ᠲᠣᠢ᠌ᠮᠣ ᠪᠠᠢ᠌ᠳᠠᠯ
ᠲᠣᠢ᠌ᠮᠤ ᠪᠠᠢ᠌ᠳᠠᠯ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠪᠤᠯ ᠡᠮᠴᠢᠯᠡᠭᠡ ᠵᠢᠨ ᠪᠠᠲᠤᠯᠠᠭ᠎ᠠ ᠵᠢᠨ ᠠᠵᠢᠯ᠎ᠤᠨ ᠲᠤᠬᠠᠶ ᠨᠠᠮ᠎ᠤᠨ ᠲᠥᠪ ᠬᠤᠷᠢᠶ᠎ᠠ ᠵᠢᠨ ᠴᠢᠭᠯᠡᠯᠲᠡ ᠲᠥᠷᠥ ᠵᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠠᠮᠢᠶ᠎ᠠ ᠪᠦᠬᠦᠢ ᠰᠢᠢ᠍ᠳᠪᠦᠷᠢᠳᠦ ᠪᠣᠳᠣᠯᠭ᠎ᠠ ᠵᠢᠨ ᠪᠠᠢ᠌ᠷᠢᠯᠠᠭᠤᠯᠤᠯᠳᠠ ᠵᠢ ᠲᠣᠭᠣᠰᠢᠯᠠᠭᠣᠯᠣᠨ ᠨᠠᠢ᠌ᠳᠠᠪᠦᠷᠢᠵᠢᠭᠤᠯᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠬᠦ ᠶᠠᠪᠤᠴᠠ᠎ᠳᠤ ᠡᠮᠴᠢᠯᠡᠭᠡ ᠵᠢᠨ ᠪᠠᠲᠤᠯᠠᠭ᠎ᠠ ᠵᠢᠨ ᠠᠵᠢᠯ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ᠃ ᠭᠣᠣᠯ ᠡᠭᠦᠷᠭᠡ ᠬᠠᠷᠢᠭᠤᠴᠠᠯᠭ᠎ᠠ᠄ (ᠨᠢᠭᠡ) ᠡᠮ ᠡᠮᠨᠡᠯᠭᠡ ᠵᠢᠨ ᠳᠠᠭ᠋ᠠᠳᠬᠠᠯ᠂ ᠬᠦᠩᠭᠡᠵᠢᠯ᠎ᠤᠨ ᠳᠠᠭ᠋ᠠᠳᠬᠠᠯ᠂ ᠡᠮᠴᠢᠯᠡᠭᠡ ᠵᠢᠨ ᠠᠪᠤᠷᠠᠨ ᠲᠤᠰᠠᠯᠠᠬᠤ ᠵᠡᠷᠭᠡ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠲᠥᠰᠦᠯ᠎ᠢ ᠲᠤᠭᠤᠷᠪᠢᠵᠤ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠂ ᠲᠦᠯᠦᠪᠵᠢᠭᠦᠯᠭᠡ᠂ ᠪᠠᠷᠢᠮᠵᠢᠶ᠎ᠠ ᠵᠢ ᠰᠤᠳᠤᠯᠤᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ (ᠬᠣᠶᠠᠷ) ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠪᠦᠬᠦ ᠣᠷᠣᠨ᠎ᠤ ᠡᠮᠴᠢᠯᠡᠭᠡ ᠵᠢᠨ ᠪᠠᠳᠤᠯᠠᠭ᠎ᠠ ᠵᠢᠨ ᠰᠠᠭᠤᠷᠢ ᠮᠥᠩᠭᠥ ᠵᠢᠨ ᠲᠥᠰᠦᠪ ᠪᠠ ᠲᠥᠰᠦᠪ᠎ᠤᠨ ᠭᠦᠢ᠍ᠴᠡᠳᠭᠡᠯ᠎ᠤᠨ ᠲᠥᠰᠦᠯ᠎ᠢ ᠨᠠᠶ᠋ᠢᠷᠠᠭᠤᠯᠤᠨ ᠵᠣᠬᠢᠶᠠᠵᠤ᠂ ᠡᠮᠴᠢᠯᠡᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ ᠵᠢ ᠵᠣᠬᠢᠶᠠᠨ ᠪᠠᠢ᠌ᠭᠤᠯᠤᠨ ᠲᠣᠭᠲᠠᠭ᠋ᠠᠵᠤ᠂ ᠡᠮᠴᠢᠯᠡᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠠᠮᠤᠷ ᠲᠦᠪᠰᠢᠨ᠎ᠢ ᠰᠡᠷᠭᠡᠶ᠋ᠢᠯᠡᠨ ᠡᠵᠡᠮᠳᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠡᠮᠴᠢᠯᠡᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠠᠬᠢᠭᠤᠯᠤᠨ᠎ᠠ᠃
ᠦᠵᠡᠮᠵᠢ

内蒙古自治区人民政府主办   内蒙古自治区医疗保障局承办   内蒙古蒙科立蒙古科技股份有限公司技术支持

蒙ICP备05000248号   邮箱:nmgybjzwgk@163.com 蒙公网安备 15010502001108号

政府网站标识码:1500000001