ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠪᠥᠬᠦ᠌ ᠠᠷᠠᠳ᠎ᠢᠶᠠᠷ᠎ᠢᠶᠠᠨ ᠳᠠᠭᠠᠳᠭᠠᠯ᠎ᠳᠤ ᠣᠷᠣᠯᠴᠠᠬᠤ ᠠᠵᠢᠯ᠎ᠢ ᠤᠯᠠᠮ ᠨᠢᠭᠡ ᠠᠯᠬᠤᠮ ᠠᠬᠢᠭᠤᠯᠵᠤ᠂ ᠣᠯᠠᠨ ᠲᠦᠮᠡᠨ᠎ᠤ ᠡᠮᠴᠢᠯᠡᠭᠡᠨ᠎ᠦ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠣᠢᠯᠠᠭᠠᠬᠤ ᠬᠡᠮᠵᠢᠶ᠎ᠡ᠎ᠶ᠋ᠢ ᠦᠨᠡᠨ ᠬᠦ᠌ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ 2025 ᠣᠨ᠎ᠤ 9 ᠳ᠋ᠦ᠍ᠭᠡᠷ ᠰᠠᠷ᠎ᠠ᠎ᠶ᠋ᠢᠨ 30 ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠪᠥᠬᠦ᠌ ᠠᠷᠠᠳ᠎ᠢᠶᠠᠷ᠎ᠢᠶᠠᠨ ᠳᠠᠭᠠᠳᠭᠠᠯ᠎ᠳᠤ ᠣᠷᠣᠯᠴᠠᠬᠤ ᠲᠥᠪᠯᠡᠷᠡᠩᠭᠦᠶ ᠤᠬᠠᠭᠤᠯᠭ᠎ᠠ᠎ᠶ᠋ᠢᠨ ᠰᠠᠷ᠎ᠠ᠎ᠶ᠋ᠢᠨ ᠠᠵᠢᠯᠯᠠᠭ᠎ᠠ᠎ᠶ᠋ᠢᠨ ᠡᠬᠢᠯᠡᠯᠲᠡ᠎ᠶ᠋ᠢᠨ ᠶᠣᠰᠣᠯᠠᠯ ᠪᠤᠭᠤᠲᠤ ᠬᠤᠲᠠ᠎ᠳᠤ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠼᠠᠢ ᠬᠤᠩ ᠢᠦᠶ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃

ᠪᠥᠬᠦ᠌ ᠠᠷᠠᠳ᠎ᠢᠶᠠᠷ᠎ᠢᠶᠠᠨ ᠳᠠᠭᠠᠳᠭᠠᠯ᠎ᠳᠤ ᠣᠷᠣᠯᠴᠠᠬᠤ᠎ᠶ᠋ᠢ ᠲᠥᠪᠯᠡᠷᠡᠭᠦᠯᠦᠨ ᠤᠬᠠᠭᠤᠯᠬᠤ ᠰᠠᠷ᠎ᠠ᠎ᠶ᠋ᠢᠨ ᠠᠵᠢᠯᠯᠠᠭ᠎ᠠ᠎ᠶ᠋ᠢ ᠥᠷᠨᠢᠭᠦᠯᠬᠦ᠌ ᠪᠣᠯ ᠪᠥᠬᠦ᠌ ᠠᠷᠠᠳ᠎ᠢᠶᠠᠷ᠎ᠢᠶᠠᠨ ᠳᠠᠭᠠᠳᠭᠠᠯ᠎ᠳᠤ ᠣᠷᠣᠯᠴᠠᠭ᠍ᠰᠠᠨ ᠦᠷ᠎ᠡ ᠪᠦᠲᠦᠭᠡᠯ᠎ᠢ ᠪᠠᠬᠢᠵᠢᠭᠦᠯᠬᠦ᠂ ᠠᠷᠠᠳ ᠣᠯᠠᠨ᠎ᠤ ᠡᠮᠴᠢᠯᠡᠭᠡᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ ᠪᠣᠳᠠᠲᠤ ᠬᠡᠷᠡᠭ᠌ᠴᠡᠭᠡ ᠮᠥᠨ᠃ ᠥᠷᠭᠡᠨ᠎ᠢᠶᠠᠷ ᠤᠬᠠᠭᠤᠯᠬᠤ᠎ᠪᠠᠷ ᠳᠠᠮᠵᠢᠭᠤᠯᠤᠨ᠂ ᠣᠯᠠᠨ ᠲᠦᠮᠡᠨ᠎ᠳᠤ ᠡᠮᠴᠢᠯᠡᠭᠡᠨ᠎ᠦ ᠳᠠᠭᠠᠳᠭᠠᠯ᠎ᠳᠤ ᠣᠷᠣᠯᠴᠠᠬᠤ ᠴᠢᠬᠤᠯᠠ ᠶᠡᠭᠡ ᠠᠴᠢ ᠬᠤᠯᠪᠣᠭ᠍ᠳᠠᠯ᠂ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠵᠠᠩᠭᠢᠯᠠᠭ᠎ᠠ᠎ᠶ᠋ᠢᠨ ᠦᠢᠯᠡᠳᠦᠯ᠎ᠢ ᠲᠣᠳᠣᠷᠬᠠᠶ ᠶᠠᠷᠢᠵᠤ᠂ ᠪᠥᠬᠦ᠌ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ ᠲᠦᠷᠢᠮ᠎ᠤᠨ ᠪᠠᠢᠭᠤᠯᠤᠯᠲᠠ᠎ᠶ᠋ᠢ ᠠᠬᠢᠭᠤᠯᠬᠤ᠎ᠳᠤ ᠠᠱᠢᠭ᠍ᠲᠠᠶ᠂ ᠪᠥᠬᠦ᠌ ᠠᠷᠠᠳ᠎ᠤᠨ ᠡᠪᠡᠳᠴᠢᠨ ᠡᠮᠭᠡᠭ᠎ᠤᠨ ᠡᠮᠴᠢᠯᠡᠭᠡᠨ᠎ᠤ ᠬᠤᠢᠱᠢᠳᠠ᠎ᠶ᠋ᠢᠨ ᠵᠣᠪᠠᠨᠢᠯ᠎ᠢ ᠠᠷᠢᠯᠭᠠᠬᠤ ᠬᠠᠷᠠᠯᠲᠠ᠎ᠶ᠋ᠢ ᠪᠡᠶᠡᠯᠡᠭᠦᠯᠬᠦ᠌᠎ᠶ᠋ᠢ ᠳᠥᠯᠭᠢᠨ ᠠᠬᠢᠭᠤᠯᠬᠤ᠎ᠳᠤ ᠠᠱᠢᠭ᠍ᠲᠠᠶ ᠶᠤᠮ᠃
ᠲᠣᠰ ᠤᠳᠠᠭᠠᠨ᠎ᠤ ᠤᠬᠠᠭᠤᠯᠭ᠎ᠠ᠎ᠶ᠋ᠢᠨ ᠰᠠᠷᠠᠨ᠎ᠢ 《ᠳᠤᠮᠳᠠᠳᠤ ᠤᠯᠤᠰ᠎ᠤᠨ ᠡᠮᠴᠢᠯᠡᠭᠡᠨ᠎ᠦ ᠳᠠᠭᠠᠳᠭᠠᠯ ᠨᠠᠰᠤᠨ ᠲᠤᠷᠰᠢᠲᠠ ᠰᠠᠬᠢᠨ ᠬᠠᠮᠠᠭᠠᠯᠠᠬᠤ》 ᠪᠠᠷ ᠭᠤᠤᠯ ᠰᠡᠳᠦᠪ ᠪᠣᠯᠭᠠᠵᠤ᠂ ᠤᠬᠠᠭᠤᠯᠭ᠎ᠠ᠎ᠶ᠋ᠢᠨ ᠰᠠᠷ᠎ᠠ᠎ᠶ᠋ᠢᠨ ᠬᠤᠭᠤᠴᠠᠭᠠᠨ᠎ᠳᠤ᠂ ᠪᠥᠬᠦ᠌ ᠣᠷᠣᠨ᠎ᠤ ᠡᠮᠴᠢᠯᠡᠭᠡᠨ᠎ᠦ ᠳᠠᠭᠠᠳᠭᠠᠯ᠎ᠤᠨ ᠰᠢᠰᠲᠸᠮ᠎ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠭᠤᠷᠬᠢ ᠣᠯᠠᠨ ᠵᠦᠢᠯ᠎ᠤᠨ ᠠᠷᠭ᠎ᠠ ᠵᠠᠮ᠎ᠢ ᠭᠦᠢᠴᠡᠳ ᠠᠱᠢᠭ᠍ᠯᠠᠨ᠂ ᠡᠮᠴᠢᠯᠡᠭᠡᠨ᠎ᠦ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠂ ᠳᠠᠭᠠᠳᠭᠠᠯ᠎ᠳᠤ ᠣᠷᠣᠯᠴᠠᠬᠤ ᠵᠦᠭ᠌ᠯᠡᠭᠦᠷ᠂ ᠬᠡᠷᠡᠭ᠎ᠤᠨ ᠵᠢᠱ᠌ᠢᠶ᠎ᠡ᠎ᠶ᠋ᠢ ᠬᠤᠪᠢᠶᠠᠯᠴᠠᠨ ᠡᠳ᠋ᠯᠡᠬᠦ᠌ ᠵᠡᠷᠭᠡ ᠠᠭᠤᠯᠭ᠎ᠠ᠎ᠶ᠋ᠢ ᠨᠡᠢᠲᠡᠯᠡᠵᠦ᠍᠂ ᠪᠠᠶᠠᠯᠢᠭ ᠰᠠᠢᠬᠠᠨ᠂ ᠠᠮᠢᠳᠤᠯᠢᠭ ᠰᠣᠨᠢᠷᠬᠠᠯᠲᠠᠶ ᠬᠡᠯᠪᠡᠷᠢ᠎ᠪᠠᠷ ᠣᠯᠠᠨ ᠲᠦᠮᠡᠨ᠎ᠤ ᠠᠩᠬᠠᠷᠤᠯ᠎ᠢ ᠲᠠᠲᠠᠬᠤ ᠪᠣᠯᠤᠨ᠎ᠠ᠃ ᠡᠭᠦᠨ᠎ᠤ ᠬᠠᠮᠲᠤ ᠪᠠᠰᠠ ᠪᠥᠬᠦ᠌ ᠣᠷᠣᠨ᠎ᠤ ᠡᠮᠴᠢᠯᠡᠭᠡᠨ᠎ᠦ ᠳᠠᠭᠠᠳᠭᠠᠯ᠎ᠤᠨ ᠹᠷᠣᠨᠲ᠎ᠤᠨ ᠺᠠᠳ᠋ᠷ ᠠᠵᠢᠯᠲᠠᠨ᠎ᠢ ᠵᠣᠬᠢᠶᠠᠨ ᠪᠠᠢᠭᠤᠯᠤᠨ ᠨᠡᠢᠭᠡᠮ ᠲᠣᠭᠤᠷᠢᠭ᠂ ᠬᠥᠳᠡᠭᠡ ᠲᠣᠰᠭᠤᠨ᠂ ᠰᠤᠷᠭᠠᠭᠤᠯᠢ᠂ ᠠᠵᠤ ᠠᠬᠤᠢᠯᠠᠯ᠂ ᠡᠮᠨᠡᠯᠭᠡ᠎ᠶ᠋ᠢᠨ ᠬᠤᠷᠢᠶ᠎ᠠ ᠵᠡᠷᠭᠡ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠢᠷᠡᠭᠦᠯᠵᠦ᠍᠂ ᠲᠠᠢᠯᠤᠮᠵᠢ ᠡᠷᠭᠢᠯᠡᠬᠦ᠂ ᠠᠰᠠᠭᠤᠨ ᠯᠠᠪᠯᠠᠬᠤ ᠲᠠᠪᠴᠠᠩ ᠪᠠᠢᠭᠤᠯᠬᠤ᠂ ᠤᠬᠠᠭᠤᠯᠭ᠎ᠠ᠎ᠶ᠋ᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠣᠯᠠᠨ ᠲᠦᠮᠡᠨ᠎ᠤ ᠮᠠᠳᠠᠭ᠎ᠲᠠᠢ ᠠᠰᠠᠭᠤᠳᠠᠯ᠎ᠢ ᠲᠠᠢᠯᠪᠤᠷᠢᠯᠠᠨ ᠥᠭ᠌ᠴᠦ᠂ ᠳᠣᠲᠣᠨᠣ ᠦᠢᠯᠡᠴᠢᠯᠡᠭᠡ ᠬᠠᠩᠭᠠᠨ᠎ᠠ᠃