ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠢᠯᠡᠴᠢᠯᠡᠭᠡ   -   ᠲᠠᠨ᠎ᠳᠤ ᠦᠢᠯᠡᠴᠢᠯᠡᠬᠦ᠌
《 ᠪᠦᠬᠦ᠌ ᠠᠷᠠᠳ᠎ᠤᠨ ᠳᠠᠭᠠᠳᠭᠠᠯ᠎ᠳᠤ ᠣᠷᠣᠯᠴᠠᠬᠤ ᠠᠰᠠᠭᠤᠯᠲᠠ᠎ᠶᠢᠨ ᠪᠦᠷᠢᠨ ᠬᠠᠷᠢᠭᠤᠯᠲᠠ ᠭᠤᠷᠪᠠ 》 ᠢᠳᠡᠷ ᠴᠢᠭᠢᠷᠠᠭ ᠵᠠᠯᠠᠭᠤᠴᠤᠳ ᠪᠡᠶ᠎ᠡ ᠮᠠᠬᠠᠪᠣᠳ ᠡᠷᠡᠭᠦᠯ ᠮᠠᠨᠲᠤ ᠪᠠᠰᠠ ᠳᠠᠭᠠᠳᠭᠠᠯ᠎ᠳᠤ ᠣᠷᠣᠯᠴᠠᠬᠤ ᠴᠢᠬᠤᠯᠠᠲᠠᠶ ᠤᠤ?
ᠨᠡᠶ᠋ᠢᠲᠡᠯᠡᠭᠰᠡᠨ ᠴᠠᠭ᠄ 2026-01-06

ᠤᠳᠤ ᠪᠠᠶ᠎ᠡ ᠮᠠᠬᠠᠪᠤᠣᠠ ᠡᠷᠠᠭᠦᠯ ᠮᠠᠨᠲᠤ ᠤᠷᠢᠳ᠎ᠢᠶᠠᠷ ᠲᠤᠱᠢᠶᠠᠬᠤ ᠦᠭᠡᠢ᠂ ᠡᠪᠡᠳᠴᠢᠯᠡᠪᠡᠯ ᠰᠠᠶᠢ ᠰᠠᠭᠣᠭᠠᠯᠢ ᠠᠷᠠᠣᠠ᠎ᠤᠨ ᠡᠮᠴᠢᠯᠡᠭᠡᠨ᠎ᠤ ᠲᠠᠭᠠᠣᠠᠬᠠᠯ᠎ᠳᠤ ᠣᠷᠣᠯᠴᠠᠵᠤ ᠪᠤᠯᠬᠤ ᠤᠤ?

  ᠪᠣᠯᠬᠤ ᠦᠭᠡᠢ ! 2025 ᠣᠨ᠎ᠠᠴᠠ ᠡᠬᠢᠯᠡᠨ᠂ ᠲᠥᠪᠯᠡᠷᠡᠭᠦᠯᠦᠨ ᠲᠤᠱᠢᠶᠠᠬᠤ ᠬᠤᠭᠤᠴᠠᠭᠠᠨ᠎ᠳᠤ ᠰᠠᠭᠤᠭᠠᠯᠢ ᠠᠷᠠᠳ᠎ᠤᠨ ᠡᠮᠴᠢᠯᠡᠭᠡᠨ᠎ᠤ ᠳᠠᠭᠠᠳᠭᠠᠯ᠎ᠳᠤ ᠣᠷᠣᠯᠴᠠᠬᠤ ᠭᠠᠷᠳᠠᠮ᠎ᠢ ᠪᠡᠶᠡᠯᠡᠭᠦᠯᠦᠭ᠌ᠰᠡᠨ ᠥᠬᠡᠶ ᠵᠢᠴᠢ ᠰᠦᠢᠳᠭᠡᠯ ᠲᠤᠱᠢᠶᠠᠬᠤ᠎ᠶ᠋ᠢ ᠲᠠᠰᠤᠯᠠᠭ᠍ᠰᠠᠨ᠎ᠤ ᠳᠠᠷᠠᠭ᠎ᠠ ᠳᠠᠬᠢᠨ ᠳᠠᠭᠠᠳᠭᠠᠯ᠎ᠳᠤ ᠣᠷᠣᠯᠴᠠᠬᠤ ᠬᠥᠮᠦᠰ᠎ᠲᠤ ᠨᠠᠭᠠᠳᠤ ᠵᠠᠬ᠎ᠠ᠎ᠳᠤ᠎ᠪᠠᠨ ᠭᠤᠷᠪᠠᠨ ᠰᠠᠷ᠎ᠠ᠎ᠶ᠋ᠢᠨ ᠬᠦᠯᠢᠶᠡᠬᠦ᠌ ᠬᠤᠭᠤᠴᠠᠭ᠎ᠠ᠎ᠶ᠋ᠢ ᠬᠡᠷᠡᠭᠵᠢᠭᠦᠯᠪᠡ᠃ ᠡᠨᠡ ᠬᠤᠭᠤᠴᠠᠭᠠᠨ᠎ᠳᠤ᠂ ᠳᠠᠭᠠᠳᠭᠠᠯ᠎ᠤᠨ ᠰᠦᠢᠳᠭᠡᠯ᠎ᠢᠶᠡᠨ ᠲᠤᠱᠢᠶᠠᠭ᠍ᠰᠠᠨ ᠴᠤ᠌ ᠪᠠᠰᠠ ᠭᠤᠷᠪᠠᠨ ᠰᠠᠷ᠎ᠠ ᠬᠦᠯᠢᠶᠡᠭ᠌ᠰᠡᠨ᠎ᠦ ᠳᠠᠷᠠᠭ᠎ᠠ ᠰᠠᠶᠢ ᠳᠠᠩᠰᠠ ᠲᠠᠢᠯᠬᠤ ᠬᠠᠷᠠᠭᠠᠯᠵᠠᠯ ᠬᠦᠷᠲᠡᠨ᠎ᠡ᠃ ᠡᠭᠦᠨ᠎ᠠᠴᠠ ᠭᠠᠳᠠᠨ᠎ᠠ᠂ ᠰᠦᠢᠳᠭᠡᠯ ᠲᠤᠱᠢᠶᠠᠬᠤ᠎ᠶ᠋ᠢ ᠢᠯᠡᠭᠦᠦ ᠨᠢᠭᠡ ᠵᠢᠯ ᠳᠠᠰᠣᠯᠬᠤ ᠪᠦᠷᠢ ᠬᠦᠯᠢᠶᠡᠬᠦ᠌ ᠬᠤᠭᠤᠴᠠᠭ᠎ᠠ᠎ᠠᠴᠠ ᠭᠠᠳᠠᠨ᠎ᠠ ᠨᠢᠭᠡ ᠰᠠᠷ᠎ᠠ ᠢᠯᠡᠭᠦᠦ ᠨᠡᠮᠡᠭ᠌ᠳᠡᠨ᠎ᠡ᠃ ᠡᠪᠡᠳᠴᠢᠨ ᠡᠮᠭᠡᠭ ᠬᠦᠮᠦᠨ᠎ᠢ ᠬᠦᠯᠢᠶᠡᠬᠦ ᠦᠭᠡᠢ᠂ ᠡᠪᠡᠳᠴᠢᠯᠡᠬᠦ᠎ᠳ᠋ᠦ᠍ ᠪᠠᠲᠤᠯᠠᠭ᠎ᠠ ᠦᠭᠡᠢ ᠪᠠᠢᠬᠤ᠎ᠠ᠋ᠴᠠ ᠵᠠᠢᠯᠠᠰᠬᠢᠬᠦ᠌᠎ᠶᠢᠨ ᠲᠥᠯᠥᠭᠡ᠂ ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭᠠᠨ᠎ᠳ᠋ᠤ ᠰᠦᠢᠳᠭᠡᠯ ᠲᠤᠰᠢᠶᠠᠵᠤ᠂ ᠴᠠᠭ ᠲᠤᠬᠠᠢ᠎ᠳ᠋ᠤ ᠨᠢ ᠳᠠᠭᠠᠳᠭᠠᠯ᠎ᠳ᠋ᠤ ᠣᠷᠣᠬᠤ ᠭᠠᠷ ᠭᠦᠢᠴᠡᠳᠭᠡᠯ ᠬᠢᠵᠦ᠍᠂ ᠵᠠᠯᠭ᠎ᠠ᠎ᠪᠠᠷ ᠳᠠᠭᠠᠳᠭᠠᠯ᠎ᠳ᠋ᠤ 4 ᠵᠢᠯ ᠣᠷᠣᠯᠴᠠᠭ᠍ᠰᠠᠨ ᠬᠥᠮᠦᠰ ᠳᠠᠷᠠᠭ᠎ᠠ ᠨᠢ 1 ᠵᠢᠯ ᠢᠯᠡᠭᠦᠦ ᠲᠤᠰᠢᠶᠠᠪᠠᠯ᠂ ᠰᠠᠭᠤᠭᠠᠯᠢ ᠠᠷᠠᠳ᠎ᠤ᠋ᠨ ᠬᠦᠨᠳᠦ ᠡᠪᠡᠳᠴᠢᠨ᠎ᠦ᠌ ᠳᠠᠭᠠᠳᠭᠠᠯ᠎ᠤ᠋ᠨ ᠳᠠᠩᠰᠠ ᠲᠠᠢᠯᠬᠤ ᠳᠡᠭᠡᠳᠦ ᠬᠢᠵᠠᠭᠠᠷ᠎ᠢ᠋ ᠠᠳᠠᠭ᠎ᠲᠤ᠎ᠪᠠᠨ 1000 ᠲᠥᠭᠥᠷᠢᠭ ᠳᠡᠭᠡᠭ᠌ᠱᠢᠯᠡᠭᠦᠯᠵᠦ᠍᠂ ᠵᠠᠷᠢᠮ ᠭᠠᠵᠠᠷ ᠣᠷᠣᠨ᠎ᠳ᠋ᠤ ᠪᠠᠰᠠ 3000 - 4000 ᠲᠥᠭᠥᠷᠢᠭ ᠳᠡᠭᠡᠭ᠌ᠱᠢᠯᠡᠭᠦᠯᠦᠨ᠂ ᠪᠠᠲᠤᠯᠠᠭ᠎ᠠ ᠨᠢ ᠨᠡᠩ ᠬᠦᠴᠦᠲᠡᠢ ᠪᠣᠯᠵᠠᠢ᠃

  ᠳᠠᠭᠠᠳᠭᠠᠯ᠎ᠳ᠋ᠤ ᠣᠷᠣᠵᠤ ᠰᠦᠢᠳᠭᠡᠯ ᠲᠤᠰᠢᠶᠠᠬᠤ ᠨᠢ ᠱᠠᠩᠨᠠᠯᠲᠤ ᠰᠤᠭᠤᠯᠤᠭ᠎ᠠ ᠠᠪᠬᠤ ᠮᠡᠲᠦ᠂ ᠱᠠᠩᠨᠠᠯ ᠨᠡᠢ᠌ᠲᠡᠯᠡᠭᠰᠡᠨ᠎ᠦ ᠳᠠᠷᠠᠭ᠎ᠠ ᠳᠠᠬᠢᠨ ᠬᠤᠳᠠᠯᠳᠤᠨ ᠠᠪᠴᠤ ᠪᠣᠯᠬᠤ ᠦᠭᠡᠢ; ᠲᠡᠷᠭᠡᠨ᠎ᠦ ᠳᠠᠭ᠋ᠠᠳᠬᠠᠯ ᠬᠤᠳᠠᠯᠳᠤᠨ ᠠᠪᠬᠤ᠎ᠳᠤ᠂ ᠲᠡᠷᠭᠡ ᠮᠥᠷᠭᠥᠭᠰᠡᠨ᠎ᠦ ᠳᠠᠷᠠᠭ᠎ᠠ ᠳᠠᠬᠢᠨ ᠳᠠᠭ᠋ᠠᠳᠬᠠᠯ᠎ᠳᠤ ᠣᠷᠣᠯᠴᠠᠵᠤ ᠪᠣᠯᠬᠤ ᠦᠭᠡᠢ᠃ ᠣᠯᠠᠨ᠎ᠢᠶᠠᠷ᠎ᠢᠶᠠᠨ ᠡᠪᠡᠳᠴᠢᠯᠡᠭᠰᠡᠨ᠎ᠦ ᠳᠠᠷᠠᠭ᠎ᠠ ᠳᠠᠬᠢᠨ ᠳᠠᠭᠠᠳᠭᠠᠯ᠎ᠳᠤ ᠣᠷᠣᠯᠴᠠᠪᠠᠯ᠂ ᠡᠮᠴᠢᠯᠡᠭᠡᠨ᠎ᠦ ᠳᠠᠭᠠᠳᠭᠠᠯ ᠪᠠᠢᠬᠤ ᠦᠭᠡᠶ ᠪᠣᠯᠣᠨ᠎ᠠ᠂ ᠬᠡᠪ᠎ᠦᠨ ᠳᠠᠭᠠᠳᠭᠠᠯ᠎ᠳᠤ ᠣᠷᠣᠯᠴᠠᠭ᠍ᠰᠠᠳ᠎ᠲᠤ ᠴᠤ᠌ ᠪᠠᠰᠠ ᠡᠷᠬᠡ ᠲᠡᠭ᠌ᠰᠢ ᠦᠭᠡᠶ᠃

ᠢᠷᠡᠯᠲᠡ᠄ ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠣᠯᠠᠨ ᠨᠡᠢ᠌ᠲᠡ᠎ᠶᠢᠨ ᠸᠢᠴᠠᠲ ᠲᠠᠪᠴᠠᠩ
          
ᠬᠠᠮᠢᠶ᠎ᠡ ᠪᠦᠬᠦᠢ ᠰᠣᠨᠢᠨ
 
            