10 ᠳ᠋ᠤᠭᠠᠷ ᠰᠠᠷ᠎ᠠ᠎ᠶ᠋ᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠤᠯᠤᠰ ᠲᠥᠷᠥ᠎ᠶ᠋ᠢᠨ ᠤᠬᠠᠭᠠᠨ᠎ᠤ ᠵᠢᠭᠠᠨ ᠰᠤᠳᠤᠯᠬᠤ ᠬᠡᠯᠲᠡᠰ᠎ᠤᠨ ᠡᠷᠬᠢᠯᠡᠭ᠌ᠴᠢ ᠵᠤᠸᠠᠩ ᠴᠢᠶᠠᠨ ᠫᠷᠤᠹᠧᠰᠰᠤᠷ᠎ᠢ ᠤᠷᠢᠵᠤ ᠨᠠᠮ᠎ᠤᠨ ᠭᠡᠱᠢᠭᠦᠨ ᠺᠠᠳ᠋ᠷᠴᠤᠳ᠎ᠲᠤ 《ᠰᠢ᠎ᠶ᠋ᠢᠨ ᠫᠢᠩ ᠲᠥᠷᠥ᠎ᠶ᠋ᠢ ᠵᠠᠰᠠᠬᠤ ᠲᠣᠬᠠᠢ》ᠭᠡᠬᠦ᠌ ᠨᠣᠮ᠎ᠤᠨ ᠲᠠᠪᠤᠳᠤᠭᠠᠷ ᠪᠣᠲᠢ᠎ᠶ᠋ᠢᠨ ᠰᠤᠷᠤᠯᠴᠠᠯᠭ᠎ᠠ᠎ᠶ᠋ᠢᠨ ᠬᠥᠲᠥᠯᠦᠨ ᠵᠢᠯᠣᠭᠤᠳᠣᠯᠭ᠎ᠠ ᠬᠢᠯᠭᠡᠵᠡᠶ᠃

ᠵᠤᠸᠠᠩ ᠴᠢᠶᠠᠨ ᠶᠢᠦ ᠫᠷᠤᠹᠧᠰᠰᠤᠷ ᠴᠢᠬᠤᠯᠠ ᠶᠡᠭᠡ ᠠᠴᠢ ᠬᠤᠯᠪᠣᠭ᠍ᠳᠠᠯ᠎ᠢ ᠭᠦᠨᠵᠡᠭᠡᠢ ᠣᠢᠯᠠᠭᠠᠵᠤ᠂ ᠭᠤᠣᠯ ᠠᠭᠤᠯᠭ᠎ᠠ᠎ᠶ᠋ᠢ ᠣᠨᠣᠪᠴᠢᠲᠠᠢ ᠡᠵᠡᠮᠳᠡᠵᠦ᠍᠂ ᠰᠤᠷᠤᠯᠴᠠᠯᠭ᠎ᠠ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠪᠠᠲᠤᠯᠠᠬᠤ ᠭᠤᠷᠪᠠᠨ ᠲᠠᠯ᠎ᠠ᠎ᠠᠴᠠ 《ᠰᠢ᠎ᠶ᠋ᠢᠨ ᠫᠢᠩ ᠲᠥᠷᠥ᠎ᠶ᠋ᠢ ᠵᠠᠰᠠᠬᠤ ᠲᠣᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠳᠤ ᠭᠦᠨᠵᠡᠭᠡᠢ ᠤᠨᠤᠯ᠎ᠤᠨ ᠲᠠᠢᠯᠪᠤᠷᠢᠯᠠᠯᠲᠠ ᠪᠠ ᠠᠮᠢᠳᠤᠯᠢᠭ ᠦᠢᠯᠡᠳᠦᠯᠭᠡ᠎ᠶ᠋ᠢᠨ ᠲᠠᠢᠯᠪᠤᠷᠢ ᠬᠢᠵᠦ᠍᠂ ᠪᠦᠬᠦ᠌ ᠲᠠᠯ᠎ᠠ᠎ᠶ᠋ᠢᠨ ᠨᠠᠮ᠎ᠤᠨ ᠭᠡᠱᠢᠭᠦᠨ ᠺᠠᠳ᠋ᠷᠴᠤᠳ᠎ᠤᠨ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠴᠢᠨᠠᠭ᠍ᠰᠢᠳᠠ ᠰᠤᠷᠤᠯᠴᠠᠨ ᠲᠤᠭᠤᠰᠢᠯᠠᠭᠤᠯᠬᠤ᠎ᠳᠤ ᠲᠣᠳᠣᠷᠬᠠᠢ ᠰᠡᠳᠭᠢᠴᠡ ᠪᠠ ᠠᠷᠭ᠎ᠠ ᠬᠡᠮᠵᠢᠶ᠎ᠡ ᠬᠠᠩᠭᠠᠵᠠᠢ᠃
ᠤᠯᠠᠨ᠎ᠢᠶᠠᠷ᠎ᠢᠶᠠᠨ᠂ ᠲᠤᠰ ᠤᠳᠠᠭ᠎ᠠ᠎ᠶ᠋ᠢᠨ ᠰᠤᠷᠤᠯᠴᠠᠯᠭ᠎ᠠ᠎ᠪᠠᠷ ᠠᠵᠠ ᠲᠣᠬᠢᠶᠠᠯ ᠪᠣᠯᠭᠠᠵᠤ᠂ 《ᠰᠢ᠎ᠶ᠋ᠢᠨ ᠫᠢᠩ ᠲᠥᠷᠥ᠎ᠶ᠋ᠢ ᠵᠠᠰᠠᠬᠤ ᠲᠣᠬᠠᠢ》 ᠭᠡᠬᠦ᠌ ᠨᠣᠮ᠎ᠤᠨ ᠲᠠᠪᠤᠳᠤᠭᠠᠷ ᠪᠤᠳᠢ ᠪᠠ ᠨᠢᠭᠡᠳᠦᠭᠡᠷ᠎ᠠᠴᠠ ᠳᠥᠷᠪᠡᠳᠦᠭᠡᠷ ᠪᠤᠳᠢ᠎ᠶ᠋ᠢ ᠨᠢᠭᠡ ᠪᠦᠬᠦᠯᠢ ᠴᠣᠭ᠍ᠴᠠ ᠪᠣᠯᠭᠠᠨ ᠨᠡᠪᠲᠡᠷᠡᠭᠦᠯᠵᠦ᠍᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠢ ᠤᠶᠠᠯᠳᠤᠭᠤᠯᠵᠤ᠂ ᠰᠤᠷᠤᠯᠴᠠᠯᠭ᠎ᠠ᠎ᠶ᠋ᠢᠨ ᠱᠢᠰᠲ᠋ᠧᠮᠲᠦ ᠴᠢᠨᠠᠷ᠂ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ᠎ᠢ ᠴᠢᠩᠭᠠᠳᠭᠠᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠦᠨᠡᠨ ᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠂ ᠠᠷᠠᠳ᠎ᠤᠨ ᠠᠮᠢᠳᠤᠷᠠᠯ᠎ᠢ ᠪᠠᠲᠤᠯᠠᠬᠤ ᠡᠮᠴᠢᠯᠡᠭᠡᠨ᠎ᠦ ᠳᠠᠭᠠᠳᠭᠠᠯ᠎ᠤᠨ ᠦᠢᠯᠡᠳᠦᠯᠭᠡ ᠪᠣᠯᠭᠠᠨ ᠬᠤᠪᠢᠷᠠᠭᠤᠯᠤᠨ᠎ᠠ ᠭᠡᠵᠦ᠍ ᠢᠯᠡᠳᠭᠡᠵᠡᠭᠡᠪᠡ᠃