ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠦᠷᠡᠵᠢᠯ᠎ᠤᠨ ᠨᠡᠮᠡᠯᠭᠡ ᠵᠢ ᠬᠤᠪᠢ ᠬᠥᠮᠥᠨ᠎ᠳᠤ ᠰᠢᠭᠤᠳ ᠣᠯᠭᠣᠨ᠎ᠠ ᠡᠲᠡᠭᠡᠷ ᠭᠠᠵᠠᠷ ᠨᠢᠭᠡᠨᠲᠡ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-11-27

  ᠣᠢ᠌ᠷ᠎ᠠ᠎ᠳᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ 《ᠠᠷᠠᠳ᠎ᠤᠨ ᠠᠮᠢᠳᠤᠷᠠᠯ᠎ᠢ ᠤᠯᠠᠮ ᠨᠢᠭᠡ ᠠᠯᠬᠤᠮ ᠪᠠᠲᠤᠯᠠᠨ ᠰᠠᠢ᠌ᠵᠢᠷᠠᠭᠤᠯᠵᠤ ᠣᠯᠠᠨ ᠲᠦᠮᠡᠨ᠎ᠤ ᠪᠠᠴᠢᠮᠳᠠᠯ ᠬᠦᠴᠢᠷᠳᠡᠯ ᠵᠣᠪᠠᠨᠢᠯ ᠬᠦᠰᠡᠮᠵᠢᠯᠡᠯ᠎ᠢ ᠬᠦᠴᠦᠯᠡᠨ ᠰᠢᠢ᠍ᠳᠪᠦᠷᠢᠯᠡᠬᠦ ᠲᠤᠬᠠᠢ ᠰᠠᠨᠠᠯ》᠎ᠢ ᠳᠠᠷᠤᠮᠠᠯᠯᠠᠨ ᠶᠠᠪᠤᠭᠤᠯᠤᠭ᠋ᠠᠳ᠂ 《ᠨᠥᠬᠥᠴᠡᠯ᠎ᠲᠠᠢ ᠭᠠᠵᠠᠷ ᠣᠷᠣᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠦᠷᠡᠵᠢᠯ᠎ᠤᠨ ᠳᠠᠭ᠋ᠠᠳᠬᠠᠯ ᠦᠷᠡᠵᠢᠯ᠎ᠤᠨ ᠨᠡᠮᠡᠯᠭᠡ ᠵᠢ ᠠᠵᠢᠯ᠎ᠤᠨ ᠴᠤᠪᠤᠷᠠᠯ ᠶᠣᠰᠣᠭ᠋ᠠᠷ ᠳᠠᠭ᠋ᠠᠳᠬᠠᠯ᠎ᠳᠤ ᠣᠷᠣᠯᠴᠠᠭᠰᠠᠳ᠎ᠲᠤ ᠰᠢᠭᠤᠳ ᠣᠯᠭᠣᠬᠤ ᠵᠢ ᠳᠡᠮᠵᠢᠨ᠎ᠡ》 ᠭᠡᠵᠦ ᠱᠠᠭ᠋ᠠᠷᠳᠠᠪᠠ᠃

  ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠡᠷᠡᠰ ᠨᠠᠢ᠌ᠳᠠᠪᠤᠷᠢᠵᠢᠭᠤᠯᠵᠤ᠂ ᠡᠯ᠎ᠡ ᠭᠠᠵᠠᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠦᠷᠡᠵᠢᠯ᠎ᠤᠨ ᠨᠡᠮᠡᠯᠭᠡ ᠣᠯᠭᠣᠬᠤ ᠴᠤᠪᠤᠷᠠᠯ ᠵᠶ᠋ᠠᠨ ᠰᠢᠯᠢᠳᠡᠭᠵᠢᠭᠦᠯᠬᠦ ᠵᠢ᠎ᠨᠢ ᠢᠳᠡᠪᠬᠢᠲᠡᠢ ᠠᠬᠢᠭᠤᠯᠵᠤ᠂ ᠦᠷᠡᠵᠢᠯ᠎ᠳᠤ ᠨᠥᠬᠥᠷᠰᠡᠭ ᠬᠡᠯᠪᠡᠷᠢ ᠵᠢᠨ ᠨᠡᠢ᠌ᠭᠡᠮ᠎ᠢ ᠪᠦᠲᠦᠭᠡᠨ ᠪᠠᠢ᠌ᠭᠤᠯᠬᠤ᠎ᠳᠤ ᠬᠦᠴᠦᠨ ᠨᠡᠮᠡᠷᠢᠯᠡᠵᠦ ᠪᠠᠢ᠌ᠨ᠎ᠠ᠃ 6 ᠳ᠋ᠤᠭ᠋ᠠᠷ ᠰᠠᠷ᠎ᠠ ᠵᠢᠨ 12᠎ᠤᠨ ᠡᠳᠦᠷ ᠪᠣᠯᠲᠠᠯ᠎ᠠ᠂ ᠪᠥᠬᠥ ᠤᠯᠤᠰ᠎ᠤᠨ 13 ᠮᠤᠵᠢ ᠣᠷᠣᠨ᠎ᠤ ᠨᠢᠭᠡᠳᠦᠯᠲᠡᠢ ᠲᠥᠯᠥᠪᠯᠡᠬᠦ ᠪᠦᠬᠦᠢ᠌ᠯᠡ ᠭᠠᠵᠠᠷ ᠣᠷᠣᠨ᠎ᠳᠤ ᠦᠷᠡᠵᠢᠯ᠎ᠤᠨ ᠨᠡᠮᠡᠯᠭᠡ ᠵᠢ ᠴᠥᠮ ᠬᠤᠪᠢ ᠬᠥᠮᠥᠨ᠎ᠳᠤ ᠰᠢᠭᠤᠳ ᠣᠯᠭᠣᠵᠤ ᠪᠣᠯᠣᠨ᠎ᠠ᠂ ᠲᠤᠬᠠᠢ᠌ᠯᠠᠪᠠᠯ ᠱᠠᠨ ᠰᠢ᠂ ᠥᠪᠥᠷ ᠮᠣᠩᠭᠣᠯ᠂ ᠬᠠᠷᠠᠮᠥ᠋ᠷᠡᠨ᠂ ᠱᠠᠩᠬᠠᠢ᠂ ᠹᠦᠵᠢᠶᠠᠨ᠂ ᠱᠠᠨᠳᠦ᠋ᠩ᠂ ᠬᠤᠪᠧᠢ᠂ ᠬᠠᠢ᠌ᠨᠠᠨ᠂ ᠴᠦᠩᠴᠢᠩ᠂ ᠭᠠᠨᠰᠤ᠂ ᠬᠥᠬᠡᠨᠠᠭᠤᠷ᠂ ᠨᠢᠩᠰᠢᠶᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ ᠵᠡᠷᠭᠡ ᠪᠣᠢ᠃ ᠡᠭᠦᠨ᠎ᠤ ᠬᠠᠮᠲᠤ᠂ ᠶᠦᠨᠨᠠᠨ ᠮᠤᠵᠢ ᠴᠤ᠌ ᠣᠢ᠌ᠷ᠎ᠠ᠎ᠳᠤ ᠠᠯᠪᠠᠨ ᠶᠣᠰᠣᠭ᠋ᠠᠷ ᠪᠢᠴᠢᠭ ᠮᠠᠲ᠋ᠧᠷᠢᠶᠠᠯ ᠨᠡᠢ᠌ᠲᠡᠯᠡᠭᠡᠳ᠂ 7 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠶᠦᠨᠨᠠᠨ ᠪᠥᠬᠥ ᠮᠤᠵᠢ᠎ᠳᠤ ᠦᠷᠡᠵᠢᠯ᠎ᠤᠨ ᠨᠡᠮᠡᠯᠭᠡ ᠵᠢ ᠬᠤᠪᠢ ᠬᠥᠮᠥᠨ᠎ᠳᠤ ᠰᠢᠭᠤᠳ ᠣᠯᠭᠣᠬᠤ ᠵᠢ ᠪᠥᠬᠥ ᠲᠠᠯ᠎ᠠ᠎ᠪᠠᠷ ᠪᠡᠶᠡᠯᠡᠭᠦᠯᠦᠨ᠎ᠡ ᠭᠡᠵᠡᠢ᠃ ᠶᠡᠷᠦᠩᠬᠡᠢ᠎ᠳᠤ᠎ᠨᠢ ᠦᠵᠡᠪᠡᠯ᠂ ᠪᠥᠬᠥ ᠤᠯᠤᠰ᠎ᠤᠨ ᠪᠠᠷᠤᠭ 6 ᠬᠤᠪᠢ ᠵᠢᠨ ᠨᠢᠭᠡᠳᠦᠯᠲᠡᠢ ᠲᠥᠯᠥᠪᠯᠡᠬᠦ ᠭᠠᠵᠠᠷ ᠣᠷᠣᠨ᠎ᠨᠢ ᠬᠤᠪᠢ ᠬᠥᠮᠥᠨ᠎ᠳᠤ ᠰᠢᠭᠤᠳ ᠣᠯᠭᠣᠬᠤ ᠵᠢ ᠪᠡᠶᠡᠯᠡᠭᠦᠯᠦᠭᠰᠡᠨ ᠪᠠᠢ᠌ᠨ᠎ᠠ᠃ ᠨᠢᠭᠡᠳᠦᠯᠲᠡᠢ ᠲᠥᠯᠥᠪᠯᠡᠬᠦ ᠭᠠᠵᠠᠷ ᠣᠷᠣᠨ᠎ᠨᠤᠭᠤᠳ᠎ᠤᠨ ᠦᠷᠡᠵᠢᠯ᠎ᠤᠨ ᠨᠡᠮᠡᠯᠭᠡ ᠣᠯᠭᠣᠵᠤ ᠪᠠᠢ᠌ᠭ᠎ᠠ ᠣᠳᠣᠬᠠᠨ᠎ᠤ ᠪᠠᠢ᠌ᠳᠠᠯ᠎ᠢ ᠳᠠᠷᠠᠭ᠋ᠠᠬᠢ ᠬᠦᠰᠦᠨᠦᠭᠲᠦ᠎ᠠᠴᠠ ᠨᠠᠷᠢᠯᠢᠭ ᠣᠢ᠌ᠯᠠᠭ᠋ᠠᠭ᠋ᠠᠷᠠᠢ᠃

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            