ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠲᠠᠨ᠎ᠳᠤ ᠦᠢᠯᠡᠴᠢᠯᠡᠬᠦ᠌
《 ᠡᠨᠡ ᠠᠵᠢᠯ᠎ᠨᠢ ᠨᠠᠮ᠎ᠠ᠎ᠶᠢ ᠭᠡᠷ᠎ᠤᠨ ᠬᠦᠮᠦᠰ᠎ᠢᠶᠠᠨ ᠰᠠᠢᠲᠤᠷ ᠬᠠᠷᠠᠭᠠᠯᠵᠠᠭᠤᠯᠬᠤ᠎ᠶ᠋ᠢᠨ ᠬᠠᠮᠲᠤ ᠪᠠᠰᠠ ᠦᠪᠡᠷ᠎ᠤᠨ ᠨᠡᠢᠭᠡᠮ᠎ᠤᠨ ᠪᠠᠢᠷᠢᠱᠢᠯ᠎ᠢᠶᠡᠨ ᠣᠯᠵᠤ ᠠᠪᠤᠭᠤᠯᠪᠠ 》
ᠨᠡᠶ᠋ᠢᠲᠡᠯᠡᠭᠰᠡᠨ ᠴᠠᠭ᠄ 2026-01-02

  ᠤᠷᠲᠤ ᠬᠤᠭᠤᠴᠠᠭ᠋ᠠᠨ᠎ᠤ ᠰᠣᠪᠢᠯᠠᠯᠲᠠ᠎ᠶᠢᠨ ᠳᠠᠭᠠᠳᠭᠠᠯ᠎ᠤ᠋ᠨ ᠳᠦᠷᠢᠮ᠎ᠢ᠋ ᠨᠢᠩᠪᠦ᠋ᠸᠧ᠎ᠳ᠋ᠦ᠍ ᠭᠦᠨᠵᠡᠭᠡᠢᠷᠡᠭᠦᠯᠦᠨ ᠬᠡᠷᠡᠭ᠌ᠵᠢᠭᠦᠯᠬᠦ᠌᠎ᠶᠢ ᠳᠠᠭᠠᠯᠳᠤᠨ᠂ ᠤᠯᠠᠮ᠎ᠠ᠋ᠴᠠ ᠤᠯᠠᠮ ᠣᠯᠠᠨ 《 ᠬᠡᠦᠬᠡᠳ᠎ᠦᠨ ᠡᠵᠢ 》ᠤᠷᠲᠤ ᠬᠤᠭᠤᠴᠠᠭ᠋ᠠᠨ᠎ᠤ ᠬᠠᠷᠠᠭᠠᠯᠵᠠᠨ ᠠᠰᠠᠷᠠᠬᠤ ᠠᠵᠢᠯ ᠡᠷᠬᠢᠯᠡᠭ᠌ᠰᠡᠳ᠎ᠦ᠋ᠨ ᠡᠩᠨᠡᠭᠡ᠎ᠳ᠋ᠦ᠍ ᠣᠷᠣᠵᠤ᠂ ᠲᠡᠳᠡ ᠤᠷᠲᠤ ᠬᠤᠭᠤᠴᠠᠭ᠋ᠠᠨ᠎ᠤ ᠰᠣᠪᠢᠯᠠᠯᠲᠠ᠎ᠶᠢᠨ ᠳᠠᠭᠠᠳᠭᠠᠯ᠎ᠤ᠋ᠨ ᠭᠡᠷ᠎ᠲᠦ ᠨᠢ ᠬᠦᠷᠴᠦ ᠦᠢ᠍ᠯᠡᠴᠢᠯᠡᠬᠦ 《 ᠴᠠᠭ ᠨᠢ ᠠᠮᠢᠳᠤᠯᠢᠭ 》 ᠠᠵᠢᠯ ᠮᠡᠷᠭᠡᠵᠢᠯ᠎ᠦ᠋ᠨ ᠣᠨᠴᠠᠯᠢᠭ᠎ᠢ ᠠᠰᠢᠭᠯᠠᠵᠤ᠂ ᠭᠡᠷ ᠪᠦᠯᠢ᠎ᠪᠡᠨ ᠲᠣᠬᠢᠲᠠᠢ ᠬᠠᠷᠠᠭᠠᠯᠵᠠᠨ ᠠᠰᠠᠷᠠᠬᠤ᠎ᠶᠢᠨ ᠬᠠᠮᠲᠤ᠂ ᠬᠤᠪᠢ ᠬᠥᠮᠦᠨ᠎ᠦ᠌ ᠠᠵᠢᠯ ᠮᠡᠷᠭᠡᠵᠢᠯ᠎ᠦ᠋ᠨ ᠬᠥᠭ᠌ᠵᠢᠯᠲᠡ ᠪᠣᠯᠤᠨ ᠨᠡᠢᠭᠡᠮ᠎ᠦ᠋ᠨ ᠦᠨ᠎ᠡ ᠥᠷᠲᠡᠭ᠎ᠢ᠋ ᠪᠡᠶᠡᠯᠡᠭᠦᠯᠵᠦ᠍᠂ ᠠᠭᠠᠵᠢᠮ᠎ᠢᠶᠠᠷ ᠤᠷᠲᠤ ᠬᠤᠭᠤᠴᠠᠭ᠋ᠠᠨ᠎ᠤ ᠰᠣᠪᠢᠯᠠᠯᠲᠠ᠎ᠶᠢᠨ ᠳᠠᠭᠠᠳᠭᠠᠯ᠎ᠤ᠋ᠨ ᠰᠤᠪᠢᠯᠠᠭ᠍ᠴᠢ᠎ᠶᠢᠨ ᠡᠩᠨᠡᠭᠡ ᠠᠮᠢᠵᠢᠷᠠᠯ᠎ᠤ᠋ᠨ ᠬᠦᠴᠦᠨ᠎ᠢᠶᠠᠷ ᠪᠢᠯᠬᠠᠮ᠎ᠠ ᠰᠢᠨ᠎ᠡ ᠬᠦᠴᠦᠨ ᠪᠣᠯᠤᠭ᠍ᠰᠠᠨ ᠪᠠᠢᠨ᠎ᠠ᠃

  《 ᠠᠵᠢᠯ ᠠᠮᠢᠳᠤᠯᠢᠭ᠂ ᠴᠠᠭ᠎ᠲᠤ᠎ᠪᠠᠨ ᠬᠡᠦᠬᠡᠳ᠎ᠢᠶᠠᠨ ᠲᠤᠰᠴᠤ᠌ ᠬᠦᠷᠭᠡᠵᠦ ᠳᠡᠢ᠌ᠯᠦᠨ᠎ᠡ᠂ ᠪᠠᠰᠠ ᠵᠣᠭᠤᠰ ᠣᠯᠵᠤ ᠭᠡᠷ᠎ᠢᠶᠠᠨ ᠲᠡᠵᠢᠭᠡᠵᠦ ᠳᠡᠢ᠌ᠯᠦᠨ᠎ᠡ᠂ ᠡᠢᠮᠦ᠍ ᠡᠳᠦᠷ ᠬᠣᠨᠣᠭ᠂ ᠪᠢ ᠮᠠᠰᠢ ᠰᠠᠨᠠᠭ᠎ᠠ ᠠᠮᠤᠷ ᠥᠩᠭᠡᠷᠡᠭᠡᠵᠦ ᠪᠠᠢ᠌ᠨ᠎ᠠ 》 ᠭᠡᠵᠦ ᠨᠢᠩᠪᠦᠸᠧ ᠬᠣᠲᠠ᠎ᠶ᠋ᠢᠨ ᠬᠠᠢ ᠱᠦ᠍ ᠲᠣᠭᠣᠷᠢᠭ᠎ᠤᠨ ᠭᠦ᠋ ᠯᠸᠦ ᠭᠤᠸᠠᠩ ᠠᠨ ᠭᠡᠷ ᠪᠦᠯᠢ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠦ ᠲᠥᠪ᠎ᠦᠨ ᠤᠷᠲᠤ ᠬᠤᠭᠤᠴᠠᠭ᠋ᠠᠨ᠎ᠤ ᠰᠣᠪᠢᠯᠠᠯᠲᠠ᠎ᠶᠢᠨ ᠳᠠᠭᠠᠳᠭᠠᠯ᠎ᠤ᠋ᠨ ᠰᠤᠪᠢᠯᠠᠭ᠍ᠴᠢ ᠵᠢᠶᠠᠩ ᠴᠢᠶᠠᠨ ᠴᠢ ᠬᠡᠯᠡᠪᠡ᠃

  ᠡᠨᠡ ᠵᠢᠯ 31 ᠨᠠᠰᠤᠲᠠᠢ ᠵᠢᠶᠠᠩ ᠴᠢᠶᠠᠨ ᠴᠢ ᠬᠣᠶᠠᠷ ᠬᠡᠦᠬᠡᠳ᠎ᠦ᠋ᠨ ᠡᠵᠢ ᠪᠣᠯᠤᠨ᠎ᠠ᠂ ᠡᠬᠢᠨ᠎ᠳ᠋ᠦ᠍᠂ ᠲᠡᠷᠡ ᠭᠡᠷ ᠪᠦᠯᠢ᠎ᠪᠡᠨ ᠬᠠᠮᠲᠤ᠎ᠳᠤ ᠨᠢ ᠬᠠᠷᠠᠭ᠋ᠠᠯᠵᠠᠬᠤ᠎ᠶᠢᠨ ᠲᠥᠯᠥᠭᠡ ᠤᠷᠲᠤ ᠬᠤᠭᠤᠴᠠᠭ᠋ᠠᠨ᠎ᠤ ᠰᠣᠪᠢᠯᠠᠯᠲᠠ᠎ᠶᠢᠨ ᠳᠠᠭᠠᠳᠭᠠᠯ᠎ᠤ᠋ᠨ ᠰᠤᠪᠢᠯᠠᠭ᠍ᠴᠢ᠎ᠶᠢᠨ ᠡᠨᠡ ᠬᠦ᠌ ᠴᠠᠭ ᠬᠠᠷᠢᠴᠠᠩᠭᠤᠢ ᠴᠢᠯᠥᠭᠡᠲᠦ ᠠᠵᠢᠯ᠎ᠢ᠋ ᠰᠣᠩᠭᠣᠵᠣ᠂ ᠬᠠᠢ ᠱᠤ᠌ ᠲᠣᠭᠣᠷᠢᠭ᠎ᠤ᠋ᠨ ᠡᠮᠴᠢᠯᠡᠭᠡᠨ᠎ᠦ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦ᠋ᠨ ᠪᠠᠢᠭᠤᠯᠤᠭ᠍ᠰᠠᠨ ᠤᠷᠲᠤ ᠬᠤᠭᠤᠴᠠᠭ᠋ᠠᠨ᠎ᠤ ᠰᠣᠪᠢᠯᠠᠯᠲᠠ᠎ᠶᠢᠨ ᠳᠠᠭᠠᠳᠭᠠᠯ᠎ᠤ᠋ᠨ ᠪᠣᠯᠪᠠᠰᠤᠷᠠᠯ᠎ᠤ᠋ᠨ ᠰᠠᠭᠤᠷᠢᠨ ᠭᠠᠵᠠᠷ ᠨᠢ ᠲᠡᠭᠦᠨ᠎ᠳ᠋ᠦ᠍ ᠣᠨᠣᠯ᠎ᠠ᠋ᠴᠠ ᠪᠣᠳᠠᠲᠠᠢ ᠠᠵᠢᠯᠯᠠᠬᠤ ᠵᠢᠷᠤᠮᠵᠢᠭᠤᠯᠤᠭ᠍ᠰᠠᠨ ᠪᠣᠯᠪᠠᠰᠤᠷᠠᠯ ᠬᠠᠩᠭᠠᠵᠤ᠂ ᠲᠡᠭᠦᠨ᠎ᠢ᠋ ᠬᠠᠪᠰᠤᠷᠤᠨ ᠡᠨᠡ ᠬᠦ᠌ ᠰᠢᠨ᠎ᠡ ᠳᠦᠷᠢ᠎ᠶᠢᠨ ᠳᠤᠮᠳᠠ᠎ᠠ᠋ᠴᠠ ᠦᠰᠦᠨ ᠪᠣᠢᠵᠢᠬᠤ ᠣᠷᠣᠨ ᠵᠠᠢ ᠪᠠ ᠥᠪᠡᠷ᠎ᠦ᠋ᠨ ᠥᠷᠲᠡᠭ᠎ᠢ᠋ ᠣᠯᠭᠣᠵᠣ ᠥᠭ᠌ᠴᠡᠢ᠃ 2023 ᠣᠨ᠎ᠤ ᠬᠠᠢ ᠱᠤ᠌ ᠲᠣᠭᠤᠷᠢᠭ᠎ᠤᠨ ᠤᠷᠲᠤ ᠬᠤᠭᠤᠴᠠᠭ᠋ᠠᠨ᠎ᠤ ᠰᠣᠪᠢᠯᠠᠯᠲᠠ᠎ᠶᠢᠨ ᠳᠠᠭᠠᠳᠭᠠᠯ᠎ᠤ᠋ᠨ 《 ᠦᠢᠯᠡᠴᠢᠯᠡᠭᠡᠨ᠎ᠤ ᠤᠳᠤ 》᠎ᠶ᠋ᠢᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠳᠤ᠂ ᠲᠡᠷᠡ ᠯᠠᠪᠳᠠᠭᠤᠨ ᠪᠠᠲᠤᠲᠠᠢ ᠤᠷ᠎ᠠ ᠴᠢᠳᠠᠪᠤᠷᠢ᠎ᠳᠤ᠎ᠪᠠᠨ ᠲᠦᠱᠢᠭ᠌ᠯᠡᠨ ᠭᠤᠷᠪᠠᠳᠤᠭᠠᠷ ᠳᠡᠰ᠎ᠤᠨ ᠱᠠᠩᠨᠠᠯ ᠬᠦᠷᠲᠡᠪᠡ᠃ 《 ᠰᠤᠪᠢᠯᠠᠭᠴᠢ ᠪᠣᠯ 〈 ᠠᠰᠠᠷᠠᠭ᠍ᠴᠢ ᠠᠨᠢᠶ᠎ᠠ 〉 ᠪᠢᠰᠢ᠂ ᠬᠠᠷᠢᠨ ᠨᠢᠭᠡ ᠬᠤᠪᠢ ᠲᠤᠰᠭᠠᠶ ᠮᠡᠷᠭᠡᠵᠢᠯ᠎ᠤᠨ ᠤᠷ᠎ᠠ ᠴᠢᠳᠠᠪᠤᠷᠢ ᠬᠡᠷᠡᠭ᠌ᠰᠡᠬᠦ᠌ ᠠᠵᠢᠯ ᠮᠥᠨ᠂ ᠪᠢᠳᠡ ᠬᠦᠯᠢᠶᠡᠨ ᠠᠪᠤᠭ᠍ᠰᠠᠨ ᠪᠣᠯᠪᠠᠰᠤᠷᠠᠯ᠎ᠢ ᠱᠢᠰᠲ᠋ᠧᠮ᠎ᠲᠠᠢ ᠪᠥᠭᠡᠳ ᠵᠢᠷᠤᠮᠵᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠬᠦ᠌᠎ᠠᠴᠠ ᠪᠣᠳᠠᠲᠠᠶ ᠪᠣᠯᠪᠠᠰᠤᠷᠠᠯ᠎ᠤᠨ ᠤᠷ᠎ᠠ ᠴᠢᠳᠠᠪᠤᠷᠢ᠎ᠶ᠋ᠢ ᠴᠥᠮ ᠴᠢᠩᠭ᠎ᠠ ᠡᠵᠡᠮᠱᠢᠬᠦ᠌ ᠬᠡᠷᠡᠭ᠌ᠲᠡᠶ 》᠃ ᠵᠢᠶᠠᠩ ᠴᠢᠶᠠᠨ ᠴᠢ᠎ᠶᠢᠨ ᠭᠡᠯᠡᠭᠰᠡᠨ ᠦᠭᠡ ᠨᠢ ᠤᠷᠲᠤ ᠬᠤᠭᠤᠴᠠᠭ᠋ᠠᠨ᠎ᠤ ᠰᠣᠪᠢᠯᠠᠯᠲᠠ᠎ᠶᠢᠨ ᠳᠠᠭᠠᠳᠭᠠᠯ᠎ᠤ᠋ᠨ ᠰᠤᠪᠢᠯᠠᠭᠴᠢ ᠵᠢᠩᠬᠢᠨᠢ᠎ᠪᠡᠷ 《 ᠠᠮᠢᠳᠤᠷᠠᠯ᠎ᠤ᠋ᠨ      ᠬᠠᠷᠠᠭ᠋ᠠᠯᠵᠠᠯ 》᠎ᠠ᠋ᠴᠠ 《 ᠲᠤᠰᠭᠠᠢ ᠮᠡᠷᠭᠡᠵᠢᠯ᠎ᠦ᠋ᠨ ᠬᠠᠷᠠᠭᠠᠯᠵᠠᠨ ᠠᠰᠠᠷᠠᠬᠤ 》 ᠲᠡᠢ᠌ᠰᠢ ᠬᠡᠯᠪᠡᠷᠢ᠎ᠪᠡᠨ ᠬᠤᠪᠢᠷᠠᠭᠤᠯᠬᠤ ᠬᠠᠨᠳᠤᠰᠢ᠎ᠶᠢ ᠬᠠᠷᠠᠭᠤᠯᠪᠠ᠃

  45 ᠨᠠᠰᠤᠲᠠᠶ ᠷᠧᠨ ᠺᠧ ᠺᠧ᠂ ᠬᠤᠶᠠᠷ ᠵᠢᠯ᠎ᠤᠨ ᠡᠮᠦᠨ᠎ᠡ ᠪᠠᠰᠠ ᠨᠢᠭᠡᠨ 《 ᠪᠦᠷᠢᠨ ᠠᠵᠢᠯᠲᠠᠨ ᠡᠵᠢ 》 ᠪᠠᠢᠵᠤ᠂ ᠰᠠᠨᠠᠮᠰᠠᠷ ᠥᠬᠡᠶ᠎ᠪᠠᠷ 《 ᠤᠷᠲᠤ ᠬᠤᠭᠤᠴᠠᠭ᠋ᠠᠨ᠎ᠤ ᠰᠣᠪᠢᠯᠠᠯᠲᠠ᠎ᠶᠢᠨ ᠳᠠᠭᠠᠳᠭᠠᠯ᠎ᠤ᠋ᠨ ᠰᠤᠪᠢᠯᠠᠭ᠍ᠴᠢ ᠤᠷᠢᠵᠤ ᠡᠯᠰᠡᠬᠦ᠌      ᠮᠡᠳᠡᠭᠳᠡᠯ 》᠎ᠢ ᠣᠯᠵᠤ ᠦᠵᠡᠭ᠌ᠰᠡᠨ᠎ᠤ ᠳᠠᠷᠠᠭ᠎ᠠ᠂ ᠲᠡᠷᠡ ᠵᠣᠷᠢᠭ᠍ᠲᠠᠶ ᠨᠢᠭᠡ ᠠᠯᠬᠤᠮ᠎ᠢ ᠠᠯᠬᠤᠵᠤ᠂ ᠠᠵᠢᠯ ᠮᠡᠷᠭᠡᠵᠢᠯ᠎ᠤᠨ ᠱᠢᠨ᠎ᠡ ᠠᠮᠢᠳᠤᠷᠠᠯ᠎ᠢ ᠨᠡᠭᠡᠭᠡᠵᠡᠶ᠃ 《 ᠠᠵᠢᠯ᠎ᠳ᠋ᠤ ᠭᠠᠷᠤᠭ᠍ᠰᠠᠨ᠎ᠤ᠋ ᠳᠠᠷᠠᠭ᠎ᠠ ᠰᠠᠶᠢ᠂ ᠨᠠᠳᠠ ᠲᠠᠢ ᠠᠳᠠᠯᠢ ᠡᠢᠮᠦ᠍  〈 ᠬᠡᠦᠬᠡᠳ᠎ᠦᠨ ᠡᠵᠢ 〉 ᠰᠢᠭ ᠠᠰᠠᠷᠠᠭ᠍ᠴᠢ ᠴᠥᠭᠡᠨ ᠪᠤᠰᠤ ᠪᠠᠢᠬᠤ᠎ᠶᠢ ᠣᠯᠵᠤ ᠮᠡᠳᠡᠪᠡ᠃ ᠮᠠᠨ᠎ᠤ ᠪᠡᠶ᠎ᠡ ᠳᠡᠭᠡᠷᠡᠬᠢ 〈 ᠡᠵᠢ 〉 ᠰᠢᠭ ᠨᠠᠷᠢᠨ ᠨᠢᠮᠪᠠᠶ ᠪᠥᠭᠡᠳ ᠬᠦᠯᠢᠴᠡᠩᠭᠦᠶ ᠨᠢ ᠶᠠᠭ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠬᠠᠮᠤᠭ᠎ᠤᠨ ᠬᠡᠷᠡᠭ᠌ᠴᠡᠭᠡ᠎ᠲᠠᠢ ᠬᠡᠰᠡᠭ       ᠮᠥᠨ 》᠃ ᠠᠯᠽᠸᠢᠢ᠍ᠮᠸᠷ ᠡᠪᠡᠳᠴᠢᠨ᠎ᠳ᠋ᠦ᠍ ᠨᠡᠷᠪᠡᠭ᠌ᠳᠡᠭ᠌ᠰᠡᠨ ᠨᠢᠭᠡᠨ ᠨᠠᠰᠤᠲᠠᠨ᠎ᠢ᠋ ᠠᠰᠠᠷᠠᠬᠤ ᠦᠶ᠎ᠡ᠎ᠳ᠋ᠦ᠍᠂ ᠲᠡᠷᠡ ᠬᠡᠦᠬᠡᠳ᠎ᠲᠦ᠍ ᠬᠠᠨᠢ ᠪᠣᠯᠵᠤ ᠬᠤᠷᠠᠮᠳᠤᠭᠤᠯᠤᠭ᠍ᠰᠠᠨ ᠣᠢᠯᠠᠭᠠᠯᠴᠠᠭ᠎ᠠ ᠣᠶᠤᠨ ᠤᠬᠠᠭᠠᠨ᠎ᠢᠶᠠᠨ ᠬᠠᠷᠠᠭᠠᠯᠵᠠᠨ ᠠᠰᠠᠷᠠᠬᠤ ᠤᠷ᠎ᠠ ᠴᠢᠳᠠᠪᠤᠷᠢ ᠪᠣᠯᠭᠠᠨ ᠬᠤᠪᠢᠷᠠᠭᠤᠯᠵᠤ᠂ ᠭᠡᠷ ᠪᠦᠯᠢ᠎ᠶᠢᠨ ᠬᠢᠨ᠎ᠦ᠌ ᠳᠡᠭᠡᠳᠦ ᠬᠡᠮᠵᠢᠶᠡᠨ᠎ᠦ᠌ ᠵᠥᠪᠰᠢᠶᠡᠷᠡᠯ᠎ᠢ᠋ ᠣᠯᠵᠠᠢ᠃ 《 ᠬᠠᠷᠠᠭᠠᠯᠵᠠᠨ ᠠᠰᠠᠷᠠᠬᠤ ᠪᠣᠯ ᠮᠡᠷᠭᠡᠵᠢᠯ᠎ᠤᠨ ᠠᠵᠢᠯᠯᠠᠭ᠎ᠠ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠰᠡᠳᠭᠢᠯ᠎ᠤᠨ ᠰᠣᠯᠢᠯᠴᠠᠭ᠎ᠠ ᠮᠥᠨ 》᠃ ᠷᠧᠨ ᠺᠧ ᠺᠧ ᠬᠡᠯᠡᠬᠦ᠌᠎ᠳᠤ᠎ᠪᠠᠨ᠂ 《 ᠡᠨᠡ ᠬᠦ᠌ ᠠᠵᠢᠯ᠎ᠨᠢ ᠨᠠᠮ᠎ᠠ᠎ᠶᠢ ᠭᠡᠷ᠎ᠤᠨ ᠬᠥᠮᠦᠰ᠎ᠢᠶᠠᠨ ᠰᠠᠢᠲᠤᠷ ᠬᠠᠷᠠᠭᠠᠯᠵᠠᠭᠤᠯᠬᠤ᠎ᠶ᠋ᠢᠨ ᠬᠠᠮᠲᠤ ᠪᠠᠰᠠ ᠥᠪᠡᠷ᠎ᠤᠨ ᠨᠡᠢᠭᠡᠮ᠎ᠤᠨ ᠪᠠᠢᠷᠢᠱᠢᠯ᠎ᠢᠶᠠᠨ ᠣᠯᠵᠤ ᠠᠪᠤᠭᠤᠯᠤᠭᠰᠠᠨ ᠶᠤᠮ 》 ᠭᠡᠪᠡ᠃

   ᠡᠨᠡ ᠬᠣᠶᠠᠷ 《 ᠬᠡᠦᠬᠡᠳ᠎ᠦᠨ ᠡᠵᠢ 》 ᠰᠤᠪᠢᠯᠠᠭ᠍ᠴᠢ᠎ᠶᠢᠨ ᠦᠯᠢᠭᠡᠷ ᠨᠢ ᠣᠨᠴᠠᠭ᠋ᠠᠢ ᠵᠢᠱ᠌ᠢᠶ᠎ᠡ ᠪᠢᠰᠢ᠃ ᠤᠷᠲᠤ ᠬᠤᠭᠤᠴᠠᠭ᠋ᠠᠨ᠎ᠤ ᠬᠠᠷᠠᠭ᠋ᠠᠯᠵᠠᠨ ᠠᠰᠠᠷᠠᠬᠤ᠎ᠳᠤ ᠣᠷᠣᠯᠴᠠᠭ᠍ᠰᠠᠳ᠎ᠤᠨ ᠡᠩᠨᠡᠭᠡ᠎ᠳᠤ ᠲᠤᠰᠭᠠᠢᠵᠢᠭ᠍ᠰᠠᠨ᠂ ᠵᠠᠯᠠᠭᠤᠵᠢᠭ᠍ᠰᠠᠨ ᠱᠢᠨ᠎ᠡ ᠳᠦᠷᠰᠦ ᠪᠠᠢᠳᠠᠯ ᠢᠯᠡᠷᠡᠵᠡᠶ᠃ ᠪᠦᠷᠢᠳᠭᠡᠯ᠎ᠢ᠋ ᠦᠨᠳᠦᠰᠦᠯᠡᠪᠡᠯ᠂ ᠨᠢᠩᠪᠦ᠋ᠸᠧ᠎ᠶᠢᠨ ᠬᠡᠰᠡᠭ ᠴᠡᠭ ᠲᠣᠭᠲᠠᠭ᠋ᠠᠭᠰᠠᠨ ᠪᠦᠬᠦᠢ ᠤᠷᠲᠤ ᠬᠤᠭᠤᠴᠠᠭ᠋ᠠᠨ᠎ᠤ ᠰᠤᠪᠢᠯᠠᠯᠲᠠ᠎ᠶᠢᠨ ᠳᠠᠭᠠᠳᠭᠠᠯ᠎ᠤ᠋ᠨ ᠦᠢᠯᠡᠴᠢᠯᠡᠭᠡᠨ᠎ᠦ᠌ ᠪᠠᠢᠭᠤᠯᠤᠮᠵᠢ᠎ᠶᠢᠨ ᠳᠣᠲᠣᠷ᠎ᠠ᠂ 《 ᠬᠡᠦᠬᠡᠳ᠎ᠦᠨ ᠡᠵᠢ 》 ᠰᠤᠪᠢᠯᠠᠭ᠍ᠴᠢ᠎ᠶᠢᠨ ᠬᠠᠷᠢᠴᠠᠯ ᠨᠢ ᠨᠢᠭᠡᠨᠲᠡ ᠬᠣᠶᠠᠷ ᠬᠤᠪᠢ᠎ᠶᠢ ᠡᠵᠡᠯᠡᠵᠡᠢ᠃ ᠲᠡᠳᠡ ᠡᠯᠪᠡᠭ ᠪᠠᠶᠠᠯᠢᠭ ᠠᠮᠢᠳᠤᠷᠠᠯ᠎ᠤᠨ ᠲᠤᠷᠱᠢᠯᠭ᠎ᠠ᠂ ᠨᠡᠯᠢᠶᠡᠳ ᠴᠢᠩᠭ᠎ᠠ ᠨᠡᠪᠲᠡᠷᠡᠯᠴᠡᠬᠦ᠌ ᠴᠢᠳᠠᠪᠤᠷᠢ ᠪᠠ ᠦᠢᠯᠡᠴᠢᠯᠡᠬᠦ᠌ ᠤᠬᠠᠮᠰᠠᠷ᠎ᠲᠠᠢ ᠪᠠᠢᠵᠤ᠂ ᠱᠢᠰᠲ᠋ᠧᠮ᠎ᠲᠠᠢ ᠪᠣᠯᠪᠠᠰᠤᠷᠠᠯ ᠬᠦᠷᠲᠡᠭᠰᠡᠨ᠎ᠤ ᠲᠠᠷᠠᠭ᠎ᠠ᠂ ᠠᠰᠠᠷᠠᠨ ᠰᠤᠪᠢᠯᠠᠬᠤ ᠦᠢᠯᠡᠴᠢᠯᠡᠭᠡ᠂ ᠲᠦᠷᠦ᠍᠎ᠶ᠋ᠢᠨ ᠪᠤᠳᠤᠯᠭ᠎ᠠ᠎ᠶ᠋ᠢᠨ ᠤᠬᠠᠭᠤᠯᠤᠨ ᠲᠠᠨᠢᠯᠴᠠᠭᠤᠯᠬᠤ ᠵᠡᠷᠭᠡ ᠤᠷ᠎ᠠ ᠴᠢᠳᠠᠪᠤᠷᠢ᠎ᠶ᠋ᠢ ᠪᠣᠯᠪᠠᠰᠤᠷᠠᠩᠭᠤᠢ ᠡᠵᠡᠮᠱᠢᠵᠦ᠍᠂ ᠠᠶᠤᠯ ᠲᠦᠭ᠌ᠰᠢᠭᠦᠷᠢ᠎ᠶ᠋ᠢ ᠬᠠᠮᠠᠭᠠᠯᠠᠬᠤ ᠦᠢᠯᠡᠴᠢᠯᠡᠭᠡᠨ᠎ᠤ ᠲᠣᠭᠲᠠᠯᠴᠠᠭ᠎ᠠ ᠳᠣᠲᠣᠷᠠᠬᠢ ᠳᠤᠲᠠᠭ᠍ᠳᠠᠵᠤ ᠪᠣᠯᠤᠰᠢ ᠦᠭᠡᠢ ᠲᠤᠰᠭᠠᠢ ᠮᠡᠷᠭᠡᠵᠢᠯ᠎ᠤᠨ ᠬᠦᠴᠦᠨ ᠪᠣᠯᠪᠠ᠃ ᠲᠡᠳᠡ ᠲᠤᠰᠭᠠᠶ ᠮᠡᠷᠭᠡᠵᠢᠯ ᠪᠣᠯᠤᠨ ᠬᠠᠢᠷ᠎ᠠ ᠬᠠᠯᠠᠮᠵᠢ᠎ᠪᠠᠷ᠎ᠢᠶᠠᠨ ᠤᠷᠲᠤ ᠬᠤᠭᠤᠴᠠᠭᠠᠨ᠎ᠤ ᠰᠤᠪᠢᠯᠠᠯᠲᠠ᠎ᠶᠢᠨ ᠳᠠᠭ᠋ᠠᠳᠬᠠᠯ᠎ᠤᠨ ᠬᠠᠯᠠᠭᠤᠨ ᠳᠤᠯᠠᠭᠠᠨ ᠲᠦᠭ ᠲᠦᠮᠡᠨ ᠠᠢᠯ ᠡᠷᠦᠬᠡ᠎ᠳᠤ ᠬᠦᠷᠭᠡᠵᠦ᠂ ᠭᠡᠷ ᠪᠦᠯᠢ᠎ᠶ᠋ᠢᠨ ᠬᠠᠷᠠᠭᠠᠯᠵᠠᠨ ᠠᠰᠠᠷᠠᠬᠤ ᠳᠠᠷᠤᠯᠲᠠ᠎ᠶ᠋ᠢ ᠨᠠᠮᠳᠠᠭᠤᠯᠬᠤ ᠶᠠᠪᠤᠴᠠ᠎ᠳᠤ᠂ ᠭᠡᠷ ᠪᠦᠯᠢ᠎ᠶ᠋ᠢᠨ ᠬᠥᠳᠡᠯᠮᠦᠷᠢ ᠬᠦᠴᠦᠨ᠎ᠢ ᠪᠠᠳᠠᠷᠠᠭᠤᠯᠵᠤ᠂ ᠨᠡᠢᠭᠡᠮ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠱᠢᠯᠢᠳᠡᠭ᠌ᠵᠢᠨ ᠲᠣᠬᠢᠷᠠᠭᠤᠯᠬᠤ᠎ᠶ᠋ᠢ ᠠᠬᠢᠭᠤᠯᠪᠠ᠃

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            