ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠲᠠᠨ᠎ᠳᠤ ᠦᠢᠯᠡᠴᠢᠯᠡᠬᠦ᠌
《 ᠢᠵᠢ ᠬᠣᠭᠣᠯᠠ 》 ᠡᠰᠡᠬᠦᠯ᠎ᠡ 《 ᠳᠠᠩ᠎ᠢᠶᠠᠷ ᠠᠪᠬᠤ 》 ᠦᠦ? ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠶ᠋ᠢᠨ ᠣᠨᠣᠱᠢᠯᠠᠨ ᠪᠠᠢᠴᠠᠭᠠᠬᠤ ᠰᠦᠢᠳᠭᠡᠯ᠎ᠢ ᠴᠤᠬᠤᠮ ᠬᠡᠷᠬᠢᠨ ᠬᠤᠷᠢᠶᠠᠬᠤ ᠪᠤᠢ?
ᠨᠡᠶ᠋ᠢᠲᠡᠯᠡᠭᠰᠡᠨ ᠴᠠᠭ᠄ 2026-01-04

  ᠠᠯᠪᠠᠨ᠎ᠠᠴᠠ ᠪᠠᠢᠭᠤᠯᠤᠭ᠍ᠰᠠᠨ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ ᠪᠣᠯ ᠦᠨᠳᠦᠰᠦᠨ ᠡᠮᠴᠢᠯᠡᠭᠡᠨ᠎ᠤ ᠦᠢᠯᠡᠴᠢᠯᠡᠭᠡᠨ᠎ᠤ ᠲᠣᠭᠲᠠᠯᠴᠠᠭ᠎ᠠ᠎ᠶ᠋ᠢᠨ ᠴᠢᠬᠤᠯᠠ ᠪᠦᠷᠢᠯᠳᠦᠬᠦᠨ ᠬᠡᠰᠡᠭ ᠪᠠᠢᠵᠤ᠂ ᠨᠡᠢᠭᠡᠮ ᠲᠣᠭᠤᠷᠢᠭ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠲᠥᠪ᠂ ᠱᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠤᠷᠢᠶ᠎ᠠ᠂ ᠲᠣᠰᠭᠤᠨ᠎ᠤ ᠡᠷᠡᠭᠦᠯ ᠬᠠᠮᠠᠭᠠᠯᠠᠯ᠎ᠤᠨ ᠲᠠᠰᠤᠭ ᠵᠡᠷᠭᠡ᠎ᠶ᠋ᠢ ᠪᠠᠭ᠍ᠲᠠᠭᠠᠵᠤ᠂ ᠲᠡᠭᠦᠨ᠎ᠤ ᠣᠨᠣᠱᠢᠯᠠᠨ ᠡᠮᠨᠡᠬᠦ᠌ ᠬᠡᠮᠵᠢᠶ᠎ᠡ᠎ᠨᠢ ᠪᠥᠬᠦ᠌ ᠣᠨᠣᠱᠢᠯᠠᠨ ᠡᠮᠨᠡᠬᠦ᠌ ᠬᠡᠮᠵᠢᠶ᠎ᠡ᠎ᠳᠠᠬᠢ ᠡᠵᠡᠯᠡᠬᠦ᠌ ᠬᠠᠷᠢᠴᠠᠯ᠎ᠢ 50% ᠎ᠠᠴᠠ ᠳᠡᠭᠡᠭ᠌ᠰᠢ ᠢᠮᠠᠭ᠍ᠲᠠ ᠪᠠᠲᠤᠯᠠᠵᠤ᠂ ᠥᠷᠭᠡᠨ ᠣᠯᠠᠨ ᠰᠠᠭᠤᠭᠠᠯᠢ ᠠᠷᠠᠳ᠎ᠤᠨ 15 ᠮᠢᠨᠦ᠋ᠲ᠎ᠤᠨ ᠳᠣᠲᠣᠷ᠎ᠠ ᠣᠢᠷ᠎ᠠ ᠬᠠᠪᠢ᠎ᠳᠤ᠎ᠪᠠᠨ ᠡᠮᠴᠢᠯᠡᠭᠡᠨ᠎ᠤ ᠦᠢᠯᠡᠴᠢᠯᠡᠭᠡ ᠭᠥᠷᠳᠡᠬᠦ᠌᠎ᠶ᠋ᠢ ᠪᠠᠲᠤᠯᠠᠪᠠ᠃ ᠵᠠᠷᠢᠮ ᠰᠦᠯᠵᠢᠶᠡᠨ ᠠᠨᠳᠠ ᠲᠤᠰᠭᠠᠭ᠍ᠰᠠᠨ᠎ᠢᠶᠠᠷ᠂ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠳᠤ ᠬᠦᠷᠴᠦ᠍ ᠳ᠋ᠤᠭᠠᠷᠯᠠᠨ ᠰᠦᠢᠳᠭᠡᠯ ᠲᠤᠱᠢᠶᠠᠵᠤ ᠡᠮᠨᠡᠭᠦᠯᠬᠦ᠌᠎ᠳᠤ ᠶᠡᠷᠦ᠍᠎ᠨᠢ ᠡᠷᠡᠭᠡᠯᠵᠡᠭᠡ᠎ᠲᠠᠢ ᠪᠠᠢᠵᠤ᠂ ᠠᠳᠠᠯᠢᠬᠠᠨ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ ᠪᠠᠢᠵᠤ᠂ ᠶᠠᠭᠤᠨ᠎ᠳᠤ ᠵᠠᠷᠢᠮ ᠨᠢ ᠡᠩ᠎ᠤᠨ ᠣᠨᠣᠱᠢᠯᠠᠨ ᠡᠮᠨᠡᠬᠦ᠌ ᠰᠦᠢᠳᠭᠡᠯ ᠬᠤᠷᠢᠶᠠᠳᠠᠭ᠂ ᠵᠠᠷᠢᠮ᠎ᠨᠢ ᠣᠨᠣᠱᠢᠯᠠᠨ ᠪᠠᠢᠴᠠᠭᠠᠬᠤ ᠰᠦᠢᠳᠭᠡᠯ ᠬᠤᠷᠢᠶᠠᠳᠠᠭ ᠪᠤᠢ? ᠬᠣᠶᠠᠭᠤᠯᠠ᠎ᠶ᠋ᠢᠨ ᠬᠣᠭᠣᠷᠣᠨᠳᠣ ᠴᠣᠬᠣᠮ ᠶᠠᠮᠠᠷ ᠢᠯᠭᠠᠭ᠎ᠠ᠎ᠲᠠᠢ ᠪᠤᠢ?

  ᠶᠠᠭᠤ᠎ᠶ᠋ᠢ ᠡᠩ᠎ᠦᠨ ᠡᠮᠴᠢᠯᠡᠭᠡᠨ᠎ᠦ ᠰᠦᠢᠳᠭᠡᠯ ᠭᠡᠬᠦ᠌ ᠪᠤᠢ?

  2010 ᠣᠨ᠎ᠳᠤ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠡᠴᠡ《 ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠨᠥᠬᠥᠪᠥᠷᠢᠯᠡᠬᠦ᠌ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠬᠦ᠌ ᠲᠤᠬᠠᠶ ᠰᠠᠨᠠᠯ 》 ( ᠲᠥᠷᠥ᠍ ᠠᠯᠪᠠᠨ ᠲᠠᠷᠬᠠᠭᠠᠭ᠍ᠰᠠᠨ [ 2010 ] 62 ᠳ᠋ᠤᠭᠠᠷ ᠲᠣᠭᠠᠲᠤ )᠎ᠢ ᠳᠠᠷᠤᠮᠠᠯᠯᠠᠨ ᠲᠠᠷᠬᠠᠭᠠᠵᠤ᠂ ᠳ᠋ᠤᠭᠠᠷᠯᠠᠬᠤ ᠰᠦᠢᠳᠭᠡᠯ᠂ ᠣᠨᠣᠱᠢᠯᠠᠨ ᠪᠠᠢᠴᠠᠭᠠᠬᠤ ᠰᠦᠢᠳᠭᠡᠯ᠂ ᠲᠠᠷᠢᠯᠭ᠎ᠠ ᠬᠢᠬᠦ᠌ ᠰᠦᠢᠳᠭᠡᠯ ( ᠬᠤᠷᠢᠶᠠᠬᠤ ᠰᠤᠳᠠᠯ᠎ᠤᠨ ᠱᠢᠩᠭᠡᠨ ᠶᠡᠭᠦᠯᠡᠬᠦ᠌ ᠰᠦᠢᠳᠭᠡᠯ᠂ ᠡᠮ᠎ᠦᠨ ᠵᠦᠢᠯ᠎ᠦᠨ ᠰᠦᠢᠳᠭᠡᠯ ᠪᠠᠭ᠍ᠲᠠᠨ᠎ᠠ ) ᠵᠢᠴᠢ ᠡᠮ᠎ᠦᠨ ᠶᠠᠪᠤᠳᠠᠯ᠎ᠤᠨ ᠦᠢᠯᠡᠴᠢᠯᠡᠭᠡᠨ᠎ᠦ ᠥᠪᠡᠷ᠎ᠦᠨ ᠥᠷᠲᠡᠭ᠎ᠢ ᠡᠩ᠎ᠦᠨ ᠣᠨᠣᠱᠢᠯᠠᠨ ᠡᠮᠨᠡᠬᠦ᠌ ᠰᠦᠢᠳᠭᠡᠯ ᠪᠣᠯᠭᠠᠨ ᠨᠡᠢᠯᠡᠭᠦᠯᠦᠭᠡᠳ᠂ ᠳᠡᠭᠡᠷ᠎ᠡ ᠳᠤᠷᠠᠳᠤᠭ᠍ᠰᠠᠨ ᠰᠦᠢᠳᠭᠡᠯ᠎ᠢ ᠳᠠᠬᠢᠵᠤ ᠬᠤᠷᠢᠶᠠᠬᠤ ᠦᠭᠡᠶ ᠭᠡᠵᠦ᠍ ᠲᠣᠳᠣᠷᠬᠠᠶ ᠲᠣᠭ᠍ᠲᠠᠭᠠᠪᠠ᠃ ᠶᠡᠷᠦᠳᠡ᠎ᠶ᠋ᠢᠨ ᠣᠨᠣᠱᠢᠯᠠᠨ ᠡᠮᠨᠡᠬᠦ᠌ ᠰᠦᠢᠳᠭᠡᠯ ᠪᠣᠯ ᠳᠠᠷᠤᠶ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠡᠳᠦᠷ ᠲᠤᠲᠤᠮ᠎ᠤᠨ ᠬᠠᠩᠭᠠᠭ᠍ᠰᠠᠨ ᠡᠮᠴᠢᠯᠡᠭᠡᠨ᠎ᠦ ᠦᠢᠯᠡᠴᠢᠯᠡᠭᠡ᠎ᠶ᠋ᠢ ᠳᠠᠭᠠᠭᠠᠴᠢᠯᠠᠬᠤ ᠶᠠᠪᠤᠳᠠᠯ ᠪᠣᠯᠤᠨ᠎ᠠ᠂ 《 ᠢᠵᠢ ᠬᠣᠭᠣᠯᠠ ᠮᠠᠶᠢᠭ᠎ᠢ ᠰᠦᠢ᠍ᠳᠬᠡᠯ      ᠬᠤᠷᠢᠶᠠᠬᠤ 》᠎ᠶᠢ ᠬᠡᠷᠡᠭᠵᠢᠭᠦᠯᠵᠦ᠂ ᠵᠥᠪᠬᠡᠨ ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠲᠥᠪ᠂ ᠱᠢᠶᠠᠩ ᠪᠠᠯᠭᠠᠰᠤ᠎ᠶ᠋ᠢᠨ ᠡᠷᠡᠭᠦᠯ ᠬᠠᠮᠠᠭᠠᠯᠠᠯ᠎ᠤᠨ ᠬᠣᠷᠢᠶ᠎ᠠ᠂ ᠲᠣᠰᠭᠣᠨ᠎ᠤ ᠡᠷᠡᠭᠦᠯ ᠬᠠᠮᠠᠭᠠᠯᠠᠯ᠎ᠤᠨ ᠲᠠᠰᠤᠭ ᠵᠡᠷᠭᠡ ᠠᠯᠪᠠᠨ᠎ᠠᠴᠠ ᠪᠠᠢᠭᠤᠯᠤᠭ᠍ᠰᠠᠨ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ᠎ᠠᠴᠠ ᠬᠤᠷᠢᠶᠠᠬᠤ᠎ᠶ᠋ᠢ ᠬᠢᠵᠠᠭᠠᠷᠯᠠᠵᠤ᠂ ᠭᠣᠤᠯᠳᠠᠭᠤ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ᠎ᠶ᠋ᠢᠨ ᠮᠡᠷᠭᠡᠵᠢᠯ᠎ᠦᠨ ᠴᠢᠳᠠᠪᠤᠷᠢ᠎ᠪᠠᠷ ᠬᠢᠵᠠᠭᠠᠷᠯᠠᠭ᠍ᠳᠠᠳᠠᠭ᠂ ᠶᠡᠬᠡ ᠬᠡᠮᠵᠢᠶᠡᠨ᠎ᠦ ᠮᠡᠰᠡ ᠵᠠᠰᠠᠯ᠎ᠢᠶᠠᠷ ᠡᠮᠴᠢᠯᠡᠬᠦ᠌ ᠲᠥᠷᠥᠯ᠎ᠦᠨ ᠲᠥᠷᠥᠯ ᠵᠦᠢᠯ᠎ᠢ ᠥᠷᠨᠢᠭᠦᠯᠬᠦ᠌᠎ᠶ᠋ᠢᠨ ᠠᠷᠭ᠎ᠠ ᠦᠭᠡᠶ᠂ ᠦᠨᠳᠦᠰᠦᠨ ᠱᠠᠲᠤᠨ᠎ᠤ ᠪᠠᠢᠩᠭᠤ ᠲᠣᠬᠢᠶᠠᠯᠳᠤᠳᠠᠭ ᠡᠮᠴᠢᠯᠡᠭᠡᠨ᠎ᠦ ᠦᠢᠯᠡᠴᠢᠯᠡᠭᠡ᠎ᠳᠦ ᠪᠣᠭᠣᠳᠠᠯᠯᠠᠨ ᠰᠦᠢ᠍ᠳᠬᠡᠯ ᠬᠤᠷᠢᠶᠠᠵᠤ᠂ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢ᠌ᠭᠤᠯᠤᠮᠵᠢ᠎ᠶᠢᠨ ᠣᠷᠣᠯᠭ᠎ᠠ᠎ᠶᠢ ᠲᠣᠭᠲᠠᠭᠤᠨ ᠪᠠᠢ᠌ᠯᠭ᠋ᠠᠬᠤ᠎ᠳᠤ ᠠᠰᠢᠭᠲᠠᠢ᠃

  ᠡᠯ᠎ᠡ ᠭᠠᠵᠠᠷ᠎ᠤᠨ ᠡᠩ᠎ᠦᠨ ᠣᠨᠣᠱᠢᠯᠠᠨ ᠡᠮᠨᠡᠬᠦ᠌ ᠰᠦᠢᠳᠭᠡᠯ᠎ᠦᠨ ᠦᠨ᠎ᠡ ᠬᠠᠩᠰᠢ᠎ᠶ᠋ᠢᠨ ᠲᠥᠪᠱᠢᠨ᠎ᠢ ᠬᠡᠷᠬᠢᠨ ᠲᠣᠭ᠍ᠲᠠᠭᠠᠬᠤ ᠪᠤᠢ?

  ᠡᠮᠴᠢᠯᠡᠭᠡ᠎ᠶ᠋ᠢᠨ ᠦᠢᠯᠡᠴᠢᠯᠡᠭᠡᠨ᠎ᠦ ᠦᠨ᠎ᠡ ᠬᠠᠩᠰᠢ᠎ᠶ᠋ᠢ ᠬᠠᠷᠢᠶᠠᠲᠤ ᠣᠷᠣᠨᠵᠢᠭᠤᠯᠤᠭ᠍ᠰᠠᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠮᠤᠵᠢ᠎ᠶ᠋ᠢᠨ ᠱᠠᠲᠤᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠪᠣᠯᠤᠨ ᠬᠡᠰᠡᠭ ᠦᠨ᠎ᠡ ᠬᠠᠩᠰᠢ᠎ᠶ᠋ᠢᠨ ᠬᠠᠮᠢᠶᠠᠷᠤᠯᠲᠠ᠎ᠶ᠋ᠢᠨ ᠡᠷᠬᠡ ᠮᠡᠳᠡᠯ᠎ᠲᠡᠶ ᠬᠡᠰᠡᠭ ᠲᠤᠰᠭᠠᠶ ᠣᠷᠣᠨ ᠬᠣᠲᠠ᠎ᠶ᠋ᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠣᠳᠠᠲᠠᠶ ᠦᠨ᠎ᠡ ᠬᠠᠩᠰᠢ᠎ᠶ᠋ᠢᠨ ᠬᠢᠷᠢ ᠬᠡᠮᠵᠢᠶ᠎ᠡ᠎ᠶ᠋ᠢ ᠲᠣᠭ᠍ᠲᠠᠭᠠᠬᠤ ᠬᠡᠷᠡᠭ᠌ᠲᠡᠶ᠃ 《 ᠦᠨᠳᠦᠰᠦᠨ ᠡᠮ᠎ᠦᠨ ᠳᠦᠷᠢᠮ ᠪᠣᠯᠤᠨ ᠦᠨᠳᠦᠰᠦᠨ ᠱᠠᠲᠤᠨ᠎ᠤ ᠠᠵᠢᠯᠯᠠᠭᠠᠨ᠎ᠤ ᠱᠢᠨ᠎ᠡ ᠲᠣᠭ᠍ᠲᠠᠴᠠ᠎ᠶ᠋ᠢ ᠪᠡᠬᠢᠵᠢᠭᠦᠯᠦᠨ ᠲᠡᠭᠦᠯᠳᠡᠷᠵᠢᠭᠦᠯᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠰᠠᠨᠠᠯ 》 ( ᠲᠥᠷᠥ᠍ ᠠᠯᠪᠠᠨ ᠲᠠᠷᠬᠠᠭᠠᠭ᠍ᠰᠠᠨ [ 2013 ] 14 ᠳ᠋ᠤᠭᠡᠷ ᠲᠣᠭᠠᠲᠤ )᠎ᠳᠤ᠂ ᠡᠯ᠎ᠡ ᠭᠠᠵᠠᠷ᠎ᠤᠨ ᠬᠢᠨ ᠪᠣᠳᠠᠲᠠᠶ᠎ᠲᠠᠶ᠎ᠪᠠᠨ ᠤᠶᠠᠯᠳᠤᠭᠤᠯᠤᠨ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠡᠩ᠎ᠦᠨ ᠣᠨᠣᠱᠢᠯᠠᠨ ᠡᠮᠨᠡᠬᠦ᠌ ᠵᠠᠷᠤᠳᠠᠯ᠎ᠤᠨ ᠪᠠᠷᠢᠮᠵᠢᠶ᠎ᠠ᠎ᠶ᠋ᠢ ᠵᠦᠢ ᠵᠣᠬᠢᠰᠲᠠᠶ ᠲᠣᠭ᠍ᠲᠠᠭᠠᠵᠤ᠂ ᠵᠠᠷᠴᠢᠮ ᠳᠡᠭᠡᠷ᠎ᠡ᠎ᠪᠡᠨ 10 ᠲᠥᠭᠥᠷᠢᠭ ᠣᠷᠴᠢᠮ ᠬᠡᠷᠡᠭ᠌ᠯᠡᠨ᠎ᠡ ᠭᠡᠵᠦ ᠳᠤᠷᠠᠳᠪᠠ᠃ ᠡᠯ᠎ᠡ ᠭᠠᠵᠠᠷ᠎ᠤᠨ ᠬᠢᠨ ᠨᠢ ᠡᠨᠡ ᠬᠦ᠌ ᠪᠠᠷᠢᠮᠵᠢᠶ᠎ᠠ᠎ᠶ᠋ᠢ ᠦᠨᠳᠦᠰᠦᠯᠡᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ ᠡᠩ᠎ᠦᠨ ᠣᠨᠣᠱᠢᠯᠠᠨ ᠡᠮᠨᠡᠬᠦ᠌ ᠰᠦᠢᠳᠭᠡᠯ᠎ᠦᠨ ᠰᠦᠢᠳᠭᠡᠯ ᠬᠤᠷᠢᠶᠠᠬᠤ ᠪᠠᠷᠢᠮᠵᠢᠶ᠎ᠠ᠎ᠶ᠋ᠢ ᠤᠯᠠᠮ ᠨᠢᠭᠡ ᠠᠯᠬᠤᠮ ᠲᠣᠳᠣᠷᠬᠠᠢᠯᠠᠭ᠍ᠰᠠᠨ ᠪᠣᠯᠪᠠᠴᠤ᠌ ᠦᠨ᠎ᠡ ᠬᠠᠩᠰᠢ᠎ᠶ᠋ᠢᠨ ᠬᠢᠷᠢ ᠬᠡᠮᠵᠢᠶ᠎ᠡ᠎ᠳᠦ ᠵᠣᠬᠢᠬᠤ ᠵᠥᠷᠢᠶ᠎ᠡ ᠣᠷᠣᠱᠢᠵᠤ ᠪᠣᠢ᠃ 2024 ᠣᠨ᠎ᠳᠤ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠶᠡᠷᠦᠩᠬᠡᠢᠯᠡᠭ᠌ᠰᠡᠨ ᠣᠨᠣᠱᠢᠯᠠᠨ ᠪᠠᠢᠴᠠᠭᠠᠬᠤ ᠲᠥᠷᠥᠯ᠎ᠤᠨ ᠰᠡᠳᠦᠪ ᠲᠣᠭ᠍ᠲᠠᠭᠠᠬᠤ ᠵᠦᠭ᠌ᠯᠡᠭᠦᠷ᠎ᠢ ᠨᠠᠢᠷᠠᠭᠤᠯᠤᠨ ᠳᠠᠷᠤᠮᠠᠯᠯᠠᠨ ᠲᠠᠷᠬᠠᠭᠠᠵᠤ᠂ 《 ᠡᠩ᠎ᠤᠨ ᠣᠨᠣᠱᠢᠯᠠᠨ ᠡᠮᠨᠡᠬᠦ᠌ ᠰᠦᠢᠳᠭᠡᠯ 》᠎ᠤᠨ ᠦᠨ᠎ᠡ ᠬᠠᠩᠰᠢ᠎ᠶ᠋ᠢᠨ ᠲᠥᠷᠥᠯ ᠵᠦᠢᠯ᠎ᠢ ᠦᠯᠡᠳᠡᠭᠡᠬᠦ᠌᠎ᠶ᠋ᠢᠨ ᠬᠠᠮᠲᠤ ᠡᠯ᠎ᠡ ᠭᠠᠵᠠᠷ᠎ᠢ ᠵᠢᠯᠣᠭᠤᠳᠤᠨ ᠵᠣᠯᠭᠠᠭᠤᠯᠤᠨ ᠨᠠᠢᠳᠠᠪᠤᠷᠢᠵᠢᠭᠤᠯᠬᠤ᠎ᠶ᠋ᠢ ᠲᠦᠷᠭᠡᠳᠬᠡᠪᠡ᠃ ᠣᠲᠣ ᠪᠣᠯᠲᠠᠯ᠎ᠠ᠂ ᠨᠢᠭᠡᠨᠲᠡ 24 ᠮᠤᠵᠢ ᠶᠡᠷᠦᠩᠬᠡᠢᠯᠡᠨ ᠣᠨᠣᠱᠢᠯᠠᠨ ᠪᠠᠢᠴᠠᠭᠠᠬᠤ ᠲᠥᠷᠥᠯ᠎ᠤᠨ ᠰᠡᠳᠦᠪ ᠲᠣᠭ᠍ᠲᠠᠭᠠᠬᠤ ᠵᠦᠭ᠌ᠯᠡᠭᠦᠷ᠎ᠢ ᠵᠣᠯᠭᠠᠭᠤᠯᠤᠨ ᠨᠠᠢᠳᠠᠪᠤᠷᠢᠵᠢᠭᠤᠯᠵᠤ᠂ ᠦᠨ᠎ᠡ ᠬᠠᠩᠰᠢ᠎ᠶ᠋ᠢᠨ ᠬᠢᠷᠢ ᠲᠦᠪᠱᠢᠨ᠎ᠠᠴᠠ ᠠᠪᠴᠤ᠌ ᠦᠵᠡᠪᠡᠯ᠂ ᠡᠯ᠎ᠡ ᠭᠠᠵᠠᠷ᠎ᠤᠨ ᠦᠨ᠎ᠡ ᠬᠠᠩᠰᠢ᠎ᠶ᠋ᠢᠨ ᠬᠢᠷᠢ ᠲᠦᠪᠱᠢᠨ᠎ᠢ ᠦᠨᠳᠦᠰᠦᠨ᠎ᠳᠤ᠎ᠪᠠᠨ 10 ᠲᠥᠭᠦᠷᠢᠭ ᠣᠷᠴᠢᠮ ᠲᠣᠭ᠍ᠲᠠᠪᠤᠷᠢᠵᠢᠭᠤᠯᠪᠠ᠃ ᠡᠩ᠎ᠤᠨ ᠣᠨᠣᠱᠢᠯᠠᠨ ᠡᠮᠨᠡᠬᠦ᠌ ᠰᠦᠢᠳᠭᠡᠯ᠎ᠢ ᠡᠯ᠎ᠡ ᠭᠠᠵᠠᠷ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ ᠴᠥᠮ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶ᠋ᠢᠨ ᠲᠠᠩᠰᠠ ᠲᠠᠢᠯᠬᠤ ᠬᠡᠪᠴᠢᠶᠡᠨ᠎ᠳᠤ ᠣᠷᠣᠭᠤᠯᠵᠤ᠂ ᠲᠠᠩᠰᠠ ᠲᠠᠢᠯᠤᠭ᠍ᠰᠠᠨ᠎ᠤ ᠳᠠᠷᠠᠭ᠎ᠠ ᠡᠪᠡᠳᠴᠢᠲᠡᠨ ᠵᠥᠪᠬᠡᠨ 1 - 3 ᠲᠥᠭᠦᠷᠢᠭ ᠥᠭ᠌ᠭᠦᠨ᠎ᠡ᠃

  ᠡᠩ᠎ᠤᠨ ᠣᠨᠣᠱᠢᠯᠠᠨ ᠡᠮᠨᠡᠬᠦ᠌ ᠰᠦᠢᠳᠭᠡᠯ ᠪᠤᠶᠤ ᠡᠭᠦᠳᠡᠨ ᠡᠮᠨᠡᠯᠭᠡ᠎ᠶ᠋ᠢᠨ ᠪᠠᠢᠴᠠᠭᠠᠨ ᠦᠵᠡᠬᠦ᠌ ᠰᠦᠢᠳᠭᠡᠯ᠎ᠢ ᠬᠡᠷᠬᠢᠨ ᠬᠤᠷᠢᠶᠠᠬᠤ ᠪᠤᠢ?

  ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠲᠥᠷᠥ᠎ᠶ᠋ᠢᠨ ᠪᠣᠳᠣᠯᠭ᠎ᠠ᠎ᠶ᠋ᠢ ᠦᠨᠳᠦᠰᠦᠯᠡᠪᠡᠯ᠂ ᠡᠩ᠎ᠦᠨ ᠣᠨᠣᠱᠢᠯᠠᠨ ᠡᠮᠨᠡᠬᠦ᠌ ᠰᠦᠢᠳᠭᠡᠯ ᠬᠢᠭᠡᠳ ᠡᠭᠦᠳᠡᠨ ᠡᠮᠨᠡᠯᠭᠡ᠎ᠶ᠋ᠢᠨ ᠣᠨᠣᠱᠢᠯᠠᠨ ᠪᠠᠢᠴᠠᠭᠠᠬᠤ ᠰᠦᠢᠳᠭᠡᠯ᠎ᠢ ᠬᠠᠮᠲᠤ᠎ᠳᠤ ᠨᠢ ᠰᠦᠢᠳᠭᠡᠯ ᠬᠤᠷᠢᠶᠠᠵᠤ ᠪᠣᠯᠬᠤ ᠦᠭᠡᠶ᠂ ᠪᠣᠳᠠᠲᠠᠶ ᠬᠡᠷᠡᠭ᠌ᠵᠢᠭᠦᠯᠬᠦ᠌ ᠠᠯᠢ ᠨᠢᠭᠡᠨ ᠵᠦᠢᠯ᠎ᠦᠨ ᠦᠨ᠎ᠡ ᠬᠠᠩᠰᠢ᠎ᠶ᠋ᠢᠨ ᠲᠥᠷᠥᠯ ᠵᠦᠢᠯ᠎ᠢ ᠬᠠᠷᠢᠶ᠎ᠠ ᠭᠠᠵᠠᠷ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠡᠴᠡ ᠲᠣᠭ᠍ᠲᠠᠭᠠᠬᠤ ᠬᠡᠷᠡᠭ᠌ᠲᠡᠶ᠃ ᠬᠡᠷᠪᠡ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ ᠨᠢ ᠡᠩ᠎ᠦᠨ ᠣᠨᠣᠱᠢᠯᠠᠨ ᠡᠮᠨᠡᠬᠦ᠌ ᠰᠦᠢᠳᠭᠡᠯ᠎ᠢ ᠬᠤᠷᠢᠶᠠᠨ ᠠᠪᠤᠪᠠᠯ᠂ ᠡᠩ᠎ᠦᠨ ᠣᠨᠣᠱᠢᠯᠠᠨ ᠡᠮᠨᠡᠬᠦ᠌ ᠰᠦᠢᠳᠭᠡᠯ᠎ᠳᠤ ᠨᠢᠭᠡᠨᠲᠡ ᠪᠠᠭ᠍ᠲᠠᠭᠠᠭ᠍ᠰᠠᠨ ᠲᠠᠷᠢᠯᠭ᠎ᠠ᠎ᠶ᠋ᠢᠨ ᠰᠦᠢᠳᠭᠡᠯ᠂ ᠬᠤᠷᠢᠶᠠᠬᠤ ᠰᠤᠳᠠᠯ᠎ᠤᠨ ᠱᠢᠩᠭᠡᠨ ᠶᠡᠭᠦᠯᠡᠬᠦ᠌ ᠰᠦᠢᠳᠭᠡᠯ ᠵᠡᠷᠭᠡ ᠵᠠᠷᠤᠳᠠᠯ᠎ᠢ ᠢᠯᠡᠭᠦᠴᠡ ᠬᠤᠷᠢᠶᠠᠨ ᠠᠪᠴᠤ᠌ ᠪᠣᠯᠬᠤ ᠦᠭᠡᠶ᠃ ᠬᠡᠷᠪᠡ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ ᠨᠢ ᠡᠭᠦᠳᠡᠨ ᠡᠮᠨᠡᠯᠭᠡ᠎ᠶ᠋ᠢᠨ ᠣᠨᠣᠱᠢᠯᠠᠨ ᠪᠠᠢᠴᠠᠭᠠᠬᠤ ᠰᠦᠢᠳᠭᠡᠯ ᠬᠤᠷᠢᠶᠠᠪᠠᠯ᠂ ᠪᠣᠳᠠᠲᠠᠶ ᠬᠠᠩᠭᠠᠭ᠍ᠰᠠᠨ ᠡᠮᠴᠢᠯᠡᠭᠡᠨ᠎ᠦ ᠦᠢᠯᠡᠴᠢᠯᠡᠭᠡ᠎ᠶ᠋ᠢᠨ ᠪᠠᠢᠳᠠᠯ᠎ᠢᠶᠠᠨ ᠦᠨᠳᠦᠰᠦᠯᠡᠨ ᠪᠣᠳᠠᠲᠠᠶ ᠪᠠᠢᠳᠠᠯ᠎ᠢᠶᠠᠨ ᠦᠨᠳᠦᠰᠦᠯᠡᠨ ᠲᠠᠷᠢᠯᠭ᠎ᠠ᠎ᠶ᠋ᠢᠨ ᠰᠦᠢᠳᠭᠡᠯ᠂ ᠱᠢᠩᠭᠡᠨ ᠶᠡᠭᠦᠯᠡᠬᠦ᠌ ᠰᠦᠢᠳᠭᠡᠯ ᠵᠡᠷᠭᠡ ᠵᠠᠷᠤᠳᠠᠯ ᠬᠤᠷᠢᠶᠠᠵᠤ ᠪᠣᠯᠤᠨ᠎ᠠ᠃

  ᠡᠪᠡᠳᠴᠢᠲᠡᠨ᠎ᠤ ᠬᠡᠷᠡᠭ᠌ᠰᠡᠬᠦ᠌ ᠡᠮᠨᠡᠭᠦᠯᠬᠦ ᠪᠠᠢᠳᠠᠯ᠎ᠤᠨ ᠶᠣᠰᠤᠭᠠᠷ᠂ ᠡᠭᠦᠳᠡᠨ ᠡᠮᠨᠡᠯᠭᠡ᠎ᠶ᠋ᠢᠨ ᠪᠠᠢᠴᠠᠭᠠᠬᠤ ᠰᠦᠢᠳᠭᠡᠯ᠎ᠢ ᠳᠤᠤᠷᠠᠬᠢ ᠲᠦᠷᠦᠯ᠎ᠳᠤ ᠬᠤᠪᠢᠶᠠᠵᠤ ᠪᠣᠯᠣᠨ᠎ᠠ᠄ ᠨᠢᠭᠡ᠎ᠳᠤ᠂ ᠡᠭᠦᠳᠡᠨ ᠡᠮᠨᠡᠯᠭᠡ᠎ᠶ᠋ᠢᠨ ᠪᠠᠢᠴᠠᠭᠠᠬᠤ ᠰᠦᠢᠳᠭᠡᠯ ( ᠡᠩ᠎ᠤᠨ ᠡᠭᠦᠳᠡᠨ ᠡᠮᠨᠡᠯᠭᠡ )᠂ ᠡᠸᠦ᠋ᠷᠦᠫᠡ ᠡᠮᠨᠡᠯᠭᠡ᠎ᠶ᠋ᠢᠨ ᠰᠠᠯᠠᠭ᠎ᠠ ᠲᠠᠰᠤᠭ᠎ᠤᠨ ᠬᠠᠩᠭᠠᠭ᠍ᠰᠠᠨ ᠳᠠᠩᠰᠠ ᠡᠪᠬᠡᠮᠡᠯ ᠪᠠᠢᠭᠤᠯᠬᠤ᠂ ᠡᠪᠡᠳᠴᠢᠨ᠎ᠤ ᠪᠠᠢᠳᠠᠯ᠎ᠢ ᠣᠢᠯᠠᠭᠠᠬᠤ᠂ ᠰᠢᠯᠭ᠋ᠠᠨ ᠪᠠᠢᠴᠠᠭᠠᠯᠲᠠ᠎ᠶ᠋ᠢᠨ ᠦᠷ᠎ᠡ ᠳ᠋ᠦᠩ᠎ᠢ ᠤᠩᠱᠢᠬᠤ᠂ ᠡᠮᠴᠢᠯᠡᠨ ᠡᠮᠨᠡᠬᠦ᠌ ᠲᠥᠰᠥᠯ ᠲᠣᠭ᠍ᠲᠠᠭᠠᠬᠤ ᠵᠡᠷᠭᠡ ᠦᠢᠯᠡᠴᠢᠯᠡᠭᠡ᠎ᠲᠠᠢ ᠵᠤᠬᠢᠴᠠᠭᠤᠯᠤᠨ᠎ᠠ; ᠬᠤᠶᠠᠷ᠎ᠲᠤ᠌᠂ ᠡᠭᠦᠳᠡᠨ ᠡᠮᠨᠡᠯᠭᠡ᠎ᠶ᠋ᠢᠨ ᠪᠠᠢᠴᠠᠭᠠᠬᠤ ᠰᠦᠢᠳᠭᠡᠯ ( ᠬᠢᠲᠠᠳ ᠡᠮᠨᠡᠯᠭᠡ᠎ᠶ᠋ᠢᠨ ᠬᠤᠪᠢᠰᠤᠩᠭᠤᠢ ᠤᠨᠤᠯ᠎ᠤᠨ ᠵᠠᠰᠠᠯᠲᠠ )᠂ ᠬᠢᠲᠠᠳ ᠡᠮᠨᠡᠯᠭᠡ᠎ᠶ᠋ᠢᠨ ᠰᠠᠯᠠᠭ᠎ᠠ ᠲᠠᠰᠤᠭ᠎ᠤᠨ ᠬᠠᠩᠭᠠᠭ᠍ᠰᠠᠨ ᠳᠠᠩᠰᠠ ᠡᠪᠬᠡᠮᠡᠯ ᠪᠠᠢᠭᠤᠯᠬᠤ᠂ ᠡᠪᠡᠳᠴᠢᠨ᠎ᠤ ᠪᠠᠢᠳᠠᠯ᠎ᠢ ᠣᠢᠯᠠᠭᠠᠬᠤ᠂ ᠬᠤᠪᠢᠰᠤᠩᠭᠤᠢ ᠣᠨᠣᠯ᠎ᠢᠶᠠᠷ ᠵᠠᠰᠠᠬᠤ᠂ ᠦᠨᠡᠮᠯᠡᠯ ᠣᠯᠭᠤᠬᠤ ᠵᠡᠷᠭᠡ ᠡᠮᠴᠢᠯᠡᠭᠡᠨ᠎ᠦ ᠦᠢᠯᠡᠴᠢᠯᠡᠭᠡ; ᠭᠤᠷᠪᠠ᠎ᠳᠤ᠂ ᠡᠭᠦᠳᠡᠨ ᠡᠮᠨᠡᠯᠭᠡ᠎ᠶ᠋ᠢᠨ ᠣᠨᠣᠱᠢᠯᠠᠨ ᠪᠠᠢᠴᠠᠭᠠᠬᠤ ᠰᠦᠢᠳᠭᠡᠯ ( ᠡᠮ᠎ᠤᠨ ᠤᠬᠠᠭᠠᠨ᠎ᠤ ᠡᠭᠦᠳᠡᠨ ᠡᠮᠨᠡᠯᠭᠡ )᠂ ᠬᠠᠷᠠᠭ᠋ᠠᠯᠵᠠᠭᠤᠯᠤᠨ ᠬᠠᠩᠭᠠᠬᠤ ᠡᠮ ᠬᠡᠷᠡᠭ᠌ᠯᠡᠬᠦ᠌ ᠵᠢᠯᠣᠭᠤᠳᠣᠯᠭ᠎ᠠ᠂ ᠵᠥᠪᠯᠡᠯᠭᠡ ᠵᠡᠷᠭᠡ ᠦᠶ᠋ᠯᠡᠴᠢᠯᠡᠭᠡ; ᠳᠥᠷᠪᠡ᠎ᠳᠤ᠂ ᠡᠭᠦᠳᠡᠨ ᠡᠮᠨᠡᠯᠭᠡ᠎ᠶ᠋ᠢᠨ ᠣᠨᠣᠱᠢᠯᠠᠨ ᠪᠠᠢᠴᠠᠭᠠᠬᠤ ᠰᠦᠢᠳᠭᠡᠯ ( ᠰᠤᠪᠢᠯᠠᠯᠲᠠ᠎ᠶ᠋ᠢᠨ ᠡᠭᠦᠳᠡᠨ ᠡᠮᠨᠡᠯᠭᠡ )᠂ ᠬᠠᠷᠠᠭ᠋ᠠᠯᠵᠠᠭᠤᠯᠤᠨ ᠬᠠᠩᠭᠠᠬᠤ ᠰᠤᠪᠢᠯᠠᠯᠲᠠ᠎ᠶ᠋ᠢᠨ ᠵᠥᠪᠯᠡᠯᠭᠡ᠂ ᠪᠡᠶ᠎ᠡ ᠪᠠᠢᠴᠠᠭᠠᠬᠤ᠂ ᠦᠨᠡᠯᠡᠨ ᠵᠢᠱ᠌ᠢᠬᠦ᠌ ᠵᠡᠷᠭᠡ ᠦᠶ᠋ᠯᠡᠴᠢᠯᠡᠭᠡ᠃ ᠳᠠᠬᠢᠨ ᠡᠮᠨᠡᠭᠦᠯᠬᠦ᠌ ᠡᠪᠡᠳᠴᠢᠲᠡᠨ᠎ᠤ ᠬᠡᠷᠡᠭ᠌ᠴᠡᠭᠡ᠎ᠲᠠᠢ ᠡᠮ᠎ᠤᠨ ᠵᠦᠶ᠋ᠯ᠂ ᠬᠤᠷᠣᠭ᠍ᠳᠠᠯ ᠮᠠᠲ᠋ᠧᠷᠢᠶᠠᠯ ᠭᠠᠷᠭᠠᠬᠤ᠂ ᠰᠢᠯᠭ᠋ᠠᠨ ᠪᠠᠢ᠌ᠴᠠᠭ᠋ᠠᠬᠤ ᠵᠣᠷ᠎ᠢ ᠵᠣᠯᠭᠠᠭᠤᠯᠬᠤ ᠵᠡᠷᠭᠡ ᠦᠶ᠋ᠯᠡᠴᠢᠯᠡᠭᠡ᠎ᠳᠤ ᠴᠢᠭ᠌ᠯᠡᠭᠦᠯᠦᠨ᠂ ᠰᠡᠳᠦᠪ ᠲᠣᠭ᠍ᠲᠠᠭᠠᠬᠤ ᠵᠦᠭ᠌ᠯᠡᠭᠦᠷ᠎ᠲᠤ ᠡᠭᠦᠳᠡᠨ ᠡᠮᠨᠡᠯᠭᠡ᠎ᠶ᠋ᠢᠨ ᠣᠨᠣᠱᠢᠯᠠᠨ ᠪᠠᠢᠴᠠᠭᠠᠬᠤ ᠰᠦᠢᠳᠭᠡᠯ ( ᠠᠷᠠᠳ᠎ᠲᠤ ᠲᠥᠬᠦᠮ ᠦᠵᠡᠭᠦᠯᠬᠦ᠌ ᠡᠭᠦᠳᠡᠨ ᠡᠮᠨᠡᠯᠭᠡ ) ᠲᠣᠬᠢᠷᠠᠭᠤᠯᠵᠤ᠂ ᠡᠪᠡᠳᠴᠢᠲᠡᠨ᠎ᠢ ᠳᠠᠬᠢᠨ ᠡᠮᠨᠡᠭᠦᠯᠬᠦ᠌᠎ᠳᠤ ᠲᠥᠬᠦᠮ ᠦᠵᠡᠭᠦᠯᠦᠨ᠎ᠡ᠃ ᠡᠭᠦᠨ᠎ᠠᠴᠠ ᠭᠠᠳᠠᠨ᠎ᠠ᠂ ᠶᠡᠷᠦᠩᠬᠡᠢᠯᠡᠨ ᠣᠨᠣᠱᠢᠯᠠᠨ ᠪᠠᠢᠴᠠᠭᠠᠬᠤ ᠲᠥᠷᠥᠯ᠎ᠤᠨ ᠰᠡᠳᠦᠪ ᠲᠣᠭ᠍ᠲᠠᠭᠠᠬᠤ ᠵᠦᠭ᠌ᠯᠡᠭᠦᠷ᠎ᠲᠤ ᠳᠡᠳ᠋ ᠡᠷᠬᠢᠯᠡᠭ᠌ᠴᠢ᠂ ᠡᠷᠬᠢᠯᠡᠭ᠌ᠴᠢ ᠡᠮᠴᠢ ( ᠡᠮ ᠨᠠᠢᠷᠠᠭ᠍ᠴᠢ )᠎ᠶ᠋ᠢᠨ ᠬᠠᠩᠭᠠᠭ᠍ᠰᠠᠨ ᠣᠨᠣᠱᠢᠯᠠᠨ ᠪᠠᠢᠴᠠᠭᠠᠬᠤ ᠦᠢᠯᠡᠴᠢᠯᠡᠭᠡ᠎ᠳᠤ᠂ ᠡᠩ᠎ᠤᠨ ᠣᠨᠣᠱᠢᠯᠠᠨ ᠪᠠᠢᠴᠠᠭᠠᠬᠤ ᠰᠦᠢᠳᠭᠡᠯ᠎ᠤᠨ ᠰᠠᠭᠤᠷᠢᠨ ᠳᠡᠭᠡᠷ᠎ᠡ ᠨᠡᠮᠡᠵᠦ᠍ ᠬᠤᠷᠢᠶᠠᠵᠤ ᠪᠣᠯᠤᠨ᠎ᠠ ᠭᠡᠵᠦ᠍ ᠲᠣᠳᠣᠷᠬᠠᠶ ᠲᠣᠭ᠍ᠲᠠᠭᠠᠵᠠᠶ᠃

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            