ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠮᠴᠢᠯᠡᠭᠡ ᠶᠢᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠰᠠᠨᠠᠯ ᠢ ᠢᠯᠡ ᠪᠠᠷ ᠴᠤᠭᠯᠠᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2020/12/11
     ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠡᠮᠴᠢᠯᠡᠭᠡ ᠶᠢᠨ ᠪᠠᠳᠤᠯᠠᠭ᠎ᠠ ᠶᠢᠨ ᠦᠢᠯᠡᠰ ᠤᠨ ᠪᠦᠬᠦ ᠲᠠᠯ᠎ᠠ ᠪᠠᠷ ᠤᠷᠤᠭᠰᠢᠯᠠᠵᠤ᠂ ᠪᠦᠬᠦᠯᠢ ᠴᠣᠭᠴᠠ ᠪᠠᠷ ᠨᠢ ᠬᠦᠴᠦᠯᠡᠬᠦ ᠠᠩᠬᠠᠳᠠᠭᠴᠢ ᠲᠠᠪᠤᠨ ᠵᠢᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠮᠴᠢᠯᠡᠭᠡ ᠶᠢᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠦᠯᠦᠪᠵᠢᠭᠦᠯᠭᠡ ᠨᠢ ᠡᠮᠴᠢᠯᠡᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠪᠠᠶᠢᠭᠤᠯᠤᠭᠳᠠᠭᠰᠠᠨ ᠤ ᠳᠠᠷᠠᠭᠠᠬᠢ ᠠᠩᠬᠠᠳᠤᠭᠠᠷ ᠤᠳᠠᠭ᠎ᠠ ᠶᠢᠨ ᠲᠠᠪᠤᠨ ᠵᠢᠯ ᠤᠨ ᠲᠥᠰᠦᠪ ᠤᠨ ᠲᠥᠯᠥᠪᠵᠢᠭᠦᠯᠭᠡ ᠪᠣᠯᠬᠤ ᠪᠥᠭᠡᠳ ᠪᠦᠬᠦ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠰᠠᠯᠠᠭ᠎ᠠ ᠮᠥᠴᠢᠷ ᠤᠨ ᠠᠵᠢᠯᠯᠠᠭᠠᠨ ᠤ ᠵᠦᠭᠯᠡᠭᠦᠷ ᠮᠦᠷᠳᠡᠭᠡᠨ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠪᠡᠶᠡᠯᠡᠭᠦᠯᠬᠦ᠂ ᠠᠯᠤᠰ ᠭᠡᠳᠤ ᠶᠢᠨ ᠬᠥᠭᠵᠢᠯᠲᠡ ᠶᠢ ᠠᠬᠢᠭᠤᠯᠬᠤ ᠶᠢᠨ ᠰᠠᠭᠤᠷᠢ ᠪᠠ ᠱᠠᠳᠤ ᠪᠤᠯᠬᠤᠷ ᠨᠡᠩ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃      ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠣᠭᠤᠰᠢᠯᠠᠭᠤᠯᠣᠨ   ᠨᠠᠶᠢᠳᠠᠪᠦᠷᠢᠵᠢᠭᠤᠯᠵᠦ᠂ ᠦᠵᠦ ᠲᠥᠯᠥᠪᠯᠡᠭᠡ ᠪᠤᠯᠤᠨ ᠠᠷᠠᠳ ᠲᠦᠮᠡᠨ ᠠᠴᠠ ᠠᠷᠭ᠎ᠠ ᠪᠣᠳᠣᠯᠭ᠎ᠠ ᠠᠰᠠᠭᠤᠬᠤ ᠶᠢ ᠨᠢᠭᠡᠳᠭᠡᠬᠦ ᠶᠢ ᠴᠢᠩᠭᠠᠳᠬᠠᠵᠤ᠂ ᠣᠯᠠᠨ ᠤ ᠠᠷᠭ᠎ᠠ ᠤᠬᠠᠭᠠᠨ ᠢ ᠲᠦᠪᠯᠡᠷᠡᠭᠦᠯᠵᠦ᠂ ᠨᠡᠶᠢᠭᠡᠮ ᠤᠨ ᠬᠦᠰᠡᠯ ᠡᠷᠡᠮᠡᠯᠵᠡᠯ᠂ ᠣᠯᠠᠨ ᠲᠦᠮᠡᠨ ᠤ ᠣᠶᠤᠨ ᠤᠬᠠᠭᠠᠨ᠂ ᠲᠤᠰᠬᠠᠶ ᠮᠡᠷᠭᠡᠵᠢᠯᠲᠡᠨ ᠤ ᠰᠠᠨᠠᠯ᠂ ᠦᠨᠳᠦᠰᠦᠨ ᠱᠠᠲᠤᠨ ᠤ ᠲᠤᠷᠰᠢᠯᠭ᠎ᠠ ᠶᠢ ᠲᠦᠯᠦᠪᠵᠢᠭᠦᠯᠦᠨ᠂  ᠲᠦᠯᠦᠪᠵᠢᠭᠦᠯᠭᠡ ᠶᠢᠨ ᠨᠠᠶᠢᠷᠠᠭᠤᠯᠤᠨ ᠵᠣᠬᠢᠶᠠᠬᠤ ᠳᠤ ᠭᠦᠢᠴᠡᠳ ᠰᠢᠩᠭᠡᠭᠡᠨ ᠠᠪᠬᠤ ᠶᠢᠨ ᠲᠦᠯᠦᠭᠡ᠂ ᠤᠳᠤᠬᠠᠨ ᠳᠤ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠮᠴᠢᠯᠡᠭᠡ ᠶᠢᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠰᠦᠯᠵᠢᠶᠡᠨ ᠲᠡᠭᠡᠷ᠎ᠡ ᠰᠠᠨᠠᠯ ᠴᠤᠭᠯᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠡᠷᠬᠢᠮ ᠨᠠᠨᠳᠢᠨ ᠰᠠᠨᠠᠯ ᠰᠠᠨᠠᠭᠤᠯᠭ᠎ᠠ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠯᠠᠪᠯᠠᠯᠳᠠ ᠬᠠᠩᠭᠠᠬᠤ ᠶᠢ ᠬᠠᠯᠠᠭᠤᠨ ᠢᠶᠠᠷ ᠪᠠᠶᠠᠷᠯᠠᠨ ᠤᠭᠲᠤᠵᠤ ᠪᠠᠶᠢᠨ᠎ᠠ᠃      2020 ᠣᠨ 9 ᠳ᠋ᠤᠭᠡᠷ ᠰᠠᠷ᠎ᠠ ᠶᠢᠨ 4 ᠤ ᠡᠳᠦᠷ ᠠᠴᠠ ᠡᠮᠦᠨ᠎ᠡ ᠰᠠᠨᠠᠯ ᠪᠠ ᠰᠠᠨᠠᠭᠤᠯᠭ᠎ᠠ ᠪᠠᠨ ᠪᠢᠴᠢᠭ ᠤᠨ ᠪᠤᠶᠤ ᠢᠮᠧᠯ ᠤᠨ ᠬᠡᠯᠪᠡᠷᠢ ᠪᠠᠷ ᠮᠠᠨ ᠤ ᠲᠣᠪᠴᠢᠶᠠᠨ ᠳᠤ ᠳᠤᠰᠬᠠᠵᠤ ᠪᠣᠯᠣᠨ᠎ᠠ᠃      ᠢᠮᠧᠯ᠄ nmgybjjjglc@163. com      ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 53 ᠳ᠋ᠤᠭᠠᠷ ᠨᠣᠮᠧᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠲᠦᠯᠦᠪᠯᠡᠯᠭᠡᠳᠦ ᠡᠳ᠋ ᠤᠨ ᠶᠠᠪᠤᠳᠠᠯ ᠬᠢᠭᠡᠳ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ      ᠰᠢᠤᠳᠠᠨ ᠨᠣᠮᠧᠷ᠄ 010010                                 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                 ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ                              2020 ᠣᠨ ᠤ 8 ᠳ᠋ᠤᠭᠠᠷ ᠰᠠᠷ᠎ᠠ ᠶᠢᠨ 24 ᠤ ᠡᠳᠦᠷ
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号