ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠲᠠᠨ᠎ᠳᠤ ᠦᠨᠡᠨ ᠬᠦ᠌ ᠳᠡᠮᠵᠢᠯᠭᠡ ᠦᠵᠡᠭᠦᠯᠦᠨ᠎ᠡ!
ᠨᠡᠶ᠋ᠢᠲᠡᠯᠡᠭᠰᠡᠨ ᠴᠠᠭ᠄ 2025-06-27

  ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠡᠳᠦᠷ

  ᠥᠨᠥᠳᠥᠷ ᠪᠣᠯ ᠲᠠᠨ᠎ᠤ ᠪᠠᠶᠠᠷ᠎ᠤᠨ ᠡᠳᠦᠷ᠂ ᠲᠠᠨ᠎ᠳᠤ ᠦᠨᠡᠨ ᠬᠦ᠌ ᠳᠡᠮᠵᠢᠯᠭᠡ ᠦᠵᠡᠭᠦᠯᠦᠨ᠎ᠡ!

  ᠥᠨᠥᠳᠥᠷ (6 ᠳ᠋ᠤᠭ᠋ᠠᠷ ᠰᠠᠷ᠎ᠠ ᠵᠢᠨ 27᠎ᠤ ᠡᠳᠦᠷ) ᠪᠣᠯ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠲᠣᠭᠲᠠᠭ᠋ᠠᠭᠰᠠᠨ 《ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠡᠳᠦᠷ》 ᠪᠣᠯᠣᠨ᠎ᠠ᠃ ᠤᠯᠤᠰ᠎ᠠᠴᠠ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠬᠥᠭᠵᠢᠯᠲᠡ ᠵᠢ ᠳᠡᠮᠵᠢᠬᠦ ᠤᠯᠠᠨ ᠵᠦᠢ᠍ᠯ᠎ᠤᠨ ᠲᠦᠷᠦ ᠵᠢᠨ ᠪᠣᠳᠣᠯᠭ᠎ᠠ ᠵᠢ ᠨᠡᠢ᠌ᠲᠡᠯᠡᠨ ᠬᠡᠷᠡᠭᠵᠢᠭᠦᠯᠵᠦ᠂ ᠵᠢᠭᠡᠯᠡᠯᠭᠡ᠂ ᠪᠡᠯᠡ ᠲᠣᠬᠢᠷᠠᠭᠤᠯᠭ᠎ᠠ᠂ ᠵᠣᠭᠣᠰ ᠲᠤᠰᠢᠶᠠᠬᠤ ᠬᠤᠭᠤᠴᠠᠭ᠎ᠠ᠂ ᠭᠠᠢ᠌ᠯᠢ ᠵᠢ ᠬᠥᠩᠭᠡᠷᠡᠭᠦᠯᠵᠦ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠵᠡᠷᠭᠡ ᠲᠠᠯ᠎ᠠ᠎ᠪᠠᠷ ᠠᠵᠤ ᠠᠬᠤᠢ᠌ᠯᠠᠯ᠎ᠳᠤ ᠦᠨᠡᠨ ᠬᠦ᠌ ᠳᠡᠮᠵᠢᠯᠭᠡ ᠦᠵᠡᠭᠦᠯᠪᠡ᠃ ᠬᠠᠮᠲᠤ᠎ᠪᠠᠷ ᠦᠵᠡᠵᠡᠭᠡᠶ᠎ᠡ

  5000 ᠲᠦᠮᠡᠨ ᠲᠥᠭᠥᠷᠢᠭ ᠪᠣᠯᠲᠠᠯ᠎ᠠ ᠳᠡᠭᠡᠭᠰᠢᠯᠡᠭᠦᠯᠪᠡ

  ᠵᠢᠵᠢᠭ ᠪᠢᠴᠢᠯ ᠠᠵᠤ ᠠᠬᠤᠢ᠌ᠯᠠᠯ᠎ᠤᠨ ᠡᠵᠡᠳ᠂ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠡᠷᠭᠡ ᠬᠤᠪᠢ ᠬᠥᠮᠥᠨ᠎ᠢ ᠠᠵᠢᠯ᠎ᠤᠨ ᠪᠠᠢ᠌ᠷᠢ ᠲᠣᠭᠲᠠᠪᠤᠷᠢᠵᠢᠭᠤᠯᠤᠨ ᠥᠷᠭᠡᠳᠬᠡᠬᠦ ᠲᠤᠰᠬᠠᠢ ᠵᠦᠢ᠍ᠯ᠎ᠤᠨ ᠵᠢᠭᠡᠯᠡᠯᠭᠡ᠎ᠪᠠᠷ ᠳᠡᠮᠵᠢᠬᠦ ᠬᠡᠪᠴᠢᠶᠡᠨ᠎ᠳᠤ ᠣᠷᠣᠭᠤᠯᠤᠨ᠎ᠠ; ᠵᠢᠵᠢᠭ ᠪᠢᠴᠢᠯ ᠠᠵᠤ ᠠᠬᠤᠢ᠌ᠯᠠᠯ᠎ᠳᠤ ᠣᠯᠭᠣᠬᠤ ᠬᠠᠮᠤᠭ᠎ᠤᠨ ᠥᠨᠳᠥᠷ ᠢᠲᠡᠭᠡᠮᠵᠢᠲᠦ ᠵᠢᠭᠡᠯᠡᠯᠭᠡ ᠵᠢ 5000 ᠲᠦᠮᠡᠨ ᠲᠥᠭᠥᠷᠢᠭ᠎ᠲᠤ ᠬᠦᠷᠲᠡᠯ᠎ᠡ ᠳᠡᠭᠡᠭᠰᠢᠯᠡᠭᠦᠯᠵᠦ᠂ ᠬᠤᠪᠢ ᠬᠥᠮᠥᠨ᠎ᠳᠤ ᠣᠯᠭᠣᠬᠤ ᠬᠠᠮᠤᠭ᠎ᠤᠨ ᠥᠨᠳᠥᠷ ᠢᠲᠡᠭᠡᠮᠵᠢᠲᠦ ᠵᠢᠭᠡᠯᠡᠯᠭᠡ 1000 ᠲᠦᠮᠡᠨ ᠲᠥᠭᠥᠷᠢᠭ ᠪᠣᠯᠪᠠ᠃

  ᠦᠷᠲᠡᠭ ᠨᠡᠮᠡᠭᠳᠡᠯ᠎ᠤᠨ ᠭᠠᠢ᠌ᠯᠢ ᠵᠢ ᠬᠠᠰᠤᠵᠤ ᠬᠡᠯᠲᠦᠷᠢᠭᠦᠯᠪᠡ

  2027 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ᠂ ᠰᠠᠷ᠎ᠠ ᠵᠢᠨ ᠪᠣᠷᠣᠯᠠᠭᠤᠯᠤᠯᠲᠠ ᠵᠢᠨ ᠲᠣᠭ᠎ᠠ᠎ᠨᠢ 10 ᠲᠦᠮᠡᠨ ᠲᠥᠭᠥᠷᠢᠭ᠎ᠠᠴᠠ ᠳᠣᠷᠤᠭᠰᠢᠬᠢ (ᠲᠣᠰ ᠲᠣᠭ᠎ᠠ ᠵᠢ ᠪᠠᠭᠲᠠᠭ᠋ᠠᠨ᠎ᠠ) ᠥᠷᠲᠡᠭ ᠨᠡᠮᠡᠭᠳᠡᠯ᠎ᠤᠨ ᠭᠠᠢ᠌ᠯᠢ ᠵᠢᠨ ᠪᠠᠭ᠎ᠠ ᠬᠡᠪᠴᠢᠶᠡᠲᠦ ᠭᠠᠢ᠌ᠯᠢ ᠲᠤᠰᠢᠶᠠᠭᠴᠢ᠎ᠠᠴᠠ ᠥᠷᠲᠡᠭ ᠨᠡᠮᠡᠭᠳᠡᠯ᠎ᠤᠨ ᠭᠠᠢ᠌ᠯᠢ ᠲᠠᠲᠠᠪᠤᠷᠢᠯᠠᠬᠤ ᠦᠭᠡᠢ᠃ ᠥᠷᠲᠡᠭ ᠨᠡᠮᠡᠭᠳᠡᠯ᠎ᠤᠨ ᠭᠠᠢ᠌ᠯᠢ ᠵᠢᠨ ᠪᠠᠭ᠎ᠠ ᠬᠡᠪᠴᠢᠶᠡᠲᠦ ᠭᠠᠢ᠌ᠯᠢ ᠲᠤᠰᠢᠶᠠᠭᠴᠢ᠎ᠳᠤ 3% ᠵᠢᠨ ᠭᠠᠢ᠌ᠯᠢ ᠲᠠᠲᠠᠪᠤᠷᠢᠯᠠᠬᠤ ᠨᠣᠷᠮ᠎ᠠ ᠵᠢᠨ ᠭᠠᠢ᠌ᠯᠢ ᠲᠤᠰᠢᠶᠠᠬᠤ ᠶᠣᠰᠣᠲᠠᠢ ᠪᠣᠷᠣᠯᠠᠭᠤᠯᠤᠯᠲᠠ ᠵᠢᠨ ᠣᠷᠣᠯᠭ᠎ᠠ ᠵᠢ ᠲᠣᠬᠢᠷᠠᠭᠤᠯᠤᠨ ᠬᠡᠷᠡᠭᠯᠡᠵᠦ᠂ 1% ᠵᠢᠨ ᠭᠠᠢ᠌ᠯᠢ ᠲᠠᠲᠠᠪᠤᠷᠢᠯᠠᠬᠤ ᠨᠣᠷᠮ᠎ᠠ᠎ᠪᠠᠷ ᠥᠷᠲᠡᠭ ᠨᠡᠮᠡᠭᠳᠡᠯ᠎ᠤᠨ ᠭᠠᠢ᠌ᠯᠢ ᠵᠢ᠎ᠨᠢ ᠬᠠᠰᠤᠨ᠎ᠠ᠃

  《ᠵᠢᠷᠭᠤᠭ᠋ᠠᠨ ᠭᠠᠢ᠌ᠯᠢ ᠬᠣᠶᠠᠷ ᠰᠦᠢ᠍ᠳᠬᠡᠯ》᠎ᠢ ᠬᠠᠭ᠋ᠠᠰ ᠵᠶ᠋ᠠᠷ ᠲᠠᠲᠠᠪᠤᠷᠢᠯᠠᠨ᠎ᠠ

  2027 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ᠂ ᠥᠷᠲᠡᠭ ᠨᠡᠮᠡᠭᠳᠡᠯ᠎ᠤᠨ ᠭᠠᠢ᠌ᠯᠢ ᠵᠢᠨ ᠪᠠᠭ᠎ᠠ ᠬᠡᠪᠴᠢᠶᠡᠲᠦ ᠭᠠᠢ᠌ᠯᠢ ᠲᠤᠰᠢᠶᠠᠭᠴᠢ᠂ ᠵᠢᠵᠢᠭ ᠬᠡᠯᠪᠡᠷᠢ ᠵᠢᠨ ᠥᠴᠥᠬᠡᠨ ᠠᠰᠢᠭ ᠣᠯᠵᠠᠪᠤᠷᠢᠲᠤ ᠠᠵᠤ ᠠᠬᠤᠢ᠌ᠯᠠᠯ ᠪᠠ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠠᠴᠠ 《ᠵᠢᠷᠭᠤᠭ᠋ᠠᠨ ᠭᠠᠢ᠌ᠯᠢ ᠬᠣᠶᠠᠷ ᠰᠦᠢ᠍ᠳᠬᠡᠯ》᠎ᠢ ᠬᠠᠭ᠋ᠠᠰ ᠵᠶ᠋ᠠᠷ ᠲᠠᠲᠠᠪᠤᠷᠢᠯᠠᠨ᠎ᠠ᠃

  ᠠᠰᠢᠭ ᠣᠷᠣᠯᠭ᠎ᠠ ᠵᠢᠨ ᠭᠠᠢ᠌ᠯᠢ ᠵᠢᠨ ᠬᠠᠷᠠᠭ᠋ᠠᠯᠵᠠᠯ

  2027 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ᠂ ᠡᠳ᠋᠎ᠤᠨ ᠵᠠᠰᠠᠭ᠎ᠤᠨ ᠶᠠᠮᠤᠨ᠂ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶᠠᠨ᠎ᠤ ᠲᠣᠭᠲᠠᠭ᠋ᠠᠭᠰᠠᠨ ᠵᠢᠵᠢᠭ ᠬᠡᠯᠪᠡᠷᠢ ᠵᠢᠨ ᠥᠴᠥᠬᠡᠨ ᠠᠰᠢᠭ ᠣᠯᠵᠠᠪᠤᠷᠢᠲᠤ ᠠᠵᠤ ᠠᠬᠤᠢ᠌ᠯᠠᠯ᠎ᠤᠨ ᠨᠥᠬᠥᠴᠡᠯ᠎ᠳᠤ ᠨᠡᠢ᠌ᠴᠡᠬᠦ ᠠᠵᠤ ᠠᠬᠤᠢ᠌ᠯᠠᠯ᠎ᠤᠨ ᠭᠠᠢ᠌ᠯᠢ ᠲᠤᠰᠢᠶᠠᠬᠤ ᠶᠣᠰᠣᠲᠠᠢ ᠠᠰᠢᠭ ᠣᠷᠣᠯᠭ᠎ᠠ ᠵᠢᠨ ᠲᠣᠭ᠎ᠠ ᠵᠢ 25%᠎ᠪᠠᠷ ᠬᠠᠰᠤᠵᠤ ᠪᠤᠳᠤᠭ᠋ᠠᠳ᠂ 20% ᠵᠢᠨ ᠭᠠᠢ᠌ᠯᠢ ᠵᠢᠨ ᠨᠣᠷᠮ᠎ᠠ᠎ᠪᠠᠷ ᠠᠵᠤ ᠠᠬᠤᠢ᠌ᠯᠠᠯ᠎ᠤᠨ ᠠᠰᠢᠭ ᠣᠷᠣᠯᠭ᠎ᠠ ᠵᠢᠨ ᠭᠠᠢ᠌ᠯᠢ ᠲᠤᠰᠢᠶᠠᠨ᠎ᠠ᠃

  60 ᠡᠳᠦᠷ᠎ᠠᠴᠠ ᠬᠡᠲᠦᠷᠡᠵᠦ ᠪᠣᠯᠬᠤ ᠦᠭᠡᠢ

  ᠠᠯᠪᠠᠨ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ᠎ᠨᠢ ᠳᠤᠮᠳᠠ ᠵᠢᠵᠢᠭ ᠠᠵᠤ ᠠᠬᠤᠢ᠌ᠯᠠᠯ᠎ᠠᠴᠠ ᠡᠳ᠋ ᠪᠠᠷᠠᠭ᠎ᠠ᠂ ᠪᠠᠷᠢᠯᠭ᠎ᠠ᠂ ᠦᠢ᠍ᠯᠡᠴᠢᠯᠡᠭᠡ ᠬᠤᠳᠠᠯᠳᠤᠨ ᠠᠪᠬᠤ᠎ᠳᠤ ᠡᠳ᠋ ᠪᠠᠷᠠᠭ᠎ᠠ᠂ ᠪᠠᠷᠢᠯᠭ᠎ᠠ᠂ ᠦᠢ᠍ᠯᠡᠴᠢᠯᠡᠭᠡ ᠵᠢ ᠲᠤᠰᠢᠶᠠᠨ ᠥᠭᠭᠦᠭᠰᠡᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ ᠲᠣᠭ᠋ᠠᠴᠠᠭ᠎ᠠ ᠬᠢᠨ᠎ᠡ᠄ ᠭᠡᠷ᠎ᠡ᠎ᠳᠤ ᠠᠰ᠎ᠲᠤ᠎ᠪᠠᠨ ᠲᠣᠭᠲᠠᠭ᠋ᠠᠯ ᠪᠠᠢ᠌ᠪᠠᠯ᠂ ᠲᠡᠷᠡ ᠲᠣᠭᠲᠠᠭ᠋ᠠᠯ᠎ᠢ ᠳᠠᠭ᠋ᠠᠬᠤ ᠪᠣᠯᠪᠠᠴᠤ ᠲᠣᠭ᠋ᠠᠴᠠᠭ᠎ᠠ ᠬᠢᠬᠦ ᠬᠤᠭᠤᠴᠠᠭ᠎ᠠ ᠵᠢ ᠬᠠᠮᠤᠭ ᠤᠷᠳᠤ᠎ᠳᠤ᠎ᠪᠠᠨ 60 ᠡᠳᠦᠷ᠎ᠠᠴᠠ ᠬᠡᠲᠦᠷᠡᠭᠦᠯᠵᠦ ᠪᠣᠯᠬᠤ ᠦᠭᠡᠢ᠃

  1% ᠪᠣᠯᠲᠠᠯ᠎ᠠ ᠪᠠᠭᠤᠷᠠᠭᠤᠯᠤᠨ᠎ᠠ

  ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠦᠢ᠍ᠳᠬᠡᠯ᠎ᠤᠨ ᠨᠣᠷᠮ᠎ᠠ ᠵᠢ 1% ᠪᠣᠯᠲᠠᠯ᠎ᠠ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ 2025 ᠣᠨ᠎ᠤ ᠡᠴᠦᠰ ᠪᠣᠯᠲᠠᠯ᠎ᠠ ᠦᠷᠭᠦᠯᠵᠢᠯᠡᠭᠦᠯᠦᠨ᠎ᠡ᠃

  80%᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ

  ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ ᠬᠢᠬᠦ ᠪᠠᠢ᠌ᠭᠤᠯᠤᠮᠵᠢ᠎ᠨᠢ ᠭᠣᠣᠯᠳᠠᠯᠭ᠎ᠠ ᠪᠣᠯᠬᠤ ᠡᠲᠡᠭᠡᠳ ᠪᠠ ᠬᠦᠴᠦᠨ ᠪᠠᠭᠤᠷᠠᠢ ᠬᠦᠷᠢᠶᠡᠨ᠎ᠳᠤ ᠠᠩᠬᠠᠷᠤᠯ ᠲᠥᠪᠯᠡᠷᠡᠭᠦᠯᠵᠦ᠂ ᠭᠠᠭᠴᠠ ᠡᠷᠦᠬᠡ ᠵᠢᠨ ᠳᠠᠭ᠋ᠠᠭ᠋ᠠᠯᠲᠠ ᠵᠢᠨ ᠵᠣᠭᠣᠰ᠎ᠤᠨ ᠲᠣᠭ᠎ᠠ᠎ᠨᠢ 1000 ᠲᠦᠮᠡᠨ ᠲᠥᠭᠥᠷᠢᠭ ᠵᠢᠴᠢ ᠲᠡᠭᠦᠨ᠎ᠠᠴᠠ ᠳᠣᠷᠣᠭᠰᠢᠬᠢ ᠵᠢᠵᠢᠭ ᠪᠢᠴᠢᠯ ᠠᠵᠤ ᠠᠬᠤᠢ᠌ᠯᠠᠯ ᠵᠡᠷᠭᠡ᠎ᠳᠤ ᠭᠣᠣᠯᠳᠠᠯᠭ᠎ᠠ᠎ᠲᠠᠢ᠎ᠪᠠᠷ ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ ᠬᠢᠬᠦ ᠦᠢ᠍ᠯᠡᠴᠢᠯᠡᠭᠡ ᠬᠠᠩᠭ᠋ᠠᠨ᠎ᠠ᠃ ᠪᠥᠬᠥ ᠳᠠᠭ᠋ᠠᠭ᠋ᠠᠯᠲᠠ ᠬᠢᠬᠦ ᠵᠣᠭᠣᠰ᠎ᠤᠨ ᠲᠣᠭ᠎ᠠ᠎ᠳᠤ ᠡᠵᠡᠯᠡᠬᠦ ᠵᠢᠵᠢᠭ ᠠᠵᠤ ᠠᠬᠤᠢ᠌ᠯᠠᠯ ᠪᠠ ᠬᠥᠳᠡᠭᠡ ᠠᠵᠤ ᠠᠬᠤᠢ ᠵᠢ ᠳᠡᠮᠵᠢᠬᠦ ᠳᠠᠭ᠋ᠠᠭ᠋ᠠᠯᠲᠠ ᠬᠢᠬᠦ ᠵᠣᠭᠣᠰ᠎ᠤᠨ ᠲᠣᠭ᠎ᠠ ᠵᠢᠨ ᠬᠠᠷᠢᠴᠠᠯ᠎ᠢ ᠵᠠᠷᠴᠢᠮ ᠳᠡᠭᠡᠷ᠎ᠡ᠎ᠪᠠᠨ 80%᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ

  ᠡᠬᠡ ᠮᠥᠩᠭᠥ ᠵᠢ᠎ᠨᠢ ᠪᠤᠴᠠᠭ᠋ᠠᠬᠤ ᠦᠭᠡᠢ᠎ᠪᠠᠷ ᠦᠷᠭᠦᠯᠵᠢᠯᠡᠨ ᠵᠢᠭᠡᠯᠡᠯᠭᠡ ᠠᠪᠴᠤ ᠪᠣᠯᠣᠨ᠎ᠠ

  ᠵᠢᠵᠢᠭ ᠪᠢᠴᠢᠯ ᠠᠵᠤ ᠠᠬᠤᠢ᠌ᠯᠠᠯ᠎ᠤᠨ ᠡᠬᠡ ᠮᠥᠩᠭᠥ ᠵᠢ᠎ᠨᠢ ᠪᠤᠴᠠᠭ᠋ᠠᠬᠤ ᠦᠭᠡᠢ᠎ᠪᠠᠷ ᠦᠷᠭᠦᠯᠵᠢᠯᠡᠨ ᠵᠢᠭᠡᠯᠡᠯᠭᠡ ᠠᠪᠴᠤ ᠪᠣᠯᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠵᠢᠵᠢᠭ ᠪᠢᠴᠢᠯ ᠠᠵᠤ ᠠᠬᠤᠢ᠌ᠯᠠᠯ᠎ᠤᠨ ᠵᠢᠭᠡᠯᠡᠯᠭᠡ ᠵᠢᠨ ᠬᠦᠦ ᠵᠢᠨ ᠨᠣᠷᠮ᠎ᠠ ᠵᠢ ᠵᠦᠢ ᠵᠣᠬᠢᠰᠲᠠᠢ ᠲᠣᠭᠲᠠᠭ᠋ᠠᠨ᠎ᠠ᠃

  ᠳᠦᠷᠢᠮ᠎ᠤᠨ ᠴᠢᠨᠠᠷᠲᠠᠢ ᠲᠣᠬᠢᠷᠠᠭᠤᠯᠤᠯᠲᠠ ᠬᠢᠬᠦ ᠣᠷᠳᠣ ᠬᠤᠭᠤᠴᠠᠭ᠎ᠠ᠎ᠪᠠᠷ ᠬᠡᠷᠡᠭᠵᠢᠭᠦᠯᠦᠨ᠎ᠡ

  ᠨᠥᠬᠥᠴᠡᠯ᠎ᠳᠤ ᠨᠡᠢ᠌ᠴᠡᠬᠦ ᠠᠵᠤ ᠠᠬᠤᠢ᠌ᠯᠠᠯ᠎ᠤᠳ ᠰᠤᠳᠤᠯᠤᠨ ᠨᠡᠭᠡᠭᠡᠬᠦ ᠵᠠᠷᠤᠳᠠᠯ᠎ᠢ ᠨᠡᠮᠡᠨ ᠪᠤᠳᠤᠵᠤ ᠰᠠᠭᠤᠳᠬᠠᠨ ᠠᠪᠬᠤ ᠲᠥᠷᠥ ᠵᠢᠨ ᠪᠣᠳᠣᠯᠭ᠎ᠠ ᠵᠢᠨ ᠬᠠᠷᠠᠭ᠋ᠠᠯᠵᠠᠯ᠎ᠢ ᠭᠥᠷᠳᠡᠵᠦ ᠪᠣᠯᠣᠨ᠎ᠠ᠃ ᠲᠣᠰ ᠲᠥᠷᠥ ᠵᠢᠨ ᠪᠣᠳᠣᠯᠭ᠎ᠠ ᠵᠢ ᠳᠦᠷᠢᠮ᠎ᠤᠨ ᠴᠢᠨᠠᠷᠲᠠᠢ ᠲᠣᠬᠢᠷᠠᠭᠤᠯᠤᠯᠲᠠ ᠪᠣᠯᠭ᠋ᠠᠵᠤ ᠣᠷᠳᠣ ᠬᠤᠭᠤᠴᠠᠭ᠎ᠠ᠎ᠪᠠᠷ ᠬᠡᠷᠡᠭᠵᠢᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            