ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠳᠣᠭᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ︾ ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2020/12/11
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠤᠭᠳᠠᠭᠠᠬᠤ ᠪᠠ ᠳᠠᠩᠰᠠᠯᠠᠭᠤᠯᠬᠤ ᠳᠤ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠤᠭᠡᠷ ᠲᠣᠭᠠᠲᠤ︶ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2020 ᠣᠨ ᠤ 7 ᠳ᠋ᠤᠭᠠᠷ ᠰᠠᠷ᠎ᠠ ᠶᠢᠨ ᠳᠤᠮᠳᠠᠴᠢ ᠪᠠᠷ ︽ᠡᠮᠴᠢᠯᠡᠭᠡ ᠶᠢᠨ ᠦᠢᠯᠡᠴᠢᠯᠡᠭᠡ ᠶᠢᠨ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ︾ ᠢ ᠰᠣᠨᠣᠰᠬᠤ ᠬᠤᠷᠠᠯ ᠬᠤᠷᠠᠯᠳᠤᠭᠤᠯᠬᠤ ᠪᠠᠷ ᠪᠤᠯᠪᠠ᠃ ᠡᠳᠦᠭᠡ ᠬᠤᠯᠪᠣᠭᠳᠠᠯ ᠪᠥᠬᠦᠶ  ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠣᠷᠣᠯᠴᠠᠭᠴᠢ      ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠰᠠᠳ ᠨᠡᠶᠢᠲᠡ 25 ᠬᠥᠮᠦᠨ᠂ ᠡᠭᠦᠨ ᠳᠤ᠄ ᠠᠷᠠᠳ ᠤᠨ ᠲᠥᠯᠥᠭᠡᠯᠡᠭᠴᠢ 1 ᠨᠡᠷᠡᠰ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ 1 ᠨᠡᠷᠡᠰ᠂ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ 5 ᠨᠡᠷᠡᠰ᠂ ᠣᠯᠠᠨ ᠲᠦᠮᠡᠨ ᠤ ᠲᠥᠯᠥᠭᠡᠯᠡᠭᠴᠢ 5 ᠨᠡᠷᠡᠰ᠂ ᠬᠠᠮᠢᠶ᠎ᠠ ᠪᠥᠬᠦᠶ ᠲᠢᠩᠬᠢᠮ ᠲᠣᠪᠴᠢᠶ᠎ᠠ ᠶᠢᠨ ᠠᠵᠢᠯᠲᠠᠨ 3 ᠨᠡᠷᠡᠰ᠂ ᠠᠶᠢᠮᠠᠭ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ 5 ᠨᠡᠷᠡᠰ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ  ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠭᠠᠵᠠᠷ ᠲᠠᠰᠤᠭ ᠤᠨ 5 ᠨᠡᠷᠡᠰ᠃      ᠬᠤᠶᠠᠷ᠂ ᠪᠤᠢ ᠪᠤᠯᠬᠤ ᠬᠡᠯᠪᠡᠷᠢ      ︵ᠨᠢᠭᠡ︶ ᠭᠡᠷᠡᠴᠢᠯᠡᠭᠡ ᠰᠣᠨᠣᠰᠬᠤ ᠣᠯᠠᠨ ᠲᠦᠮᠡᠨ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ ᠠᠷᠭ᠎ᠠ ᠢ ᠠᠪᠴᠤ᠂ ᠨᠡᠷ᠎ᠡ ᠮᠡᠳᠡᠭᠦᠯᠬᠦ ᠡᠮᠦᠨ᠎ᠡ ᠬᠤᠶᠢᠨᠠᠬᠢ ᠳᠡᠰ ᠳᠠᠷᠠᠭᠠᠯᠠᠯ ᠢ ᠦᠨᠳᠦᠰᠦᠯᠡᠨ ᠪᠣᠢ ᠪᠣᠯᠭᠠᠨ᠎ᠠ᠃ ᠨᠡᠷ᠎ᠡ ᠮᠡᠳᠡᠭᠦᠯᠦᠭᠴᠢ ᠳᠣᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄      1. ᠪᠦᠬᠦᠯᠢ 18 ᠨᠠᠰᠤ ᠬᠦᠷᠴᠦ᠂ ᠢᠷᠭᠡᠨ ᠤ ᠬᠡᠷᠡᠭ ᠤᠨ ᠪᠦᠷᠢᠨ ᠦᠢᠯᠡ ᠠᠵᠢᠯᠯᠠᠭ᠎ᠠ ᠶᠢᠨ ᠴᠢᠳᠠᠪᠤᠷᠢ ᠲᠠᠢ︔      2. ᠴᠢᠬᠤᠯᠠ ᠪᠥᠬᠦᠶ ᠬᠤᠪᠢ ᠬᠥᠮᠦᠨ ᠤ ᠮᠡᠳᠡᠭᠡ ᠵᠠᠩᠭᠢ ᠶᠢ ᠢᠯᠡ ᠪᠣᠯᠭᠠᠬᠤ ︵ᠣᠪᠣᠭ ᠨᠡᠷ᠎ᠡ᠂ ᠴᠢᠨᠠᠷ ᠤᠨ ᠢᠯᠭᠠᠯ᠂ ᠪᠡᠶ᠎ᠡ ᠶᠢᠨ ᠭᠠᠷᠤᠯ᠂ ᠠᠵᠢᠯ ᠮᠡᠷᠭᠡᠵᠢᠯ ᠵᠡᠷᠭᠡ ᠪᠠᠭᠲᠠᠨ᠎ᠠ︶︔      3. ᠵᠣᠬᠢᠬᠤ ᠪᠠᠶᠢᠴᠠᠭᠠᠨ ᠰᠤᠳᠤᠯᠤᠯᠲᠠ ᠬᠢᠬᠦ᠂ ᠠᠰᠠᠭᠤᠳᠠᠯ ᠢ ᠵᠠᠳᠠᠯᠬᠤ ᠪᠠ ᠦᠭᠡ ᠬᠡᠯᠡ ᠦᠰᠦᠭ ᠪᠢᠴᠢᠭ ᠤᠨ ᠢᠯᠡᠳᠬᠡᠬᠦ ᠴᠢᠳᠠᠪᠤᠷᠢ ᠲᠠᠢ ᠪᠠᠶᠢᠬᠤ︔      4. ᠰᠠᠨᠠᠯ ᠢᠶᠠᠨ ᠪᠤᠰᠤᠳᠴᠢ ᠪᠠᠷ ᠢᠯᠡᠳᠬᠡᠵᠦ ᠴᠢᠳᠠᠬᠤ ᠪᠥᠭᠡᠳ ᠪᠦᠬᠦ ᠶᠠᠪᠤᠴᠠ ᠳᠤ ᠴᠠᠭ ᠲᠠᠭᠠᠨ ᠬᠤᠷᠠᠯ ᠳᠤ ᠤᠷᠤᠯᠴᠠᠵᠦ ᠲᠡᠶᠢᠯᠬᠦ︔      5. ᠭᠡᠷᠡᠴᠢᠯᠡᠭᠡ ᠰᠣᠨᠣᠰᠬᠤ ᠬᠤᠷᠠᠯ ᠤᠨ ᠡᠯ᠎ᠡ ᠵᠦᠢᠯ ᠤᠨ ᠰᠠᠬᠢᠯᠭ᠎ᠠ ᠪᠠᠲᠤ ᠪᠠ ᠠᠩᠬᠠᠷᠬᠤ ᠵᠦᠢᠯᠡᠰ ᠢ ᠵᠢᠷᠤᠮᠯᠠᠬᠤ᠃      ︵ᠬᠤᠶᠠᠷ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠤᠷᠢᠨ ᠣᠷᠣᠯᠴᠠᠭᠤᠯᠤᠨ᠎ᠠ᠃      ︵ᠭᠤᠷᠪᠠ︶ ᠬᠠᠮᠢᠶ᠎ᠠ ᠪᠥᠬᠦᠶ ᠲᠢᠩᠬᠢᠮ ᠲᠣᠪᠴᠢᠶ᠎ᠠ᠂ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ ᠪᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠭᠠᠵᠠᠷ ᠲᠠᠰᠤᠭ ᠤᠨ ᠬᠥᠮᠦᠰ ᠪᠠᠶᠢᠭ᠎ᠠ ᠨᠢᠭᠡᠴᠡ ᠶᠢᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠲᠣᠮᠢᠯᠠᠨ᠎ᠠ᠃      ᠭᠤᠷᠪᠠ᠂ ᠨᠡᠷ᠎ᠡ ᠮᠡᠳᠡᠭᠦᠯᠬᠦ ᠬᠡᠯᠪᠡᠷᠢ      ᠰᠠᠨᠠᠭᠠᠴᠢᠯᠠᠭ᠎ᠠ ᠲᠠᠢ ᠣᠷᠣᠯᠴᠠᠭᠰᠠᠳ ᠢ 7 ᠳ᠋ᠤᠭᠠᠷ ᠰᠠᠷ᠎ᠠ ᠶᠢᠨ 16 ᠤ ᠡᠳᠦᠷ ᠠᠴᠠ ᠡᠮᠦᠨ᠎ᠡ ᠲᠣᠰ ᠬᠥᠮᠦᠨ ᠤ  ᠪᠡᠶ᠎ᠡ ᠶᠢᠨ ᠦᠨᠡᠮᠯᠡᠯ ᠤᠨ ᠬᠠᠭᠤᠯᠪᠦᠷᠢ ᠪᠠ ︽ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ︾ ᠶᠢ ᠡᠯᠧᠺᠲᠷᠣᠨ ᠰᠢᠤᠳᠠᠨ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠳᠤ ᠬᠦᠷᠭᠡᠬᠦ ᠬᠡᠷᠡᠭᠲᠡᠶ᠃      ᠬᠠᠷᠢᠯᠴᠠᠬᠤ ᠬᠥᠮᠦᠨ᠄ ᠯᠢ ᠱᠦ ᠵᠧᠨ᠂ ᠰᠦ᠋ ᠬᠠᠶ ᠶᠠᠨ      ᠬᠠᠷᠢᠯᠴᠠᠬᠤ ᠤᠲᠠᠰᠤ᠄ 0471 — 6606279 6606275      ᠹᠠᠺᠰ᠄ 0471 — 6908685      ᠢᠮᠧᠯ᠄ nmgyjg06@163. com      ᠬᠠᠷᠢᠯᠴᠠᠬᠤ ᠬᠠᠶ᠋ᠢᠭ᠄ ᠰᠢᠨᠬᠤᠸᠠ ᠶᠡᠭᠡ ᠵᠡᠭᠡᠯᠢ ᠶᠢᠨ 53 ᠳ᠋ᠤᠭᠠᠷ ᠨᠣᠮᠧᠷᠲᠤ ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠥᠪᠥᠷ ᠮᠣᠩᠭᠤᠯ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ 612 ᠳ᠋ᠤᠭᠠᠷ ᠲᠠᠰᠤᠭ      ᠳᠠᠭᠠᠯᠳᠤᠭᠤᠯᠤᠯ᠄ ᠰᠠᠨᠠᠯ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ                                       2020 ᠣᠨ ᠤ 7 ᠳ᠋ᠤᠭᠠᠷ ᠰᠠᠷ᠎ᠠ ᠶᠢᠨ 8 ᠤ ᠡᠳᠦᠷ
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号