᠷᠢᠯᠠᠵᠤ ᠪᠠᠢᠳᠠᠭ᠃

  ᠡᠨᠡ ᠬᠦ᠌ 《 ᠪᠢ ᠬᠥᠮᠥᠨ ᠪᠦᠬᠦᠨ᠎ᠦ ᠲᠥᠯᠥᠭᠡ᠂ ᠬᠥᠮᠥᠨ ᠪᠦᠬᠦᠨ ᠮᠢᠨᠤ ᠲᠥᠯᠥᠭᠡ 》 ᠭᠡᠳᠡᠭ ᠵᠣᠷᠢᠭ᠋ ᠰᠠᠨᠠᠭ᠎ᠠ ᠪᠣᠯ ᠶᠠᠭ ᠨᠡᠢᠭᠡᠮ᠎ᠦᠨ ᠪᠣᠯᠪᠠᠰᠤᠨ᠎ᠤ ᠳᠠᠪᠰᠢᠯᠲᠠ ᠶ᠋ᠢᠨ ᠢᠯᠡᠷᠡᠯ ᠮᠥᠨ᠃ ᠳᠠᠭᠠᠳᠬᠠᠯ᠎ᠳᠤ ᠣᠷᠣᠯᠴᠠᠵᠤ ᠰᠦᠢᠳᠬᠡᠯ ᠲᠤᠰᠢᠶᠠᠬᠤ ᠪᠣᠯ ᠨᠢᠭᠡ ᠵᠦᠢᠯ᠎ᠦᠨ ᠠᠵᠤ ᠠᠬᠤᠢ᠎ᠶᠢᠨ ᠠᠵᠢᠯᠯᠠᠭ᠎ᠠ ᠪᠣᠯᠬᠤ᠎ᠪᠠᠷ ᠪᠠᠷᠠᠬᠤ ᠦᠭᠡᠢ᠂ ᠨᠠᠩ ᠴᠤ᠌ ᠨᠢᠭᠡ ᠵᠦᠢᠯ᠎ᠦᠨ ᠨᠡᠢᠭᠡᠮ᠎ᠦᠨ ᠬᠠᠷᠢᠭᠤᠴᠠᠯᠭ᠎ᠠ ᠮᠥᠨ᠃ ᠲᠡᠷᠡ ᠨᠢ ᠪᠢᠳᠡᠨ᠎ᠢ ᠬᠥᠮᠥᠨ ᠲᠥᠷᠥᠯᠬᠢᠲᠡᠨ᠎ᠦ ᠬᠠᠮᠲᠤ᠎ᠶᠢᠨ ᠳᠠᠢᠰᠤᠨ ᠪᠣᠯᠬᠤ ᠡᠪᠡᠳᠴᠢᠨ ᠡᠮᠭᠡᠭ᠎ᠲᠦ ᠬᠠᠨᠳᠤᠬᠤ᠎ᠳᠠᠭᠠᠨ ᠲᠤᠰᠠᠯᠠᠮᠵᠢ ᠦᠭᠡᠢ ᠭᠠᠭᠴᠠᠭᠠᠷᠳᠠᠬᠤ᠎ᠪᠠᠨ ᠪᠣᠯᠢᠵᠤ᠂ ᠬᠠᠷᠢᠨ ᠬᠦᠴᠦᠷᠬᠡᠭ ᠶᠡᠬᠡ ᠥᠮᠥᠭ ᠲᠦᠰᠢᠭ᠎ᠲᠠᠢ ᠪᠣᠯᠭᠠᠭᠰᠠᠨ ᠪᠠᠢᠨ᠎ᠠ᠃ 

  ᠦᠨᠡᠨ᠎ᠢ ᠬᠡᠯᠡᠪᠡᠯ᠂ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠬᠠᠯ ᠪᠣᠯ ᠤᠯᠤᠰ ᠠ᠋ᠴᠠ ᠠᠯᠪᠠ᠎ᠪᠠᠷ ᠲᠤᠯᠭᠠᠭᠰᠠᠨ 《ᠡᠭᠦᠷᠭᠡ》 ᠪᠢᠰᠢ᠂ ᠬᠠᠷᠢᠨ ᠤᠯᠤᠰ ᠠ᠋ᠴᠠ ᠮᠠᠨ᠎ᠤ ᠬᠥᠮᠥᠨ ᠨᠢᠭᠡᠪᠦᠷᠢ᠎ᠳᠦ ᠬᠦᠷᠭᠡᠭᠰᠡᠨ 《ᠡᠷᠡᠭᠦᠯ ᠮᠡᠨᠳᠦ᠎ᠶᠢᠨ ᠪᠡᠯᠡᠭ》 ᠮᠥᠨ᠃ ᠲᠠᠨ᠎ᠤ ᠵᠢᠯ ᠪᠦᠷᠢ᠎ᠶᠢᠨ ᠲᠤᠰᠢᠶᠠᠭᠰᠠᠨ ᠬᠡᠳᠦᠨ ᠵᠠᠭᠤᠨ ᠲᠥᠭᠥᠷᠢᠭ ᠴᠢᠨᠢ ᠬᠠᠷᠢᠨ ᠯᠤᠲᠤ ᠶᠡᠬᠡ ᠠᠮᠤᠷ ᠲᠦᠪᠰᠢᠨ᠎ᠦ ᠰᠡᠳᠬᠢᠭᠳᠡᠯ ᠪᠠ ᠪᠠᠲᠤᠯᠠᠭ᠎ᠠ᠎ᠶᠢ ᠣᠯᠵᠤ ᠲᠠᠶ᠋ᠢᠯᠤᠨ᠎ᠠ᠃

  ᠡᠨᠳᠡ ᠵᠣᠬᠢᠶᠠᠭ᠍ᠴᠢ ᠦᠨᠡᠨ ᠰᠡᠳᠬᠢᠯ᠎ᠡᠴᠡ᠎ᠪᠡᠨ ᠤᠯᠠᠨ᠎ᠢ ᠤᠷᠢᠶᠠᠯᠠᠵᠤ ᠪᠠᠢᠨ᠎ᠠ᠄ 

  

  ᠴᠠᠭ᠎ᠲᠠᠭᠠᠨ ᠳᠠᠭᠠᠳᠬᠠᠯ᠎ᠳᠤ ᠣᠷᠣᠯᠴᠠᠨ᠎ᠠ᠂ ᠵᠢᠯ᠎ᠦᠨ ᠡᠴᠦᠰ ᠪᠣᠯᠬᠤ᠎ᠳᠤ ᠰᠠᠶᠢ ᠪᠤᠳᠤᠵᠤ  ᠣᠯᠵᠦ ᠪᠣᠯᠬᠤ ᠦᠭᠡᠢ᠂ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭ᠎ᠠ ᠠ᠋ᠴᠠ ᠬᠣᠴᠣᠷᠪᠠᠯ ᠶᠠᠷᠰᠢᠭ᠋ ᠪᠣᠯᠣᠨ᠎ᠠ᠃ 

  

  ᠵᠠᠯᠭᠠᠭ᠎ᠠ᠎ᠪᠠᠷ ᠳᠠᠭᠠᠳᠬᠠᠯ᠎ᠳᠤ ᠣᠷᠣᠯᠴᠠᠨ᠎ᠠ᠂ ᠲᠤᠰᠢᠶᠠᠬᠤ ᠬᠤᠭᠤᠴᠠᠭ᠎ᠠ᠎ᠪᠠᠨ ᠲᠠᠰᠤᠯᠳᠠᠭᠤᠯᠵᠤ ᠪᠣᠯᠬᠤ ᠦᠭᠡᠢ᠂ ᠬᠦᠯᠢᠶᠡᠬᠦ ᠬᠤᠭᠤᠴᠠᠭᠠᠨ᠎ᠤ ᠲᠦᠭᠰᠢᠭᠦᠷᠢ᠎ᠡᠴᠡ ᠵᠠᠢᠯᠠᠰᠬᠢᠬᠦ ᠬᠡᠷᠡᠭᠲᠡᠢ᠃

  

  ᠢᠳᠡᠪᠬᠢᠲᠡᠢ᠎ᠪᠡᠷ ᠤᠬᠠᠭᠤᠯᠤᠨ᠎ᠠ᠂  ᠳᠡᠷᠭᠡᠳᠡᠬᠢ ᠭᠡᠷ᠎ᠦᠨ ᠬᠥᠮᠥᠰ᠂ ᠰᠠᠳᠤᠨ ᠲᠥᠷᠥᠯ᠂ ᠨᠠᠢᠵᠠ ᠨᠥᠬᠥᠳ᠎ᠲᠡᠬᠡᠨ ᠡᠨᠳᠡᠭᠦᠦ ᠣᠢᠯᠠᠭᠠᠭᠰᠠᠨ ᠠ᠋ᠴᠠ ᠪᠣᠯᠵᠤ ᠳᠠᠭᠠᠳᠬᠠᠯ᠎ᠳᠤ ᠣᠷᠣᠯᠴᠠᠬᠤ᠎ᠪᠠᠨ ᠪᠣᠯᠢᠵᠤ ᠪᠣᠯᠬᠤ ᠦᠭᠡᠢ ᠭᠡᠵᠦ ᠬᠡᠯᠡᠵᠦ ᠥᠭᠬᠦ ᠬᠡᠷᠡᠭᠲᠡᠢ ᠃ 

ᠢᠷᠡᠯᠲᠡ᠄ ᠳᠤᠮᠳᠠᠳᠤ ᠤᠯᠤᠰ᠎ᠤᠨ ᠡᠮᠴᠢᠯᠡᠭᠡᠨ᠎ᠦ ᠳᠠᠭᠠᠳᠭᠠᠯ    ᠳᠤᠯᠤᠳᠤᠭ᠋ᠠᠷ ᠰᠠᠷ᠎ᠠ

ᠢᠷᠡᠯᠲᠡ᠄ ᠳᠤᠮᠳᠠᠳᠤ ᠤᠯᠤᠰ᠎ᠤᠨ ᠡᠮᠴᠢᠯᠡᠭᠡᠨ᠎ᠦ ᠳᠠᠭᠠᠳᠭᠠᠯ
          
ᠬᠠᠮᠢᠶ᠎ᠡ ᠪᠦᠬᠦᠢ ᠰᠣᠨᠢᠨ
 
            