ᠰᠤᠷᠪᠤᠯᠵᠢᠯᠠᠭ᠍ᠴᠢ᠄ ᠫᠧᠩ ᠶᠦᠨ ᠵᠢᠶᠠ᠂ ᠱᠢᠤᠢ ᠫᠧᠩ ᠬᠠᠩ
ᠡᠮᠨᠡᠯᠭᠡ ᠶ᠋ᠢᠨ ᠳᠠᠭᠠᠳᠭᠠᠯ ᠨᠢ ᠬᠥᠮᠥᠨ ᠨᠢᠭᠡᠪᠦᠷᠢ᠎ᠶ᠋ᠢᠨ ᠲᠤᠰ ᠪᠡᠶ᠎ᠡ᠎ᠶ᠋ᠢᠨ ᠠᠱᠢᠭ ᠲᠤᠰᠠᠲᠠᠢ ᠬᠤᠯᠪᠣᠭ᠍ᠳᠠᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠴᠢᠬᠤᠯᠠ ᠨᠢᠭᠡ ᠭᠤᠭ᠍ᠴᠤᠭ᠎ᠠ ᠪᠣᠯᠣᠨ᠎ᠠ᠃
ᠪᠦᠬᠦ᠌ ᠠᠷᠠᠳ ᠲᠦᠮᠡᠨ᠎ᠤ ᠡᠪᠡᠳᠴᠢᠨ ᠡᠮᠭᠡᠭ᠎ᠤᠨ ᠡᠮᠨᠡᠯᠭᠡ᠎ᠶ᠋ᠢᠨ ᠳᠠᠭᠠᠳᠭᠠᠯ᠎ᠤᠨ ᠬᠤᠢᠱᠢᠳᠠ᠎ᠶ᠋ᠢᠨ ᠵᠣᠪᠠᠨᠢᠯ᠎ᠢ ᠠᠷᠢᠯᠭᠠᠬᠤ᠎ᠪᠠᠷ ᠦᠨᠳᠦᠰᠦᠨ ᠵᠣᠷᠢᠯᠭ᠎ᠠ ᠪᠣᠯᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠠᠴᠠ ᠨᠠᠭᠠᠰᠢ᠂ ᠮᠠᠨ᠎ᠤ ᠤᠯᠤᠰ᠎ᠤᠨ ᠡᠮᠨᠡᠯᠭᠡ ᠶ᠋ᠢᠨ ᠳᠠᠭᠠᠳᠭᠠᠯ᠎ᠤᠨ ᠶᠠᠰᠤ ᠴᠢᠨᠠᠷ ᠳᠡᠭᠡᠭ᠌ᠰᠢᠯᠡᠵᠦ᠍ ᠬᠡᠪᠴᠢᠶ᠎ᠡ ᠥᠷᠭᠡᠳᠵᠦ᠍᠂ ᠠᠷᠠᠳ ᠣᠯᠠᠨ᠎ᠤ ᠡᠪᠡᠳᠴᠢᠨ ᠡᠮᠭᠡᠭ᠎ᠤᠨ ᠡᠮᠨᠡᠯᠭᠡ᠎ᠶ᠋ᠢᠨ ᠳᠠᠷᠤᠭᠠᠰᠤ᠎ᠶ᠋ᠢ ᠤᠯᠠᠮ ᠨᠢᠭᠡ ᠠᠯᠬᠤᠮ ᠬᠥᠩᠭᠡᠷᠡᠭᠦᠯᠵᠦ᠍᠂ 《ᠡᠪᠡᠳᠴᠢᠨ ᠦᠵᠡᠭᠦᠯᠬᠦ᠌ ᠵᠣᠭᠤᠰ》᠂ 《ᠠᠮᠢ ᠠᠪᠤᠷᠠᠬᠤ ᠵᠣᠭᠤᠰ》᠎ᠢ ᠰᠠᠢᠲᠤᠷ ᠰᠠᠬᠢᠪᠠ᠃
ᠪᠦᠬᠦ᠌ ᠠᠷᠠᠳ᠎ᠢᠶᠠᠷ᠎ᠢᠶᠠᠨ ᠳᠠᠭᠠᠳᠭᠠᠯ᠎ᠳᠤ ᠣᠷᠣᠯᠴᠠᠬᠤ ᠱᠢᠨ᠎ᠡ ᠱᠠᠲᠤᠨ᠎ᠳᠤ ᠣᠷᠣᠪᠠ
ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠲᠣᠪᠴᠢᠶᠠᠨ ᠳᠠᠷᠤᠭ᠎ᠠ ᠵᠠᠩ ᠺᠧ ᠲᠠᠨᠢᠯᠴᠠᠭᠤᠯᠬᠤ ᠳᠦ ᠪᠡᠨ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠪᠥᠬᠦ᠌ ᠤᠯᠤᠰ᠎ᠤᠨ ᠦᠨᠳᠦᠰᠦᠨ ᠡᠮᠨᠡᠯᠭᠡ ᠶ᠋ᠢᠨ ᠳᠠᠭᠠᠳᠭᠠᠯ᠎ᠳᠤ ᠣᠷᠣᠯᠴᠠᠭ᠍ᠰᠠᠨ ᠨᠣᠷᠮ᠎ᠠ 95% ᠣᠷᠴᠢᠮ᠎ᠳᠦ ᠲᠣᠭ᠍ᠲᠠᠪᠤᠷᠢᠵᠢᠪᠠ᠃ 2021ᠣᠨ᠎ᠠᠴᠠ2024ᠣᠨ ᠪᠣᠯᠲᠠᠯ᠎ᠠ᠂ ᠨᠡᠢᠲᠡ 200 ᠳ᠋ᠦᠩᠱᠢᠭᠤᠷ ᠬᠥᠮᠦᠨ ᠤᠳᠠᠭ᠎ᠠ ᠡᠮᠨᠡᠯᠭᠡ ᠶ᠋ᠢᠨ ᠳᠠᠭᠠᠳᠭᠠᠯ᠎ᠤᠨ ᠲᠠᠩᠰᠠ ᠲᠠᠢᠯᠬᠤ᠎ᠶ᠋ᠢ ᠭᠥᠷᠳᠡᠪᠡ ᠭᠡᠵᠡᠢ᠃
《ᠰᠠᠭᠤᠭᠠᠯᠢ ᠠᠷᠠᠳ᠎ᠤᠨ ᠡᠮᠨᠡᠯᠭᠡ ᠶ᠋ᠢᠨ ᠳᠠᠭᠠᠳᠭᠠᠯ ᠪᠣᠯ ᠪᠢ ᠬᠡᠦᠬᠡᠳ᠎ᠲᠤ ᠪᠠᠨ ᠥᠭ᠌ᠭᠥᠭ᠌ᠰᠡᠨ ᠠᠩᠬᠠᠳᠠᠭ᠍ᠴᠢ ᠪᠡᠯᠡᠭ ᠪᠣᠯᠣᠨ᠎ᠠ!》 ᠱᠠᠨᠳᠦ᠋ᠩᠦ᠋ᠨ ᠵᠢᠨᠠᠨᠤ᠋ ᠯᠢᠦ ᠠᠪᠠᠬᠠᠢ ᠬᠥᠩᠭᠡᠵᠢᠭ᠌ᠰᠡᠨᠦ᠌ ᠳᠠᠷᠠᠭ᠎ᠠ ᠡᠮᠨᠡᠯᠭᠡ᠎ᠳ᠋ᠦ᠍ ᠰᠠᠭᠤᠵᠤ ᠪᠠᠢᠭ᠎ᠠ ᠦᠶ᠎ᠡ᠎ᠳ᠋ᠦ᠍ ᠪᠠᠨ ᠬᠡᠦᠬᠡᠳ᠎ᠲᠦ᠍ ᠪᠡᠨ ᠰᠦᠯᠵᠢᠶᠡᠨ ᠳᠡᠭᠡᠷ᠎ᠡ ᠡᠮᠨᠡᠯᠭᠡ ᠶ᠋ᠢᠨ ᠳᠠᠭᠠᠳᠭᠠᠯ᠎ᠢ ᠭᠦᠢᠴᠡᠳᠭᠡᠵᠡᠢ᠃
ᠨᠢᠯᠬ᠎ᠠ ᠬᠡᠤᠬᠡᠳ ᠲᠥᠷᠥᠭ᠌ᠰᠡᠨ ᠭᠡᠷᠡᠴᠢᠪᠠᠷᠢᠶᠠᠨ ᠳᠠᠭᠠᠳᠭᠠᠯ᠎ᠳᠤ ᠣᠷᠣᠯᠴᠠᠵᠤ ᠪᠣᠯᠤᠨ᠎ᠠ᠂ ᠳᠠᠭᠠᠳᠭᠠᠯ᠎ᠳᠤ ᠣᠷᠣᠯᠴᠠᠭ᠍ᠰᠠᠨ᠎ᠤ ᠳᠠᠷᠠᠭ᠎ᠠ ᠳᠠᠷᠤᠶ ᠬᠠᠷᠠᠭᠠᠯᠵᠠᠯ ᠬᠦᠷᠲᠡᠵᠦ᠍ ᠪᠣᠯᠤᠨ᠎ᠠ; ᠳᠠᠭᠠᠳᠭᠠᠯ᠎ᠳᠤ ᠣᠷᠣᠯᠴᠠᠬᠤ ᠡᠷᠦᠬᠡ ᠠᠮᠠ᠎ᠶ᠋ᠢᠨ ᠬᠢᠵᠠᠭᠠᠷᠯᠠᠯ᠎ᠢ ᠤᠯᠠᠮ ᠨᠢᠭᠡ ᠠᠯᠬ ᠥᠭᠡ᠎ᠲᠡᠶ ᠲᠠᠯᠪᠢᠨ᠎ᠠ ; ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠬᠤ᠎ᠶ᠋ᠢ ᠤᠷᠮᠠᠱᠢᠭᠤᠯᠤᠨ ᠬᠢᠵᠠᠭᠠᠷᠯᠠᠬᠤ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠦᠨ ᠪᠠᠢᠭᠤᠯᠤᠨ᠎ᠠ ᠁ ᠮᠠᠨ᠎ᠤ᠋ ᠤᠯᠤᠰ᠎ᠤ᠋ᠨ ᠪᠦᠬᠦ᠌ ᠠᠷᠠᠳ ᠳᠠᠭᠠᠳᠭᠠᠯ᠎ᠳ᠋ᠤ ᠣᠷᠣᠯᠴᠠᠬᠤ ᠱᠢᠨ᠎ᠡ ᠱᠠᠲᠤᠨ᠎ᠳ᠋ᠤ ᠣᠷᠣᠵᠠᠢ᠃
—ᠦᠷᠡᠵᠢᠯ᠎ᠦ᠋ᠨ ᠳᠠᠭᠠᠳᠭᠠᠯ᠎ᠤ᠋ᠨ ᠪᠦᠷᠬᠦᠬᠦ᠌ ᠬᠡᠪᠴᠢᠶ᠎ᠡ᠎ᠶᠢ ᠥᠷᠭᠡᠳᠭᠡᠵᠡᠢ᠃ 2025 ᠣᠨ᠎ᠤ 6 ᠳ᠋ᠤᠭᠠᠷ ᠰᠠᠷ᠎ᠠ ᠪᠣᠯᠲᠠᠯ᠎ᠠ᠂ 2.53 ᠳ᠋ᠦᠩᠱᠢᠭᠤᠷ ᠬᠥᠮᠥᠨ ᠦᠷᠡᠵᠢᠯ᠎ᠤᠨ ᠳᠠᠭᠠᠳᠭᠠᠯ᠎ᠳᠤ ᠣᠷᠣᠯᠴᠠᠵᠤ᠂ ᠰᠠᠭᠤᠷᠢ ᠮᠥᠩᠭᠦ᠎ᠶ᠋ᠢᠨ ᠵᠠᠷᠤᠯᠭ᠎ᠠ ᠨᠡᠢᠲᠡ 4383 ᠳ᠋ᠦᠩᠱᠢᠭᠤᠷ ᠲᠥᠭᠦᠷᠢᠭ᠎ᠲᠤ ᠬᠦᠷᠴᠦ᠍᠂ 9614.32 ᠲᠦᠮᠡᠨ ᠬᠥᠮᠥᠨ ᠤᠳᠠᠭ᠎ᠠ ᠬᠠᠷᠠᠭᠠᠯᠵᠠᠯ ᠭᠥᠷᠳᠡᠪᠡ᠃
《ᠣᠳᠣᠬᠠᠨ᠎ᠳᠤ᠂ ᠪᠦᠬᠦ᠌ ᠤᠯᠤᠰ᠎ᠤᠨ 6 ᠬᠤᠪᠢ᠎ᠶ᠋ᠢ ᠨᠢᠭᠡᠳᠦᠯᠲᠡᠶ ᠲᠥᠯᠥᠪᠯᠡᠬᠦ᠌ ᠭᠠᠵᠠᠷ ᠣᠷᠣᠨ᠎ᠳᠤ ᠬᠥᠩᠭᠡᠵᠢᠯ᠎ᠤᠨ ᠨᠥᠬᠦᠪᠥᠷᠢ ᠮᠥᠩᠭᠦ᠎ᠶ᠋ᠢ ᠳᠠᠭᠠᠳᠭᠠᠯ᠎ᠳᠤ ᠣᠷᠣᠯᠴᠠᠭ᠍ᠰᠠᠨ ᠡᠮᠡᠭ᠌ᠲᠡᠶ ᠠᠵᠢᠯᠲᠠᠨ᠎ᠳᠤ ᠱᠢᠭᠤᠳ ᠣᠯᠭᠤᠵᠤ ᠪᠠᠢᠨ᠎ᠠ᠃》 ᠵᠠᠩ ᠺᠧ ᠬᠡᠯᠡᠭ᠌ᠰᠡᠨ᠎ᠨᠢ᠂ ᠪᠢᠳᠡ ᠨᠢᠷᠠᠢ ᠬᠡᠦᠬᠡᠳ᠎ᠢ ᠠᠰᠠᠷᠠᠨ ᠰᠤᠪᠢᠯᠠᠬᠤ᠂ ᠬᠥᠩᠭᠡᠵᠢᠬᠦ᠌᠎ᠶ᠋ᠢ ᠵᠣᠭ᠍ᠰᠣᠭᠠᠬᠤ ᠵᠡᠷᠭᠡ ᠦᠨ᠎ᠡ ᠬᠠᠩᠰᠢ᠎ᠶ᠋ᠢᠨ ᠲᠥᠷᠥᠯ ᠵᠦᠢᠯ᠎ᠢ ᠲᠣᠭ᠍ᠲᠠᠭᠠᠬᠤ ᠠᠵᠢᠯ᠎ᠢ ᠲᠦᠷᠭᠡᠳᠭᠡᠵᠦ᠍᠂ ᠬᠡᠦᠬᠡᠳ᠎ᠤᠨ ᠡᠮᠨᠡᠯᠭᠡ᠂ ᠬᠥᠩᠭᠡᠵᠢᠭᠦᠯᠬᠦ᠌ ᠡᠮᠨᠡᠯᠭᠡ᠎ᠶ᠋ᠢᠨ ᠦᠢᠯᠡᠴᠢᠯᠡᠭᠡ᠎ᠶ᠋ᠢ ᠱᠢᠯᠢᠳᠡᠭ᠌ᠵᠢᠭᠦᠯᠬᠦ᠌᠎ᠶ᠋ᠢ ᠠᠬᠢᠭᠤᠯᠵᠤ᠂ ᠭᠠᠷᠴᠠᠭ᠎ᠤᠨ ᠳᠣᠲᠣᠷᠠᠬᠢ ᠬᠥᠩᠭᠡᠵᠢᠯ᠎ᠤᠨ ᠡᠮ ᠡᠮᠨᠡᠯᠭᠡ᠎ᠶ᠋ᠢᠨ ᠵᠠᠷᠤᠳᠠᠯ᠎ᠢ ᠪᠦᠬᠦᠨ᠎ᠢ ᠳᠠᠩᠰᠠᠨ᠎ᠠᠴᠠ ᠲᠠᠢᠯᠬᠤ᠎ᠶ᠋ᠢ ᠢᠳᠡᠪᠬᠢᠲᠡᠢ ᠠᠬᠢᠭᠤᠯᠤᠨ᠎ᠠ ᠭᠡᠪᠡ᠃
—ᠬᠦᠨᠳᠦ ᠡᠪᠡᠳᠴᠢᠨ᠎ᠦ᠌ ᠳᠠᠭᠠᠳᠭᠠᠯ ᠂ ᠡᠮ ᠡᠮᠨᠡᠯᠭᠡ᠎ᠶᠢᠨ ᠠᠪᠤᠷᠠᠨ ᠲᠤᠰᠠᠯᠠᠬᠤ ᠳᠦᠷᠢᠮ᠎ᠢ᠋ ᠲᠡᠭᠦᠯᠳᠡᠷᠵᠢᠭᠦᠯᠦᠨ᠎ᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠡᠯ᠎ᠡ ᠵᠦᠢᠯ᠎ᠤᠨ ᠡᠮᠨᠡᠯᠭᠡ ᠶ᠋ᠢᠨ ᠳᠠᠭᠠᠳᠭᠠᠯ᠎ᠤᠨ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ ᠬᠥᠳᠡᠭᠡ ᠲᠣᠰᠭᠤᠨ᠎ᠤ ᠣᠷᠣᠯᠭ᠎ᠠ ᠪᠠᠭᠠᠲᠠᠶ ᠬᠥᠮᠦᠨ ᠠᠮᠠ᠎ᠳᠤ ᠨᠡᠢᠲᠡ 6.73 ᠳ᠋ᠦᠩᠱᠢᠭᠤᠷ ᠬᠥᠮᠦᠨ ᠤᠳᠠᠭ᠎ᠠ ᠠᠱᠢᠭ ᠬᠦᠷᠲᠡᠭᠡᠵᠦ᠍᠂ ᠵᠠᠷᠤᠳᠠᠯ᠎ᠤᠨ ᠳᠠᠷᠤᠭᠠᠰᠤ᠎ᠶ᠋ᠢ 6500 ᠳ᠋ᠦᠩᠱᠢᠭᠤᠷ ᠲᠥᠭᠦᠷᠢᠭ ᠬᠥᠩᠭᠡᠷᠡᠭᠦᠯᠪᠡ᠃
ᠤᠨᠴᠠ ᠭᠦᠴᠢᠷᠳᠡᠯᠳᠡᠢ ᠭᠦᠮᠦᠰ ᠪᠠ ᠦᠨᠦᠴᠢᠨ ᠬᠡᠤᠬᠡᠳ᠎ᠢ ᠪᠦᠭᠦ᠌ ᠲᠤᠭ᠎ᠠ᠎ᠪᠠᠷ᠎ᠨᠢ ᠵᠤᠭᠤᠰ᠎ᠢᠶᠠᠷ ᠲᠤᠰᠠᠯᠠᠵᠦ᠍᠂ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠳᠤᠯᠠᠭ᠎ᠠ᠎ᠶ᠋ᠢ ᠭᠦᠷᠳᠡᠭ᠌ᠰᠡᠳᠤᠨ ᠲᠠᠭᠠᠳᠭᠠᠯ᠎ᠳᠤ ᠤᠷᠤᠯᠴᠠᠬᠤ᠎ᠶ᠋ᠢ ᠲᠤᠨᠨᠳᠠᠭᠠᠨ᠎ᠠ ᠁ ᠬᠦᠴᠢᠷᠳᠡᠯᠲᠡᠢ ᠣᠯᠠᠨ ᠲᠦᠮᠡᠨ᠎ᠤ ᠣᠷᠣᠯᠴᠠᠬᠤ ᠶᠣᠰᠣᠲᠠᠢ᠎ᠶ᠋ᠢ᠎ᠨᠢ ᠴᠥᠮ ᠣᠷᠣᠯᠴᠠᠵᠤ᠂ ᠪᠠᠲᠤᠯᠠᠬᠤ ᠶᠣᠰᠣᠲᠠᠢ᠎ᠶ᠋ᠢ᠎ᠨᠢ ᠴᠥᠮ ᠪᠠᠲᠤᠯᠠᠬᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠣᠷ᠎ᠢ ᠶᠠᠭ ᠲᠠᠰᠤᠷᠠᠯᠲᠠ ᠦᠭᠡᠢ ᠨᠢᠭ᠍ᠲᠠ ᠰᠦᠯᠵᠢᠵᠦ᠍ ᠪᠠᠢᠨ᠎ᠠ᠃
ᠤᠯᠤᠰ᠎ᠤᠨ ᠡᠮᠨᠡᠯᠭᠡ ᠶ᠋ᠢᠨ ᠳᠠᠭᠠᠳᠭᠠᠯ᠎ᠤᠨ ᠲᠣᠪᠴᠢᠶᠠᠨ᠎ᠤ ᠳᠡᠳ᠋ ᠳᠠᠷᠤᠭ᠎ᠠ ᠬᠤᠸᠠᠩ ᠬᠤᠸᠠ ᠪᠥᠸᠧ᠎ᠶ᠋ᠢᠨ ᠲᠠᠨᠢᠯᠴᠠᠭᠤᠯᠤᠭ᠍ᠰᠠᠨ᠎ᠢᠶᠠᠷ᠂ ᠦᠨᠳᠦᠰᠦᠨ ᠡᠮᠨᠡᠯᠭᠡ ᠶ᠋ᠢᠨ ᠳᠠᠭᠠᠳᠭᠠᠯ᠎ᠳᠤ ᠣᠷᠣᠯᠴᠠᠬᠤ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠦᠷᠭᠦᠯᠵᠢᠯᠡᠨ ᠨᠠᠢᠳᠠᠪᠤᠷᠢᠵᠢᠭᠤᠯᠬᠤ᠎ᠶ᠋ᠢᠨ ᠬᠠᠮᠲᠤ ᠠᠵᠢᠯᠲᠠᠨ ᠠᠵᠢᠯᠴᠢᠨ᠎ᠤ ᠡᠮᠨᠡᠯᠭᠡ ᠶ᠋ᠢᠨ ᠳᠠᠭᠠᠳᠭᠠᠯ᠎ᠤᠨ ᠬᠤᠪᠢ ᠬᠥᠮᠦᠨ᠎ᠤ ᠲᠠᠩᠰᠠᠨ ᠡᠷᠦᠬᠡ᠎ᠶ᠋ᠢ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ᠎ᠶ᠋ᠢ ᠠᠬᠢᠭᠤᠯᠵᠤ᠂ ᠳᠠᠭᠠᠳᠭᠠᠯ᠎ᠳᠤ ᠣᠷᠣᠯᠴᠠᠬᠤ ᠪᠦᠷᠬᠦᠴᠡ᠎ᠶ᠋ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠭᠡᠨ᠎ᠡ᠃
ᠱᠢᠨ᠎ᠡ
ᠠᠵᠢᠯᠲᠠᠨ ᠠᠵᠢᠯᠴᠢᠨ᠎ᠤ ᠬᠤᠪᠢ ᠬᠥᠮᠦᠨ᠎ᠤ ᠲᠠᠩᠰᠠᠨ ᠡᠷᠦᠬᠡ᠎ᠶ᠋ᠢᠨ 《ᠪᠠᠯᠠ ᠮᠥᠩᠭᠦ᠌ ᠭᠦᠨ ᠤᠨᠲᠠᠬᠤ》ᠬᠦᠴᠢᠷᠳᠡᠯ᠎ᠢ ᠱᠢᠢᠳᠪᠦᠷᠢᠯᠡᠬᠦ᠌᠎ᠶ᠋ᠢᠨ ᠲᠥᠯᠥᠭᠡ᠂ ᠤᠯᠤᠰ᠎ᠤᠨ ᠡᠮᠨᠡᠯᠭᠡ ᠶ᠋ᠢᠨ ᠳᠠᠭᠠᠳᠭᠠᠯ᠎ᠤᠨ ᠲᠣᠪᠴᠢᠶ᠎ᠠ᠎ᠠᠴᠠ 《ᠡᠮᠨᠡᠯᠭᠡ ᠶ᠋ᠢᠨ ᠳᠠᠭᠠᠳᠭᠠᠯ᠎ᠤᠨ ᠵᠣᠭᠤᠰᠣᠨ ᠳᠠᠭᠠᠭᠠᠴᠢᠯᠠᠯᠲᠠ》᠎ᠶ᠋ᠢᠨ ᠴᠢᠳᠠᠮᠵᠢ᠎ᠶ᠋ᠢ ᠭᠠᠷᠭᠠᠪᠠ᠄ᠮᠤᠵᠢ᠎ᠶ᠋ᠢᠨ ᠬᠡᠪᠴᠢᠶᠡᠨ᠎ᠤ ᠬᠢᠵᠠᠭᠠᠷᠯᠠᠯ᠎ᠢ ᠡᠪᠳᠡᠵᠦ᠍᠂ ᠳᠠᠭᠠᠳᠭᠠᠯ᠎ᠳᠤ ᠣᠷᠣᠯᠴᠠᠭ᠍ᠰᠠᠳ ᠡᠮᠨᠡᠯᠭᠡ ᠶ᠋ᠢᠨ ᠳᠠᠭᠠᠳᠭᠠᠯ᠎ᠤᠨ ᠬᠤᠪᠢ ᠬᠥᠮᠦᠨ᠎ᠤ ᠲᠠᠩᠰᠠᠨ ᠡᠷᠦᠬᠡ᠎ᠶ᠋ᠢᠨ ᠪᠠᠯᠠ ᠮᠥᠩᠭᠦ᠎ᠶ᠋ᠢ ᠬᠠᠨᠢ ᠨᠥᠬᠦᠷ᠂ ᠡᠴᠢᠭᠡ ᠡᠬᠡ᠂ ᠦᠷ᠎ᠡ ᠬᠡᠤᠬᠡᠳ ᠵᠡᠷᠭᠡ ᠣᠢᠷ᠎ᠠ ᠲᠥᠷᠥᠯ ᠰᠠᠳᠤᠨ᠎ᠳᠤ ᠬᠤᠪᠢᠶᠠᠷᠢᠯᠠᠨ ᠥᠭ᠌ᠴᠦ᠂ ᠲᠡᠳᠡᠨ᠎ᠳᠤ ᠡᠮ ᠡᠮᠨᠡᠯᠭᠡ᠎ᠶ᠋ᠢᠨ ᠵᠠᠷᠤᠳᠠᠯ ᠣᠯᠭᠤᠵᠤ ᠪᠣᠯᠤᠨ᠎ᠠ᠃
ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ᠎ᠨᠢ ᠵᠥᠪᠬᠡᠨ ᠡᠮᠨᠡᠯᠭᠡ ᠶ᠋ᠢᠨ ᠳᠠᠭᠠᠳᠭᠠᠯ᠎ᠤᠨ ᠬᠠᠷᠠᠭᠠᠯᠵᠠᠯ᠎ᠤᠨ ᠪᠠᠲᠤᠯᠠᠭ᠎ᠠ᠎ᠶ᠋ᠢᠨ 《ᠪᠠᠭ᠍ᠲᠠᠭᠠᠮᠵᠢ᠎ᠶ᠋ᠢ ᠥᠷᠭᠡᠳᠭᠡᠬᠦ᠌》ᠬᠤᠷᠢᠶᠠᠩᠭᠤᠢ ᠳᠦᠷᠰᠦ ᠲᠡᠳᠦᠢ᠃ ᠠᠵᠢᠯᠲᠠᠨ ᠠᠵᠢᠯᠴᠢᠨ᠎ᠤ ᠡᠮᠨᠡᠯᠭᠡ ᠶ᠋ᠢᠨ ᠳᠠᠭᠠᠳᠭᠠᠯ᠎ᠤᠨ ᠡᠭᠦᠳᠡᠨ ᠡᠮᠨᠡᠯᠭᠡ᠎ᠶ᠋ᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠪᠦᠬᠦ᠌ ᠲᠠᠯ᠎ᠠ᠎ᠪᠠᠷ ᠪᠠᠢᠭᠤᠯᠵᠤ᠂ ᠰᠠᠭᠤᠭᠠᠯᠢ ᠠᠷᠠᠳ᠎ᠤᠨ ᠡᠩ᠎ᠤᠨ ᠡᠭᠦᠳᠡᠨ ᠡᠮᠨᠡᠯᠭᠡ᠎ᠶ᠋ᠢᠨ ᠳᠠᠩᠰᠠ ᠲᠠᠢᠯᠬᠤ ᠬᠠᠷᠠᠭᠠᠯᠵᠠᠯ᠎ᠢ ᠨᠡᠪᠲᠡᠷᠡᠭᠦᠯᠬᠦ᠌᠎ᠶ᠋ᠢᠨ ᠬᠠᠮᠲᠤ ᠱᠢᠯᠢᠳᠡᠭ᠌ᠵᠢᠭᠦᠯᠵᠦ᠍᠂ ᠪᠦᠬᠦ᠌ ᠤᠯᠤᠰ᠎ᠤᠨ 31ᠮᠤᠵᠢ ᠣᠷᠣᠨ ᠪᠣᠯᠤᠨ ᠱᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠪᠢᠩᠲ᠋ᠤᠸᠠᠨ ᠴᠥᠮ ᠲᠤᠰᠠᠯᠠᠬᠤ ᠦᠷᠡᠵᠢᠯ᠎ᠢ ᠡᠮᠨᠡᠯᠭᠡ ᠶ᠋ᠢᠨ ᠳᠠᠭᠠᠳᠭᠠᠯ᠎ᠤᠨ ᠳᠠᠩᠰᠠ ᠲᠠᠢᠯᠬᠤ ᠬᠡᠪᠴᠢᠶᠡᠨ᠎ᠳᠤ ᠣᠷᠣᠭᠤᠯᠪᠠ ᠁ ᠨᠡᠩ ᠣᠯᠠᠨ ᠡᠮᠨᠡᠯᠭᠡ ᠶ᠋ᠢᠨ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠨᠢ ᠠᠷᠠᠳ ᠲᠦᠮᠡᠨ᠎ᠳᠤ ᠪᠣᠳᠠᠲᠤ ᠠᠱᠢᠭ ᠬᠦᠷᠲᠡᠭᠡᠵᠦ᠍ ᠪᠠᠢᠨ᠎ᠠ᠃
ᠡᠨᠡ ᠵᠢᠯ᠎ᠤᠨ 6 ᠳ᠋ᠤᠭᠠᠷ ᠰᠠᠷ᠎ᠠ᠎ᠳᠤ᠂ ᠠᠮᠢᠳᠤᠷᠠᠯ᠎ᠤᠨ ᠰᠤᠪᠢᠯᠠᠯᠲᠠ᠎ᠶ᠋ᠢᠨ ᠨᠠᠷᠢᠨ ᠵᠦᠢᠯᠡᠰ᠎ᠤᠨ ᠪᠣᠯᠪᠠᠰᠤᠷᠠᠯ᠎ᠤᠨ ᠬᠢᠴᠢᠶᠡᠯ᠎ᠢ ᠬᠠᠩᠵᠧᠦ᠍᠎ᠶ᠋ᠢᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢᠨ ᠰᠤᠪᠢᠯᠠᠯᠲᠠ᠎ᠶ᠋ᠢᠨ ᠲᠤᠰᠭᠠᠢ ᠮᠡᠷᠭᠡᠵᠢᠯ᠎ᠤᠨ ᠪᠣᠯᠪᠠᠰᠤᠷᠠᠯ᠎ᠤᠨ ᠬᠢᠴᠢᠶᠡᠯ᠎ᠤᠨ ᠭᠡᠷ᠎ᠲᠤ ᠥᠷᠨᠢᠭᠦᠯᠪᠡ᠃ ᠡᠨᠡ ᠪᠣᠯ ᠵᠧᠵᠢᠶᠠᠩ ᠮᠤᠵᠢ᠎ᠶ᠋ᠢᠨ ᠤᠷᠲᠤ ᠬᠤᠭᠤᠴᠠᠭᠠᠨ᠎ᠤ ᠠᠰᠠᠷᠠᠨ ᠬᠠᠷᠠᠭᠠᠯᠵᠠᠭ᠍ᠴᠢ᠎ᠶ᠋ᠢᠨ ᠠᠩᠬᠠᠨ᠎ᠤ ᠪᠣᠯᠪᠠᠰᠤᠷᠠᠯ ᠪᠣᠯᠤᠨ᠎ᠠ᠃
《ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠤᠷᠱᠢᠯᠲᠠ᠎ᠶ᠋ᠢᠨ ᠴᠡᠭ᠎ᠤᠨ ᠬᠡᠪᠴᠢᠶ᠎ᠡ᠎ᠶ᠋ᠢ ᠨᠢᠭᠡᠨᠲᠡ 49 ᠬᠤᠲᠠ᠎ᠳᠤ ᠬᠦᠷᠲᠡᠯ᠎ᠡ ᠥᠷᠭᠡᠳᠭᠡᠵᠦ᠍᠂ ᠣᠳᠣᠬᠠᠨ᠎ᠳᠤ ᠪᠠᠰᠠ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠵᠦ᠍᠂ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠤ ᠲᠤᠭ᠎ᠠ 1.9 ᠳ᠋ᠦᠩᠱᠢᠭᠤᠷ ᠱᠢᠬᠠᠮ ᠪᠣᠯᠪᠠ》᠃ ᠤᠯᠤᠰ᠎ᠤᠨ ᠡᠮᠨᠡᠯᠭᠡ ᠶ᠋ᠢᠨ ᠳᠠᠭᠠᠳᠭᠠᠯ᠎ᠤᠨ ᠲᠣᠪᠴᠢᠶᠠᠨ᠎ᠤ ᠳᠡᠳ᠋ ᠳᠠᠷᠤᠭ᠎ᠠ ᠯᠢ ᠲᠣᠣ ᠲᠠᠨᠢᠯᠴᠠᠭᠤᠯᠤᠭ᠍ᠰᠠᠨ᠎ᠢᠶᠠᠷ᠂ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠮᠠᠨ᠎ᠤ ᠤᠯᠤᠰ᠎ᠤᠨ ᠦᠨᠳᠦᠰᠦᠨ ᠪᠠᠢᠳᠠᠯ᠎ᠳᠤ ᠵᠣᠬᠢᠴᠠᠭ᠍ᠰᠠᠨ᠂ ᠳᠦᠷᠢᠮ᠎ᠨᠢ ᠠᠯᠬᠤᠮ ᠠᠯᠬᠤᠮ᠎ᠢᠶᠠᠷ ᠪᠦᠬᠦ᠌ ᠠᠷᠠᠳ᠎ᠢ ᠬᠠᠮᠤᠷᠤᠭ᠍ᠰᠠᠨ᠂ ᠲᠥᠷᠥ᠎ᠶ᠋ᠢᠨ ᠪᠣᠳᠣᠯᠭ᠎ᠠ᠎ᠶ᠋ᠢ ᠳᠦᠷᠢᠮᠵᠢᠭᠦᠯᠦᠭ᠌ᠰᠡᠨ ᠤᠷᠲᠤ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠳᠦᠷᠢᠮ᠎ᠢ ᠲᠦᠷᠭᠡᠳᠭᠡᠨ ᠪᠠᠢᠭᠤᠯᠵᠤ᠂ ᠴᠢᠳᠠᠪᠤᠷᠢ᠎ᠪᠠᠨ ᠠᠯᠳᠠᠭ᠍ᠰᠠᠨ ᠬᠥᠮᠥᠰ᠎ᠤᠨ ᠤᠷᠲᠤ ᠬᠤᠭᠤᠴᠠᠭ᠎ᠠ᠎ᠪᠠᠷ ᠬᠠᠷᠠᠭᠠᠯᠵᠠᠨ ᠠᠰᠠᠷᠠᠬᠤ ᠠᠰᠠᠭᠤᠳᠠᠯ᠎ᠢ ᠲᠣᠬᠢᠲᠠᠶ ᠱᠢᠢᠳᠪᠦᠷᠢᠯᠡᠨ᠎ᠡ᠃
ᠬᠠᠷᠠᠭᠠᠯᠵᠠᠯ᠎ᠤᠨ ᠪᠠᠲᠤᠯᠠᠭ᠎ᠠ᠎ᠶ᠋ᠢ ᠥᠷᠭᠡᠳᠭᠡᠪᠡᠯ᠂ ᠠᠷᠠᠳ ᠤᠯᠠᠨ᠎ᠳᠤ ᠦᠨᠳᠦᠰᠦᠨ ᠵᠦᠢᠯ᠎ᠢ ᠪᠠᠲᠤᠯᠠᠬᠤ ᠪᠠᠲᠤᠯᠠᠭ᠎ᠠ ᠬᠠᠩᠭᠠᠬᠤ᠎ᠪᠠᠷ ᠪᠠᠷᠠᠬᠤ ᠦᠭᠡᠢ᠂ ᠪᠠᠰᠠ ᠠᠷᠠᠳ ᠤᠯᠠᠨ᠎ᠳᠤ ᠥᠨᠳᠥᠷ ᠴᠢᠨᠠᠷ᠎ᠤᠨ ᠬᠠᠷᠢᠴᠠᠯ᠎ᠤᠨ ᠡᠮᠴᠢᠯᠡᠭᠡᠨ᠎ᠦ ᠦᠢᠯᠡᠴᠢᠯᠡᠭᠡ ᠣᠯᠭᠤᠬᠤ ᠬᠡᠷᠡᠭ᠌ᠲᠡᠢ᠃
ᠪᠦᠬᠦ᠌ ᠤᠯᠤᠰ᠎ᠤᠨ ᠡᠮᠨᠡᠯᠭᠡ ᠶ᠋ᠢᠨ ᠳᠠᠭᠠᠳᠭᠠᠯ᠎ᠤᠨ ᠲᠣᠭ᠍ᠲᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ 110 ᠲᠦᠮᠡ ᠡᠷᠣᠬᠡ ᠳᠤ ᠬᠦᠷᠴᠦ᠍᠂ 10 ᠪᠦᠯᠦᠭ ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ ᠪᠦᠷᠬᠦᠴᠡ 435 ᠵᠦᠢᠯ᠎ᠤᠨ ᠡᠮ᠎ᠤᠨ ᠵᠦᠢᠯ᠎ᠢ ᠬᠠᠮᠤᠷᠴᠤ᠌᠂ ᠡᠮᠨᠡᠯᠭᠡ ᠶ᠋ᠢᠨ ᠳᠠᠭᠠᠳᠭᠠᠯ᠎ᠤᠨ ᠡᠮ᠎ᠤᠨ ᠵᠦᠢᠯ᠎ᠤᠨ ᠭᠠᠷᠴᠠᠭ᠎ᠲᠤ ᠲᠣᠬᠢᠷᠠᠭᠤᠯᠤᠯᠲᠠ ᠬᠢᠵᠦ᠍᠂ ᠭᠠᠷᠴᠠᠭ᠎ᠤᠨ ᠳᠣᠲᠣᠷᠠᠬᠢ ᠡᠮ᠎ᠤᠨ ᠵᠦᠢᠯ᠎ᠤᠨ ᠶᠡᠷᠦᠩᠬᠡᠶ ᠲᠤᠭ᠎ᠠ 3159 ᠵᠦᠢᠯ᠎ᠳᠤ ᠬᠦᠷᠴᠡᠶ ᠁ ᠣᠯᠠᠨ ᠵᠦᠢᠯ᠎ᠤᠨ ᠠᠷᠭ᠎ᠠ ᠬᠡᠮᠵᠢᠶ᠎ᠡ ᠠᠪᠴᠤ᠌ ᠪᠠᠢᠭᠠᠳ ᠠᠷᠠᠳ ᠣᠯᠠᠨ᠎ᠤ ᠡᠪᠡᠳᠴᠢᠨ ᠡᠮᠭᠡᠭ᠎ᠤᠨ ᠡᠮᠴᠢᠯᠡᠭᠡᠨ᠎ᠤ ᠳᠠᠷᠤᠭᠠᠰᠤ᠎ᠶ᠋ᠢ ᠤᠯᠠᠮ ᠨᠢᠭᠡ ᠠᠯᠬᠤᠮ ᠬᠥᠩᠭᠡᠷᠡᠭᠦᠯᠵᠦ᠍᠂ ᠨᠠᠩ ᠳᠥᠭᠦᠮ ᠳᠥᠲᠡ ᠡᠮᠴᠢᠯᠡᠭᠡᠨ᠎ᠤ ᠦᠢᠯᠡᠴᠢᠯᠡᠭᠡ ᠬᠠᠩᠭᠠᠪᠠ᠃
ᠡᠮᠨᠡᠯᠭᠡ ᠶ᠋ᠢᠨ ᠳᠠᠭᠠᠳᠭᠠᠯ᠎ᠤᠨ ᠦᠢᠯᠡᠴᠢᠯᠡᠭᠡ ᠲᠠᠰᠤᠷᠠᠯᠲᠠ ᠦᠭᠡᠢ ᠳᠡᠰ ᠳᠡᠪᠱᠢᠵᠦ᠍ ᠪᠠᠢᠨ᠎ᠠ
《ᠤᠤᠯ᠎ᠨᠢ ᠡᠪᠡᠳᠴᠢᠨ ᠦᠵᠡᠭᠦᠯᠬᠦ᠌᠎ᠳᠤ ᠺᠠᠷᠲ᠎ᠲᠠᠢ᠂ ᠮᠥᠷᠯᠡᠨ ᠵᠢᠭ᠍ᠰᠠᠵᠤ᠂ ᠮᠠᠲ᠋ᠧᠷᠢᠶᠠᠯ ᠳᠠᠷᠤᠮᠠᠯᠯᠠᠵᠤ᠂ ᠣᠳᠣ ᠨᠢᠭᠤᠷ᠎ᠢᠶᠠᠨ ᠱᠢᠷᠪᠢᠪᠡᠯ ᠪᠣᠯᠴᠢᠬᠠᠨ᠎ᠠ!》 ᠭᠡᠵᠦ᠍ ᠬᠡᠯᠡᠪᠡ᠃ ᠨᠢᠩᠱᠢᠶᠠ᠎ᠶ᠋ᠢᠨ ᠶᠢᠨᠴᠤᠸᠠᠨ ᠬᠣᠲᠠ᠎ᠶ᠋ᠢᠨ ᠱᠢᠩ ᠴᠢᠩ ᠲᠣᠭᠣᠷᠢᠭ᠎ᠤᠨ ᠲᠦᠩ ᠬᠦᠶ ᠱᠢᠶᠠᠩ᠎ᠤᠨ ᠡᠷᠡᠭᠦᠯ ᠬᠠᠮᠠᠭᠠᠯᠠᠯ᠎ᠤᠨ ᠬᠣᠷᠢᠶᠠᠨ᠎ᠳᠤ ᠂ ᠰᠠᠶᠢ ᠳᠠᠩᠰᠠ ᠲᠠᠢᠯᠵᠦ᠍ ᠪᠠᠷᠠᠭ᠍ᠰᠠᠨ ᠯᠢ ᠨᠠᠰᠤᠲᠠᠨ 《ᠨᠢᠭᠤᠷ᠎ᠢᠶᠠᠨ ᠱᠢᠷᠪᠢᠵᠦ ᠡᠮᠨᠡᠭᠦᠯᠬᠦ᠌》 ᠶ᠋ᠢ ᠮᠠᠭ᠍ᠲᠠᠵᠠᠶ ᠃
ᠪᠥᠬᠦ᠌ ᠤᠯᠤᠰ᠎ᠤᠨ ᠨᠢᠭᠡᠳᠦᠯᠲᠡᠶ ᠡᠮᠨᠡᠯᠭᠡ ᠶ᠋ᠢᠨ ᠳᠠᠭᠠᠳᠭᠠᠯ᠎ᠤᠨ ᠮᠡᠳᠡᠭᠡ ᠵᠠᠩᠭᠢ᠎ᠶ᠋ᠢᠨ ᠲᠠᠪᠴᠠᠩ᠎ᠤᠨ ᠱᠢᠰᠲ᠋ᠧᠮ᠎ᠤᠨ ᠳᠠᠭᠠᠬᠤ ᠴᠠᠭ᠎ᠢ ᠠᠮᠵᠢᠵᠤ ᠰᠠᠦ᠋ᠶ᠋ᠲᠤᠷ ᠲᠠᠰ᠂ ᠪᠥᠬᠦ᠌ ᠤᠯᠤᠰ᠎ᠤᠨ ᠮᠤᠵᠢ ᠠᠯᠤᠰᠯᠠᠨ ᠰᠦᠯᠵᠢᠶ᠎ᠡ ᠬᠤᠯᠪᠣᠨ ᠲᠣᠭ᠍ᠲᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ 64.4 ᠲᠦᠮᠡ ᠬᠦᠷᠴᠦ᠍᠂ ᠦᠨᠳᠦᠰᠦᠨ ᠡᠮᠨᠡᠯᠭᠡ ᠶ᠋ᠢᠨ ᠳᠠᠭᠠᠳᠭᠠᠯ᠎ᠤᠨ ᠬᠠᠷᠢᠴᠠᠭ᠎ᠠ᠎ᠶ᠋ᠢ ᠱᠢᠯᠵᠢᠭᠦᠯᠦᠨ ᠦᠷᠭᠦᠯᠵᠢᠯᠡᠭᠦᠯᠬᠦ᠂ ᠬᠥᠩᠭᠡᠵᠢᠯ᠎ᠤᠨ ᠳᠠᠭᠠᠳᠭᠠᠯ᠎ᠤᠨ ᠬᠠᠷᠠᠭᠠᠯᠵᠠᠯ᠎ᠢ ᠬᠢᠨᠠᠨ ᠲᠣᠭ᠍ᠲᠠᠭᠠᠬᠤ ᠪᠠ ᠥᠭ᠌ᠬᠦ ᠵᠡᠷᠭᠡ 8 ᠵᠦᠢᠯ᠎ᠤᠨ ᠥᠨᠳᠥᠷ ᠳᠠᠪᠲᠠᠮᠵᠢᠲᠤ ᠵᠦᠢᠯᠡᠰ᠎ᠢ 《ᠮᠤᠵᠢ ᠠᠯᠤᠰᠯᠠᠨ ᠨᠡᠢᠳᠡᠮ ᠭᠦᠢᠴᠡᠳᠭᠡᠬᠦ᠌》 ᠶ᠋ᠢ ᠪᠡᠶᠡᠯᠡᠭᠦᠯᠪᠡ᠁ᠣᠯᠠᠨ ᠲᠦᠮᠡᠨ᠎ᠤ ᠡᠮᠨᠡᠯᠭᠡ ᠶ᠋ᠢᠨ ᠳᠠᠭᠠᠳᠭᠠᠯ᠎ᠤᠨ ᠬᠦᠷᠢᠶᠡᠨ᠎ᠳᠠᠬᠢ ᠪᠠᠴᠢᠮ ᠪᠡᠷᠬᠡ ᠵᠣᠪᠠᠨᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠣᠮᠣ ᠳ᠋ᠠᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ ᠶᠠᠭ ᠡᠮᠨᠡᠯᠭᠡ ᠶ᠋ᠢᠨ ᠳᠠᠭᠠᠳᠭᠠᠯ᠎ᠤᠨ ᠠᠷᠠᠳ᠎ᠲᠤ ᠲᠥᠬᠦᠮ ᠦᠵᠡᠭᠦᠯᠬᠦ᠌ ᠦᠶ᠋ᠯᠡᠴᠢᠯᠡᠭᠡ᠎ᠶ᠋ᠢ ᠨᠠᠩ ᠬᠦᠷᠦᠯᠴᠡᠬᠦ᠌᠎ᠳᠦ ᠠᠮᠠᠷ ᠪᠣᠯᠭᠠᠵᠦ᠍ ᠪᠠᠢᠨ᠎ᠠ᠃
ᠡᠮᠨᠡᠯᠭᠡ ᠶ᠋ᠢᠨ ᠳᠠᠭᠠᠳᠭᠠᠯ᠎ᠤᠨ ᠦᠶ᠋ᠯᠡᠴᠢᠯᠡᠭᠡ ᠬᠦᠴᠦ᠍ ᠨᠡᠮᠡᠷᠢᠯᠡᠬᠦ᠌ ᠬᠠᠮᠲᠤ᠌᠂ ᠲᠤᠭ᠎ᠠ ᠪᠠᠷᠢᠮᠲᠠ᠂ ᠤᠶᠤᠨᠴᠢᠯᠠᠯᠲᠠ᠎ᠨᠢ ᠴᠤ᠌ ᠳᠠᠭᠠᠳᠭᠠᠯ᠎ᠢ ᠮᠡᠬᠡᠯᠡᠬᠦ᠌ ᠵᠡᠷᠭᠡ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠨᠠᠩ ᠴᠤ᠌ ᠨᠢᠭᠤᠵᠤ ᠳᠠᠯᠳᠠᠯᠠᠬᠤ ᠭᠠᠵᠠᠷ ᠥᠬᠡᠶ ᠪᠣᠯᠭᠠᠪᠠ᠃
ᠲᠠᠨᠢᠯᠴᠠᠭᠤᠯᠤᠭ᠍ᠰᠠᠨ᠎ᠢᠶᠠᠷ᠂ ᠮᠠᠨ᠎ᠤ ᠤᠯᠤᠰ᠎ᠤᠨ ᠡᠮᠨᠡᠯᠭᠡ ᠶ᠋ᠢᠨ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠤᠭ᠍ᠲᠠᠯᠴᠠᠭᠠ ᠨᠢᠭᠡᠨᠲᠡ ᠪᠥᠬᠦ᠌ ᠲᠠᠯ᠎ᠠ᠎ᠪᠠᠷ ᠪᠠᠢᠭᠤᠯᠵᠤ᠂ ᠨᠢᠭᠡᠨᠲᠡ ᠡᠮᠨᠡᠯᠭᠡ ᠶ᠋ᠢᠨ ᠳᠠᠭᠠᠳᠭᠠᠯ᠎ᠤᠨ ᠰᠠᠭᠤᠷᠢ ᠮᠥᠩᠭᠦ᠎ᠶ᠋ᠢ 1000 ᠳ᠋ᠦᠩᠱᠢᠭᠤᠷ ᠲᠥᠭᠦᠷᠢᠭ᠎ᠠᠴᠠ ᠳᠠᠪᠠᠭᠤᠯᠪᠠ᠃
《ᠡᠨᠡ ᠵᠢᠯ᠎ᠠᠴᠠ ᠨᠠᠭᠠᠰᠢ᠂ ᠨᠢᠰᠦᠯᠲᠡ᠎ᠶ᠋ᠢᠨ ᠪᠠᠢᠴᠠᠭᠠᠯᠲᠠ ᠪᠣᠶ ᠪᠥᠬᠦᠶ ᠨᠢᠭᠡᠳᠦᠯᠲᠡᠶ ᠲᠥᠯᠥᠪᠯᠡᠬᠦ᠌ ᠭᠠᠵᠠᠷ ᠣᠷᠣᠨ᠂ ᠡᠯ᠎ᠡ ᠲᠥᠷᠥᠯ᠎ᠤᠨ ᠡᠮᠨᠡᠯᠭᠡ ᠶ᠋ᠢᠨ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠭᠤᠤᠯ ᠴᠣᠭ᠍ᠴᠠ᠎ᠶ᠋ᠢ ᠪᠦᠬᠦᠨ᠎ᠢ ᠬᠠᠮᠤᠷᠬᠤ᠎ᠶ᠋ᠢ ᠪᠡᠶᠡᠯᠡᠭᠦᠯᠪᠡ》᠃ ᠬᠤᠸᠠᠩ ᠬᠤᠸᠠ ᠪᠥᠸᠧ ᠬᠡᠯᠡᠬᠦ᠌ ᠳᠦ ᠪᠡᠨ᠂ ᠪᠢᠳᠡ ᠡᠮᠨᠡᠯᠭᠡ ᠶ᠋ᠢᠨ ᠳᠠᠭᠠᠳᠭᠠᠯ᠎ᠤᠨ 《ᠪᠤᠴᠠᠬᠤ ᠡᠮ》 ᠤᠨ ᠲᠡᠤᠬᠡᠨ ᠠᠷᠬᠠᠭ ᠬᠡᠮ᠎ᠢ ᠭᠦᠨᠵᠡᠭᠡᠶ ᠵᠠᠰᠠᠵᠤ᠂ ᠡᠬᠢ ᠡᠭᠦᠰᠦᠯ᠎ᠠᠴᠠ᠎ᠨᠢ ᠳᠠᠭᠠᠳᠭᠠᠯ᠎ᠢ ᠮᠡᠬᠡᠯᠡᠬᠦ᠌ ᠪᠠ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠳᠤ ᠴᠣᠬᠢᠯᠲᠠ ᠥᠭ᠌ᠬᠦ ᠲᠤᠰᠭᠠᠶ ᠠᠵᠢᠯᠯᠠᠭ᠎ᠠ᠎ᠶ᠋ᠢ ᠥᠷᠨᠢᠭᠦᠯᠪᠡ᠃
ᠡᠮᠨᠡᠯᠭᠡ ᠶ᠋ᠢᠨ ᠳᠠᠭᠠᠳᠭᠠᠯ᠎ᠤᠨ ᠨᠢᠭᠡ ᠲᠠᠯ᠎ᠠ᠎ᠨᠢ ᠨᠡᠢᠭᠡᠮ ᠠᠷᠠᠳ᠎ᠤᠨ ᠠᠮᠢᠳᠤᠷᠠᠯ᠎ᠲᠠᠢ ᠬᠤᠯᠪᠣᠭ᠍ᠳᠠᠵᠤ ᠪᠠᠢᠳᠠᠭ᠂ ᠨᠥᠭᠦᠭᠡ ᠲᠠᠯ᠎ᠠ᠎ᠨᠢ ᠡᠮ ᠡᠮᠨᠡᠯᠭᠡ᠎ᠶ᠋ᠢᠨ ᠠᠵᠤ ᠦᠢᠯᠡᠰ᠎ᠲᠠᠢ ᠬᠤᠯᠪᠣᠭ᠍ᠳᠠᠵᠤ ᠪᠠᠢᠳᠠᠭ᠃
《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠥᠪᠵᠢᠭᠦᠯᠭᠡ᠎ᠠᠴᠠ ᠨᠠᠭᠠᠰᠢ᠂ ᠡᠮᠨᠡᠯᠭᠡ ᠶ᠋ᠢᠨ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠵᠠᠷᠤᠯᠭ᠎ᠠ ᠨᠡᠢᠲᠡ 12.13 ᠲᠦᠮᠡᠨ ᠳ᠋ᠦᠩᠱᠢᠭᠤᠷ ᠲᠥᠭᠦᠷᠢᠭ᠎ᠲᠤ ᠬᠦᠷᠴᠡᠶ》᠃ ᠵᠠᠩ ᠺᠧ ᠬᠡᠯᠡᠬᠦ᠌᠎ᠳᠦ᠎ᠪᠡᠨ᠂ 12.13ᠲᠦᠮᠡᠨ ᠳ᠋ᠦᠩᠱᠢᠭᠤᠷ ᠲᠦᠭᠦᠷᠢᠭ᠂ ᠠᠷᠠᠳ ᠣᠯᠠᠨ᠎ᠤ ᠡᠪᠡᠳᠴᠢᠨ ᠦᠵᠡᠭᠦᠯᠵᠦ᠍ ᠳᠠᠩᠰᠠ ᠲᠠᠢᠯᠬᠤ ᠳᠤ ᠪᠡᠯᠡ ᠮᠥᠩᠭᠥᠨ᠎ᠦ ᠪᠠᠲᠤᠯᠠᠭ᠎ᠠ ᠬᠠᠩᠭᠠᠭ᠍ᠰᠠᠨ᠎ᠢᠶᠠᠷ ᠪᠠᠷᠠᠬᠤ ᠦᠭᠡᠶ ᠡᠮ ᠡᠮᠨᠡᠯᠭᠡ᠎ᠶ᠋ᠢᠨ ᠠᠵᠤ ᠦᠢᠯᠡᠰ᠎ᠦᠨ ᠬᠥᠭ᠌ᠵᠢᠯᠲᠡ ᠂ ᠡᠮ ᠡᠮᠨᠡᠯᠭᠡ᠎ᠶ᠋ᠢᠨ ᠮᠡᠷᠭᠡᠵᠢᠯ᠎ᠦᠨ ᠳᠠᠪᠱᠢᠯᠲᠠ ᠂ ᠠᠵᠤ ᠦᠢᠯᠡᠰ᠎ᠦᠨ ᠳᠡᠰ ᠳᠠᠪᠱᠢᠯᠲᠠ᠎ᠳᠤ ᠳᠡᠮᠵᠢᠯᠭᠡ ᠬᠠᠩᠭᠠᠵᠠᠶ ᠃
ᠵᠠᠩ ᠺᠧ ᠢᠯᠡᠷᠬᠡᠢᠯᠡᠬᠦ᠌᠎ᠳᠦ᠎ᠪᠡᠨ᠂ ᠤᠯᠤᠰ᠎ᠤᠨ ᠡᠮᠨᠡᠯᠭᠡ ᠶ᠋ᠢᠨ ᠳᠠᠭᠠᠳᠭᠠᠯ᠎ᠤᠨ ᠲᠣᠪᠴᠢᠶ᠎ᠠ ᠡᠮᠨᠡᠯᠭᠡ ᠶ᠋ᠢᠨ ᠳᠠᠭᠠᠳᠭᠠᠯ᠎ᠤᠨ ᠰᠠᠭᠤᠷᠢ ᠮᠥᠩᠭᠦ᠎ᠶ᠋ᠢ ᠦᠷᠭᠦᠯᠵᠢᠯᠡᠨ ᠰᠠᠢᠲᠤᠷ ᠬᠠᠮᠢᠶᠠᠷᠤᠨ ᠰᠠᠢᠲᠤᠷ ᠬᠡᠷᠡᠭ᠌ᠯᠡᠵᠦ᠍᠂ ᠪᠥᠬᠦ᠌ ᠠᠷᠠᠳ ᠲᠦᠮᠡᠨ᠎ᠤ ᠠᠮᠢ ᠨᠠᠰᠤ ᠡᠷᠡᠭᠦᠯ ᠮᠡᠨᠳᠦ᠍᠎ᠶ᠋ᠢ ᠬᠠᠮᠠᠭᠠᠯᠠᠬᠤ᠎ᠶ᠋ᠢᠨ ᠬᠠᠮᠲᠤ ᠡᠮ ᠡᠮᠨᠡᠯᠭᠡ᠎ᠶ᠋ᠢᠨ ᠠᠵᠤ ᠦᠢᠯᠡᠰ᠎ᠢ ᠪᠠᠭ᠍ᠲᠠᠭᠠᠭ᠍ᠰᠠᠨ ᠡᠯ᠎ᠡ ᠬᠠᠮᠢᠶ᠎ᠠ ᠪᠥᠬᠦᠶ ᠠᠵᠤ ᠦᠢᠯᠡᠰ᠎ᠤᠨ ᠬᠥᠭ᠌ᠵᠢᠯᠲᠡ᠎ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠵᠦ᠍᠂ ᠨᠠᠩ ᠥᠨᠳᠥᠷ ᠬᠢᠷᠢ ᠲᠦᠪᠱᠢᠨ᠎ᠢᠶᠠᠷ ᠡᠷᠡᠭᠦᠯ ᠡᠩᠬᠡ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠨ᠎ᠡ ᠭᠡᠵᠡᠶ᠃