ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠪᠤᠴᠠᠯ ᠡᠮ᠎ᠳᠤ ᠣᠨᠣᠪᠴᠢᠲᠠᠢ ᠴᠣᠬᠢᠯᠲᠠ ᠥᠭᠭᠦᠨ᠎ᠡ
ᠨᠡᠶ᠋ᠢᠲᠡᠯᠡᠭᠰᠡᠨ ᠴᠠᠭ᠄ 2025-12-04

  ᠪᠤᠴᠠᠯ ᠡᠮ ᠫᠠᠨᠽᠠᠯᠠᠬᠤ ᠠᠵᠢᠯᠯᠠᠭ᠎ᠠ᠎ᠶ᠋ᠢ ᠬᠤᠷᠢᠭ᠍ᠯᠠᠵᠤ᠂ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠢ ᠬᠠᠮᠠᠭᠠᠯᠠᠬᠤ᠎ᠶ᠋ᠢᠨ ᠲᠥᠯᠥᠭᠡ᠂ ᠾᠧᠪᠸᠢ ᠮᠤᠵᠢ᠎ᠶ᠋ᠢᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ ᠡᠮ᠎ᠤᠨ ᠵᠦᠢᠯᠡᠰ᠎ᠤᠨ ᠮᠥᠷᠳᠡᠨ ᠨᠡᠬᠡᠮᠵᠢᠯᠡᠬᠦ᠌ ᠺᠣᠳ᠋᠎ᠢᠶᠠᠷ ᠭᠠᠷᠳᠠᠴᠠ ᠪᠣᠯᠭᠠᠵᠤ᠂ 《 ᠳᠠᠭᠠᠳᠭᠠᠯ᠎ᠳᠤ ᠣᠷᠣᠯᠴᠠᠭ᠍ᠰᠠᠨ ᠤᠯᠠᠨ ᠲᠦᠮᠡᠨ  ᠡᠮᠴᠢᠯᠡᠭᠡᠨ᠎ᠦ ᠪᠠᠢᠭᠤᠯᠤᠮᠵᠢ  ᠡᠷᠬᠢᠯᠡᠨ ᠭᠦᠢᠴᠡᠳᠭᠡᠬᠦ᠌ ᠰᠠᠯᠠᠭ᠎ᠠ ᠮᠥᠴᠢᠷ 》 ᠭᠤᠷᠪᠠ᠎ᠶ᠋ᠢ ᠨᠢᠭᠡ ᠴᠤᠬ᠍ᠴᠠᠵᠢᠭᠤᠯᠤᠬ᠍ᠰᠠᠨ ᠣᠶᠤᠨᠴᠢ ᠬᠢᠨᠠᠨ ᠡᠵᠡᠮᠳᠡᠬᠦ᠌ ᠱᠢᠰᠲ᠋ᠧᠮ᠎ᠢ ᠪᠠᠢᠭᠤᠯᠵᠤ᠂ ᠭᠤᠷᠪᠠᠨ ᠶᠡᠭᠡ ᠴᠢᠳᠠᠮᠵᠢ᠎ᠶ᠋ᠢ ᠬᠢᠨᠠᠨ ᠬᠡᠮᠵᠢᠬᠦ᠂ ᠠᠶᠤᠯ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠬᠦ᠂ ᠴᠢᠩᠭ᠎ᠠ ᠱᠢᠢᠳᠭᠡᠬᠦ᠌᠎ᠶ᠋ᠢ ᠪᠡᠶᠡᠯᠡᠭᠦᠯᠵᠦ᠍᠂ ᠠᠷᠠᠳ ᠤᠯᠠᠨ᠎ᠤ 《 ᠠᠮᠢ ᠠᠪᠤᠷᠠᠬᠤ ᠵᠣᠭᠣᠰ 》᠎ᠢ ᠪᠦᠬᠦ᠌ ᠲᠠᠯ᠎ᠠ᠎ᠪᠠᠷ ᠰᠠᠬᠢᠨ ᠬᠠᠮᠠᠭᠠᠯᠠᠪᠠ᠃

  ᠨᠢᠭᠡ᠎ᠳᠤ᠂ ᠬᠥᠳᠡᠯᠦᠩᠭᠦᠶ᠎ᠪᠠᠷ ᠬᠢᠨᠠᠨ ᠬᠡᠮᠵᠢᠵᠦ᠍᠂ ᠣᠶᠤᠨᠴᠢ᠎ᠪᠠᠷ ᠰᠠᠨᠠᠭᠤᠯᠤᠨ᠎ᠠ᠃ ᠪᠦᠬᠦ᠌ ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠮᠡᠳᠡᠭᠡ ᠵᠠᠩᠭᠢ᠎ᠶ᠋ᠢᠨ ᠨᠢᠭᠡᠳᠦᠯᠲᠡᠶ ᠲᠠᠪᠴᠠᠩ᠎ᠳᠤ ᠲᠦᠱᠢᠭ᠌ᠯᠡᠨ᠂ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠳ᠋ᠠᠢ᠌ᠲ᠋ᠠ᠎ᠶ᠋ᠢᠨ ᠵᠠᠳᠠᠯᠤᠯᠲᠠ᠎ᠶ᠋ᠢᠨ ᠬᠤᠪᠢᠶᠠᠷᠢ ᠱᠢᠰᠲ᠋ᠧᠮ ᠪᠠ ᠡᠮᠴᠢᠯᠡᠭᠡᠨ᠎ᠦ ᠳᠠᠭᠠᠳᠭᠠᠯ᠎ᠤᠨ ᠳ᠋ᠦᠩᠨᠡᠨ ᠪᠣᠳᠣᠬᠤ ᠬᠠᠮᠢᠶ᠎ᠠ ᠪᠦᠬᠦᠢ ᠴᠢᠳᠠᠮᠵᠢ᠎ᠶ᠋ᠢ ᠲᠣᠬᠢᠷᠠᠭᠤᠯᠵᠤ᠂ ᠪᠤᠴᠠᠯ ᠡᠮ᠎ᠤᠨ ᠰᠡᠷᠡᠮᠵᠢᠯᠡᠭᠦᠯᠦᠨ ᠰᠠᠨᠠᠭᠤᠯᠬᠤ ᠬᠡᠰᠡᠭ᠎ᠢ ᠨᠡᠮᠡᠭ᠌ᠳᠡᠭᠦᠯᠦᠨ᠂ ᠬᠥᠳᠡᠯᠦᠩᠭᠦᠶ ᠬᠢᠨᠠᠨ ᠬᠡᠮᠵᠢᠵᠦ᠍ ᠪᠤᠴᠠᠯ ᠡᠮ᠎ᠢ ᠫᠠᠨᠽᠠᠯᠠᠭᠰᠠᠨ ᠮᠡᠳᠡᠭᠡ ᠵᠠᠩᠭᠢ᠎ᠶ᠋ᠢ ᠪᠡᠶᠡᠯᠡᠭᠦᠯᠵᠦ᠍᠂ 8 ᠬᠠᠢᠷᠴᠠᠭ ᠡᠮ᠎ᠤᠨ ᠵᠦᠢᠯ᠎ᠢ ᠫᠠᠨᠽᠠᠯᠠᠭᠰᠠᠨ ᠰᠡᠵᠢᠭ᠌ᠯᠡᠯᠲᠡᠶ ᠳᠠᠭᠠᠳᠭᠠᠯ᠎ᠳᠤ ᠣᠷᠣᠯᠴᠠᠭ᠍ᠴᠢ᠎ᠶ᠋ᠢ ᠭᠤᠤᠯᠳᠠᠯᠭ᠎ᠠ᠎ᠲᠠᠢ ᠬᠢᠨᠠᠨ ᠡᠵᠡᠮᠳᠡᠬᠦ᠌ ᠡᠲᠡᠭᠡᠳ᠎ᠲᠤ ᠵᠢᠭ᠍ᠰᠠᠭᠠᠨ ᠣᠷᠣᠭᠤᠯᠬᠤ᠎ᠶ᠋ᠢᠨ ᠬᠠᠮᠲᠤ ᠣᠬᠤᠷ ᠮᠡᠳᠡᠭᠡ ᠬᠦᠷᠭᠡᠬᠦ᠌ ᠬᠡᠯᠪᠡᠷᠢ᠎ᠪᠠᠷ ᠳᠠᠮᠵᠢᠭᠤᠯᠤᠨ ᠰᠡᠷᠡᠮᠵᠢᠯᠡᠭᠦᠯᠵᠦ᠍᠂ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠴᠠᠭ ᠲᠤᠬᠠᠶ᠎ᠳᠤ ᠨᠢ ᠬᠤᠷᠢᠭ᠍ᠯᠠᠨ ᠵᠣᠭ᠍ᠰᠣᠭᠠᠨ᠎ᠠ᠃ ᠡᠭᠦᠨ᠎ᠤ ᠬᠠᠮᠲᠤ᠌᠂ ᠪᠤᠴᠠᠯ ᠡᠮ ᠬᠤᠳᠠᠯᠳᠤᠨ ᠠᠪᠴᠤ᠌ ᠮᠡᠳᠡᠬᠦ᠌ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠳᠤ ᠲᠦᠭ᠌ᠰᠢᠭᠦᠷᠢ᠎ᠶ᠋ᠢᠨ ᠰᠠᠨᠠᠭᠤᠯᠤᠮᠵᠢ᠎ᠶ᠋ᠢᠨ ᠣᠬᠤᠷ ᠮᠡᠳᠡᠭᠡ ᠶᠠᠪᠤᠭᠤᠯᠵᠤ᠂ ᠢᠯᠡᠴᠢᠯᠡᠨ ᠮᠡᠳᠡᠭᠦᠯᠬᠦ᠌᠎ᠶ᠋ᠢ ᠵᠣᠷᠢᠭ᠍ᠵᠢᠭᠤᠯᠤᠨ᠂ ᠡᠮ ᠬᠡᠷᠡᠭ᠌ᠯᠡᠬᠦ᠌ ᠠᠮᠤᠷ ᠲᠦᠪᠱᠢᠨ ᠬᠢᠭᠡᠳ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶ᠋ᠢ ᠲᠣᠭ᠍ᠲᠠᠭᠠᠯ᠎ᠳᠤ ᠨᠡᠢᠴᠡᠭᠦᠯᠦᠨ ᠬᠡᠷᠡᠭ᠌ᠯᠡᠬᠦ᠌᠎ᠶ᠋ᠢ ᠪᠠᠲᠤᠯᠠᠨ᠎ᠠ᠃

 

 

  ᠬᠤᠶᠠᠷ᠎ᠲᠤ᠌᠂ ᠬᠡᠷᠡᠭ᠎ᠤᠨ ᠡᠮᠦᠨ᠎ᠡ ᠰᠠᠨᠠᠭᠤᠯᠵᠤ᠂ ᠬᠥᠳᠡᠯᠦᠩᠭᠦᠶ᠎ᠪᠠᠷ ᠬᠠᠮᠢᠶᠠᠷᠤᠨ᠎ᠠ᠃ ᠤᠯᠤᠰ᠎ᠤᠨ ᠡᠮᠴᠢᠯᠡᠭᠡᠨ᠎ᠤ ᠳᠠᠭᠠᠳᠭᠠᠯ᠎ᠤᠨ ᠮᠡᠳᠡᠭᠡ ᠵᠠᠩᠭᠢ᠎ᠶ᠋ᠢᠨ ᠨᠢᠭᠡᠳᠦᠯᠲᠡᠶ ᠲᠠᠪᠴᠠᠩ᠎ᠤᠨ ᠡᠮᠴᠢᠯᠡᠭᠡᠨ᠎ᠤ ᠳᠠᠭᠠᠳᠭᠠᠯ᠎ᠤᠨ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠬᠤᠪᠢᠶᠠᠷᠢ ᠱᠢᠰᠲ᠋ᠧᠮ᠎ᠤᠨ ᠴᠢᠳᠠᠮᠵᠢ᠎ᠶ᠋ᠢ ᠳᠣᠭᠢᠷᠠᠭᠤᠯᠬᠤ᠎ᠪᠠᠷ ᠳᠠᠮᠵᠢᠭᠤᠯᠤᠨ᠂ ᠪᠤᠴᠠᠯ ᠡᠮ᠎ᠤᠨ ᠬᠢᠨᠠᠯᠲᠠ ᠬᠠᠮᠢᠶᠠᠷᠤᠯᠲᠠ᠎ᠶ᠋ᠢᠨ ᠲᠦᠷᠢᠮ᠎ᠢ ᠨᠡᠮᠡᠭ᠌ᠳᠡᠭᠦᠯᠵᠦ᠍᠂ ᠴᠡᠭ ᠲᠣᠭ᠍ᠲᠠᠭᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠨᠢ ᠡᠯ᠎ᠡ ᠭᠤᠭ᠍ᠴᠤᠭ᠎ᠠ᠎ᠳᠤ ᠲᠤᠬᠠᠢᠯᠠᠭ᠍ᠰᠠᠨ ᠠᠵᠢᠯ᠎ᠤᠨ ᠱᠢᠯᠵᠢᠭᠦᠯᠦᠨ ᠬᠡᠷᠡᠭ᠌ᠯᠡᠬᠦ᠌᠎ᠠᠴᠠ ᠡᠮᠦᠨ᠎ᠡ᠂ ᠤᠴᠢᠷ ᠶᠠᠪᠤᠳᠠᠯ᠎ᠤᠨ ᠳᠤᠮᠳᠠᠬᠢ ᠵᠠᠯᠭᠠᠭᠠᠰᠤ᠎ᠶ᠋ᠢ ᠭᠦᠶ᠋ᠴᠡᠳᠭᠡᠬᠦ᠌᠎ᠠᠴᠠ ᠡᠮᠦᠨ᠎ᠡ᠂ ᠪᠤᠴᠠᠯ ᠡᠮ᠎ᠤᠨ ᠬᠢᠨᠠᠯᠲᠠ ᠬᠠᠮᠢᠶᠠᠷᠤᠯᠲᠠ᠎ᠶ᠋ᠢᠨ ᠲᠦᠷᠢᠮ᠎ᠢ ᠭᠦᠢᠴᠡᠳᠭᠡᠭ᠌ᠰᠡᠨ᠎ᠤ ᠳᠠᠷᠠᠭ᠎ᠠ᠂ ᠱᠢᠰᠲ᠋ᠧᠮ᠎ᠨᠢ ᠴᠡᠭ ᠲᠣᠭ᠍ᠲᠠᠭᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠳᠤ ᠨᠠᠵᠠᠭᠠᠢ ᠲᠠᠯ᠎ᠠ᠎ᠶ᠋ᠢᠨ ᠰᠠᠨᠠᠭᠤᠯᠤᠮᠵᠢ᠎ᠶ᠋ᠢᠨ ᠮᠡᠳᠡᠭᠡ ᠵᠠᠩᠭᠢ᠎ᠶ᠋ᠢ ᠠᠶᠠᠨᠳᠠᠭᠠᠨ ᠳᠠᠮᠵᠢᠭᠤᠯᠤᠨ ᠬᠦᠷᠭᠡᠬᠦ᠌᠎ᠶ᠋ᠢ ᠪᠡᠶᠡᠯᠡᠭᠦᠯᠦᠨ᠎ᠡ᠃ ᠭᠤᠣᠯᠳᠠᠯᠭ᠎ᠠ᠎ᠲᠠᠢ ᠬᠢᠨᠠᠨ ᠡᠵᠡᠮᠳᠡᠬᠦ᠌ ᠡᠲᠡᠭᠡᠳ ᠡᠮᠴᠢᠯᠡᠭᠡᠨ᠎ᠦ ᠳᠠᠭᠠᠳᠭᠠᠯ᠎ᠤᠨ ᠡᠮ ᠬᠤᠳᠠᠯᠳᠤᠨ ᠠᠪᠬᠤ ᠦᠶ᠎ᠡ᠎ᠳᠤ᠂ ᠲᠣᠭ᠍ᠲᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠶ᠋ᠢᠨ ᠬᠡᠷᠡᠭ ᠭᠠᠷᠬᠤ᠎ᠠᠴᠠ ᠡᠮᠦᠨ᠎ᠡ᠂ ᠬᠡᠷᠡᠭ ᠶᠠᠪᠤᠳᠠᠯ᠎ᠤᠨ ᠳᠤᠮᠳᠠ ᠣᠶᠤᠨᠴᠢᠯᠠᠭ᠍ᠰᠠᠨ ᠰᠠᠨᠠᠭᠤᠯᠤᠮᠵᠢ ᠥᠭ᠌ᠴᠦ᠂ ᠡᠮᠨᠡᠯᠭᠡ᠎ᠶ᠋ᠢᠨ ᠠᠵᠢᠯᠲᠠᠨ᠎ᠤ ᠲᠤᠰ ᠳᠠᠭᠠᠳᠭᠠᠯ᠎ᠳᠤ ᠣᠷᠣᠯᠴᠠᠭ᠍ᠴᠢ᠎ᠶ᠋ᠢ ᠡᠮ᠎ᠤᠨ ᠵᠦᠢ᠍ᠯ᠎ᠢ ᠫᠠᠨᠽᠠᠯᠠᠬᠤ᠎ᠪᠠᠷ ᠰᠡᠵᠢᠭ᠌ᠯᠡᠵᠦ᠍᠂ ᠤᠷᠢᠳᠴᠢᠯᠠᠨ ᠪᠣᠯᠵᠣᠵᠤ ᠳ᠋ᠤᠭᠠᠷᠯᠠᠨ ᠤᠳᠠᠭᠠᠱᠢᠷᠠᠭᠤᠯᠤᠭ᠍ᠰᠠᠨ᠎ᠤ ᠳᠠᠷᠠᠭ᠎ᠠ᠂ ᠱᠠᠲᠤᠯᠢᠭ ᠬᠡᠯᠪᠡᠷᠢ᠎ᠶ᠋ᠢᠨ ᠡᠮ ᠬᠢᠵᠠᠭᠠᠷᠯᠠᠬᠤ᠂ ᠡᠮ ᠬᠤᠳᠠᠯᠳᠤᠬᠤ᠎ᠶ᠋ᠢ ᠬᠢᠵᠠᠭᠠᠷᠯᠠᠬᠤ ᠤᠳᠠᠭ᠎ᠠ ᠲᠠᠷᠠᠭ᠎ᠠ᠎ᠶ᠋ᠢ ᠬᠢᠵᠠᠭᠠᠷᠯᠠᠬᠤ ᠵᠡᠷᠭᠡ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ ᠠᠪᠬᠤ ᠬᠡᠷᠡᠭ᠌ᠲᠡᠢ ᠭᠡᠵᠦ᠍ ᠰᠠᠨᠠᠭᠤᠯᠪᠠ᠃

 

 

  ᠭᠤᠷᠪᠠ᠎ᠳᠤ᠂ ᠴᠢᠩᠭ᠎ᠠ ᠵᠠᠯᠬᠠᠭᠠᠨ ᠰᠢᠢ᠍ᠳᠬᠡᠵᠦ᠂ ᠰᠦᠷᠳᠡᠭᠦᠯᠦᠯ᠎ᠢ ᠴᠢᠩᠭ᠋ᠠᠳᠬᠠᠨ᠎ᠠ᠃ ᠪᠤᠴᠠᠯ ᠡᠮ  ᠫᠠᠨᠽᠠᠯᠠᠭᠰᠠᠨ ᠰᠦᠪᠡᠭ᠌ᠴᠢ ᠨᠢᠭᠡᠪᠦᠷᠢ᠂ ᠱᠢᠰᠲ᠋ᠧᠮ᠎ᠨᠢ ᠴᠥᠮ ᠡᠮᠴᠢᠯᠡᠭᠡᠨ᠎ᠦ ᠳᠠᠭᠠᠳᠭᠠᠯ᠎ᠢ ᠭᠠᠷᠲᠠᠨ ᠭᠦᠢᠴᠡᠳᠭᠡᠬᠦ᠌ ᠰᠠᠯᠠᠭ᠎ᠠ ᠮᠥᠴᠢᠷ᠎ᠲᠤ ᠠᠦ᠋ᠲ᠋ᠣ᠋ ᠲᠠᠨᠢᠯᠴᠠᠭᠤᠯᠤᠨ ᠬᠦᠷᠭᠡᠵᠦ᠍᠂ ᠭᠤᠤᠯᠳᠠᠯᠭ᠎ᠠ᠎ᠲᠠᠢ ᠬᠢᠨᠠᠨ ᠡᠵᠡᠮᠳᠡᠬᠦ᠌ ᠡᠲᠡᠭᠡᠳ᠎ᠤᠨ ᠬᠤᠪᠢ ᠬᠥᠮᠦᠨ᠎ᠤ ᠮᠡᠳᠡᠭᠡ ᠵᠠᠩᠭᠢ ᠵᠢᠴᠢ ᠡᠮ ᠬᠤᠳᠠᠯᠳᠤᠨ ᠠᠪᠤᠭ᠍ᠰᠠᠨ ᠮᠡᠳᠡᠭᠡ ᠵᠠᠩᠭᠢ᠎ᠶ᠋ᠢ ᠪᠠᠢᠴᠠᠭᠠᠨ ᠦᠵᠡᠵᠦ᠍᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠬᠠᠮᠢᠶ᠎ᠠ ᠪᠥᠬᠦᠶ ᠮᠡᠳᠡᠭᠡ ᠵᠠᠩᠭᠢ᠎ᠶ᠋ᠢ ᠬᠢᠨᠠᠨ ᠬᠠᠷᠭᠤᠭᠤᠯᠵᠤ᠂ 《 ᠬᠡᠪ᠎ᠤᠨ ᠪᠠᠢᠳᠠᠯ 》᠂ 《 ᠡᠮ᠎ᠤᠨ ᠵᠦᠢ᠍ᠯ᠎ᠢ ᠫᠠᠨᠽᠠᠯᠠᠭᠰᠠᠨ ᠰᠡᠵᠢᠭ 》 ᠪᠤᠶᠤ 《 ᠡᠮ᠎ᠤᠨ ᠵᠦᠢ᠍ᠯ᠎ᠢ ᠫᠠᠨᠽᠠᠯᠠᠭᠰᠠᠨ᠎ᠢ ᠪᠠᠢ᠌ᠴᠠᠭ᠋ᠠᠨ ᠨᠤᠲᠠᠯᠠᠭᠰᠠᠨ 》 ᠭᠡᠵᠦ᠍ ᠲᠣᠳᠣᠷᠬᠠᠢᠯᠠᠵᠤ ᠪᠣᠯᠤᠨ᠎ᠠ᠂ ᠪᠠᠢᠴᠠᠭᠠᠨ ᠳᠣᠲᠣᠯᠠᠭ᠍ᠰᠠᠨ᠎ᠤ ᠳᠠᠷᠠᠭ᠎ᠠ ᠡᠮ᠎ᠤᠨ ᠵᠦᠢ᠍ᠯ᠎ᠢ ᠫᠠᠨᠽᠠᠯᠠᠭᠰᠠᠨ ᠪᠠᠢᠳᠠᠯ᠎ᠢ ᠦᠨᠳᠦᠰᠦᠯᠡᠨ ᠳᠠᠭᠠᠳᠭᠠᠯ᠎ᠳᠤ ᠣᠷᠣᠯᠴᠠᠭ᠍ᠴᠢ᠎ᠶ᠋ᠢᠨ ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ᠎ᠢ ᠲᠦᠷ ᠵᠣᠭ᠍ᠰᠣᠭᠠᠬᠤ᠎ᠶ᠋ᠢᠨ ᠬᠠᠮᠲᠤ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃

 

 

  ᠲᠠᠷᠠᠭᠠᠴᠢ᠎ᠶ᠋ᠢᠨ ᠠᠯᠬᠤᠮ᠎ᠳᠤ᠂ ᠤᠯᠤᠰ᠎ᠤᠨ ᠡᠮᠴᠢᠯᠡᠭᠡᠨ᠎ᠦᠪᠠᠲᠤᠯᠠᠭ᠎ᠠ᠎ᠶᠢᠨ ᠲᠣᠪᠴᠢᠶ᠎ᠠ ᠡᠮᠴᠢᠯᠡᠭᠡᠨ᠎ᠦ ᠳᠠᠭᠠᠳᠭᠠᠯ᠎ᠤᠨ ᠡᠮ᠎ᠤᠨ ᠵᠦᠢᠯ᠎ᠤᠨ ᠮᠥᠷᠳᠡᠨ ᠨᠡᠬᠡᠮᠵᠢᠯᠡᠬᠦ ᠲᠣᠭᠲᠠᠯᠴᠠᠭ᠎ᠠ᠎ᠶᠢᠨ ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠮᠡᠳᠡᠭᠡ ᠵᠠᠩᠭᠢᠵᠢᠯᠲᠠ᠎ᠶ᠋ᠢᠨ ᠠᠷᠭ᠎ᠠ ᠪᠠᠷᠢᠯ᠎ᠢᠶᠠᠷ ᠳᠠᠮᠵᠢᠭᠤᠯᠤᠨ᠂ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠬᠦᠷᠢᠶᠡᠨ᠎ᠳᠤ ᠮᠥᠷᠳᠡᠨ ᠨᠡᠬᠡᠮᠵᠢᠯᠡᠵᠦ ᠬᠡᠷᠡᠭ᠌ᠯᠡᠬᠦ᠌᠎ᠶ᠋ᠢ ᠠᠬᠢᠭᠤᠯᠵᠤ᠂ ᠪᠤᠴᠠᠯ ᠡᠮ᠂ ᠰᠣᠯᠢᠭᠰᠠᠨ ᠡᠮ᠂ ᠬᠠᠭᠤᠷᠮᠠᠭ ᠡᠮ ᠫᠠᠨᠽᠠᠯᠠᠬᠤ ᠵᠡᠷᠭᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠢ ᠬᠠᠮᠠᠭᠠᠯᠠᠨ᠎ᠠ᠃

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            