ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠪᠦᠬᠦ᠌ ᠤᠯᠤᠰ᠎ᠤᠨ ᠡᠮᠴᠢᠯᠡᠭᠡᠨ᠎ᠦ ᠪᠠᠲᠤᠯᠠᠭ᠎ᠠ ᠮᠤᠵᠢ ᠠᠯᠤᠰᠯᠠᠨ ᠣᠨᠳᠣᠤ ᠭᠠᠵᠠᠷ᠎ᠲᠤ ᠡᠮᠨᠡᠭᠦᠯᠦᠭ᠌ᠰᠡᠨ ᠵᠠᠷᠤᠳᠠᠯ᠎ᠢ ᠱᠢᠭᠤᠳ ᠳ᠋ᠦᠩᠨᠡᠨ ᠪᠤᠳᠤᠬᠤ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠮᠡᠳᠡᠭᠡ ᠵᠠᠩᠭᠢ᠎ᠶ᠋ᠢ ᠨᠡᠢᠲᠡᠯᠡᠪᠡ ( ᠵᠢᠷᠠᠨ ᠳᠦᠷᠪᠡᠳᠦᠭᠡᠷ ᠬᠤᠭᠤᠴᠠᠭ᠎ᠠ )
ᠨᠡᠶ᠋ᠢᠲᠡᠯᠡᠭᠰᠡᠨ ᠴᠠᠭ᠄ 2025-06-07

  2025 ᠣᠨ᠎ᠤ ᠨᠢᠭᠡᠳᠦᠭᠡᠷ ᠤᠯᠠᠷᠢᠯ᠎ᠳᠤ᠂ ᠪᠥᠬᠦ᠌ ᠤᠯᠤᠰ᠎ᠤᠨ ᠮᠤᠵᠢ ᠠᠯᠤᠰᠯᠠᠨ ᠣᠨᠳᠣᠤ ᠭᠠᠵᠠᠷ᠎ᠲᠤ ᠡᠮᠨᠡᠭᠦᠯᠦᠭ᠌ᠰᠡᠨ᠎ᠢ ᠱᠢᠭᠤᠳ ᠳ᠋ᠦᠩᠨᠡᠨ ᠪᠤᠳᠤᠬᠤ ᠠᠵᠢᠯᠯᠠᠭ᠎ᠠ ᠦᠨᠳᠦᠰᠦᠨ᠎ᠳᠦ᠎ᠪᠡᠨ ᠲᠣᠭ᠍ᠲᠠᠭᠤᠨ ᠪᠠᠢᠵᠤ᠂ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠳᠤ 7075.26 ᠲᠦᠮᠡᠨ ᠬᠥᠮᠦᠨ ᠤᠳᠠᠭ᠎ᠠ ᠠᠱᠢᠭ ᠬᠦᠷᠲᠡᠭᠡᠵᠦ᠍᠂ ᠣᠯᠠᠨ ᠲᠦᠮᠡᠨ᠎ᠳᠤ 469.92 ᠳ᠋ᠦᠩᠱᠢᠭᠤᠷ ᠲᠥᠭᠦᠷᠢᠭ᠎ᠤᠨ ᠣᠷᠣᠯᠠᠨ ᠥᠭ᠌ᠬᠦ᠎ᠶ᠋ᠢ ᠪᠠᠭᠠᠰᠭᠠᠵᠤ᠂ 2024 ᠣᠨ᠎ᠤ ᠠᠳᠠᠯᠢ ᠬᠤᠭᠤᠴᠠᠭᠠᠨ᠎ᠤ᠎ᠬᠢ᠎ᠠᠴᠠ ᠲᠣᠰ ᠲᠣᠰ 37.97%᠂ 11.44% ᠎ᠪᠠᠷ ᠨᠡᠮᠡᠭ᠌ᠳᠡᠪᠡ᠃

  ᠨᠢᠭᠡ᠂ ᠮᠤᠵᠢ ᠠᠯᠤᠰᠯᠠᠨ ᠰᠦᠯᠵᠢᠶᠡᠨ᠎ᠳᠤ ᠬᠤᠯᠪᠣᠭ᠍ᠰᠠᠨ ᠴᠡᠭ ᠲᠣᠭ᠍ᠲᠠᠭᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠲᠤᠭ᠎ᠠ ᠬᠡᠮᠵᠢᠶ᠎ᠡ᠎ᠶᠢ 65 ᠲᠦᠮᠡ ᠣᠷᠴᠢᠮ ᠪᠠᠢ᠌ᠯᠭ᠋ᠠᠪᠠ

  2025 ᠣᠨ᠎ᠤ ᠨᠢᠭᠡᠳᠦᠭᠡᠷ ᠤᠯᠠᠷᠢᠯ᠎ᠤᠨ ᠡᠴᠦᠰ ᠪᠣᠯᠲᠠᠯ᠎ᠠ᠂ ᠪᠥᠬᠦ᠌ ᠤᠯᠤᠰ᠎ᠤᠨ ᠮᠤᠵᠢ ᠠᠯᠤᠰᠯᠠᠨ ᠰᠦᠯᠵᠢᠶᠡᠨ᠎ᠳᠤ ᠬᠤᠯᠪᠣᠭ᠍ᠰᠠᠨ ᠴᠡᠭ ᠲᠣᠭ᠍ᠲᠠᠭᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ 65.16 ᠲᠦᠮᠡ ᠪᠠᠢ᠌ᠵᠤ᠂ 2024 ᠣᠨ᠎ᠤ ᠵᠢᠯ᠎ᠤᠨ ᠡᠴᠦᠰ᠎ᠤᠨ᠎ᠬᠢ᠎ᠠᠴᠠ 0.77 ᠲᠦᠮᠡ ᠨᠡᠮᠡᠭ᠌ᠳᠡᠵᠦ᠍᠂ 1.19 %᠎ᠪᠠᠷ ᠨᠡᠮᠡᠭ᠌ᠳᠡᠪᠡ᠃ ᠡᠭᠦᠨ᠎ᠳᠤ᠂ ᠡᠮᠨᠡᠯᠭᠡ᠎ᠳᠤ ᠰᠠᠭᠤᠭ᠍ᠰᠠᠨ ᠮᠤᠵᠢ ᠠᠯᠤᠰᠯᠠᠭ᠍ᠰᠠᠨ ᠰᠦᠯᠵᠢᠶᠡᠨ᠎ᠳᠤ ᠬᠤᠯᠪᠣᠭ᠍ᠰᠠᠨ ᠴᠡᠭ ᠲᠣᠭ᠍ᠲᠠᠭᠠᠭ᠍ᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠲᠤᠭ᠎ᠠ 8.13 ᠲᠦᠮᠡ ᠪᠠᠢ᠌ᠵᠤ᠂ 2024 ᠣᠨ᠎ᠤ ᠵᠢᠯ᠎ᠤᠨ ᠡᠴᠦᠰ᠎ᠤᠨ᠎ᠬᠢ᠎ᠠᠴᠠ 1.21% ᠎ᠪᠠᠷ ᠨᠡᠮᠡᠭ᠌ᠳᠡᠪᠡ;ᠪᠥᠬᠦ᠌ ᠤᠯᠤᠰ᠎ᠤᠨ ᠡᠩ᠎ᠤᠨ ᠡᠭᠦᠳᠡᠨ ᠡᠮᠨᠡᠯᠭᠡ᠎ᠶ᠋ᠢᠨ ᠮᠤᠵᠢ ᠠᠯᠤᠰᠯᠠᠭ᠍ᠰᠠᠨ ᠰᠦᠯᠵᠢᠶᠡᠨ᠎ᠳᠤ ᠬᠤᠯᠪᠣᠭ᠍ᠰᠠᠨ ᠴᠡᠭ ᠲᠣᠭ᠍ᠲᠠᠭᠠᠭ᠍ᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠲᠤᠭ᠎ᠠ 23.10 ᠲᠦᠮᠡ ᠪᠠᠢ᠌ᠵᠤ᠂ 2024 ᠣᠨ᠎ᠤ ᠵᠢᠯ᠎ᠤᠨ ᠡᠴᠦᠰ᠎ᠤᠨ᠎ᠬᠢ᠎ᠠᠴᠠ 1.50%᠎ᠢᠶᠠᠷ ᠨᠡᠮᠡᠭ᠌ᠳᠡᠪᠡ; ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠤ ᠮᠤᠵᠢ ᠠᠯᠤᠰᠯᠠᠨ ᠱᠢᠭᠤᠳ ᠳ᠋ᠦᠩᠨᠡᠨ ᠪᠤᠳᠤᠬᠤ ᠴᠡᠭ ᠲᠣᠭ᠍ᠲᠠᠭᠠᠭ᠍ᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠲᠤᠭ᠎ᠠ 7.40 ᠲᠦᠮᠡ ᠪᠠᠢ᠌ᠵᠤ᠂ 2024 ᠣᠨ᠎ᠤ ᠵᠢᠯ᠎ᠤᠨ ᠡᠴᠦᠰ᠎ᠤᠨ᠎ᠬᠢ᠎ᠠᠴᠠ 2.62% ᠎ᠢᠶᠠᠷ ᠨᠡᠮᠡᠭ᠌ᠳᠡᠪᠡ; ᠮᠤᠵᠢ ᠠᠯᠤᠰᠯᠠᠭ᠍ᠰᠠᠨ ᠰᠦᠯᠵᠢᠶᠡᠨ᠎ᠳᠤ ᠬᠤᠯᠪᠣᠭ᠍ᠰᠠᠨ ᠴᠡᠭ ᠲᠣᠭ᠍ᠲᠠᠭᠠᠭ᠍ᠰᠠᠨ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠲᠤᠭ᠎ᠠ 41.79 ᠲᠦᠮᠡ ᠪᠠᠢ᠌ᠵᠤ᠂ 2024 ᠣᠨ᠎ᠤ ᠡᠴᠦᠰ᠎ᠤᠨ᠎ᠬᠢ᠎ᠠᠴᠠ 1.01% ᠎ᠪᠠᠷ ᠨᠡᠮᠡᠭ᠌ᠳᠡᠪᠡ᠃

  ᠬᠤᠶᠠᠷ᠂ ᠮᠤᠵᠢ ᠠᠯᠤᠰᠯᠠᠨ ᠣᠨᠳᠣᠤ ᠭᠠᠵᠠᠷ᠎ᠲᠤ ᠡᠮᠨᠡᠭᠦᠯᠦᠭ᠌ᠰᠡᠨ ᠵᠠᠷᠤᠳᠠᠯ᠎ᠢ ᠱᠢᠭᠤᠳ ᠳ᠋ᠦᠩᠨᠡᠨ ᠪᠤᠳᠤᠬᠤ ᠦᠢᠯᠡᠴᠢᠯᠡᠭᠡ᠎ᠨᠢ ᠳᠠᠭᠠᠳᠭᠠᠯ᠎ᠳᠤ ᠣᠷᠣᠯᠴᠠᠭ᠍ᠴᠢ᠎ᠳᠤ ᠨᠠᠩ ᠣᠯᠠᠨ ᠠᠱᠢᠭ ᠬᠦᠷᠲᠡᠭᠡᠪᠡ

  2025 ᠣᠨ᠎ᠤ ᠨᠢᠭᠡᠳᠦᠭᠡᠷ ᠤᠯᠠᠷᠢᠯ᠎ᠳᠤ᠂ ᠪᠥᠬᠦ᠌ ᠤᠯᠤᠰ᠎ᠤᠨ ᠮᠤᠵᠢ ᠠᠯᠤᠰᠯᠠᠨ ᠣᠨᠳᠣᠤ ᠭᠠᠵᠠᠷ᠎ᠲᠤ ᠡᠮᠨᠡᠭᠦᠯᠦᠭ᠌ᠰᠡᠨ᠎ᠢ ᠱᠢᠭᠤᠳ ᠳ᠋ᠦᠩᠨᠡᠨ ᠪᠤᠳᠤᠵᠤ 7075.26 ᠲᠦᠮᠡᠨ ᠬᠥᠮᠦᠨ ᠤᠳᠠᠭ᠎ᠠ᠎ᠳᠤ ᠠᠱᠢᠭ ᠬᠦᠷᠲᠡᠭᠡᠵᠦ᠍᠂ ᠬᠤᠪᠢ ᠬᠥᠮᠦᠨ᠎ᠤ 469.92 ᠳ᠋ᠦᠩᠱᠢᠭᠤᠷ ᠲᠥᠭᠦᠷᠢᠭ ᠣᠷᠣᠯᠠᠨ ᠥᠭ᠌ᠬᠦ᠎ᠶ᠋ᠢ ᠪᠠᠭᠠᠰᠭᠠᠵᠤ᠂ 2024 ᠣᠨ᠎ᠤ ᠠᠳᠠᠯᠢ ᠬᠤᠭᠤᠴᠠᠭᠠᠨ᠎ᠤ᠎ᠬᠢ᠎ᠠᠴᠠ ᠲᠣᠰ ᠲᠣᠰ 37.97%᠂ 11.44% ᠎ᠪᠠᠷ ᠨᠡᠮᠡᠭ᠌ᠳᠡᠪᠡ᠃ ᠡᠭᠦᠨ᠎ᠳᠤ᠂ ᠡᠮᠨᠡᠯᠭᠡ᠎ᠳᠤ ᠰᠠᠭᠤᠭ᠍ᠰᠠᠨ ᠵᠠᠷᠤᠳᠠᠯ᠎ᠢ ᠮᠤᠵᠢ ᠠᠯᠤᠰᠯᠠᠨ 363.89 ᠲᠦᠮᠡᠨ ᠬᠥᠮᠦᠨ ᠤᠳᠠᠭ᠎ᠠ ᠱᠢᠭᠤᠳ ᠳ᠋ᠦᠩᠨᠡᠨ ᠪᠤᠳᠤᠵᠤ᠂ ᠬᠤᠪᠢ ᠬᠥᠮᠦᠨ᠎ᠤ 365.37 ᠳ᠋ᠦᠩᠱᠢᠭᠤᠷ ᠲᠥᠭᠦᠷᠢᠭ ᠣᠷᠣᠯᠠᠨ ᠥᠭᠬᠦ᠎ᠶ᠋ᠢ ᠪᠠᠭᠠᠰᠭᠠᠵᠤ᠂ 2024 ᠣᠨ᠎ᠤ ᠠᠳᠠᠯᠢ ᠬᠤᠭᠤᠴᠠᠭᠠᠨ᠎ᠤ᠎ᠬᠢ᠎ᠠᠴᠠ ᠲᠣᠰ ᠲᠣᠰ 11.92%᠂ 5.68% ᠎ᠪᠠᠷ ᠨᠡᠮᠡᠭ᠌ᠳᠡᠪᠡ;ᠡᠩ᠎ᠤᠨ ᠡᠭᠦᠳᠡᠨ ᠡᠮᠨᠡᠯᠭᠡ᠎ᠶ᠋ᠢᠨ ᠵᠠᠷᠤᠳᠠᠯ᠎ᠢ ᠮᠤᠵᠢ ᠠᠯᠤᠰᠯᠠᠨ 4516.15 ᠲᠦᠮᠡᠨ ᠬᠥᠮᠦᠨ ᠤᠳᠠᠭ᠎ᠠ ᠱᠢᠭᠤᠳ ᠳ᠋ᠦᠩᠨᠡᠨ ᠪᠤᠳᠤᠵᠤ᠂ ᠬᠤᠪᠢ ᠬᠥᠮᠦᠨ᠎ᠤ 56.25 ᠳ᠋ᠦᠩᠱᠢᠭᠤᠷ ᠲᠥᠭᠦᠷᠢᠭ᠎ᠤᠨ ᠣᠷᠣᠯᠠᠨ ᠥᠭ᠌ᠬᠦ᠎ᠶ᠋ᠢ ᠪᠠᠭᠠᠰᠭᠠᠵᠤ᠂ 2024 ᠣᠨ᠎ᠤ ᠠᠳᠠᠯᠢ ᠬᠤᠭᠤᠴᠠᠭᠠᠨ᠎ᠤ᠎ᠬᠢ᠎ᠠᠴᠠ ᠲᠣᠰ ᠲᠣᠰ 36.64%᠂ 30.67% ᠎ᠪᠠᠷ ᠨᠡᠮᠡᠭ᠌ᠳᠡᠪᠡ; ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠤ ᠵᠠᠷᠤᠳᠠᠯ᠎ᠢ ᠮᠤᠵᠢ ᠠᠯᠤᠰᠯᠠᠨ 308.39 ᠲᠦᠮᠡᠨ ᠬᠥᠮᠦᠨ ᠤᠳᠠᠭ᠎ᠠ ᠱᠢᠭᠤᠳ ᠳ᠋ᠦᠩᠨᠡᠨ ᠪᠤᠳᠤᠵᠤ᠂ ᠬᠤᠪᠢ ᠬᠥᠮᠦᠨ᠎ᠤ 27.92 ᠳ᠋ᠦᠩᠱᠢᠭᠤᠷ ᠲᠥᠭᠦᠷᠢᠭ᠎ᠢ ᠣᠷᠣᠯᠠᠨ ᠥᠭᠬᠦ᠎ᠶ᠋ᠢ ᠪᠠᠭᠠᠰᠭᠠᠵᠤ᠂ 2024 ᠣᠨ᠎ᠤ ᠠᠳᠠᠯᠢ ᠬᠤᠭᠤᠴᠠᠭᠠᠨ᠎ᠤ᠎ᠬᠢ᠎ᠠᠴᠠ ᠲᠣᠰ ᠲᠣᠰ 85.47%᠂ 69.98% ᠎ᠪᠠᠷ ᠨᠡᠮᠡᠭ᠌ᠳᠡᠪᠡ; ᠡᠮ᠎ᠤᠨ ᠳᠡᠯᠭᠡᠭᠦᠷ᠎ᠤᠨ ᠡᠮ ᠬᠤᠳᠠᠯᠳᠤᠨ ᠠᠪᠤᠭ᠍ᠰᠠᠨ ᠮᠣᠵᠢ ᠠᠯᠤᠰᠯᠠᠨ 1886.83 ᠲᠦᠮᠡᠨ ᠬᠥᠮᠦᠨ ᠤᠳᠠᠭ᠎ᠠ ᠱᠢᠭᠤᠳ ᠳ᠋ᠦᠩᠨᠡᠨ ᠪᠣᠳᠣᠵᠤ᠂ ᠰᠠᠭᠤᠷᠢ ᠮᠥᠩᠭᠦ᠎ᠶ᠋ᠢᠨ ᠥᠭᠬᠦ 20.38 ᠳ᠋ᠦᠩᠱᠢᠭᠤᠷ ᠲᠥᠭᠦᠷᠢᠭ ᠪᠠᠢ᠌ᠵᠤ᠂ 2024 ᠣᠨ᠎ᠤ ᠠᠳᠠᠯᠢ ᠬᠤᠭᠤᠴᠠᠭᠠᠨ᠎ᠤ᠎ᠬᠢ᠎ᠠᠴᠠ ᠲᠣᠰ ᠲᠣᠰ 41.70%᠂ 23.86% ᠎ᠪᠠᠷ ᠨᠡᠮᠡᠭ᠌ᠳᠡᠪᠡ᠃

  ᠭᠤᠷᠪᠠ᠂ ᠮᠤᠵᠢ ᠠᠯᠤᠰᠯᠠᠨ ᠣᠨᠳᠣᠤ ᠭᠠᠵᠠᠷ᠎ᠲᠤ ᠡᠪᠡᠳᠴᠢᠨ ᠦᠵᠡᠭᠦᠯᠬᠦ᠌᠎ᠶ᠋ᠢ ᠳᠠᠩᠰᠠᠯᠠᠬᠤ ᠰᠦᠯᠵᠢᠶᠡᠨ ᠳᠡᠭᠡᠷᠡᠬᠢ ᠦᠶ᠋ᠯᠡᠴᠢᠯᠡᠭᠡ᠎ᠶ᠋ᠢ ᠦᠷᠭᠦᠯᠵᠢᠯᠡᠨ ᠵᠢᠷᠤᠮᠵᠢᠭᠤᠯᠪᠠ

  ᠣᠨᠳᠣᠤ ᠭᠠᠵᠠᠷ᠎ᠲᠤ ᠡᠪᠡᠳᠴᠢᠨ ᠦᠵᠡᠭᠦᠯᠬᠦ᠌᠎ᠶ᠋ᠢ ᠳᠠᠩᠰᠠᠯᠠᠬᠤ ᠦᠶ᠋ᠯᠡᠴᠢᠯᠡᠭᠡ᠎ᠶ᠋ᠢ ᠲᠠᠰᠤᠷᠠᠯᠲᠠ ᠥᠬᠡᠶ ᠵᠢᠷᠤᠮᠵᠢᠭᠤᠯᠵᠤ᠂ ᠪᠦᠷᠢᠳᠭᠡᠨ ᠳᠡᠩᠰᠡᠯᠡᠵᠦ᠍ ᠭᠦᠶ᠋ᠴᠡᠳᠭᠡᠬᠦ᠌ ᠬᠦᠴᠦᠨ᠎ᠲᠠᠢ ᠬᠤᠭᠤᠴᠠᠭ᠎ᠠ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠦᠶ᠋ᠯᠡᠴᠢᠯᠡᠭᠡᠨ᠎ᠤ ᠲᠠᠪᠴᠠᠩ᠎ᠤᠨ APP᠎ᠢ ᠣᠨᠳᠣᠤ ᠭᠠᠵᠠᠷ᠎ᠲᠤ ᠳᠠᠩᠰᠠᠯᠠᠬᠤ ᠪᠠ ᠰᠦᠯᠵᠢᠶᠡᠨ ᠳᠡᠭᠡᠷ᠎ᠡ ᠪᠠᠢᠴᠠᠭᠠᠨ ᠯᠠᠪᠯᠠᠬᠤ ᠵᠡᠷᠭᠡ ᠴᠢᠳᠠᠮᠵᠢ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠰᠦᠯᠵᠢᠶᠡᠨ ᠳᠡᠭᠡᠷ᠎ᠡ ᠣᠨᠳᠣᠤ ᠭᠠᠵᠠᠷ᠎ᠲᠤ ᠰᠦᠯᠵᠢᠶᠡᠨ᠎ᠳᠤ ᠬᠤᠯᠪᠣᠭ᠍ᠰᠠᠨ ᠴᠡᠭ ᠲᠣᠭᠲᠠᠭ᠋ᠠᠭᠰᠠᠨ ᠡᠮ ᠡᠮᠨᠡᠯᠭᠡ᠎ᠶ᠋ᠢᠨ ᠪᠠᠢᠭᠤᠯᠤᠮᠵᠢ᠂ ᠡᠮᠴᠢᠯᠡᠭᠡᠨ᠎ᠦ ᠪᠠᠲᠤᠯᠠᠭ᠎ᠠ᠎ᠶᠢᠨ ᠦᠶ᠋ᠯᠡᠴᠢᠯᠡᠭᠡᠨ᠎ᠤ ᠬᠠᠯᠠᠮᠱᠢᠯ ᠤᠲᠠᠰᠤ᠂ ᠬᠤᠪᠢ ᠬᠥᠮᠦᠨ᠎ᠤ ᠲᠠᠩᠰᠠ ᠲᠠᠢᠯᠬᠤ ᠵᠠᠷᠤᠳᠠᠯ ᠵᠡᠷᠭᠡ ᠮᠡᠳᠡᠭᠡ ᠵᠠᠩᠭᠢ᠎ᠶ᠋ᠢ ᠰᠦᠯᠵᠢᠶᠡᠨ ᠳᠡᠭᠡᠷ᠎ᠡ ᠪᠠᠢᠴᠠᠭᠠᠨ ᠯᠠᠪᠯᠠᠬᠤ᠎ᠶ᠋ᠢ ᠳᠡᠮᠵᠢᠪᠡ᠃ 2025 ᠣᠨ᠎ᠤ ᠨᠢᠭᠡᠳᠦᠭᠡᠷ ᠤᠯᠠᠷᠢᠯ᠎ᠳᠤ᠂ ᠤᠯᠤᠰ᠎ᠤᠨ ᠨᠢᠭᠡᠳᠦᠯᠲᠡᠶ ᠰᠦᠯᠵᠢᠶᠡᠨ ᠳᠡᠭᠡᠷ᠎ᠡ ᠳᠠᠩᠰᠠᠯᠠᠬᠤ ᠠᠷᠭ᠎ᠠ ᠵᠠᠮ᠎ᠢᠶᠠᠷ ᠳᠠᠮᠵᠢᠭᠤᠯᠤᠨ 360.53 ᠲᠦᠮᠡᠨ ᠬᠥᠮᠦᠨ ᠤᠳᠠᠭ᠎ᠠ ᠪᠦᠷᠢᠳᠭᠡᠨ ᠳᠠᠩᠰᠠᠯᠠᠵᠤ᠂ 2024 ᠣᠨ᠎ᠤ ᠠᠳᠠᠯᠢ ᠬᠤᠭᠤᠴᠠᠭᠠᠨ᠎ᠤ᠎ᠬᠢ᠎ᠠᠴᠠ 18.06% ᠎ᠪᠠᠷ ᠨᠡᠮᠡᠭ᠌ᠳᠡᠪᠡ᠃

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            