ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠵᠢᠵᠢᠭ ᠡᠮ᠎ᠤᠨ ᠳᠡᠯᠭᠡᠭᠦᠷ ᠠᠷᠠᠳ᠎ᠤᠨ ᠠᠮᠢᠳᠤᠷᠠᠯ᠎ᠤᠨ 《 ᠡᠮ᠎ᠢ ᠲᠣᠰᠭᠤᠨ᠎ᠳᠤ ᠬᠦᠷᠭᠡᠬᠦ᠌ 》᠎ᠶᠢ ᠬᠥᠨᠳᠡᠵᠦ ᠬᠥᠳᠡᠭᠡ ᠲᠣᠰᠭᠤᠨ᠎ᠤ ᠡᠷᠡᠭᠦᠯ ᠮᠡᠨᠳᠦ᠍᠎ᠶ᠋ᠢᠨ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠪᠠ
ᠨᠡᠶ᠋ᠢᠲᠡᠯᠡᠭᠰᠡᠨ ᠴᠠᠭ᠄ 2025-12-03

  《 ᠥᠩᠭᠡᠷᠡᠭ᠌ᠰᠡᠨ᠎ᠳᠤ ᠨᠢᠭᠡ ᠬᠠᠢᠷᠴᠠᠭ ᠡᠮ ᠬᠤᠳᠠᠯᠳᠤᠨ ᠠᠪᠬᠤ᠎ᠳᠤ ᠬᠡᠳᠦᠨ ᠠᠷᠪᠠᠨ ᠭᠠᠵᠠᠷ ᠶᠠᠪᠤᠨ᠎ᠠ᠂ ᠥᠨᠥᠳᠥᠷ ᠭᠡᠷ᠎ᠤᠨ ᠡᠭᠦᠳᠡᠨ᠎ᠠᠴᠠ᠎ᠪᠠᠨ ᠠᠮᠠᠷᠬᠠᠨ ᠡᠮ ᠠᠪᠴᠤ᠌ ᠳᠡᠢ᠌ᠯᠬᠦ ᠪᠣᠯᠪᠠ 》᠂ ᠡᠨᠡ ᠪᠣᠯ ᠨᠢᠩᠱᠢᠶᠠ᠎ᠶ᠋ᠢᠨ ᠶᠠᠨ ᡂᠢ ᠱᠢᠶᠠᠨ᠎ᠤ ᠦᠨᠳᠦᠰᠦᠨ ᠱᠠᠲᠤᠨ᠎ᠤ ᠣᠯᠠᠨ ᠲᠦᠮᠡᠨ᠎ᠤ ᠰᠡᠳᠭᠢᠯ᠎ᠤᠨ ᠳᠠᠭᠤᠨ ᠪᠣᠯᠤᠨ᠎ᠠ᠃ ᠥᠩᠭᠡᠷᠡᠭ᠌ᠰᠡᠨ᠎ᠳᠤ᠂ ᠶᠠᠨ ᡂᠢ ᠱᠢᠶᠠᠨ᠎ᠤ ᠡᠯ᠎ᠡ ᠱᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠤᠷᠢᠶ᠎ᠠ ᠵᠢᠴᠢ ᠲᠣᠰᠭᠤᠨ᠎ᠤ ᠡᠷᠡᠭᠦᠯ ᠬᠠᠮᠠᠭᠠᠯᠠᠯ᠎ᠤᠨ ᠲᠠᠰᠤᠭ᠎ᠨᠢ ᠬᠤᠳᠠᠯᠳᠤᠨ ᠠᠪᠬᠤ ᠬᠡᠪᠴᠢᠶ᠎ᠡ᠂ ᠬᠠᠳᠠᠭᠠᠯᠠᠬᠤ ᠨᠥᠬᠦᠴᠡᠯ᠎ᠤᠨ ᠬᠢᠵᠠᠭᠠᠷᠯᠠᠯ᠎ᠢ ᠬᠦᠯᠢᠶᠡᠵᠦ᠍᠂ ᠬᠠᠳᠠᠭ᠋ᠠᠯᠠᠯᠲᠠ᠎ᠶᠢᠨ ᠨᠥᠬᠥᠴᠡᠯ ᠬᠢᠵᠠᠭ᠋ᠠᠷᠯᠠᠯ ᠲᠠᠢ᠂ ᠡᠮ᠎ᠤᠨ ᠵᠦᠶ᠋ᠯ᠎ᠤᠨ ᠲᠣᠬᠢᠷᠠᠭᠤᠯᠤᠯᠲᠠ ᠪᠦᠷᠢᠨ ᠪᠤᠰᠤ ᠠᠰᠠᠭᠤᠳᠠᠯ ᠲᠣᠪᠤᠢᠮ᠎ᠠ ᠪᠠᠢᠪᠠ᠃

  ᠵᠢᠵᠢᠭ ᠡᠮ᠎ᠦ᠋ᠨ ᠳᠡᠯᠭᠡᠭᠦᠷ ᠠᠷᠠᠳ᠎ᠤ᠋ᠨ ᠠᠮᠢᠳᠤᠷᠠᠯ᠎ᠲᠠᠢ ᠬᠣᠯᠪᠣᠨ᠎ᠠ᠃ ᠡᠨᠡ ᠬᠦ᠌ ᠣᠳᠣᠬᠢ ᠪᠠᠢᠳᠠᠯ᠎ᠢ ᠬᠤᠪᠢᠷᠠᠭᠤᠯᠬᠤ᠎ᠶ᠋ᠢᠨ ᠲᠥᠯᠥᠭᠡ᠂ ᠡᠨᠡ ᠵᠢᠯ᠎ᠠᠴᠠ ᠨᠠᠭ᠋ᠠᠰᠢ ᠶᠠᠨ ᡂᠢ ᠱᠢᠶᠠᠨ ᠡᠮᠴᠢᠯᠡᠭᠡ᠂ ᠡᠮᠴᠢᠯᠡᠭᠡᠨ᠎ᠦ ᠳᠠᠭᠠᠳᠭᠠᠯ᠂ ᠡᠮ ᠡᠮᠨᠡᠯᠭᠡ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ 《 ᠱᠢᠶᠠᠨ᠎ᠤ ᠬᠡᠪᠴᠢᠶᠡᠨ᠎ᠤ ᠲᠥᠪ ᠡᠮ᠎ᠤᠨ ᠳᠡᠯᠭᠡᠭᠦᠷ 》 ᠪᠣᠯᠤᠨ 《 ᠬᠢᠨᠠᠬᠤ ᠲᠠᠯ᠎ᠠ᠎ᠶ᠋ᠢᠨ ᠲᠥᠪ 》᠎ᠤᠨ ᠱᠢᠨ᠎ᠡ᠎ᠶ᠋ᠢ ᠡᠭᠦᠳᠦᠨ ᠭᠠᠷᠭᠠᠵᠤ᠂ ᠳ᠋ᠢᠭᠢᠲᠴᠢᠯᠡᠯᠲᠡ᠎ᠪᠠᠷ ᠬᠦᠴᠦᠨ ᠨᠡᠮᠡᠷᠢᠯᠡᠬᠦ ᠪᠠ ᠡᠬᠢ ᠪᠠᠶᠠᠯᠢᠭ᠎ᠢ ᠨᠢᠭᠡᠳᠦᠭᠦᠯᠬᠦ᠎ᠪᠠᠷ ᠳᠠᠮᠵᠢᠭᠤᠯᠵᠤ᠂ 《 ᠨᠢᠭᠡ ᠲᠥᠪ᠂ ᠪᠦᠬᠦ᠌ ᠱᠢᠶᠠᠨ᠎ᠢᠶᠠᠷ᠎ᠢᠶᠠᠨ ᠬᠠᠮᠲᠤ ᠪᠠᠷ ᠡᠳ᠋ᠯᠡᠬᠦ᠂ ᠱᠠᠳᠤ ᠬᠤᠪᠢᠶᠠᠨ ᠪᠠᠲᠤᠯᠠᠬᠤ 》 ᠡᠮ᠎ᠤᠨ ᠵᠦᠢᠯ᠎ᠤᠨ ᠬᠠᠩᠭᠠᠯᠭ᠎ᠠ᠎ᠶ᠋ᠢᠨ ᠱᠢᠨ᠎ᠡ ᠵᠠᠭ᠍ᠪᠤᠷ᠎ᠢ ᠪᠠᠢᠭᠤᠯᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠤ 《 ᠡᠮ ᠬᠤᠳᠠᠯᠳᠤᠨ ᠠᠪᠬᠤ᠎ᠳᠤ ᠬᠦᠴᠢᠷ᠂ ᠡᠮ ᠬᠤᠳᠠᠯᠳᠤᠨ ᠠᠪᠬᠤ᠎ᠳᠤ ᠬᠤᠯᠠ 》 ᠪᠠᠢᠬᠤ ᠬᠦᠴᠢᠷᠳᠡᠯ᠎ᠢ ᠪᠦᠲᠦᠮᠵᠢᠲᠡᠢ ᠱᠢᠢᠳᠪᠦᠷᠢᠯᠡᠵᠦ᠍᠂ ᠱᠢᠶᠠᠨ᠎ᠤ ᠡᠮᠨᠡᠯᠭᠡ᠎ᠶ᠋ᠢᠨ ᠬᠤᠷᠢᠶᠠᠨ᠎ᠤ 900 ᠭᠠᠷᠤᠢ ᠲᠥᠷᠥᠯ᠎ᠤᠨ ᠡᠮ᠎ᠤᠨ ᠵᠦᠢᠯ᠎ᠢ ᠲᠣᠰᠭᠤᠨ᠎ᠤ ᠠᠷᠠᠳ᠎ᠲᠤ ᠱᠢᠭᠤᠳ ᠬᠦᠷᠭᠡᠵᠦ᠍᠂ ᠤᠯᠠᠨ ᠲᠦᠮᠡᠨ᠎ᠳᠤ ᠦᠢᠯᠡᠴᠢᠯᠡᠬᠦ᠌ 《 ᠡᠴᠦᠰ᠎ᠤᠨ ᠨᠢᠭᠡ ᠺᠢᠯᠣᠮᠧᠲᠷ 》᠎ᠢ ᠨᠡᠪᠲᠡᠷᠡᠭᠦᠯᠵᠦ᠍᠂ ᠬᠥᠳᠡᠭᠡ ᠲᠣᠰᠭᠤᠨ᠎ᠤ ᠤᠯᠠᠨ ᠲᠦᠮᠡᠨ᠎ᠳᠤ ᠱᠢᠯᠢᠳᠡᠭ ᠰᠠᠢᠨ ᠳᠥᠭᠦᠮ ᠳᠥᠲᠡ᠂ ᠠᠮᠤᠷ ᠲᠦᠪᠱᠢᠨ ᠡᠮᠴᠢᠯᠡᠭᠡᠨ᠎ᠦ ᠦᠢᠯᠡᠴᠢᠯᠡᠭᠡ ᠬᠦᠷᠲᠡᠭᠡᠵᠡᠢ᠃

  ᠦᠨᠳᠦᠰᠦᠨ ᠱᠠᠲᠤᠨ᠎ᠤ ᠡᠮ ᠬᠡᠷᠡᠭ᠌ᠯᠡᠬᠦ᠌᠎ᠶ᠋ᠢᠨ ᠪᠣᠯᠤᠮᠵᠢᠲᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢᠨ ᠲᠤᠰᠠᠳᠠ᠂ ᠱᠢᠶᠠᠨ᠎ᠤ ᠬᠡᠪᠴᠢᠶᠡᠨ᠎ᠤ ᠲᠥᠪ ᠡᠮ᠎ᠤᠨ ᠥᠷᠥᠭᠡ ᠬᠤᠳᠠᠯᠳᠤᠨ ᠠᠪᠬᠤ ᠭᠤᠭ᠍ᠴᠤᠭ᠎ᠠ᠎ᠳᠤ ᠱᠢᠶᠠᠨ᠂ ᠱᠢᠶᠠᠩ᠂ ᠲᠣᠰᠭᠤᠨ ᠭᠤᠷᠪᠠᠨ ᠱᠠᠲᠤᠨ᠎ᠤ ᠡᠮ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠡᠮᠬᠢᠯᠡᠨ ᠨᠡᠢᠯᠡᠭᠦᠯᠵᠦ᠍᠂ ᠨᠢᠭᠡᠳᠦᠯᠲᠡᠢ ᠬᠤᠳᠠᠯᠳᠤᠨ ᠠᠪᠬᠤ ᠭᠠᠷᠴᠠᠭ᠎ᠢ ᠲᠣᠭ᠍ᠲᠠᠭᠠᠨ᠂ ᠲᠥᠪᠯᠡᠷᠡᠭᠦᠯᠦᠨ ᠵᠥᠪᠯᠡᠬᠦ᠌ ᠦᠨ᠎ᠡ᠎ᠪᠠᠷ ᠳᠠᠮᠵᠢᠭᠤᠯᠤᠨ ᠡᠮ᠎ᠤᠨ ᠵᠦᠢᠯ᠎ᠢ ᠬᠤᠳᠠᠯᠳᠤᠨ ᠠᠪᠬᠤ ᠥᠪᠡᠷ᠎ᠤᠨ ᠦᠷᠳᠡᠭ᠎ᠢ ᠶᠡᠭᠡ ᠬᠡᠮᠵᠢᠶ᠎ᠡ᠎ᠪᠠᠷ ᠪᠠᠭᠤᠷᠠᠭᠤᠯᠵᠤ᠂ ᠤᠯᠠᠨ ᠲᠦᠮᠡᠨ᠎ᠳᠤ ᠦᠨ᠎ᠡ ᠬᠠᠩᠰᠢ᠎ᠶ᠋ᠢᠨ ᠠᠱᠢᠭ ᠲᠤᠰᠠ᠎ᠶ᠋ᠢ ᠱᠢᠭᠤᠳ ᠬᠦᠷᠲᠡᠭᠡᠪᠡ᠃ ᠣᠳᠣᠬᠠᠨ᠎ᠳᠤ᠂ ᠶᠠᠨ ᡂᠢ ᠱᠢᠶᠠᠨ᠎ᠤ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠶ᠋ᠢᠨ ᠡᠮ᠎ᠤᠨ ᠵᠦᠶ᠋ᠯ᠎ᠤᠨ ᠲᠣᠬᠢᠷᠠᠭᠤᠯᠤᠯᠲᠠ᠎ᠶ᠋ᠢᠨ ᠲᠥᠷᠥᠯ ᠵᠦᠶ᠋ᠯ ᠢᠯᠡᠳᠲᠡ ᠨᠡᠮᠡᠭ᠌ᠳᠡᠵᠦ᠍᠂ ᠲᠣᠰᠭᠤᠨ᠎ᠤ ᠡᠷᠡᠭᠦᠯ ᠬᠠᠮᠠᠭᠠᠯᠠᠯ᠎ᠤᠨ ᠲᠠᠰᠤᠭ᠎ᠤᠨ ᠡᠮ᠎ᠤᠨ ᠵᠦᠶ᠋ᠯ᠎ᠤᠨ ᠪᠠᠷᠢᠮᠵᠢᠶ᠎ᠠ᠎ᠶ᠋ᠢᠨ ᠲᠤᠭ᠎ᠠ ᠳᠤᠮᠳᠠᠴᠢ᠎ᠪᠠᠷ ᠪᠠᠷᠤᠭ 20% ᠨᠡᠮᠡᠭ᠌ᠳᠡᠵᠦ᠍᠂ ᠲᠥᠪ ᠡᠮ᠎ᠤᠨ ᠳᠡᠯᠭᠡᠭᠦᠷ 9 ᠱᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠤᠷᠢᠶ᠎ᠠ ( ᠨᠡᠢᠭᠡᠮ ᠲᠣᠭᠤᠷᠢᠭ᠎ᠤᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠤ ᠲᠥᠪ ) ᠬᠢᠭᠡᠳ 106 ᠲᠣᠰᠭᠤᠨ᠎ᠤ ᠡᠷᠡᠭᠦᠯ ᠬᠠᠮᠠᠭᠠᠯᠠᠯ᠎ᠤᠨ ᠲᠠᠰᠤᠭ ( ᠦᠶ᠋ᠯᠡᠴᠢᠯᠡᠭᠡᠨ᠎ᠤ ᠥᠷᠲᠡᠭᠡ ) ᠎ᠯᠤᠭ᠎ᠠ ᠪᠦᠬᠦᠨ᠎ᠢ ᠬᠠᠮᠤᠷᠬᠤ᠎ᠶ᠋ᠢ ᠪᠡᠶᠡᠯᠡᠭᠦᠯᠵᠦ᠍᠂ 《 ᠱᠢᠶᠠᠨ᠎ᠤ ᠬᠡᠪᠴᠢᠶᠡᠨ᠎ᠤ ᠡᠮ᠎ᠤᠨ ᠵᠦᠶ᠋ᠯ᠎ᠢ ᠬᠠᠮᠲᠤ᠎ᠪᠠᠷ ᠡᠳ᠋ᠯᠡᠬᠦ᠂ ᠵᠣᠷ᠎ᠢ ᠨᠢᠭᠡᠳᠦᠯᠲᠡᠶ ᠬᠢᠨᠠᠨ ᠬᠠᠷᠭᠤᠭᠤᠯᠬᠤ᠂ ᠡᠬᠢ ᠪᠠᠶᠠᠯᠢᠭ᠎ᠢ ᠥᠨᠳᠥᠷ ᠪᠦᠲᠦᠮᠵᠢᠲᠡᠶ ᠠᠵᠢᠯᠯᠠᠭᠤᠯᠬᠤ 》 ᠦᠨᠳᠦᠰᠦᠨ ᠱᠠᠲᠤᠨ᠎ᠤ ᠡᠮᠴᠢᠯᠡᠭᠡᠨ᠎ᠦ ᠦᠶ᠋ᠯᠡᠴᠢᠯᠡᠭᠡᠨ᠎ᠤ ᠱᠢᠨ᠎ᠡ ᠪᠠᠢᠷᠢᠱᠢᠯ᠎ᠢ ᠠᠩᠬ᠎ᠠ ᠠᠯᠬᠤᠮ ᠪᠣᠶ ᠪᠣᠯᠭᠠᠪᠠ᠃

  ᠦᠨᠳᠦᠰᠦᠨ ᠱᠠᠲᠤᠨ᠎ᠤ ᠡᠮ ᠬᠡᠷᠡᠭ᠌ᠯᠡᠬᠦ᠌ ᠴᠠᠭ ᠲᠤᠬᠠᠢᠲᠤ ᠴᠢᠨᠠᠷ᠎ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠶᠠᠨ ᡂᠢ ᠱᠢᠶᠠᠨ ᠮᠡᠳᠡᠭᠡ ᠵᠠᠩᠭᠢᠵᠢᠯᠲᠠ᠎ᠶ᠋ᠢᠨ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ᠎ᠶ᠋ᠢᠨ ᠱᠢᠰᠲ᠋ᠧᠮ᠎ᠳᠤ ᠲᠦᠱᠢᠭ᠌ᠯᠡᠨ᠂ ᠡᠮ᠎ᠤᠨ ᠵᠦᠢᠯ᠎ᠢ ᠨᠢᠭᠡᠳᠦᠯᠲᠡᠶ ᠱᠢᠯᠭᠠᠨ ᠠᠪᠬᠤ᠂ ᠵᠢᠷᠤᠮᠵᠢᠭᠤᠯᠤᠨ ᠬᠠᠳᠠᠭᠠᠯᠠᠬᠤ ᠪᠠ ᠥᠨᠳᠥᠷ ᠪᠦᠲᠦᠮᠵᠢᠲᠡᠶ᠎ᠪᠠᠷ ᠲᠠᠷᠬᠠᠭᠠᠬᠤ᠎ᠶ᠋ᠢ ᠪᠡᠶᠡᠯᠡᠭᠦᠯᠵᠦ᠍᠂ 《 ᠱᠢᠶᠠᠨ  ᠱᠢᠶᠠᠩ  ᠲᠣᠰᠭᠤᠨ 》 ᠭᠤᠷᠪᠠᠨ ᠱᠠᠲᠤᠨ᠎ᠤ ᠳᠣᠭᠢᠷᠠᠭᠤᠯᠤᠨ ᠬᠦᠷᠭᠡᠬᠦ᠌ ᠲᠣᠤᠷ ᠰᠦᠯᠵᠢᠶ᠎ᠡ᠎ᠶ᠋ᠢ ᠪᠠᠢᠭᠤᠯᠵᠤ᠂ 《 ᠲᠣᠭ᠍ᠲᠠᠮᠠᠯ ᠬᠤᠭᠤᠴᠠᠭ᠎ᠠ᠎ᠲᠠᠢ᠎ᠪᠠᠷ ᠪᠠᠴᠢᠮ ᠲᠣᠬᠢᠷᠠᠭᠤᠯᠤᠨ ᠬᠦᠷᠭᠡᠬᠦ + ᠪᠠᠴᠢᠮ ᠰᠢᠯᠵᠢᠭᠦᠯᠦᠨ ᠥᠭ᠌ᠬᠦ 》᠎ᠶ᠋ᠢ ᠤᠶᠠᠯᠳᠤᠭᠤᠯᠬᠤ ᠵᠠᠭ᠍ᠪᠤᠷ᠎ᠢ ᠠᠪᠴᠤ᠌᠂ ᠤᠳᠠᠭᠠᠨ ᠴᠢᠨᠠᠷᠲᠠᠶ ᠡᠪᠡᠳᠴᠢᠨ᠂ ᠣᠨᠴᠠᠭᠠᠶ ᠡᠮ ᠬᠡᠷᠡᠭ᠌ᠯᠡᠬᠦ᠌ ᠵᠡᠷᠭᠡ ᠭᠤᠤᠯᠳᠠᠯᠭ᠎ᠠ᠎ᠲᠠᠢ ᠡᠮ᠎ᠤᠨ ᠵᠦᠢᠯ᠎ᠢ ᠴᠠᠭ ᠲᠤᠬᠠᠶ᠎ᠳᠤ ᠨᠢ ᠦᠨᠳᠦᠰᠦᠨ ᠱᠠᠲᠤᠨ᠎ᠳᠤ ᠬᠦᠷᠭᠡᠪᠡ᠃ ᠡᠭᠦᠨ᠎ᠤ ᠬᠠᠮᠲᠤ᠌᠂ ᠪᠦᠬᠦ᠌ ᠱᠢᠶᠠᠨ᠎ᠤ ᠡᠮ᠎ᠤᠨ ᠵᠦᠢᠯ᠎ᠤᠨ ᠪᠠᠴᠢᠮ ᠪᠠᠢᠳᠠᠯ᠎ᠢ ᠠᠷᠭ᠋ᠠᠴᠠᠭ᠋ᠠᠨ ᠲᠣᠬᠢᠷᠠᠭᠤᠯᠬᠤ ᠪᠠ ᠡᠷᠭᠢᠯᠲᠡ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠡᠮᠴᠢᠯᠡᠭᠡᠨ᠎ᠤ ᠬᠠᠮᠲᠤ᠎ᠶ᠋ᠢᠨ ᠴᠣᠭ᠍ᠴᠠ᠎ᠶ᠋ᠢᠨ ᠳᠣᠲᠣᠭᠠᠳᠤ᠎ᠶ᠋ᠢᠨ ᠡᠬᠢ ᠪᠠᠶᠠᠯᠢᠭ᠎ᠢ ᠬᠠᠮᠲᠤ ᠪᠠᠷ ᠡᠳ᠋ᠯᠡᠬᠦ᠌᠎ᠶ᠋ᠢ ᠪᠡᠶᠡᠯᠡᠭᠦᠯᠵᠦ᠍᠂ ᠦᠨᠳᠦᠰᠦᠨ ᠱᠠᠲᠤᠨ᠎ᠤ ᠡᠮ᠎ᠤᠨ ᠵᠦᠢᠯ᠎ᠤᠨ ᠳᠠᠷᠤᠭ᠍ᠳᠠᠯ ᠪᠠ ᠪᠠᠷᠠᠭ᠎ᠠ᠎ᠶ᠋ᠢ ᠲᠠᠰᠤᠯᠬᠤ᠎ᠶ᠋ᠢ ᠵᠡᠷᠭᠡ ᠪᠡᠷ ᠣᠷᠣᠱᠢᠵᠤ ᠪᠠᠢᠭ᠎ᠠ ᠠᠰᠠᠭᠤᠳᠠᠯ᠎ᠢ ᠪᠦᠲᠦᠮᠵᠢᠲᠡᠶ ᠱᠢᠢᠳᠪᠦᠷᠢᠯᠡᠵᠦ᠍᠂ ᠡᠮ᠎ᠤᠨ ᠵᠦᠢᠯ᠎ᠤᠨ ᠬᠡᠷᠡᠭ᠌ᠯᠡᠯᠲᠡ᠎ᠶ᠋ᠢᠨ ᠦᠷ᠎ᠡ ᠪᠦᠲᠦᠮᠵᠢ ᠪᠠ ᠡᠬᠢ ᠪᠠᠶᠠᠯᠢᠭ᠎ᠤᠨ ᠠᠱᠢᠭ᠍ᠯᠠᠯᠲᠠ᠎ᠶ᠋ᠢᠨ ᠨᠣᠷᠮ᠎ᠠ᠎ᠶ᠋ᠢ ᠳᠡᠭᠡᠭ᠌ᠰᠢᠯᠡᠭᠦᠯᠪᠡ᠃

  ᠦᠨᠳᠦᠰᠦᠨ ᠱᠠᠲᠤᠨ᠎ᠤ ᠡᠮ ᠬᠡᠷᠡᠭ᠌ᠯᠡᠬᠦ᠌ ᠠᠮᠤᠷ ᠲᠦᠪᠱᠢᠨ᠎ᠢ ᠴᠢᠩᠭᠠᠳᠭᠠᠬᠤ᠎ᠶ᠋ᠢᠨ ᠲᠥᠯᠥᠭᠡ᠂ ᠱᠢᠭᠦᠬᠦ᠌ ᠲᠠᠯ᠎ᠠ᠎ᠶ᠋ᠢᠨ ᠲᠥᠪ᠎ᠨᠢ ᠮᠡᠳᠡᠭᠡ ᠵᠠᠩᠭᠢᠴᠢᠯᠠᠯᠲᠠ ᠪᠠ ᠲᠣᠮᠣ ᠳ᠋ᠠᠢᠲ᠋ᠠ᠎ᠶ᠋ᠢᠨ ᠮᠡᠷᠭᠡᠵᠢᠯ᠎ᠢ ᠭᠦᠢᠴᠡᠳ ᠬᠡᠷᠡᠭ᠌ᠯᠡᠵᠦ᠍᠂ ᠪᠦᠬᠦ᠌ ᠱᠢᠶᠠᠨ᠎ᠤ ᠵᠣᠷ᠎ᠤᠨ ᠶᠠᠰᠤ ᠴᠢᠨᠠᠷ᠎ᠲᠤ 《 ᠣᠶᠤᠨᠴᠢ ᠬᠥᠳᠡᠯᠭᠡᠭᠦᠷ 》᠎ᠢ ᠨᠡᠮᠡᠵᠦ᠍ ᠤᠭ᠍ᠰᠠᠷᠠᠵᠤ᠂ 《 ᠮᠠᠱᠢᠨ ᠬᠢᠨᠠᠭ᠍ᠴᠢ + ᠬᠦᠮᠦᠨ᠎ᠦ ᠬᠢᠨᠠᠯᠲᠠ 》᠎ᠶ᠋ᠢᠨ ᠳᠠᠪᠬᠤᠷ ᠬᠠᠮᠠᠭᠠᠯᠠᠯᠲᠠ᠎ᠶ᠋ᠢᠨ ᠲᠣᠤᠷ᠎ᠢ ᠪᠠᠢᠭᠤᠯᠪᠠ᠃ ᠡᠮ ᠬᠡᠷᠡᠭ᠌ᠯᠡᠬᠦ᠌᠎ᠶ᠋ᠢ ᠵᠦᠶ ᠵᠣᠬᠢᠰᠲᠠᠶ ᠳᠡᠮᠵᠢᠬᠦ᠌ ᠱᠢᠰᠲ᠋ᠧᠮ᠎ᠢ ᠪᠠᠢᠷᠢᠯᠠᠭᠤᠯᠬᠤ᠎ᠪᠠᠷ ᠳᠠᠮᠵᠢᠭᠤᠯᠤᠨ᠂ ᠪᠣᠶ ᠪᠥᠬᠦᠶ ᠵᠣᠷ᠎ᠢ ᠴᠠᠭ ᠲᠤᠬᠠᠶ᠎ᠳᠤ ᠨᠢ ᠪᠤᠶᠤ ᠪᠦᠯᠦᠭ ᠤᠳᠠᠭ᠎ᠠ ᠬᠢᠨᠠᠨ ᠬᠠᠷᠭᠤᠭᠤᠯᠵᠤ᠂ ᠡᠮ᠎ᠤᠨ ᠬᠠᠷᠢᠯᠴᠠᠨ ᠦᠢ᠍ᠯᠡᠳᠦᠯᠴᠡᠬᠦ᠂ ᠴᠡᠭᠡᠷᠯᠡᠬᠦ᠌ ᠡᠪᠡᠳᠴᠢᠨ᠂ ᠬᠡᠷᠡᠭ᠌ᠯᠡᠬᠦ᠌ ᠠᠷᠭ᠎ᠠ᠎ᠶ᠋ᠢᠨ ᠬᠡᠷᠡᠭ᠌ᠯᠡᠬᠦ᠌ ᠬᠡᠮᠵᠢᠶ᠎ᠡ᠎ᠨᠢ ᠵᠦᠶ ᠵᠣᠬᠢᠰ ᠥᠬᠡᠶ ᠵᠡᠷᠭᠡ ᠠᠰᠠᠭᠤᠳᠠᠯ᠎ᠢ ᠠᠦ᠋ᠲ᠋ᠣ᠋ ᠢᠯᠭᠠᠨ ᠲᠠᠨᠢᠬᠤ᠎ᠶ᠋ᠢᠨ ᠬᠠᠮᠲᠤ ᠰᠡᠷᠡᠮᠵᠢᠯᠡᠭᠦᠯᠦᠨ᠎ᠡ᠃ ᠡᠨᠡ ᠬᠦ᠌ ᠰᠠᠭᠤᠷᠢᠨ ᠳᠡᠭᠡᠷ᠎ᠡ ᠲᠤᠰᠭᠠᠶ ᠮᠡᠷᠭᠡᠵᠢᠯ᠎ᠤᠨ ᠡᠮ ᠨᠠᠢᠷᠠᠭ᠍ᠴᠢ᠎ᠶ᠋ᠢᠨ ᠪᠦᠯᠬᠦᠮ ᠪᠠᠢᠭᠤᠯᠵᠤ᠂ ᠵᠣᠷ᠎ᠤᠨ ᠲᠣᠮᠣ ᠳ᠋ᠠᠢᠲ᠋ᠠ᠎ᠶ᠋ᠢᠨ ᠵᠠᠳᠠᠯᠤᠯᠲᠠ᠎ᠶ᠋ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠍᠂ ᠦᠨᠳᠦᠰᠦᠨ ᠱᠠᠲᠤᠨ᠎ᠤ ᠣᠨᠣᠱᠢᠯᠠᠨ ᠡᠮᠨᠡᠬᠦ᠌ ᠦᠢᠯᠡ ᠠᠵᠢᠯᠯᠠᠭ᠎ᠠ᠎ᠶ᠋ᠢ ᠦᠷᠭᠦᠯᠵᠢᠯᠡᠨ ᠵᠢᠷᠤᠮᠵᠢᠭᠤᠯᠬᠤ᠎ᠶ᠋ᠢ ᠠᠬᠢᠭᠤᠯᠤᠨ᠎ᠠ᠃ ᠣᠳᠣᠬᠠᠨ᠎ᠳᠤ᠂ ᠱᠢᠶᠠᠨ᠎ᠤ ᠬᠡᠪᠴᠢᠶᠡᠨ᠎ᠳᠠᠬᠢ ᠦᠨᠳᠦᠰᠦᠨ ᠱᠠᠲᠤᠨ᠎ᠤ ᠵᠣᠷ᠎ᠤᠨ ᠬᠢᠷᠢ ᠲᠡᠩᠴᠡᠭ᠌ᠰᠡᠨ ᠨᠣᠷᠮ᠎ᠠ᠎ᠶ᠋ᠢ 80% ᠎ᠠᠴᠠ 95% ᠎ᠠᠴᠠ ᠳᠡᠭᠡᠭ᠌ᠰᠢ ᠪᠣᠯᠲᠠᠯ᠎ᠠ ᠳᠡᠭᠡᠭ᠌ᠰᠢᠯᠡᠭᠦᠯᠵᠦ᠍᠂ ᠣᠯᠠᠨ ᠲᠦᠮᠡᠨ᠎ᠤ ᠡᠮ ᠬᠡᠷᠡᠭ᠌ᠯᠡᠬᠦ᠌ ᠠᠮᠤᠷ ᠲᠦᠪᠱᠢᠨ᠎ᠢ ᠪᠠᠲᠤᠯᠠᠵᠤ ᠪᠠᠢᠨ᠎ᠠ᠃

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            