ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠠᠴᠠ ᠡᠯ᠎ᠡ ᠭᠠᠵᠠᠷ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠢ ᠵᠢᠯᠣᠭᠤᠳᠤᠨ ᠳ᠋ᠠᠢ᠌ᠲ᠋ᠠ᠎ᠶ᠋ᠢᠨ ᠠᠵᠢᠯ᠎ᠤᠨ ᠳᠤᠭᠤᠢᠯᠠᠩ᠎ᠢ ᠵᠣᠬᠢᠶᠠᠨ ᠪᠠᠢᠭᠤᠯᠵᠤ᠂ ᠠᠵᠢᠯ᠎ᠤᠨ ᠲᠣᠭ᠍ᠲᠠᠴᠠ᠎ᠶ᠋ᠢ ᠪᠦᠷᠢᠨᠱᠢᠬᠦᠯᠦᠨ᠂ ᠳ᠋ᠠᠢ᠌ᠲ᠋ᠠ᠎ᠶ᠋ᠢᠨ ᠵᠠᠳᠠᠯᠤᠯᠲᠠ᠎ᠶ᠋ᠢ ᠴᠢᠩᠭᠠᠳᠭᠠᠵᠤ᠂ ᠳ᠋ᠠᠢ᠌ᠲ᠋ᠠ ᠨᠡᠢᠲᠡᠯᠡᠬᠦ᠌ ᠠᠵᠢᠯ᠎ᠢ ᠦᠷᠭᠦᠯᠵᠢᠯᠡᠨ ᠰᠠᠢᠲᠤᠷ ᠬᠢᠪᠡ᠃ ᠳ᠋ᠠᠢ᠌ᠲ᠋ᠠ᠎ᠶ᠋ᠢᠨ ᠬᠡᠷᠡᠭ᠌ᠯᠡᠯᠲᠡ᠎ᠶ᠋ᠢ 《 ᠦᠵᠡᠵᠦ᠍ ᠳᠡᠢᠯᠬᠦ᠌ 》᠎ᠠᠴᠠ 《 ᠬᠡᠷᠡᠭ᠌ᠯᠡᠵᠦ᠍ ᠪᠣᠯᠬᠤ᠂ ᠰᠠᠢᠲᠤᠷ ᠬᠡᠷᠡᠭ᠌ᠯᠡᠬᠦ᠌ 》 ᠲᠡᠢ᠌ᠰᠢ ᠬᠥᠭ᠌ᠵᠢᠭᠦᠯᠵᠦ᠍᠂ ᠳ᠋ᠠᠢ᠌ᠲ᠋ᠠ᠎ᠶ᠋ᠢᠨ ᠮᠡᠳᠡᠭᠦᠯᠦᠯᠲᠡ᠎ᠶ᠋ᠢ ᠬᠠᠨᠳᠤᠯᠭ᠎ᠠ᠎ᠲᠠᠢ᠎ᠪᠠᠷ ᠬᠦᠷᠭᠡᠬᠦ᠂ ᠲᠤᠰᠭᠠᠶ ᠮᠡᠷᠭᠡᠵᠢᠯᠲᠡᠨ᠎ᠤ ᠬᠥᠮᠥᠷᠭᠡ ᠪᠠᠢᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠨ᠂ ᠳ᠋ᠠᠢ᠌ᠲ᠋ᠠ᠎ᠶ᠋ᠢ ᠡᠮᠨᠡᠯᠭᠡ᠎ᠶ᠋ᠢᠨ ᠬᠤᠷᠢᠶ᠎ᠠ᠎ᠶ᠋ᠢ ᠬᠠᠪᠰᠤᠷᠤᠨ ᠨᠠᠷᠢᠯᠢᠭ᠍ᠵᠢᠭᠤᠯᠤᠨ ᠬᠠᠮᠢᠶᠠᠷᠬᠤ᠎ᠶ᠋ᠢᠨ 《 ᠪᠢᠯᠢᠭ᠎ᠤᠨ ᠨᠢᠳᠦ 》 ᠪᠣᠯᠭᠠᠨ ᠬᠤᠪᠢᠷᠠᠭᠤᠯᠪᠠ᠃ ᠣᠷᠣᠨ ᠨᠤᠲᠤᠭ᠎ᠤᠨ ᠡᠮᠴᠢᠯᠡᠭᠡᠨ᠎ᠤ ᠳᠠᠭᠠᠳᠭᠠᠯ᠎ᠤᠨ ᠳ᠋ᠠᠢ᠌ᠲ᠋ᠠ᠎ᠶ᠋ᠢ ᠨᠡᠢᠲᠡᠯᠡᠬᠦ᠌ ᠬᠢᠯᠠᠰ ᠴᠡᠭ ᠵᠠᠯᠭᠠᠭ᠎ᠠ᠎ᠪᠠᠷ ᠢᠯᠡᠷᠡᠵᠦ᠍᠂ ᠬᠦᠢᠴᠡᠳᠭᠡᠯ ᠲᠤᠭ᠎ᠠ᠎ᠶ᠋ᠢ ᠨᠠᠷᠢᠯᠢᠬ᠍ᠵᠢᠭᠤᠯᠤᠨ᠂ ᠠᠭᠤᠯᠤᠭ᠍ᠳᠠᠬᠤᠨ᠎ᠢ ᠪᠠᠶᠠᠯᠢᠭ᠍ᠵᠢᠭᠤᠯᠵᠤ᠂ ᠬᠠᠮᠲᠤ᠎ᠪᠠᠷ ᠨᠢᠭᠡ ᠪᠦᠯᠦᠭ ᠳ᠋ᠠᠢ᠌ᠲ᠋ᠠ᠎ᠶ᠋ᠢᠨ ᠬᠡᠷᠡᠭ᠌ᠯᠡᠭᠡ᠎ᠪᠠᠷ ᠭᠤᠷᠪᠠᠨ ᠡᠮᠴᠢᠯᠡᠭᠡᠨ᠎ᠤ ᠬᠠᠮᠵᠢᠯᠴᠠᠭ᠎ᠠ᠎ᠶ᠋ᠢ ᠠᠬᠢᠭᠤᠯᠬᠤ ᠥᠭᠡᠷᠡᠴᠢᠯᠡᠯᠲᠡ᠎ᠶ᠋ᠢᠨ ᠵᠢᠷᠤᠭ᠎ᠢ ᠵᠢᠷᠤᠭ᠍ᠯᠠᠪᠠ᠃
ᠹᠦᠵᠢᠶᠠᠨᠤ᠋ ᠰᠠᠨ ᠮᠢᠩᠦ᠋ᠨ ᠡᠮᠴᠢᠯᠡᠭᠡᠨ᠎ᠦ ᠳᠠᠭᠠᠳᠭᠠᠯ᠎ᠤ᠋ᠨ ᠳ᠋ᠠᠢ᠌ᠲ᠋ᠠ᠎ᠶᠢ ᠨᠡᠢᠲᠡᠯᠡᠬᠦ᠌ ᠨᠢ ᠨᠢᠭᠡᠨᠲᠡ ᠰᠢᠨ᠎ᠡ ᠰᠡᠪᠡᠭᠦᠨ ᠤᠴᠢᠷ ᠪᠢᠰᠢ ᠪᠣᠯᠵᠠᠢ᠃ ᠰᠠᠨᠮᠢᠩ ᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠰᠠᠷ᠎ᠠ ᠪᠦᠷᠢ ᠣᠯᠠᠨ ᠨᠡᠢᠲᠡ᠎ᠶ᠋ᠢᠨ ᠸᠢᠴᠠᠲ ᠲᠠᠪᠴᠠᠩ᠎ᠢᠶᠠᠷ ᠳᠠᠮᠵᠢᠭᠤᠯᠤᠨ ᠰᠠᠭᠤᠷᠢ ᠮᠥᠩᠭᠦ᠎ᠶ᠋ᠢᠨ ᠠᠵᠢᠯᠯᠠᠭᠠᠨ᠎ᠤ ᠳ᠋ᠠᠢ᠌ᠲ᠋ᠠ᠎ᠶ᠋ᠢ ᠨᠡᠢᠲᠡᠯᠡᠵᠦ᠍᠂ ᠳ᠋ᠠᠢ᠌ᠲ᠋ᠠ᠎ᠶ᠋ᠢᠨ ᠵᠠᠳᠠᠯᠤᠯᠲᠠ᠎ᠶ᠋ᠢᠨ ᠮᠡᠳᠡᠭᠦᠯᠦᠯᠲᠡ᠎ᠶ᠋ᠢ ᠡᠯ᠎ᠡ ᠡᠮᠨᠡᠯᠭᠡ᠎ᠶ᠋ᠢᠨ ᠬᠤᠷᠢᠶ᠎ᠠ᠎ᠳᠤ ᠵᠡᠷᠭᠡ ᠪᠡᠷ ᠬᠦᠷᠭᠡᠵᠦ᠍᠂ ᠡᠮᠴᠢᠯᠡᠭᠡᠨ᠎ᠦ ᠳᠠᠭᠠᠳᠭᠠᠯ᠎ᠤᠨ ᠳ᠋ᠠᠢ᠌ᠲ᠋ᠠ᠎ᠶ᠋ᠢ 《 ᠦᠭᠡ ᠬᠡᠯᠡᠵᠦ ᠴᠢᠳᠠᠬᠤ ᠨᠢᠭᠤᠴᠠ ᠺᠣᠳ᠋ 》 ᠪᠣᠯᠭᠠᠨ ᠬᠤᠪᠢᠷᠠᠭᠤᠯᠵᠤ᠂ ᠭᠤᠷᠪᠠᠨ ᠡᠮᠴᠢᠯᠡᠭᠡ᠎ᠶ᠋ᠢ ᠬᠠᠮᠵᠢᠯᠴᠠᠨ ᠬᠥᠭ᠌ᠵᠢᠭᠦᠯᠬᠦ᠌ ᠪᠠ ᠵᠠᠰᠠᠬᠤ 《 ᠱᠢᠨ᠎ᠡ ᠵᠠᠮ 》᠎ᠢ ᠨᠡᠭᠡᠭᠡᠪᠡ᠃ ᠲᠠᠢ ᠨᠢᠩ ᠱᠢᠶᠠᠨ᠎ᠤ ᠶᠡᠷᠦᠩᠭᠡᠢ ᠡᠮᠨᠡᠯᠬᠡ᠎ᠶ᠋ᠢᠨ ᠬᠤᠷᠢᠶᠠᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠠᠯᠪᠡᠨ ᠭᠡᠷ᠎ᠤᠨ ᠬᠠᠷᠢᠭᠤᠴᠠᠯᠭᠠᠲᠠᠨ ᠫᠠᠨ ᡁᠢ ᠬᠤᠸᠠ ᠢᠯᠡᠳᠬᠡᠬᠦᠳᠦᠪᠡᠨ᠂ 《 ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠦᠴᠢᠷ᠎ᠤᠨ ᠬᠠᠨᠲᠤᠯᠭ᠎ᠠ᠎ᠲᠠᠢ ᠬᠦᠷᠬᠡᠭ᠌ᠰᠡᠨ ᠳ᠋ᠠᠢ᠌ᠲ᠋ᠠ ᠨᠢ ᠮᠠᠰᠢ ᠴᠢᠬᠤᠯᠠ ᠶᠤᠮ! ᠲᠡᠷᠡ ᠪᠣᠯ ᠨᠢᠭᠡ ᠬᠤᠣᠰ 〈 ᠪᠢᠯᠢᠭ᠎ᠤᠨ ᠨᠢᠳᠦ 〉᠎ᠲᠠᠢ ᠠᠳᠠᠯᠢ᠂ ᠪᠢᠳᠡᠨ᠎ᠢ ᠬᠠᠪᠰᠤᠷᠤᠨ ᠡᠵᠡᠩᠨᠡᠯᠲᠡ᠎ᠶ᠋ᠢᠨ ᠳᠤᠲᠠᠭᠤᠳᠠᠯ ᠪᠠ ᠬᠠᠮᠢᠶᠠᠷᠤᠯᠲᠠ᠎ᠶ᠋ᠢᠨ ᠡᠪᠡᠳᠦᠯ ᠴᠡᠭ᠎ᠢ ᠲᠦᠷᠭᠡᠨ ᠲᠣᠭ᠍ᠲᠠᠭᠠᠵᠤ᠂ ᠢᠯᠠᠩᠭᠤᠶ᠎ᠠ ᠡᠪᠡᠳᠴᠢᠨ᠎ᠤ ᠵᠦᠢᠯ᠎ᠤᠨ ᠵᠠᠳᠠᠯᠤᠯᠲᠠ ᠪᠠ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠬᠥᠨᠳᠡᠯᠡᠨ ᠴᠢᠭ᠌ᠯᠡᠯ᠎ᠤᠨ ᠬᠠᠷᠢᠴᠠᠯ᠎ᠤᠨ ᠳ᠋ᠠᠢ᠌ᠲ᠋ᠠ᠎ᠶ᠋ᠢ ᠬᠡᠷᠡᠭ᠌ᠯᠡᠵᠦ᠍᠂ ᠡᠮᠨᠡᠯᠭᠡ᠎ᠶ᠋ᠢᠨ ᠬᠤᠷᠢᠶ᠎ᠠ᠎ᠶ᠋ᠢ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢᠨ ᠲᠠᠯ᠎ᠠ᠎ᠪᠠᠷ ᠬᠠᠷᠠᠯᠲᠠ᠎ᠲᠠᠢ᠎ᠪᠠᠷ ᠰᠤᠮᠤ ᠬᠠᠷᠪᠤᠵᠤ ᠥᠭ᠌ᠪᠡ 》 ᠭᠡᠪᠡ᠃
ᠭᠤᠸᠠᠩᠰᠢ᠎ᠶ᠋ᠢᠨ ᠴᠢᠨ ᠵᠧᠦ᠍᠎ᠶ᠋ᠢᠨ 《 ᠭᠡᠷ᠎ᠦᠨ ᠡᠳ᠋ ᠬᠣᠭᠰᠢᠯ᠎ᠢᠶᠠᠨ ᠦᠵᠡᠭᠦᠯᠬᠦ 》 ᠬᠢᠷᠢ ᠪᠦᠲᠦᠮᠵᠢ᠎ᠶ᠋ᠢᠨ ᠬᠠᠭᠤᠳᠠᠰᠤ ᠠᠳᠠᠯᠢᠬᠠᠨ᠎ᠢᠶᠠᠷ ᠭᠢᠯᠠᠰᠤᠮ᠎ᠠ ᠪᠠᠢ᠌ᠵᠤ᠂ 《2024 ᠣᠨ᠎ᠳᠤ᠂ ᠠᠯᠪᠠᠨ᠎ᠠᠴᠠ ᠪᠠᠢᠭᠤᠯᠤᠭ᠍ᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠡᠮ᠎ᠤᠨ ᠵᠦᠢᠯ᠂ ᠡᠮᠴᠢᠯᠡᠭᠡᠨ᠎ᠤ ᠥᠨᠳᠥᠷ ᠥᠷᠲᠡᠭ᠌ᠲᠦ ᠬᠤᠷᠣᠭ᠍ᠳᠠᠯ ᠮᠠᠲ᠋ᠧᠷᠢᠶᠠᠯ᠎ᠢ ᠲᠣᠤᠷ᠎ᠢᠶᠠᠷ ᠬᠤᠳᠠᠯᠳᠤᠨ ᠠᠪᠤᠭ᠍ᠰᠠᠨ ᠨᠣᠷᠮ᠎ᠠ᠎ᠨᠢ ᠲᠣᠰ ᠲᠣᠰ 94.58%᠂ 92.11%᠎ᠳᠤ ᠬᠦᠷᠴᠦ᠍᠂ ᠪᠥᠬᠦ᠌ ᠵᠢᠯ᠎ᠳᠤ ᠡᠮᠴᠢᠯᠡᠭᠡᠨ᠎ᠤ ᠪᠠᠢᠭᠤᠯᠤᠮᠵᠢ᠎ᠳᠤ ᠨᠡᠢᠲᠡ 6.04 ᠳ᠋ᠦᠩᠱᠢᠭᠤᠷ ᠲᠥᠭᠦᠷᠢᠭ᠎ᠤᠨ ᠬᠤᠳᠠᠯᠳᠤᠨ ᠠᠪᠬᠤ ᠪᠠᠯᠠ ᠮᠥᠩᠭᠦ᠎ᠶ᠋ᠢ ᠠᠷᠪᠢᠯᠠᠵᠤ᠂ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ 4.23 ᠳ᠋ᠦᠩᠱᠢᠭᠤᠷ ᠲᠥᠭᠦᠷᠢᠭ ᠠᠷᠪᠢᠯᠠᠵᠤ᠂ ᠣᠯᠠᠨ ᠲᠦᠮᠡᠨ᠎ᠤ ᠳᠠᠷᠤᠭᠠᠰᠤ᠎ᠶ᠋ᠢ ᠱᠢᠭᠤᠳ ᠬᠥᠩᠭᠡᠷᠡᠭᠦᠯᠦᠭᠰᠡᠨ ᠨᠢ ᠪᠠᠷᠤᠭ 1.81 ᠳ᠋ᠦᠩᠱᠢᠭᠤᠷ ᠲᠥᠭᠦᠷᠢᠭ ᠪᠣᠯᠤᠨ᠎ᠠ ᠁》᠃ ᠡᠳᠡᠭᠡᠷ ᠲᠣᠭ᠎ᠠ ᠨᠢ ᠨᠢᠭᠡᠨᠲᠡ ᠴᠢᠨ ᠵᠧᠦ ᠡᠮᠴᠢᠯᠡᠭᠡᠨ᠎ᠤ ᠳᠠᠭᠠᠳᠭᠠᠯ᠎ᠤᠨ ᠳ᠋ᠠᠢ᠌ᠲ᠋ᠠ᠎ᠶ᠋ᠢ ᠨᠡᠢᠲᠡᠯᠡᠬᠦ᠌ ᠬᠡᠪ᠎ᠦᠨ ᠠᠭᠤᠯᠭ᠎ᠠ ᠪᠣᠯᠵᠠᠢ᠃ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ ᠪᠠᠰᠠ ᠡᠮᠴᠢᠯᠡᠭᠡᠨ᠎ᠤ ᠪᠠᠲᠤᠯᠠᠭ᠎ᠠ᠎ᠶᠢᠨ ᠮᠡᠳᠡᠭᠡ ᠵᠠᠩᠭᠢ᠎ᠶ᠋ᠢᠨ ᠱᠢᠰᠲ᠋ᠧᠮ᠎ᠤᠨ ᠲᠣᠮᠣ ᠳ᠋ᠠᠢᠲ᠋ᠠ᠎ᠶ᠋ᠢ ᠠᠱᠢᠭ᠍ᠯᠠᠨ ᠳ᠋ᠠᠢ᠌ᠲ᠋ᠠ᠎ᠶ᠋ᠢᠨ ᠵᠠᠳᠠᠯᠤᠯᠲᠠ ᠬᠢᠵᠦ᠍᠂ ᠣᠷᠣᠱᠢᠵᠤ ᠪᠠᠢᠭ᠎ᠠ ᠠᠰᠠᠭᠤᠳᠠᠯ᠎ᠢ ᠢᠯᠡᠷᠡᠭᠦᠯᠵᠦ᠍᠂ ᠬᠡᠪ᠎ᠤᠨ ᠪᠤᠰᠤ ᠳ᠋ᠠᠢ᠌ᠲ᠋ᠠ᠎ᠶ᠋ᠢ ᠤᠷᠢᠳᠴᠢᠯᠠᠨ ᠰᠡᠷᠡᠮᠵᠢᠯᠡᠭᠦᠯᠵᠦ᠍᠂ ᠡᠮᠴᠢᠯᠡᠭᠡᠨ᠎ᠤ ᠪᠠᠢᠭᠤᠯᠤᠮᠵᠢ᠎ᠶ᠋ᠢᠨ ᠳ᠋ᠠᠢ᠌ᠲ᠋ᠠ᠎ᠶ᠋ᠢᠨ ᠭᠤᠯᠳᠤ ᠪᠠ ᠬᠥᠨᠳᠡᠯᠡᠨ ᠴᠢᠭ᠌ᠯᠡᠯ᠎ᠢᠶᠠᠷ ᠵᠠᠳᠠᠯᠤᠨ ᠬᠠᠷᠢᠴᠠᠭᠤᠯᠬᠤ᠎ᠶ᠋ᠢ ᠴᠢᠩᠭᠠᠳᠭᠠᠪᠠ᠃ 《 ᠳᠥᠷᠪᠡᠨ ᠨᠢᠭᠡ 》᠎ᠶ᠋ᠢᠨ ᠠᠵᠢᠯᠯᠠᠬᠤ ᠠᠷᠭ᠎ᠠ᠎ᠪᠠᠷ ᠳᠠᠮᠵᠢᠭᠤᠯᠤᠨ᠂ ᠲᠤᠬᠠᠢᠯᠠᠪᠠᠯ ᠨᠢᠭᠡ ᠬᠤᠪᠢ ᠳ᠋ᠠᠢ᠌ᠲ᠋ᠠ᠎ᠶ᠋ᠢᠨ ᠵᠠᠳᠠᠯᠤᠯᠲᠠ᠎ᠶ᠋ᠢᠨ ᠮᠡᠳᠡᠭᠦᠯᠦᠯᠲᠡ᠎ᠶ᠋ᠢ ᠳᠠᠮᠵᠢᠭᠤᠯᠵᠤ᠂ ᠨᠢᠭᠡ ᠤᠳᠠᠭᠠᠨ᠎ᠤ ᠲᠤᠰᠭᠠᠶ ᠰᠡᠳᠦᠪᠲᠦ ᠶᠠᠷᠢᠯᠴᠠᠬᠤ ᠬᠤᠷᠠᠯ ᠬᠤᠷᠠᠯᠳᠤᠭᠤᠯᠵᠤ᠂ ᠨᠢᠭᠡ ᠬᠤᠪᠢ ᠬᠢᠨᠠᠯᠲᠠ ᠬᠠᠮᠢᠶᠠᠷᠤᠯᠲᠠ᠎ᠶ᠋ᠢᠨ ᠰᠠᠨᠠᠭᠤᠯᠤᠮᠵᠢ ᠥᠭ᠌ᠴᠦ᠂ ᠨᠢᠭᠡ ᠤᠳᠠᠭᠠᠨ᠎ᠤ ᠲᠤᠰᠭᠠᠶ ᠪᠠᠢᠴᠠᠭᠠᠯᠲᠠ᠎ᠶ᠋ᠢ ᠥᠷᠨᠢᠭᠦᠯᠵᠦ᠍᠂ 《 ᠳ᠋ᠠᠢ᠌ᠲ᠋ᠠ᠎ᠲᠠᠢ ᠪᠠᠢᠬᠤ 》᠂ 《 ᠳ᠋ᠠᠢ᠌ᠲ᠋ᠠ᠎ᠶ᠋ᠢ ᠬᠡᠷᠡᠭ᠌ᠯᠡᠬᠦ᠌ 》᠎ᠠᠴᠠ 《 ᠳ᠋ᠠᠢ᠌ᠲ᠋ᠠ᠎ᠶ᠋ᠢ ᠠᠮᠢᠳᠤᠯᠢᠭ ᠬᠡᠷᠡᠭ᠌ᠯᠡᠬᠦ᠌ 》 ᠪᠣᠯᠭᠠᠨ ᠬᠤᠪᠢᠷᠠᠭᠤᠯᠬᠤ᠎ᠶ᠋ᠢ ᠪᠡᠶᠡᠯᠡᠭᠦᠯᠪᠡ᠃
ᠣᠳᠣᠬᠠᠨ᠎ᠳᠤ᠂ ᠡᠮᠴᠢᠯᠡᠭᠡᠨ᠎ᠦ ᠳᠠᠭᠠᠳᠭᠠᠯ᠎ᠤᠨ ᠳ᠋ᠠᠢ᠌ᠲ᠋ᠠ᠎ᠶ᠋ᠢᠨ ᠠᠵᠢᠯ᠎ᠤᠨ ᠳᠤᠭᠤᠢᠯᠠᠩ ᠨᠢᠭᠡᠨᠲᠡ ᠡᠮᠴᠢᠯᠡᠭᠡᠨ᠎ᠦ ᠪᠠᠲᠤᠯᠠᠭ᠎ᠠ ᠪᠣᠯᠤᠨ ᠡᠮᠴᠢᠯᠡᠭᠡᠨ᠎ᠦ ᠪᠠᠢᠭᠤᠯᠤᠮᠵᠢ᠎ᠶ᠋ᠢ ᠬᠤᠯᠪᠣᠬᠤ ᠪᠠᠲᠤ ᠴᠢᠩᠭ᠎ᠠ ᠬᠤᠯᠪᠣᠭᠠᠰᠤ ᠪᠣᠯᠵᠣ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠬᠥᠭ᠌ᠵᠢᠯᠲᠡ᠂ ᠡᠮᠴᠢᠯᠡᠭᠡᠨ᠎ᠦ ᠪᠠᠲᠤᠯᠠᠭ᠎ᠠ᠎ᠶᠢᠨ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠴᠢᠬᠤᠯᠠ ᠡᠭᠦᠷᠭᠡ᠎ᠶ᠋ᠢ ᠯᠠᠪᠳᠠᠭᠤᠨ ᠲᠣᠭ᠍ᠲᠠᠭᠤᠨ᠎ᠢᠶᠠᠷ ᠡᠭᠦᠷᠭᠡᠯᠡᠪᠡ᠃ ᠳ᠋ᠠᠢ᠌ᠲ᠋ᠠ᠎ᠶ᠋ᠢᠨ ᠠᠵᠢᠯ᠎ᠤᠨ ᠳᠤᠭᠤᠢᠯᠠᠩ᠎ᠤᠨ ᠱᠢᠨ᠎ᠡ᠎ᠶ᠋ᠢ ᠡᠭᠦᠳᠬᠦ᠌ ᠦᠢᠯᠡᠳᠦᠯᠭᠡ᠎ᠨᠢ ᠥᠩᠭᠡᠷᠡᠭ᠌ᠰᠡᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠪᠣᠯᠤᠨ ᠡᠮᠴᠢᠯᠡᠭᠡᠨ᠎ᠦ ᠪᠠᠢᠭᠤᠯᠤᠮᠵᠢ᠎ᠶ᠋ᠢᠨ ᠬᠤᠭᠤᠷᠣᠨᠳᠣᠬᠢ ᠮᠡᠳᠡᠭᠡ ᠵᠠᠩᠭᠢ᠎ᠶ᠋ᠢᠨ ᠪᠠᠬᠢᠯᠡᠯᠲᠡ᠎ᠶ᠋ᠢ ᠡᠪᠳᠡᠵᠦ᠍᠂ ᠳ᠋ᠠᠢ᠌ᠲ᠋ᠠ᠎ᠶ᠋ᠢ ᠲᠤᠰᠠᠭᠠᠷ ᠲᠤᠭ᠎ᠠ ᠪᠢᠰᠢ ᠪᠠᠢ᠌ᠵᠤ᠂ ᠬᠠᠷᠢᠨ ᠢᠲᠡᠭᠡᠯᠴᠡᠭᠡ᠎ᠪᠠᠨ ᠨᠡᠮᠡᠭ᠌ᠳᠡᠭᠦᠯᠬᠦ᠂ ᠬᠠᠮᠵᠢᠯᠴᠠᠨ ᠬᠦᠴᠦᠯᠡᠬᠦ᠌ ᠬᠥᠭᠦᠷᠭᠡ ᠪᠣᠯᠭᠠᠨ ᠬᠤᠪᠢᠷᠠᠭᠤᠯᠪᠠ᠃ ᠢᠷᠡᠭᠡᠳᠦᠢ᠎ᠳᠤ᠂ ᠳ᠋ᠠᠢ᠌ᠲ᠋ᠠ᠎ᠶ᠋ᠢᠨ ᠠᠵᠢᠯ᠎ᠤᠨ ᠳᠤᠭᠤᠢᠯᠠᠩ ᠦᠷᠭᠦᠯᠵᠢᠯᠡᠨ ᠦᠨ᠎ᠡ ᠦᠷᠳᠡᠭ᠎ᠢ ᠪᠠᠳᠠᠷᠠᠭᠤᠯᠵᠤ᠂ ᠡᠮᠴᠢᠯᠡᠭᠡᠨ᠎ᠤ ᠪᠠᠢᠭᠤᠯᠤᠮᠵᠢ᠎ᠳᠤ ᠣᠨᠣᠪᠴᠢᠲᠠᠢ ᠬᠦᠴᠦᠨ ᠨᠡᠮᠡᠷᠢᠯᠡᠵᠦ᠂ ᠣᠨᠣᠱᠢᠯᠠᠨ ᠡᠮᠨᠡᠬᠦ᠌ ᠦᠢᠯᠡᠴᠢᠯᠡᠭᠡ᠎ᠶ᠋ᠢ ᠱᠢᠯᠢᠳᠡᠭ᠌ᠵᠢᠭᠦᠯᠬᠦ᠂ ᠦᠢᠯᠡᠴᠢᠯᠡᠭᠡᠨ᠎ᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠂ ᠱᠢᠨᠵᠢᠯᠡᠭᠡᠨ᠎ᠤ ᠰᠠᠯᠠᠭ᠎ᠠ᠎ᠶ᠋ᠢᠨ ᠪᠠᠢᠭᠤᠯᠤᠯᠲᠠ᠎ᠶ᠋ᠢ ᠳᠡᠮᠵᠢᠬᠦ᠌᠎ᠳᠤ ᠬᠦᠴᠦᠲᠡᠢ ᠳᠡᠮᠵᠢᠯᠭᠡ ᠬᠠᠩᠭᠠᠬᠤ᠎ᠶ᠋ᠢᠨ ᠬᠠᠮᠲᠤ ᠤᠨᠢᠨ ᠳᠡᠭᠡᠷ᠎ᠡ᠎ᠨᠢ ᠳ᠋ᠠᠢ᠌ᠲ᠋ᠠ᠎ᠶ᠋ᠢ ᠨᠡᠢᠲᠡᠯᠡᠵᠦ᠍᠂ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠢᠶᠠᠷ ᠠᠵᠢᠯᠯᠠᠬᠤ᠎ᠶ᠋ᠢ ᠪᠠᠲᠤᠯᠠᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠡᠮᠴᠢᠯᠡᠭᠡᠨ᠎ᠤ ᠳᠠᠭᠠᠳᠭᠠᠯ᠎ᠤᠨ ᠳ᠋ᠠᠢ᠌ᠲ᠋ᠠ᠎ᠪᠠᠷ ᠲᠦᠭ ᠲᠦᠮᠡᠨ ᠠᠢᠯ ᠡᠷᠦᠬᠡ᠎ᠶ᠋ᠢᠨ ᠡᠷᠡᠭᠦᠯ ᠮᠡᠨᠳᠦ᠍᠎ᠶ᠋ᠢᠨ ᠪᠤᠶᠠᠨ ᠵᠢᠷᠭᠠᠯ᠎ᠢ ᠰᠠᠢᠲᠤᠷ ᠰᠠᠬᠢᠨ ᠬᠠᠮᠠᠭᠠᠯᠠᠨ᠎ᠠ᠃